2025 ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ   -   ᠮᠡᠳᠡᠭᠡᠯᠡᠯ
ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯ ᠬᠣᠶᠠᠳᠤᠭ᠋ᠠᠷ ᠤᠳᠠᠭ᠎ᠠ ᠵᠢᠨ ᠪᠦᠭᠦᠳᠡ ᠬᠤᠷᠠᠯ ᠬᠢᠪᠡ ᠰᠦᠨ ᠱᠤᠤ ᠴᠧᠩ ᠸᠠᠩ ᠯᠢ ᠰᠢᠶᠠ ᠵᠠᠩ ᠶᠠᠨ ᠺᠦᠨ ᠣᠷᠣᠯᠴᠠᠵᠠᠢ
ᠨᠡᠶ᠋ᠢᠲᠡᠯᠡᠭᠰᠡᠨ ᠴᠠᠭ᠄ 2025-01-17

    1 ᠰᠠᠷ᠎ᠠ ᠵᠢᠨ 16᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯ ᠥᠪᠥᠷ ᠮᠣᠩᠭᠣᠯ᠎ᠤᠨ ᠠᠷᠠᠳ᠎ᠤᠨ ᠬᠤᠷᠠᠯ᠎ᠤᠨ ᠲᠠᠩᠬᠢᠮ᠎ᠳᠤ ᠬᠣᠶᠠᠳᠤᠭ᠋ᠠᠷ ᠤᠳᠠᠭ᠎ᠠ ᠵᠢᠨ ᠪᠦᠭᠦᠳᠡ ᠬᠤᠷᠠᠯ ᠬᠢᠪᠡ᠃

第二次全体会议.jpg


    1 ᠰᠠᠷ᠎ᠠ ᠵᠢᠨ 16᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯ ᠥᠪᠥᠷ ᠮᠣᠩᠭᠣᠯ᠎ᠤᠨ ᠠᠷᠠᠳ᠎ᠤᠨ ᠬᠤᠷᠠᠯ᠎ᠤᠨ ᠲᠠᠩᠬᠢᠮ᠎ᠳᠤ ᠬᠣᠶᠠᠳᠤᠭ᠋ᠠᠷ ᠤᠳᠠᠭ᠎ᠠ ᠵᠢᠨ ᠪᠦᠭᠦᠳᠡ ᠬᠤᠷᠠᠯ ᠬᠢᠪᠡ᠃

    ᠰᠤᠷᠪᠤᠯᠵᠢᠯᠠᠭᠴᠢ  ᠮᠠ ᠵᠢᠶᠠᠨ ᠪᠢᠩ  ᠰᠡᠭᠦᠳᠡᠷᠯᠡᠪᠡ

    ᠶᠡᠬᠡ ᠬᠤᠷᠠᠯ᠎ᠤᠨ ᠲᠡᠷᠢᠭᠦᠯᠡᠭᠴᠢᠳ᠎ᠤᠨ ᠪᠦᠯᠭᠦᠮ᠎ᠤᠨ ᠪᠠᠢ᠌ᠩᠭᠤ ᠵᠢᠨ ᠲᠡᠷᠢᠭᠦᠯᠡᠭᠴᠢ᠂ ᠭᠦᠢ᠍ᠴᠡᠳᠭᠡᠭᠴᠢ ᠲᠡᠷᠢᠭᠦᠯᠡᠭᠴᠢ ᠯᠢᠨ ᠱᠤᠤ ᠴᠦᠨ ᠬᠤᠷᠠᠯ᠎ᠢ ᠡᠷᠭᠢᠯᠡᠪᠡ᠃ ᠶᠡᠬᠡ ᠬᠤᠷᠠᠯ᠎ᠤᠨ ᠭᠦᠢ᠍ᠴᠡᠳᠭᠡᠭᠴᠢ ᠲᠡᠷᠢᠭᠦᠯᠡᠭᠴᠢ ᠳ᠋ᠤᠸᠠᠨ ᡁᠢ ᠴᠢᠶᠠᠩ᠂ ᠠᠢ ᠯᠢ ᠬᠤᠸᠠ᠂ ᠵᠠᠩ ᠪᠠᠢ ᠴᠧᠩ᠂ ᠸᠠᠨ ᠴᠤᠤ ᠴᠢ᠂ ᠸᠠᠩ ᠸᠠᠩ ᠱᠧᠩ᠂ ᠾᠧ ᠸᠧᠢ ᠬᠤᠸᠠ᠂ ᠵᠧᠦ ᠵᠢᠨ ᠰᠢᠩ᠂ ᠾᠧ ᠬᠠᠢ ᠳ᠋ᠦᠩ᠂ ᠴᠢ᠊ · ᠳᠠᠯᠠᠨᠲᠠᠢ ᠲᠡᠷᠢᠭᠦᠯᠡᠭᠴᠢᠳ᠎ᠤᠨ ᠲᠠᠢ᠌ᠰᠠᠨ᠎ᠤ ᠡᠮᠦᠨ᠎ᠡ ᠮᠥᠷ᠎ᠲᠤ ᠰᠠᠭ᠋ᠠᠲᠠᠪᠠ᠃

