1 ᠰᠠᠷ᠎ᠠ ᠵᠢᠨ 15᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯ ᠡᠳ᠋᠎ᠤᠨ ᠵᠠᠰᠠᠭ ᠠᠵᠤ ᠠᠬᠤᠢ ᠵᠢᠨ ᠵᠥᠪᠯᠡᠯ᠎ᠤᠨ ᠬᠤᠷᠠᠯ ᠬᠤᠷᠠᠯᠳᠤᠭᠤᠯᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2024 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢ᠌ᠭᠡᠮ᠎ᠤᠨ ᠬᠥᠭᠵᠢᠯᠲᠡ ᠵᠢᠨ ᠲᠥᠯᠥᠪᠯᠡᠭᠡ ᠵᠢ ᠭᠦᠢ᠍ᠴᠡᠳᠬᠡᠭᠰᠡᠨ ᠪᠠᠢ᠌ᠳᠠᠯ ᠵᠢᠴᠢ 2025 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢ᠌ᠭᠡᠮ᠎ᠤᠨ ᠬᠥᠭᠵᠢᠯᠲᠡ ᠵᠢᠨ ᠲᠥᠯᠥᠪᠯᠡᠭᠡ ᠵᠢᠨ ᠲᠥᠰᠥᠯ᠎ᠤᠨ ᠲᠤᠬᠠᠢ ᠮᠡᠳᠡᠭᠦᠯᠦᠯᠲᠡ》 ᠬᠢᠭᠡᠳ 2025 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢ᠌ᠭᠡᠮ᠎ᠤᠨ ᠬᠥᠭᠵᠢᠯᠲᠡ ᠵᠢᠨ ᠲᠥᠯᠥᠪᠯᠡᠭᠡ ᠵᠢᠨ ᠲᠥᠰᠥᠯ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2024 ᠣᠨ᠎ᠤ ᠲᠥᠰᠥᠪ᠎ᠢ ᠭᠦᠢ᠍ᠴᠡᠳᠬᠡᠭᠰᠡᠨ ᠪᠠᠢ᠌ᠳᠠᠯ ᠪᠠ 2025 ᠣᠨ᠎ᠤ ᠲᠥᠰᠥᠪ᠎ᠤᠨ ᠲᠥᠰᠥᠯ᠎ᠤᠨ ᠲᠤᠬᠠᠢ ᠮᠡᠳᠡᠭᠦᠯᠦᠯᠲᠡ》 ᠵᠢᠴᠢ 2025 ᠣᠨ᠎ᠤ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠲᠥᠰᠥᠪ᠎ᠤᠨ ᠲᠥᠰᠥᠯ᠎ᠢ ᠬᠢᠨᠠᠨ ᠪᠠᠢ᠌ᠴᠠᠭ᠋ᠠᠪᠠ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠳᠡᠳ᠋ ᠡᠷᠭᠢᠯᠡᠭᠴᠢ ᠳ᠋ᠤᠸᠠᠨ ᡁᠢ ᠴᠢᠶᠠᠩ ᠬᠤᠷᠠᠯ᠎ᠳᠤ ᠣᠷᠣᠯᠴᠠᠵᠠᠢ᠃
ᠥᠪᠡᠷᠲᠡᠭᠡᠨ ᠵᠠᠰᠠᠬᠤ ᠣᠷᠣᠨ᠎ᠤ 2025 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢ᠌ᠭᠡᠮ᠎ᠤᠨ ᠬᠥᠭᠵᠢᠯᠲᠡ ᠵᠢᠨ ᠬᠠᠷᠠᠯᠲᠠ ᠡᠭᠦᠷᠭᠡ ᠵᠢ ᠪᠡᠶᠡᠯᠡᠭᠦᠯᠬᠦ ᠵᠢ ᠪᠠᠲᠤᠯᠠᠬᠤ ᠵᠢᠨ ᠲᠥᠯᠥᠭᠡ ᠡᠳ᠋᠎ᠤᠨ ᠵᠠᠰᠠᠭ ᠠᠵᠤ ᠠᠬᠤᠢ ᠵᠢᠨ ᠵᠥᠪᠯᠡᠯ᠎ᠠᠴᠠ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠦᠷᠭᠦᠯᠵᠢᠯᠡᠨ ᠰᠠᠢ᠌ᠵᠢᠷᠠᠬᠤ ᠵᠢ ᠪᠦᠭᠦ ᠬᠦᠴᠦᠨ ᠵᠶ᠋ᠡᠷ ᠵᠶ᠋ᠡᠨ ᠠᠬᠢᠭᠤᠯᠵᠤ᠂ ᠡᠷᠡᠰ ᠭᠤᠢ᠌ᠪᠢᠰᠢ ᠦᠭᠡᠢ᠎ᠪᠠᠷ ᠪᠡᠯᠡ ᠣᠷᠣᠭᠤᠯᠤᠯᠲᠠ ᠵᠢ ᠠᠳᠬᠤᠬᠤ᠂ ᠲᠦᠷᠦᠯ ᠵᠦᠢ᠍ᠯ ᠣᠯᠬᠤ᠂ ᠬᠡᠷᠡᠭᠯᠡᠭᠡ ᠵᠢ ᠠᠬᠢᠭᠤᠯᠬᠤ ᠵᠢ ᠪᠠᠷᠢᠮᠲᠠᠯᠠᠵᠤ᠂ ᠥᠪᠥᠷ ᠮᠣᠩᠭᠣᠯ᠎ᠤᠨ ᠣᠨᠴᠠᠯᠢᠭ ᠪᠦᠬᠦᠢ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲᠸᠮ᠎ᠢ ᠲᠦᠷᠭᠡᠳᠬᠡᠨ ᠪᠠᠢ᠌ᠭᠤᠯᠵᠤ᠂ ᠣᠷᠣᠨ ᠪᠦᠰᠡ ᠵᠢᠨ ᠵᠣᠬᠢᠴᠠᠩᠭᠤᠢ ᠲᠡᠩᠴᠡᠭᠦᠷᠢᠲᠡᠢ ᠬᠥᠭᠵᠢᠯᠲᠡ ᠵᠢ ᠲᠠᠰᠤᠷᠠᠯᠲᠠ ᠦᠭᠡᠢ ᠠᠬᠢᠭᠤᠯᠵᠤ᠂ ᠡᠬᠢ ᠪᠠᠶᠠᠯᠢᠭ᠎ᠢ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢ᠌ᠵᠢᠷᠠᠭᠤᠯᠬᠤ ᠡᠷᠴᠢᠮ᠎ᠢ ᠦᠨᠡᠨ ᠬᠦ᠌ ᠴᠢᠩᠭ᠋ᠠᠷᠠᠭᠤᠯᠬᠤ ᠬᠡᠷᠡᠭᠲᠡᠢ ᠭᠡᠬᠦ ᠰᠠᠨᠠᠭᠤᠯᠭ᠎ᠠ ᠳᠤᠷᠠᠳᠴᠠᠢ᠃
ᠥᠪᠡᠷᠲᠡᠭᠡᠨ ᠵᠠᠰᠠᠬᠤ ᠣᠷᠣᠨ᠎ᠤ 2025 ᠣᠨ᠎ᠤ ᠡᠳ᠋᠎ᠤᠨ ᠵᠠᠰᠠᠭ᠎ᠤᠨ ᠲᠥᠰᠥᠪ᠎ᠤᠨ ᠬᠠᠷᠠᠯᠲᠠ ᠡᠭᠦᠷᠭᠡ ᠵᠢ ᠪᠡᠶᠡᠯᠡᠭᠦᠯᠬᠦ ᠵᠢ ᠪᠠᠲᠤᠯᠠᠬᠤ ᠵᠢᠨ ᠲᠥᠯᠥᠭᠡ ᠡᠳ᠋᠎ᠤᠨ ᠵᠠᠰᠠᠭ ᠠᠵᠤ ᠠᠬᠤᠢ ᠵᠢᠨ ᠵᠥᠪᠯᠡᠯ᠎ᠠᠴᠠ ᠨᠠᠩ ᠢᠳᠡᠪᠬᠢᠲᠡᠢ ᠡᠳ᠋᠎ᠤᠨ ᠵᠠᠰᠠᠭ᠎ᠤᠨ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ᠂ ᠲᠥᠰᠥᠪ᠎ᠤᠨ ᠬᠠᠮᠢᠶᠠᠷᠤᠯᠲᠠ ᠵᠢ ᠴᠢᠩᠭ᠋ᠠᠳᠬᠠᠨ ᠰᠠᠢ᠌ᠵᠢᠷᠠᠭᠤᠯᠬᠤ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠥᠷᠢ ᠥᠭᠴᠡᠭᠡ ᠵᠢᠨ ᠬᠠᠮᠢᠶᠠᠷᠤᠯᠲᠠ ᠵᠢ ᠴᠢᠩᠭ᠋ᠠᠳᠬᠠᠬᠤ᠂ ᠡᠳ᠋᠎ᠤᠨ ᠵᠠᠰᠠᠭ ᠭᠠᠢ᠌ᠯᠢ ᠵᠢᠨ ᠪᠠᠢ᠌ᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠰᠠᠨᠠᠭᠤᠯᠭ᠎ᠠ ᠳᠤᠷᠠᠳᠪᠠ᠃
ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ 2024 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢ᠌ᠭᠡᠮ᠎ᠤᠨ ᠬᠥᠭᠵᠢᠯᠲᠡ ᠵᠢᠨ ᠲᠥᠯᠥᠪᠯᠡᠭᠡ ᠵᠢ ᠬᠡᠷᠡᠭᠵᠢᠭᠦᠯᠦᠭᠰᠡᠨ ᠪᠠᠢ᠌ᠳᠠᠯ ᠵᠢᠴᠢ 2025 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢ᠌ᠭᠡᠮ᠎ᠤᠨ ᠬᠥᠭᠵᠢᠯᠲᠡ ᠵᠢᠨ ᠲᠥᠯᠥᠪᠯᠡᠭᠡ ᠵᠢᠨ ᠲᠥᠰᠥᠯ᠎ᠢ ᠬᠢᠨᠠᠨ ᠪᠠᠢ᠌ᠴᠠᠭ᠋ᠠᠭᠰᠠᠨ ᠦᠷ᠎ᠡ ᠳ᠋ᠦᠩ᠎ᠤᠨ ᠲᠤᠬᠠᠢ ᠮᠡᠳᠡᠭᠦᠯᠦᠯᠲᠡ ᠵᠢᠴᠢ ᠰᠢᠢ᠍ᠳᠪᠦᠷᠢ ᠵᠢᠨ ᠲᠥᠰᠥᠯ᠂ ᠥᠪᠡᠷᠲᠡᠭᠡᠨ ᠵᠠᠰᠠᠬᠤ ᠣᠷᠣᠨ᠎ᠤ 2024 ᠣᠨ᠎ᠤ ᠲᠥᠰᠥᠪ᠎ᠢ ᠭᠦᠢ᠍ᠴᠡᠳᠬᠡᠭᠰᠡᠨ ᠪᠠᠢ᠌ᠳᠠᠯ ᠪᠠ 2025 ᠣᠨ᠎ᠤ ᠲᠥᠰᠥᠪ᠎ᠤᠨ ᠲᠥᠰᠥᠯ᠎ᠢ ᠬᠢᠨᠠᠨ ᠪᠠᠢ᠌ᠴᠠᠭ᠋ᠠᠭᠰᠠᠨ ᠦᠷ᠎ᠡ ᠳ᠋ᠦᠩ᠎ᠤᠨ ᠲᠤᠬᠠᠢ ᠮᠡᠳᠡᠭᠦᠯᠦᠯᠲᠡ ᠵᠢᠴᠢ ᠰᠢᠢ᠍ᠳᠪᠦᠷᠢ ᠵᠢᠨ ᠲᠥᠰᠥᠯ᠎ᠢ ᠵᠠᠷᠴᠢᠮ ᠳᠡᠭᠡᠷ᠎ᠡ᠎ᠪᠠᠨ ᠪᠠᠲᠤᠯᠠᠵᠤ᠂ ᠬᠣᠶᠠᠷ ᠬᠢᠨᠠᠨ ᠪᠠᠢ᠌ᠴᠠᠭ᠋ᠠᠭᠰᠠᠨ ᠦᠷ᠎ᠡ ᠳ᠋ᠦᠩ᠎ᠤᠨ ᠮᠡᠳᠡᠭᠦᠯᠦᠯᠲᠡ ᠵᠢ ᠶᠡᠬᠡ ᠬᠤᠷᠠᠯ᠎ᠤᠨ ᠲᠡᠷᠢᠭᠦᠯᠡᠭᠴᠢᠳ᠎ᠤᠨ ᠪᠦᠯᠭᠦᠮ᠎ᠳᠤ ᠳᠡᠪᠰᠢᠭᠦᠯᠵᠦ ᠬᠢᠨᠠᠨ ᠵᠥᠪᠯᠡᠭᠦᠯᠬᠦ᠎ᠪᠠᠷ ᠲᠣᠭᠲᠠᠪᠠ᠃