ᠪᠤᠯᠤᠩ ᠨᠡᠭᠡᠭᠡᠬᠦ ᠦᠭᠡ
ᠣᠨ ᠵᠢᠯ ᠤᠯᠠᠷᠢᠨ ᠰᠣᠯᠢᠭᠳᠠᠵᠤ᠂ ᠴᠠᠭ ᠮᠥᠴᠡ ᠬᠥᠭᠵᠢᠯᠲᠡ ᠵᠢᠨ ᠤᠯᠠ ᠮᠥᠷ᠎ᠢ ᠲᠡᠮᠳᠡᠭᠯᠡᠪᠡ᠃ ᠥᠩᠭᠡᠷᠡᠭᠰᠡᠨ ᠨᠢᠭᠡ ᠵᠢᠯ᠎ᠳᠤ᠂ ᠪᠢᠳᠡ ᠴᠢᠷᠮᠠᠢ᠌ᠯᠭ᠎ᠠ ᠲᠡᠮᠡᠴᠡᠯ ᠪᠠ ᠠᠮᠵᠢᠯᠲᠠ ᠪᠦᠲᠦᠮᠵᠢ ᠵᠢ ᠭᠡᠷᠡᠴᠢᠯᠡᠪᠡ᠃ ᠥᠪᠥᠷ ᠮᠣᠩᠭᠣᠯ᠎ᠤᠨ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠢᠯᠡᠳᠲᠡ ᠠᠮᠵᠢᠯᠲᠠ ᠣᠯᠵᠤ᠂ 《ᠲᠠᠪᠤᠨ ᠶᠡᠬᠡ ᠡᠭᠦᠷᠭᠡ》 ᠵᠢᠨ ᠣᠨ᠎ᠤ ᠭᠣᠣᠯᠳᠠᠯᠭ᠎ᠠ᠎ᠲᠠᠢ ᠠᠵᠢᠯ᠎ᠢ ᠪᠦᠭᠦᠨ᠎ᠢ ᠪᠡᠶᠡᠯᠡᠭᠦᠯᠵᠦ᠂ 《ᠵᠢᠷᠭᠤᠭ᠋ᠠᠨ ᠢᠨᠵᠧᠨᠧᠷᠢᠩ》᠎ᠨᠢ ᠨᠢᠭᠡ ᠪᠦᠯᠦᠭ ᠪᠡᠯᠭᠡ ᠲᠡᠮᠳᠡᠭ᠎ᠤᠨ ᠴᠢᠨᠠᠷᠲᠠᠢ ᠦᠷ᠎ᠡ ᠪᠦᠲᠦᠭᠡᠯ ᠣᠯᠪᠠ᠃ ᠪᠦᠭᠦ ᠣᠷᠣᠨ᠎ᠤ ᠡᠯ᠎ᠡ ᠱᠠᠲᠤᠨ᠎ᠤ ᠬᠠᠮᠲᠤ ᠵᠢᠨ ᠴᠢᠷᠮᠠᠢ᠌ᠯᠭ᠎ᠠ᠎ᠪᠠᠷ᠂ ᠥᠪᠥᠷ ᠮᠣᠩᠭᠣᠯ᠎ᠤᠨ ᠲᠦᠷᠭᠡᠨ ᠬᠥᠭᠵᠢᠯᠲᠡ ᠵᠢᠨ ᠬᠠᠨᠳᠤᠰᠢ ᠡᠷᠴᠢ ᠬᠦᠴᠦᠲᠡᠢ ᠪᠣᠯᠵᠤ᠂ ᠪᠣᠬᠢᠷᠳᠤᠯ ᠦᠭᠡᠢ ᠬᠥᠭᠵᠢᠯᠲᠡ ᠵᠢᠨ ᠴᠢᠳᠠᠪᠤᠷᠢ ᠲᠡᠰ ᠲᠠᠪᠰᠢᠵᠤ᠂ ᠰᠢᠨ᠎ᠡ ᠵᠢ ᠡᠭᠦᠳᠴᠦ ᠡᠭᠦᠳᠦᠨ ᠪᠦᠲᠦᠭᠡᠬᠦ ᠠᠭᠤᠷ ᠠᠮᠢᠰᠬᠤᠯ ᠵᠤᠵᠠᠭ᠋ᠠᠷᠠᠵᠤ᠂ ᠨᠡᠭᠡᠭᠡᠯᠲᠡ ᠬᠢᠵᠦ ᠬᠠᠮᠲᠤᠷᠠᠯᠴᠠᠬᠤ ᠠᠯᠬᠤᠭ᠎ᠠ ᠲᠦᠷᠭᠡᠳᠴᠦ᠂ ᠰᠣᠶᠣᠯ᠎ᠤᠨ ᠪᠠᠢ᠌ᠭᠤᠯᠤᠯᠲᠠ ᠵᠢᠨ ᠭᠠᠷᠳᠠᠴᠠ ᠪᠣᠳᠠᠲᠠᠢ ᠪᠣᠯᠵᠤ᠂ ᠥᠭᠡᠳᠡᠯᠡᠨ ᠰᠠᠢ᠌ᠵᠢᠷᠠᠬᠤ ᠪᠠᠢ᠌ᠳᠠᠯ᠎ᠨᠢ ᠬᠥᠮᠥᠰ᠎ᠤᠨ ᠡᠷᠴᠢ ᠵᠣᠷᠢᠭ᠎ᠢ ᠬᠥᠪᠴᠢᠯᠡᠨ᠂ ᠤᠷᠤᠭᠰᠢ ᠲᠠᠪᠰᠢᠬᠤ ᠵᠢ ᠵᠣᠷᠢᠭᠵᠢᠭᠤᠯᠪᠠ᠃
ᠴᠠᠭ ᠮᠥᠴᠡ ᠵᠢ ᠬᠥᠰᠡᠷᠳᠡᠭᠦᠯᠬᠦ ᠦᠭᠡᠢ ᠪᠣᠯ ᠠᠯᠤᠰ ᠢᠷᠡᠭᠡᠳᠦᠢ ᠬᠦᠰᠡᠨ ᠬᠦᠯᠢᠶᠡᠭᠦᠰᠢᠲᠡᠢ ᠶᠤᠮ᠃ ᠰᠢᠨ᠎ᠡ ᠨᠢᠭᠡ ᠵᠢᠯ᠎ᠳᠤ᠂ ᠪᠢᠳᠡ ᠦᠷᠭᠦᠯᠵᠢᠯᠡᠨ ᠲᠡᠮᠡᠴᠡᠵᠦ᠂ ᠡᠷᠡᠮᠡᠬᠡᠢ᠌ᠯᠡᠨ ᠤᠷᠤᠭᠰᠢᠯᠠᠬᠤ ᠬᠡᠷᠡᠭᠲᠡᠢ᠃ ᠥᠨᠥᠳᠥᠷ᠎ᠠᠴᠠ ᠡᠬᠢᠯᠡᠨ᠂ ᠥᠪᠥᠷ ᠮᠣᠩᠭᠣᠯ᠎ᠤᠨ ᠡᠳᠦᠷ᠎ᠤᠨ ᠰᠣᠨᠢᠨ 《ᠦᠨᠡᠨ ᠬᠦ᠌ ᠴᠢᠷᠮᠠᠢ᠌ᠨ ᠪᠣᠳᠠᠲᠠᠢ ᠠᠵᠢᠯᠯᠠᠵᠤ ᠵᠣᠷᠢᠭᠲᠠᠢ᠎ᠪᠠᠷ ᠰᠢᠨ᠎ᠡ ᠵᠠᠮ ᠨᠡᠭᠡᠭᠡᠰᠦᠭᠡᠢ · 2025 ᠣᠨ᠎ᠤ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠢ ᠪᠠᠶᠠᠷᠯᠠᠨ ᠤᠭᠲᠤᠶ᠎ᠠ》 ᠭᠡᠬᠦ ᠲᠤᠰᠬᠠᠢ ᠪᠤᠯᠤᠩ ᠨᠡᠭᠡᠭᠡᠵᠦ᠂ ᠥᠩᠭᠡᠷᠡᠭᠰᠡᠨ ᠨᠢᠭᠡ ᠵᠢᠯ᠎ᠤᠨ ᠮᠠᠨ᠎ᠤ ᠣᠷᠣᠨ᠎ᠤ ᠡᠯ᠎ᠡ ᠵᠦᠢ᠍ᠯ᠎ᠤᠨ ᠠᠵᠢᠯ ᠦᠢ᠍ᠯᠡᠰ᠎ᠤᠨ ᠣᠯᠣᠭᠰᠠᠨ ᠭᠡᠷᠡᠯ ᠰᠠᠴᠤᠷᠠᠩᠭᠤᠢ ᠠᠮᠵᠢᠯᠲᠠ ᠪᠦᠲᠦᠮᠵᠢ ᠵᠢ ᠡᠷᠭᠢᠴᠡᠭᠦᠯᠵᠦ᠂ ᠥᠪᠥᠷ ᠮᠣᠩᠭᠣᠯ᠎ᠤᠨ ᠰᠢᠨ᠎ᠡ ᠠᠶᠠᠨ᠎ᠳᠠᠬᠢ ᠰᠢᠨ᠎ᠡ ᠡᠭᠦᠷᠭᠡᠯᠡᠯ᠂ ᠰᠢᠨ᠎ᠡ ᠵᠢᠳᠬᠦᠯ ᠴᠢᠷᠮᠠᠢ᠌ᠯᠭ᠎ᠠ᠂ ᠰᠢᠨ᠎ᠡ ᠳᠦᠷᠰᠦ ᠪᠠᠢ᠌ᠳᠠᠯ᠎ᠢ ᠳᠡᠯᠭᠡᠨ ᠦᠵᠡᠭᠦᠯᠭᠦ ᠪᠣᠯᠣᠨ᠎ᠠ᠃ ᠢᠷᠡᠭᠡᠳᠦᠢ᠎ᠪᠠᠨ ᠪᠠᠷᠠᠯᠠᠬᠤᠶ᠎ᠠ᠂ ᠴᠤᠴᠠᠯᠲᠠ ᠦᠭᠡᠢ ᠤᠷᠤᠭᠰᠢᠯᠠᠵᠤ ᠰᠢᠨ᠎ᠡ ᠵᠠᠮ ᠨᠡᠭᠡᠭᠡᠨ ᠳᠤᠮᠳᠠᠳᠤ ᠲᠦᠪᠰᠢᠨ᠎ᠳᠤ ᠣᠷᠣᠬᠤ᠎ᠪᠠᠷ ᠴᠢᠷᠮᠠᠢ᠌ᠵᠤ ᠪᠠᠢ᠌ᠭ᠎ᠠ ᠥᠪᠥᠷ ᠮᠣᠩᠭᠣᠯ᠂ ᠬᠥᠭᠵᠢᠯᠲᠡ ᠵᠢ ᠡᠷᠢᠯᠬᠢᠯᠡᠬᠦ ᠢᠲᠡᠭᠡᠯ ᠵᠣᠷᠢᠭ᠎ᠨᠢ ᠡᠷᠡᠰ ᠪᠠᠲᠤ ᠪᠠᠢ᠌ᠵᠤ᠂ ᠢᠷᠡᠭᠡᠳᠦᠢ᠎ᠪᠠᠨ ᠲᠥᠯᠥᠪᠵᠢᠭᠦᠯᠦᠨ ᠢᠳᠡᠷᠡᠭᠦᠨ ᠠᠯᠬᠤᠭ᠎ᠠ᠎ᠪᠠᠷ ᠤᠷᠤᠭᠰᠢᠯᠠᠵᠤ ᠪᠠᠢ᠌ᠨ᠎ᠠ᠃
