1 ᠰᠠᠷ᠎ᠠ ᠵᠢᠨ 16᠎ᠤ ᠦᠳᠡ ᠵᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯ᠎ᠤᠨ ᠲᠡᠷᠢᠭᠦᠯᠡᠭᠴᠢᠳ᠎ᠤᠨ ᠪᠦᠯᠭᠦᠮ ᠬᠣᠶᠠᠳᠤᠭ᠋ᠠᠷ ᠤᠳᠠᠭ᠎ᠠ ᠵᠢᠨ ᠬᠤᠷᠠᠯ ᠬᠢᠪᠡ᠃
ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯ᠎ᠤᠨ ᠲᠡᠷᠢᠭᠦᠯᠡᠭᠴᠢᠳ᠎ᠤᠨ ᠪᠦᠯᠭᠦᠮ᠎ᠤᠨ ᠪᠦᠷᠢᠯᠳᠦᠭᠦᠨ 63 ᠬᠥᠮᠥᠨ ᠪᠤᠶ᠂ 60 ᠬᠥᠮᠥᠨ ᠲᠣᠰ ᠤᠳᠠᠭ᠎ᠠ ᠵᠢᠨ ᠬᠤᠷᠠᠯ᠎ᠳᠤ ᠣᠷᠣᠯᠴᠠᠵᠤ᠂ ᠬᠠᠤᠯᠢ᠎ᠳᠤ ᠲᠣᠭᠲᠠᠭ᠋ᠠᠭᠰᠠᠨ ᠬᠥᠮᠥᠨ᠎ᠤ ᠲᠣᠭ᠎ᠠ᠎ᠳᠤ ᠨᠡᠢ᠌ᠴᠡᠪᠡ᠃
ᠶᠡᠬᠡ ᠬᠤᠷᠠᠯ᠎ᠤᠨ ᠲᠡᠷᠢᠭᠦᠯᠡᠭᠴᠢᠳ᠎ᠤᠨ ᠪᠦᠯᠭᠦᠮ᠎ᠤᠨ ᠪᠠᠢ᠌ᠩᠭᠤ ᠵᠢᠨ ᠲᠡᠷᠢᠭᠦᠯᠡᠭᠴᠢ ᠰᠦᠨ ᠱᠤᠤ ᠴᠧᠩ ᠬᠤᠷᠠᠯ᠎ᠢ ᠡᠷᠭᠢᠯᠡᠵᠦ᠂ ᠲᠡᠷᠢᠭᠦᠯᠡᠭᠴᠢᠳ᠎ᠤᠨ ᠪᠦᠯᠭᠦᠮ᠎ᠤᠨ ᠪᠠᠢ᠌ᠩᠭᠤ ᠵᠢᠨ ᠲᠡᠷᠢᠭᠦᠯᠡᠭᠴᠢ ᠯᠢᠨ ᠱᠤᠤ ᠴᠦᠨ᠂ ᠵᠠᠩ ᠱᠤᠤ ᠴᠦᠨ᠂ ᠳ᠋ᠤᠸᠠᠨ ᡁᠢ ᠴᠢᠶᠠᠩ᠂ ᠵᠧᠩ ᠬᠣᠩ ᠹᠠᠨ᠂ ᠳ᠋ᠢᠩ ᠰᠢᠤ ᠹᠧᠩ᠂ ᠠᠢ ᠯᠢ ᠬᠤᠸᠠ᠂ ᠯᠢ ᠪᠢᠩ ᠷᠦᠩ᠂ ᠦ᠋ ᠶᠠᠨ ᠭᠠᠩ᠂ ᠸᠠᠨ ᠴᠤᠤ ᠴᠢ ᠬᠤᠷᠠᠯ᠎ᠳᠤ ᠣᠷᠣᠯᠴᠠᠪᠠ᠃
ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠵᠣᠬᠢᠶᠠᠨ ᠪᠠᠢ᠌ᠭᠤᠯᠬᠤ ᠬᠡᠯᠲᠡᠰ᠎ᠤᠨ ᠳᠠᠷᠤᠭ᠎ᠠ ᠯᠢ ᠢᠦᠢ ᠭᠠᠩ᠎ᠤᠨ ᠬᠢᠭᠰᠡᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠳᠡᠳ᠋ ᠡᠷᠭᠢᠯᠡᠭᠴᠢ᠂ ᠨᠠᠷᠢᠨ ᠪᠢᠴᠢᠭ᠎ᠤᠨ ᠳᠠᠷᠤᠭ᠎ᠠ᠂ ᠭᠡᠰᠢᠭᠦᠨ᠎ᠤ ᠵᠢᠱ᠌ᠢᠭᠳᠡᠭᠴᠢ ᠪᠣᠯᠣᠨ ᠬᠡᠰᠡᠭ ᠲᠤᠰᠬᠠᠢ ᠵᠥᠪᠯᠡᠯ᠎ᠤᠨ ᠡᠷᠭᠢᠯᠡᠭᠴᠢ ᠭᠡᠰᠢᠭᠦᠨ᠎ᠤ ᠵᠢᠱ᠌ᠢᠭᠳᠡᠭᠴᠢ ᠵᠢ ᠲᠠᠨᠢᠯᠴᠠᠭᠤᠯᠤᠭᠰᠠᠨ ᠨᠡᠷᠡᠰ᠎ᠤᠨ ᠲᠤᠬᠠᠢ ᠲᠣᠳᠣᠷᠬᠠᠢ᠌ᠯᠠᠯᠲᠠ ᠵᠢ ᠰᠣᠨᠣᠰᠴᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯ᠎ᠤᠨ ᠲᠡᠷᠢᠭᠦᠯᠡᠭᠴᠢᠳ᠎ᠤᠨ ᠪᠦᠯᠭᠦᠮ᠎ᠠᠴᠠ ᠨᠡᠷ᠎ᠡ ᠳᠤᠷᠠᠳᠤᠭᠰᠠᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠳᠡᠳ᠋ ᠡᠷᠭᠢᠯᠡᠭᠴᠢ᠂ ᠨᠠᠷᠢᠨ ᠪᠢᠴᠢᠭ᠎ᠤᠨ ᠳᠠᠷᠤᠭ᠎ᠠ᠂ ᠭᠡᠰᠢᠭᠦᠨ᠎ᠤ ᠵᠢᠱ᠌ᠢᠭᠳᠡᠭᠴᠢ ᠵᠢᠨ ᠨᠡᠷᠡᠰ》᠎ᠢ ᠪᠠᠲᠤᠯᠠᠵᠤ᠂ ᠪᠠᠲᠤᠯᠠᠭᠰᠠᠨ᠎ᠤ ᠳᠠᠷᠠᠭ᠋ᠠᠬᠢ ᠵᠢᠱ᠌ᠢᠭᠳᠡᠭᠴᠢ ᠵᠢᠨ ᠨᠡᠷᠡᠰ᠎ᠢ ᠪᠦᠭᠦ ᠲᠥᠯᠥᠭᠡᠯᠡᠭᠴᠢᠳ᠎ᠲᠤ ᠳᠠᠷᠤᠮᠠᠯᠯᠠᠨ ᠲᠠᠷᠬᠠᠭ᠋ᠠᠵᠤ ᠵᠥᠪᠳᠡᠯᠴᠡᠭᠦᠯᠦᠨ ᠶᠠᠷᠢᠯᠴᠠᠭᠤᠯᠬᠤ᠎ᠪᠠᠷ ᠲᠣᠭᠲᠠᠪᠠ᠃ ᠬᠤᠷᠠᠯ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠡᠰᠡᠭ ᠲᠤᠰᠬᠠᠢ ᠵᠥᠪᠯᠡᠯ᠎ᠤᠨ ᠡᠷᠭᠢᠯᠡᠭᠴᠢ ᠭᠡᠰᠢᠭᠦᠨ᠎ᠤ ᠨᠡᠷᠡᠰ (ᠲᠥᠰᠥᠯ)》᠎ᠢ ᠪᠠᠲᠤᠯᠠᠵᠤ᠂ ᠪᠠᠲᠤᠯᠠᠭᠰᠠᠨ ᠨᠡᠷᠡᠰ᠎ᠤᠨ ᠲᠥᠰᠥᠯ᠎ᠢ ᠪᠦᠭᠦ ᠲᠥᠯᠥᠭᠡᠯᠡᠭᠴᠢᠳ᠎ᠲᠤ ᠳᠠᠷᠤᠮᠠᠯᠯᠠᠨ ᠲᠠᠷᠬᠠᠭ᠋ᠠᠵᠤ ᠬᠢᠨᠠᠨ ᠵᠥᠪᠯᠡᠭᠦᠯᠬᠦ᠎ᠪᠠᠷ ᠲᠣᠭᠲᠠᠪᠠ᠃