ᠯᠢᠦ ᠱᠤᠸᠠᠩ ᠪᠣᠣ ᠭᠠᠩ ᠵᠧᠩ ᠬᠣᠩ ᠹᠠᠨ ᠳ᠋ᠢᠩ ᠰᠢᠦ ᠹᠧᠩ ᠮᠧᠩ ᠰᠢᠶᠠᠨ ᠳ᠋ᠦᠩ ᠶᠠᠩ ᠰᠢᠶᠣᠣ ᠺᠠᠩ ᠬᠤᠸᠠᠩ ᡁᠢ ᠴᠢᠶᠠᠩ ᠯᠢ ᠢᠦᠢ ᠭᠠᠩ ᠢᠦᠢ ᠯᠢ ᠰᠢᠨ ᠣᠷᠣᠯᠴᠠᠵᠠᠢ
1 ᠰᠠᠷ᠎ᠠ ᠵᠢᠨ 14᠎ᠠᠴᠠ 15᠎ᠤ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ ᠯᠢᠦ ᠱᠤᠸᠠᠩ᠂ ᠪᠦᠦ ᠭᠠᠩ᠂ ᠵᠧᠩ ᠬᠣᠩ ᠹᠠᠨ᠂ ᠳ᠋ᠢᠩ ᠰᠢᠤ ᠹᠧᠩ᠂ ᠮᠧᠩ ᠰᠢᠶᠠᠨ ᠳ᠋ᠦᠩ᠂ ᠶᠠᠩ ᠰᠢᠶᠣᠣ ᠺᠠᠩ᠂ ᠬᠤᠸᠠᠩ ᡁᠢ ᠴᠢᠶᠠᠩ᠂ ᠯᠢ ᠢᠦᠢ ᠭᠠᠩ᠂ ᠢᠦᠢ ᠯᠢ ᠰᠢᠨ ᠲᠤᠰ ᠲᠤᠰ ᠥᠪᠡᠷ᠎ᠤᠨ ᠪᠠᠢ᠌ᠭ᠎ᠠ ᠲᠥᠯᠥᠭᠡᠯᠡᠭᠴᠢᠳ᠎ᠤᠨ ᠪᠦᠯᠭᠦᠮ᠎ᠳᠤ ᠲᠥᠯᠥᠭᠡᠯᠡᠭᠴᠢᠳ᠎ᠲᠠᠢ ᠬᠠᠮᠲᠤ᠎ᠪᠠᠷ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠢ ᠬᠢᠨᠠᠨ ᠵᠥᠪᠯᠡᠪᠡ᠃
ᠯᠢᠦ ᠱᠤᠸᠠᠩ ᠪᠠᠶᠠᠨᠨᠠᠭᠤᠷ ᠬᠣᠲᠠ ᠵᠢᠨ ᠲᠥᠯᠥᠭᠡᠯᠡᠭᠴᠢᠳ᠎ᠤᠨ ᠪᠦᠯᠭᠦᠮ᠎ᠤᠨ ᠬᠢᠨᠠᠨ ᠵᠥᠪᠯᠡᠬᠦ᠎ᠳᠤ ᠣᠷᠤᠯᠴᠠᠬᠤ᠎ᠳᠠᠭᠠᠨ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠤᠨ ᠵᠣᠬᠢᠶᠠᠯ᠎ᠤᠨ ᠰᠤᠷᠲᠠᠯ ᠪᠣᠷᠣᠭᠵᠢᠭᠤᠨ᠂ ᠠᠮᠵᠢᠯᠲᠠ ᠪᠦᠲᠦᠮᠵᠢ ᠦᠯᠡᠮᠵᠢ ᠪᠣᠳᠠᠲᠠᠢ᠂ ᠠᠷᠭ᠎ᠠ ᠬᠡᠮᠵᠢᠶ᠎ᠡ ᠪᠣᠳᠠᠲᠠᠢ ᠵᠢ ᠡᠷᠬᠢᠮᠯᠡᠭᠰᠡᠨ ᠪᠠᠢ᠌ᠵᠤ᠂ 5 ᠲᠠᠯ᠎ᠠ᠎ᠪᠠᠷ ᠥᠩᠭᠡᠷᠡᠭᠰᠡᠨ ᠨᠢᠭᠡ ᠵᠢᠯ᠎ᠤᠨ ᠠᠵᠢᠯ ᠵᠶ᠋ᠠᠨ ᠪᠦᠭᠦ ᠲᠠᠯ᠎ᠠ᠎ᠪᠠᠷ ᠳ᠋ᠦᠩᠨᠡᠵᠦ᠂ ᠣᠯᠣᠭᠰᠠᠨ ᠠᠮᠵᠢᠯᠲᠠ ᠪᠦᠲᠦᠮᠵᠢ᠎ᠨᠢ ᠪᠠᠶᠠᠷᠯᠠᠭᠤᠰᠢᠲᠠᠢ ᠶᠤᠮ; ᠢᠯᠡᠳᠬᠡᠯ᠎ᠨᠢ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠣᠯᠭᠣᠭᠰᠠᠨ ᠪᠠᠢ᠌ᠯᠳᠤᠬᠤ ᠪᠣᠳᠣᠯᠭ᠎ᠠ ᠵᠢᠨ ᠪᠠᠢ᠌ᠷᠢ ᠲᠣᠭᠲᠠᠭ᠋ᠠᠯᠲᠠ ᠵᠢᠨ ᠲᠣᠭᠣᠷᠢᠨ᠎ᠳᠤ ᠨᠢᠭᠡ ᠭᠣᠣᠯ ᠰᠢᠵᠢᠮ᠎ᠢ ᠲᠤᠭᠤᠰᠢᠯᠠᠭᠤᠯᠬᠤ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠂ 《ᠲᠠᠪᠤᠨ ᠶᠡᠬᠡ ᠡᠭᠦᠷᠭᠡ》 ᠵᠢ ᠪᠡᠶᠡᠯᠡᠭᠦᠯᠬᠦ᠂ 《ᠵᠢᠷᠭᠤᠭ᠋ᠠᠨ ᠢᠨᠵᠧᠨᠧᠷᠢᠩ》᠎ᠢ ᠦᠷᠭᠦᠯᠵᠢᠯᠡᠨ ᠬᠡᠷᠡᠭᠵᠢᠭᠦᠯᠬᠦ᠂ 《ᠵᠢᠷᠭᠤᠭ᠋ᠠᠨ ᠠᠵᠢᠯᠯᠠᠭ᠎ᠠ》 ᠵᠢ ᠵᠣᠬᠢᠶᠠᠨ ᠪᠠᠢ᠌ᠭᠤᠯᠤᠨ ᠥᠷᠨᠢᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ 11 ᠲᠠᠯ᠎ᠠ᠎ᠠᠴᠠ ᠡᠨᠡ ᠵᠢᠯ᠎ᠤᠨ ᠠᠵᠢᠯ᠎ᠳᠤ ᠪᠠᠢ᠌ᠷᠢᠯᠠᠭᠤᠯᠤᠯᠲᠠ ᠬᠢᠭᠰᠡᠨ ᠪᠠᠢ᠌ᠨ᠎ᠠ᠂ ᠪᠢ ᠪᠦᠷᠢᠮᠦᠰᠦᠨ ᠵᠥᠪᠰᠢᠶᠡᠷᠡᠵᠦ ᠪᠠᠢ᠌ᠨ᠎ᠠ᠃ ᠢᠯᠠᠩᠭᠤᠶ᠎ᠠ ᠥᠩᠭᠡᠷᠡᠭᠰᠡᠨ ᠨᠢᠭᠡ ᠵᠢᠯ᠎ᠳᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠣᠷᠣᠨ ᠳᠠᠶᠠᠭ᠋ᠠᠷ ᠵᠶ᠋ᠠᠨ ᠴᠢᠷᠮᠠᠢ᠌ᠨ ᠠᠵᠢᠯᠯᠠᠬᠤ ᠵᠢ ᠲᠡᠷᠢᠭᠦᠨ᠎ᠳᠤ ᠲᠠᠯᠪᠢᠵᠤ᠂ ᠣᠷᠣᠨ ᠨᠤᠲᠤᠭ᠎ᠤᠨ ᠦᠢ᠍ᠯᠡᠳᠪᠦᠷᠢᠯᠡᠯ᠎ᠤᠨ ᠶᠡᠷᠦᠩᠬᠡᠢ ᠦᠷᠳᠡᠭ 5 ᠵᠢᠯ᠎ᠤᠨ ᠲᠠᠷᠠᠭ᠎ᠠ ᠲᠠᠭᠢᠨ ᠪᠦᠭᠦ ᠤᠯᠤᠰ᠎ᠤᠨ ᠳᠤᠮᠳᠠ ᠲᠦᠪᠰᠢᠨ᠎ᠳᠤ ᠣᠷᠣᠭᠰᠠᠨ᠎ᠨᠢ ᠠᠵᠢᠯ ᠦᠢ᠍ᠯᠡᠰ᠎ᠢ ᠴᠥᠮ ᠬᠢᠵᠦ ᠪᠦᠲᠦᠭᠡᠳᠡᠭ ᠭᠡᠳᠡᠭ᠎ᠢ ᠭᠦᠢ᠍ᠴᠡᠳ ᠭᠡᠷᠡᠴᠢᠯᠡᠪᠡ᠃ ᠪᠠᠶᠠᠨᠨᠠᠭᠤᠷ ᠬᠤᠳᠠ ᠵᠢᠨ᠎ᠬᠢᠨ ᠰᠠᠨᠠᠭ᠋ᠠᠴᠢᠯᠠᠭ᠎ᠠ᠎ᠠᠴᠠ᠎ᠪᠠᠨ ᠰᠢᠨ᠎ᠡ ᠪᠠᠢ᠌ᠳᠠᠯ᠎ᠳᠤ ᠵᠣᠬᠢᠴᠠᠵᠤ᠂ ᠴᠢᠨᠠᠷ ᠰᠠᠢ᠌ᠲᠠᠢ ᠬᠥᠭᠵᠢᠯᠲᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠤᠰᠤ ᠠᠷᠪᠢᠯᠠᠬᠤ ᠥᠭᠡᠷᠡᠴᠢᠯᠡᠯᠲᠡ᠂ ᠨᠤᠲᠤᠭ ᠪᠡᠯᠴᠢᠭᠡᠷ᠎ᠤᠨ ᠠᠮᠢ ᠠᠬᠤᠢ ᠵᠢᠨ ᠬᠠᠮᠠᠭ᠋ᠠᠯᠠᠯᠲᠠ ᠵᠡᠷᠭᠡ ᠲᠠᠯ᠎ᠠ᠎ᠪᠠᠷ ᠶᠡᠬᠡ ᠬᠦᠴᠦ ᠣᠷᠣᠭᠤᠯᠵᠤ᠂ ᠦᠨᠡᠨ ᠬᠦ᠌ ᠠᠳᠬᠤᠨ ᠪᠣᠳᠠᠲᠠᠢ ᠠᠵᠢᠯᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠪᠢᠴᠢᠭᠯᠡᠬᠦ᠎ᠳᠤ ᠪᠠᠶᠠᠨᠨᠠᠭᠤᠷ᠎ᠤᠨ ᠬᠤᠪᠢ ᠨᠡᠮᠡᠷᠢ ᠵᠢ ᠦᠵᠡᠭᠦᠯᠭᠦ ᠬᠡᠷᠡᠭᠲᠡᠢ ᠭᠡᠪᠡ᠃
