2025 ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ   -   ᠮᠡᠳᠡᠭᠡᠯᠡᠯ
ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠳ ᠳᠤᠭᠤᠢ᠌ᠯᠠᠩ ᠬᠤᠪᠢᠶᠠᠵᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠢ ᠶᠠᠷᠢᠯᠴᠠᠪᠠ
ᠨᠡᠶ᠋ᠢᠲᠡᠯᠡᠭᠰᠡᠨ ᠴᠠᠭ᠄ 2025-01-16

    1 ᠰᠠᠷ᠎ᠠ ᠵᠢᠨ 15᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ ᠵᠢᠨ ᠵᠥᠪᠯᠡᠯᠭᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠬᠣᠷᠢᠶ᠎ᠠ ᠵᠢᠨ ᠭᠤᠷᠪᠠᠳᠤᠭ᠋ᠠᠷ ᠬᠤᠷᠠᠯ᠎ᠳᠤ ᠣᠷᠣᠯᠴᠠᠵᠤ ᠪᠠᠢ᠌ᠭ᠎ᠠ ᠭᠡᠰᠢᠭᠦᠳ ᠳᠤᠭᠤᠢ᠌ᠯᠠᠩ ᠬᠤᠪᠢᠶᠠᠵᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠢ ᠶᠠᠷᠢᠯᠴᠠᠪᠠ᠃

    ᠡᠯ᠎ᠡ ᠶᠠᠷᠢᠯᠴᠠᠬᠤ ᠬᠤᠷᠠᠯ᠎ᠤᠨ ᠠᠬᠤᠢ ᠲᠠᠯᠠᠪᠠᠢ᠎ᠳᠤ ᠭᠡᠰᠢᠭᠦᠳ ᠲᠥᠷᠥᠭᠳᠡᠯ ᠵᠶ᠋ᠡᠨ ᠶᠠᠷᠢᠵᠤ᠂ ᠬᠥᠭᠵᠢᠯᠲᠡ ᠵᠢ ᠶᠠᠷᠢᠯᠴᠠᠵᠤ᠂ ᠭᠦᠷ ᠬᠥᠭᠵᠢᠶᠡᠨ ᠵᠶ᠋ᠡᠷ ᠪᠢᠯᠬᠠᠨ᠎ᠠ᠃ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠤᠨ ᠠᠭᠤᠯᠭ᠎ᠠ᠎ᠨᠢ ᠪᠦᠭᠦ ᠲᠠᠯ᠎ᠠ ᠵᠢᠨ᠂ ᠲᠣᠭ᠎ᠠ ᠪᠠᠷᠢᠮᠲᠠ᠎ᠨᠢ ᠨᠠᠷᠢᠨ ᠪᠣᠳᠠᠲᠠᠢ᠂ ᠭᠣᠣᠯᠳᠠᠯᠭ᠎ᠠ᠎ᠨᠢ ᠲᠣᠪᠣᠢ᠌ᠮ᠎ᠠ ᠪᠠᠢ᠌ᠵᠤ᠂ ᠣᠨᠴᠠᠯᠢᠭ᠎ᠨᠢ ᠢᠯᠡ ᠲᠣᠳᠣ᠂ ᠭᠢᠯᠠᠰ ᠴᠡᠭ ᠵᠠᠯᠭ᠋ᠠᠭ᠎ᠠ᠎ᠪᠠᠷ ᠢᠯᠡᠷᠡᠭᠰᠡᠨ᠂ ᠬᠥᠮᠥᠰ᠎ᠤᠨ ᠰᠡᠳᠬᠢᠯ᠎ᠢ ᠨᠢᠭᠲᠠᠷᠠᠭᠤᠯᠤᠭᠰᠠᠨ 《ᠠᠮᠵᠢᠯᠲᠠ ᠵᠢᠨ ᠬᠠᠭᠤᠳᠠᠰᠤ》 ᠪᠣᠯᠣᠨ᠎ᠠ᠂ ᠪᠠᠰᠠ ᠴᠤ᠌ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠭᠦ ᠲᠠᠯ᠎ᠠ᠎ᠪᠠᠷ ᠭᠦᠨᠵᠡᠭᠡᠢ᠌ᠷᠡᠭᠦᠯᠬᠦ᠂ ᠴᠢᠨᠠᠷ ᠰᠠᠢ᠌ᠲᠠᠢ ᠬᠥᠭᠵᠢᠯᠲᠡ ᠵᠢ ᠪᠦᠭᠦ ᠲᠠᠯ᠎ᠠ᠎ᠪᠠᠷ ᠠᠬᠢᠭᠤᠯᠬᠤ 《ᠪᠠᠷᠢᠯᠭ᠎ᠠ ᠵᠢᠨ ᠵᠢᠷᠤᠭ ᠲᠥᠰᠥᠪ》 ᠪᠣᠯᠣᠨ᠎ᠠ᠂ ᠡᠨᠡ᠎ᠨᠢ ᠬᠥᠮᠥᠰ᠎ᠢ ᠶᠡᠬᠡᠳᠡ ᠤᠷᠮᠠᠰᠢᠭᠤᠯᠤᠨ ᠵᠣᠷᠢᠭᠵᠢᠭᠤᠯᠪᠠ ᠭᠡᠵᠦ ᠣᠯᠠᠨ ᠵᠶ᠋ᠠᠷ ᠵᠶ᠋ᠠᠨ ᠰᠠᠨᠠᠯ ᠨᠢᠭᠡᠲᠡᠢ ᠦᠵᠡᠵᠡᠭᠡᠪᠡ᠃

    ᠲᠠᠷᠢᠶᠠᠯᠠᠩ ᠮᠠᠯ ᠠᠵᠤ ᠠᠬᠤᠢ ᠵᠢᠨ ᠡᠲᠡᠭᠡᠳ᠎ᠤᠨ ᠯᠢ ᡁᠢ ᠭᠠᠩ ᠭᠡᠰᠢᠭᠦᠨ᠄ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ ᠡᠩ ᠲᠡᠷᠢᠭᠦᠨ᠎ᠳᠤ ᠬᠥᠮᠥᠰ᠎ᠢ ᠵᠣᠷᠢᠭᠵᠢᠭᠤᠯᠤᠭᠰᠠᠨ᠎ᠨᠢ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠦᠷᠳᠡᠭ ᠵᠢᠱ᠌ᠢᠯᠲᠡ᠎ᠪᠠᠷ 6% ᠣᠷᠴᠢᠮ ᠨᠡᠮᠡᠭᠳᠡᠵᠦ᠂ 2.6 ᠲᠦᠮᠡᠨ ᠳ᠋ᠦᠩᠰᠢᠭᠤᠷ ᠲᠥᠭᠥᠷᠢᠭ᠎ᠢ ᠳᠠᠪᠠᠵᠤ᠂ ᠶᠡᠷᠦᠩᠬᠡᠢ ᠬᠡᠮᠵᠢᠶ᠎ᠡ᠎ᠨᠢ ᠪᠦᠭᠦ ᠤᠯᠤᠰ᠎ᠤᠨ ᠨᠡᠷᠡᠰ᠎ᠤᠨ ᠵᠢᠭᠰᠠᠭ᠋ᠠᠯᠲᠠ᠎ᠳᠤ 20 ᠳ᠋ᠤᠭ᠋ᠠᠷ᠎ᠲᠤ ᠣᠷᠣᠵᠤ᠂ 5 ᠵᠢᠯ ᠠᠯᠤᠰᠯᠠᠭ᠋ᠠᠳ ᠪᠦᠭᠦ ᠤᠯᠤᠰ᠎ᠤᠨ ᠳᠤᠮᠳᠠ ᠲᠦᠪᠰᠢᠨ᠎ᠳᠤ ᠪᠤᠴᠠᠬᠤ ᠪᠣᠯᠣᠮᠵᠢ᠎ᠲᠠᠢ ᠪᠣᠯᠤᠭᠰᠠᠨ ᠶᠠᠪᠤᠳᠠᠯ ᠪᠣᠯᠣᠨ᠎ᠠ᠃ ᠡᠨᠡ ᠪᠣᠯ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠳᠤᠷᠢᠳᠤᠯᠭ᠎ᠠ ᠳᠣᠣᠷ᠎ᠠ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠵᠦ᠂ 〈ᠵᠢᠷᠭᠤᠭ᠋ᠠᠨ ᠢᠨᠵᠧᠨᠧᠷᠢᠩ〉᠎ᠢ ᠰᠠᠢ᠌ᠲᠤᠷ ᠠᠳᠬᠤᠭᠰᠠᠨ ᠮᠥᠨ ᠴᠢᠨᠠᠷ᠎ᠤᠨ ᠠᠯᠬᠤᠭ᠎ᠠ ᠪᠤᠯᠣᠨ᠎ᠠ; ᠳᠠᠷᠠᠭ᠋ᠠᠯᠠᠪᠠᠯ ᠠᠮᠤ ᠪᠤᠳᠠᠭ᠋ᠠᠨ᠎ᠤ ᠶᠡᠷᠦᠩᠬᠡᠢ ᠤᠨᠠᠯᠲᠠ 820.1 ᠳ᠋ᠦᠩᠰᠢᠭᠤᠷ ᠵᠢᠩ᠎ᠳᠤ ᠬᠦᠷᠴᠦ᠂ 〈ᠬᠣᠷᠢᠨ ᠨᠢᠭᠡᠨ ᠵᠢᠯ ᠳᠠᠷᠠᠭ᠋ᠠᠯᠠᠨ ᠡᠯᠪᠡᠭ ᠬᠤᠷᠢᠶᠠᠯᠲᠠ ᠣᠯᠬᠤ〉 ᠵᠢ ᠪᠡᠶᠡᠯᠡᠭᠦᠯᠵᠦ᠂ ᠨᠡᠮᠡᠭᠳᠡᠯ᠎ᠤᠨ ᠬᠡᠮᠵᠢᠶ᠎ᠡ᠎ᠨᠢ ᠪᠦᠭᠦ ᠤᠯᠤᠰ᠎ᠲᠤ ᠭᠤᠷᠪᠠᠳᠤᠭ᠋ᠠᠷ᠎ᠲᠤ ᠵᠢᠭᠰᠠᠪᠠ᠃ ᠲᠠᠷᠢᠶᠠᠯᠠᠩ᠎ᠤᠨ ᠠᠵᠢᠯᠲᠠᠨ ᠪᠣᠯᠤᠭᠰᠠᠨ᠎ᠤ ᠬᠤᠪᠢ᠎ᠳᠤ ᠪᠢᠳᠡ ᠮᠠᠰᠢ ᠣᠮᠣᠭᠰᠢᠵᠤ ᠪᠠᠢ᠌ᠨ᠎ᠠ᠃ ᠢᠯᠡᠳᠬᠡᠯ᠎ᠤᠨ 2025 ᠣᠨ᠎ᠤ ᠠᠵᠢᠯ᠎ᠤᠨ ᠲᠣᠬᠢᠷᠠᠭᠤᠯᠤᠯᠲᠠ᠎ᠳᠤ 〈ᠪᠣᠬᠢᠷᠳᠤᠯ ᠦᠭᠡᠢ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠡᠳ᠋ᠰᠢᠭᠦᠯᠬᠦ ᠦᠢ᠍ᠯᠡᠰ᠎ᠢ ᠰᠠᠢ᠌ᠲᠤᠷ ᠬᠢᠬᠦ ᠬᠡᠷᠡᠭᠲᠡᠢ〉 ᠭᠡᠵᠦ ᠳᠤᠷᠠᠳᠤᠭᠰᠠᠨ ᠪᠥᠭᠡᠳ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠠᠵᠢᠯ᠎ᠳᠤ ᠴᠢᠭᠯᠡᠯ᠎ᠢ ᠲᠣᠳᠣᠷᠬᠠᠢ ᠵᠢᠭ᠋ᠠᠵᠤ ᠥᠭᠴᠡᠢ》 ᠭᠡᠪᠡ᠃

