2025 ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ   -   ᠮᠡᠳᠡᠭᠡᠯᠡᠯ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢᠳ ᠳᠤᠭᠤᠢ᠌ᠯᠠᠩ ᠬᠤᠪᠢᠶᠠᠵᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠢ ᠬᠢᠨᠠᠨ ᠵᠥᠪᠯᠡᠪᠡ
ᠨᠡᠶ᠋ᠢᠲᠡᠯᠡᠭᠰᠡᠨ ᠴᠠᠭ᠄ 2025-01-15

 

  1 ᠰᠠᠷ᠎ᠠ ᠵᠢᠨ 14᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯ᠎ᠳᠤ ᠣᠷᠣᠯᠴᠠᠵᠤ ᠪᠠᠢ᠌ᠭ᠎ᠠ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢᠳ ᠳᠤᠭᠤᠢ᠌ᠯᠠᠩ ᠬᠤᠪᠢᠶᠠᠵᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠢ ᠬᠢᠨᠠᠨ ᠵᠥᠪᠯᠡᠪᠡ᠃

   ᠡᠯ᠎ᠡ ᠲᠥᠯᠥᠭᠡᠯᠡᠭᠴᠢᠳ᠎ᠤᠨ ᠪᠦᠯᠭᠦᠮ᠎ᠤᠨ ᠬᠢᠨᠠᠨ ᠵᠥᠪᠯᠡᠬᠦ ᠬᠤᠷᠠᠯ᠎ᠤᠨ ᠲᠠᠯᠠᠪᠠᠶ ᠭᠦᠷ ᠬᠥᠭᠵᠢᠶᠡᠨ ᠵᠶ᠋ᠡᠷ ᠪᠢᠯᠬᠠᠵᠤ᠂ ᠲᠥᠯᠥᠭᠡᠯᠡᠭᠴᠢᠳ ᠠᠵᠢᠯ᠎ᠤᠨ ᠪᠣᠳᠠᠲᠠᠢ᠎ᠲᠠᠢ᠎ᠪᠠᠨ ᠤᠶᠠᠯᠳᠤᠭᠤᠯᠤᠨ ᠰᠡᠳᠬᠢᠭᠳᠡᠯ ᠵᠶ᠋ᠡᠨ ᠶᠠᠷᠢᠯᠴᠠᠵᠤ᠂ ᠲᠥᠷᠥᠭᠳᠡᠯ ᠵᠶ᠋ᠡᠨ ᠶᠠᠷᠢᠵᠤ᠂ ᠰᠠᠢ᠌ᠨ ᠠᠷᠭ᠎ᠠ ᠪᠣᠳᠣᠯᠭ᠎ᠠ ᠰᠦᠪᠡᠭᠴᠢᠯᠡᠨ᠂ ᠬᠥᠭᠵᠢᠯᠲᠡ ᠵᠢ ᠵᠥᠪᠯᠡᠵᠦ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢ᠌ᠭᠡᠮ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ ᠠᠷᠭ᠎ᠠ ᠤᠬᠠᠭ᠋ᠠᠨ   ᠳᠡᠪᠰᠢᠭᠦᠯᠪᠡ᠃ ᠲᠥᠯᠥᠭᠡᠯᠡᠭᠴᠢᠳ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ ᠥᠩᠭᠡᠷᠡᠭᠰᠡᠨ ᠨᠢᠭᠡ ᠵᠢᠯ᠎ᠤᠨ ᠠᠵᠢᠯ ᠵᠶ᠋ᠠᠨ ᠳ᠋ᠦᠩᠨᠡᠭᠰᠡᠨ᠎ᠨᠢ ᠦᠨᠡᠨ᠎ᠢ ᠪᠠᠷᠢᠮᠲᠠᠯᠠᠨ ᠪᠣᠳᠠᠲᠠᠢ ᠵᠢ ᠡᠷᠬᠢᠮᠯᠡᠵᠦ᠂ ᠪᠤᠰᠤᠳᠴᠢ ᠪᠥᠭᠡᠳ ᠪᠦᠭᠦ ᠲᠠᠯ᠎ᠠ ᠵᠢᠨ ᠪᠠᠢ᠌ᠵᠤ᠂ ᠡᠨᠡ ᠵᠢᠯ᠎ᠤᠨ ᠠᠵᠢᠯ ᠵᠶ᠋ᠠᠨ ᠤᠬᠠᠭ᠋ᠠᠯᠠᠨ ᠲᠥᠯᠥᠪᠯᠡᠭᠰᠡᠨ ᠬᠠᠷᠠᠯᠲᠠ ᠲᠣᠳᠣᠷᠬᠠᠢ᠂ ᠭᠣᠣᠯᠳᠠᠯᠭ᠎ᠠ ᠲᠣᠪᠣᠢ᠌ᠮ᠎ᠠ ᠪᠠᠢ᠌ᠵᠤ᠂ ᠵᠣᠭᠰᠣᠴᠠ ᠥᠨᠳᠥᠷ᠂ ᠭᠣᠣᠯ ᠰᠡᠳᠦᠪ ᠢᠯᠡ ᠲᠣᠳᠣ᠂ ᠬᠥᠮᠥᠰ᠎ᠢ ᠤᠷᠮᠠᠰᠢᠭᠤᠯᠤᠨ ᠵᠣᠷᠢᠭᠵᠢᠭᠤᠯᠬᠤ ᠴᠢᠨᠠᠷ ᠰᠠᠢ᠌ᠲᠠᠢ ᠢᠯᠡᠳᠬᠡᠯ ᠪᠣᠯᠵᠠᠢ ᠭᠡᠵᠦ ᠰᠠᠨᠠᠯ ᠨᠢᠭᠡᠲᠡᠢ ᠦᠵᠡᠵᠡᠭᠡᠪᠡ᠃

   ᠲᠥᠯᠥᠭᠡᠯᠡᠭᠴᠢᠳ᠂ ᠥᠩᠭᠡᠷᠡᠭᠰᠡᠨ ᠨᠢᠭᠡ ᠵᠢᠯ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠠᠭ᠋ᠠᠭᠤᠯᠭ᠎ᠠ ᠳᠣᠣᠷ᠎ᠠ᠂ ᠣᠷᠣᠨ ᠳᠠᠶᠠᠭ᠋ᠠᠷ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠣᠣᠯ ᠰᠢᠵᠢᠮ᠎ᠢ ᠴᠢᠩᠭ᠎ᠠ ᠡᠵᠡᠮᠳᠡᠵᠦ᠂ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ 《ᠬᠣᠶᠠᠷ ᠶᠡᠬᠡ ᠶᠠᠪᠤᠳᠠᠯ》᠎ᠢ ᠰᠠᠢ᠌ᠲᠤᠷ ᠬᠢᠵᠦ᠂ 《ᠵᠢᠷᠭᠤᠭ᠋ᠠᠨ ᠢᠨᠵᠧᠨᠧᠷᠢᠩ》᠎ᠢ ᠰᠠᠢ᠌ᠲᠤᠷ ᠠᠳᠬᠤᠵᠤ᠂ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠡᠯ᠎ᠡ ᠵᠦᠢ᠍ᠯ᠎ᠤᠨ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢ᠌ᠲᠤᠷ ᠬᠢᠵᠦ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ᠎ᠳᠤ ᠣᠷᠣᠬᠤ ᠪᠣᠳᠠᠲᠠᠢ ᠠᠯᠬᠤᠮ᠎ᠢ ᠠᠯᠬᠤᠵᠠᠢ ᠭᠡᠵᠦ ᠢᠯᠡᠳᠬᠡᠵᠡᠭᠡᠪᠡ᠃

  《ᠲᠤᠬᠠᠢ ᠵᠢᠨ ᠲᠠᠯᠠᠪᠠᠢ᠎ᠳᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠢ ᠰᠣᠨᠣᠰᠤᠭ᠋ᠠᠳ ᠪᠢᠳᠡ ᠢᠯᠠᠯᠲᠠ ᠵᠢᠨ ᠡᠷᠴᠢᠨ ᠳᠡᠭᠡᠷ᠎ᠡ᠎ᠪᠠᠨ ᠤᠷᠤᠭᠰᠢᠯᠠᠵᠤ᠂ ᠦᠷᠭᠦᠯᠵᠢᠯᠡᠨ ᠲᠡᠮᠡᠴᠡᠬᠦ ᠢᠲᠡᠭᠡᠯ ᠵᠣᠷᠢᠭ ᠤᠯᠠᠮ ᠪᠠᠲᠤ ᠪᠣᠯᠵᠠᠢ》᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ᠂ ᠲᠦᠩᠯᠢᠶᠣᠣ ᠬᠤᠳᠠ ᠵᠢᠨ ᠬᠤᠤᠯᠢᠨ ᠭᠣᠣᠯ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠬᠤᠳᠠ ᠵᠢᠨ ᠳᠠᠷᠤᠭ᠎ᠠ ᠵᠢᠢ ᠬᠠᠢ ᠶᠠᠩ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ ᠶᠡᠬᠡ ᠬᠠᠨᠳᠤᠰᠢ ᠵᠢ ᠣᠨᠣᠪᠴᠢᠲᠠᠢ ᠡᠵᠡᠮᠳᠡᠵᠦ᠂ ᠰᠡᠳᠬᠢᠴᠡ ᠣᠢ᠌ᠯᠠᠭ᠋ᠠᠭᠳᠠᠬᠤᠨ ᠰᠢᠨ᠎ᠡ᠂ ᠠᠵᠢᠯ᠎ᠤᠨ ᠨᠠᠢ᠌ᠳᠠᠪᠤᠷᠢᠵᠢᠭᠤᠯᠤᠯᠲᠠ ᠵᠢᠨ ᠴᠡᠭ ᠪᠣᠳᠠᠲᠠᠢ᠂ ᠵᠠᠮ ᠨᠡᠭᠡᠭᠡᠨ ᠰᠢᠨ᠎ᠡ ᠵᠢ ᠡᠭᠦᠳᠦᠭᠰᠡᠨ᠂ ᠪᠣᠳᠠᠲᠠᠢ ᠵᠢ ᠡᠷᠬᠢᠮᠯᠡᠭᠰᠡᠨ ᠲᠤᠰᠠᠲᠠᠢ ᠰᠠᠢ᠌ᠨ ᠢᠯᠡᠳᠬᠡᠯ ᠪᠣᠯᠣᠨ᠎ᠠ᠃ ᠬᠤᠤᠯᠢᠩᠭᠣᠣᠯ ᠬᠣᠲᠠ 《ᠠᠵᠤ ᠦᠢ᠍ᠯᠡᠳᠪᠦᠷᠢ ᠵᠢᠨ ᠬᠦᠴᠦᠷᠬᠡᠭ ᠬᠣᠲᠠ》 ᠵᠢ ᠦᠷᠭᠦᠯᠵᠢᠯᠡᠨ ᠭᠤᠢ᠌ᠪᠢᠰᠢ ᠦᠭᠡᠢ ᠪᠠᠷᠢᠮᠲᠠᠯᠠᠵᠤ᠂ 《ᠳᠤᠮᠳᠠᠳᠤ ᠤᠯᠤᠰ · ᠪᠣᠬᠢᠷᠳᠤᠯ ᠦᠭᠡᠢ ᠴᠠᠭᠢᠯᠭ᠋ᠠᠨ ᠬᠥᠩᠭᠡᠨᠴᠠᠭ᠋ᠠᠨ᠎ᠤ ᠬᠣᠲᠠ》 ᠵᠢᠨ ᠪᠦᠲᠦᠭᠡᠨ ᠪᠠᠢ᠌ᠭᠤᠯᠤᠯᠲᠠ ᠵᠢᠨ ᠬᠠᠷᠠᠯᠲᠠ ᠵᠢ ᠵᠣᠷᠢᠵᠤ᠂ ᠡᠨᠧᠷᠭᠢ ᠵᠢᠨ ᠪᠦᠲᠦᠴᠡ ᠵᠢᠨ ᠲᠣᠬᠢᠷᠠᠭᠤᠯᠤᠯᠲᠠ ᠵᠢ ᠲᠦᠷᠭᠡᠳᠬᠡᠵᠦ᠂ ᠬᠥᠩᠭᠡᠨᠴᠠᠭ᠋ᠠᠨ᠎ᠤ ᠠᠵᠤ ᠦᠢ᠍ᠯᠡᠰ᠎ᠤᠨ ᠳᠡᠭᠡᠳᠦ ᠳᠡᠰᠵᠢᠭᠦ᠂ ᠪᠣᠬᠢᠷᠳᠤᠯ ᠥᠭᠡᠢ᠌ᠵᠢᠵᠦ ᠭᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ ᠵᠢ ᠶᠡᠬᠡ᠎ᠪᠠᠷ ᠠᠬᠢᠭᠤᠯᠵᠤ᠂ ᠡᠯ᠎ᠡ ᠵᠦᠢ᠍ᠯ᠎ᠤᠨ ᠭᠣᠣᠯᠳᠠᠯᠭ᠎ᠠ᠎ᠲᠠᠢ ᠡᠭᠦᠷᠭᠡ ᠵᠢᠨ ᠨᠠᠢ᠌ᠳᠠᠪᠤᠷᠢᠵᠢᠭᠤᠯᠤᠯᠲᠠ ᠵᠢ ᠴᠢᠩᠭ᠎ᠠ ᠪᠣᠳᠠᠲᠠᠢ ᠰᠠᠢ᠌ᠲᠤᠷ ᠠᠳᠬᠤᠵᠤ᠂ ᠪᠦᠭᠦ ᠣᠷᠣᠨ᠎ᠤ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠶᠡᠬᠡ ᠲᠠᠯ᠎ᠠ᠎ᠳᠤ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠪᠡ᠃

   ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠤᠨ 2025 ᠣᠨ᠎ᠤ ᠠᠵᠢᠯ᠎ᠤᠨ ᠲᠣᠬᠢᠷᠠᠭᠤᠯᠤᠯᠲᠠ᠎ᠳᠤ᠂ ᠴᠢᠬᠤᠯᠠ ᠶᠡᠬᠡ ᠲᠥᠷᠥᠯ ᠵᠦᠢ᠍ᠯ᠎ᠢ ᠤᠬᠠᠭ᠋ᠠᠯᠠᠨ ᠲᠥᠯᠥᠪᠯᠡᠬᠦ ᠠᠵᠢᠯᠯᠠᠭ᠎ᠠ ᠵᠢ ᠬᠡᠷᠡᠭᠵᠢᠭᠦᠯᠵᠦ᠂ ᠪᠡᠯᠡ ᠣᠷᠣᠭᠤᠯᠤᠯᠲᠠ ᠵᠢ ᠡᠷᠡᠰ ᠭᠤᠢ᠌ᠪᠢᠰᠢ ᠦᠭᠡᠢ ᠠᠳᠬᠤᠨ᠎ᠠ ᠭᠡᠵᠦ ᠳᠤᠷᠠᠳᠪᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ᠂ ᠪᠤᠭᠤᠲᠤ ᠬᠣᠲᠠ ᠵᠢᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠡᠷᠭᠢᠯᠡᠭᠴᠢ ᠱ᠌ᠢ ᠵᠥᠩ ᠴᠢᠨ᠂ ᠡᠨᠡ ᠵᠢᠯ᠂ ᠤᠰᠤᠲᠥ᠋ᠷᠥᠭᠴᠢ ᠡᠨᠧᠷᠭᠢ ᠵᠢᠨ ᠨᠥᠭᠡᠴᠡ ᠡᠨᠧᠷᠭᠢ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠲᠠᠯ᠎ᠠ᠎ᠪᠠᠷ᠂ ᠪᠦᠭᠦ ᠬᠡᠯᠬᠢᠶᠡᠨ᠎ᠤ ᠬᠥᠭᠵᠢᠯᠲᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠢᠭᠡ ᠪᠦᠯᠦᠭ ᠭᠣᠣᠯᠳᠠᠯᠭ᠎ᠠ᠎ᠲᠠᠢ ᠲᠥᠷᠥᠯ ᠵᠦᠢ᠍ᠯ᠎ᠢ ᠰᠠᠢ᠌ᠲᠤᠷ   ᠬᠡᠷᠡᠭᠵᠢᠭᠦᠯᠵᠦ᠂ ᠢᠵᠢ ᠪᠦᠷᠢᠳᠦᠭᠦᠯᠬᠦ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠵᠤ᠂ ᠪᠣᠬᠢᠷᠳᠤᠯ ᠦᠭᠡᠢ ᠤᠰᠤᠲᠥ᠋ᠷᠥᠭᠴᠢ ᠦᠢ᠍ᠯᠡᠳᠬᠦ ᠬᠡᠷᠡᠭᠯᠡᠬᠦ ᠪᠠᠢ᠌ᠳᠠᠯ᠎ᠢ ᠵᠡᠷᠭᠡ᠎ᠪᠠᠷ ᠪᠠᠢ᠌ᠷᠢᠰᠢᠭᠤᠯᠵᠤ᠂ ᠤᠰᠤᠲᠥ᠋ᠷᠥᠭᠴᠢ ᠡᠨᠧᠷᠭᠢ ᠵᠢᠨ ᠨᠥᠭᠡᠴᠡ ᠡᠨᠧᠷᠭᠢ ᠵᠢᠨ ᠬᠡᠪᠴᠢᠶ᠎ᠡ ᠵᠢ ᠡᠬᠢᠯᠡᠭᠦᠯᠬᠦ᠂ ᠲᠥᠪᠯᠡᠷᠡᠭᠦᠯᠦᠨ ᠬᠥᠭᠵᠢᠭᠦᠯᠬᠦ ᠵᠢ ᠦᠨᠡᠨ ᠪᠣᠳᠠᠲᠠᠢ ᠠᠬᠢᠭᠤᠯᠤᠨ᠎ᠠ ᠭᠡᠵᠡᠢ᠃

   ᠡᠨᠡ ᠵᠢᠯ ᠪᠣᠯ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠰᠡᠭᠦᠯ ᠬᠤᠷᠢᠶᠠᠬᠤ ᠵᠢᠯ ᠮᠥᠨ᠂ ᠪᠠᠰᠠ ᠴᠤ᠌ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠦᠪᠵᠢᠭᠦᠯᠭᠡ ᠵᠢ ᠲᠥᠯᠥᠪᠵᠢᠭᠦᠯᠬᠦ ᠵᠢᠯ ᠮᠥᠨ᠃ ᠣᠯᠠᠨ ᠵᠶ᠋ᠠᠷ ᠵᠶ᠋ᠠᠨ᠂ ᠰᠢᠨ᠎ᠡ ᠨᠢᠭᠡᠨ ᠵᠢᠯ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠤᠯᠭ᠋ᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ ᠪᠠ ᠬᠣᠷᠢᠳᠤᠭ᠋ᠠᠷ ᠬᠤᠭᠤᠴᠠᠭ᠋ᠠᠨ᠎ᠤ ᠬᠣᠶᠠᠳᠤᠭ᠋ᠠᠷ᠂ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠨᠠᠮ᠎ᠤᠨ ᠪᠠᠢ᠌ᠭᠤᠯᠤᠯᠲᠠ᠎ᠪᠠᠷ ᠤᠳᠤᠷᠢᠳᠤᠮᠵᠢ ᠪᠤᠯᠭ᠋ᠠᠵᠤ᠂ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠢ᠌ᠷᠡᠭᠦᠯᠵᠦ᠂ ᠲᠣᠭᠲᠠᠭᠤᠨ᠎ᠤ ᠳᠤᠮᠳᠠ ᠤᠷᠤᠭᠰᠢᠯᠠᠯᠲᠠ᠎ᠲᠠᠢ᠂ ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠬᠦ᠂ ᠬᠢᠬᠦ ᠵᠢ ᠲᠡᠷᠢᠭᠦᠨ᠎ᠳᠤ ᠲᠠᠯᠪᠢᠬᠤ ᠵᠢ ᠪᠠᠷᠢᠮᠲᠠᠯᠠᠵᠤ᠂ ᠬᠥᠭᠵᠢᠯᠲᠡ ᠪᠠ ᠠᠮᠤᠷ ᠲᠦᠪᠰᠢᠨ᠎ᠢ ᠨᠠᠩ ᠰᠠᠢ᠌ᠲᠤᠷ ᠨᠢᠭᠡᠳᠦᠯᠲᠡᠢ ᠲᠥᠯᠥᠪᠵᠢᠭᠦᠯᠵᠦ᠂ 《ᠨᠢᠭᠡ ᠭᠣᠣᠯ ᠰᠢᠵᠢᠮ᠎ᠢ ᠲᠤᠭᠤᠰᠢᠯᠠᠭᠤᠯᠬᠤ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠂ ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠪᠠᠳᠠᠷᠠᠭᠤᠯᠬᠤ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ᠎ᠳᠤ ᠣᠷᠣᠬᠤ》 ᠠᠵᠢᠯᠯᠠᠭ᠎ᠠ ᠨᠡᠩ ᠶᠡᠬᠡ ᠠᠬᠢᠴᠠ᠎ᠲᠠᠢ ᠪᠤᠯᠬᠤ᠎ᠪᠠᠷ ᠴᠢᠷᠮᠠᠢ᠌ᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠲᠠᠰᠤᠷᠠᠯᠳᠠ ᠦᠭᠡᠢ ᠪᠢᠴᠢᠭᠯᠡᠬᠦ ᠬᠡᠷᠡᠭᠲᠡᠢ ᠭᠡᠵᠦ ᠢᠯᠡᠳᠬᠡᠪᠡ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