ᠪᠦᠦ ᠭᠠᠩ ᠭᠦᠭᠡᠬᠣᠲᠠ ᠵᠢᠨ ᠲᠥᠯᠥᠭᠡᠯᠡᠭᠴᠢᠳ᠎ᠤᠨ ᠪᠦᠯᠭᠦᠮ᠎ᠤᠨ ᠬᠢᠨᠠᠨ ᠵᠥᠪᠯᠡᠬᠦ᠎ᠳᠤ ᠣᠷᠤᠯᠴᠠᠬᠤ᠎ᠳᠠᠭᠠᠨ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠨᠢ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠪᠤᠰᠤᠳᠴᠢ ᠪᠥᠭᠡᠳ ᠪᠣᠳᠠᠲᠠᠢ ᠵᠢ ᠡᠷᠬᠢᠮᠯᠡᠨ ᠠᠮᠵᠢᠯᠲᠠ ᠪᠦᠲᠦᠮᠵᠢ᠎ᠪᠠᠨ ᠳ᠋ᠦᠩᠨᠡᠵᠦ᠂ ᠠᠵᠢᠯ ᠵᠶ᠋ᠠᠨ ᠪᠣᠳᠠᠲᠠᠢ ᠪᠥᠭᠡᠳ ᠲᠣᠳᠣᠷᠬᠠᠢ ᠪᠠᠢ᠌ᠷᠢᠯᠠᠭᠤᠯᠵᠤ᠂ ᠦᠨᠡᠨ᠎ᠠᠴᠠ ᠵᠥᠪ᠎ᠢ ᠡᠷᠢᠵᠦ᠂ ᠵᠠᠩᠭᠢᠯᠠᠭ᠎ᠠ᠎ᠨᠢ ᠨᠠᠢ᠌ᠳᠠᠪᠤᠷᠢᠵᠢᠭᠤᠯᠬᠤ᠎ᠳᠤ ᠪᠠᠢ᠌ᠬᠤ ᠰᠠᠢ᠌ᠨ ᠢᠯᠡᠳᠬᠡᠯ ᠪᠣᠯᠵᠠᠢ᠃ 2024 ᠣᠨ᠎ᠳᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠪᠦᠭᠦ ᠣᠷᠣᠨ᠎ᠤ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠦᠷ᠎ᠡ ᠪᠦᠲᠦᠮᠵᠢ᠎ᠳᠤ ᠤᠯᠠᠨ ᠭᠢᠯᠠᠰ ᠴᠡᠭ ᠢᠯᠡᠷᠡᠵᠦ᠂ ᠬᠥᠮᠥᠰ᠎ᠢ ᠤᠷᠮᠠᠰᠢᠭᠤᠯᠤᠨ ᠵᠣᠷᠢᠭᠵᠢᠭᠤᠯᠤᠭᠰᠠᠨ ᠪᠠᠢ᠌ᠨ᠎ᠠ᠃ ᠲᠠᠷᠠᠭ᠋ᠠᠴᠢ ᠵᠢᠨ ᠠᠯᠬᠤᠮ᠎ᠳᠤ ᠪᠢᠳᠡ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠶᠢᠰᠦᠳᠦᠭᠡᠷ ᠪᠦᠭᠦᠳᠡ ᠬᠤᠷᠠᠯ ᠪᠠ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠪᠠᠢ᠌ᠷᠢᠯᠠᠭᠤᠯᠤᠯᠲᠠ ᠶᠣᠰᠣᠭ᠋ᠠᠷ ᠰᠢᠷᠭ᠋ᠠᠭᠤ ᠠᠵᠢᠯᠯᠠᠬᠤ ᠵᠢ ᠲᠡᠷᠢᠭᠦᠨ᠎ᠳᠤ ᠲᠠᠯᠪᠢᠬᠤ᠂ ᠨᠠᠢ᠌ᠳᠠᠪᠤᠷᠢᠵᠢᠭᠤᠯᠤᠯᠲᠠ ᠵᠢ ᠴᠢᠩᠭ᠎ᠠ ᠠᠳᠬᠤᠬᠤ ᠵᠢ ᠪᠠᠷᠢᠮᠲᠠᠯᠠᠵᠤ᠂ ᠨᠢᠭᠡ ᠭᠣᠣᠯ ᠰᠢᠵᠢᠮ᠎ᠢ ᠲᠤᠭᠤᠰᠢᠯᠠᠭᠤᠯᠬᠤ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠂ 《ᠲᠠᠪᠤᠨ ᠶᠡᠬᠡ ᠡᠭᠦᠷᠭᠡ》 ᠵᠢ ᠪᠡᠶᠡᠯᠡᠭᠦᠯᠬᠦ᠂ 《ᠵᠢᠷᠭᠤᠭ᠋ᠠᠨ ᠢᠨᠵᠧᠨᠧᠷᠢᠩ》᠎ᠢ ᠬᠡᠷᠡᠭᠵᠢᠭᠦᠯᠬᠦ᠂ 《ᠵᠢᠷᠭᠤᠭ᠋ᠠᠨ ᠠᠵᠢᠯᠯᠠᠭ᠎ᠠ》 ᠵᠢ ᠥᠷᠨᠢᠭᠦᠯᠬᠦ ᠲᠠᠯ᠎ᠠ᠎ᠪᠠᠷ ᠰᠢᠨ᠎ᠡ ᠵᠢᠳᠬᠦᠯ ᠴᠢᠷᠮᠠᠢ᠌ᠯᠭ᠎ᠠ ᠭᠠᠷᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠰᠢᠨ᠎ᠡ ᠵᠠᠮ ᠨᠡᠭᠡᠭᠡᠵᠦ ᠳᠤᠮᠳᠠ ᠲᠦᠪᠰᠢᠨ᠎ᠳᠤ ᠣᠷᠣᠬᠤ᠎ᠳᠤ ᠣᠷᠣᠨ᠎ᠤ ᠲᠥᠪ᠎ᠤᠨ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠢ ᠭᠡᠪᠡ᠃
ᠵᠧᠩ ᠬᠣᠩ ᠹᠠᠨ ᠦᠬᠠᠢ ᠬᠤᠳᠠ ᠵᠢᠨ ᠲᠥᠯᠥᠭᠡᠯᠡᠭᠴᠢᠳ᠎ᠤᠨ ᠪᠦᠯᠭᠦᠮ᠎ᠤᠨ ᠬᠢᠨᠠᠨ ᠵᠥᠪᠯᠡᠬᠦ᠎ᠳᠤ ᠣᠷᠤᠯᠴᠠᠬᠤ᠎ᠳᠠᠭᠠᠨ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠨᠢ ᠦᠨᠡᠨ᠎ᠢ ᠪᠠᠷᠢᠮᠲᠠᠯᠠᠨ ᠪᠣᠳᠠᠲᠠᠢ ᠵᠢ ᠡᠷᠬᠢᠮᠯᠡᠵᠦ᠂ ᠬᠥᠮᠥᠰ᠎ᠢ ᠵᠣᠷᠢᠭᠵᠢᠭᠤᠯᠤᠨ ᠤᠷᠮᠠᠰᠢᠭᠤᠯᠤᠨ᠎ᠠ᠂ ᠬᠠᠷᠠᠯᠲᠠ ᠲᠣᠳᠣᠷᠬᠠᠢ᠂ ᠭᠠᠷᠳᠠᠴᠠ ᠪᠣᠳᠠᠲᠠᠢ᠂ ᠪᠢ ᠪᠦᠷᠢᠮᠦᠰᠦᠨ ᠵᠥᠪᠰᠢᠶᠡᠷᠡᠵᠦ ᠪᠠᠢ᠌ᠨ᠎ᠠ᠃ ᠥᠩᠭᠡᠷᠡᠭᠰᠡᠨ ᠨᠢᠭᠡ ᠵᠢᠯ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠭᠦ ᠣᠷᠣᠨ᠎ᠤ ᠥᠷᠭᠡᠨ ᠤᠯᠠᠨ ᠺᠠᠳ᠋ᠷ ᠤᠯᠠᠨ ᠲᠦᠮᠡᠨ ᠬᠦᠴᠦᠯᠡᠨ ᠴᠢᠷᠮᠠᠢ᠌ᠵᠤ ᠵᠢᠳᠬᠦᠯ ᠴᠢᠷᠮᠠᠢ᠌ᠯᠭ᠎ᠠ ᠭᠠᠷᠭ᠋ᠠᠵᠤ᠂ ᠦᠨᠡᠨ ᠬᠦ᠌ ᠴᠢᠷᠮᠠᠢ᠌ᠨ ᠪᠣᠳᠠᠲᠠᠢ ᠠᠵᠢᠯᠯᠠᠵᠤ᠂ ᠴᠢᠨᠠᠷ ᠰᠠᠢ᠌ᠲᠠᠢ ᠬᠥᠭᠵᠢᠯᠲᠡ ᠯᠠᠪᠳᠠᠭᠤᠨ ᠪᠠᠲᠤᠲᠠᠢ ᠠᠯᠬᠤᠮ᠎ᠢ ᠠᠯᠬᠤᠪᠠ᠃ ᠰᠢᠨ᠎ᠡ ᠨᠢᠭᠡ ᠵᠢᠯ᠎ᠳᠤ ᠦᠬᠠᠢ ᠬᠣᠲᠠ ᠴᠢᠨᠠᠷ ᠰᠠᠢ᠌ᠲᠠᠢ ᠬᠥᠭᠵᠢᠯᠲᠡ ᠭᠡᠬᠦ ᠲᠡᠷᠢᠭᠦᠨ ᠴᠢᠬᠤᠯᠠ ᠡᠭᠦᠷᠭᠡ᠎ᠳᠤ ᠠᠩᠬᠠᠷᠤᠯ ᠵᠶ᠋ᠡᠨ ᠲᠥᠪᠯᠡᠷᠡᠭᠦᠯᠵᠦ᠂ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠭᠦ ᠲᠠᠯ᠎ᠠ᠎ᠪᠠᠷ ᠭᠦᠨᠵᠡᠭᠡᠢ᠌ᠷᠡᠭᠦᠯᠬᠦ ᠬᠡᠷᠡᠭᠲᠡᠢ᠃ ᠨᠢᠭᠡ᠎ᠳᠤ᠂ ᠰᠢᠨ᠎ᠡ ᠵᠢ ᠡᠭᠦᠳᠬᠦ ᠵᠢ ᠠᠳᠬᠤᠵᠤ᠂ ᠦᠵᠡᠯ ᠰᠠᠨᠠᠭ᠎ᠠ᠎ᠪᠠᠨ ᠴᠢᠯᠦᠭᠡᠯᠡᠬᠦ ᠵᠢ ᠪᠠᠷᠢᠮᠲᠠᠯᠠᠵᠤ᠂ ᠠᠵᠤ ᠦᠢ᠍ᠯᠡᠰ᠎ᠤᠨ ᠭᠡᠯᠪᠡᠷᠢ᠎ᠪᠠᠨ ᠬᠤᠪᠢᠷᠠᠭᠤᠯᠤᠨ ᠲᠡᠰ ᠳᠡᠪᠰᠢᠬᠦ ᠵᠢ ᠦᠷᠭᠦᠯᠵᠢᠯᠡᠨ ᠠᠬᠢᠭᠤᠯᠬᠤ ᠭᠡᠷᠡᠭᠳᠡᠢ; ᠬᠣᠶᠠᠷ᠎ᠲᠤ᠂ ᠠᠮᠢ ᠠᠬᠤᠢ ᠵᠢ ᠠᠳᠬᠤᠵᠤ᠂ ᠦᠬᠠᠢ ᠵᠢᠴᠢ ᠡᠷᠭᠢᠨ ᠲᠣᠭᠣᠷᠢᠨ᠎ᠤ ᠭᠠᠵᠠᠷ ᠣᠷᠣᠨ᠎ᠤ ᠠᠭ᠋ᠠᠷ ᠮᠠᠨᠳᠠᠯ᠎ᠤᠨ ᠪᠣᠬᠢᠷᠳᠤᠯ᠎ᠢ ᠬᠣᠯᠪᠤᠭ᠋ᠠᠯᠠᠨ ᠰᠡᠷᠭᠡᠢ᠌ᠯᠡᠵᠦ ᠬᠣᠯᠪᠤᠭ᠋ᠠᠯᠠᠨ ᠡᠵᠡᠮᠳᠡᠬᠦ ᠲᠠᠯ᠎ᠠ᠎ᠪᠠᠷ ᠵᠣᠬᠢᠴᠠᠭᠤᠯᠵᠤ ᠬᠣᠯᠪᠤᠭ᠋ᠠᠯᠠᠨ ᠬᠥᠳᠡᠯᠦᠯᠴᠡᠬᠦ ᠵᠢ ᠴᠢᠩᠭ᠋ᠠᠳᠬᠠᠵᠤ᠂ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠦᠷᠭᠦᠯᠵᠢᠯᠡᠨ ᠰᠠᠢ᠌ᠵᠢᠷᠠᠭᠤᠯᠬᠤ ᠭᠡᠷᠡᠭᠳᠡᠢ; ᠭᠤᠷᠪᠠ᠎ᠳᠤ᠂ ᠰᠣᠶᠣᠯ ᠵᠢᠭᠤᠯᠴᠢᠯᠠᠯ᠎ᠢ ᠠᠳᠬᠤᠵᠤ᠂ ᠤᠮᠠᠷᠠᠲᠤ ᠬᠢᠯᠢ ᠵᠢᠨ ᠰᠣᠶᠣᠯ᠎ᠤᠨ ᠪᠠᠢ᠌ᠭᠤᠯᠤᠯᠲᠠ ᠵᠢ ᠠᠬᠢᠭᠤᠯᠬᠤ ᠲᠤᠬᠠᠢ ᠳᠡᠭᠡᠭᠰᠢᠯᠡᠭᠦᠯᠭᠦ ᠠᠵᠢᠯᠯᠠᠭ᠎ᠠ᠎ᠪᠠᠷ ᠠᠵᠠ ᠲᠣᠭᠢᠶᠠᠯ ᠪᠤᠯᠭ᠋ᠠᠵᠤ᠂ ᠤᠯᠤᠰ᠎ᠤᠨ ᠥᠮᠴᠢᠯᠡᠯ᠎ᠤᠨ ᠤᠳᠬ᠎ᠠ ᠤᠷᠠᠯᠢᠭ᠎ᠤᠨ ᠬᠦᠷᠢᠶᠡᠯᠡᠩ ᠪᠦᠯᠭᠦᠮ᠂ ᠲᠡᠦᠬᠡ ᠵᠢᠨ ᠳᠤᠷᠠᠰᠬᠠᠯᠲᠤ ᠵᠦᠢ᠍ᠯᠡᠰ ᠰᠣᠶᠣᠯ᠎ᠤᠨ ᠦᠵᠡᠰᠭᠦᠯᠡᠩ᠎ᠤᠨ ᠨᠢᠭᠡᠴᠢ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠦᠬᠠᠢ ᠵᠢᠨ ᠬᠤᠳᠠ ᠵᠢᠨ ᠰᠣᠶᠣᠯ᠎ᠤᠨ ᠣᠨᠴᠠᠯᠢᠭ᠎ᠢ ᠭᠦᠢ᠍ᠴᠡᠳ ᠢᠯᠡᠷᠡᠭᠦᠯᠬᠦ ᠭᠡᠷᠡᠭᠳᠡᠢ; ᠳᠥᠷᠪᠡ᠎ᠳᠤ᠂ ᠠᠷᠠᠳ᠎ᠤᠨ ᠠᠮᠢᠳᠤᠷᠠᠯ᠎ᠢ ᠠᠳᠬᠤᠵᠤ᠂ ᠠᠵᠢᠯ ᠣᠯᠭᠣᠯᠲᠠ ᠵᠢ ᠠᠬᠢᠭᠤᠯᠬᠤ ᠠᠵᠢᠯᠯᠠᠭ᠎ᠠ ᠵᠢ ᠶᠡᠬᠡ᠎ᠪᠠᠷ ᠠᠬᠢᠭᠤᠯᠵᠤ᠂ 《ᠥᠲᠡᠭᠦᠰ ᠨᠢᠯᠬᠠᠰ》 ᠵᠡᠷᠭᠡ ᠦᠢ᠍ᠯᠡᠴᠢᠯᠡᠭᠡ ᠵᠢᠨ ᠬᠠᠩᠭ᠋ᠠᠯᠭ᠎ᠠ ᠵᠢ ᠥᠷᠭᠡᠳᠬᠡᠵᠦ᠂ ᠣᠯᠠᠨ ᠲᠦᠮᠡᠨ᠎ᠤ ᠬᠦᠷᠲᠡᠮᠵᠢ ᠵᠢᠨ ᠲᠥᠷᠥᠭᠳᠡᠯ ᠵᠢᠷᠭ᠋ᠠᠯᠲᠤ ᠲᠥᠷᠥᠭᠳᠡᠯ ᠠᠮᠤᠷ ᠲᠦᠪᠰᠢᠨ᠎ᠤ ᠲᠥᠷᠥᠭᠳᠡᠯ᠎ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ ᠭᠡᠪᠡ᠃
