2025 ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ   -   ᠮᠡᠳᠡᠭᠡᠯᠡᠯ
《ᠲᠠᠪᠤᠨ ᠶᠡᠬᠡ ᠡᠭᠦᠷᠭᠡ》᠎ᠪᠠᠷ ᠬᠥᠭᠵᠢᠯᠲᠡ ᠵᠢᠨ ᠰᠢᠨ᠎ᠡ ᠪᠠᠢ᠌ᠷᠢᠰᠢᠯ᠎ᠢ ᠴᠣᠭᠴᠠᠯᠠᠨᠠᠮ
ᠨᠡᠶ᠋ᠢᠲᠡᠯᠡᠭᠰᠡᠨ ᠴᠠᠭ᠄ 2025-01-16

 

       ᠡᠯᠡᠰᠦ ᠵᠢ ᠵᠠᠰᠠᠬᠤ᠂ ᠣᠢ᠌ᠵᠢᠭᠤᠯᠬᠤ᠂ ᠡᠪᠡᠰᠦ ᠳᠠᠷᠢᠬᠤ ᠣᠨ᠎ᠤ ᠬᠠᠷᠠᠯᠲᠠᠲᠤ ᠡᠭᠦᠷᠭᠡ᠎ᠪᠠᠨ ᠲᠤᠰ ᠲᠤᠰ 113%᠂ 220% ᠪᠠ 148%᠎ᠪᠠᠷ ᠪᠡᠶᠡᠯᠡᠭᠦᠯᠵᠦ᠂ ᠠᠮᠢ ᠠᠬᠤᠢ ᠵᠢᠨ ᠠᠮᠤᠷ ᠲᠦᠪᠰᠢᠨ᠎ᠤ 《ᠨᠣᠮᠢᠨ ᠨᠣᠭᠣᠭ᠋ᠠᠨ ᠣᠷᠳᠣ ᠴᠠᠭ᠋ᠠᠨ ᠬᠡᠷᠡᠮ》᠎ᠢ ᠦᠷᠭᠦᠯᠵᠢᠯᠡᠨ ᠪᠡᠬᠢᠵᠢᠭᠦᠯᠪᠡ᠃

       ᠨᠡᠭᠦᠷᠡᠰᠦᠨ᠎ᠤ ᠬᠠᠩᠭ᠋ᠠᠯᠭ᠎ᠠ ᠵᠢ ᠪᠠᠲᠤᠯᠠᠬᠤ ᠡᠭᠦᠷᠭᠡ ᠵᠢ 8.3 ᠳ᠋ᠦᠩᠰᠢᠭᠤᠷ ᠲᠣᠨ ᠪᠡᠶᠡᠯᠡᠭᠦᠯᠵᠦ᠂ ᠪᠦᠭᠦ ᠤᠯᠤᠰ᠎ᠤᠨ 34.5% ᠵᠢ ᠡᠵᠡᠯᠡᠨ᠂ ᠭᠠᠳᠠᠭᠰᠢ ᠬᠦᠷᠭᠡᠭᠰᠡᠨ ᠴᠠᠭᠢᠯᠭ᠋ᠠᠨ᠎ᠤ ᠬᠡᠮᠵᠢᠶ᠎ᠡ 3150 ᠳ᠋ᠦᠩᠰᠢᠭᠤᠷ ᠭ᠋ᠷᠡᠳᠦ᠋ᠰ᠎ᠲᠤ ᠬᠦᠷᠴᠦ᠂ ᠪᠦᠭᠦ ᠤᠯᠤᠰ᠎ᠤᠨ 16% ᠵᠢ ᠡᠵᠡᠯᠡᠨ᠂ ᠴᠥᠮ ᠪᠦᠭᠦ ᠤᠯᠤᠰ᠎ᠤᠨ ᠲᠡᠷᠢᠭᠦᠨ᠎ᠳᠤ ᠣᠷᠣᠵᠤ᠂ ᠡᠨᠧᠷᠭᠢ ᠵᠢᠨ ᠬᠠᠩᠭ᠋ᠠᠯᠭ᠎ᠠ ᠵᠢ ᠪᠠᠲᠤᠯᠠᠬᠤ 《ᠲᠤᠯᠭ᠋ᠠᠭᠤᠷᠢ ᠬᠦᠴᠦᠨ》᠎ᠤ ᠦᠢ᠍ᠯᠡᠳᠦᠯ ᠵᠶ᠋ᠡᠷ ᠨᠡᠩ ᠲᠣᠪᠣᠢ᠌ᠮ᠎ᠠ ᠪᠣᠯᠪᠠ᠃

       ᠠᠮᠤ ᠪᠤᠳᠠᠭ᠋ᠠᠨ᠎ᠤ ᠶᠡᠷᠦᠩᠬᠡᠢ ᠤᠨᠠᠯᠲᠠ 820.1 ᠳ᠋ᠦᠩᠰᠢᠭᠤᠷ ᠵᠢᠩ᠎ᠳᠤ ᠭᠦᠷᠦᠭᠡᠳ ᠬᠣᠷᠢᠨ ᠨᠢᠭᠡᠨ ᠵᠢᠯ ᠳᠠᠷᠠᠭ᠋ᠠᠯᠠᠨ ᠡᠯᠪᠡᠭ ᠬᠤᠷᠢᠶᠠᠯᠲᠠ ᠣᠯᠵᠤ᠂ ᠦᠬᠡᠷ᠎ᠤᠨ ᠮᠢᠬ᠎ᠠ᠂ ᠰᠦ ᠵᠢᠨ ᠭᠠᠷᠤᠯᠲᠠ᠎ᠪᠠᠷ ᠪᠦᠭᠦ ᠤᠯᠤᠰ᠎ᠲᠤ ᠲᠦᠷᠦᠭᠦᠯᠡᠵᠦ᠂ ᠠᠮᠤ ᠪᠤᠳᠠᠭ᠋ᠠᠨ᠎ᠤ ᠠᠮᠤᠷ ᠲᠦᠪᠰᠢᠨ᠎ᠤ 《ᠰᠠᠭᠤᠷᠢ ᠴᠢᠯᠠᠭᠤ》 ᠨᠠᠩ ᠪᠠᠲᠤ ᠪᠡᠬᠢ ᠪᠣᠯᠪᠠ᠃