ᠬᠦᠴᠦ ᠬᠥᠯᠥᠰᠦ᠎ᠨᠢ ᠰᠣᠷᠭᠣᠭ ᠴᠡᠴᠡᠭ᠎ᠢ ᠤᠮᠳᠠᠯᠠᠵᠤ ᠂ ᠡᠷᠡᠮᠡᠬᠡᠢ᠌ᠯᠡᠭᠰᠡᠨ ᠤᠷᠤᠭᠰᠢᠯᠠᠯᠲᠠ᠎ᠨᠢ ᠠᠵᠢᠯ ᠦᠢ᠍ᠯᠡᠰ᠎ᠢ ᠬᠥᠭᠵᠢᠭᠡᠨ ᠮᠠᠨᠳᠤᠭᠤᠯᠤᠨ᠎ᠠ ᠃ 2024 ᠣᠨ᠎ᠢ ᠡᠷᠭᠢᠴᠡᠭᠦᠯᠬᠦᠶ᠎ᠡ ᠂ ᠬᠣᠶᠠᠷ ᠶᠡᠬᠡ ᠶᠠᠪᠤᠳᠠᠯ᠎ᠢ ᠪᠦᠭᠦ ᠬᠦᠴᠦᠨ ᠵᠶ᠋ᠡᠷ ᠵᠶ᠋ᠡᠨ ᠰᠠᠢ᠌ᠲᠤᠷ ᠬᠢᠬᠦ ᠪᠠ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ ᠰᠢᠨ᠎ᠡ ᠵᠠᠮ ᠨᠡᠭᠡᠭᠡᠨ ᠳᠤᠮᠳᠠᠳᠤ ᠲᠦᠪᠰᠢᠨ᠎ᠳᠤ ᠣᠷᠣᠬᠤ ᠰᠢᠨ᠎ᠡ ᠠᠶᠠᠨ᠎ᠳᠤ ᠂ ᠥᠪᠥᠷ ᠮᠣᠩᠭᠣᠯ ᠪᠦᠭᠦ ᠬᠦᠴᠦᠨ ᠵᠶ᠋ᠡᠷ ᠵᠶ᠋ᠡᠨ ᠴᠢᠨᠠᠷ ᠰᠠᠢ᠌ᠲᠠᠢ ᠬᠥᠭᠵᠢᠯᠲᠡ᠎ᠳᠤ ᠵᠠᠮ ᠨᠡᠭᠡᠭᠡᠵᠦ ᠂ ᠠᠵᠤ ᠠᠬᠤᠢ ᠵᠢᠨ ᠬᠥᠭᠵᠢᠯᠲᠡ ᠵᠢᠨ ᠲᠣᠭᠲᠠᠭᠤᠨ᠎ᠤ ᠳᠤᠮᠳᠠ ᠤᠷᠤᠭᠰᠢᠯᠠᠨ ᠳᠠᠪᠰᠢᠬᠤ ᠵᠢᠨ ᠥᠭᠰᠥᠬᠦ 《ᠮᠤᠷᠤᠢ ᠱᠤᠭᠤᠮ 》᠎ᠢ ᠵᠢᠷᠤᠭᠯᠠᠵᠤ ᠂ ᠬᠡᠰᠡᠭ ᠴᠢᠬᠤᠯᠠ ᠭᠦᠢ᠍ᠴᠡᠳᠬᠡᠯ ᠲᠣᠭ᠎ᠠ ᠵᠢᠨ ᠨᠡᠮᠡᠭᠳᠡᠯ ᠂ ᠨᠡᠮᠡᠭᠳᠡᠯ᠎ᠤᠨ ᠬᠤᠷᠳᠤᠴᠠ᠎ᠨᠢ ᠨᠢᠭᠡᠨᠲᠡ ᠪᠦᠭᠦ ᠤᠯᠤᠰ᠎ᠤᠨ ᠡᠮᠦᠨ᠎ᠡ ᠡᠩᠨᠡᠭᠡᠨ᠎ᠳᠤ ᠣᠷᠣᠪᠠ ᠃
2024 ᠣᠨ᠎ᠳᠤ ᠂ ᠥᠪᠥᠷ ᠮᠣᠩᠭᠣᠯ᠎ᠤᠨ ᠠᠮᠤ ᠪᠤᠳᠠᠭ᠋ᠠᠨ᠎ᠤ ᠤᠨᠠᠯᠲᠠ ᠠᠩᠬ᠎ᠠ ᠤᠳᠠᠭ᠎ᠠ 800 ᠳ᠋ᠦᠩᠰᠢᠭᠤᠷ ᠵᠢᠩ᠎ᠤᠨ ᠳᠡᠭᠲᠡᠷ᠎ᠲᠤ ᠭᠠᠷᠴᠤ ᠂ 820.1 ᠳ᠋ᠦᠩᠰᠢᠭᠤᠷ ᠵᠢᠩ᠎ᠳᠤ ᠬᠦᠷᠴᠦ ᠂ ᠪᠦᠭᠦ ᠤᠯᠤᠰ᠎ᠲᠤ ᠵᠢᠷᠭᠤᠳᠤᠭ᠋ᠠᠷ᠎ᠲᠤ ᠣᠷᠣᠪᠠ ; ᠠᠮᠤ ᠪᠤᠳᠠᠭ᠋ᠠᠨ᠎ᠤ ᠤᠨᠠᠯᠲᠠ ᠳᠡᠭᠡᠷ᠎ᠡ ᠵᠢᠯ᠎ᠤᠨ᠎ᠬᠢ᠎ᠠᠴᠠ 28.5 ᠳ᠋ᠦᠩᠰᠢᠭᠤᠷ ᠵᠢᠩ ᠨᠡᠮᠡᠭᠳᠡᠵᠦ ᠂ ᠨᠡᠮᠡᠭᠳᠡᠯ᠎ᠤᠨ ᠬᠡᠮᠵᠢᠶ᠎ᠡ ᠪᠦᠭᠦ ᠤᠯᠤᠰ᠎ᠤᠨ ᠭᠤᠷᠪᠠᠳᠤᠭ᠋ᠠᠷ᠎ᠲᠤ ᠣᠷᠣᠵᠤ ᠂ ᠠᠮᠤ ᠪᠤᠳᠠᠭ᠋ᠠᠨ᠎ᠤ ᠦᠢ᠍ᠯᠡᠳᠪᠦᠷᠢᠯᠡᠯ 《ᠬᠣᠷᠢᠨ ᠨᠢᠭᠡᠨ ᠵᠢᠯ ᠳᠠᠷᠠᠭ᠋ᠠᠯᠠᠨ ᠡᠯᠪᠡᠭ ᠬᠤᠷᠢᠶᠠᠯᠲᠠ ᠣᠯᠬᠤ 》 ᠵᠢ ᠪᠡᠶᠡᠯᠡᠭᠦᠯᠪᠡ ᠁ 《ᠳᠤᠮᠳᠠᠳᠤ ᠤᠯᠤᠰ᠎ᠤᠨ ᠠᠶᠠᠭ᠎ᠠ 》 ᠳᠣᠲᠣᠷᠠᠬᠢ 《ᠥᠪᠥᠷ ᠮᠣᠩᠭᠣᠯ᠎ᠤᠨ ᠠᠮᠤ ᠪᠤᠳᠠᠭ᠎ᠠ 》 ᠵᠢᠨ ᠬᠤᠪᠢ ᠵᠢᠨ ᠵᠢᠩ᠎ᠨᠢ ᠨᠠᠩ ᠬᠦᠨᠳᠦ ᠂ ᠶᠠᠰᠤ ᠴᠢᠨᠠᠷ᠎ᠨᠢ ᠨᠠᠩ ᠭᠦᠢ᠍ᠴᠡᠳ ᠪᠣᠯᠪᠠ ᠃
2024 ᠣᠨ᠎ᠳᠤ ᠂ ᠥᠪᠥᠷ ᠮᠣᠩᠭᠣᠯ ᠪᠦᠭᠦ ᠤᠯᠤᠰ᠎ᠤᠨ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠠᠩᠬ᠎ᠠ ᠤᠳᠠᠭ᠎ᠠ 1 ᠳ᠋ᠦᠩᠰᠢᠭᠤᠷ ᠺᠢᠯᠣᠸᠠᠲ᠎ᠢ ᠳᠠᠪᠠᠭᠰᠠᠨ ᠮᠤᠵᠢ ᠣᠷᠣᠨ ᠪᠣᠯᠵᠤ ᠂ ᠵᠢᠯ᠎ᠤᠨ ᠳᠣᠲᠣᠷ᠎ᠠ ᠰᠢᠨ᠎ᠡ᠎ᠪᠠᠷ ᠨᠡᠮᠡᠭᠳᠡᠭᠰᠡᠨ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ 4100 ᠲᠦᠮᠡᠨ ᠺᠢᠯᠣᠸᠠᠲ᠎ᠠᠴᠠ ᠳᠡᠭᠡᠭᠰᠢ ᠪᠣᠯᠵᠤ ᠂ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 30% ᠭᠠᠷᠤᠢ ᠨᠡᠮᠡᠭᠳᠡᠵᠦ ᠂ ᠬᠣᠶᠠᠷ ᠵᠢᠯ ᠳᠠᠷᠠᠭ᠋ᠠᠯᠠᠨ ᠪᠦᠭᠦ ᠤᠯᠤᠰ᠎ᠲᠤ ᠲᠡᠷᠢᠭᠦᠯᠡᠪᠡ ; ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠵᠢᠨ ᠢᠯᠴᠢ ᠵᠢᠨ ᠴᠠᠭᠢᠯᠭ᠋ᠠᠨ᠎ᠤ ᠮᠠᠰᠢᠨ ᠴᠣᠭᠴᠠᠯᠠᠪᠤᠷᠢ᠎ᠠᠴᠠ ᠳᠠᠪᠠᠬᠤ ᠬᠠᠷᠠᠯᠲᠠ ᠵᠢ ᠨᠢᠭᠡ ᠵᠢᠯ ᠤᠷᠢᠳᠴᠢᠯᠠᠨ ᠪᠡᠶᠡᠯᠡᠭᠦᠯᠵᠦ ᠂ ᠪᠣᠬᠢᠷᠳᠤᠯ ᠦᠭᠡᠢ ᠴᠠᠭᠢᠯᠭ᠋ᠠᠨ᠎ᠤ ᠠᠷᠠᠯᠵᠢᠶᠠᠨ᠎ᠤ ᠬᠡᠪᠴᠢᠶ᠎ᠡ ᠪᠦᠭᠦ ᠤᠯᠤᠰ᠎ᠤᠨ ᠡᠮᠦᠨ᠎ᠡ ᠡᠩᠨᠡᠭᠡᠨ᠎ᠳᠤ ᠣᠷᠣᠵᠤ ᠂ ᠮᠠᠨ᠎ᠤ ᠣᠷᠣᠨ᠎ᠤ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠪᠦᠭᠦ ᠤᠯᠤᠰ᠎ᠲᠤ ᠲᠦᠷᠦᠭᠦᠯᠡᠬᠦ ᠪᠠᠢ᠌ᠷᠢ ᠰᠠᠭᠤᠷᠢ ᠵᠢ ᠤᠯᠠᠮ ᠨᠢᠭᠡ ᠠᠯᠬᠤᠮ ᠪᠡᠬᠢᠵᠢᠭᠦᠯᠪᠡ ᠃
2024 ᠣᠨ᠎ᠤ 1 - 11 ᠰᠠᠷ᠎ᠠ᠎ᠳᠤ ᠂ ᠪᠦᠭᠦ ᠣᠷᠣᠨ᠎ᠤ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ (ᠲᠠᠷᠢᠶᠠᠴᠢᠨ ᠡᠷᠦᠭᠡ ᠵᠢ ᠪᠠᠭᠲᠠᠭ᠋ᠠᠬᠤ ᠦᠭᠡᠢ ) ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 13.0% ᠵᠶ᠋ᠡᠷ ᠨᠡᠮᠡᠭᠳᠡᠵᠦ ᠂ ᠨᠡᠮᠡᠭᠳᠡᠯ᠎ᠤᠨ ᠬᠤᠷᠳᠤᠴᠠ᠎ᠨᠢ ᠪᠦᠭᠦ ᠤᠯᠤᠰ᠎ᠲᠤ ᠬᠣᠶᠠᠳᠤᠭ᠋ᠠᠷ᠎ᠲᠤ ᠣᠷᠣᠵᠤ ᠂ ᠰᠢᠨ᠎ᠡ ᠡᠨᠧᠷᠭᠢ ᠵᠢᠨ ᠪᠡᠯᠡ ᠣᠷᠣᠭᠤᠯᠤᠯᠲᠠ ᠵᠢᠨ ᠪᠦᠭᠦ ᠪᠡᠯᠡ ᠣᠷᠣᠭᠤᠯᠤᠯᠲᠠ᠎ᠳᠠᠬᠢ ᠡᠵᠡᠯᠡᠬᠦ ᠬᠤᠪᠢ ᠵᠢᠨ ᠵᠢᠩ᠎ᠨᠢ 23.0% ᠪᠣᠯᠣᠨ ᠨᠡᠮᠡᠭᠳᠡᠪᠡ ᠁ ᠢᠲᠡᠭᠡᠯ ᠵᠣᠷᠢᠭ ᠵᠶ᠋ᠠᠨ ᠪᠠᠲᠤᠳᠬᠠᠨ ᠪᠦᠲᠦᠮᠵᠢᠲᠡᠶ ᠪᠡᠯᠡ ᠣᠷᠣᠭᠤᠯᠤᠯᠲᠠ ᠵᠢ ᠥᠷᠭᠡᠳᠬᠡᠬᠦ᠎ᠳᠤ ᠥᠪᠥᠷ ᠮᠣᠩᠭᠣᠯ ᠡᠭᠦᠷᠭᠡ ᠬᠠᠷᠢᠭᠤᠴᠠᠯᠭ᠎ᠠ᠎ᠳᠠᠭᠠᠨ ᠦᠯᠦ ᠤᠰᠤᠯᠳᠤᠪᠠ ᠃
2024 ᠣᠨ᠎ᠤ 1 - 11 ᠰᠠᠷ᠎ᠠ᠎ᠳᠤ᠂ ᠥᠪᠥᠷ ᠮᠣᠩᠭᠣᠯ᠎ᠤᠨ ᠨᠡᠢ᠌ᠭᠡᠮ᠎ᠤᠨ ᠬᠡᠷᠡᠭᠯᠡᠭᠡᠨ᠎ᠤ ᠵᠦᠢ᠍ᠯᠡᠰ᠎ᠤᠨ ᠵᠢᠵᠢᠭᠯᠡᠨ ᠬᠤᠳᠠᠯᠳᠤᠭᠰᠠᠨ ᠪᠦᠭᠦ ᠲᠣᠭ᠎ᠠ 5000 ᠳ᠋ᠦᠩᠰᠢᠭᠤᠷ ᠲᠥᠭᠥᠷᠢᠭ᠎ᠢ ᠳᠠᠪᠠᠵᠤ ᠂ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 4%᠎ᠪᠠᠷ ᠨᠡᠮᠡᠭᠳᠡᠵᠦ ᠂ ᠨᠡᠮᠡᠭᠳᠡᠯ᠎ᠤᠨ ᠬᠤᠷᠳᠤᠴᠠ᠎ᠨᠢ ᠠᠳᠠᠯᠢ ᠬᠤᠭᠤᠴᠠᠭ᠋ᠠᠨ᠎ᠤ ᠪᠦᠭᠦ ᠤᠯᠤᠰ᠎ᠤᠨ ᠳᠤᠮᠳᠠᠴᠢ ᠲᠦᠪᠰᠢᠨ᠎ᠠᠴᠠ ᠥᠨᠳᠥᠷ ᠪᠣᠯᠵᠤ ᠂ ᠪᠦᠭᠦ ᠣᠷᠣᠨ᠎ᠤ ᠬᠡᠷᠡᠭᠯᠡᠭᠡᠨ᠎ᠤ ᠵᠠᠬ᠎ᠠ ᠳᠡᠯᠭᠡᠭᠦᠷ 7 ᠰᠠᠷ᠎ᠠ ᠳᠠᠷᠠᠭ᠋ᠠᠯᠠᠨ ᠳᠡᠭᠡᠭᠰᠢᠯᠡᠬᠦ ᠬᠠᠨᠳᠤᠰᠢ᠎ᠪᠠᠨ ᠪᠠᠲᠤᠯᠠᠪᠠ ᠁ ᠬᠡᠷᠡᠭᠴᠡᠭᠡ ᠪᠠᠭᠤᠷᠠᠵᠤ ᠪᠠᠢ᠌ᠭ᠎ᠠ ᠪᠠᠢ᠌ᠳᠠᠯ ᠳᠣᠣᠷ᠎ᠠ ᠂ ᠡᠨᠡ ᠪᠣᠯ ᠨᠢᠭᠡᠨ ᠶᠡᠷᠦ ᠪᠤᠰᠤ ᠵᠢᠨ ᠠᠮᠵᠢᠯᠲᠠ ᠪᠣᠯᠣᠨ᠎ᠠ ᠃
2024 ᠣᠨ᠎ᠤ 1-11 ᠰᠠᠷ᠎ᠠ᠎ᠳᠤ᠂ ᠥᠪᠥᠷ ᠮᠣᠩᠭᠣᠯ᠎ᠤᠨ ᠭᠠᠳᠠᠭ᠋ᠠᠳᠤ ᠠᠷᠠᠯᠵᠢᠶᠠᠨ᠎ᠤ ᠣᠷᠣᠭᠤᠯᠤᠯᠲᠠ ᠭᠠᠷᠭ᠋ᠠᠯᠲᠠ ᠵᠢᠨ ᠶᠡᠷᠦᠩᠬᠡᠢ ᠲᠣᠭ᠎ᠠ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 9.5%᠎ᠪᠠᠷ ᠨᠡᠮᠡᠭᠳᠡᠵᠦ ᠂ ᠨᠡᠮᠡᠭᠳᠡᠯ᠎ᠤᠨ ᠬᠤᠷᠳᠤᠴᠠ᠎ᠨᠢ ᠪᠦᠭᠦ ᠤᠯᠤᠰ᠎ᠤᠨ ᠶᠢᠰᠦᠳᠦᠭᠡᠷ᠎ᠲᠤ ᠣᠷᠣᠵᠤ ᠂ ᠭᠠᠳᠠᠭ᠋ᠠᠳᠤ ᠭᠠᠷᠭ᠋ᠠᠯᠲᠠ ᠵᠢᠨ ᠲᠣᠭ᠎ᠠ ᠵᠢᠨ ᠨᠡᠮᠡᠭᠳᠡᠯ᠎ᠤᠨ ᠬᠤᠷᠳᠤᠴᠠ᠎ᠨᠢ ᠭᠠᠳᠠᠭ᠋ᠠᠳᠤ ᠣᠷᠣᠭᠤᠯᠤᠯᠲᠠ ᠵᠢᠨ ᠲᠣᠭ᠎ᠠ ᠵᠢᠨ ᠨᠡᠮᠡᠭᠳᠡᠯ᠎ᠤᠨ ᠬᠤᠷᠳᠤᠴᠠ᠎ᠠᠴᠠ ᠵᠠᠭᠤᠨ᠎ᠤ ᠬᠠᠷᠢᠴᠠᠯ ᠵᠶ᠋ᠡᠷ 4 ᠬᠤᠪᠢ ᠥᠨᠳᠥᠷ ᠪᠣᠯᠪᠠ ᠁ ᠤᠯᠤᠰ᠎ᠤᠨ ᠳᠣᠲᠣᠭ᠋ᠠᠳᠤ ᠵᠢᠨ ᠶᠡᠬᠡ ᠣᠷᠴᠢᠯ ᠵᠶ᠋ᠠᠷ ᠭᠣᠣᠯ ᠴᠣᠭᠴᠠ ᠪᠤᠯᠭ᠋ᠠᠬᠰᠠᠨ ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠣᠣᠰ ᠣᠷᠴᠢᠯ ᠬᠠᠷᠢᠯᠴᠠᠨ ᠠᠬᠢᠭᠤᠯᠤᠭᠰᠠᠨ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠪᠠᠢ᠌ᠭᠤᠯᠵᠤ ᠂ ᠥᠪᠥᠷ ᠮᠣᠩᠭᠣᠯ ᠴᠣ᠋ ᠰᠢᠨ᠎ᠡ ᠬᠠᠭᠤᠳᠠᠰᠤ ᠵᠢ ᠰᠡᠬᠦᠯ᠎ᠡ ᠃