ᠳ᠋ᠢᠩ ᠰᠢᠤ ᠹᠧᠩ ᠪᠤᠭᠤᠲᠤ ᠬᠤᠳᠠ ᠵᠢᠨ ᠲᠥᠯᠥᠭᠡᠯᠡᠭᠴᠢᠳ᠎ᠤᠨ ᠪᠦᠯᠭᠦᠮ᠎ᠤᠨ ᠬᠢᠨᠠᠨ ᠵᠥᠪᠯᠡᠬᠦ᠎ᠳᠤ ᠣᠷᠤᠯᠴᠠᠬᠤ᠎ᠳᠠᠭᠠᠨ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ 2024 ᠣᠨ᠎ᠤ ᠠᠵᠢᠯ᠎ᠢ ᠪᠤᠰᠤᠳᠴᠢ᠎ᠪᠠᠷ ᠳ᠋ᠦᠩᠨᠡᠵᠦ᠂ ᠡᠨᠡ ᠵᠢᠯ᠎ᠤᠨ ᠭᠣᠣᠯᠳᠠᠯᠭ᠎ᠠ᠎ᠲᠠᠢ ᠡᠭᠦᠷᠭᠡ ᠵᠢ ᠰᠢᠰᠲ᠋ᠧᠮ᠎ᠲᠠᠢ ᠪᠠᠢ᠌ᠷᠢᠯᠠᠭᠤᠯᠵᠤ᠂ ᠬᠥᠮᠥᠰ᠎ᠤᠨ ᠰᠡᠳᠬᠢᠯ᠎ᠢ ᠬᠥᠭᠵᠢᠭᠡᠭᠰᠡᠨ᠂ ᠬᠦᠴᠦᠨ ᠴᠢᠳᠠᠯ᠎ᠢ ᠨᠢᠭᠲᠠᠷᠠᠭᠤᠯᠤᠭᠰᠠᠨ᠂ ᠡᠷᠴᠢ ᠵᠣᠷᠢᠭ᠎ᠢ ᠬᠥᠪᠴᠢᠯᠡᠭᠰᠡᠨ᠂ ᠪᠦᠭᠦ ᠣᠷᠣᠨ᠎ᠤ ᠬᠥᠭᠵᠢᠯᠲᠡ ᠵᠢᠨ ᠪᠣᠳᠠᠲᠤ ᠪᠠᠢ᠌ᠳᠠᠯ᠎ᠲᠠᠢ ᠨᠡᠢ᠌ᠴᠡᠭᠰᠡᠨ ᠰᠠᠢ᠌ᠨ ᠢᠯᠡᠳᠬᠡᠯ ᠪᠣᠯᠵᠠᠢ᠃ ᠣᠷᠣᠨ ᠳᠠᠶᠠᠭ᠋ᠠᠷ ᠵᠶ᠋ᠠᠨ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ ᠰᠢᠨ᠎ᠡ ᠵᠠᠮ ᠨᠡᠭᠡᠭᠡᠵᠦ ᠳᠤᠮᠳᠠ ᠲᠦᠪᠰᠢᠨ᠎ᠳᠤ ᠣᠷᠣᠬᠤ ᠶᠠᠪᠤᠴᠠ᠎ᠳᠤ ᠪᠤᠭᠤᠲᠤ ᠬᠤᠳᠠ ᠵᠢᠨ᠎ᠬᠢᠨ ᠨᠠᠮ᠎ᠤᠨ ᠲᠥᠪ ᠬᠣᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠡᠷᠡᠰ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠤ ᠠᠵᠢᠯ᠎ᠤᠨ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠣᠣᠯ ᠰᠢᠵᠢᠮ ᠪᠤᠯᠭ᠋ᠠᠵᠤ᠂ ᠡᠯ᠎ᠡ ᠵᠦᠢ᠍ᠯ᠎ᠤᠨ ᠠᠵᠢᠯ᠎ᠳᠤ ᠰᠢᠨ᠎ᠡ ᠦᠷ᠎ᠡ ᠪᠦᠲᠦᠮᠵᠢ ᠣᠯᠬᠤ ᠵᠢ ᠠᠬᠢᠭᠤᠯᠪᠠ᠃ ᠡᠨᠡ ᠵᠢᠯ ᠪᠣᠯ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠰᠡᠭᠦᠯ ᠬᠤᠷᠢᠶᠠᠬᠤ ᠵᠢᠯ ᠪᠣᠯᠣᠨ᠎ᠠ᠂ ᠪᠢᠳᠡ ᠵᠠᠪᠠᠯ ᠡᠯ᠎ᠡ ᠵᠦᠢ᠍ᠯ᠎ᠤᠨ ᠡᠭᠦᠷᠭᠡ ᠵᠢ ᠲᠡᠷᠡ ᠶᠣᠰᠣᠭ᠋ᠠᠷ᠎ᠨᠢ ᠪᠣᠳᠠᠲᠠᠢ ᠠᠳᠬᠤᠨ ᠰᠠᠢ᠌ᠲᠤᠷ ᠬᠢᠵᠦ᠂ 《ᠬᠣᠪᠣᠷ ᠰᠢᠷᠣᠢ ᠵᠢᠨ ᠬᠣᠶᠠᠷ ᠰᠠᠭᠤᠷᠢᠨ》᠎ᠤ ᠪᠦᠲᠦᠭᠡᠨ ᠪᠠᠢ᠌ᠭᠤᠯᠤᠯᠲᠠ ᠵᠢ ᠪᠦᠭᠦ ᠬᠦᠴᠦᠨ ᠵᠶ᠋ᠡᠷ ᠵᠶ᠋ᠡᠨ ᠰᠠᠢ᠌ᠲᠤᠷ ᠠᠳᠬᠤᠵᠤ᠂ 《3 + 5 + N》 ᠭᠣᠣᠯᠳᠠᠯᠭ᠎ᠠ᠎ᠲᠠᠢ ᠠᠵᠤ ᠦᠢ᠍ᠯᠡᠰ᠎ᠤᠨ ᠪᠦᠯᠦᠭᠵᠢᠯ᠎ᠢ ᠲᠦᠷᠭᠡᠳᠬᠡᠨ ᠪᠤᠵᠠᠭ᠋ᠠᠢ᠌ᠷᠠᠭᠤᠯᠵᠤ᠂ ᠰᠢᠨ᠎ᠡ ᠨᠡᠮᠡᠭᠳᠡᠯ ᠵᠢᠡᠷ ᠠᠵᠤ ᠠᠬᠤᠢ ᠵᠢᠨ ᠶᠡᠷᠦᠩᠬᠡᠢ ᠬᠡᠮᠵᠢᠶ᠎ᠡ ᠵᠢ ᠪᠤᠵᠠᠭ᠋ᠠᠢ᠌ᠷᠠᠭᠤᠯᠵᠤ᠂ ᠬᠥᠭᠵᠢᠯᠲᠡ ᠵᠢᠨ ᠶᠠᠰᠤ ᠴᠢᠨᠠᠷ᠎ᠢ ᠳᠡᠭᠡᠭᠰᠢᠯᠡᠭᠦᠯᠵᠦ᠂ ᠲᠣᠭᠲᠠᠭᠤᠨ᠎ᠤ ᠳᠤᠮᠳᠠ ᠲᠦᠷᠭᠡᠨ ᠬᠥᠭᠵᠢᠬᠦ ᠬᠥᠭᠵᠢᠯᠲᠡ ᠵᠢᠨ ᠬᠠᠨᠳᠤᠰᠢ ᠵᠢ ᠲᠠᠰᠤᠷᠠᠯᠲᠠ ᠦᠭᠡᠢ ᠪᠡᠬᠢᠵᠢᠭᠦᠯᠦᠨ ᠥᠷᠭᠡᠳᠬᠡᠵᠦ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠎ᠳᠤ ᠨᠠᠩ ᠣᠯᠠᠨ ᠪᠤᠭᠤᠲᠤ ᠵᠢᠨ ᠬᠦᠴᠦᠨ᠎ᠢ ᠨᠡᠮᠡᠷᠢᠯᠡᠬᠦ ᠬᠡᠷᠡᠭᠲᠡᠢ ᠭᠡᠪᠡ᠃
ᠮᠧᠩ ᠰᠢᠶᠠᠨ ᠳ᠋ᠦᠩ ᠲᠦᠩᠯᠢᠶᠣᠣ ᠬᠣᠲᠠ ᠵᠢᠨ ᠲᠥᠯᠥᠭᠡᠯᠡᠭᠴᠢᠳ᠎ᠤᠨ ᠪᠦᠯᠭᠦᠮ᠎ᠤᠨ ᠬᠢᠨᠠᠨ ᠵᠥᠪᠯᠡᠬᠦ᠎ᠳᠤ ᠣᠷᠤᠯᠴᠠᠬᠤ᠎ᠳᠠᠭᠠᠨ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠨᠢ ᠥᠩᠭᠡᠷᠡᠭᠰᠡᠨ ᠨᠢᠭᠡ ᠵᠢᠯ᠎ᠤᠨ ᠠᠮᠵᠢᠯᠲᠠ ᠪᠦᠲᠦᠮᠵᠢ ᠵᠢ ᠪᠦᠭᠦ ᠲᠠᠯ᠎ᠠ᠎ᠪᠠᠷ ᠳ᠋ᠦᠩᠨᠡᠵᠦ᠂ ᠡᠨᠡ ᠵᠢᠯ᠎ᠤᠨ ᠠᠵᠢᠯ᠎ᠳᠤ ᠪᠣᠳᠠᠲᠠᠢ ᠲᠣᠬᠢᠷᠠᠭᠤᠯᠤᠯᠲᠠ ᠬᠢᠵᠦ᠂ ᠠᠮᠵᠢᠯᠲᠠ ᠪᠦᠲᠦᠮᠵᠢ᠎ᠨᠢ ᠮᠠᠰᠢ ᠭᠣᠢ᠌ᠳᠠ ᠰᠠᠢ᠌ᠬᠠᠨ᠂ ᠬᠠᠷᠠᠯᠲᠠ᠎ᠨᠢ ᠴᠤᠭ ᠵᠣᠷᠢᠭ᠎ᠢ ᠬᠥᠭᠵᠢᠭᠡᠵᠦ᠂ ᠪᠠᠢ᠌ᠷᠢᠯᠠᠭᠤᠯᠤᠯᠲᠠ᠎ᠨᠢ ᠮᠠᠰᠢ ᠬᠦᠴᠦᠲᠡᠢ ᠪᠠᠢ᠌ᠵᠤ᠂ ᠡᠯ᠎ᠡ ᠲᠠᠯ᠎ᠠ ᠵᠢᠨ ᠢᠲᠡᠭᠡᠯ ᠵᠣᠷᠢᠭ᠎ᠢ ᠪᠠᠲᠤᠳᠬᠠᠬᠤ᠂ ᠴᠢᠨᠠᠷ ᠰᠠᠢ᠌ᠲᠠᠢ ᠬᠥᠭᠵᠢᠯᠲᠡ ᠵᠢ ᠬᠥᠲᠥᠯᠥᠨ ᠳᠠᠭ᠋ᠠᠭᠤᠯᠬᠤ᠎ᠳᠤ ᠠᠰᠢᠭᠲᠠᠢ ᠰᠠᠢ᠌ᠨ ᠢᠯᠡᠳᠬᠡᠯ ᠪᠣᠯᠵᠠᠢ᠃ ᠥᠩᠭᠡᠷᠡᠭᠰᠡᠨ ᠨᠢᠭᠡ ᠵᠢᠯ᠎ᠳᠤ ᠣᠷᠣᠨ ᠳᠠᠶᠠᠭ᠋ᠠᠷ ᠠᠵᠠ ᠲᠣᠭᠢᠶᠠᠯ᠎ᠢ ᠠᠮᠵᠢᠵᠤ᠂ ᠠᠵᠢᠯ ᠬᠢᠵᠦ ᠦᠢ᠍ᠯᠡᠰ ᠪᠣᠰᠬᠠᠵᠤ᠂ ᠤᠷᠤᠭᠰᠢ ᠠᠬᠢᠨ ᠲᠡᠰ ᠳᠡᠪᠰᠢᠬᠦ ᠰᠠᠢ᠌ᠨ ᠪᠠᠢ᠌ᠳᠠᠯ᠎ᠢ ᠪᠦᠷᠢᠯᠳᠦᠭᠦᠯᠵᠡᠢ᠃ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠠᠬᠢ ᠡᠨᠡ ᠵᠢᠯ᠎ᠤᠨ ᠠᠵᠢᠯ᠎ᠤᠨ ᠲᠣᠬᠢᠷᠠᠭᠤᠯᠤᠯᠲᠠ ᠪᠠᠢ᠌ᠷᠢᠯᠠᠭᠤᠯᠤᠯᠲᠠ ᠪᠦᠭᠦ ᠲᠠᠯ᠎ᠠ ᠵᠢᠨ ᠪᠥᠭᠡᠳ ᠪᠣᠳᠠᠲᠠᠢ᠂ ᠢᠳᠡᠪᠬᠢᠲᠡᠢ ᠪᠥᠭᠡᠳ ᠪᠣᠳᠠᠲᠠᠢ ᠵᠢ ᠡᠷᠬᠢᠮᠯᠡᠭᠰᠡᠨ ᠪᠠᠢ᠌ᠵᠤ᠂ ᠥᠷᠢᠰᠦᠯᠳᠦᠭᠡᠨ᠎ᠳᠤ ᠬᠠᠨᠳᠤᠵᠤ ᠠᠷᠭ᠋ᠠᠴᠠᠭ᠋ᠠᠬᠤ ᠰᠠᠢ᠌ᠨ ᠠᠷᠭ᠎ᠠ ᠬᠡᠮᠵᠢᠶ᠎ᠡ ᠲᠣᠭᠲᠠᠭ᠋ᠠᠪᠠ᠃ ᠲᠦᠩᠯᠢᠶᠣᠣ ᠬᠣᠲᠠ ᠡᠯ᠎ᠡ ᠵᠦᠢ᠍ᠯ᠎ᠤᠨ ᠡᠭᠦᠷᠭᠡ ᠵᠢ ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠵᠤ᠂ 《ᠲᠠᠪᠤᠨ ᠶᠡᠬᠡ ᠡᠭᠦᠷᠭᠡ》 ᠵᠢ ᠦᠷᠭᠦᠯᠵᠢᠯᠡᠨ ᠠᠬᠢᠭᠤᠯᠬᠤ᠂ 《ᠵᠢᠷᠭᠤᠭ᠋ᠠᠨ ᠢᠨᠵᠧᠨᠧᠷᠢᠩ》᠎ᠢ ᠦᠷᠭᠦᠯᠵᠢᠯᠡᠨ ᠬᠡᠷᠡᠭᠵᠢᠭᠦᠯᠬᠦ ᠰᠠᠭᠤᠷᠢᠨ ᠳᠡᠭᠡᠷ᠎ᠡ 《ᠵᠢᠷᠭᠤᠭ᠋ᠠᠨ ᠠᠵᠢᠯᠯᠠᠭ᠎ᠠ》 ᠵᠢ ᠨᠠᠷᠢᠨ ᠨᠢᠮᠪᠠᠢ ᠵᠣᠬᠢᠶᠠᠨ ᠪᠠᠢ᠌ᠭᠤᠯᠤᠨ ᠥᠷᠨᠢᠭᠦᠯᠵᠦ᠂ ᠪᠡᠯᠡ ᠣᠷᠣᠭᠤᠯᠤᠯᠲᠠ ᠬᠡᠷᠡᠭᠯᠡᠭᠡᠨ᠎ᠤ ᠬᠥᠳᠡᠯᠭᠡᠬᠦ ᠬᠦᠴᠦᠨ᠎ᠤ ᠲᠤᠯᠭ᠋ᠠᠭᠤᠷᠢᠯᠠᠯ᠎ᠢ ᠪᠦᠭᠦ ᠬᠦᠴᠦᠨ ᠵᠶ᠋ᠡᠷ ᠵᠶ᠋ᠡᠨ ᠴᠢᠩᠭ᠋ᠠᠳᠬᠠᠵᠤ᠂ ᠠᠵᠤ ᠦᠢ᠍ᠯᠡᠰ᠎ᠤᠨ ᠰᠢᠰᠲ᠋ᠧᠮ᠎ᠤᠨ ᠠᠵᠢᠯᠯᠠᠭ᠋ᠠᠨ᠎ᠤ ᠦᠷ᠎ᠡ ᠪᠦᠲᠦᠮᠵᠢ ᠵᠢ ᠲᠦᠷᠭᠡᠳᠬᠡᠨ ᠳᠡᠭᠡᠭᠰᠢᠯᠡᠭᠦᠯᠵᠦ᠂ ᠠᠮᠢ ᠠᠬᠤᠢ ᠵᠢᠨ ᠬᠠᠮᠠᠭ᠋ᠠᠯᠠᠯᠲᠠ ᠵᠢᠨ ᠭᠣᠣᠯᠳᠠᠯᠭ᠎ᠠ᠎ᠲᠠᠢ ᠢᠨᠵᠧᠨᠧᠷᠢᠩ᠎ᠢ ᠰᠢᠰᠲ᠋ᠧᠮ᠎ᠲᠠᠢ ᠠᠬᠢᠭᠤᠯᠵᠤ᠂ ᠠᠷᠠᠳ᠎ᠤᠨ ᠠᠮᠢᠳᠤᠷᠠᠯ᠎ᠤᠨ ᠬᠦᠷᠢᠶᠡᠨ᠎ᠳᠠᠬᠢ ᠭᠣᠣᠯᠳᠠᠯᠭ᠎ᠠ᠎ᠲᠠᠢ ᠠᠵᠢᠯ᠎ᠢ ᠯᠠᠪᠳᠠᠭᠤᠨ ᠪᠠᠲᠤᠲᠠᠢ ᠰᠠᠢ᠌ᠲᠤᠷ ᠬᠢᠵᠦ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ᠎ᠳᠤ ᠣᠷᠣᠬᠤ ᠲᠠᠯ᠎ᠠ᠎ᠪᠠᠷ ᠲᠦᠩᠯᠢᠶᠣᠣ ᠵᠢᠨ ᠵᠢᠳᠬᠦᠯ ᠴᠢᠷᠮᠠᠢ᠌ᠯᠭ᠎ᠠ ᠵᠢ ᠴᠢᠷᠮᠠᠢ᠌ᠨ ᠢᠯᠡᠷᠡᠭᠦᠯᠬᠦ ᠬᠡᠷᠡᠭᠲᠡᠢ ᠭᠡᠪᠡ᠃
ᠶᠠᠩ ᠰᠢᠶᠣᠣ ᠺᠠᠩ ᠴᠢᠯᠦᠭᠡᠯᠡᠬᠦ ᠴᠡᠷᠢᠭ ᠪᠣᠯᠣᠨ ᠵᠡᠪᠰᠡᠭᠲᠦ ᠴᠠᠭᠳᠠᠭ᠎ᠠ ᠵᠢᠨ ᠴᠡᠷᠢᠭ ᠠᠩᠭᠢ ᠵᠢᠨ ᠲᠥᠯᠥᠭᠡᠯᠡᠭᠴᠢᠳ᠎ᠤᠨ ᠪᠦᠯᠭᠦᠮ᠎ᠤᠨ ᠬᠢᠨᠠᠨ ᠵᠥᠪᠯᠡᠬᠦ᠎ᠳᠤ ᠣᠷᠤᠯᠴᠠᠬᠤ᠎ᠳᠠᠭᠠᠨ᠂ ᠢᠯᠡᠳᠬᠡᠯ᠎ᠨᠢ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠣᠣᠯ ᠰᠢᠵᠢᠮ᠎ᠤᠨ ᠲᠣᠭᠣᠷᠢᠨ᠎ᠳᠤ ᠬᠣᠶᠠᠷ ᠶᠡᠬᠡ ᠶᠠᠪᠤᠳᠠᠯ᠎ᠢ ᠰᠢᠨᠵᠢᠯᠡᠬᠦ ᠤᠬᠠᠭ᠋ᠠᠨᠴᠢ᠎ᠪᠠᠷ ᠲᠥᠯᠥᠪᠵᠢᠭᠦᠯᠦᠨ ᠰᠠᠢ᠌ᠲᠤᠷ ᠬᠢᠵᠦ᠂ ᠲᠤᠭ᠎ᠢ ᠥᠨᠳᠥᠷ ᠮᠠᠨᠳᠤᠭᠤᠯᠤᠭᠰᠠᠨ᠂ ᠭᠣᠣᠯᠯᠠᠭᠴᠢ ᠵᠢ ᠬᠠᠮᠠᠭ᠋ᠠᠯᠠᠭᠰᠠᠨ᠂ ᠵᠠᠮ ᠨᠡᠭᠡᠭᠡᠨ ᠤᠷᠤᠭᠰᠢᠯᠠᠭᠰᠠᠨ᠂ ᠬᠥᠮᠥᠰ᠎ᠢ ᠤᠷᠮᠠᠰᠢᠭᠤᠯᠤᠨ ᠵᠣᠷᠢᠭᠵᠢᠭᠤᠯᠤᠭᠰᠠᠨ ᠰᠠᠢ᠌ᠨ ᠢᠯᠡᠳᠬᠡᠯ ᠪᠣᠯᠵᠠᠢ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠴᠡᠷᠢᠭ ᠠᠩᠭᠢ ᠪᠣᠯᠤᠭᠰᠠᠨ᠎ᠤ ᠬᠤᠪᠢ᠎ᠳᠤ᠂ ᠪᠢᠳᠡ ᠡᠬᠡ ᠤᠯᠤᠰ᠎ᠤᠨ ᠤᠮᠠᠷᠠᠲᠤ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠠᠲᠤ ᠴᠣᠭᠴᠠᠯᠠᠬᠤ ᠴᠢᠬᠤᠯᠠ ᠶᠡᠬᠡ ᠤᠯᠤᠰ ᠲᠥᠷᠥ ᠵᠢᠨ ᠬᠠᠷᠢᠭᠤᠴᠠᠯᠭ᠎ᠠ ᠵᠢ ᠡᠷᠡᠰ ᠡᠭᠦᠷᠭᠡᠯᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠠᠬᠢᠭᠤᠯᠬᠤ ᠳᠤᠮᠳᠠ ᠰᠠᠨᠠᠭ᠋ᠠᠴᠢᠯᠠᠭ᠎ᠠ᠎ᠠᠴᠠ᠎ᠪᠠᠨ ᠵᠢᠳᠬᠦᠯ ᠴᠢᠷᠮᠠᠢ᠌ᠯᠭ᠎ᠠ ᠭᠠᠷᠭ᠋ᠠᠬᠤ᠎ᠪᠠᠷ ᠬᠦᠴᠦᠯᠡᠵᠦ᠂ ᠬᠢᠯᠢ ᠬᠢᠵᠠᠭ᠋ᠠᠷ᠎ᠢ ᠬᠦᠴᠦᠷᠬᠡᠭᠵᠢᠭᠦᠯᠵᠦ ᠰᠡᠷᠭᠡᠢ᠌ᠯᠡᠯᠲᠡ ᠵᠢ ᠪᠡᠬᠢᠵᠢᠭᠦᠯᠬᠦ᠂ ᠬᠣᠶᠠᠷ᠎ᠢ ᠬᠦᠷᠢᠶᠡᠯᠡᠵᠦ ᠬᠠᠮᠲᠤ᠎ᠪᠠᠷ ᠪᠠᠢ᠌ᠭᠤᠯᠬᠤ ᠵᠡᠷᠭᠡ ᠡᠭᠦᠷᠭᠡ ᠳᠤᠮᠳᠠ ᠬᠠᠷᠢᠭᠤᠴᠠᠯᠭ᠎ᠠ ᠡᠭᠦᠷᠭᠡᠯᠡᠵᠦ᠂ ᠰᠢᠨ᠎ᠡ ᠴᠠᠭ ᠦᠶ᠎ᠡ ᠵᠢᠨ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠳᠠᠢ᠌ᠴᠢᠯᠠᠯᠲᠠ ᠪᠠᠢ᠌ᠭᠤᠯᠤᠯᠲᠠ ᠵᠢ ᠪᠦᠭᠦ ᠲᠠᠯ᠎ᠠ᠎ᠪᠠᠷ ᠠᠬᠢᠭᠤᠯᠬᠤ ᠲᠣᠭᠣᠷᠢᠨ᠎ᠳᠤ᠂ ᠴᠡᠷᠢᠭ ᠪᠠᠢ᠌ᠭᠤᠯᠤᠭᠳᠠᠭᠰᠠᠨ ᠵᠠᠭᠤᠨ ᠵᠢᠯ᠎ᠤᠨ ᠲᠡᠮᠡᠴᠡᠬᠦ ᠬᠠᠷᠠᠯᠲᠠ ᠵᠢ ᠪᠡᠶᠡᠯᠡᠭᠦᠯᠬᠦ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠪᠦᠭᠦ ᠬᠦᠴᠦᠨ ᠵᠶ᠋ᠡᠷ ᠵᠶ᠋ᠡᠨ ᠰᠠᠢ᠌ᠲᠤᠷ ᠬᠢᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ᠎ᠳᠤ ᠪᠠᠲᠤ ᠪᠡᠬᠢ ᠠᠮᠤᠷ ᠲᠦᠪᠰᠢᠨ᠎ᠤ ᠪᠠᠲᠤᠯᠠᠭ᠎ᠠ ᠬᠠᠩᠭ᠋ᠠᠬᠤ ᠬᠡᠷᠡᠭᠲᠡᠢ ᠭᠡᠪᠡ᠃
ᠬᠤᠸᠠᠩ ᡁᠢ ᠴᠢᠶᠠᠩ ᠬᠥᠯᠥᠨ ᠪᠤᠢ᠌ᠷ ᠬᠤᠳᠠ ᠵᠢᠨ ᠲᠥᠯᠥᠭᠡᠯᠡᠭᠴᠢᠳ᠎ᠤᠨ ᠪᠦᠯᠭᠦᠮ᠎ᠤᠨ ᠬᠢᠨᠠᠨ ᠵᠥᠪᠯᠡᠬᠦ᠎ᠳᠤ ᠣᠷᠤᠯᠴᠠᠬᠤ᠎ᠳᠠᠭᠠᠨ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠨᠢ ᠠᠮᠵᠢᠯᠲᠠ ᠪᠦᠲᠦᠮᠵᠢ ᠵᠢ ᠪᠤᠰᠤᠳᠴᠢ᠎ᠪᠠᠷ ᠳ᠋ᠦᠩᠨᠡᠵᠦ᠂ ᠠᠰᠠᠭᠤᠳᠠᠯ᠎ᠢ ᠨᠡᠪᠲᠡᠷᠬᠡᠢ ᠵᠠᠳᠠᠯᠵᠤ᠂ ᠡᠭᠦᠷᠭᠡ ᠵᠢ ᠪᠦᠭᠦ ᠲᠠᠯ᠎ᠠ᠎ᠪᠠᠷ ᠪᠠᠢ᠌ᠷᠢᠯᠠᠭᠤᠯᠪᠠ᠃ ᠥᠩᠭᠡᠷᠡᠭᠰᠡᠨ ᠨᠢᠭᠡ ᠵᠢᠯ᠎ᠳᠤ᠂ ᠪᠢᠳᠡ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠵᠦ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ᠎ᠳᠤ ᠣᠷᠣᠬᠤ ᠯᠠᠪᠳᠠᠭᠤᠨ ᠪᠠᠲᠤᠲᠠᠢ ᠠᠯᠬᠤᠮ᠎ᠢ ᠠᠯᠬᠤᠪᠠ᠂ ᠡᠨᠡᠬᠦ ᠠᠮᠵᠢᠯᠲᠠ ᠪᠦᠲᠦᠮᠵᠢ᠎ᠨᠢ ᠭᠢᠯᠪᠠᠷ ᠪᠤᠰᠤ᠎ᠪᠠᠷ ᠢᠷᠡᠭᠰᠡᠨ ᠶᠤᠮ᠃ ᠡᠨᠡ ᠵᠢᠯ 《ᠲᠠᠪᠤᠨ ᠶᠡᠬᠡ ᠡᠭᠦᠷᠭᠡ》 ᠵᠢ ᠦᠷᠭᠦᠯᠵᠢᠯᠡᠨ ᠠᠬᠢᠭᠤᠯᠵᠤ᠂ 《ᠵᠢᠷᠭᠤᠭ᠋ᠠᠨ ᠢᠨᠵᠧᠨᠧᠷᠢᠩ》᠎ᠢ ᠦᠷᠭᠦᠯᠵᠢᠯᠡᠨ ᠬᠡᠷᠡᠭᠵᠢᠭᠦᠯᠵᠦ᠂ 《ᠵᠢᠷᠭᠤᠭ᠋ᠠᠨ ᠠᠵᠢᠯᠯᠠᠭ᠎ᠠ》 ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠢᠯᠡᠳᠬᠡᠯ᠎ᠤᠨ ᠵᠣᠷᠢᠭ ᠰᠠᠨᠠᠭ᠎ᠠ ᠵᠢ ᠯᠠᠪᠳᠠᠭᠤᠨ ᠪᠠᠲᠤᠲᠠᠢ᠎ᠪᠠᠷ ᠦᠨᠡᠨ ᠬᠦ᠌ ᠪᠣᠳᠠᠲᠠᠢ᠎ᠳᠤ ᠨᠠᠢ᠌ᠳᠠᠪᠤᠷᠢᠵᠢᠭᠤᠯᠬᠤ ᠬᠡᠷᠡᠭᠲᠡᠢ᠃ ᠬᠥᠯᠥᠨ ᠪᠤᠢ᠌ᠷ ᠬᠤᠳᠠ ᠵᠢᠨ᠎ᠬᠢᠨ ᠬᠠᠮᠠᠭ᠋ᠠᠯᠠᠯᠲᠠ ᠪᠠ ᠬᠥᠭᠵᠢᠯᠲᠡ ᠵᠢᠨ ᠬᠠᠷᠢᠴᠠᠭ᠎ᠠ ᠵᠢ ᠰᠠᠢ᠌ᠲᠤᠷ ᠰᠢᠢ᠍ᠳᠪᠦᠷᠢᠯᠡᠵᠦ᠂ ᠭᠣᠣᠯᠳᠠᠯᠭ᠎ᠠ᠎ᠲᠠᠢ ᠠᠮᠢ ᠠᠬᠤᠢ ᠵᠢᠨ ᠴᠢᠳᠠᠮᠵᠢ ᠵᠢᠨ ᠣᠷᠣᠨ᠎ᠤ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠵᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠢ᠌ᠰᠢ ᠭᠡᠯᠪᠡᠷᠢ᠎ᠪᠠᠨ ᠬᠤᠪᠢᠷᠠᠭᠤᠯᠬᠤ ᠵᠢ ᠲᠦᠷᠭᠡᠳᠬᠡᠨ ᠠᠬᠢᠭᠤᠯᠬᠤ ᠬᠡᠷᠡᠭᠲᠡᠢ᠃ ᠵᠠᠰᠠᠭ᠎ᠤᠨ ᠣᠷᠳᠣᠨ ᠪᠣᠯᠣᠨ ᠪᠦᠲᠦᠮᠵᠢᠲᠡᠢ ᠵᠠᠬ᠎ᠠ ᠳᠡᠯᠭᠡᠭᠦᠷ᠎ᠤᠨ ᠬᠠᠷᠢᠴᠠᠭ᠎ᠠ ᠵᠢ ᠰᠠᠢ᠌ᠲᠤᠷ ᠰᠢᠢ᠍ᠳᠪᠦᠷᠢᠯᠡᠵᠦ᠂ ᠨᠢᠭᠡᠳᠦᠯᠲᠡᠢ ᠲᠥᠯᠥᠪᠵᠢᠭᠦᠯᠬᠦ ᠠᠵᠢᠯ᠎ᠢ ᠰᠠᠢ᠌ᠲᠤᠷ ᠬᠢᠭᠰᠡᠨ ᠰᠠᠭᠤᠷᠢᠨ ᠳᠡᠭᠡᠷ᠎ᠡ᠂ ᠵᠠᠬ᠎ᠠ ᠳᠡᠯᠭᠡᠭᠦᠷ᠎ᠤᠨ ᠲᠣᠭᠲᠠᠴᠠ ᠵᠢᠨ ᠦᠢ᠍ᠯᠡᠳᠦᠯ᠎ᠢ ᠪᠠᠳᠠᠷᠠᠭᠤᠯᠬᠤ ᠵᠢ ᠨᠡᠩ ᠴᠢᠬᠤᠯᠠᠴᠢᠯᠠᠬᠤ ᠬᠡᠷᠡᠭᠲᠡᠢ᠃ ᠶᠡᠬᠡ ᠲᠠᠯ᠎ᠠ ᠪᠠ ᠬᠡᠰᠡᠭ ᠲᠠᠯ᠎ᠠ ᠵᠢᠨ ᠬᠠᠷᠢᠴᠠᠭ᠎ᠠ ᠵᠢ ᠰᠠᠢ᠌ᠲᠤᠷ ᠰᠢᠢ᠍ᠳᠪᠦᠷᠢᠯᠡᠵᠦ᠂ ᠬᠢᠯᠢ ᠵᠢᠨ ᠪᠣᠭᠣᠮᠲᠠ ᠵᠢᠨ ᠪᠦᠲᠦᠭᠡᠨ ᠪᠠᠢ᠌ᠭᠤᠯᠤᠯᠲᠠ᠂ ᠶᠡᠬᠡ ᠬᠢᠩᠭ᠋ᠠᠨ ᠳᠠᠪᠠᠭ᠎ᠠ ᠵᠢᠨ ᠬᠠᠮᠠᠭ᠋ᠠᠯᠠᠯᠲᠠ ᠵᠢ ᠪᠦᠭᠦ ᠤᠯᠤᠰ᠎ᠤᠨ ᠶᠡᠬᠡ ᠲᠠᠯ᠎ᠠ ᠳᠤᠮᠳᠠ ᠲᠠᠯᠪᠢᠵᠤ ᠲᠥᠯᠥᠪᠵᠢᠭᠦᠯᠦᠨ ᠠᠬᠢᠭᠤᠯᠬᠤ ᠵᠢ ᠪᠠᠷᠢᠮᠲᠠᠯᠠᠬᠤ ᠬᠡᠷᠡᠭᠲᠡᠢ᠃ ᠠᠶᠤᠯᠭᠦᠢ ᠦᠢ᠍ᠯᠡᠳᠪᠦᠷᠢᠯᠡᠯ᠎ᠢ ᠴᠢᠩᠭ᠎ᠠ ᠪᠣᠳᠠᠲᠠᠢ ᠠᠳᠬᠤᠵᠤ᠂ ᠠᠮᠤᠷ ᠲᠦᠪᠰᠢᠨ᠎ᠤ ᠠᠷᠭ᠎ᠠ ᠬᠡᠮᠵᠢᠶ᠎ᠡ ᠪᠣᠯᠣᠨ ᠬᠠᠷᠢᠭᠤᠴᠠᠯᠭ᠎ᠠ ᠵᠢ ᠪᠣᠳᠠᠲᠠᠢ᠎ᠳᠤ ᠨᠠᠢ᠌ᠳᠠᠪᠤᠷᠢᠵᠢᠭᠤᠯᠬᠤ ᠵᠢ ᠪᠠᠲᠤᠯᠠᠬᠤ ᠬᠡᠷᠡᠭᠲᠡᠢ ᠭᠡᠪᠡ᠃
ᠯᠢ ᠢᠦᠢ ᠭᠠᠩ ᠲᠦᠩᠯᠢᠶᠣᠣ ᠬᠣᠲᠠ ᠵᠢᠨ ᠲᠥᠯᠥᠭᠡᠯᠡᠭᠴᠢᠳ᠎ᠤᠨ ᠪᠦᠯᠭᠦᠮ᠎ᠤᠨ ᠬᠢᠨᠠᠨ ᠵᠥᠪᠯᠡᠬᠦ᠎ᠳᠤ ᠣᠷᠤᠯᠴᠠᠬᠤ᠎ᠳᠠᠭᠠᠨ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠨᠢ ᠤᠯᠤᠰ ᠲᠥᠷᠥ ᠵᠢᠨ ᠵᠣᠭᠰᠣᠴᠠ᠎ᠪᠠᠷ ᠥᠨᠳᠥᠷ ᠪᠠᠢ᠌ᠵᠤ᠂ ᠨᠢᠭᠡ ᠵᠢᠯ᠎ᠤᠨ ᠲᠤᠷᠰᠢᠬᠢ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ᠎ᠳᠤ ᠣᠷᠣᠬᠤ ᠲᠠᠯ᠎ᠠ᠎ᠪᠠᠷ᠎ᠬᠢ ᠭᠢᠯᠠᠯᠵᠠᠭᠰᠠᠨ ᠠᠮᠵᠢᠯᠲᠠ ᠪᠦᠲᠦᠮᠵᠢ ᠵᠢ ᠭᠦᠢ᠍ᠴᠡᠳ ᠳ᠋ᠦᠩᠨᠡᠭᠰᠡᠨ ᠪᠥᠭᠡᠳ ᠪᠠᠰᠠ ᠡᠨᠡ ᠵᠢᠯ᠎ᠤᠨ ᠠᠵᠢᠯ᠎ᠳᠤ ᠰᠢᠨᠵᠢᠯᠡᠬᠦ ᠤᠬᠠᠭ᠋ᠠᠨᠴᠢ ᠪᠠᠢ᠌ᠷᠢᠯᠠᠭᠤᠯᠤᠯᠲᠠ ᠬᠢᠵᠦ᠂ ᠪᠢᠳᠡᠨ᠎ᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠢᠲᠡᠭᠡᠯ ᠵᠣᠷᠢᠭ᠎ᠢ ᠨᠠᠩ ᠪᠠᠲᠤᠳᠬᠠᠪᠠ᠃ ᠲᠦᠩᠯᠢᠶᠣᠣ ᠬᠣᠲᠠ ᠭᠠᠵᠠᠷ ᠣᠷᠣᠨ᠎ᠤ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ᠂ ᠳᠠᠪᠠᠭᠤᠯᠢᠭ ᠠᠵᠤ ᠦᠢ᠍ᠯᠡᠰ᠎ᠲᠤ ᠠᠩᠬᠠᠷᠤᠯ ᠵᠶ᠋ᠠᠨ ᠲᠥᠪᠯᠡᠷᠡᠭᠦᠯᠵᠦ ᠲᠥᠷᠥᠯ ᠵᠦᠢ᠍ᠯ᠎ᠢ ᠭᠦᠢ᠍ᠴᠡᠳ ᠨᠥᠭᠡᠴᠡᠯᠡᠵᠦ᠂ ᠦᠨᠡᠨ ᠪᠣᠳᠠᠲᠠᠢ᠎ᠪᠠᠷ᠂ ᠴᠢᠩ ᠰᠡᠳᠬᠢᠯ᠎ᠠᠴᠠ᠎ᠪᠠᠨ ᠠᠵᠤ ᠠᠬᠤᠢ᠌ᠯᠠᠯ᠎ᠢ ᠬᠠᠪᠰᠤᠷᠤᠨ ᠵᠠᠬᠢᠶᠠᠯᠠᠭ᠎ᠠ ᠵᠢᠨ ᠬᠠᠭᠤᠳᠠᠰᠤ ᠡᠷᠢᠵᠦ ᠥᠭᠭᠦᠨ᠂ ᠵᠠᠬ᠎ᠠ ᠳᠡᠯᠭᠡᠭᠦᠷ ᠡᠷᠢᠵᠦ᠂ ᠬᠦᠴᠢᠷ ᠠᠰᠠᠭᠤᠳᠠᠯ᠎ᠢ ᠰᠢᠢ᠍ᠳᠪᠦᠷᠢᠯᠡᠨ ᠥᠭᠴᠦ᠂ ᠠᠵᠢᠯ᠎ᠤᠨ ᠪᠠᠢ᠌ᠷᠢ ᠵᠢᠨ ᠬᠡᠷᠡᠭᠴᠡᠭᠡ ᠪᠣᠯᠣᠨ ᠠᠵᠢᠯ ᠣᠯᠬᠤ ᠬᠦᠰᠡᠯ ᠰᠠᠨᠠᠯ᠎ᠢ ᠬᠣᠣᠰ ᠴᠢᠭᠯᠡᠯ ᠵᠶ᠋ᠡᠷ ᠵᠣᠯᠭ᠋ᠠᠭᠤᠯᠬᠤ ᠵᠢ ᠠᠬᠢᠭᠤᠯᠵᠤ᠂ ᠲᠠᠷᠢᠶᠠᠯᠠᠩ᠎ᠤᠨ ᠤᠰᠤ ᠠᠷᠪᠢᠯᠠᠬᠤ ᠤᠰᠤᠯᠠᠯᠲᠠ᠂ ᠠᠵᠤ ᠦᠢ᠍ᠯᠡᠳᠪᠦᠷᠢ ᠵᠢᠨ ᠤᠰᠤ ᠠᠷᠪᠢᠯᠠᠬᠤ ᠮᠡᠷᠭᠡᠵᠢᠯ᠎ᠤᠨ ᠥᠭᠡᠷᠡᠴᠢᠯᠡᠯᠲᠡ ᠵᠢᠨ ᠲᠠᠯ᠎ᠠ᠎ᠪᠠᠷ ᠬᠦᠴᠦᠯᠡᠬᠦ ᠬᠡᠷᠡᠭᠲᠡᠢ᠃ ᠵᠣᠬᠢᠶᠠᠨ ᠪᠠᠢ᠌ᠭᠤᠯᠬᠤ ᠰᠠᠯᠠᠭ᠎ᠠ ᠮᠥᠴᠢᠷ᠎ᠤᠨ᠎ᠬᠢᠨ ᠵᠣᠬᠢᠶᠠᠨ ᠪᠠᠢ᠌ᠭᠤᠯᠬᠤ ᠱᠤᠭᠤᠮ᠎ᠤᠨ ᠤᠯᠤᠰ ᠲᠦᠷᠦ ᠵᠢᠨ ᠱᠤᠭᠤᠮ᠎ᠳᠤ ᠦᠢ᠍ᠯᠡᠴᠢᠯᠡᠬᠦ ᠲᠤᠰᠢᠶᠠᠯ ᠬᠠᠷᠢᠭᠤᠴᠠᠯᠭ᠎ᠠ᠎ᠪᠠᠨ ᠦᠨᠡᠨ ᠬᠦ᠌ ᠡᠭᠦᠷᠭᠡᠯᠡᠵᠦ᠂ ᠺᠠᠳ᠋ᠷ᠎ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢ᠌ᠯᠭ᠎ᠠ ᠭᠠᠷᠭ᠋ᠠᠬᠤ ᠵᠢ ᠵᠣᠷᠢᠭᠵᠢᠭᠤᠯᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ 《ᠬᠣᠶᠠᠷ ᠦᠢ᠍ᠯᠡᠳᠦᠯ ᠴᠢᠳᠠᠪᠬᠢ》 ᠵᠢ ᠴᠢᠩᠭ᠋ᠠᠳᠬᠠᠵᠤ᠂ ᠠᠵᠤ ᠠᠬᠤᠢ ᠵᠢᠨ ᠬᠥᠭᠵᠢᠯᠲᠡ ᠵᠢᠨ ᠲᠣᠭᠣᠷᠢᠨ᠎ᠳᠤ ᠴᠢᠳᠠᠪᠤᠷᠢᠲᠠᠨ᠎ᠢ ᠣᠷᠣᠭᠤᠯᠤᠨ ᠠᠪᠴᠢᠷᠠᠵᠤ ᠴᠢᠳᠠᠪᠤᠷᠢᠲᠠᠨ᠎ᠢ ᠬᠥᠮᠥᠵᠢᠭᠦᠯᠬᠦ ᠵᠢ ᠲᠦᠷᠭᠡᠳᠬᠡᠵᠦ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠎ᠳᠤ ᠦᠢ᠍ᠯᠡᠴᠢᠯᠡᠬᠦ ᠳᠤᠮᠳᠠ ᠵᠣᠬᠢᠶᠠᠨ ᠪᠠᠢ᠌ᠭᠤᠯᠤᠯᠲᠠ ᠵᠢᠨ ᠡᠭᠦᠷᠭᠡᠯᠡᠯ᠎ᠢ ᠢᠯᠡᠷᠡᠭᠦᠯᠬᠦ ᠬᠡᠷᠡᠭᠲᠡᠢ ᠭᠡᠪᠡ᠃
ᠢᠦᠢ ᠯᠢ ᠰᠢᠨ ᠤᠯᠠᠭ᠋ᠠᠨᠴᠠᠪ ᠬᠣᠲᠠ ᠵᠢᠨ ᠲᠥᠯᠥᠭᠡᠯᠡᠭᠴᠢᠳ᠎ᠤᠨ ᠪᠦᠯᠭᠦᠮ᠎ᠤᠨ ᠬᠢᠨᠠᠨ ᠵᠥᠪᠯᠡᠬᠦ᠎ᠳᠤ ᠣᠷᠤᠯᠴᠠᠬᠤ᠎ᠳᠠᠭᠠᠨ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠨᠢ ᠠᠮᠵᠢᠯᠲᠠ ᠪᠦᠲᠦᠮᠵᠢ ᠵᠢ ᠪᠦᠭᠦ ᠲᠠᠯ᠎ᠠ᠎ᠪᠠᠷ ᠪᠤᠰᠤᠳᠴᠢ᠎ᠪᠠᠷ ᠳ᠋ᠦᠩᠨᠡᠵᠦ᠂ ᠠᠵᠢᠯ᠎ᠤᠨ ᠠᠷᠭ᠎ᠠ ᠬᠡᠮᠵᠢᠶ᠎ᠡ ᠵᠢ ᠬᠦᠴᠦᠲᠡᠢ ᠪᠠᠢ᠌ᠷᠢᠯᠠᠭᠤᠯᠵᠤ ᠂ ᠢᠲᠡᠭᠡᠯ ᠵᠣᠷᠢᠭ ᠵᠶ᠋ᠠᠨ ᠬᠥᠪᠴᠢᠯᠡᠵᠦ᠂ ᠳᠠᠬᠢᠨᠲᠠ ᠰᠢᠯᠢᠳᠡᠭ ᠠᠮᠵᠢᠯᠲᠠ ᠪᠦᠲᠦᠮᠵᠢ ᠵᠢ ᠡᠭᠦᠳᠬᠦ ᠴᠢᠩᠭ᠎ᠠ ᠳᠣᠬᠢᠶ᠎ᠠ ᠵᠢ ᠳᠠᠮᠵᠢᠭᠤᠯᠵᠤ᠂ ᠢᠳᠡᠪᠬᠢᠲᠡᠢ ᠪᠣᠳᠠᠲᠠᠢ ᠵᠢ ᠡᠷᠬᠢᠮᠯᠡᠭᠰᠡᠨ᠂ ᠬᠥᠮᠥᠰ᠎ᠢ ᠤᠷᠮᠠᠰᠢᠭᠤᠯᠤᠨ ᠵᠣᠷᠢᠭᠵᠢᠭᠤᠯᠤᠭᠰᠠᠨ ᠰᠠᠢ᠌ᠨ ᠢᠯᠡᠳᠬᠡᠯ ᠪᠣᠯᠵᠠᠢ᠃ ᠪᠢᠳᠡ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠶᠢᠰᠦᠳᠦᠭᠡᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠵᠣᠷᠢᠭ ᠰᠠᠨᠠᠭ᠎ᠠ ᠵᠢ ᠬᠣᠯᠪᠣᠨ ᠨᠠᠪᠲᠠᠷᠡᠭᠦᠯᠵᠦ ᠣᠢ᠌ᠯᠠᠭ᠋ᠠᠨ ᠡᠵᠡᠮᠰᠢᠵᠦ᠂ ᠳᠠᠪᠠᠭᠤᠯᠢᠭ ᠵᠶ᠋ᠠᠨ ᠪᠠᠳᠠᠷᠠᠭᠤᠯᠬᠤ᠂ ᠳᠤᠲᠠᠭᠤᠳᠠᠯ ᠵᠶ᠋ᠠᠨ ᠨᠥᠬᠥᠪᠦᠷᠢᠯᠡᠬᠦ᠂ ᠪᠠᠭᠤᠷᠠᠢ ᠲᠠᠯ᠎ᠠ᠎ᠪᠠᠨ ᠬᠦᠴᠦᠷᠬᠡᠭᠵᠢᠭᠦᠯᠬᠦ ᠳᠡᠭᠡᠷ᠎ᠡ ᠬᠦᠴᠦ ᠲᠠᠯᠪᠢᠵᠤ᠂ ᠥᠭᠡᠷᠡᠴᠢᠯᠡᠯᠲᠡ᠎ᠪᠠᠷ ᠬᠥᠳᠡᠯᠭᠡᠬᠦ ᠬᠦᠴᠦᠨ ᠪᠣᠯᠭ᠋ᠠᠨ ᠬᠦᠴᠢᠷ ᠠᠰᠠᠭᠤᠳᠠᠯ᠎ᠢ ᠰᠢᠢ᠍ᠳᠪᠦᠷᠢᠯᠡᠬᠦ᠂ ᠬᠥᠭᠵᠢᠯᠲᠡ ᠵᠢ ᠠᠬᠢᠭᠤᠯᠬᠤ᠂ ᠰᠢᠨ᠎ᠡ ᠪᠠᠢ᠌ᠳᠠᠯ᠎ᠢ ᠡᠭᠦᠳᠬᠦ ᠵᠢ ᠪᠠᠷᠢᠮᠲᠠᠯᠠᠵᠤ᠂ ᠮᠠᠨ᠎ᠤ ᠣᠷᠣᠨ᠎ᠤ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠦᠷᠭᠦᠯᠵᠢᠯᠡᠨ ᠰᠠᠢ᠌ᠵᠢᠷᠠᠬᠤ ᠵᠢ ᠠᠬᠢᠭᠤᠯᠬᠤ ᠬᠡᠷᠡᠭᠲᠡᠢ᠃ ᠤᠯᠠᠭ᠋ᠠᠨᠴᠠᠪ ᠬᠤᠳᠠ ᠡᠬᠢ ᠪᠠᠶᠠᠯᠢᠭ᠎ᠤᠨ ᠳᠠᠪᠠᠭᠤᠯᠢᠭ ᠪᠣᠯᠣᠨ ᠠᠵᠤ ᠦᠢ᠍ᠯᠡᠰ᠎ᠤᠨ ᠰᠠᠭᠤᠷᠢ᠎ᠲᠠᠢ᠎ᠪᠠᠨ ᠤᠶᠠᠯᠳᠤᠭᠤᠯᠤᠨ᠂ ᠬᠥᠭᠵᠢᠯᠲᠡ ᠵᠢᠨ ᠴᠢᠭᠯᠡᠯ ᠵᠶ᠋ᠡᠨ ᠣᠨᠢᠯᠠᠵᠤ᠂ ᠠᠵᠤ ᠦᠢ᠍ᠯᠡᠰ᠎ᠤᠨ ᠪᠠᠢ᠌ᠷᠢᠰᠢᠭᠤᠯᠤᠯᠲᠠ᠎ᠪᠠᠨ ᠰᠢᠯᠢᠳᠡᠭᠵᠢᠭᠦᠯᠦᠨ᠂ ᠥᠪᠥᠷ ᠮᠣᠩᠭᠣᠯ᠎ᠤᠨ ᠰᠢᠨ᠎ᠡ ᠵᠠᠮ ᠨᠡᠭᠡᠭᠡᠵᠦ ᠳᠤᠮᠳᠠ ᠲᠦᠪᠰᠢᠨ᠎ᠳᠤ ᠣᠷᠣᠬᠤ ᠳᠤᠮᠳᠠ ᠨᠡᠩ ᠶᠡᠬᠡ ᠡᠭᠦᠷᠭᠡᠯᠡᠯ᠎ᠢ ᠢᠯᠡᠷᠡᠭᠦᠯᠵᠦ᠂ ᠨᠡᠩ ᠶᠡᠬᠡ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠢ ᠭᠡᠪᠡ᠃