      ᠁

      2024 ᠣᠨ᠎ᠳᠤ ᠤᠯᠤᠰ᠎ᠤᠨ ᠳᠡᠮᠵᠢᠯᠭᠡ ᠳᠣᠣᠷ᠎ᠠ ᠥᠪᠥᠷ ᠮᠣᠩᠭᠣᠯ 《ᠲᠠᠪᠤᠨ ᠶᠡᠬᠡ ᠡᠭᠦᠷᠭᠡ》 ᠵᠢᠨ 212 ᠵᠦᠢ᠍ᠯ᠎ᠤᠨ ᠣᠨ᠎ᠤ ᠭᠣᠣᠯᠳᠠᠯᠭ᠎ᠠ᠎ᠲᠠᠢ ᠠᠵᠢᠯ᠎ᠢ ᠪᠦᠭᠦᠨ᠎ᠢ ᠪᠡᠶᠡᠯᠡᠭᠦᠯᠵᠦ᠂ ᠢᠯᠡ ᠲᠣᠳᠣ ᠲᠣᠭ᠎ᠠ ᠪᠠᠷᠢᠮᠲᠠ᠎ᠨᠢ ᠰᠢᠨ᠎ᠡ ᠵᠠᠮ ᠨᠡᠭᠡᠭᠡᠵᠦ ᠳᠤᠮᠳᠠ ᠲᠦᠪᠰᠢᠨ᠎ᠳᠤ ᠣᠷᠣᠬᠤ᠎ᠪᠠᠷ ᠪᠣᠳᠠᠲᠠᠢ ᠠᠯᠬᠤᠮ᠎ᠢ ᠠᠯᠬᠤᠭᠰᠠᠨ ᠠᠮᠢᠳᠤᠯᠢᠭ ᠲᠠᠢ᠌ᠯᠪᠤᠷᠢ ᠪᠣᠯᠤᠭᠰᠠᠨ ᠪᠢᠯᠡ᠃

      《ᠲᠠᠪᠤᠨ ᠶᠡᠬᠡ ᠡᠭᠦᠷᠭᠡ》 ᠵᠢ ᠨᠠᠢ᠌ᠳᠠᠪᠤᠷᠢᠵᠢᠭᠤᠯᠬᠤ ᠯᠠᠪᠳᠠᠭᠤᠨ ᠪᠠᠲᠤᠲᠠᠢ ᠠᠵᠢᠯᠯᠠᠭ᠎ᠠ ᠵᠢ ᠴᠢᠨᠠᠷ ᠰᠠᠢ᠌ᠲᠠᠢ ᠬᠥᠭᠵᠢᠯᠲᠡ ᠵᠢᠨ ᠢᠯᠡᠳᠲᠡ ᠦᠷ᠎ᠡ ᠪᠦᠲᠦᠮᠵᠢ ᠪᠣᠯᠭ᠋ᠠᠨ ᠦᠷᠭᠦᠯᠵᠢᠯᠡᠨ ᠬᠤᠪᠢᠷᠠᠭᠤᠯᠬᠤ ᠪᠣᠯ ᠪᠦᠭᠦ ᠣᠷᠣᠨ᠎ᠤ ᠳᠡᠭᠡᠳᠦ ᠳᠣᠣᠷᠠᠳᠤ ᠱᠠᠲᠤᠨ᠎ᠤ ᠬᠠᠮᠲᠤ ᠵᠢᠨ ᠲᠠᠨᠢᠯᠲᠠ ᠮᠥᠨ᠂ ᠪᠠᠰᠠ ᠴᠤ᠌ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠳᠠᠬᠢ ᠲᠥᠯᠥᠭᠡᠯᠡᠭᠴᠢᠳ ᠭᠡᠰᠢᠭᠦᠳ᠎ᠤᠨ ᠬᠠᠯᠠᠭᠤᠨ ᠵᠶ᠋ᠡᠷ ᠶᠠᠷᠢᠯᠴᠠᠵᠤ ᠪᠠᠢ᠌ᠭ᠎ᠠ ᠰᠡᠳᠦᠪ ᠮᠥᠨ᠃

       ᠤᠯᠤᠰ᠎ᠤᠨ ᠲᠥᠯᠥᠭᠡ ᠬᠠᠷᠢᠭᠤᠴᠠᠯᠭ᠎ᠠ ᠡᠭᠦᠷᠭᠡᠯᠡᠵᠦ 《ᠲᠤᠯᠭ᠋ᠠᠭᠤᠷᠢ ᠨᠢᠷᠤᠭᠤ》᠂ 《ᠰᠠᠭᠤᠷᠢ ᠴᠢᠯᠠᠭᠤ》 ᠵᠢ ᠪᠡᠬᠢᠵᠢᠭᠦᠯᠦᠨ᠎ᠡ

      《ᠲᠠᠪᠤᠨ ᠶᠡᠬᠡ ᠡᠭᠦᠷᠭᠡ》᠎ᠨᠢ ᠥᠪᠥᠷ ᠮᠣᠩᠭᠣᠯ᠎ᠤᠨ ᠬᠥᠭᠵᠢᠯᠲᠡ᠎ᠲᠠᠢ ᠬᠣᠯᠪᠣᠭᠳᠠᠬᠤ᠎ᠪᠠᠷ ᠪᠠᠷᠠᠬᠤ ᠦᠭᠡᠢ ᠪᠠᠰᠠ ᠤᠯᠤᠰ᠎ᠤᠨ ᠲᠠᠪᠤᠨ ᠠᠮᠤᠷ ᠲᠦᠪᠰᠢᠨ᠎ᠲᠠᠢ ᠬᠣᠯᠪᠣᠭᠳᠠᠬᠤ ᠶᠤᠮ᠃

       ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠳᠡᠳ᠋ ᠳᠠᠷᠤᠭ᠎ᠠ ᠵᠠᠩ ᠬᠤᠸᠠ ᠵᠧᠨ᠂ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ᠎ᠤ ᠪᠦᠲᠦᠭᠡᠨ ᠪᠠᠢ᠌ᠭᠤᠯᠤᠯᠲᠠ ᠵᠢ ᠭᠣᠣᠯ ᠨᠠᠢ᠌ᠳᠠᠪᠤᠷᠢᠵᠢᠭᠤᠯᠬᠤ ᠰᠠᠯᠠᠭ᠎ᠠ ᠮᠥᠴᠢᠷ ᠪᠣᠯᠤᠭᠰᠠᠨ᠎ᠤ ᠬᠤᠪᠢ᠎ᠳᠤ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ ᠰᠢᠰᠲ᠋ᠧᠮᠵᠢᠭᠰᠡᠨ᠂ ᠠᠵᠤ ᠦᠢ᠍ᠯᠡᠳᠪᠦᠷᠢᠵᠢᠭᠰᠡᠨ᠂ ᠵᠠᠬ᠎ᠠ ᠳᠡᠯᠭᠡᠭᠦᠷᠴᠢᠯᠡᠭᠰᠡᠨ ᠭᠤᠷᠪᠠᠨ ᠶᠡᠬᠡ ᠰᠡᠳᠬᠢᠬᠦᠢ ᠵᠢ ᠪᠠᠲᠤ ᠪᠤᠶ ᠪᠣᠯᠭ᠋ᠠᠨ 《ᠭᠠᠵᠠᠷ ᠤᠰᠤ ᠡᠭᠦᠯᠳᠡᠷ ᠮᠡᠷᠭᠡᠵᠢᠯ᠂ ᠠᠮᠤ ᠪᠤᠳᠠᠭ᠎ᠠ ᠮᠢᠬ᠎ᠠ ᠰᠦ ᠡᠪᠡᠰᠦ᠂ ᠬᠡᠯᠬᠢᠶ᠎ᠡ ᠦᠢ᠍ᠯᠡᠴᠢᠯᠡᠭᠡ ᠠᠭᠤᠰᠤᠯᠴᠠᠯ ᠥᠭᠡᠷᠡᠴᠢᠯᠡᠯᠲᠡ》 ᠵᠢᠨ 12 ᠭᠣᠣᠯᠳᠠᠯᠭ᠎ᠠ ᠵᠢ ᠴᠢᠩᠭ᠎ᠠ ᠡᠵᠡᠮᠳᠡᠵᠦ᠂ ᠭᠣᠣᠯ ᠵᠥᠷᠢᠴᠡᠯ᠎ᠢ ᠠᠳᠬᠤᠬᠤ᠂ ᠪᠣᠭᠣᠮᠢ ᠬᠢᠵᠠᠭ᠋ᠠᠷᠯᠠᠯ᠎ᠢ ᠡᠪᠳᠡᠬᠦ᠂ ᠪᠠᠷᠠᠯᠡᠯᠳᠤ ᠵᠢᠨ ᠴᠢᠨᠠᠷᠲᠠᠢ ᠪᠠᠢ᠌ᠷᠢᠰᠢᠭᠤᠯᠤᠯᠲᠠ ᠵᠢ ᠴᠢᠬᠤᠯᠠᠴᠢᠯᠠᠬᠤ ᠲᠠᠯ᠎ᠠ᠎ᠪᠠᠷ ᠬᠦᠴᠦ ᠣᠷᠣᠭᠤᠯᠤᠨ ᠠᠵᠢᠯ᠎ᠤᠨ ᠨᠠᠢ᠌ᠳᠠᠪᠤᠷᠢᠵᠢᠭᠤᠯᠤᠯᠲᠠ ᠵᠢ ᠠᠬᠢᠭᠤᠯᠤᠨ᠎ᠠ ᠭᠡᠵᠦ ᠲᠠᠨᠢᠯᠴᠠᠭᠤᠯᠪᠠ᠃

       ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ᠂ ᠭᠦᠭᠡᠬᠣᠲᠠ ᠵᠢᠨ ᠪᠣᠭᠣᠮᠲᠠ ᠵᠢᠨ ᠳᠠᠷᠤᠭ᠎ᠠ᠂ ᠨᠠᠮ᠎ᠤᠨ ᠬᠣᠷᠢᠶ᠎ᠠ ᠵᠢᠨ ᠱᠦᠵᠢ ᠵᠠᠩ ᠶᠠᠨ᠂ ᠣᠢ᠌ᠷ᠎ᠠ ᠵᠢᠨ ᠵᠢᠯ᠎ᠳᠤ ᠭᠦᠭᠡᠬᠣᠲᠠ ᠥᠨᠳᠥᠷ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ ᠵᠢ ᠦᠷᠭᠦᠯᠵᠢᠯᠡᠨ ᠥᠷᠭᠡᠳᠬᠡᠵᠦ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ ᠵᠢ ᠴᠣᠭᠴᠠᠯᠠᠬᠤ ᠲᠠᠯ᠎ᠠ᠎ᠪᠠᠷ ᠣᠷᠣᠨ᠎ᠤ ᠲᠥᠪ᠎ᠤᠨ ᠰᠢᠨ᠎ᠡ ᠵᠢᠳᠬᠦᠯ ᠴᠢᠷᠮᠠᠢ᠌ᠯᠭ᠎ᠠ ᠵᠢ ᠲᠠᠰᠤᠷᠠᠯᠳᠠ ᠦᠭᠡᠢ ᠢᠯᠡᠷᠡᠭᠦᠯᠪᠡ᠃ ᠲᠠᠷᠠᠭ᠋ᠠᠴᠢ᠎ᠪᠠᠷ ᠪᠢᠳᠡ ᠭᠦᠭᠡᠬᠣᠲᠠ᠂ ᠤᠯᠠᠭ᠋ᠠᠨᠴᠠᠪ᠎ᠤᠨ ᠳᠤᠮᠳᠠᠳᠤ ᠡᠸᠦ᠋ᠷᠦᠫᠡ ᠵᠢᠨ ᠵᠢᠰᠢᠶᠠᠨ᠎ᠤ ᠭᠠᠯᠲᠤ ᠲᠡᠷᠭᠡ ᠵᠢᠨ ᠲᠥᠪᠯᠡᠷᠡᠭᠦᠯᠦᠨ ᠲᠠᠷᠬᠠᠭ᠋ᠠᠬᠤ ᠲᠥᠪ᠎ᠢ ᠲᠦᠷᠭᠡᠳᠬᠡᠨ ᠪᠠᠢ᠌ᠭᠤᠯᠬᠤ ᠵᠢ ᠪᠦᠭᠦ ᠬᠦᠴᠦᠨ ᠵᠶ᠋ᠡᠷ ᠵᠶ᠋ᠠᠨ ᠳᠡᠮᠵᠢᠵᠦ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠳᠤᠮᠳᠠᠳᠤ ᠡᠸᠦ᠋ᠷᠦᠫᠡ ᠵᠢᠨ ᠵᠢᠰᠢᠶᠠᠨ᠎ᠤ ᠭᠠᠯᠲᠤ ᠲᠡᠷᠭᠡ ᠵᠢᠨ 《ᠭᠠᠷ ᠳᠠᠮᠵᠢᠪᠠᠴᠤ ᠠᠰᠢᠭ ᠭᠦᠷᠲᠡᠭᠦ ᠦᠭᠡᠢ》 ᠠᠰᠠᠭᠤᠳᠠᠯ᠎ᠢ ᠢᠳᠡᠪᠬᠢᠲᠡᠢ ᠰᠤᠳᠤᠯᠤᠨ ᠰᠢᠢ᠍ᠳᠪᠦᠷᠢᠯᠡᠵᠦ᠂ 《ᠳᠤᠮᠳᠠ ᠵᠠᠮ》᠎ᠤᠨ ᠳᠤᠮᠳᠠᠳᠤ ᠡᠸᠦ᠋ᠷᠦᠫᠡ ᠵᠢᠨ ᠵᠢᠰᠢᠶᠠᠨ᠎ᠤ ᠭᠠᠯᠲᠤ ᠲᠡᠷᠭᠡ ᠵᠢᠨ ᠪᠠᠭᠲᠠᠭ᠋ᠠᠮᠵᠢ ᠵᠢ ᠥᠷᠭᠡᠳᠬᠡᠨ ᠴᠢᠨᠠᠷ᠎ᠢ ᠳᠡᠭᠡᠭᠰᠢᠯᠡᠭᠦᠯᠭᠦ᠎ᠳᠤ ᠦᠢ᠍ᠯᠡᠴᠢᠯᠡᠨ᠎ᠡ ᠭᠡᠵᠦ ᠢᠯᠡᠷᠬᠡᠢ᠌ᠯᠡᠵᠦ ᠪᠠᠢ᠌ᠯ᠎ᠠ᠃

      《ᠪᠡᠯᠴᠢᠭᠡᠷ᠎ᠤᠨ ᠳᠠᠭ᠋ᠠᠭ᠋ᠠᠴᠠ᠎ᠠᠴᠠ ᠬᠡᠲᠦᠷᠡᠲᠡᠯ᠎ᠡ ᠪᠡᠯᠴᠢᠭᠡᠷᠯᠡᠭᠦᠯᠬᠦ ᠠᠰᠠᠭᠤᠳᠠᠯ᠎ᠢ ᠪᠦᠭᠦ ᠲᠠᠯ᠎ᠠ᠎ᠪᠠᠷ ᠰᠢᠢ᠍ᠳᠪᠦᠷᠢᠯᠡᠨ᠎ᠡ》᠂ 《ᠡᠬᠢ ᠪᠠᠶᠠᠯᠢᠭ᠎ᠢ ᠨᠡᠭᠡᠭᠡᠨ ᠬᠥᠭᠵᠢᠭᠦᠯᠵᠦ ᠣᠨᠳᠣᠣᠰᠢᠭᠤᠯᠤᠨ ᠠᠰᠢᠭᠯᠠᠬᠤ ᠳᠠᠯᠳᠠ ᠴᠢᠳᠠᠪᠤᠷᠢ ᠵᠢ ᠭᠦᠨᠵᠡᠭᠡᠢ ᠠᠭᠤᠳᠠᠯᠤᠨ᠎ᠠ》᠂ 《ᠠᠮᠢ ᠠᠬᠤᠢ ᠣᠷᠴᠢᠨ ᠲᠣᠭᠣᠷᠢᠨ᠎ᠤ ᠲᠣᠪᠣᠢ᠌ᠮ᠎ᠠ ᠠᠰᠠᠭᠤᠳᠠᠯ᠎ᠢ ᠰᠢᠢ᠍ᠳᠪᠦᠷᠢᠯᠡᠨ᠎ᠡ》᠂ 《〈ᠲᠠᠪᠤᠨ ᠶᠡᠬᠡ ᠡᠭᠦᠷᠭᠡ〉 ᠵᠢ ᠰᠢᠰᠲ᠋ᠧᠮ᠎ᠲᠠᠢ ᠠᠬᠢᠭᠤᠯᠵᠤ᠂ 〈ᠵᠢᠷᠭᠤᠭ᠋ᠠᠨ ᠢᠨᠵᠧᠨᠧᠷᠢᠩ〉᠎ᠢ ᠦᠷᠭᠦᠯᠵᠢᠯᠡᠨ ᠬᠡᠷᠡᠭᠵᠢᠭᠦᠯᠵᠦ᠂ 〈ᠵᠢᠷᠭᠤᠭ᠋ᠠᠨ ᠠᠵᠢᠯᠯᠠᠭ᠎ᠠ〉 ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠡᠬᠡ ᠤᠯᠤᠰ᠎ᠤᠨ ᠤᠮᠠᠷᠠᠲᠤ ᠵᠢᠨ ᠡᠨᠡ ᠬᠦ᠌ ᠦᠵᠡᠮᠵᠢ ᠵᠢᠨ ᠣᠷᠣᠨ᠎ᠢ ᠨᠠᠩ ᠦᠵᠡᠰᠬᠦᠯᠡᠩᠲᠦ ᠰᠠᠢ᠌ᠬᠠᠨ ᠪᠣᠯᠭ᠋ᠠᠨ ᠪᠦᠲᠦᠭᠡᠨ ᠪᠠᠢ᠌ᠭᠤᠯᠤᠨ᠎ᠠ》 ᠁ ᠲᠥᠯᠥᠭᠡᠯᠡᠭᠴᠢᠳ ᠭᠡᠰᠢᠭᠦᠳ ᠰᠠᠨᠠᠯ ᠰᠠᠨᠠᠭᠤᠯᠭ᠎ᠠ ᠳᠤᠷᠠᠳᠴᠤ᠂ ᠢᠳᠡᠪᠬᠢᠲᠡᠢ᠎ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭ᠋ᠠᠨ ᠳᠡᠪᠰᠢᠭᠦᠯᠦᠨ᠎ᠡ᠃

       ᠥᠪᠡᠷᠲᠡᠭᠡᠨ ᠵᠠᠰᠠᠬᠤ ᠣᠷᠣᠨ᠎ᠤ ᠲᠥᠯᠥᠭᠡ ᠠᠷᠭ᠎ᠠ ᠰᠦᠪᠡᠭᠴᠢᠯᠡᠵᠦ ᠣᠷᠣᠨ ᠨᠤᠲᠤᠭᠵᠢᠭᠰᠠᠨ ᠬᠥᠭᠵᠢᠯᠲᠡ ᠵᠢᠨ ᠵᠠᠮ᠎ᠢ ᠬᠠᠢ᠌ᠨ᠎ᠠ

