1 ᠰᠠᠷ᠎ᠠ ᠵᠢᠨ 13᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ ᠵᠢᠨ ᠵᠥᠪᠯᠡᠯᠭᠡᠨ᠎ᠤ ᠲᠡᠷᠢᠭᠦᠯᠡᠭᠴᠢ ᠵᠠᠩ ᠶᠠᠨ ᠺᠦᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠡᠲᠡᠭᠡᠳ᠎ᠤᠨ ᠭᠡᠰᠢᠭᠦᠳ᠎ᠲᠠᠢ ᠬᠠᠮᠲᠤ᠎ᠪᠠᠷ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ ᠵᠢᠨ ᠵᠥᠪᠯᠡᠯᠭᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠬᠣᠷᠢᠶ᠎ᠠ ᠵᠢᠨ ᠭᠤᠷᠪᠠᠳᠤᠭ᠋ᠠᠷ ᠬᠤᠷᠠᠯ᠎ᠤᠨ ᠡᠭᠢᠯᠡᠯᠲᠡ ᠵᠢᠨ ᠬᠤᠷᠠᠯ ᠳᠡᠭᠡᠷᠡᠬᠢ ᠶᠠᠷᠢᠶ᠎ᠠ ᠵᠢ ᠰᠤᠷᠤᠯᠴᠠᠵᠤ᠂ ᠤᠯᠤᠰ ᠲᠦᠷᠦ ᠵᠢᠨ ᠵᠥᠪᠯᠡᠯᠭᠡᠨ᠎ᠤ ᠪᠠᠢ᠌ᠩᠭᠤ ᠵᠢᠨ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ ᠪᠣᠯᠣᠨ ᠰᠠᠨᠠᠯ ᠳᠤᠷᠠᠳᠤᠯᠭ᠎ᠠ ᠵᠢᠨ ᠠᠵᠢᠯ᠎ᠤᠨ ᠪᠠᠢ᠌ᠳᠠᠯ᠎ᠤᠨ ᠮᠡᠳᠡᠭᠦᠯᠦᠯᠲᠡ ᠵᠢ ᠬᠢᠨᠠᠨ ᠵᠥᠪᠯᠡᠪᠡ᠃
1 ᠰᠠᠷ᠎ᠠ ᠵᠢᠨ 13᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ ᠵᠢᠨ ᠵᠥᠪᠯᠡᠯᠭᠡᠨ᠎ᠤ ᠲᠡᠷᠢᠭᠦᠯᠡᠭᠴᠢ ᠵᠠᠩ ᠶᠠᠨ ᠺᠦᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠡᠲᠡᠭᠡᠳ᠎ᠤᠨ ᠭᠡᠰᠢᠭᠦᠳ᠎ᠲᠠᠢ ᠬᠠᠮᠲᠤ᠎ᠪᠠᠷ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ ᠵᠢᠨ ᠵᠥᠪᠯᠡᠯᠭᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠬᠣᠷᠢᠶ᠎ᠠ ᠵᠢᠨ ᠭᠤᠷᠪᠠᠳᠤᠭ᠋ᠠᠷ ᠬᠤᠷᠠᠯ᠎ᠤᠨ ᠡᠭᠢᠯᠡᠯᠲᠡ ᠵᠢᠨ ᠬᠤᠷᠠᠯ ᠳᠡᠭᠡᠷᠡᠬᠢ ᠶᠠᠷᠢᠶ᠎ᠠ ᠵᠢ ᠰᠤᠷᠤᠯᠴᠠᠵᠤ᠂ ᠤᠯᠤᠰ ᠲᠦᠷᠦ ᠵᠢᠨ ᠵᠥᠪᠯᠡᠯᠭᠡᠨ᠎ᠤ ᠪᠠᠢ᠌ᠩᠭᠤ ᠵᠢᠨ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ ᠪᠣᠯᠣᠨ ᠰᠠᠨᠠᠯ ᠳᠤᠷᠠᠳᠤᠯᠭ᠎ᠠ ᠵᠢᠨ ᠠᠵᠢᠯ᠎ᠤᠨ ᠪᠠᠢ᠌ᠳᠠᠯ᠎ᠤᠨ ᠮᠡᠳᠡᠭᠦᠯᠦᠯᠲᠡ ᠵᠢ ᠬᠢᠨᠠᠨ ᠵᠥᠪᠯᠡᠪᠡ᠃ ᠰᠤᠷᠪᠤᠯᠵᠢᠯᠠᠬ᠍ᠴᠢ ᠮᠥᠩᠬᠡᠴᠢᠯᠠᠭᠤ ᠰᠡᠭᠦᠳᠡᠷᠯᠡᠪᠡ
ᠬᠤᠷᠠᠯ ᠳᠡᠭᠡᠷ᠎ᠡ᠂ ᠭᠡᠰᠢᠭᠦᠳ ᠢᠳᠡᠪᠬᠢᠲᠡᠢ᠎ᠪᠠᠷ ᠦᠭᠡ ᠶᠠᠷᠢᠵᠤ᠂ ᠠᠭᠤᠷ ᠠᠮᠢᠰᠬᠤᠯ ᠭᠦᠷ ᠬᠥᠭᠵᠢᠶᠡᠨ᠎ᠲᠠᠢ ᠪᠠᠢ᠌ᠯ᠎ᠠ᠃ ᠤᠯᠠᠨ ᠵᠶ᠋ᠠᠷ ᠵᠶ᠋ᠠᠨ᠂ ᠤᠯᠤᠰ ᠲᠦᠷᠦ ᠵᠢᠨ ᠵᠥᠪᠯᠡᠯᠭᠡᠨ᠎ᠤ ᠪᠦᠭᠦᠳᠡ ᠬᠤᠷᠠᠯ ᠳᠡᠭᠡᠷ᠎ᠡ ᠠᠩᠬ᠎ᠠ ᠤᠳᠠᠭ᠎ᠠ ᠰᠦᠨ ᠱᠤᠤ ᠴᠧᠩ ᠱᠦᠵᠢ ᠵᠢᠨ ᠶᠠᠷᠢᠶ᠎ᠠ ᠵᠢ ᠰᠣᠨᠣᠰᠤᠭ᠋ᠠᠳ ᠮᠠᠰᠢ ᠶᠡᠬᠡ ᠵᠣᠷᠢᠭᠵᠢᠵᠤ᠂ ᠢᠲᠡᠭᠡᠯ ᠵᠣᠷᠢᠭ ᠤᠯᠠᠮ ᠨᠡᠮᠡᠭᠳᠡᠵᠦ᠂ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠴᠢᠭᠯᠡᠯ᠎ᠢ ᠤᠯᠠᠮ ᠲᠣᠳᠣᠷᠬᠠᠢ ᠪᠤᠯᠭ᠋ᠠᠪᠠ; ᠤᠯᠤᠰ ᠲᠦᠷᠦ ᠵᠢᠨ ᠵᠥᠪᠯᠡᠯᠭᠡᠨ᠎ᠤ ᠬᠣᠶᠠᠷ ᠮᠡᠳᠡᠭᠦᠯᠦᠯᠲᠡ ᠠᠮᠵᠢᠯᠲᠠ ᠪᠦᠲᠦᠮᠵᠢ᠎ᠪᠠᠨ ᠳ᠋ᠦᠩᠨᠡᠭᠡᠳ ᠬᠥᠮᠥᠰ᠎ᠤᠨ ᠰᠡᠳᠬᠢᠯ᠎ᠢ ᠬᠥᠭᠵᠢᠭᠡᠵᠦ᠂ ᠠᠵᠢᠯ ᠵᠶ᠋ᠠᠨ ᠤᠬᠠᠭ᠋ᠠᠯᠠᠨ ᠲᠥᠯᠥᠪᠯᠡᠭᠰᠡᠨ᠎ᠨᠢ ᠪᠣᠳᠠᠲᠠᠢ ᠵᠢ ᠡᠷᠬᠢᠮᠯᠡᠭᠰᠡᠨ ᠪᠠᠢ᠌ᠨ᠎ᠠ ᠭᠡᠵᠦ ᠦᠵᠡᠵᠡᠭᠡᠪᠡ᠃ ᠤᠯᠠᠨ ᠵᠶ᠋ᠡᠷ ᠵᠶ᠋ᠡᠨ ᠨᠠᠷᠢᠨ ᠬᠢᠨᠠᠮᠠᠭ᠋ᠠᠢ ᠰᠤᠷᠤᠯᠴᠠᠨ ᠲᠤᠭᠤᠰᠢᠯᠠᠭᠤᠯᠵᠤ᠂ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ᠎ᠪᠠᠷ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢ᠌ᠲᠠᠢ ᠬᠥᠭᠵᠢᠯᠲᠡ᠎ᠳᠤ ᠬᠦᠴᠦ ᠨᠡᠮᠡᠷᠢᠯᠡᠨ᠎ᠡ ᠭᠡᠵᠦ ᠢᠯᠡᠳᠬᠡᠵᠡᠭᠡᠪᠡ᠃
ᠣᠯᠠᠨ᠎ᠤ ᠶᠠᠷᠢᠬᠤ ᠵᠢ ᠰᠣᠨᠣᠰᠤᠭᠰᠠᠨ᠎ᠤ ᠳᠠᠷᠠᠭ᠎ᠠ᠂ ᠵᠠᠩ ᠶᠠᠨ ᠺᠦᠨ᠂ ᠰᠦᠨ ᠱᠤᠤ ᠴᠧᠩ ᠱᠦᠵᠢ ᠡᠭᠢᠯᠡᠯᠲᠡ ᠵᠢᠨ ᠬᠤᠷᠠᠯ ᠳᠡᠭᠡᠷᠡᠬᠢ ᠶᠠᠷᠢᠶᠠᠨ᠎ᠳᠠᠭᠠᠨ᠂ ᠪᠦᠭᠦ ᠣᠷᠣᠨ᠎ᠤ ᠡᠯ᠎ᠡ ᠱᠠᠲᠤᠨ᠎ᠤ ᠤᠯᠤᠰ ᠲᠦᠷᠦ ᠵᠢᠨ ᠵᠥᠪᠯᠡᠯᠭᠡᠨ᠎ᠤ ᠵᠣᠬᠢᠶᠠᠨ ᠪᠠᠢ᠌ᠭᠤᠯᠤᠯᠲᠠ ᠪᠣᠯᠣᠨ ᠥᠷᠭᠡᠨ ᠤᠯᠠᠨ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠳ᠎ᠤᠨ ᠦᠵᠡᠭᠦᠯᠦᠭᠰᠡᠨ ᠬᠤᠪᠢ ᠨᠡᠮᠡᠷᠢ ᠵᠢ ᠭᠦᠢ᠍ᠴᠡᠳ ᠨᠤᠲᠠᠯᠠᠵᠤ᠂ ᠤᠯᠤᠰ ᠲᠦᠷᠦ ᠵᠢᠨ ᠵᠥᠪᠯᠡᠯᠭᠡᠨ᠎ᠤ ᠠᠵᠢᠯ᠎ᠤᠨ ᠲᠤᠬᠠᠢ ᠱᠠᠭ᠋ᠠᠷᠳᠠᠯᠭ᠎ᠠ ᠵᠢ ᠲᠣᠳᠣᠷᠬᠠᠢ᠌ᠯᠠᠵᠤ᠂ ᠰᠡᠳᠦᠪ ᠳᠤᠷᠠᠳᠴᠤ᠂ ᠣᠨᠴᠠᠭ᠋ᠠᠢ᠌ᠯᠠᠨ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ ᠵᠢᠨ ᠵᠥᠪᠯᠡᠯᠭᠡᠨ᠎ᠤ ᠠᠵᠢᠯ᠎ᠤᠨ ᠪᠦᠭᠦ ᠤᠯᠤᠰ᠎ᠤᠨ ᠡᠯ᠎ᠡ ᠮᠤᠵᠢ ᠣᠷᠣᠨ ᠬᠤᠳᠠ ᠵᠢᠨ ᠤᠯᠤᠰ ᠲᠦᠷᠦ ᠵᠢᠨ ᠵᠥᠪᠯᠡᠯᠭᠡᠨ᠎ᠤ ᠠᠵᠢᠯ᠎ᠤᠨ ᠳᠡᠭᠡᠳᠦ ᠲᠦᠪᠰᠢᠨ᠎ᠳᠤ ᠣᠷᠣᠬᠤ ᠵᠢ ᠠᠬᠢᠭᠤᠯᠬᠤ ᠬᠠᠷᠠᠯᠲᠠ ᠵᠢ ᠳᠤᠷᠠᠳᠴᠤ᠂ ᠤᠯᠤᠰ ᠲᠦᠷᠦ ᠵᠢᠨ ᠵᠥᠪᠯᠡᠯᠭᠡᠨ᠎ᠤ ᠠᠵᠢᠯ᠎ᠳᠤ ᠶᠡᠬᠡ ᠬᠦᠰᠡᠯ ᠨᠠᠶ᠋ᠢᠳᠠᠯᠭ᠎ᠠ ᠲᠠᠯᠪᠢᠵᠠᠢ᠃ ᠪᠢᠳᠡ ᠲᠡᠷᠢᠭᠦᠨ᠎ᠤ᠎ᠬᠢ᠎ᠪᠠᠷ ᠪᠠᠷᠢᠮᠵᠢᠶᠠᠯᠠᠵᠤ᠂ ᠰᠠᠨᠠᠭ᠋ᠠᠴᠢᠯᠠᠭ᠎ᠠ᠎ᠠᠴᠠ᠎ᠪᠠᠨ ᠡᠭᠦᠷᠭᠡ ᠬᠦᠯᠢᠶᠡᠵᠦ᠂ ᠠᠵᠢᠯ᠎ᠤᠨ ᠬᠤᠪᠢᠶᠠᠷᠢᠯᠠᠯ ᠵᠶ᠋ᠠᠨ ᠨᠠᠷᠢᠯᠢᠭᠵᠢᠭᠤᠯᠤᠨ᠂ ᠡᠭᠦᠷᠭᠡ ᠵᠢᠨ ᠨᠠᠷᠢᠨ ᠲᠠᠨᠭ᠌ᠰᠠ ᠵᠢ ᠵᠢᠭᠰᠠᠭ᠋ᠠᠵᠤ᠂ ᠭᠣᠣᠯ ᠠᠵᠢᠯ᠎ᠤᠨ ᠲᠣᠭᠣᠷᠢᠨ᠎ᠳᠤ᠂ ᠶᠡᠬᠡ ᠲᠠᠯ᠎ᠠ᠎ᠳᠤ ᠦᠢ᠍ᠯᠡᠴᠢᠯᠡᠬᠦ᠂ ᠭᠣᠣᠯ ᠠᠵᠢᠯ᠎ᠳᠤ ᠣᠷᠤᠯᠴᠠᠬᠤ᠂ ᠬᠥᠭᠵᠢᠯᠲᠡ᠎ᠳᠤ ᠬᠦᠴᠦ ᠨᠡᠮᠡᠷᠢᠯᠡᠬᠦ᠂ ᠭᠣᠣᠯ ᠠᠵᠢᠯ᠎ᠳᠤ ᠠᠭᠤᠰᠤᠯᠴᠠᠬᠤ᠂ ᠠᠷᠠᠳ᠎ᠤᠨ ᠲᠥᠯᠥᠭᠡ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ᠂ ᠢᠳᠡᠪᠬᠢᠲᠡᠢ᠎ᠪᠠᠷ ᠰᠠᠨᠠᠯ ᠵᠥᠪᠯᠡᠯᠭᠡ ᠳᠤᠷᠠᠳᠤᠨ ᠵᠠᠰᠠᠭ᠎ᠲᠤ ᠲᠤᠰᠠᠯᠠᠬᠤ᠂ ᠬᠠᠮᠲᠤ ᠵᠢᠨ ᠲᠠᠨᠢᠯᠲᠠ ᠵᠢ ᠥᠷᠭᠡᠨ ᠵᠶ᠋ᠡᠷ ᠨᠢᠭᠲᠠᠷᠠᠭᠤᠯᠬᠤ ᠵᠢ ᠪᠠᠷᠢᠮᠲᠠᠯᠠᠵᠤ᠂ 《ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ᠎ᠳᠤ ᠤᠯᠤᠰ ᠲᠦᠷᠦ ᠵᠢᠨ ᠵᠥᠪᠯᠡᠯᠭᠡᠨ᠎ᠤ ᠬᠦᠴᠦᠨ᠎ᠢ ᠨᠡᠮᠡᠷᠢᠯᠡᠬᠦ》 ᠵᠡᠷᠭᠡ ᠭᠣᠣᠯᠳᠠᠯᠭ᠎ᠠ᠎ᠲᠠᠢ ᠡᠭᠦᠷᠭᠡ ᠵᠢᠨ ᠰᠢᠨ᠎ᠡ ᠦᠷ᠎ᠡ ᠪᠦᠲᠦᠮᠵᠢ ᠣᠯᠬᠤ ᠵᠢ ᠠᠬᠢᠭᠤᠯᠵᠤ᠂ ᠤᠯᠤᠰ ᠲᠦᠷᠦ ᠵᠢᠨ ᠵᠥᠪᠯᠡᠯᠭᠡᠨ᠎ᠤ ᠰᠢᠯᠢᠳᠡᠭ ᠬᠠᠷᠢᠭᠤᠯᠲᠠ ᠵᠢᠨ ᠬᠠᠭᠤᠳᠠᠰᠤ ᠵᠢ ᠲᠤᠰᠢᠶᠠᠬᠤ᠎ᠪᠠᠷ ᠴᠢᠷᠮᠠᠢ᠌ᠬᠤ ᠬᠡᠷᠡᠭᠲᠡᠢ ᠭᠡᠪᠡ᠃