1 ᠰᠠᠷ᠎ᠠ ᠵᠢᠨ 14᠎ᠤ ᠡᠳᠦᠷ᠂ ᠰᠦᠨ ᠱᠤᠤ ᠴᠧᠩ ᠲᠡᠭᠦᠨ᠎ᠤ ᠪᠠᠢ᠌ᠭ᠎ᠠ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯ᠎ᠤᠨ ᠭᠦᠭᠡᠬᠣᠲᠠ ᠵᠢᠨ ᠲᠥᠯᠥᠭᠡᠯᠡᠭᠴᠢᠳ᠎ᠤᠨ ᠪᠦᠯᠭᠦᠮ᠎ᠤᠨ ᠬᠢᠨᠠᠨ ᠵᠥᠪᠯᠡᠬᠦ᠎ᠳᠤ ᠣᠷᠣᠯᠴᠠᠪᠠ᠃
ᠲᠥᠯᠥᠭᠡᠯᠡᠭᠴᠢᠳ᠎ᠤᠨ ᠪᠦᠯᠭᠦᠮ᠎ᠤᠨ᠎ᠬᠢᠨ ᠢᠳᠡᠪᠬᠢᠲᠡᠢ ᠦᠭᠡ ᠬᠡᠯᠡᠵᠦ᠂ ᠤᠷᠮ᠎ᠠ ᠰᠡᠳᠬᠢᠯᠭᠡ᠎ᠲᠠᠢ ᠬᠢᠨᠠᠨ ᠵᠥᠪᠯᠡᠵᠦ ᠠᠬᠤᠢ ᠲᠠᠯᠠᠪᠠᠢ ᠮᠠᠰᠢ ᠭᠦᠷ ᠬᠥᠭᠵᠢᠶᠡᠨ᠎ᠲᠠᠢ ᠪᠠᠢ᠌ᠯ᠎ᠠ᠃ ᠪᠦᠦ ᠭᠠᠩ᠂ ᠵᠠᠩ ᠳ᠋ᠠᠩ ᠬᠤᠢ᠂ ᠵᠠᠩ ᡁᠢ ᠺᠦᠢ᠂ ᠴᠧᠩ ᠲᠤᠤ᠂ ᠾᠧ ᠬᠠᠢ ᠳ᠋ᠦᠩ᠂ ᠮᠠ ᠬᠣᠩ ᠵᠢᠶᠦ᠋ᠨ᠂ ᠳ᠋ᠦᠩ ᠵᠦᠩ᠂ ᠵᠠᠩ ᠶᠠᠨ᠂ ᠯᠢᠦ ᠬᠠᠢ ᠶᠠᠨ᠂ ᠯᠦ᠍ ᠵᠠᠨ ᠶᠤᠸᠠᠨ᠂ ᠴᠢᠶᠣᠤ ᠸᠸᠨ ᠵᠢᠶᠧ᠂ ᠠᠯᠲᠠᠨᠰᠠᠩ᠂ ᠵᠠᠩ ᠵᠢᠶᠠᠨ ᠴᠢᠦ᠂ ᠵᠤᠤ ᠶᠦᠩ ᠨᠠᠷ ᠤᠷᠢᠳ ᠬᠣᠵᠢᠳ ᠦᠭᠡ ᠬᠡᠯᠡᠪᠡ᠂ ᠤᠯᠠᠨ᠎ᠤ ᠶᠠᠷᠢᠬᠤ ᠵᠢ ᠰᠤᠨᠤᠰᠬᠤ ᠳᠤᠮᠳᠠ ᠰᠦᠨ ᠱᠤᠤ ᠴᠧᠩ ᠪᠠᠢ᠌ᠨ ᠪᠠᠢ᠌ᠨ ᠯᠠᠪᠯᠠᠨ ᠠᠰᠠᠭᠤᠵᠤ᠂ ᠤᠯᠠᠨ᠎ᠲᠠᠢ ᠶᠠᠷᠢᠯᠴᠠᠨ ᠰᠣᠯᠢᠯᠴᠠᠪᠠ᠃