      《ᠲᠠᠪᠤᠨ ᠶᠡᠬᠡ ᠡᠭᠦᠷᠭᠡ》 ᠪᠣᠯ ᠬᠦᠨᠳᠦ ᠡᠭᠦᠷᠭᠡ ᠮᠥᠨ᠂ ᠮᠥᠨ ᠴᠤ᠌ ᠠᠵᠠ ᠲᠣᠭᠢᠶᠠᠯ ᠶᠤᠮ᠃

       ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠴᠢᠬᠤᠯᠠ ᠡᠨᠧᠷᠭᠢ ᠪᠠ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ᠎ᠢ ᠪᠦᠲᠦᠭᠡᠨ ᠪᠠᠢ᠌ᠭᠤᠯᠬᠤ᠎ᠳᠤ ᠠᠩᠬᠠᠷᠤᠯ ᠵᠶ᠋ᠡᠨ ᠲᠥᠪᠯᠡᠷᠡᠭᠦᠯᠵᠦ᠂ ᠤᠯᠠᠭ᠋ᠠᠨᠬᠠᠳᠠ ᠬᠣᠲᠠ ᠵᠢᠨ ᠶᠤᠸᠠᠨ ᠪᠦᠦ ᠱᠠᠨ ᠲᠣᠭᠣᠷᠢᠭ ᠬᠦᠴᠦ᠎ᠪᠠᠨ ᠲᠥᠪᠯᠡᠷᠡᠭᠦᠯᠦᠨ ᠠᠵᠤ ᠦᠢ᠍ᠯᠡᠳᠪᠦᠷᠢ ᠵᠢᠨ ᠠᠵᠤ ᠠᠬᠤᠢ ᠵᠢᠨ ᠶᠡᠷᠦᠩᠬᠡᠢ ᠬᠡᠮᠵᠢᠶ᠎ᠡ ᠵᠢ ᠪᠤᠵᠠᠭ᠋ᠠᠢ᠌ᠷᠠᠭᠤᠯᠵᠤ᠂ ᠠᠵᠤ ᠦᠢ᠍ᠯᠡᠳᠪᠦᠷᠢ ᠵᠢᠨ ᠳᠠᠭᠢᠨ ᠵᠶ᠋ᠡᠷ ᠨᠡᠮᠡᠭᠳᠡᠬᠦ ᠵᠢ ᠲᠦᠷᠭᠡᠳᠬᠡᠨ ᠪᠡᠶᠡᠯᠡᠭᠦᠯᠵᠦ᠂ ᠤᠯᠠᠮᠵᠢᠯᠠᠯᠲᠤ ᠡᠨᠧᠷᠭᠢ ᠵᠢᠨ ᠭᠡᠯᠪᠡᠷᠢ ᠵᠢ ᠬᠤᠪᠢᠷᠠᠭᠤᠯᠤᠨ ᠲᠠᠰ ᠳᠡᠪᠰᠢᠭᠦᠯᠬᠦ ᠵᠢ ᠠᠬᠢᠭᠤᠯᠤᠨ᠂ ᠲᠠᠪᠤᠨ ᠶᠡᠬᠡ ᠳᠠᠪᠠᠭᠤᠯᠢᠭ ᠣᠨᠴᠠᠯᠢᠭᠲᠤ ᠠᠵᠤ ᠦᠢ᠍ᠯᠡᠰ᠎ᠤᠨ ᠪᠦᠯᠦᠭᠵᠢᠯ᠎ᠢ ᠪᠤᠶ ᠪᠣᠯᠭ᠋ᠠᠪᠠ᠃

      《ᠲᠠᠷᠠᠭ᠋ᠠᠴᠢ᠎ᠪᠠᠷ ᠪᠢᠳᠡ ᠣᠲᠣ ᠦᠶ᠎ᠡ ᠵᠢᠨ ᠡᠨᠧᠷᠭᠢ ᠵᠢᠨ ᠠᠵᠤ ᠠᠬᠤᠢ ᠵᠢᠨ ᠠᠵᠢᠯ᠎ᠢ ᠪᠦᠭᠦ ᠬᠦᠴᠦᠨ ᠵᠶ᠋ᠡᠷ ᠵᠶ᠋ᠡᠨ ᠰᠠᠢ᠌ᠲᠤᠷ ᠬᠢᠨ᠎ᠡ᠃ ᠤᠯᠠᠮᠵᠢᠯᠠᠯᠲᠤ ᠡᠨᠧᠷᠭᠢ ᠵᠢᠨ ᠠᠵᠤ ᠦᠢ᠍ᠯᠡᠰ᠎ᠤᠨ ᠲᠠᠯ᠎ᠠ᠎ᠪᠠᠷ᠂ ᠳᠡᠭᠡᠳᠦ ᠳᠡᠰᠵᠢᠭᠦᠯᠭᠦ᠂ ᠣᠶᠤᠨᠴᠢᠯᠠᠬᠤ᠂ ᠪᠣᠬᠢᠷᠳᠤᠯ ᠦᠭᠡᠢ ᠪᠤᠯᠭ᠋ᠠᠬᠤ ᠲᠣᠭᠣᠷᠢᠨ᠎ᠳᠤ ᠡᠬᠢ ᠪᠠᠶᠠᠯᠢᠭ᠎ᠢ ᠠᠰᠢᠭᠯᠠᠬᠤ ᠨᠣᠷᠮ᠎ᠠ ᠪᠠ ᠥᠨᠳᠥᠷ ᠥᠷᠲᠡᠭᠵᠢᠭᠦᠯᠦᠨ ᠠᠰᠢᠭᠯᠠᠬᠤ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠲᠠᠯ᠎ᠠ᠎ᠪᠠᠷ᠂ ᠪᠣᠬᠢᠷᠳᠤᠯ ᠦᠭᠡᠢ ᠤᠰᠤᠲᠥ᠋ᠷᠥᠭᠴᠢᠲᠤ ᠰᠢᠪᠲᠦᠷ ᠵᠶ᠋ᠡᠷ ᠭᠣᠣᠯ ᠪᠤᠯᠭ᠋ᠠᠬᠰᠠᠨ 《ᠰᠢᠨ᠎ᠡ ᠴᠢᠯᠠᠭᠤᠨ ᠲᠣᠰᠣ》 ᠵᠢᠨ ᠲᠥᠪ᠎ᠢ ᠪᠦᠲᠦᠭᠡᠨ ᠪᠠᠢ᠌ᠭᠤᠯᠤᠨ᠎ᠠ᠃ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠠᠵᠤ ᠦᠢ᠍ᠯᠡᠰ᠎ᠤᠨ ᠲᠠᠯ᠎ᠠ᠎ᠪᠠᠷ᠂ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠤ 7 ᠲᠥᠷᠥᠯ ᠵᠦᠢ᠍ᠯ᠎ᠢ ᠭᠣᠣᠯᠳᠠᠯᠭ᠎ᠠ᠎ᠲᠠᠢ ᠬᠡᠷᠡᠭᠵᠢᠭᠦᠯᠵᠦ᠂ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠢ ᠴᠢᠨᠠᠷ ᠰᠠᠢ᠌ᠲᠠᠢ ᠨᠡᠭᠡᠭᠡᠨ ᠬᠥᠭᠵᠢᠭᠦᠯᠵᠦ ᠠᠰᠢᠭᠯᠠᠬᠤ ᠵᠢ ᠠᠬᠢᠭᠤᠯᠤᠨ᠎ᠠ》 ᠭᠡᠵᠦ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ᠂ ᠤᠯᠠᠭ᠋ᠠᠨᠬᠠᠳᠠ ᠬᠣᠲᠠ ᠵᠢᠨ ᠶᠤᠸᠠᠨ ᠪᠦᠦ ᠱᠠᠨ ᠲᠣᠭᠣᠷᠢᠭ᠎ᠤᠨ ᠳᠠᠷᠤᠭ᠎ᠠ ᠵᠠᠩ ᡁᠢ ᠸᠧᠢ ᠬᠡᠯᠡᠨ᠎ᠡ᠃

       ᠪᠠᠶᠠᠨᠨᠠᠭᠤᠷ ᠬᠤᠲᠠ ᠬᠠᠲᠤᠨ ᠭᠣᠣᠯ᠎ᠤᠨ 《ᠶᠡᠬᠡ ᠲᠣᠬᠣᠢ》 ᠵᠢᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠤ ᠢᠯᠠᠯᠲᠠ ᠵᠢ ᠣᠯᠬᠤ ᠭᠣᠣᠯ ᠬᠦᠴᠦᠨ ᠴᠡᠷᠢᠭ ᠪᠣᠯᠤᠭᠰᠠᠨ᠎ᠤ ᠬᠤᠪᠢ᠎ᠳᠤ᠂ ᠨᠢᠭᠡᠨᠲᠡ ᠠᠮᠢ ᠠᠬᠤᠢ ᠵᠢ ᠠᠵᠤ ᠦᠢ᠍ᠯᠡᠰᠵᠢᠭᠦᠯᠬᠦ᠂ ᠠᠵᠤ ᠦᠢ᠍ᠯᠡᠰ᠎ᠢ ᠠᠮᠢ ᠠᠬᠤᠢ᠌ᠵᠢᠭᠤᠯᠬᠤ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠵᠠᠮ᠎ᠢ ᠨᠡᠭᠡᠭᠡᠪᠡ᠃

      《ᠲᠠᠷᠠᠭ᠋ᠠᠴᠢ᠎ᠪᠠᠷ ᠪᠢᠳᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠠᠮᠢ ᠠᠬᠤᠢ ᠵᠢᠨ ᠪᠦᠲᠦᠭᠡᠨ ᠪᠠᠢ᠌ᠭᠤᠯᠤᠯᠲᠠ ᠵᠢᠴᠢ ᠠᠮᠢ ᠠᠬᠤᠢ ᠵᠢᠨ ᠠᠵᠤ ᠦᠢ᠍ᠯᠡᠰ᠎ᠤᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠭᠣᠣᠯᠳᠠᠭᠤ ᠤᠰᠤ ᠠᠷᠪᠢᠯᠠᠵᠤ ᠭᠠᠩ ᠬᠠᠭᠰᠠᠷᠠᠭ᠋ᠠᠨ᠎ᠲᠠᠢ ᠲᠡᠮᠡᠴᠡᠵᠦ ᠣᠢ᠌ᠵᠢᠭᠤᠯᠬᠤ᠂ ᠠᠵᠤ ᠠᠬᠤᠢ ᠵᠢᠨ ᠲᠠᠷᠢᠮᠠᠯ ᠣᠶ ᠵᠢ ᠳᠠᠷᠢᠵᠤ ᠪᠣᠢ᠌ᠵᠢᠭᠤᠯᠬᠤ ᠮᠡᠷᠭᠡᠵᠢᠯ ᠵᠡᠷᠭᠡ ᠲᠠᠯ᠎ᠠ᠎ᠪᠠᠷ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠣᠭᠣᠮᠲᠠ ᠰᠢᠪᠲᠤᠯᠤᠯᠲᠠ ᠬᠢᠵᠦ᠂ ᠨᠠᠩ ᠣᠯᠠᠨ ᠪᠣᠯᠪᠠᠰᠤᠷᠠᠩᠭᠤᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ 〈ᠤᠮᠠᠷᠠᠲᠤ ᠵᠢᠨ ᠭᠤᠷᠪᠠᠨ ᠣᠷᠣᠨ〉᠎ᠤ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠨ᠎ᠡ》 ᠭᠡᠵᠦ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ᠂ ᠪᠠᠶᠠᠨᠨᠠᠭᠤᠷ ᠬᠣᠲᠠ ᠵᠢᠨ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠢ᠌ᠭᠡᠮᠯᠢᠭ᠎ᠤᠨ ᠲᠡᠷᠢᠭᠦᠯᠡᠭᠴᠢ ᠭᠡᠷᠡᠯ ᠬᠡᠯᠡᠨ᠎ᠡ᠃

       ᠠᠷᠠᠳ ᠲᠦᠮᠡᠨ᠎ᠳᠤ ᠠᠰᠢᠭ ᠲᠤᠰᠠ ᠬᠦᠷᠲᠡᠭᠡᠵᠦ ᠠᠮᠤᠷ ᠲᠦᠪᠰᠢᠨ᠎ᠤ ᠲᠥᠷᠥᠭᠳᠡᠯ ᠵᠢᠷᠭ᠋ᠠᠯᠲᠤ ᠲᠥᠷᠥᠭᠳᠡᠯ᠎ᠢ ᠨᠡᠮᠡᠭᠳᠡᠭᠦᠯᠦᠨ᠎ᠡ

      《ᠲᠠᠪᠤᠨ ᠶᠡᠬᠡ ᠡᠭᠦᠷᠭᠡ》 ᠪᠣᠯ ᠮᠠᠨ᠎ᠤ ᠣᠷᠣᠨ᠎ᠤ ᠬᠥᠲᠥᠯᠥᠨ ᠳᠠᠭ᠋ᠠᠭᠤᠯᠬᠤ ᠴᠢᠨᠠᠷᠲᠠᠢ᠂ ᠰᠠᠭᠤᠷᠢᠯᠠᠬᠤ ᠴᠢᠨᠠᠷᠲᠠᠢ᠂ ᠵᠠᠩᠭᠢᠯᠠᠭ᠎ᠠ ᠵᠢᠨ ᠴᠢᠨᠠᠷᠲᠠᠢ ᠠᠵᠢᠯ᠎ᠤᠨ ᠲᠥᠪᠯᠡᠷᠡᠩᠭᠦᠢ ᠪᠣᠭᠣᠮᠲᠠ ᠰᠢᠪᠲᠤᠯᠤᠯᠲᠠ ᠮᠥᠨ᠃ ᠲᠡᠭᠦᠨ᠎ᠤ ᠠᠰᠢᠭ ᠭᠦᠷᠳᠡᠭᠴᠢ ᠪᠣᠯ ᠥᠷᠭᠡᠨ ᠣᠯᠠᠨ ᠠᠷᠠᠳ ᠲᠦᠮᠡᠨ ᠶᠤᠮ᠃

      《ᠨᠠᠳᠠ᠎ᠳᠤ ᠥᠭᠭᠦᠭᠰᠡᠨ ᠬᠠᠮᠤᠭ᠎ᠤᠨ ᠰᠢᠭᠤᠳ ᠲᠥᠷᠥᠭᠳᠡᠯ ᠪᠣᠯ ᠲᠡᠭᠷᠢ ᠨᠠᠩ ᠴᠡᠯᠮᠡᠭ᠂ ᠤᠰᠤ ᠨᠠᠩ ᠲᠤᠩᠭ᠋ᠠᠯᠠᠭ᠂ ᠠᠭ᠋ᠠᠷ ᠨᠠᠩ ᠴᠡᠪᠡᠷ ᠪᠣᠯᠵᠠᠢ᠃ ᠪᠦᠭᠦ ᠲᠠᠯ᠎ᠠ᠎ᠪᠠᠷ ᠵᠠᠰᠠᠭᠰᠠᠨ᠎ᠤ ᠳᠠᠷᠠᠭ᠋ᠠᠬᠢ ᠠᠭᠤᠷᠬᠠᠢ᠎ᠨᠢ ᠴᠡᠴᠡᠷᠯᠢᠭ ᠪᠣᠯᠵᠤ᠂ ᠬᠣᠲᠠ ᠵᠢᠨ ᠠᠷᠠᠳ᠎ᠤᠨ ᠵᠣᠨ᠎ᠤ ᠤᠯᠠᠷᠢᠯ ᠵᠶ᠋ᠡᠷ ᠵᠤᠭ᠋ᠠᠯᠠᠬᠤ ᠰᠢᠨ᠎ᠡ ᠭᠠᠵᠠᠷ ᠪᠣᠯᠵᠤ᠂ ᠠᠷᠠᠳ ᠣᠯᠠᠨ᠎ᠤ ᠵᠣᠯ ᠵᠢᠷᠭ᠋ᠠᠯ᠎ᠤᠨ ᠵᠢᠭ᠋ᠠᠯᠲᠠ ᠲᠣᠭ᠎ᠠ ᠳᠠᠭᠢᠨ ᠵᠶ᠋ᠡᠷ ᠨᠡᠮᠡᠭᠳᠡᠪᠡ》 ᠭᠡᠵᠦ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ᠂ ᠥᠪᠥᠷ ᠮᠣᠩᠭᠣᠯ᠎ᠤᠨ ᠴᠤᠸᠠᠩ ᠶᠤᠸᠠᠨ ᠲᠡᠮᠦᠷᠯᠢᠭ᠎ᠤᠨ ᠬᠢᠵᠠᠭ᠋ᠠᠷᠲᠤ ᠺᠤᠮᠫᠠᠨᠢ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢᠨ ᠭᠠᠵᠠᠷ᠎ᠤᠨ ᠳᠠᠷᠤᠭ᠎ᠠ ᠶᠠᠩ ᠹᠧᠩ 《ᠲᠥᠯᠥᠭᠡᠯᠡᠭᠴᠢᠳ᠎ᠤᠨ ᠰᠣᠷᠪᠤᠯᠵᠢᠯᠠᠭ᠎ᠠ ᠬᠦᠯᠢᠶᠡᠬᠦ ᠵᠠᠮ》 ᠳᠡᠭᠡᠷ᠎ᠡ ᠬᠣᠣᠯᠢᠨ ᠭᠣᠣᠯ ᠬᠣᠲᠠ ᠵᠢᠨ ᠪᠣᠬᠢᠷᠳᠤᠯ ᠦᠭᠡᠢ ᠬᠥᠭᠵᠢᠯᠲᠡ ᠵᠢᠨ ᠠᠷᠠᠳ᠎ᠤᠨ ᠠᠮᠢᠳᠤᠷᠠᠯ᠎ᠳᠤ ᠠᠪᠴᠢᠷᠠᠭᠰᠠᠨ ᠠᠰᠢᠭ ᠲᠤᠰᠠ ᠵᠢ ᠶᠠᠷᠢᠯ᠎ᠠ᠃

       ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠪᠦᠲᠦᠭᠡᠨ ᠪᠠᠢ᠌ᠭᠤᠯᠤᠯᠲᠠ᠎ᠨᠢ ᠠᠮᠢ ᠠᠬᠤᠢ ᠵᠢᠨ ᠪᠦᠲᠦᠭᠡᠨ ᠪᠠᠢ᠌ᠭᠤᠯᠤᠯᠲᠠ ᠲᠡᠳᠦᠢ ᠪᠢᠰᠢ  ᠂ ᠨᠡᠩ ᠴᠤ᠌ ᠦᠢ᠍ᠯᠡᠳᠪᠦᠷᠢᠯᠡᠯ᠎ᠤᠨ ᠠᠷᠭ᠎ᠠ ᠭᠡᠯᠪᠡᠷᠢ᠂ ᠬᠥᠭᠵᠢᠯᠲᠡ ᠵᠢᠨ ᠠᠷᠭ᠎ᠠ ᠭᠡᠯᠪᠡᠷᠢ ᠵᠢᠨ ᠭᠦᠨᠵᠡᠭᠡᠢ ᠬᠤᠪᠢᠰᠤᠯᠲᠠ ᠪᠤᠯᠬᠤ ᠶᠤᠮ᠃

