1 ᠰᠠᠷ᠎ᠠ ᠵᠢᠨ 15᠎ᠤ ᠡᠳᠦᠷ᠂ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠬᠣᠷᠢᠶ᠎ᠠ ᠵᠢᠨ ᠭᠤᠷᠪᠠᠳᠤᠭ᠋ᠠᠷ ᠬᠤᠷᠠᠯ᠎ᠤᠨ ᠣᠷᠴᠢᠨ ᠲᠣᠭᠣᠷᠢᠨ ᠡᠬᠢ ᠪᠠᠶᠠᠯᠢᠭ᠎ᠤᠨ ᠡᠲᠡᠭᠡᠳ᠂ ᠲᠠᠷᠢᠶᠠᠯᠠᠩ ᠮᠠᠯ ᠠᠵᠤ ᠠᠬᠤᠢ ᠵᠢᠨ ᠡᠲᠡᠭᠡᠳ᠎ᠤᠨ ᠭᠡᠰᠢᠭᠦᠳ᠎ᠤᠨ ᠳᠤᠭᠤᠢ᠌ᠯᠠᠩ ᠬᠠᠮᠲᠤᠷᠠᠭᠰᠠᠨ ᠶᠠᠷᠢᠯᠴᠠᠭ᠎ᠠ᠎ᠳᠤ ᠣᠷᠣᠯᠴᠠᠪᠠ᠃ ᠵᠠᠩ ᠶᠠᠨ ᠺᠦᠨ ᠣᠷᠣᠯᠴᠠᠵᠤ ᠶᠠᠷᠢᠶ᠎ᠠ ᠲᠠᠯᠪᠢᠵᠠᠢ᠃
ᠳᠤᠭᠤᠢ᠌ᠯᠠᠩ ᠬᠠᠮᠲᠤᠷᠠᠭᠰᠠᠨ ᠬᠤᠷᠠᠯ ᠳᠡᠭᠡᠷ᠎ᠡ᠂ ᠯᠢᠦ ᠵᠧᠨ᠂ ᠬᠤᠸᠠᠩ ᠵᠠᠨ ᠪᠢᠩ᠂ ᠵᠠᠩ ᠳ᠋ᠢᠶᠠᠨ ᠱᠧᠩ᠂ ᠭᠤᠤ ᠷᠦᠨ ᠬᠣᠩ᠂ ᠶᠢᠨ ᠢᠦᠢ ᠾᠧ᠂ ᠬᠣᠩ ᠮᠧᠢ᠂ ᠭᠦᠩ ᡁᠢ ᠴᠢᠶᠠᠩ᠂ ᠭᠤᠤ ᠯᠢ ᠰᠢᠨ᠂ ᠵᠧᠦ ᠰᠢᠤᠸᠠᠢ ᠴᠤᠤ᠂ ᠪᠦᠦ ᠸᠧᠢ᠂ ᠯᠦ᠍ ᠴᠢᠤᠸᠠᠨ ᠵᠦᠩ᠂ ᠴᠧᠨ ᠵᠢᠢ ᠯᠢᠨ᠂ ᠶᠦᠨ ᠯᠢ ᠶᠠᠨ᠂ ᠵᠠᠩ ᠬᠤᠸᠠ ᠵᠧᠨ ᠵᠡᠷᠭᠡ ᠭᠡᠰᠢᠭᠦᠨ ᠤᠷᠢᠳ ᠬᠣᠵᠢᠳ ᠦᠭᠡ ᠬᠡᠯᠡᠵᠦ᠂ ᠰᠦᠨ ᠱᠤᠤ ᠴᠧᠩ ᠤᠯᠠᠨ᠎ᠤ ᠶᠠᠷᠢᠬᠤ ᠵᠢ ᠰᠣᠨᠣᠰᠬᠤ ᠵᠢᠨ ᠳᠠᠭ᠋ᠠᠤ ᠲᠡᠮᠳᠡᠭᠯᠡᠵᠦ᠂ ᠪᠠᠢ᠌ᠨ ᠲᠠᠭᠢᠨ ᠤᠯᠠᠨ᠎ᠲᠠᠢ ᠶᠠᠷᠢᠯᠴᠠᠨ ᠰᠣᠯᠢᠯᠴᠠᠵᠤ ᠪᠠᠢ᠌ᠪᠠ᠃ ᠲᠡᠷᠡ᠂ ᠤᠯᠠᠨ᠎ᠤ ᠬᠡᠯᠡᠭᠰᠡᠨ ᠮᠠᠰᠢ ᠰᠠᠢ᠌ᠨ᠂ ᠳᠤᠷᠠᠳᠤᠭᠰᠠᠨ ᠰᠠᠨᠠᠭᠤᠯᠭ᠎ᠠ᠎ᠨᠢ ᠬᠠᠨᠳᠤᠯᠭ᠋ᠠᠲᠤ ᠴᠢᠨᠠᠷᠲᠠᠢ ᠮᠥᠷᠲᠡᠭᠡᠨ ᠪᠠᠰᠠ ᠪᠣᠳᠠᠲᠠᠢ ᠬᠡᠷᠡᠭᠵᠢᠭᠦᠯᠵᠦ ᠪᠣᠯᠬᠤᠢ᠌ᠴᠠ ᠴᠢᠨᠠᠷᠲᠠᠢ ᠪᠠᠢ᠌ᠨ᠎ᠠ᠂ ᠬᠣᠯᠪᠣᠭᠳᠠᠯ ᠪᠦᠬᠦᠢ ᠲᠠᠯ᠎ᠠ ᠵᠢᠨ᠎ᠬᠢᠨ ᠨᠠᠷᠢᠨ ᠬᠢᠨᠠᠮᠠᠭ᠋ᠠᠢ ᠰᠤᠳᠤᠯᠤᠨ ᠰᠢᠩᠭᠡᠬᠡᠨ ᠠᠪᠬᠤ ᠬᠡᠷᠡᠭᠲᠡᠢ ᠭᠡᠪᠡ᠃

1 ᠰᠠᠷ᠎ᠠ ᠵᠢᠨ 15᠎ᠤ ᠡᠳᠦᠷ᠂ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠬᠣᠷᠢᠶ᠎ᠠ ᠵᠢᠨ ᠭᠤᠷᠪᠠᠳᠤᠭ᠋ᠠᠷ ᠬᠤᠷᠠᠯ᠎ᠤᠨ ᠣᠷᠴᠢᠨ ᠲᠣᠭᠣᠷᠢᠨ ᠡᠬᠢ ᠪᠠᠶᠠᠯᠢᠭ᠎ᠤᠨ ᠡᠲᠡᠭᠡᠳ᠂ ᠲᠠᠷᠢᠶᠠᠯᠠᠩ ᠮᠠᠯ ᠠᠵᠤ ᠠᠬᠤᠢ ᠵᠢᠨ ᠡᠲᠡᠭᠡᠳ᠎ᠤᠨ ᠭᠡᠰᠢᠭᠦᠳ᠎ᠤᠨ ᠳᠤᠭᠤᠢ᠌ᠯᠠᠩ ᠬᠠᠮᠲᠤᠷᠠᠭᠰᠠᠨ ᠶᠠᠷᠢᠯᠴᠠᠭ᠎ᠠ᠎ᠳᠤ ᠣᠷᠣᠯᠴᠠᠪᠠ᠃
ᠲᠤᠰ ᠰᠣᠨᠢᠨ᠎ᠤ ᠰᠤᠷᠪᠤᠯᠵᠢᠯᠠᠬ᠍ᠴᠢ ᠮᠠ ᠵᠢᠶᠠᠨ ᠪᠢᠩ ᠰᠡᠭᠦᠳᠡᠷᠯᠡᠪᠡ
ᠰᠦᠨ ᠱᠤᠤ ᠴᠧᠩ᠂ ᠵᠠᠩ ᠶᠠᠨ ᠺᠦᠨ ᠨᠥᠬᠥᠷ᠎ᠤᠨ ᠬᠢᠭᠰᠡᠨ ᠤᠯᠤᠰ ᠲᠦᠷᠦ ᠵᠢᠨ ᠵᠥᠪᠯᠡᠯᠭᠡᠨ᠎ᠤ ᠪᠠᠢ᠌ᠩᠭᠤ ᠵᠢᠨ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ᠎ᠨᠢ ᠠᠵᠢᠯ ᠵᠶ᠋ᠠᠨ ᠳ᠋ᠦᠩᠨᠡᠬᠦ᠎ᠳᠡᠭᠡᠨ ᠦᠨᠡᠨ᠎ᠠᠴᠠ ᠵᠥᠪ᠎ᠢ ᠡᠷᠢᠵᠦ᠂ ᠪᠠᠢ᠌ᠷᠢᠯᠠᠭᠤᠯᠤᠭᠰᠠᠨ ᠡᠭᠦᠷᠭᠡ᠎ᠨᠢ ᠲᠣᠳᠣᠷᠬᠠᠢ ᠪᠥᠭᠡᠳ ᠪᠣᠳᠠᠲᠠᠢ ᠪᠠᠢ᠌ᠵᠤ᠂ ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠴᠦ᠂ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠭᠰᠠᠨ ᠰᠠᠢ᠌ᠨ ᠮᠡᠳᠡᠭᠦᠯᠦᠯᠲᠡ ᠪᠣᠯᠵᠠᠢ ᠭᠡᠪᠡ᠃
ᠰᠦᠨ ᠱᠤᠤ ᠴᠧᠩ᠂ ᠥᠩᠭᠡᠷᠡᠭᠰᠡᠨ ᠨᠢᠭᠡ ᠵᠢᠯ᠎ᠳᠤ ᠪᠦᠭᠦ ᠣᠷᠣᠨ᠎ᠤ ᠤᠯᠤᠰ ᠲᠦᠷᠦ ᠵᠢᠨ ᠵᠥᠪᠯᠡᠯᠭᠡᠨ᠎ᠤ ᠠᠵᠢᠯ ᠮᠠᠰᠢ ᠶᠡᠬᠡ ᠠᠮᠵᠢᠯᠲᠠ ᠣᠯᠵᠠᠢ᠂ ᠭᠦᠢ᠍ᠴᠡᠳ ᠨᠤᠲᠠᠯᠠᠭᠤᠰᠢᠲᠠᠢ ᠪᠠᠢ᠌ᠨ᠎ᠠ᠃ ᠰᠢᠨ᠎ᠡ ᠨᠢᠭᠡ ᠵᠢᠯ᠎ᠳᠤ ᠡᠯ᠎ᠡ ᠱᠠᠲᠤᠨ᠎ᠤ ᠤᠯᠤᠰ ᠲᠥᠷᠥ ᠵᠢᠨ ᠵᠥᠪᠯᠡᠯᠭᠡᠨ᠎ᠤ ᠵᠣᠬᠢᠶᠠᠨ ᠪᠠᠢ᠌ᠭᠤᠯᠤᠯᠲᠠ ᠪᠣᠯᠣᠨ ᠥᠷᠭᠡᠨ ᠣᠯᠠᠨ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠳ ᠶᠡᠷᠦᠩᠬᠡᠢ ᠱᠦᠵᠢ ᠰᠢ ᠵᠢᠨ ᠫᠢᠩ᠎ᠤᠨ ᠠᠷᠠᠳ᠎ᠤᠨ ᠤᠯᠤᠰ ᠲᠥᠷᠥ ᠵᠢᠨ ᠵᠥᠪᠯᠡᠯᠭᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠭᠣᠣᠯ ᠠᠵᠢᠯ᠎ᠤᠨ ᠲᠣᠭᠣᠷᠢᠨ᠎ᠳᠤ ᠶᠡᠬᠡ ᠲᠠᠯ᠎ᠠ᠎ᠳᠤ ᠦᠢ᠍ᠯᠡᠴᠢᠯᠡᠬᠦ ᠵᠢ ᠪᠠᠷᠢᠮᠲᠠᠯᠠᠵᠤ᠂ ᠨᠢᠭᠡ ᠭᠣᠣᠯ ᠰᠢᠵᠢᠮ᠎ᠢ ᠲᠤᠭᠤᠰᠢᠯᠠᠭᠤᠯᠬᠤ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠂ 《ᠲᠠᠪᠤᠨ ᠶᠡᠬᠡ ᠡᠭᠦᠷᠭᠡ》 ᠵᠢ ᠪᠡᠶᠡᠯᠡᠭᠦᠯᠬᠦ᠂ 《ᠵᠢᠷᠭᠤᠭ᠋ᠠᠨ ᠢᠨᠵᠧᠨᠧᠷᠢᠩ》᠎ᠢ ᠬᠡᠷᠡᠭᠵᠢᠭᠦᠯᠬᠦ᠂ 《ᠵᠢᠷᠭᠤᠭ᠋ᠠᠨ ᠠᠵᠢᠯᠯᠠᠭ᠎ᠠ》 ᠵᠢ ᠥᠷᠨᠢᠭᠦᠯᠬᠦ ᠳᠤ ᠠᠩᠬᠠᠷᠤᠯ ᠵᠶ᠋ᠡᠨ ᠲᠥᠪᠯᠡᠷᠡᠭᠦᠯᠵᠦ᠂ ᠦᠨᠡᠨ ᠦᠭᠡ ᠬᠡᠯᠡᠵᠦ᠂ ᠰᠠᠢ᠌ᠨ ᠠᠷᠭ᠎ᠠ ᠤᠬᠠᠭ᠋ᠠᠨ ᠳᠡᠪᠰᠢᠭᠦᠯᠵᠦ᠂ ᠪᠣᠳᠠᠲᠠᠢ ᠠᠷᠭ᠎ᠠ ᠪᠣᠳᠣᠯᠭ᠎ᠠ ᠭᠠᠷᠭ᠋ᠠᠨ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢ᠌ᠲᠠᠢ ᠬᠥᠭᠵᠢᠯᠲᠡ᠎ᠳᠤ ᠨᠠᠩ ᠶᠡᠬᠡ ᠰᠢᠨ᠎ᠡ ᠬᠤᠪᠢ ᠨᠡᠮᠡᠷᠢ ᠦᠵᠡᠭᠦᠯᠭᠦ᠎ᠪᠠᠷ ᠴᠢᠷᠮᠠᠢ᠌ᠬᠤ ᠬᠡᠷᠡᠭᠲᠡᠢ ᠭᠡᠪᠡ᠃
ᠰᠦᠨ ᠱᠤᠤ ᠴᠧᠩ᠂ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ ᠪᠣᠯᠣᠨ ᠡᠬᠢ ᠪᠠᠶᠠᠯᠢᠭ᠎ᠤᠨ ᠨᠡᠭᠡᠭᠡᠨ ᠠᠰᠢᠭᠯᠠᠯᠲᠠ ᠵᠢ ᠴᠢᠩᠭ᠋ᠠᠳᠬᠠᠬᠤ᠎ᠨᠢ ᠥᠪᠥᠷ ᠮᠣᠩᠭᠣᠯ᠎ᠤᠨ ᠪᠣᠬᠢᠷᠳᠤᠯ ᠦᠭᠡᠢ ᠬᠥᠭᠵᠢᠯᠲᠡ᠎ᠳᠤ ᠮᠠᠰᠢ ᠴᠢᠬᠤᠯᠠ ᠶᠤᠮ᠃ ᠢᠯᠠᠯᠲᠠ ᠵᠢᠨ ᠡᠷᠴᠢᠨ ᠳᠡᠭᠡᠷ᠎ᠡ᠎ᠪᠠᠨ ᠤᠷᠤᠭᠰᠢᠯᠠᠵᠤ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠰᠠᠢ᠌ᠲᠤᠷ ᠬᠢᠵᠦ᠂ ᠦᠷ᠎ᠡ ᠪᠦᠲᠦᠭᠡᠯ ᠵᠶ᠋ᠡᠨ ᠴᠢᠷᠮᠠᠢ᠌ᠨ ᠪᠡᠬᠢᠵᠢᠭᠦᠯᠵᠦ᠂ ᠥᠪᠡᠷ᠎ᠤᠨ ᠥᠷᠲᠡᠭ᠎ᠢ ᠠᠷᠪᠢᠯᠠᠨ ᠦᠷ᠎ᠡ ᠠᠰᠢᠭ᠎ᠢ ᠨᠡᠮᠡᠭᠳᠡᠭᠦᠯᠵᠦ᠂ ᠣᠯᠠᠨ ᠲᠦᠮᠡᠨ᠎ᠢ ᠳᠠᠢ᠌ᠴᠢᠯᠠᠨ ᠥᠷᠭᠡᠨ ᠵᠶ᠋ᠡᠷ ᠣᠷᠣᠯᠴᠠᠭᠤᠯᠵᠤ᠂ ᠡᠯᠡᠰᠦᠷᠬᠡᠭᠵᠢᠯ᠎ᠢ ᠰᠡᠷᠭᠡᠢ᠌ᠯᠡᠨ ᠡᠯᠡᠰᠦ ᠵᠢ ᠵᠠᠰᠠᠬᠤ ᠠᠵᠢᠯ᠎ᠳᠤ ᠨᠠᠩ ᠶᠡᠬᠡ ᠠᠮᠵᠢᠯᠲᠠ ᠣᠯᠬᠤ ᠵᠢ ᠠᠬᠢᠭᠤᠯᠬᠤ ᠬᠡᠷᠡᠭᠲᠡᠢ᠃ ᠪᠣᠬᠢᠷᠳᠤᠯ ᠪᠣᠳᠠᠰ᠎ᠢ ᠭᠡᠲᠦ ᠤᠯᠠᠨ ᠭᠠᠳᠠᠭᠰᠢᠯᠠᠭᠤᠯᠬᠤ᠂ ᠭᠠᠵᠠᠷ ᠳᠣᠣᠷᠠᠬᠢ ᠤᠰᠤ ᠵᠢ ᠬᠡᠲᠦᠷᠡᠲᠡᠯ᠎ᠡ ᠲᠠᠲᠠᠬᠤ᠂ ᠨᠤᠲᠤᠭ ᠪᠡᠯᠴᠢᠭᠡᠷ᠎ᠤᠨ ᠳᠠᠭ᠋ᠠᠭ᠋ᠠᠴᠠ᠎ᠠᠴᠠ ᠬᠡᠲᠦᠷᠡᠲᠡᠯ᠎ᠡ ᠮᠠᠯᠵᠢᠬᠤ ᠵᠡᠷᠭᠡ ᠵᠢᠨ ᠵᠠᠰᠠᠯᠲᠠ ᠵᠢ ᠴᠢᠩᠭ᠋ᠠᠳᠬᠠᠵᠤ᠂ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠎ᠢ ᠴᠢᠩᠭ᠎ᠠ ᠬᠡᠷᠡᠭᠵᠢᠭᠦᠯᠵᠦ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠵᠶ᠋ᠠᠷ ᠡᠬᠢ ᠪᠠᠶᠠᠯᠢᠭ ᠣᠷᠴᠢᠨ ᠲᠣᠭᠣᠷᠢᠨ᠎ᠤ ᠬᠦᠷᠢᠶᠡᠨ᠎ᠳᠠᠬᠢ ᠲᠣᠪᠣᠢ᠌ᠮ᠎ᠠ ᠠᠰᠠᠭᠤᠳᠠᠯ᠎ᠢ ᠰᠢᠢ᠍ᠳᠪᠦᠷᠢᠯᠡᠬᠦ ᠵᠢ ᠴᠢᠬᠤᠯᠠᠴᠢᠯᠠᠬᠤ ᠬᠡᠷᠡᠭᠲᠡᠢ᠃ ᠠᠮᠢ ᠠᠬᠤᠢ ᠵᠢᠨ ᠦᠢ᠍ᠯᠡᠳᠬᠦᠨ᠎ᠤ ᠦᠷᠳᠡᠭ᠎ᠢ ᠣᠨᠳᠣᠣᠰᠢᠭᠤᠯᠬᠤ ᠵᠢ ᠢᠳᠡᠪᠬᠢᠲᠡᠢ ᠠᠬᠢᠭᠤᠯᠵᠤ᠂ ᠨᠡᠭᠦᠷᠡᠰᠦᠲᠥ᠋ᠷᠥᠭᠴᠢ ᠬᠤᠷᠠᠮᠳᠤᠭᠤᠯᠬᠤ ᠲᠦᠷᠦᠯ ᠵᠦᠢ᠍ᠯ᠎ᠢ ᠨᠡᠭᠡᠭᠡᠨ ᠬᠥᠭᠵᠢᠭᠦᠯᠬᠦ᠂ ᠨᠡᠭᠦᠷᠡᠰᠦᠲᠥ᠋ᠷᠥᠭᠴᠢ ᠬᠤᠷᠠᠮᠳᠤᠭᠤᠯᠬᠤ ᠠᠷᠠᠯᠵᠢᠶᠠᠨ᠎ᠤ ᠳᠦᠷᠢᠮ᠎ᠢ ᠲᠣᠭᠲᠠᠭ᠋ᠠᠬᠤ ᠪᠠ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠵᠡᠷᠭᠡ ᠲᠠᠯ᠎ᠠ᠎ᠪᠠᠷ ᠵᠣᠷᠢᠭᠲᠠᠢ ᠰᠦᠪᠡᠭᠴᠢᠯᠡᠵᠦ᠂ ᠤᠷᠢᠳ ᠵᠶ᠋ᠠᠷ ᠬᠡᠷᠡᠭᠵᠢᠭᠦᠯᠵᠦ ᠤᠷᠢᠳ ᠵᠶ᠋ᠠᠷ ᠲᠤᠷᠰᠢᠬᠤ ᠬᠡᠷᠡᠭᠲᠡᠢ ᠭᠡᠪᠡ᠃
ᠰᠦᠨ ᠱᠤᠤ ᠴᠧᠩ᠂ ᠤᠳᠤ ᠦᠶ᠎ᠡ ᠵᠢᠨ ᠮᠠᠯ ᠠᠵᠤ ᠠᠬᠤᠢ ᠲᠠᠷᠢᠶᠠᠯᠠᠩ᠎ᠢ ᠪᠤᠵᠠᠭ᠋ᠠᠢ᠌ᠷᠠᠭᠤᠯᠤᠨ ᠬᠦᠴᠦᠷᠬᠡᠭᠵᠢᠭᠦᠯᠬᠦ ᠪᠣᠯ ᠤᠯᠤᠰ᠎ᠤᠨ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ ᠦᠢ᠍ᠯᠡᠳᠪᠦᠷᠢᠯᠡᠯ᠎ᠤᠨ ᠰᠠᠭᠤᠷᠢᠨ᠎ᠢ ᠪᠦᠲᠦᠭᠡᠨ ᠪᠠᠢ᠌ᠭᠤᠯᠬᠤ ᠵᠢᠨ ᠭᠣᠣᠯᠳᠠᠯᠭ᠎ᠠ ᠵᠢᠨ ᠳᠣᠲᠣᠷᠠᠬᠢ ᠭᠣᠣᠯᠳᠠᠯᠭ᠎ᠠ ᠪᠣᠯᠣᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ᠂ ᠬᠤᠵᠢᠷᠯᠢᠭ ᠭᠠᠵᠠᠷ᠎ᠢ ᠰᠠᠢ᠌ᠵᠢᠷᠠᠭᠤᠯᠬᠤ᠂ ᠬᠠᠷ᠎ᠠ ᠬᠥᠷᠥᠰᠥᠲᠦ ᠭᠠᠵᠠᠷ᠎ᠢ ᠬᠠᠮᠠᠭ᠋ᠠᠯᠠᠬᠤ ᠵᠢ ᠨᠢᠭᠡᠳᠦᠯᠲᠡᠢ ᠲᠥᠯᠥᠪᠵᠢᠭᠦᠯᠦᠨ ᠰᠠᠢ᠌ᠲᠤᠷ ᠠᠳᠬᠤᠵᠤ᠂ ᠭᠠᠵᠠᠷ ᠰᠢᠷᠣᠢ ᠵᠢᠨ ᠭᠠᠷᠤᠯᠲᠠ ᠵᠢᠨ ᠦᠷ᠎ᠡ ᠠᠰᠢᠭ᠎ᠢ ᠳᠡᠭᠡᠭᠰᠢᠯᠡᠭᠦᠯᠭᠦ ᠬᠡᠷᠡᠭᠲᠡᠢ᠃ ᠠᠷᠭ᠎ᠠ ᠪᠦᠭᠦᠨ᠎ᠢ ᠰᠦᠪᠡᠭᠴᠢᠯᠡᠨ ᠲᠥᠬᠥᠭᠡᠷᠦᠮᠵᠢᠲᠦ ᠲᠠᠷᠢᠶᠠᠯᠠᠩ᠂ ᠬᠠᠰᠢᠶᠠᠯᠠᠨ ᠲᠡᠵᠢᠭᠡᠬᠦ ᠬᠡᠪᠴᠢᠶ᠎ᠡ ᠵᠢ ᠥᠷᠭᠡᠳᠬᠡᠵᠦ᠂ ᠰᠤᠯᠠ ᠲᠠᠯᠪᠢᠭᠳᠠᠵᠤ ᠪᠠᠢ᠌ᠭ᠎ᠠ ᠡᠬᠢ ᠪᠠᠶᠠᠯᠢᠭ᠎ᠢ ᠠᠮᠢᠳᠤᠯᠢᠭᠵᠢᠭᠤᠯᠬᠤ ᠵᠢ ᠲᠤᠢ᠌ᠯᠪᠤᠷᠢᠲᠠᠢ ᠬᠢᠬᠦ ᠬᠡᠷᠡᠭᠲᠡᠢ᠃ ᠲᠠᠷᠢᠶᠠᠯᠠᠩ ᠮᠠᠯ ᠠᠵᠤ ᠠᠬᠤᠢ ᠵᠢᠨ ᠬᠥᠭᠵᠢᠯᠲᠡ ᠵᠢ ᠨᠠᠷᠢᠨ ᠨᠢᠮᠪᠠᠢ ᠤᠬᠠᠭ᠋ᠠᠯᠠᠨ ᠲᠥᠯᠥᠪᠯᠡᠵᠦ᠂ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢ ᠨᠠᠷᠢᠯᠢᠭ ᠡᠳ᠋ᠰᠢᠭᠦᠯᠬᠦ ᠲᠦᠪᠰᠢᠨ᠎ᠢ ᠳᠡᠭᠡᠭᠰᠢᠯᠡᠭᠦᠯᠭᠦ ᠬᠡᠷᠡᠭᠲᠡᠢ ᠭᠡᠪᠡ᠃
ᠢᠦᠢ ᠯᠢ ᠰᠢᠨ᠂ ᠶᠣᠣ ᠶᠦᠩ ᠪᠦᠸᠧ᠂ ᠳᠠᠢ᠌ᠴᠢᠨ᠂ ᠴᠡᠴᠡᠭ᠂ ᠵᠠᠩ ᠯᠧᠢ᠂ ᠵᠠᠩ ᠪᠠᠢ ᠴᠧᠩ ᠣᠷᠣᠯᠴᠠᠪᠠ᠃