2024 ᠣᠨ᠎ᠳᠤ ᠂ ᠪᠦᠭᠦ ᠣᠷᠣᠨ᠎ᠤ ᠡᠩ᠎ᠤᠨ ᠣᠯᠠᠨ ᠨᠡᠢ᠌ᠲᠡ ᠵᠢᠨ ᠲᠥᠰᠥᠪ᠎ᠤᠨ ᠣᠷᠣᠯᠭ᠎ᠠ 3150.3 ᠳ᠋ᠦᠩᠰᠢᠭᠤᠷ ᠲᠥᠭᠥᠷᠢᠭ᠎ᠲᠤ ᠬᠦᠷᠴᠦ ᠂ ᠵᠢᠯ᠎ᠤᠨ ᠡᠬᠢᠨ᠎ᠤ ᠲᠥᠰᠥᠪ᠎ᠢ 101.6%᠎ᠪᠠᠷ ᠪᠡᠶᠡᠯᠡᠭᠦᠯᠵᠦ ᠂ ᠣᠷᠣᠯᠭ᠎ᠠ᠎ᠨᠢ ᠲᠤᠰ ᠣᠨ᠎ᠤ ᠰᠢᠨ᠎ᠡ ᠲᠡᠮᠳᠡᠭᠯᠡᠯ᠎ᠢ ᠡᠭᠦᠳᠪᠡ ᠁ ᠠᠵᠤ ᠠᠬᠤᠢ ᠵᠢᠨ ᠬᠥᠭᠵᠢᠯᠲᠡ ᠮᠠᠰᠢ ᠣᠯᠠᠨ ᠬᠦᠴᠢᠷᠳᠡᠯ ᠥᠷᠢᠰᠦᠯᠳᠦᠭᠡᠨ᠎ᠳᠤ ᠲᠤᠯᠭ᠋ᠠᠷᠠᠵᠤ ᠪᠠᠢ᠌ᠭ᠎ᠠ ᠪᠠᠢ᠌ᠳᠠᠯ ᠳᠣᠣᠷ᠎ᠠ ᠂ ᠥᠪᠥᠷ ᠮᠣᠩᠭᠣᠯ ᠡᠳ᠋᠎ᠤᠨ ᠵᠠᠰᠠᠭ᠎ᠤᠨ ᠣᠷᠣᠯᠭ᠎ᠠ᠎ᠪᠠᠷ ᠵᠶ᠋ᠡᠨ ᠢᠲᠡᠭᠡᠯ ᠵᠣᠷᠢᠭ ᠵᠶ᠋ᠠᠨ ᠬᠥᠪᠴᠢᠯᠡᠪᠡ ᠃
2024 ᠣᠨ᠎ᠤ ᠨᠢᠭᠡᠳᠦᠭᠡᠷ ᠤᠯᠠᠷᠢᠯ ᠂ ᠳᠡᠭᠡᠷ᠎ᠡ ᠬᠠᠭ᠋ᠠᠰ ᠵᠢᠯ ᠂ ᠲᠦᠷᠦᠭᠦᠦ ᠭᠤᠷᠪᠠᠨ ᠤᠯᠠᠷᠢᠯ᠎ᠳᠤ ᠂ ᠪᠦᠭᠦ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠥᠷᠲᠡᠭ 5.8 - 6.2%᠎ᠤᠨ ᠨᠡᠮᠡᠭᠳᠡᠯ᠎ᠤᠨ ᠬᠡᠪᠴᠢᠶᠡᠨ᠎ᠳᠤ ᠣᠷᠣᠰᠢᠵᠤ ᠂ ᠠᠵᠤ ᠠᠬᠤᠢ ᠵᠢᠨ ᠨᠡᠮᠡᠭᠳᠡᠯ᠎ᠤᠨ ᠬᠤᠷᠳᠤᠴᠠ ᠢᠮᠠᠭᠲᠠ ᠠᠳᠠᠯᠢ ᠬᠤᠭᠤᠴᠠᠭ᠋ᠠᠨ᠎ᠤ ᠪᠦᠭᠦ ᠤᠯᠤᠰ᠎ᠤᠨ ᠳᠤᠮᠳᠠᠴᠢ ᠲᠦᠪᠰᠢᠨ᠎ᠠᠴᠠ ᠥᠨᠳᠥᠷ ᠪᠠᠢ᠌ᠬᠤ᠎ᠪᠠᠷ ᠪᠠᠷᠠᠬᠤ ᠦᠭᠡᠢ ᠂ ᠪᠦᠭᠦ ᠤᠯᠤᠰ᠎ᠤᠨ ᠡᠮᠦᠨ᠎ᠡ ᠡᠩᠨᠡᠭᠡᠨ᠎ᠳᠤ ᠣᠷᠣᠪᠠ ᠁
ᠬᠥᠮᠥᠰ᠎ᠤᠨ ᠰᠡᠳᠬᠢᠯ᠎ᠢ ᠳᠣᠭᠳᠣᠯᠤᠭᠤᠯᠤᠮ᠎ᠠ ᠬᠥᠭᠵᠢᠯᠲᠡ ᠵᠢᠨ ᠬᠥᠳᠡᠯᠭᠡᠬᠦ ᠡᠨᠧᠷᠭᠢ ᠵᠢᠨ ᠡᠮᠦᠨ᠎ᠡ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠶᠢᠰᠦᠳᠦᠭᠡᠷ ᠪᠦᠭᠦᠳᠡ ᠬᠤᠷᠠᠯ ᠵᠢᠴᠢ ᠪᠦᠭᠦ ᠣᠷᠣᠨ᠎ᠤ ᠠᠵᠤ ᠠᠬᠤᠢ ᠵᠢᠨ ᠠᠵᠢᠯ᠎ᠤᠨ ᠬᠤᠷᠠᠯ᠎ᠠᠴᠠ ᠄ ᠪᠦᠭᠦ ᠣᠷᠣᠨ᠎ᠤ ᠡᠯ᠎ᠡ ᠱᠠᠲᠤᠨ᠎ᠤ ᠬᠠᠮᠲᠤ ᠵᠢᠨ ᠴᠢᠷᠮᠠᠢ᠌ᠯᠭ᠎ᠠ᠎ᠪᠠᠷ ᠂ ᠥᠪᠥᠷ ᠮᠣᠩᠭᠣᠯ᠎ᠤᠨ ᠲᠦᠷᠭᠡᠨ ᠬᠥᠭᠵᠢᠯᠲᠡ ᠵᠢᠨ ᠬᠠᠨᠳᠤᠰᠢ ᠨᠡᠩ ᠡᠷᠴᠢ ᠬᠦᠴᠦᠲᠡᠢ ᠪᠣᠯᠵᠠᠢ ᠭᠡᠵᠦ ᠵᠢᠭ᠋ᠠᠵᠤ ᠭᠠᠷᠭ᠋ᠠᠪᠠ ᠃
ᠡᠷᠡᠮᠡᠬᠡᠢ᠌ᠯᠡᠨ ᠤᠷᠤᠭᠰᠢᠯᠠᠵᠤ ᠰᠢᠨ᠎ᠡ ᠵᠠᠮ ᠨᠡᠭᠡᠭᠡᠨ ᠳᠤᠮᠳᠠᠳᠤ ᠲᠦᠪᠰᠢᠨ᠎ᠳᠤ ᠣᠷᠣᠬᠤ᠎ᠪᠠᠷ ᠴᠢᠷᠮᠠᠢ᠌ᠵᠤ ᠪᠠᠢ᠌ᠭ᠎ᠠ ᠥᠪᠥᠷ ᠮᠣᠩᠭᠣᠯ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ ᠲᠦᠷᠭᠡᠨ᠎ᠤ ᠵᠠᠮ᠎ᠳᠤ ᠭᠠᠪᠰᠢᠭ᠋ᠠᠢ᠌ᠯᠠᠨ ᠣᠷᠣᠪᠠ ᠃
ᠭᠦᠭᠡᠭᠡ ᠡᠪᠦᠯ᠎ᠤᠨ ᠤᠯᠠᠷᠢᠯ᠎ᠳᠤ ᠂ ᠪᠦᠭᠦ ᠪᠥᠮᠪᠥᠷᠴᠡᠭ᠎ᠤᠨ ᠡᠵᠡᠩᠨᠡᠯᠲᠡ ᠵᠢᠨ ᠬᠤᠳᠠᠯᠳᠤᠭ᠋ᠠᠴᠢᠨ᠎ᠤ ᠬᠠᠮᠤᠭ᠎ᠤᠨ ᠲᠣᠮᠣ ᠲᠠᠩ ᠴᠣᠭᠴᠠᠲᠤ ᠣᠶᠤᠨᠴᠢ ᠪᠣᠳᠣᠯᠲᠠ ᠵᠢᠨ ᠲᠥᠪ — ᠳᠤᠮᠳᠠᠳᠤ ᠤᠯᠤᠰ᠎ᠤᠨ ᠰᠢᠯᠵᠢᠮᠡᠯ ᠬᠤᠯᠪᠤᠭ᠎ᠠ ᠵᠢᠨ ᠭᠦᠭᠡᠬᠣᠲᠠ ᠵᠢᠨ ᠳ᠋ᠠᠢ᠌ᠲ᠋ᠠ ᠵᠢᠨ ᠲᠥᠪ᠎ᠤᠨ ᠬᠦᠷᠢᠶᠡᠯᠡᠩ ᠲᠣᠭᠣᠷᠢᠭ᠎ᠲᠤ ᠬᠦᠷᠬᠦ᠎ᠳᠤ᠂ ᠣᠶᠤᠨᠴᠢ ᠪᠣᠳᠣᠯᠲᠠ ᠵᠢᠨ ᠦᠢ᠍ᠯᠡᠴᠢᠯᠡᠭᠦᠷᠢ ᠳᠦᠭᠦᠷᠲᠡᠯ᠎ᠡ ᠠᠴᠢᠶᠠᠯᠠᠭᠰᠠᠨ ᠬᠠᠷ᠎ᠠ ᠥᠩᠭᠡ ᠵᠢᠨ ᠮᠠᠰᠢᠨ᠎ᠤ ᠬᠣᠷᠭᠣ ᠶᠠᠭ ᠪᠦᠭᠦ ᠬᠤᠷᠳᠤᠴᠠ᠎ᠪᠠᠷ ᠵᠶ᠋ᠠᠨ ᠠᠵᠢᠯᠯᠠᠵᠤ ᠪᠠᠢ᠌ᠯ᠎ᠠ ᠃
ᠡᠨᠡ ᠬᠦ᠌ 1400 ᠭᠠᠷᠤᠢ ᠮᠦ᠍ ᠭᠠᠵᠠᠷ ᠡᠵᠡᠯᠡᠵᠦ ᠂ ᠶᠡᠷᠦᠩᠬᠡᠢ ᠪᠡᠯᠡ ᠣᠷᠣᠭᠤᠯᠤᠯᠲᠠ᠎ᠨᠢ ᠪᠠᠷᠤᠭ 235 ᠳ᠋ᠦᠩᠰᠢᠭᠤᠷ ᠲᠥᠭᠥᠷᠢᠭ᠎ᠲᠤ ᠭᠦᠷᠦᠭᠰᠡᠨ ᠬᠦᠷᠢᠶᠡᠯᠡᠩ ᠲᠣᠭᠣᠷᠢᠭ᠎ᠤᠨ ᠣᠶᠤᠨᠲᠤ ᠪᠣᠳᠣᠯᠲᠠ ᠵᠢᠨ ᠬᠦᠴᠦᠨ᠎ᠤ ᠬᠡᠪᠴᠢᠶ᠎ᠡ᠎ᠨᠢ ᠰᠧᠺᠦ᠋ᠨ᠋ᠳ᠋ ᠪᠦᠷᠢ 670 ᠲᠦᠮᠡᠨ ᠮᠸᠭ᠎ᠠ ᠤᠳᠠᠭ᠎ᠠ ᠵᠢᠨ ᠬᠥᠪᠥᠮᠡᠯ ᠴᠡᠭ᠎ᠤᠨ ᠪᠣᠳᠣᠯᠭ᠎ᠠ ᠵᠢᠨ ᠲᠣᠭ᠎ᠠ᠎ᠳᠤ ᠬᠦᠷᠴᠦ ᠂ ᠮᠠᠨ᠎ᠤ ᠤᠯᠤᠰ᠎ᠤᠨ ᠵᠣᠬᠢᠶᠠᠮᠠᠯ ᠣᠶᠤᠨ ᠴᠢᠳᠠᠪᠤᠷᠢ ᠵᠢ ᠵᠠᠮ ᠬᠠᠷᠢᠯᠴᠠᠭ᠎ᠠ ᠂ ᠡᠮ ᠡᠮᠨᠡᠯᠭᠡ ᠵᠡᠷᠭᠡ ᠬᠦᠷᠢᠶᠡᠨ᠎ᠳᠤ ᠥᠷᠭᠡᠨ ᠵᠶ᠋ᠡᠷ ᠬᠡᠷᠡᠭᠯᠡᠬᠦ ᠪᠣᠳᠣᠯᠲᠠ ᠵᠢᠨ ᠬᠦᠴᠦᠨ᠎ᠤ ᠯᠤᠲᠤ ᠶᠡᠬᠡ ᠳᠤᠲᠠᠭᠤᠳᠠᠯ᠎ᠢ ᠨᠥᠬᠥᠪᠦᠷᠢᠯᠡᠭᠰᠡᠨ ᠪᠠᠢ᠌ᠨ᠎ᠠ ᠃
ᠣᠷᠳᠣᠰ ᠬᠣᠲᠠ ᠵᠢᠨ ᠪᠣᠷᠣ ᠲᠡᠭᠡ ᠨᠡᠭᠦᠷᠡᠰᠦᠨ ᠠᠭᠤᠷᠬᠠᠢ᠎ᠳᠤ ᠂ ᠨᠡᠭᠦᠷᠡᠰᠦ ᠮᠠᠯᠲᠠᠬᠤ ᠮᠠᠰᠢᠨ ᠲᠦᠷᠭᠡᠨ ᠬᠤᠷᠳᠤᠴᠠ᠎ᠪᠠᠷ ᠠᠵᠢᠯᠯᠠᠵᠤ ᠂ ᠤᠬᠢᠶᠠᠵᠤ ᠰᠣᠩᠭᠣᠭᠰᠠᠨ ᠨᠡᠭᠦᠷᠡᠰᠦ ᠵᠢ 《ᠭᠤᠷᠪᠠᠨ ᠬᠥᠨᠳᠡᠯᠡᠨ ᠳᠥᠷᠪᠡᠨ ᠭᠤᠯᠳᠤ 》 ᠲᠡᠮᠦᠷ ᠵᠠᠮ᠎ᠤᠨ ᠲᠣᠣᠷ ᠵᠶ᠋ᠠᠷ ᠪᠦᠭᠦ ᠤᠯᠤᠰ᠎ᠲᠤ ᠲᠡᠭᠡᠭᠡᠪᠦᠷᠢᠯᠡᠨ ᠬᠦᠷᠭᠡᠨ᠎ᠡ ᠃
ᠥᠪᠥᠷ ᠮᠣᠩᠭᠣᠯ 《ᠶᠡᠬᠡᠩᠬᠢ ᠬᠠᠭ᠋ᠠᠰ ᠳᠤᠮᠳᠠᠳᠤ ᠤᠯᠤᠰ᠎ᠤᠨ ᠬᠠᠯᠠᠭᠤᠨ ᠳᠤᠯᠠᠭ᠋ᠠᠨ ᠡᠪᠦᠯᠵᠢᠬᠦ ᠵᠢ ᠪᠠᠲᠤᠯᠠᠬᠤ 》 ᠵᠢᠨ ᠲᠥᠯᠥᠭᠡ 《ᠠᠵᠢᠯ 》 ᠵᠶ᠋ᠡᠨ ᠴᠢᠩᠭ᠋ᠠᠳᠬᠠᠵᠤ ᠂ ᠤᠯᠤᠰ᠎ᠤᠨ ᠡᠨᠧᠷᠭᠢ ᠵᠢᠨ ᠠᠮᠤᠷ ᠲᠦᠪᠰᠢᠨ᠎ᠤ ᠲᠥᠯᠥᠭᠡ ᠦᠨᠳᠦᠰᠦᠨ ᠬᠠᠩᠭ᠋ᠠᠯᠭ᠎ᠠ ᠵᠢ ᠪᠠᠲᠤᠯᠠᠬᠤ᠎ᠪᠠᠷ ᠪᠠᠷᠠᠬᠤ ᠦᠭᠡᠢ ᠂ ᠪᠠᠰᠠ ᠢᠷᠡᠭᠡᠳᠦᠢ ᠵᠢᠨ ᠭᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠭᠦᠯᠬᠦ ᠵᠢ ᠪᠣᠳᠣᠯᠬᠢᠯᠠᠬᠤ ᠬᠡᠷᠡᠭᠲᠡᠢ ᠃ ᠨᠡᠭᠦᠷᠡᠰᠦ᠎ᠪᠠᠷ ᠲᠣᠰᠣ ᠦᠢ᠍ᠯᠡᠳᠬᠦ ᠂ ᠨᠡᠭᠦᠷᠡᠰᠦ᠎ᠪᠠᠷ ᠠᠯᠺᠧᠨ ᠦᠢ᠍ᠯᠡᠳᠬᠦ ᠵᠡᠷᠭᠡ ᠶᠡᠷᠦᠩᠬᠡᠢ ᠪᠡᠯᠡ ᠣᠷᠣᠭᠤᠯᠤᠯᠲᠠ᠎ᠨᠢ ᠲᠦᠮᠡᠨ ᠳ᠋ᠦᠩᠰᠢᠭᠤᠷ ᠲᠥᠭᠥᠷᠢᠭ᠎ᠢ ᠳᠠᠪᠠᠭᠰᠠᠨ ᠨᠡᠭᠦᠷᠡᠰᠦ᠎ᠪᠠᠷ ᠰᠠᠭᠤᠷᠢᠯᠠᠭᠰᠠᠨ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠤᠨ ᠬᠡᠯᠬᠢᠶ᠎ᠡ ᠵᠢᠨ ᠲᠥᠷᠥᠯ ᠵᠦᠢ᠍ᠯ ᠵᠢᠴᠢ 《ᠰᠠᠯᠬᠢ ᠭᠡᠷᠡᠯ᠎ᠢ ᠤᠰᠤᠲᠦ᠋ᠷᠦᠭᠴᠢᠭᠤᠯᠤᠨ ᠬᠠᠳᠠᠭ᠋ᠠᠯᠠᠬᠤ ᠲᠡᠷᠭᠡ 》 ᠵᠢᠨ ᠪᠦᠭᠦ ᠠᠵᠤ ᠦᠢ᠍ᠯᠡᠰ᠎ᠤᠨ ᠬᠡᠯᠬᠢᠶ᠎ᠡ ᠵᠢᠨ ᠲᠥᠷᠥᠯ ᠵᠦᠢ᠍ᠯ᠎ᠳᠤ ᠲᠦᠰᠢᠭᠯᠡᠨ ᠂ ᠥᠪᠥᠷ ᠮᠣᠩᠭᠣᠯ᠎ᠨᠢ ᠤᠯᠤᠰ᠎ᠤᠨ ᠳᠣᠲᠣᠭ᠋ᠠᠳᠤ ᠵᠢᠨ ᠲᠥᠷᠥᠯ ᠵᠦᠢ᠍ᠯ ᠵᠢᠡᠷ ᠪᠦᠷᠢᠨ ᠂ ᠬᠡᠪᠴᠢᠶ᠎ᠡ᠎ᠪᠠᠷ ᠯᠤᠲᠤ ᠶᠡᠬᠡ ᠣᠲᠣ ᠦᠶ᠎ᠡ ᠵᠢᠨ ᠡᠨᠧᠷᠭᠢ ᠵᠢᠴᠢ ᠲᠣᠨᠣᠭ ᠲᠥᠬᠦᠭᠡᠷᠦᠮᠵᠢ ᠦᠢ᠍ᠯᠡᠳᠬᠦ ᠰᠠᠭᠤᠷᠢᠨ ᠪᠣᠯᠪᠠ ᠃
ᠲᠦᠩᠯᠢᠶᠣᠣ ᠬᠤᠳᠠ ᠵᠢᠨ ᠺᠠᠢ᠌ᠯᠤ ᠰᠢᠶᠠᠨ᠎ᠤ ᠳ᠋ᠠ ᠢᠦᠢ ᠱᠤ᠌ ᠪᠠᠯᠭ᠋ᠠᠰᠤ ᠵᠢᠨ ᠭᠦ᠋ ᠢᠦᠢ ᠬᠥᠳᠡᠭᠡ ᠠᠵᠤ ᠠᠬᠤᠢ ᠵᠢᠨ ᠠᠮᠢ ᠠᠬᠤᠢ ᠵᠢᠨ ᠬᠦᠷᠢᠶᠡᠯᠡᠩ᠎ᠳᠤ ᠂ ᠣᠳᠣ ᠦᠶ᠎ᠡ ᠵᠢᠨ ᠣᠶᠤᠨᠴᠢᠯᠠᠭᠰᠠᠨ ᠬᠦᠯᠡᠮᠵᠢᠨᠦᠭᠦᠳ ᠵᠠᠯᠭ᠋ᠠᠯᠳᠤᠨ ᠪᠠᠢ᠌ᠷᠢᠰᠢᠯᠠᠨᠠ᠃ ᠠᠮᠢ ᠠᠬᠤᠢ ᠵᠢᠨ ᠬᠦᠷᠢᠶᠡᠯᠡᠩ᠎ᠤᠨ ᠬᠣᠶᠠᠳᠤᠭ᠋ᠠᠷ ᠬᠤᠭᠤᠴᠠᠭ᠋ᠠᠨ᠎ᠤ ᠪᠠᠷᠢᠯᠭ᠎ᠠ ᠵᠢᠨ ᠲᠤᠬᠠᠢ ᠵᠢᠨ ᠲᠠᠯᠠᠪᠠᠶ᠎ᠳᠤ ᠠᠵᠢᠯᠴᠢᠳ ᠤᠳᠠᠯ ᠦᠭᠡᠢ ᠠᠰᠢᠭᠯᠠᠯᠲᠠ᠎ᠳᠤ ᠣᠷᠣᠬᠤ ᠭᠡᠵᠦ ᠪᠠᠢ᠌ᠭ᠎ᠠ ᠬᠣᠶᠠᠳᠤᠭ᠋ᠠᠷ ᠬᠤᠭᠤᠴᠠᠭ᠋ᠠᠨ᠎ᠤ ᠬᠦᠯᠡᠮᠵᠢ ᠵᠢᠨ ᠤᠷᠢᠳᠤᠬᠢ ᠬᠤᠭᠤᠴᠠᠭ᠋ᠠᠨ᠎ᠤ ᠪᠡᠯᠡᠳᠬᠡᠯ ᠬᠢᠵᠦ ᠪᠠᠢ᠌ᠯ᠎ᠠ ᠃
ᠪᠦᠭᠦ ᠣᠷᠣᠨ᠎ᠢ ᠬᠠᠷᠠᠪᠠᠯ ᠂ ᠵᠡᠭᠦᠨ᠎ᠠᠴᠠ ᠪᠠᠷᠠᠭᠤᠨᠰᠢ ᠲᠥᠬᠥᠭᠡᠷᠦᠮᠵᠢᠲᠦ ᠲᠠᠷᠢᠶᠠᠯᠠᠩ᠎ᠢ ᠲᠡᠰ ᠳᠡᠪᠰᠢᠭᠦᠯᠵᠦ ᠂ ᠭᠤᠷᠪᠠ ᠤᠳᠠᠭ᠎ᠠ ᠵᠢᠨ ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ ᠪᠠ ᠲᠠᠷᠢᠶᠠᠯᠠᠩ᠎ᠤᠨ ᠭᠠᠷᠤᠯᠲᠠ ᠵᠢ ᠨᠡᠮᠡᠭᠳᠡᠭᠦᠯᠵᠦ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠬᠦ ᠵᠢ ᠬᠦᠴᠦᠲᠡᠢ ᠳᠠᠢ᠌ᠴᠢᠯᠠᠪᠠ ᠃
ᠥᠪᠥᠷ ᠮᠣᠩᠭᠣᠯ᠎ᠤᠨ ᠠᠵᠤ ᠠᠬᠤᠢ ᠵᠢᠨ ᠪᠦᠲᠦᠭᠡᠨ ᠪᠠᠢ᠌ᠭᠤᠯᠤᠯᠲᠠ ᠵᠢᠨ ᠨᠢᠭᠡᠳᠦᠭᠡᠷ ᠹᠷᠣᠨᠲ᠎ᠲᠤ ᠂ ᠴᠢᠬᠤᠯᠠ ᠶᠡᠬᠡ ᠲᠥᠷᠥᠯ ᠵᠦᠢ᠍ᠯ᠎ᠤᠳ ᠭᠦᠷ ᠬᠥᠭᠵᠢᠶᠡᠨᠲᠡᠢ ᠥᠷᠨᠢᠵᠦ ᠂ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭᠤᠳᠢ ᠰᠦᠨᠳᠡᠷᠯᠡᠨ ᠪᠣᠰᠣᠨ᠎ᠠ ᠁
《ᠳᠡᠯᠡᠬᠡᠢ ᠳᠡᠭᠡᠷ᠎ᠡ ᠵᠦᠭᠡᠷ ᠰᠠᠭᠤᠵᠤ ᠪᠡᠯᠡᠨ᠎ᠢ ᠢᠳᠡᠬᠦ ᠰᠠᠢ᠌ᠨ ᠶᠠᠪᠤᠳᠠᠯ ᠭᠡᠵᠦ ᠪᠠᠢ᠌ᠬᠤ ᠦᠭᠡᠢ ᠂ ᠵᠣᠯ ᠵᠢᠷᠭ᠋ᠠᠯ᠎ᠲᠠᠢ ᠠᠮᠢᠳᠤᠷᠠᠶ᠎ᠠ ᠭᠡᠪᠡᠯ ᠴᠢᠷᠮᠠᠢ᠌ᠨ ᠲᠡᠮᠡᠴᠡᠬᠦ ᠬᠡᠷᠡᠭᠲᠡᠢ 》᠃ 2024 ᠣᠨ᠎ᠠᠴᠠ ᠨᠠᠭ᠋ᠠᠰᠢ ᠂ ᠭᠠᠳᠠᠭ᠋ᠠᠳᠤ ᠣᠷᠴᠢᠨ᠎ᠤ ᠠᠰᠢᠭ ᠦᠭᠡᠢ ᠨᠥᠯᠥᠭᠡ ᠪᠠ ᠳᠣᠲᠣᠭ᠋ᠠᠳᠤ ᠬᠡᠷᠡᠭᠴᠡᠭᠡ ᠬᠦᠷᠦᠯᠴᠡᠬᠦ ᠦᠭᠡᠢ ᠂ ᠬᠡᠰᠡᠭ ᠠᠵᠤ ᠠᠬᠤᠢ᠌ᠯᠠᠯ᠎ᠤᠨ ᠦᠢ᠍ᠯᠡᠳᠪᠦᠷᠢᠯᠡᠯ ᠡᠵᠡᠩᠨᠡᠯᠲᠡ ᠵᠢᠨ ᠬᠦᠴᠢᠷᠳᠡᠯ ᠵᠡᠷᠭᠡ ᠠᠯᠢ ᠣᠯᠠᠨ ᠥᠷᠢᠰᠦᠯᠳᠦᠭᠡᠨ᠎ᠤ ᠡᠮᠦᠨ᠎ᠡ ᠂ ᠥᠪᠥᠷ ᠮᠣᠩᠭᠣᠯ ᠵᠤᠷᠰᠢᠯ᠎ᠠᠴᠠ ᠳᠠᠪᠠᠭᠰᠠᠨ ᠠᠷᠭ᠎ᠠ ᠬᠡᠮᠵᠢᠶ᠎ᠡ᠎ᠪᠠᠷ ᠳᠤᠲᠠᠭᠤᠳᠠᠯ ᠵᠶ᠋ᠠᠨ ᠨᠥᠬᠥᠪᠦᠷᠢᠯᠡᠵᠦ ᠂ ᠳᠠᠪᠠᠭᠤᠯᠢᠭ ᠲᠠᠯ᠎ᠠ᠎ᠪᠠᠨ ᠳᠠᠪᠲᠠᠨ ᠪᠤᠯᠪᠠᠰᠤᠷᠠᠭᠤᠯᠵᠤ ᠂ ᠴᠢᠨᠠᠷ ᠰᠠᠢ᠌ᠲᠠᠢ ᠬᠥᠭᠵᠢᠯᠲᠡ᠎ᠳᠤ ᠵᠠᠮ ᠨᠡᠭᠡᠭᠡᠵᠦ ᠥᠭᠪᠡ ᠃
ᠡᠨᠡ ᠪᠣᠯ ᠰᠠᠯᠬᠢ ᠪᠣᠷᠣᠭ᠋ᠠᠨ᠎ᠠᠴᠠ ᠦᠯᠦ ᠰᠦᠷᠳᠡᠭᠰᠡᠨ ᠬᠥᠭᠵᠢᠯᠲᠡ ᠵᠢᠨ ᠵᠠᠮ ᠮᠥᠨ ᠃ ᠨᠢᠭᠡ ᠵᠢᠯ᠎ᠤᠨ ᠲᠤᠷᠰᠢ ᠂ ᠥᠪᠥᠷ ᠮᠣᠩᠭᠣᠯ ᠵᠠᠰᠠᠭ᠎ᠢ ᠴᠣᠮᠬᠠᠳᠬᠠᠨ ᠡᠷᠬᠡ ᠵᠢ ᠲᠠᠯᠪᠢᠬᠤ ᠵᠢ ᠭᠦᠨᠵᠡᠭᠡᠢ ᠠᠬᠢᠭᠤᠯᠵᠤ ᠂ ᠠᠵᠤ ᠠᠬᠤᠢ᠌ᠯᠠᠯ᠎ᠢ ᠬᠠᠪᠰᠤᠷᠤᠨ ᠬᠦᠴᠢᠷᠳᠡᠯ᠎ᠢ᠎ᠨᠢ ᠰᠢᠢ᠍ᠳᠪᠦᠷᠢᠯᠡᠬᠦ ᠡᠷᠴᠢᠮ ᠵᠶ᠋ᠡᠨ ᠴᠢᠩᠭ᠋ᠠᠷᠠᠭᠤᠯᠤᠨ ᠥᠷᠢᠰᠦᠯᠳᠦᠭᠡᠨ᠎ᠢ ᠠᠷᠭ᠋ᠠᠴᠠᠭ᠋ᠠᠵᠤ ᠂ ᠬᠥᠭᠵᠢᠯᠲᠡ ᠵᠢᠨ ᠬᠥᠳᠡᠯᠭᠡᠭᠴᠢ ᠡᠨᠧᠷᠭᠢ ᠵᠢ ᠬᠤᠪᠢᠷᠠᠭᠤᠯᠬᠤ᠎ᠪᠠᠷ ᠪᠡᠯᠡ ᠣᠷᠣᠭᠤᠯᠤᠯᠲᠠ ᠵᠢᠨ ᠠᠮᠢᠵᠢᠷᠠᠯ᠎ᠤᠨ ᠬᠦᠴᠦᠨ᠎ᠢ ᠬᠥᠭᠵᠢᠭᠡᠵᠦ ᠂ ᠠᠵᠤ ᠠᠬᠤᠢ᠌ᠯᠠᠯ᠎ᠤᠨ ᠰᠢᠨ᠎ᠡ ᠵᠢ ᠡᠭᠦᠳᠬᠦ ᠭᠣᠣᠯ ᠴᠣᠭᠴᠠ ᠵᠢᠨ ᠦᠢ᠍ᠯᠡᠳᠦᠯ᠎ᠢ ᠪᠠᠳᠠᠷᠠᠭᠤᠯᠬᠤ᠎ᠪᠠᠷ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ ᠪᠠ ᠠᠵᠤ ᠦᠢ᠍ᠯᠡᠰ᠎ᠤᠨ ᠬᠥᠭᠵᠢᠯᠲᠡ ᠵᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠤᠷᠤᠯᠳᠤᠭ᠋ᠠᠨ᠎ᠤ ᠵᠠᠮ ᠵᠢᠡᠷ ᠦᠷᠭᠦᠯᠵᠢᠯᠡᠨ ᠤᠷᠤᠭᠰᠢᠯᠠᠭᠰᠠᠨ ᠪᠠᠢ᠌ᠨ᠎ᠠ ᠃
ᠡᠨᠡ ᠪᠣᠯ ᠴᠠᠭ ᠦᠶ᠎ᠡ᠎ᠲᠠᠢ ᠵᠡᠷᠭᠡ᠎ᠪᠡᠷ ᠤᠷᠤᠭᠰᠢᠯᠠᠬᠤ ᠬᠥᠭᠵᠢᠯᠲᠡ ᠵᠢᠨ ᠵᠠᠮ ᠮᠥᠨ ᠃ ᠨᠢᠭᠡ ᠵᠢᠯ᠎ᠤᠨ ᠲᠤᠷᠰᠢ ᠂ ᠥᠪᠥᠷ ᠮᠣᠩᠭᠣᠯ ᠰᠣᠶᠣᠯ ᠵᠢᠭᠤᠯᠴᠢᠯᠠᠯ᠎ᠤᠨ ᠠᠭᠤᠰᠤᠯᠴᠠᠯ ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠵᠡᠷᠭᠡ ᠰᠢᠨ᠎ᠡ᠎ᠪᠠᠷ ᠮᠠᠨᠳᠤᠭᠰᠠᠨ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠪᠣᠯᠣᠨ ᠬᠡᠷᠡᠭᠯᠡᠭᠡᠨ᠎ᠤ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ ᠦᠷᠭᠦᠯᠵᠢᠯᠡᠨ ᠠᠬᠢᠭᠤᠯᠬᠤ᠎ᠪᠠᠷ ᠬᠡᠷᠡᠭᠯᠡᠭᠡᠨ᠎ᠤ ᠳᠠᠯᠳᠠ ᠬᠦᠴᠦᠨ᠎ᠢ ᠠᠭᠤᠳᠠᠯᠵᠤ ᠂ ᠤᠯᠠᠮᠵᠢᠯᠠᠯᠲᠤ ᠠᠵᠤ ᠦᠢ᠍ᠯᠡᠰ᠎ᠤᠨ ᠭᠡᠯᠪᠡᠷᠢ ᠵᠢ ᠬᠤᠪᠢᠷᠠᠭᠤᠯᠬᠤ ᠂ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠢ ᠪᠤᠵᠠᠭ᠋ᠠᠢ᠌ᠷᠠᠭᠤᠯᠬᠤ ᠂ ᠢᠷᠡᠭᠡᠳᠦᠢ ᠵᠢᠨ ᠠᠵᠤ ᠦᠢ᠍ᠯᠡᠰ᠎ᠢ ᠪᠣᠢ᠌ᠵᠢᠭᠤᠯᠬᠤ ᠵᠢ ᠠᠬᠢᠭᠤᠯᠬᠤ᠎ᠪᠠᠷ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠤ ᠬᠥᠭᠵᠢᠯᠲᠡ ᠵᠢᠨ ᠰᠢᠨ᠎ᠡ ᠵᠢᠷᠤᠭ ᠲᠥᠰᠥᠪ᠎ᠢ ᠵᠢᠷᠤᠭᠯᠠᠪᠠ ᠃
ᠡᠨᠡ ᠪᠣᠯ ᠨᠡᠭᠡᠭᠡᠯᠲᠡ ᠬᠢᠵᠦ ᠬᠠᠮᠲᠤᠷᠠᠯᠴᠠᠬᠤ ᠬᠥᠭᠵᠢᠯᠲᠡ ᠵᠢᠨ ᠵᠠᠮ ᠮᠥᠨ ᠃ ᠨᠢᠭᠡ ᠵᠢᠯ᠎ᠤᠨ ᠲᠤᠷᠰᠢ ᠂ ᠥᠪᠥᠷ ᠮᠣᠩᠭᠣᠯ ᠣᠷᠣᠨ᠎ᠤ ᠭᠠᠳᠠᠨᠠᠬᠢ ᠵᠠᠬ᠎ᠠ ᠳᠡᠯᠭᠡᠭᠦᠷ᠎ᠢ ᠣᠨᠢᠯᠠᠨ ᠂ ᠪᠡᠭᠡᠵᠢᠩ ᠲᠢᠶᠠᠨᠵᠢᠨ ᠾᠧᠪᠧᠢ ᠂ ᠬᠥᠬᠡᠮᠥ᠋ᠷᠡᠨ᠎ᠤ ᠭᠤᠷᠪᠠᠯᠵᠢᠨ ᠬᠣᠢ᠌ᠭ ᠂ ᠵᠡᠭᠦᠨ ᠭᠤᠷᠪᠠᠨ ᠮᠤᠵᠢ ᠪᠣᠯᠣᠨ 《ᠨᠢᠭᠡ ᠪᠦᠰᠡ ᠨᠢᠭᠡ ᠵᠠᠮ 》 ᠳᠠᠭ᠋ᠠᠤ ᠵᠢᠨ ᠤᠯᠤᠰ ᠪᠣᠯᠣᠨ ᠭᠠᠵᠠᠷ ᠣᠷᠣᠨ᠎ᠯᠤᠭ᠎ᠠ ᠵᠢᠨ ᠬᠠᠮᠲᠤᠷᠠᠯᠴᠠᠭ᠎ᠠ᠎ᠪᠠᠨ ᠦᠷᠭᠦᠯᠵᠢᠯᠡᠨ ᠴᠢᠩᠭ᠋ᠠᠳᠬᠠᠵᠤ ᠂ ᠤᠮᠠᠷᠠᠰᠢ ᠨᠡᠭᠡᠭᠡᠯᠲᠡ ᠬᠢᠬᠦ 《ᠨᠠᠢ᠌ᠵᠠ ᠵᠢᠨ ᠲᠣᠭᠣᠷᠢᠭ 》᠎ᠢ ᠲᠠᠰᠤᠷᠠᠯᠲᠠ ᠦᠭᠡᠢ ᠥᠷᠭᠡᠳᠬᠡᠪᠡ ᠃
ᠴᠠᠭ ᠮᠥᠴᠡ᠎ᠨᠢ ᠬᠥᠭᠵᠢᠯᠲᠡ ᠵᠢᠨ ᠤᠯᠠ ᠮᠥᠷ᠎ᠢ ᠦᠯᠡᠳᠡᠭᠡᠵᠦ ᠂ ᠦᠯᠡᠮᠵᠢ ᠪᠡᠷᠬᠡ᠎ᠨᠢ ᠦᠢ᠍ᠯᠡ ᠪᠦᠲᠦᠬᠦ᠎ᠳᠤ ᠲᠤᠰᠠ ᠪᠤᠯᠳᠠᠭ ᠃ ᠦᠷᠭᠦᠯᠵᠢᠯᠡᠨ ᠬᠦᠴᠢᠷ ᠠᠰᠠᠭᠤᠳᠠᠯ᠎ᠢ ᠰᠢᠢ᠍ᠳᠪᠦᠷᠢᠯᠡᠬᠦ᠎ᠠᠴᠠ ᠲᠠᠰᠤᠷᠠᠯᠳᠡ ᠦᠭᠡᠢ ᠰᠢᠷᠭ᠋ᠠᠭᠤ ᠠᠵᠢᠯᠯᠠᠵᠤ ᠪᠣᠳᠠᠲᠠᠢ ᠠᠵᠢᠯᠯᠠᠬᠤ ᠭᠦᠷᠲᠡᠯ᠎ᠡ ᠂ ᠵᠠᠩᠭᠢᠯᠠᠭ᠎ᠠ ᠵᠢ ᠠᠳᠬᠤᠵᠤ ᠭᠣᠣᠯᠳᠠᠯᠭ᠎ᠠ᠎ᠲᠠᠢ ᠪᠠᠢ᠌ᠷᠢᠯᠠᠭᠤᠯᠬᠤ᠎ᠠᠴᠠ ᠲᠥᠪᠯᠡᠷᠡᠭᠦᠯᠦᠨ ᠪᠣᠭᠣᠮᠲᠠ ᠰᠢᠪᠲᠤᠯᠵᠤ ᠤᠳᠠᠭ᠋ᠠᠨ ᠬᠤᠷᠠᠮᠳᠤᠭᠤᠯᠤᠨ ᠪᠠᠢ᠌ᠳᠠᠯ᠎ᠢ ᠪᠦᠷᠢᠯᠳᠦᠭᠦᠯᠵᠦ ᠭᠦᠷᠲᠡᠯ᠎ᠡ ᠂ ᠪᠦᠯᠦᠭ ᠪᠦᠯᠦᠭ ᠲᠣᠭ᠎ᠠ ᠪᠠᠷᠢᠮᠲᠠ ᠨᠤᠭᠤᠳ᠎ᠨᠢ ᠥᠪᠥᠷ ᠮᠣᠩᠭᠣᠯ᠎ᠤᠨ ᠰᠢᠨ᠎ᠡ ᠵᠠᠮ ᠨᠡᠭᠡᠭᠡᠵᠦ ᠳᠤᠮᠳᠠ ᠲᠦᠪᠰᠢᠨ᠎ᠳᠤ ᠣᠷᠣᠬᠤ ᠠᠤᠭ᠎ᠠ ᠰᠠᠨᠠᠭ᠎ᠠ ᠡᠷᠡᠯᠬᠡᠭ ᠵᠣᠷᠢᠭ᠎ᠢ ᠲᠠᠢ᠌ᠯᠪᠤᠷᠢᠯᠠᠵᠤ ᠂ ᠪᠦᠭᠦ ᠣᠷᠣᠨ᠎ᠤ ᠠᠵᠤ ᠠᠬᠤᠢ ᠵᠢᠨ ᠲᠣᠭᠲᠠᠭᠤᠨ᠎ᠤ ᠳᠤᠮᠳᠠ ᠰᠠᠢ᠌ᠵᠢᠷᠠᠬᠤ ᠰᠦᠷ ᠳᠠᠯᠠᠢ᠌ᠴᠠᠲᠠᠢ ᠬᠥᠳᠡᠯᠭᠡᠬᠦ ᠡᠨᠧᠷᠭᠢ ᠵᠢ ᠭᠡᠷᠡᠴᠢᠯᠡᠪᠡ ᠃