    ᠰᠦᠨ ᠱᠤᠤ ᠴᠧᠩ᠂ ᠸᠠᠩ ᠯᠢ ᠰᠢᠶᠠ᠂ ᠵᠠᠩ ᠶᠠᠨ ᠺᠦᠨ᠂ ᠱ᠌ᠢ ᠭᠤᠸᠠᠩ ᠬᠤᠢ᠂ ᠯᠢᠦ ᠱᠤᠸᠠᠩ᠂ ᠪᠦᠦ ᠭᠠᠩ᠂ ᠵᠧᠩ ᠬᠣᠩ ᠹᠠᠨ᠂ ᠳ᠋ᠢᠩ ᠰᠢᠤ ᠹᠧᠩ᠂ ᠮᠧᠩ ᠰᠢᠶᠠᠨ ᠳ᠋ᠦᠩ᠂ ᠶᠠᠩ ᠰᠢᠶᠣᠣ ᠺᠠᠩ᠂ ᠬᠤᠸᠠᠩ ᡁᠢ ᠴᠢᠶᠠᠩ᠂ ᠯᠢ ᠢᠦᠢ ᠭᠠᠩ᠂ ᠢᠦᠢ ᠯᠢ ᠰᠢᠨ ᠨᠠᠷ ᠲᠡᠷᠢᠭᠦᠯᠡᠭᠴᠢ ᠵᠢᠨ ᠲᠠᠢ᠌ᠰᠠᠨ᠎ᠳᠤ ᠰᠠᠭ᠋ᠠᠲᠠᠪᠠ᠃

    ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ ᠣᠲᠣ 532 ᠬᠥᠮᠥᠨ ᠪᠤᠶ᠂ 504 ᠬᠥᠮᠥᠨ ᠲᠣᠰ ᠤᠳᠠᠭ᠎ᠠ ᠵᠢᠨ ᠬᠤᠷᠠᠯ᠎ᠳᠤ ᠣᠷᠣᠯᠴᠠᠵᠤ᠂ ᠬᠠᠤᠯᠢ᠎ᠳᠤ ᠲᠣᠭᠲᠠᠭ᠋ᠠᠭᠰᠠᠨ ᠬᠥᠮᠥᠨ᠎ᠤ ᠲᠣᠭ᠎ᠠ᠎ᠳᠤ ᠨᠡᠢ᠌ᠴᠡᠪᠡ᠃

    ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠨᠠᠶ᠋ᠢᠳᠠᠯᠭ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠳᠡᠳ᠋ ᠡᠷᠭᠢᠯᠡᠭᠴᠢ ᠵᠠᠩ ᠱᠤᠤ ᠴᠦᠨ ᠶᠡᠬᠡ ᠬᠤᠷᠠᠯ᠎ᠳᠤ ᠠᠵᠢᠯ᠎ᠤᠨ ᠮᠡᠳᠡᠭᠦᠯᠦᠯᠲᠡ ᠬᠢᠪᠡ᠃ ᠲᠡᠷᠡ᠂ ᠨᠢᠭᠡ ᠵᠢᠯ᠎ᠤᠨ ᠲᠤᠷᠰᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠤᠯᠭ᠋ᠠᠬᠤ ᠵᠢ ᠪᠠᠷᠢᠮᠲᠠᠯᠠᠵᠤ᠂ ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠂ ᠶᠡᠷᠦᠩᠬᠡᠢ ᠱᠦᠵᠢ ᠰᠢ ᠵᠢᠨ ᠫᠢᠩ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠪᠦᠭᠦ ᠶᠠᠪᠤᠴᠠ ᠵᠢᠨ ᠠᠷᠠᠳ᠎ᠤᠨ ᠠᠷᠠᠳᠴᠢᠯᠠᠯ᠎ᠤᠨ ᠴᠢᠬᠤᠯᠠ ᠶᠡᠬᠡ ᠣᠢ᠌ᠯᠠᠭ᠋ᠠᠭᠳᠠᠬᠤᠨ᠎ᠢ ᠭᠦᠨᠵᠡᠭᠡᠢ ᠦᠢ᠍ᠯᠡᠳᠦᠯᠭᠡᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠦᠨᠳᠦᠰᠦᠨ ᠬᠠᠤᠯᠢ ᠬᠠᠤᠯᠢ ᠴᠠᠭ᠋ᠠᠵᠠ᠎ᠠᠴᠠ ᠣᠯᠭᠣᠭᠰᠠᠨ ᠲᠤᠰᠢᠶᠠᠯ ᠬᠠᠷᠢᠭᠤᠴᠠᠯᠭ᠎ᠠ᠎ᠪᠠᠨ ᠨᠠᠷᠢᠨ ᠬᠢᠨᠠᠮᠠᠭ᠋ᠠᠢ ᠭᠦᠢ᠍ᠴᠡᠳᠬᠡᠵᠦ᠂ ᠲᠣᠭᠲᠠᠭᠤᠨ᠎ᠤ ᠳᠤᠮᠳᠠ ᠤᠷᠤᠭᠰᠢᠯᠠᠨ ᠳᠠᠪᠰᠢᠵᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠪᠠ ᠭᠡᠵᠦ ᠵᠢᠭ᠋ᠠᠵᠤ ᠭᠠᠷᠭ᠋ᠠᠵᠠᠢ᠃