    《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ 〈ᠣᠯᠠᠨ ᠲᠦᠮᠡᠨ᠎ᠢ ᠭᠡᠷ᠎ᠤᠨ ᠵᠶ᠋ᠡᠨ ᠡᠭᠦᠳᠡᠨ᠎ᠳᠤ ᠡᠪᠡᠳᠴᠢᠨ ᠵᠶ᠋ᠡᠨ ᠡᠮᠨᠡᠭᠦᠯᠵᠦ ᠳᠡᠢ᠌ᠯᠭᠦ ᠪᠤᠯᠭ᠋ᠠᠬᠤ ᠬᠡᠷᠡᠭᠲᠡᠢ〉 ᠭᠡᠵᠦ ᠳᠤᠷᠠᠳᠤᠭᠰᠠᠨ᠎ᠢ ᠪᠢ ᠮᠠᠰᠢ ᠵᠥᠪᠰᠢᠶᠡᠷᠡᠵᠦ ᠪᠠᠢ᠌ᠨ᠎ᠠ᠃ ᠣᠳᠣᠬᠠᠨ᠎ᠳᠤ ᠥᠪᠥᠷ ᠮᠣᠩᠭᠣᠯ ᠤᠯᠤᠰ᠎ᠤᠨ ᠣᠷᠣᠨ ᠪᠦᠰᠡ ᠵᠢᠨ ᠡᠮᠴᠢᠯᠡᠭᠡᠨ᠎ᠤ ᠲᠥᠪ᠎ᠤᠨ ᠪᠦᠲᠦᠭᠡᠨ ᠪᠠᠢ᠌ᠭᠤᠯᠤᠯᠲᠠ ᠵᠢ ᠪᠦᠭᠦ ᠬᠦᠴᠦᠨ ᠵᠶ᠋ᠡᠷ ᠠᠬᠢᠭᠤᠯᠵᠤ᠂ ᠱᠠᠲᠤᠴᠢ ᠴᠢᠨᠠᠷᠲᠠᠢ ᠦᠷ᠎ᠡ ᠪᠦᠲᠦᠭᠡᠯ ᠣᠯᠪᠠ᠃ ᠨᠢᠭᠡ ᠲᠠᠯ᠎ᠠ᠎ᠪᠠᠷ᠂ ᠠᠷᠠᠳ ᠲᠦᠮᠡᠨ᠎ᠢ ᠭᠡᠷ᠎ᠤᠨ ᠵᠢᠡᠨ ᠡᠭᠦᠳᠡᠨ᠎ᠳᠤ ᠨᠠᠷᠠᠲᠤ ᠡᠮᠴᠢ ᠵᠢᠨ ᠡᠬᠢ ᠪᠠᠶᠠᠯᠢᠭ᠎ᠢ ᠡᠳ᠋ᠯᠡᠵᠦ ᠳᠡᠢ᠌ᠯᠭᠦ ᠪᠤᠯᠭ᠋ᠠᠵᠤ᠂ ᠣᠨᠣᠰᠢᠯᠠᠨ ᠡᠮᠨᠡᠬᠦ ᠳᠥᠭᠦᠮ ᠳᠥᠲᠡ ᠴᠢᠨᠠᠷ ᠪᠠ ᠦᠷᠭᠦᠯᠵᠢᠯᠡᠬᠦ ᠴᠢᠨᠠᠷ᠎ᠢ ᠪᠠᠲᠤᠯᠠᠵᠤ᠂ ᠨᠥᠭᠦᠭᠡ ᠲᠠᠯ᠎ᠠ᠎ᠪᠠᠷ ᠪᠠᠰᠠ ᠥᠪᠡᠷᠲᠡᠭᠡᠨ ᠵᠠᠰᠠᠬᠤ ᠣᠷᠣᠨ᠎ᠳᠤ ᠨᠢᠭᠡ ᠪᠦᠯᠦᠭ ᠰᠢᠯᠢᠳᠡᠭ ᠪᠡᠯᠡᠳᠬᠡᠯ ᠴᠢᠳᠠᠪᠤᠷᠢᠲᠠᠨ᠎ᠢ ᠬᠥᠮᠥᠵᠢᠭᠦᠯᠦᠨ ᠥᠭᠴᠦ᠂ ᠲᠣᠰ ᠭᠠᠵᠠᠷ᠎ᠤᠨ ᠡᠮᠨᠡᠯᠭᠡ ᠵᠢᠨ ᠬᠣᠷᠢᠶ᠎ᠠ ᠵᠢᠨ ᠡᠮᠴᠢᠯᠡᠭᠡᠨ᠎ᠤ ᠦᠢ᠍ᠯᠡᠴᠢᠯᠡᠭᠡ ᠵᠢᠨ ᠶᠠᠰᠤ ᠴᠢᠨᠠᠷ᠎ᠢ ᠪᠦᠭᠦ ᠲᠠᠯ᠎ᠠ᠎ᠪᠠᠷ ᠳᠡᠭᠡᠭᠰᠢᠯᠡᠭᠦᠯᠵᠦ ᠪᠣᠯᠣᠨ᠎ᠠ᠃ ᠡᠮᠨᠡᠯᠭᠡ ᠵᠢᠨ ᠠᠵᠢᠯᠲᠠᠨ ᠪᠣᠯᠤᠭᠰᠠᠨ᠎ᠤ ᠬᠤᠪᠢ᠎ᠳᠤ ᠪᠢ ᠮᠡᠳᠡᠭᠦᠯᠦᠯᠲᠡ᠎ᠳᠠᠬᠢ ᠱᠠᠭ᠋ᠠᠷᠳᠠᠯᠭ᠎ᠠ ᠵᠢ ᠦᠷᠭᠦᠯᠵᠢᠯᠡᠨ ᠢᠳᠡᠪᠬᠢᠲᠡᠢ ᠴᠤᠤᠷᠢᠶᠠᠲᠤᠨ ᠳᠠᠭ᠋ᠠᠵᠤ᠂ ᠲᠥᠷᠥ ᠵᠢᠨ ᠪᠣᠳᠣᠯᠭ᠎ᠠ ᠵᠢᠨ ᠠᠵᠠ ᠲᠣᠭᠢᠶᠠᠯ᠎ᠢ ᠠᠮᠵᠢᠨ ᠥᠪᠡᠷ᠎ᠤᠨ ᠲᠤᠬᠠᠢ᠌ᠯᠠᠭᠰᠠᠨ ᠠᠵᠢᠯ᠎ᠤᠨ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠴᠢᠨᠠᠷ ᠰᠠᠢ᠌ᠲᠠᠢ ᠣᠨᠣᠰᠢᠯᠠᠨ ᠡᠮᠨᠡᠬᠦ ᠦᠢ᠍ᠯᠡᠴᠢᠯᠡᠭᠡ ᠵᠢ ᠰᠡᠳᠬᠢᠯ ᠲᠠᠯᠪᠢᠨ ᠰᠠᠢ᠌ᠲᠤᠷ ᠬᠢᠵᠦ᠂ ᠣᠯᠠᠨ ᠲᠦᠮᠡᠨ᠎ᠤ ᠡᠷᠡᠭᠦᠯ ᠮᠡᠨᠳᠦ ᠵᠢᠨ ᠬᠠᠮᠠᠭ᠋ᠠᠯᠠᠭᠴᠢ ᠪᠣᠯᠣᠨ᠎ᠠ》 ᠭᠡᠵᠦ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠡᠲᠡᠭᠡᠳ᠎ᠤᠨ ᠭᠡᠰᠢᠭᠦᠨ ᠭᠦᠸᠧ ᠰᠢᠨ ᠵᠢᠶᠦ᠋ᠨ ᠬᠡᠯᠡᠪᠡ᠃

    ᠠᠵᠢᠯᠴᠢᠨ᠎ᠤ ᠡᠪᠯᠡᠯ᠎ᠤᠨ ᠡᠲᠡᠭᠡᠳ᠎ᠤᠨ ᠬᠠᠨ ᠸᠧᠢ ᠭᠡᠰᠢᠭᠦᠨ᠂ ᠨᠢᠭᠡ ᠵᠢᠯ᠎ᠤᠨ ᠲᠤᠷᠰᠢᠬᠢ ᠪᠦᠭᠦ ᠣᠷᠣᠨ᠎ᠤ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠡᠯ᠎ᠡ ᠵᠦᠢ᠍ᠯ᠎ᠤᠨ ᠠᠵᠢᠯ᠎ᠤᠨ ᠣᠯᠣᠯᠲᠠ ᠪᠠ ᠠᠬᠢᠴᠠ᠎ᠨᠢ ᠬᠥᠮᠥᠰ᠎ᠢ ᠵᠣᠷᠢᠭᠵᠢᠭᠤᠯᠤᠨ᠎ᠠ᠃ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ 11 ᠲᠠᠯ᠎ᠠ ᠵᠢᠨ ᠠᠵᠢᠯ᠎ᠢ ᠭᠣᠣᠯᠳᠠᠯᠭ᠎ᠠ᠎ᠲᠠᠢ ᠰᠠᠢ᠌ᠲᠤᠷ ᠬᠢᠨ᠎ᠡ ᠭᠡᠵᠦ ᠳᠤᠷᠠᠳᠪᠠ᠃ ᠡᠭᠦᠨ᠎ᠳᠤ 2 ᠳ᠋ᠤᠭ᠋ᠠᠷ ᠵᠤᠷᠪᠤᠰ᠎ᠲᠤ ᠣᠯᠠᠨ ᠲᠦᠮᠡᠨ 《ᠰᠠᠢ᠌ᠨ ᠭᠡᠷ ᠪᠠᠢ᠌ᠰᠢᠩ᠂ ᠰᠠᠢ᠌ᠨ ᠰᠠᠭᠤᠭ᠋ᠠᠯᠢ ᠠᠷᠠᠳ᠎ᠤᠨ ᠲᠣᠭᠣᠷᠢᠭ》᠎ᠲᠤ ᠬᠦᠰᠡᠯ ᠡᠷᠡᠮᠡᠯᠵᠡᠯ ᠲᠠᠯᠪᠢᠵᠤ ᠪᠠᠢ᠌ᠭ᠎ᠠ ᠪᠣᠯᠬᠣᠷ ᠣᠷᠣᠨ ᠰᠠᠭᠤᠴᠠ ᠵᠢᠨ ᠪᠦᠲᠦᠭᠡᠨ ᠪᠠᠢ᠌ᠭᠤᠯᠤᠯᠲᠠ ᠪᠠ ᠠᠳᠠᠯ ᠠᠬᠤᠢ ᠵᠢᠨ ᠬᠠᠮᠢᠶᠠᠷᠤᠯᠲᠠ ᠵᠢᠨ ᠬᠢᠷᠢ ᠲᠦᠪᠰᠢᠨ ᠵᠶ᠋ᠡᠨ ᠳᠡᠭᠡᠭᠰᠢᠯᠡᠭᠦᠯᠭᠦ ᠬᠡᠷᠡᠭᠲᠡᠢ ᠭᠡᠵᠡᠢ᠃ 《ᠵᠢᠵᠢᠭ ᠠᠳᠠᠯ ᠠᠬᠤᠢ》᠎ᠨᠢ 《ᠶᠡᠬᠡ ᠠᠷᠠᠳ᠎ᠤᠨ ᠠᠮᠢᠳᠤᠷᠠᠯ᠎ᠲᠠᠢ ᠬᠣᠯᠪᠣᠭᠳᠠᠵᠤ》᠂ ᠠᠳᠠᠯ ᠠᠬᠤᠢ ᠵᠢᠨ ᠬᠠᠮᠢᠶᠠᠷᠤᠯᠲᠠ ᠵᠢᠨ ᠬᠢᠷᠢ ᠲᠦᠪᠰᠢᠨ᠎ᠤ ᠥᠨᠳᠥᠷ ᠳᠣᠣᠷ᠎ᠠ᠎ᠨᠢ ᠲᠦᠭ ᠲᠦᠮᠡᠨ ᠠᠢ᠌ᠯ ᠡᠷᠦᠭᠡ ᠵᠢᠨ ᠠᠮᠢᠳᠤᠷᠠᠯ᠎ᠤᠨ ᠴᠢᠨᠠᠷ ᠴᠢᠨᠰᠠᠭ᠎ᠠ ᠵᠢ ᠨᠥᠯᠥᠭᠡᠯᠡᠵᠦ ᠪᠠᠢ᠌ᠳᠠᠭ᠃ ᠠᠳᠠᠯ ᠠᠬᠤᠢ ᠵᠢᠨ ᠠᠵᠢᠯ ᠲᠥᠷᠥᠯ᠎ᠤᠨ ᠠᠵᠤ ᠠᠬᠤᠢ᠌ᠯᠠᠯ ᠪᠣᠯᠤᠭᠰᠠᠨ᠎ᠤ ᠬᠤᠪᠢ᠎ᠳᠤ ᠪᠢᠳᠡ ᠮᠠᠨ᠎ᠤ ᠣᠷᠣᠨ᠎ᠤ ᠠᠳᠠᠯ ᠠᠬᠤᠢ ᠵᠢᠨ ᠬᠠᠮᠢᠶᠠᠷᠤᠯᠲᠠ ᠵᠢᠨ ᠬᠠᠮᠤᠭ᠎ᠤᠨ ᠰᠢᠨ᠎ᠡ᠎ᠪᠠᠷ ᠨᠡᠢ᠌ᠲᠡᠯᠡᠭᠰᠡᠨ ᠳᠦᠷᠢᠮ ᠵᠶ᠋ᠡᠷ ᠠᠵᠠ ᠲᠣᠭᠢᠶᠠᠯ ᠪᠤᠯᠭ᠋ᠠᠵᠤ᠂ ᠠᠵᠢᠯ᠎ᠤᠨ ᠰᠡᠳᠬᠢᠮᠵᠢ᠎ᠪᠠᠨ ᠥᠷᠭᠡᠳᠬᠡᠨ᠂ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠠᠷᠭ᠎ᠠ ᠬᠡᠮᠵᠢᠶ᠎ᠡ ᠵᠢᠨ ᠰᠢᠨ᠎ᠡ ᠵᠢ ᠡᠭᠦᠳᠴᠦ᠂ ᠮᠠᠨ᠎ᠤ ᠣᠷᠣᠨ᠎ᠤ ᠠᠳᠠᠯ ᠠᠬᠤᠢ ᠵᠢᠨ ᠬᠥᠭᠵᠢᠯᠲᠡ᠎ᠳᠤ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠪᠡ᠃

    ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠡᠲᠡᠭᠡᠳ᠎ᠤᠨ ᠭᠡᠰᠢᠭᠦᠨ ᠴᠧᠨ ᠪᠦᠦ ᠢᠦᠢ᠄ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ ᠵᠣᠬᠢᠶᠠᠮᠠᠯ ᠤᠶᠤᠨ ᠴᠢᠳᠠᠪᠤᠷᠢ ᠵᠢᠨ ᠠᠵᠤ ᠦᠢ᠍ᠯᠡᠰ᠎ᠤᠨ ᠰᠠᠭᠤᠷᠢᠨ᠎ᠢ ᠪᠠᠢ᠌ᠭᠤᠯᠤᠨ᠎ᠠ ᠭᠡᠵᠦ ᠳᠤᠷᠠᠳᠴᠠᠢ᠂ ᠡᠨᠡ᠎ᠨᠢ ᠨᠠᠳᠠ᠎ᠳᠤ ᠭᠦᠨ ᠰᠠᠭᠤᠭᠳᠠᠯ ᠦᠯᠡᠳᠡᠭᠡᠵᠡᠢ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠺᠤᠮᠫᠠᠨᠢ ᠵᠢᠨ ᠠᠵᠢᠯᠲᠠᠨ ᠪᠣᠯᠤᠭᠰᠠᠨ᠎ᠤ ᠬᠤᠪᠢ᠎ᠳᠤ ᠪᠢ 〈ᠥᠪᠥᠷ ᠮᠣᠩᠭᠣᠯ᠎ᠤᠨ ᠪᠣᠬᠢᠷᠳᠤᠯ ᠦᠭᠡᠢ ᠪᠤᠳᠤᠬᠤ ᠴᠢᠳᠠᠪᠤᠷᠢ ᠵᠢᠨ ᠳᠠᠪᠠᠭᠤᠯᠢᠭ᠎ᠢ ᠪᠠᠳᠠᠷᠠᠭᠤᠯᠵᠤ᠂ ᠵᠣᠬᠢᠶᠠᠮᠠᠯ ᠤᠶᠤᠨ ᠴᠢᠳᠠᠪᠤᠷᠢ ᠪᠣᠯᠣᠨ ᠲᠣᠭ᠋ᠠᠴᠢᠯᠠᠭᠰᠠᠨ ᠳᠠᠩᠰᠠ ᠡᠪᠬᠡᠮᠡᠯ᠎ᠢ ᠠᠭᠤᠰᠤᠯᠴᠠᠭᠤᠯᠤᠨ ᠬᠥᠭᠵᠢᠭᠦᠯᠬᠦ ᠵᠢ ᠠᠬᠢᠭᠤᠯᠵᠤ᠂ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠲᠦᠷᠭᠡᠳᠬᠡᠨ ᠪᠦᠷᠢᠯᠳᠦᠭᠦᠯᠬᠦ ᠬᠡᠷᠡᠭᠲᠡᠢ〉 ᠭᠡᠰᠡᠨ ᠰᠠᠨᠠᠯ ᠳᠤᠷᠠᠳᠤᠯᠭ᠎ᠠ ᠳᠡᠪᠰᠢᠭᠦᠯᠪᠡ᠃ ᠪᠢᠳᠡ ᠥᠪᠥᠷ ᠮᠣᠩᠭᠣᠯ᠎ᠤᠨ ᠲᠠᠩᠰᠠ ᠡᠪᠬᠡᠮᠡᠯ᠎ᠤᠨ ᠰᠣᠶᠣᠯ᠎ᠤᠨ ᠠᠭᠤᠯᠤᠭᠳᠠᠬᠤᠨ ᠭᠦᠨ ᠵᠤᠵᠠᠭ᠋ᠠᠨ ᠣᠨᠴᠠᠯᠢᠭ᠎ᠲᠤ ᠴᠢᠭᠯᠡᠭᠦᠯᠦᠨ᠂ ᠣᠶᠤᠨᠴᠢ ᠲᠠᠩᠰᠠ ᠡᠪᠬᠡᠮᠡᠯ᠎ᠳᠤ ᠦᠨᠳᠦᠰᠦᠯᠡᠨ ᠬᠦᠷᠢᠶ᠎ᠡ ᠴᠠᠷᠠᠭ᠎ᠠ᠎ᠪᠠᠨ ᠨᠠᠷᠢᠨ ᠬᠤᠪᠢᠶᠠᠵᠤ᠂ ᠲᠡᠷᠢᠭᠦᠨ᠎ᠤ ᠦᠢ᠍ᠯᠡᠳᠬᠦᠨ᠎ᠢ ᠰᠤᠳᠤᠯᠤᠨ ᠨᠡᠭᠡᠭᠡᠵᠦ᠂ ᠪᠤᠳᠤᠬᠤ ᠬᠦᠴᠦᠨ᠎ᠤ ᠳᠠᠪᠠᠭᠤᠯᠢᠭ᠎ᠲᠤ ᠲᠦᠰᠢᠭᠯᠡᠨ ᠪᠦᠭᠦ ᠤᠯᠤᠰ᠎ᠲᠤ ᠴᠢᠨᠠᠷ ᠰᠠᠢ᠌ᠲᠠᠢ ᠦᠢ᠍ᠯᠡᠴᠢᠯᠡᠭᠡ ᠭᠠᠷᠭ᠋ᠠᠨ᠎ᠠ᠃ ᠡᠭᠦᠨ᠎ᠤ ᠬᠠᠮᠲᠤ ᠡᠯ᠎ᠡ ᠲᠠᠯ᠎ᠠ ᠵᠢᠨ᠎ᠬᠢᠨ᠎ᠤ ᠬᠣᠯᠪᠣᠭ᠋ᠠᠯᠠᠬᠤ ᠵᠢ ᠪᠦᠭᠦ ᠬᠦᠴᠦᠨ ᠵᠶ᠋ᠡᠷ ᠠᠬᠢᠭᠤᠯᠵᠤ᠂ ᠮᠡᠷᠭᠡᠵᠢᠯ᠎ᠤᠨ ᠪᠣᠭᠣᠮᠢ ᠵᠢ ᠰᠢᠪᠲᠤᠯᠵᠤ᠂ ᠣᠶᠤᠨᠴᠢ ᠲᠠᠩᠰᠠ ᠡᠪᠬᠡᠮᠡᠯ᠎ᠤᠨ ᠠᠵᠤ ᠦᠢ᠍ᠯᠡᠰ᠎ᠤᠨ ᠥᠷᠨᠢᠨ ᠬᠥᠭᠵᠢᠬᠦ ᠵᠢ ᠠᠬᠢᠭᠤᠯᠤᠨ᠎ᠠ》 ᠭᠡᠵᠦ ᠬᠡᠯᠡᠪᠡ᠃

    ᠭᠡᠰᠢᠭᠦᠳ ᠥᠪᠡᠷ ᠥᠪᠡᠷ᠎ᠤᠨ ᠠᠵᠢᠯ᠎ᠤᠨ ᠪᠣᠳᠠᠲᠠᠢ᠎ᠲᠠᠢ᠎ᠪᠠᠨ ᠤᠶᠠᠯᠳᠤᠭᠤᠯᠤᠨ ᠰᠠᠨᠠᠯ ᠰᠠᠨᠠᠭᠤᠯᠭ᠎ᠠ᠎ᠪᠠᠨ ᠴᠢᠯᠦᠭᠡᠲᠡᠢ ᠶᠠᠷᠢᠵᠤ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ ᠳᠤᠷᠠᠳᠤᠭᠰᠠᠨ ᠬᠠᠷᠠᠯᠲᠠ ᠡᠭᠦᠷᠭᠡ᠎ᠲᠠᠢ ᠨᠢᠭᠲᠠ ᠤᠶᠠᠯᠳᠤᠭᠤᠯᠤᠨ᠂ ᠭᠦᠨᠵᠡᠭᠡᠢ ᠪᠠᠢ᠌ᠴᠠᠭ᠋ᠠᠨ ᠰᠤᠳᠤᠯᠤᠯᠲᠠ ᠬᠢᠵᠦ᠂ ᠰᠢᠨ᠎ᠡ ᠵᠢ ᠡᠭᠦᠳᠬᠦ ᠠᠷᠭ᠎ᠠ ᠬᠡᠮᠵᠢᠶ᠎ᠡ ᠵᠢ ᠢᠯᠡᠭᠦᠬᠡᠨ ᠰᠦᠪᠡᠭᠴᠢᠯᠡᠨ᠂ ᠰᠣᠳᠣ ᠮᠡᠷᠭᠡᠨ ᠰᠠᠨᠠᠯ ᠰᠠᠨᠠᠭᠤᠯᠭ᠎ᠠ ᠵᠢ ᠢᠯᠡᠭᠦᠬᠡᠨ ᠳᠤᠷᠠᠳᠴᠤ᠂ ᠪᠣᠳᠠᠲᠠᠢ ᠵᠢ ᠡᠷᠬᠢᠮᠯᠡᠭᠰᠡᠨ ᠠᠷᠭ᠎ᠠ ᠪᠣᠳᠣᠯᠭ᠎ᠠ ᠵᠢ ᠢᠯᠡᠭᠦᠬᠡᠨ ᠳᠡᠪᠰᠢᠭᠦᠯᠵᠦ᠂ ᠥᠭᠡᠷᠡᠴᠢᠯᠡᠯᠲᠡ ᠵᠢᠨ ᠬᠦᠴᠦᠨ᠎ᠢ ᠢᠯᠡᠭᠦᠬᠡᠨ ᠨᠢᠭᠲᠠᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢ᠌ᠲᠠᠢ ᠬᠥᠭᠵᠢᠯᠲᠡ᠎ᠳᠤ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠵᠡᠭᠡᠪᠡ᠃

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