       ᠡᠷᠭᠦᠨ᠎ᠡ ᠬᠣᠲᠠ ᠥᠪᠥᠷ ᠮᠣᠩᠭᠣᠯ᠎ᠤᠨ ᠬᠠᠮᠤᠭ᠎ᠤᠨ ᠬᠣᠢ᠌ᠲᠤ ᠪᠡᠶ᠎ᠡ᠎ᠳᠤ ᠣᠷᠣᠰᠢᠵᠤ  ᠂ ᠡᠨᠳᠡ 674.89 ᠺᠢᠯᠣᠮᠧᠲᠷ ᠤᠷᠲᠤ ᠳᠤᠮᠳᠠᠳᠤ ᠣᠷᠣᠰ᠎ᠤᠨ ᠬᠢᠯᠢ ᠵᠢᠨ ᠱᠤᠭᠤᠮ᠎ᠲᠠᠢ ᠶᠤᠮ᠃ ᠥᠩᠭᠡᠷᠡᠭᠰᠡᠨ ᠨᠢᠭᠡ ᠵᠢᠯ᠎ᠳᠤ ᠡᠷᠭᠦᠨ᠎ᠡ ᠬᠣᠲᠠ ᠬᠢᠯᠢ ᠬᠢᠵᠠᠭ᠋ᠠᠷ᠎ᠢ ᠰᠠᠬᠢᠨ ᠬᠠᠮᠠᠭ᠋ᠠᠯᠠᠬᠤ᠂ ᠨᠡᠢ᠌ᠭᠡᠮ᠎ᠤᠨ ᠵᠠᠰᠠᠯᠲᠠ᠂ ᠠᠶᠤᠯ ᠲᠦᠭᠰᠢᠭᠦᠷᠢ ᠵᠢ ᠰᠡᠷᠭᠡᠢ᠌ᠯᠡᠨ ᠠᠷᠢᠯᠭ᠋ᠠᠬᠤ ᠵᠡᠷᠭᠡ ᠡᠯ᠎ᠡ ᠵᠦᠢ᠍ᠯ᠎ᠤᠨ ᠠᠵᠢᠯ᠎ᠢ ᠪᠦᠭᠦ ᠬᠦᠴᠦᠨ ᠵᠶ᠋ᠡᠷ ᠵᠶ᠋ᠡᠨ ᠰᠠᠢ᠌ᠲᠤᠷ ᠬᠢᠵᠦ᠂ ᠬᠢᠯᠢ ᠬᠢᠵᠠᠭ᠋ᠠᠷ᠎ᠢ ᠬᠠᠮᠢᠶᠠᠷᠤᠨ ᠡᠵᠡᠮᠳᠡᠬᠦ ᠴᠢᠳᠠᠪᠤᠷᠢ᠎ᠨᠢ ᠢᠯᠡᠳᠲᠡ ᠴᠢᠩᠭ᠋ᠠᠷᠠᠨ᠂ ᠪᠣᠳᠠᠲᠤ ᠠᠵᠢᠯᠯᠠᠭ᠎ᠠ᠎ᠪᠠᠷ ᠵᠶ᠋ᠡᠨ ᠡᠬᠡ ᠤᠯᠤᠰ᠎ᠤᠨ ᠤᠮᠠᠷᠠᠲᠤ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠨᠠᠩ ᠪᠠᠲᠤ ᠪᠡᠬᠢ ᠴᠣᠭᠴᠠᠯᠠᠪᠠ᠃

      《ᠪᠢᠳᠡ ᠡᠬᠡ ᠤᠯᠤᠰ᠎ᠤᠨ 〈ᠤᠮᠠᠷᠠᠲᠤ ᠬᠠᠭ᠋ᠠᠯᠭ᠎ᠠ〉᠂ ᠨᠡᠢ᠌ᠰᠯᠡᠯ᠎ᠤᠨ 〈ᠬᠠᠮᠠᠭ᠋ᠠᠯᠠᠯᠲᠠ ᠵᠢᠨ ᠭᠣᠣᠯ〉᠎ᠢ ᠰᠠᠢ᠌ᠲᠤᠷ ᠰᠠᠬᠢᠨ ᠬᠠᠮᠠᠭ᠋ᠠᠯᠠᠬᠤ ᠵᠢᠨ ᠬᠠᠮᠲᠤ ᠠᠷᠠᠳ ᠣᠯᠠᠨ᠎ᠳᠤ ᠦᠨᠡᠨ ᠪᠣᠳᠠᠲᠠᠢ ᠬᠦᠷᠲᠡᠮᠵᠢ ᠵᠢᠨ ᠲᠥᠷᠥᠭᠳᠡᠯ᠂ ᠠᠮᠤᠷ ᠲᠦᠪᠰᠢᠨ᠎ᠤ ᠲᠥᠷᠥᠭᠳᠡᠯ ᠣᠯᠭᠣᠪᠠ》 ᠭᠡᠵᠦ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ᠂ ᠡᠷᠭᠦᠨ᠎ᠡ ᠬᠣᠲᠠ ᠵᠢᠨ ᠨᠠᠮ᠎ᠤᠨ ᠬᠣᠷᠢᠶᠠᠨ᠎ᠤ ᠳᠡᠳ᠋ ᠱᠦᠵᠢ᠂ ᠬᠣᠲᠠ ᠵᠢᠨ ᠳᠠᠷᠤᠭ᠎ᠠ ᠭᠧᠩ ᠬᠤᠤ ᠬᠡᠯᠡᠨ᠎ᠡ

       ᠪᠤᠤᠬᠢᠶ᠎ᠠ ᠳᠠᠮᠵᠢᠭᠰᠠᠨ ᠰᠢᠷᠭ᠋ᠠᠭᠤ ᠴᠢᠷᠮᠠᠢ᠌ᠯᠭ᠎ᠠ᠎ᠪᠠᠷ ᠠᠤᠭ᠎ᠠ ᠲᠥᠰᠥᠪ᠎ᠢ ᠪᠡᠶᠡᠯᠡᠭᠦᠯᠵᠦ᠂ 《ᠲᠠᠪᠤᠨ ᠶᠡᠬᠡ ᠡᠭᠦᠷᠭᠡ》 ᠵᠢ ᠡᠷᠡᠰ ᠰᠠᠢ᠌ᠲᠤᠷ ᠨᠠᠢ᠌ᠳᠠᠪᠤᠷᠢᠵᠢᠭᠤᠯᠤᠨ᠎ᠠ᠃ ᠥᠪᠥᠷ ᠮᠣᠩᠭᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠲᠠᠰᠤᠷᠠᠯᠲᠠ ᠦᠭᠡᠢ ᠪᠢᠴᠢᠭᠯᠡᠭᠰᠡᠭᠡᠷ᠁

 

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