ᠲᠡᠮᠡᠴᠡᠯ᠎ᠨᠢ ᠥᠪᠥᠷ ᠮᠣᠩᠭᠣᠯ᠎ᠤᠨ ᠬᠥᠭᠵᠢᠯᠲᠡ ᠵᠢ ᠲᠠᠢ᠌ᠯᠪᠤᠷᠢᠯᠠᠬᠤ ᠲᠦᠯᠬᠢᠭᠦᠷ ᠪᠤᠯᠬᠤ᠎ᠪᠠᠷ ᠪᠠᠷᠠᠬᠤ ᠦᠭᠡᠢ ᠂ ᠨᠡᠩ ᠴᠤ᠌ ᠰᠠᠢ᠌ᠨ ᠰᠠᠢ᠌ᠬᠠᠨ ᠢᠷᠡᠭᠡᠳᠦᠢ᠎ᠳᠤ ᠨᠡᠪᠲᠡᠷᠡᠬᠦ ᠱᠠᠲᠤ ᠪᠣᠯᠣᠨ᠎ᠠ ᠃ ᠦᠢ᠍ᠯᠡᠳᠦᠯᠭᠡ ᠡᠭᠦᠷᠢᠳᠡ ᠬᠢᠵᠠᠭ᠋ᠠᠷ ᠦᠭᠡᠢ ᠂ ᠬᠥᠭᠵᠢᠯᠲᠡ ᠡᠭᠦᠷᠢᠳᠡ ᠵᠣᠭᠰᠣᠰᠢ ᠦᠭᠡᠢ ᠶᠤᠮ ᠃ ᠰᠢᠨ᠎ᠡ ᠭᠠᠷᠤᠭ᠎ᠠ ᠳᠡᠭᠡᠷ᠎ᠡ ᠵᠣᠭᠰᠣᠵᠤ ᠂ ᠬᠥᠭᠵᠢᠯᠲᠡ ᠵᠢ ᠲᠦᠷᠭᠡᠳᠬᠡᠬᠦ ᠬᠠᠨᠳᠤᠰᠢ᠎ᠪᠠᠨ ᠬᠡᠷᠬᠢᠨ ᠪᠠᠲᠤᠯᠠᠬᠤ ᠪᠤᠢ ? ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠢᠷᠡᠭᠡᠳᠦᠢ᠎ᠳᠤ ᠴᠢᠭᠯᠡᠭᠦᠯᠦᠨ ᠢᠲᠡᠭᠡᠯ ᠲᠡᠭᠦᠯᠳᠡᠷ ᠪᠠᠢ᠌ᠨᠠᠮ ᠃
— 《ᠲᠠᠪᠤᠨ ᠶᠡᠬᠡ ᠡᠭᠦᠷᠭᠡ 》 ᠪᠣᠯ ᠥᠪᠥᠷ ᠮᠣᠩᠭᠣᠯ᠎ᠤᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ᠎ᠳᠠᠬᠢ ᠴᠢᠬᠤᠯᠠ ᠬᠠᠷᠢᠭᠤᠴᠠᠯᠭ᠎ᠠ ᠪᠠ ᠬᠦᠨᠳᠦ ᠡᠭᠦᠷᠭᠡ ᠪᠣᠯᠬᠣᠷ ᠡᠷᠬᠡᠪᠰᠢ ᠦᠷᠭᠦᠯᠵᠢᠯᠡᠨ ᠭᠦᠨᠵᠡᠭᠡᠢ ᠨᠠᠢ᠌ᠳᠠᠪᠤᠷᠢᠵᠢᠭᠤᠯᠬᠤ ᠬᠡᠷᠡᠭᠲᠡᠢ ᠃
— 《ᠵᠢᠷᠭᠤᠭ᠋ᠠᠨ ᠢᠨᠵᠧᠨᠧᠷᠢᠩ 》᠎ᠨᠢ ᠮᠠᠨ᠎ᠤ ᠣᠷᠣᠨ᠎ᠤ ᠴᠢᠨᠠᠷ ᠰᠠᠢ᠌ᠲᠠᠢ ᠬᠥᠭᠵᠢᠯᠲᠡ ᠪᠠ ᠠᠷᠠᠳ᠎ᠤᠨ ᠠᠮᠢᠳᠤᠷᠠᠯ᠎ᠤᠨ ᠰᠠᠢ᠌ᠵᠢᠷᠠᠯᠲᠠ᠎ᠳᠤ ᠲᠤᠯᠭ᠋ᠠᠭᠤᠷᠢᠯᠠᠬᠤ ᠴᠢᠨᠠᠷᠲᠠᠢ ᠂ ᠬᠥᠲᠥᠯᠥᠨ ᠳᠠᠭ᠋ᠠᠭᠤᠯᠬᠤ ᠴᠢᠨᠠᠷᠲᠠᠢ ᠂ ᠬᠥᠰᠢᠭᠦᠷᠭᠡ ᠵᠢᠨ ᠴᠢᠨᠠᠷᠲᠠᠢ ᠦᠢ᠍ᠯᠡᠳᠦᠯ᠎ᠲᠠᠢ ᠪᠣᠯᠬᠣᠷ ᠡᠷᠬᠡᠪᠰᠢ ᠦᠷᠭᠦᠯᠵᠢᠯᠡᠨ ᠬᠦᠴᠦᠯᠡᠨ ᠠᠳᠬᠤᠬᠤ ᠬᠡᠷᠡᠭᠲᠡᠢ ᠃
— ᠴᠢᠬᠤᠯᠠ ᠶᠡᠬᠡ ᠲᠥᠷᠥᠯ ᠵᠦᠢ᠍ᠯ᠎ᠢ ᠲᠥᠰᠥᠪᠯᠡᠬᠦ ᠠᠵᠢᠯᠯᠠᠭ᠎ᠠ ᠂ ᠠᠵᠤ ᠠᠬᠤᠢ᠌ᠯᠠᠯ᠎ᠢ ᠲᠤᠰᠠᠯᠠᠬᠤ ᠠᠵᠢᠯᠯᠠᠭ᠎ᠠ ᠂ ᠠᠵᠢᠯ ᠣᠯᠭᠣᠯᠲᠠ ᠵᠢ ᠠᠬᠢᠭᠤᠯᠬᠤ ᠠᠵᠢᠯᠯᠠᠭ᠎ᠠ ᠂ ᠤᠰᠤ ᠠᠷᠪᠢᠯᠠᠬᠤ ᠠᠵᠢᠯᠯᠠᠭ᠎ᠠ ᠂ ᠣᠷᠣᠨ ᠪᠦᠰᠡ ᠵᠢᠨ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠬᠦ ᠠᠵᠢᠯᠯᠠᠭ᠎ᠠ ᠂ ᠤᠮᠠᠷᠠᠲᠤ ᠬᠢᠯᠢ ᠵᠢᠨ ᠰᠣᠶᠣᠯ᠎ᠤᠨ ᠪᠠᠢ᠌ᠭᠤᠯᠤᠯᠲᠠ ᠵᠢ ᠳᠡᠭᠡᠭᠰᠢᠯᠡᠭᠦᠯᠭᠦ ᠠᠵᠢᠯᠯᠠᠭ᠎ᠠ ᠵᠡᠷᠭᠡ 《ᠵᠢᠷᠭᠤᠭ᠋ᠠᠨ ᠠᠵᠢᠯᠯᠠᠭ᠎ᠠ 》 ᠵᠢ ᠵᠣᠬᠢᠶᠠᠨ ᠪᠠᠢ᠌ᠭᠤᠯᠤᠨ ᠥᠷᠨᠢᠭᠦᠯᠦᠨ᠎ᠡ ᠃
᠁
ᠲᠡᠦᠬᠡ ᠵᠢᠨ ᠤᠷᠳᠤ ᠤᠷᠤᠰᠬᠠᠯ ᠶᠡᠷᠦ᠎ᠨᠢ ᠮᠤᠷᠤᠢ ᠰᠠᠷᠤᠢ ᠵᠠᠮ ᠵᠶ᠋ᠠᠷ ᠬᠠᠮᠤᠭ᠎ᠤᠨ ᠰᠦᠷ ᠳᠠᠯᠠᠢ᠌ᠴᠠᠲᠠᠢ ᠳᠠᠪᠠᠯᠭ᠋ᠠᠨ᠎ᠢ ᠡᠭᠦᠰᠬᠡᠳᠡᠭ ᠃ ᠥᠩᠭᠡᠷᠡᠭᠰᠡᠨ ᠵᠶ᠋ᠡᠨ ᠡᠷᠭᠢᠴᠡᠭᠦᠯᠬᠦᠶ᠎ᠡ ᠂ ᠬᠥᠭᠵᠢᠯᠲᠡ᠎ᠪᠠᠨ ᠲᠦᠷᠭᠡᠳᠬᠡᠬᠦ ᠵᠠᠮ ᠳᠡᠭᠡᠷ᠎ᠡ ᠪᠢᠳᠡ ᠴᠥᠬᠥᠷᠡᠰᠢ ᠦᠭᠡᠢ ᠤᠷᠤᠭᠰᠢᠯᠠᠵᠤ ᠂ ᠶᠡᠷᠦ᠎ᠠᠴᠠ ᠴᠠᠯᠠᠭ᠋ᠠᠢ᠌ᠷᠠᠵᠤ ᠦᠵᠡᠭᠡ ᠦᠭᠡᠢ ; ᠤᠷᠢᠳᠤᠭᠢ ᠵᠢ ᠵᠠᠯᠭ᠋ᠠᠮᠵᠢᠯᠠᠨ ᠬᠣᠢ᠌ᠰᠢᠬᠢ᠎ᠳᠤ ᠵᠠᠮ ᠨᠡᠭᠡᠭᠡᠬᠦ᠎ᠳᠤ ᠂ ᠰᠢᠭᠤᠷᠬᠠᠢ᠌ᠯᠠᠨ ᠲᠡᠮᠡᠴᠡᠬᠦ ᠪᠣᠯ ᠥᠪᠥᠷ ᠮᠣᠩᠭᠣᠯ᠎ᠤᠨ ᠳᠦᠷᠰᠦ ᠪᠠᠢ᠌ᠳᠠᠯ ᠂ ᠡᠷᠡᠯᠬᠡᠭᠯᠡᠨ ᠤᠷᠤᠭᠰᠢᠯᠠᠬᠤ ᠪᠣᠯ ᠥᠪᠥᠷ ᠮᠣᠩᠭᠣᠯ᠎ᠤᠨ ᠬᠡᠪ ᠪᠠᠢ᠌ᠳᠠᠯ ᠪᠤᠯᠬᠤ ᠶᠤᠮ!