ᠰᠦᠨ ᠱᠤᠤ ᠴᠧᠩ ᠶᠠᠷᠢᠶᠠᠨ᠎ᠳᠠᠭᠠᠨ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠪᠣᠯᠣᠨ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠡᠨᠡ ᠵᠢᠯ᠎ᠤᠨ ᠠᠵᠢᠯ᠎ᠤᠨ ᠲᠤᠬᠠᠢ ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢ ᠢᠯᠡᠷᠡᠭᠦᠯᠵᠦ᠂ ᠦᠨᠡᠨ᠎ᠢ ᠪᠠᠷᠢᠮᠲᠠᠯᠠᠨ ᠪᠣᠳᠠᠲᠠᠢ ᠵᠢ ᠡᠷᠬᠢᠮᠯᠡᠭᠰᠡᠨ ᠰᠠᠢ᠌ᠨ ᠢᠯᠡᠳᠬᠡᠯ ᠪᠣᠯᠵᠠᠢ᠂ ᠪᠢ ᠪᠦᠷᠢᠮᠦᠰᠦᠨ ᠵᠥᠪᠰᠢᠶᠡᠷᠡᠨ᠎ᠡ ᠭᠡᠪᠡ᠃
1 ᠰᠠᠷ᠎ᠠ ᠵᠢᠨ 14᠎ᠤ ᠡᠳᠦᠷ᠂ ᠰᠦᠨ ᠱᠤᠤ ᠴᠧᠩ ᠲᠡᠭᠦᠨ᠎ᠤ ᠪᠠᠢ᠌ᠭ᠎ᠠ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯ᠎ᠤᠨ ᠭᠦᠭᠡᠬᠣᠲᠠ ᠵᠢᠨ ᠲᠥᠯᠥᠭᠡᠯᠡᠭᠴᠢᠳ᠎ᠤᠨ ᠪᠦᠯᠭᠦᠮ᠎ᠤᠨ ᠬᠢᠨᠠᠨ ᠵᠥᠪᠯᠡᠬᠦ᠎ᠳᠤ ᠣᠷᠣᠯᠴᠠᠪᠠ᠃
ᠲᠤᠰ ᠰᠣᠨᠢᠨ᠎ᠤ ᠰᠤᠷᠪᠤᠯᠵᠢᠯᠠᠬ᠍ᠴᠢ ᠮᠠ ᠵᠢᠶᠠᠨ ᠪᠢᠩ ᠰᠡᠭᠦᠳᠡᠷᠯᠡᠪᠡ
ᠰᠦᠨ ᠱᠤᠤ ᠴᠧᠩ᠂ ᠥᠩᠭᠡᠷᠡᠭᠰᠡᠨ ᠨᠢᠭᠡ ᠵᠢᠯ᠎ᠳᠤ᠂ ᠭᠦᠭᠡᠬᠣᠲᠠ ᠵᠢᠨ ᠠᠵᠢᠯ ᠮᠠᠰᠢ ᠰᠠᠢ᠌ᠨ ᠶᠠᠪᠤᠭᠳᠠᠵᠤ᠂ ᠡᠯ᠎ᠡ ᠲᠠᠯ᠎ᠠ ᠵᠢᠨ ᠬᠥᠭᠵᠢᠯᠲᠡ ᠵᠢᠨ ᠰᠠᠢ᠌ᠨ ᠬᠠᠨᠳᠤᠰᠢ ᠢᠯᠡᠷᠡᠪᠡ᠂ ᠬᠣᠢ᠌ᠰᠢᠳᠠ ᠣᠷᠣᠨ᠎ᠤ ᠲᠥᠪ ᠬᠤᠳᠠ ᠵᠢᠨ ᠬᠠᠷᠢᠭᠤᠴᠠᠯᠭ᠎ᠠ᠎ᠪᠠᠨ ᠦᠷᠭᠦᠯᠵᠢᠯᠡᠨ ᠪᠠᠲᠤ ᠡᠭᠦᠷᠭᠡᠯᠡᠵᠦ᠂ ᠨᠢᠭᠡ ᠭᠣᠣᠯ ᠰᠢᠵᠢᠮ᠎ᠢ ᠲᠤᠭᠤᠰᠢᠯᠠᠭᠤᠯᠬᠤ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠂ 《ᠲᠠᠪᠤᠨ ᠶᠡᠬᠡ ᠡᠭᠦᠷᠭᠡ》 ᠵᠢ ᠪᠡᠶᠡᠯᠡᠭᠦᠯᠬᠦ᠂ 《ᠵᠢᠷᠭᠤᠭ᠋ᠠᠨ ᠢᠨᠵᠧᠨᠧᠷᠢᠩ》᠎ᠢ ᠬᠡᠷᠡᠭᠵᠢᠭᠦᠯᠬᠦ᠂ 《ᠵᠢᠷᠭᠤᠭ᠋ᠠᠨ ᠠᠵᠢᠯᠯᠠᠭ᠎ᠠ》 ᠵᠢ ᠥᠷᠨᠢᠭᠦᠯᠬᠦ ᠲᠠᠯ᠎ᠠ᠎ᠪᠠᠷ ᠰᠢᠨ᠎ᠡ ᠵᠢᠳᠬᠦᠯ ᠴᠢᠷᠮᠠᠢ᠌ᠯᠭ᠎ᠠ ᠭᠠᠷᠭ᠋ᠠᠵᠤ᠂ ᠪᠦᠭᠦ ᠣᠷᠣᠨ᠎ᠤ ᠬᠥᠭᠵᠢᠯᠲᠡ ᠵᠢᠨ ᠶᠡᠬᠡ ᠲᠠᠯ᠎ᠠ᠎ᠳᠤ ᠵᠣᠷᠢᠭᠲᠠᠢ᠎ᠪᠠᠷ ᠶᠡᠬᠡ ᠡᠭᠦᠷᠭᠡ ᠵᠢ ᠡᠭᠦᠷᠭᠡᠯᠡᠵᠦ᠂ ᠢᠯᠡᠭᠦᠬᠡᠨ ᠬᠤᠪᠢ ᠨᠡᠮᠡᠷᠢ ᠦᠵᠡᠭᠦᠯᠭᠦ ᠬᠡᠷᠡᠭᠲᠡᠢ᠃ ᠨᠢᠭᠡ᠎ᠳᠤ᠂ ᠥᠭᠡᠷᠡᠴᠢᠯᠡᠯᠲᠡ᠎ᠳᠤ ᠲᠦᠰᠢᠭᠯᠡᠨ ᠬᠥᠭᠵᠢᠯᠲᠡ ᠵᠢᠨ ᠬᠦᠴᠢᠷᠳᠡᠯ᠎ᠢ ᠰᠢᠢ᠍ᠳᠪᠦᠷᠢᠯᠡᠵᠦ᠂ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ᠎ᠤᠨ 《ᠪᠦᠰᠡᠯᠡᠯᠲᠡ ᠰᠢᠪᠲᠤᠯᠬᠤ》᠂ ᠨᠡᠭᠡᠭᠡᠯᠲᠡ ᠵᠢᠨ ᠲᠣᠭᠣᠷᠢᠭ᠎ᠤᠨ ᠪᠦᠲᠦᠭᠡᠨ ᠪᠠᠢ᠌ᠭᠤᠯᠤᠯᠲᠠ᠂ ᠤᠰᠤ ᠵᠢ ᠠᠷᠪᠢᠯᠠᠨ ᠬᠡᠷᠡᠭᠯᠡᠬᠦ ᠵᠡᠷᠭᠡ᠎ᠲᠠᠢ ᠤᠶᠠᠯᠳᠤᠭᠤᠯᠤᠨ ᠥᠭᠡᠷᠡᠴᠢᠯᠡᠯᠲᠡ ᠵᠢ ᠰᠦᠪᠡᠭᠴᠢᠯᠡᠬᠦ ᠵᠢ ᠴᠢᠩᠭ᠋ᠠᠳᠬᠠᠵᠤ᠂ ᠵᠠᠬ᠎ᠠ ᠳᠡᠯᠭᠡᠭᠦᠷᠴᠢᠯᠡᠬᠦ ᠠᠷᠭ᠎ᠠ ᠪᠠᠷᠢᠯ᠎ᠢ ᠬᠡᠷᠡᠭᠯᠡᠨ ᠠᠵᠤ ᠠᠬᠤᠢ ᠵᠢᠨ ᠬᠥᠭᠵᠢᠯᠲᠡ᠂ ᠨᠡᠢ᠌ᠭᠡᠮ᠎ᠤᠨ ᠵᠠᠰᠠᠯᠲᠠ ᠪᠠ ᠤᠯᠠᠨ ᠲᠦᠮᠡᠨ᠎ᠳᠤ ᠦᠢ᠍ᠯᠡᠴᠢᠯᠡᠬᠦ ᠲᠦᠪᠰᠢᠨ ᠵᠶ᠋ᠡᠨ ᠳᠡᠭᠡᠭᠰᠢᠯᠡᠭᠦᠯᠭᠦ ᠬᠡᠷᠡᠭᠲᠡᠢ᠃ ᠬᠣᠶᠠᠷ᠎ᠲᠤ᠂ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠢ ᠲᠦᠷᠭᠡᠳᠬᠡᠨ ᠬᠥᠭᠵᠢᠭᠦᠯᠵᠦ᠂ ᠦᠢ᠍ᠯᠡᠳᠪᠦᠷᠢᠯᠡᠯ ᠵᠢᠭ᠋ᠠᠨ ᠰᠤᠷᠭ᠋ᠠᠯᠲᠠ ᠰᠤᠳᠤᠯᠭ᠋ᠠᠨ᠎ᠤ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠣᠢ᠌ᠷ᠎ᠠ ᠣᠭᠲᠠᠷᠭᠤᠢ ᠵᠢᠨ ᠠᠵᠤ ᠠᠬᠤᠢ᠂ ᠵᠢᠯᠣᠭᠣᠴᠢ ᠦᠭᠡᠢ ᠮᠠᠰᠢᠨ᠂ ᠬᠤᠳᠠᠯᠳᠤᠭ᠋ᠠᠨ᠎ᠤ ᠰᠠᠨᠰᠠᠷ᠎ᠤᠨ ᠠᠶᠠᠯᠠᠯ᠂ ᠪᠣᠬᠢᠷᠳᠤᠯ ᠦᠭᠡᠢ ᠪᠣᠳᠣᠯᠲᠠ ᠵᠢᠨ ᠬᠦᠴᠦᠨ᠂ ᠴᠠᠬᠢᠭᠤᠷᠲᠤ ᠰᠢᠨ᠎ᠡ ᠮᠠᠲ᠋ᠧᠷᠢᠶᠠᠯ᠂ ᠬᠠᠶᠠᠭᠳᠠᠮᠠᠯ ᠬᠠᠭᠤᠴᠢᠨ ᠳ᠋ᠢᠶᠠᠨ ᡂᠢ ᠵᠢ ᠡᠭᠡᠭᠦᠯᠦᠨ ᠬᠤᠷᠢᠶᠠᠵᠤ ᠠᠰᠢᠭᠯᠠᠬᠤ ᠵᠡᠷᠭᠡ ᠠᠵᠤ ᠦᠢ᠍ᠯᠡᠰ᠎ᠢ ᠤᠷᠢᠳᠴᠢᠯᠠᠨ ᠤᠬᠠᠭ᠋ᠠᠯᠠᠨ ᠲᠥᠯᠥᠪᠯᠡᠵᠦ ᠪᠠᠢ᠌ᠷᠢᠰᠢᠭᠤᠯᠵᠤ᠂ ᠰᠢᠨ᠎ᠡ ᠤᠷᠤᠯᠳᠤᠭ᠋ᠠᠨ᠎ᠤ ᠵᠠᠮ᠎ᠢ ᠵᠠᠪᠳᠤᠨ ᠡᠵᠡᠯᠡᠵᠦ᠂ ᠰᠢᠨ᠎ᠡ ᠬᠥᠳᠡᠯᠭᠡᠬᠦ ᠡᠨᠧᠷᠭᠢ ᠵᠢ ᠪᠣᠢ᠌ᠵᠢᠭᠤᠯᠬᠤ ᠬᠡᠷᠡᠭᠲᠡᠢ᠃ ᠭᠤᠷᠪᠠ᠎ᠳᠤ᠂ ᠨᠡᠢ᠌ᠭᠡᠮ᠎ᠤᠨ ᠬᠠᠮᠢᠶᠠᠷᠤᠯᠲᠠ ᠵᠢᠨ ᠳᠡᠰ ᠳᠡᠪᠰᠢᠬᠦ ᠵᠢ ᠠᠬᠢᠭᠤᠯᠵᠤ᠂ ᠬᠣᠲᠠ ᠵᠢᠨ ᠲᠥᠯᠦᠪᠵᠢᠭᠦᠯᠭᠡ ᠪᠠᠢ᠌ᠷᠢᠰᠢᠭᠤᠯᠤᠯᠲᠠ ᠵᠢ ᠰᠢᠯᠢᠳᠡᠭᠵᠢᠭᠦᠯᠦᠨ᠂ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠵᠤ᠂ ᠨᠠᠷᠢᠯᠢᠭ ᠬᠠᠮᠢᠶᠠᠷᠤᠯᠲᠠ ᠵᠢᠨ ᠲᠦᠪᠰᠢᠨ᠎ᠢ ᠳᠡᠭᠡᠭᠰᠢᠯᠡᠭᠦᠯᠭᠦ ᠬᠡᠷᠡᠭᠲᠡᠢ᠃ ᠳᠥᠷᠪᠡ᠎ᠳᠤ᠂ ᠠᠷᠠᠳ᠎ᠤᠨ ᠠᠮᠢᠳᠤᠷᠠᠯ᠎ᠢ ᠬᠦᠴᠦᠯᠡᠨ ᠰᠠᠢ᠌ᠵᠢᠷᠠᠭᠤᠯᠵᠤ᠂ 《ᠲᠠᠪᠤ᠎ᠳᠤ ᠲᠣᠬᠢᠷᠠᠮᠵᠢᠲᠠᠢ ᠬᠣᠲᠠ》 ᠵᠢᠨ ᠪᠦᠲᠦᠭᠡᠨ ᠪᠠᠢ᠌ᠭᠤᠯᠤᠯᠲᠠ᠎ᠪᠠᠷ ᠬᠥᠲᠥᠯᠥᠮᠵᠢ ᠪᠤᠯᠭ᠋ᠠᠵᠤ᠂ ᠠᠵᠢᠯ ᠣᠯᠭᠣᠯᠲᠠ᠂ ᠰᠤᠷᠭ᠋ᠠᠨ ᠬᠥᠮᠦᠵᠢᠯ᠂ ᠡᠮ ᠡᠮᠨᠡᠯᠭᠡ᠂ ᠨᠠᠰᠤᠵᠢᠯ᠎ᠤᠨ ᠠᠰᠠᠷᠠᠮᠵᠢ ᠵᠡᠷᠭᠡ ᠠᠷᠠᠳ ᠣᠯᠠᠨ᠎ᠤ ᠠᠩᠬᠠᠷᠴᠤ ᠪᠠᠢ᠌ᠭ᠎ᠠ ᠶᠡᠬᠡ ᠶᠠᠪᠤᠳᠠᠯ᠎ᠢ ᠪᠣᠳᠠᠲᠠᠢ ᠠᠳᠬᠤᠬᠤ ᠬᠡᠷᠡᠭᠲᠡᠢ᠃ ᠲᠠᠪᠤ᠎ᠳᠤ᠂ ᠣᠷᠣᠨ ᠪᠦᠰᠡ ᠵᠢᠨ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠵᠦ᠂ ᠭᠦᠭᠡᠬᠣᠲᠠ ᠪᠤᠭᠤᠲᠤ ᠣᠷᠳᠣᠰ ᠤᠯᠠᠭ᠋ᠠᠨᠴᠠᠪ᠎ᠢ ᠨᠢᠭᠡ ᠴᠣᠭᠴᠠᠵᠢᠭᠤᠯᠤᠨ ᠬᠥᠭᠵᠢᠭᠦᠯᠬᠦ ᠲᠠᠯ᠎ᠠ᠎ᠪᠠᠷ ᠨᠡᠩ ᠶᠡᠬᠡ ᠠᠯᠬᠤᠮ ᠠᠯᠬᠤᠬᠤ ᠵᠢ ᠲᠦᠷᠦᠭᠦᠯᠡᠨ ᠠᠬᠢᠭᠤᠯᠬᠤ ᠬᠡᠷᠡᠭᠲᠡᠢ ᠭᠡᠪᠡ᠃
ᠰᠦᠨ ᠱᠤᠤ ᠴᠧᠩ᠂ ᠭᠦᠭᠡᠬᠣᠲᠠ ᠵᠢᠨ᠎ᠬᠢᠨ ᠬᠤᠳᠠ᠎ᠪᠠᠨ ᠪᠤᠵᠠᠭ᠋ᠠᠢ᠌ᠷᠠᠭᠤᠯᠵᠤ᠂ ᠲᠥᠪᠯᠡᠷᠡᠭᠰᠡᠨ ᠪᠥᠭᠡᠮᠨᠡᠷᠡᠭᠰᠡᠨ ᠡᠷᠴᠢᠮᠵᠢᠭᠰᠡᠨ ᠬᠥᠭᠵᠢᠯᠲᠡ ᠵᠢᠨ ᠰᠠᠭᠤᠷᠢᠨ ᠳᠡᠭᠡᠷ᠎ᠡ᠂ ᠠᠷᠭ᠎ᠠ ᠪᠦᠭᠦᠨ᠎ᠢ ᠰᠦᠪᠡᠭᠴᠢᠯᠡᠵᠦ ᠬᠥᠮᠥᠨ ᠠᠮᠠ ᠵᠢ ᠲᠥᠪᠯᠡᠷᠡᠭᠦᠯᠵᠦ᠂ ᠬᠥᠭᠵᠢᠨ ᠴᠡᠴᠡᠭᠯᠡᠭᠰᠡᠨ ᠠᠭᠤᠷ ᠠᠮᠢᠰᠬᠤᠯ᠎ᠢ ᠥᠳᠬᠡᠷᠡᠭᠦᠯᠬᠦ ᠬᠡᠷᠡᠭᠲᠡᠢ᠃ ᠳᠠᠯᠠᠨ ᠬᠠᠷ᠎ᠠ ᠠᠭᠤᠯᠠ ᠵᠢ ᠰᠠᠢ᠌ᠲᠤᠷ ᠬᠠᠮᠠᠭ᠋ᠠᠯᠠᠨ ᠰᠠᠢ᠌ᠲᠤᠷ ᠬᠡᠷᠡᠭᠯᠡᠵᠦ᠂ ᠣᠯᠠᠨ ᠲᠦᠮᠡᠨ᠎ᠤ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠬᠦ ᠵᠢ ᠪᠡᠶᠡᠯᠡᠭᠦᠯᠬᠦ ᠬᠡᠷᠡᠭᠲᠡᠢ᠃ ᠵᠢᠭᠤᠯᠴᠢᠯᠠᠯ᠎ᠢ ᠬᠥᠭᠵᠢᠭᠡᠵᠦ᠂ ᠵᠢᠭᠤᠯᠴᠢᠯᠠᠯ᠎ᠤᠨ ᠦᠢ᠍ᠯᠡᠳᠬᠦᠨ ᠪᠠ ᠵᠠᠮ ᠱᠤᠭᠤᠮ᠎ᠢ ᠨᠠᠷᠢᠨ ᠨᠢᠮᠪᠠᠢ ᠵᠢᠷᠤᠵᠤ ᠲᠥᠯᠥᠪᠯᠡᠨ᠂ ᠨᠠᠩ ᠣᠯᠠᠨ ᠰᠣᠶᠣᠯ ᠵᠢᠭᠤᠯᠴᠢᠯᠠᠯ᠎ᠤᠨ ᠲᠦᠷᠦᠯ ᠲᠡᠮᠳᠡᠭ᠎ᠢ ᠡᠭᠦᠳᠬᠦ ᠬᠡᠷᠡᠭᠲᠡᠢ ᠭᠡᠪᠡ᠃