    ᠵᠠᠩ ᠱᠤᠤ ᠴᠦᠨ 5 ᠲᠠᠯ᠎ᠠ᠎ᠪᠠᠷ ᠥᠩᠭᠡᠷᠡᠭᠰᠡᠨ ᠨᠢᠭᠡ ᠵᠢᠯ᠎ᠤᠨ ᠭᠣᠣᠯ ᠠᠵᠢᠯ᠎ᠢ ᠡᠷᠭᠢᠴᠡᠭᠦᠯᠪᠡ᠄ ᠨᠠᠮ᠎ᠤᠨ ᠪᠦᠭᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠵᠤ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠᠵᠢᠯ᠎ᠤᠨ ᠵᠥᠪ ᠤᠯᠤᠰ ᠲᠦᠷᠦ ᠵᠢᠨ ᠴᠢᠭᠯᠡᠯ᠎ᠢ ᠪᠠᠲᠤ ᠡᠵᠡᠮᠳᠡᠪᠡ; ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ᠂ ᠰᠢᠨ᠎ᠡ᠎ᠪᠠᠷ ᠮᠠᠨᠳᠤᠭᠰᠠᠨ ᠬᠦᠷᠢᠶ᠎ᠡ ᠴᠠᠷᠠᠭ᠎ᠠ᠂ ᠪᠠᠴᠢᠮ ᠬᠡᠷᠡᠭᠰᠡᠬᠦ ᠬᠦᠷᠢᠶᠡᠨ᠎ᠳᠠᠬᠢ ᠬᠠᠤᠯᠢ ᠲᠣᠭᠲᠠᠭ᠋ᠠᠬᠤ ᠵᠢ ᠴᠢᠩᠭ᠋ᠠᠳᠬᠠᠵᠤ᠂ ᠬᠠᠤᠯᠢ᠎ᠪᠠᠷ ᠵᠠᠰᠠᠬᠤ ᠵᠢᠨ ᠬᠥᠲᠥᠯᠥᠨ ᠳᠠᠭ᠋ᠠᠭᠤᠯᠬᠤ ᠪᠠ ᠪᠠᠲᠤᠯᠠᠬᠤ ᠦᠢ᠍ᠯᠡᠳᠦᠯ᠎ᠢ ᠨᠡᠩ ᠰᠠᠢ᠌ᠲᠤᠷ ᠪᠠᠳᠠᠷᠠᠭᠤᠯᠪᠠ; ᠦᠨᠳᠦᠰᠦᠨ ᠬᠠᠤᠯᠢ ᠪᠠ ᠬᠠᠤᠯᠢ ᠴᠠᠭ᠋ᠠᠵᠠ᠎ᠠᠴᠠ ᠣᠯᠭᠣᠭᠰᠠᠨ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ᠎ᠪᠠᠨ ᠰᠠᠢ᠌ᠲᠤᠷ ᠭᠦᠢ᠍ᠴᠡᠳᠬᠡᠵᠦ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠢᠨᠠᠯᠲᠠ ᠲᠠᠯᠪᠢᠬᠤ ᠵᠢᠨ ᠠᠯᠪᠠᠳᠠᠯᠭ᠎ᠠ ᠵᠢᠨ ᠴᠢᠨᠠᠷ ᠪᠠ ᠪᠣᠳᠠᠲᠤ ᠦᠷ᠎ᠡ ᠪᠦᠲᠦᠮᠵᠢ ᠵᠢ ᠲᠠᠰᠤᠷᠠᠯᠲᠠ ᠦᠭᠡᠢ ᠨᠡᠮᠡᠭᠳᠡᠭᠦᠯᠪᠠ; ᠲᠥᠯᠥᠭᠡᠯᠡᠭᠴᠢᠳ᠎ᠤᠨ ᠠᠵᠢᠯ᠎ᠤᠨ ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠲᠥᠯᠥᠭᠡᠯᠡᠭᠴᠢᠳ᠎ᠤᠨ ᠡᠭᠦᠷᠭᠡ ᠬᠠᠷᠢᠭᠤᠴᠠᠯᠭ᠎ᠠ᠎ᠪᠠᠨ ᠨᠡᠩ ᠰᠠᠢ᠌ᠲᠤᠷ ᠭᠦᠢ᠍ᠴᠡᠳᠬᠡᠬᠦ᠂ ᠦᠢ᠍ᠯᠡᠳᠦᠯ ᠵᠶ᠋ᠡᠨ ᠪᠠᠳᠠᠷᠠᠭᠤᠯᠬᠤ ᠵᠢ ᠳᠡᠮᠵᠢᠨ ᠪᠠᠲᠤᠯᠡᠪᠠ; 《ᠳᠦᠷᠪᠡᠨ ᠪᠠᠢ᠌ᠭᠤᠯᠭ᠎ᠠ》 ᠵᠢᠨ ᠪᠠᠢ᠌ᠷᠢ ᠲᠣᠭᠲᠠᠭ᠋ᠠᠯᠲᠠ ᠵᠢᠨ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠵᠤ᠂ ᠪᠠᠢ᠌ᠩᠭᠤ ᠵᠢᠨ ᠬᠣᠷᠢᠶ᠎ᠠ ᠵᠢᠨ ᠲᠤᠰ ᠪᠡᠶ᠎ᠡ ᠵᠢᠨ ᠪᠠᠢ᠌ᠭᠤᠯᠤᠯᠲᠠ ᠵᠢ ᠪᠦᠭᠦ ᠲᠠᠯ᠎ᠠ᠎ᠪᠠᠷ ᠴᠢᠩᠭ᠋ᠠᠳᠬᠠᠪᠠ᠃ ᠨᠢᠭᠡ ᠵᠢᠯ᠎ᠤᠨ ᠲᠤᠷᠰᠢ᠂ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ᠎ᠢ ᠨᠡᠶ᠋ᠢᠲᠡ 9 ᠬᠤᠪᠢ ᠲᠣᠭᠲᠠᠭ᠋ᠠᠵᠤ᠂ 16 ᠬᠤᠪᠢ ᠬᠠᠤᠯᠢ ᠲᠣᠭᠲᠠᠭ᠋ᠠᠯ᠎ᠳᠤ ᠵᠠᠰᠠᠪᠤᠷᠢ ᠣᠷᠣᠭᠤᠯᠬᠤ ᠪᠠ ᠬᠦᠴᠦᠨ ᠦᠭᠡᠢ ᠪᠤᠯᠭ᠋ᠠᠵᠤ᠂ 76 ᠬᠤᠪᠢ ᠬᠠᠤᠯᠢ ᠲᠣᠭᠲᠠᠭ᠋ᠠᠯ᠎ᠢ ᠬᠢᠨᠠᠨ ᠪᠠᠢ᠌ᠴᠠᠭ᠋ᠠᠵᠤ ᠵᠥᠪᠰᠢᠶᠡᠷᠡᠪᠡ᠃ ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ ᠵᠢ 6 ᠤᠳᠠᠭ᠎ᠠ ᠵᠣᠬᠢᠶᠠᠨ ᠪᠠᠢ᠌ᠭᠤᠯᠵᠤ᠂ 42 ᠵᠦᠢ᠍ᠯ᠎ᠤᠨ ᠲᠤᠰᠬᠠᠢ ