1 ᠰᠠᠷ᠎ᠠ ᠵᠢᠨ 15᠎ᠤ ᠦᠳᠡ ᠵᠢᠨ ᠬᠣᠢ᠌ᠨ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠸᠠᠩ ᠯᠢ ᠰᠢᠶᠠ ᠰᠢᠯᠢ ᠵᠢᠨ ᠭᠣᠣᠯ ᠠᠢ᠌ᠮᠠᠭ᠎ᠤᠨ ᠲᠥᠯᠥᠭᠡᠯᠡᠭᠴᠢᠳ᠎ᠤᠨ ᠪᠦᠯᠭᠦᠮ᠎ᠳᠤ ᠬᠦᠷᠴᠦ᠂ ᠲᠥᠯᠥᠭᠡᠯᠡᠭᠴᠢᠳ᠎ᠲᠠᠢ ᠬᠠᠮᠲᠤ᠎ᠪᠠᠷ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠢ ᠬᠢᠨᠠᠨ ᠵᠥᠪᠯᠡᠪᠡ᠃
1 ᠰᠠᠷ᠎ᠠ ᠵᠢᠨ 15᠎ᠤ ᠦᠳᠡ ᠵᠢᠨ ᠬᠣᠢ᠌ᠨ᠎ᠠ᠂ ᠸᠠᠩ ᠯᠢ ᠰᠢᠶᠠ ᠰᠢᠯᠢ ᠵᠢᠨ ᠭᠣᠣᠯ ᠠᠢ᠌ᠮᠠᠭ᠎ᠤᠨ ᠲᠥᠯᠥᠭᠡᠯᠡᠭᠴᠢᠳ᠎ᠤᠨ ᠪᠦᠯᠭᠦᠮ᠎ᠳᠤ ᠬᠦᠷᠴᠦ᠂ ᠲᠥᠯᠥᠭᠡᠯᠡᠭᠴᠢᠳ᠎ᠲᠠᠢ ᠬᠠᠮᠲᠤ᠎ᠪᠠᠷ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠢ ᠬᠢᠨᠠᠨ ᠵᠥᠪᠯᠡᠪᠡ᠃
ᠰᠤᠷᠪᠤᠯᠵᠢᠯᠠᠭᠴᠢ ᠬᠠᠨ ᠴᠢᠩ ᠯᠧᠢ ᠰᠡᠭᠦᠳᠡᠷᠯᠡᠪᠡ
ᠭᠦᠸᠧ ᠢᠦᠢ ᠹᠧᠩ᠂ ᠪᠦᠷᠢᠨᠵᠢᠨ᠂ ᠮᠠ ᠬᠠᠢ ᠲᠤᠤ᠂ ᠯᠢᠦ ᠰᠢᠶᠣᠣ ᠮᠢᠨ᠂ ᠶᠣᠣ ᠬᠣᠩ ᠭᠠᠩ᠂ ᠡᠷᠳᠡᠮᠲᠦ ᠵᠡᠷᠭᠡ ᠲᠥᠯᠥᠭᠡᠯᠡᠭᠴᠢ ᠰᠢᠨ᠎ᠡ ᠡᠨᠧᠷᠭᠢ ᠵᠢᠨ ᠠᠵᠤ ᠦᠢ᠍ᠯᠡᠰ᠎ᠢ ᠪᠤᠵᠠᠭ᠋ᠠᠢ᠌ᠷᠠᠭᠤᠯᠬᠤ᠂ ᠬᠢᠯᠢ ᠬᠢᠵᠠᠭ᠋ᠠᠷ᠎ᠤᠨ 《ᠬᠥᠨᠳᠡᠢ᠌ᠷᠡᠯ》᠎ᠢ ᠰᠢᠢ᠍ᠳᠪᠦᠷᠢᠯᠡᠬᠦ᠂ ᠳᠤᠮᠳᠠᠳᠤ ᠮᠣᠩᠭᠣᠯ᠎ᠤᠨ ᠠᠵᠤ ᠠᠬᠤᠢ ᠵᠢᠨ ᠬᠠᠮᠲᠤᠷᠠᠯᠴᠠᠭ᠋ᠠᠨ᠎ᠤ ᠣᠷᠣᠨ᠎ᠢ ᠰᠠᠢ᠌ᠲᠤᠷ ᠪᠠᠢ᠌ᠭᠤᠯᠬᠤ᠂ ᠬᠤᠯᠠᠨ ᠰᠢᠷᠭ᠎ᠠ ᠲᠠᠭ᠎ᠠ ᠵᠢᠨ ᠡᠯᠡᠰᠦᠷᠬᠡᠭ ᠭᠠᠵᠠᠷ᠎ᠤᠨ ᠰᠥᠨᠥᠭᠡᠯᠲᠡ ᠵᠢᠨ ᠳᠠᠢ᠌ᠯᠠᠯᠳᠤᠭ᠋ᠠᠨ᠎ᠢ ᠰᠠᠢ᠌ᠲᠤᠷ ᠬᠢᠬᠦ᠂ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠢ ᠬᠥᠭᠵᠢᠭᠦᠯᠬᠦ᠂ ᠮᠠᠯ ᠠᠵᠤ ᠠᠬᠤᠢ ᠲᠠᠷᠢᠶᠠᠯᠠᠩ᠎ᠤᠨ ᠲᠦᠷᠦᠯ ᠲᠡᠮᠳᠡᠭ᠎ᠢ ᠪᠣᠢ᠌ᠵᠢᠭᠤᠯᠬᠤ ᠵᠡᠷᠭᠡ ᠲᠠᠯ᠎ᠠ᠎ᠪᠠᠷ ᠰᠠᠨᠠᠯ ᠰᠠᠨᠠᠭᠤᠯᠭ᠎ᠠ ᠳᠤᠷᠠᠳᠪᠠ᠃ ᠸᠠᠩ ᠯᠢ ᠰᠢᠶᠠ ᠲᠥᠯᠥᠭᠡᠯᠡᠭᠴᠢᠳ᠎ᠤᠨ ᠬᠡᠯᠡᠬᠦ ᠵᠢ ᠨᠠᠷᠢᠨ ᠬᠢᠨᠠᠮᠠᠭ᠋ᠠᠢ ᠰᠣᠨᠣᠰᠴᠤ᠂ ᠨᠢᠭᠡᠳ ᠨᠢᠭᠡ᠎ᠪᠠᠷ ᠬᠠᠷᠢᠭᠤᠯᠲᠠ ᠥᠭᠪᠡ᠃
ᠸᠠᠩ ᠯᠢ ᠰᠢᠶᠠ᠂ ᠥᠩᠭᠡᠷᠡᠭᠰᠡᠨ ᠨᠢᠭᠡ ᠵᠢᠯ᠎ᠳᠤ᠂ ᠶᠡᠷᠦᠩᠬᠡᠢ ᠱᠦᠵᠢ ᠰᠢ ᠵᠢᠨ ᠫᠢᠩ᠎ᠤᠨ ᠳᠣᠲᠣᠨᠣ ᠬᠠᠯᠠᠮᠵᠢᠯᠠᠯ ᠪᠣᠯᠣᠨ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠦᠭᠦ ᠣᠷᠣᠨ ᠳᠠᠶᠠᠭ᠋ᠠᠷ᠎ᠢ ᠪᠦᠯᠬᠦᠮᠳᠡᠭᠦᠯᠦᠨ ᠳᠠᠭ᠋ᠠᠭᠤᠯᠵᠤ ᠦᠨᠡᠨ ᠴᠢᠷᠮᠠᠢ᠌ᠨ ᠪᠣᠳᠠᠲᠠᠢ ᠠᠵᠢᠯᠯᠠᠵᠤ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ᠎ᠳᠤ ᠣᠷᠣᠬᠤ ᠲᠠᠯ᠎ᠠ᠎ᠪᠠᠷ ᠦᠨᠡᠨ ᠪᠣᠳᠠᠲᠠᠢ ᠠᠯᠬᠤᠮ᠎ᠢ ᠠᠯᠬᠤᠵᠤ᠂ ᠠᠮᠵᠢᠯᠲᠠ ᠪᠦᠲᠦᠮᠵᠢ᠎ᠨᠢ ᠬᠥᠮᠥᠰ᠎ᠢ ᠵᠣᠷᠢᠭᠵᠢᠭᠤᠯᠤᠮ᠎ᠠ ᠶᠤᠮ ᠡᠭᠦᠨ᠎ᠳᠤ ᠰᠢᠯᠢ ᠵᠢᠨ ᠭᠣᠣᠯ ᠠᠢ᠌ᠮᠠᠭ᠎ᠤᠨ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ᠎ᠤ ᠴᠢᠷᠮᠠᠢ᠌ᠯᠭ᠎ᠠ ᠪᠣᠯᠣᠨ ᠬᠦᠴᠦ ᠬᠥᠯᠥᠰᠦ ᠰᠢᠩᠭᠡᠵᠦ ᠪᠤᠢ᠃ ᠡᠨᠡ ᠵᠢᠯ᠎ᠤᠨ ᠠᠵᠢᠯ᠎ᠢ ᠰᠠᠢ᠌ᠲᠤᠷ ᠬᠢᠬᠦ᠎ᠳᠤ᠂ ᠰᠢᠯᠢ ᠵᠢᠨ ᠭᠣᠣᠯ ᠠᠢ᠌ᠮᠠᠭ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠭᠣᠣᠯ ᠰᠢᠵᠢᠮ᠎ᠢ ᠠᠵᠢᠯ᠎ᠤᠨ ᠡᠯ᠎ᠡ ᠲᠠᠯ᠎ᠠ᠂ ᠪᠦᠭᠦ ᠶᠠᠪᠤᠴᠠ᠎ᠳᠤ ᠲᠤᠭᠤᠰᠢᠯᠠᠭᠤᠯᠵᠤ᠂ ᠤᠯᠤᠰ᠎ᠤᠨ ᠨᠢᠭᠡᠳᠦᠯᠲᠡᠢ ᠨᠠᠢ᠌ᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠡᠷᠡᠰ ᠭᠤᠢ᠌ᠪᠢᠰᠢ ᠦᠭᠡᠢ ᠳᠡᠯᠭᠡᠷᠡᠭᠦᠯᠦᠨ ᠬᠡᠷᠡᠭᠯᠡᠵᠦ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠤ ᠡᠷᠬᠢᠮ ᠳᠡᠭᠡᠳᠦ ᠢᠷᠠᠭᠤ ᠠᠯᠳᠠᠷ᠎ᠢ ᠪᠦᠭᠦ ᠬᠦᠴᠦᠨ ᠵᠶ᠋ᠡᠷ ᠵᠶ᠋ᠡᠨ ᠰᠠᠢ᠌ᠲᠤᠷ ᠬᠠᠮᠠᠭ᠋ᠠᠯᠠᠬᠤ ᠬᠡᠷᠡᠭᠲᠡᠢ᠃ 《ᠮᠠᠨ᠎ᠤ ᠡᠮᠦᠨ᠎ᠡ ᠲᠦᠷᠦᠭᠦᠯᠡᠭᠰᠡᠳᠤᠨ ᠪᠠᠷ᠎ᠠ ᠨᠡᠩ ᠬᠣᠯᠠᠳᠠᠵᠤ᠂ ᠮᠠᠨ᠎ᠤ ᠬᠣᠢ᠌ᠨ᠎ᠠ ᠬᠣᠴᠣᠷᠤᠭᠰᠠᠳ ᠨᠡᠬᠡᠵᠦ ᠢᠷᠡᠭᠰᠡᠨ》 ᠲᠤᠯᠭ᠋ᠠᠮ ᠰᠡᠳᠬᠢᠯᠭᠡ ᠵᠢ ᠪᠤᠢ ᠪᠣᠯᠭ᠋ᠠᠨ᠂ ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠵᠤ᠂ ᠴᠢᠨᠠᠷ ᠰᠠᠢ᠌ᠲᠠᠢ ᠬᠥᠭᠵᠢᠯᠲᠡ ᠵᠢᠨ ᠬᠤᠷᠳᠤᠴᠠ ᠵᠢ ᠲᠦᠷᠭᠡᠳᠬᠡᠬᠦ ᠬᠡᠷᠡᠭᠲᠡᠢ᠃ ᠤᠳᠤ ᠦᠶ᠎ᠡ ᠵᠢᠨ ᠡᠨᠧᠷᠭᠢ ᠵᠢᠨ ᠠᠵᠤ ᠠᠬᠤᠢ ᠵᠢᠨ ᠠᠵᠢᠯ᠎ᠢ ᠰᠠᠢ᠌ᠲᠤᠷ ᠬᠢᠵᠦ᠂ ᠨᠡᠩ ᠤᠯᠠᠨ ᠪᠣᠬᠢᠷᠳᠤᠯ ᠦᠭᠡᠢ ᠴᠠᠭᠢᠯᠭ᠋ᠠᠨ᠎ᠢ ᠪᠣᠬᠢᠷᠳᠤᠯ ᠦᠭᠡᠢ ᠡᠨᠧᠷᠭᠢ ᠪᠣᠯᠭ᠋ᠠᠨ ᠬᠤᠪᠢᠷᠠᠭᠤᠯᠬᠤ ᠵᠢ ᠠᠬᠢᠭᠤᠯᠬᠤ ᠭᠡᠷᠡᠭᠲᠡᠢ; ᠣᠳᠣ ᠦᠶ᠎ᠡ ᠵᠢᠨ ᠮᠠᠯ ᠠᠵᠤ ᠠᠬᠤᠢ ᠵᠢᠨ ᠠᠵᠢᠯ᠎ᠢ ᠰᠠᠢ᠌ᠲᠤᠷ ᠬᠢᠵᠦ᠂ ᠳᠠᠭ᠋ᠠᠭᠤᠯᠤᠭᠴᠢ ᠠᠵᠤ ᠠᠬᠤᠢ᠌ᠯᠠᠯ᠎ᠢ ᠰᠠᠢ᠌ᠲᠤᠷ ᠪᠣᠢ᠌ᠵᠢᠭᠤᠯᠤᠨ᠂ ᠲᠦᠷᠦᠯ ᠲᠡᠮᠳᠡᠭ᠎ᠤᠨ ᠪᠠᠢ᠌ᠭᠤᠯᠤᠯᠲᠠ ᠵᠢ ᠰᠠᠢ᠌ᠲᠤᠷ ᠠᠳᠬᠤᠵᠤ᠂ ᠰᠢᠯᠢ ᠵᠢᠨ ᠭᠣᠣᠯ᠎ᠤᠨ ᠣᠨᠴᠠᠯᠢᠭᠲᠤ ᠪᠣᠬᠢᠷᠳᠤᠯ ᠦᠭᠡᠢ ᠢᠳᠡᠭᠡᠨ᠎ᠢ ᠨᠠᠩ ᠣᠯᠠᠨ ᠡᠭᠦᠳᠬᠦ ᠬᠡᠷᠡᠭᠲᠡᠢ; ᠰᠣᠶᠣᠯ ᠵᠢᠭᠤᠯᠴᠢᠯᠠᠯ᠎ᠤᠨ ᠠᠵᠢᠯ᠎ᠢ ᠰᠠᠢ᠌ᠲᠤᠷ ᠬᠢᠵᠦ᠂ ᠵᠢᠭᠤᠯᠴᠢᠯᠠᠬᠰᠠᠳ᠎ᠤᠨ ᠬᠡᠷᠡᠭᠴᠡᠭᠡ ᠵᠢᠨ ᠲᠣᠭᠣᠷᠢᠨ᠎ᠳᠤ ᠡᠵᠡᠩᠨᠡᠯᠲᠡ ᠵᠢᠨ ᠭᠡᠯᠪᠡᠷᠢ ᠵᠢ ᠤᠬᠠᠭ᠋ᠠᠯᠠᠨ ᠲᠥᠯᠥᠪᠯᠡᠵᠦ᠂ ᠲᠠᠯ᠎ᠠ ᠨᠤᠲᠤᠭ᠂ ᠠᠳᠤᠭᠤᠨ᠎ᠤ ᠠᠵᠤ ᠦᠢ᠍ᠯᠡᠰ᠂ ᠨᠠᠭ᠋ᠠᠳᠤᠮ ᠵᠡᠷᠭᠡ ᠭᠤᠷᠪᠠᠨ ᠠᠯᠲᠠᠨ ᠦᠰᠦᠭᠲᠦ ᠫᠠᠢ᠌ᠰᠠ ᠵᠢ ᠭᠡᠷᠡᠯᠲᠦᠭᠦᠯᠭᠦ ᠭᠡᠷᠡᠭᠲᠡᠢ; ᠭᠠᠳᠠᠭ᠋ᠠᠳᠤ ᠨᠡᠭᠡᠭᠡᠯᠲᠡ ᠵᠢᠨ ᠠᠵᠢᠯ᠎ᠢ ᠰᠠᠢ᠌ᠲᠤᠷ ᠬᠢᠵᠦ᠂ ᠳᠤᠮᠳᠠᠳᠤ ᠮᠣᠩᠭᠣᠯ᠎ᠤᠨ ᠠᠵᠤ ᠠᠬᠤᠢ ᠵᠢᠨ ᠬᠠᠮᠲᠤᠷᠠᠯᠴᠠᠭ᠋ᠠᠨ᠎ᠤ ᠣᠷᠣᠨ᠎ᠤ ᠪᠦᠲᠦᠭᠡᠨ ᠪᠠᠢ᠌ᠭᠤᠯᠤᠯᠲᠠ᠎ᠪᠠᠷ ᠠᠵᠠ ᠲᠣᠭᠢᠶᠠᠯ ᠪᠤᠯᠭ᠋ᠠᠵᠤ᠂ ᠠᠮᠢᠵᠢᠷᠠᠯ᠎ᠤᠨ ᠬᠦᠴᠦᠨ ᠵᠶ᠋ᠡᠷ ᠪᠢᠯᠬᠠᠭᠰᠠᠨ ᠨᠡᠭᠡᠭᠡᠯᠲᠡ ᠬᠢᠬᠦ ᠪᠡᠬᠢᠯᠡᠯᠲᠡ ᠵᠢ ᠨᠠᠷᠢᠨ ᠨᠢᠮᠪᠠᠢ ᠴᠣᠭᠴᠠᠯᠠᠬᠤ ᠬᠡᠷᠡᠭᠲᠡᠢ ᠭᠡᠪᠡ᠃
ᠸᠠᠩ ᠯᠢ ᠰᠢᠶᠠ᠂ ᠰᠢᠯᠢ ᠵᠢᠨ ᠭᠣᠣᠯ ᠠᠢ᠌ᠮᠠᠭ ᠤᠯᠤᠰ᠎ᠤᠨ ᠠᠮᠢ ᠠᠬᠤᠢ ᠵᠢᠨ ᠠᠮᠤᠷ ᠲᠦᠪᠰᠢᠨ ᠪᠣᠯᠣᠨ ᠬᠢᠯᠢ ᠬᠢᠵᠠᠭ᠋ᠠᠷ᠎ᠤᠨ ᠠᠮᠤᠷ ᠲᠦᠪᠰᠢᠨ᠎ᠢ ᠬᠠᠮᠠᠭ᠋ᠠᠯᠠᠬᠤ ᠴᠢᠬᠤᠯᠠ ᠶᠡᠬᠡ ᠤᠯᠤᠰ ᠲᠦᠷᠦ ᠵᠢᠨ ᠬᠠᠷᠢᠭᠤᠴᠠᠯᠭ᠎ᠠ ᠵᠢ ᠡᠭᠦᠷᠭᠡᠯᠡᠵᠦ ᠪᠤᠢ᠂ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠡᠷᠡᠰ ᠰᠠᠢ᠌ᠲᠤᠷ ᠬᠢᠵᠦ᠂ ᠠᠮᠢ ᠠᠬᠤᠢ ᠵᠢᠨ ᠠᠮᠤᠷ ᠲᠦᠪᠰᠢᠨ᠎ᠤ ᠬᠣᠷᠢᠭ᠎ᠠ ᠱᠤᠭᠤᠮ᠎ᠢ ᠰᠠᠢ᠌ᠲᠤᠷ ᠰᠠᠬᠢᠵᠤ᠂ ᠠᠷᠠᠳ᠎ᠢ ᠪᠠᠶᠠᠵᠢᠭᠤᠯᠬᠤ ᠠᠵᠤ ᠦᠢ᠍ᠯᠡᠰ᠎ᠢ ᠶᠡᠬᠡ᠎ᠪᠠᠷ ᠬᠥᠭᠵᠢᠭᠦᠯᠵᠦ᠂ ᠬᠢᠯᠢ ᠬᠢᠵᠠᠭ᠋ᠠᠷ᠎ᠢ ᠮᠠᠨᠳᠤᠭᠤᠯᠵᠤ ᠬᠢᠯᠢ ᠬᠢᠵᠠᠭ᠋ᠠᠷ᠎ᠢ ᠲᠣᠭᠲᠠᠪᠤᠷᠢᠵᠢᠭᠤᠯᠵᠤ ᠬᠢᠯᠢ ᠬᠢᠵᠠᠭ᠋ᠠᠷ᠎ᠢ ᠪᠡᠬᠢᠵᠢᠭᠦᠯᠬᠦ ᠡᠯ᠎ᠡ ᠵᠦᠢ᠍ᠯ᠎ᠤᠨ ᠠᠵᠢᠯ᠎ᠢ ᠪᠣᠳᠠᠲᠠᠢ ᠬᠢᠵᠦ᠂ ᠪᠠᠶᠠᠨ ᠴᠢᠨᠡᠭᠡᠯᠢᠭ ᠪᠣᠯᠪᠠᠰᠤᠨ ᠡᠶ᠎ᠡ ᠵᠣᠬᠢᠴᠠᠩᠭᠤᠢ ᠦᠵᠡᠰᠬᠦᠯᠡᠩᠲᠦ ᠰᠠᠢ᠌ᠬᠠᠨ ᠰᠢᠨ᠎ᠡ ᠴᠠᠭ ᠦᠶ᠎ᠡ ᠵᠢᠨ ᠮᠠᠯᠵᠢᠬᠤ ᠣᠷᠣᠨ᠎ᠢ ᠰᠠᠢ᠌ᠲᠤᠷ ᠪᠦᠲᠦᠭᠡᠨ ᠪᠠᠢ᠌ᠭᠤᠯᠬᠤ ᠬᠡᠷᠡᠭᠲᠡᠢ ᠭᠡᠪᠡ᠃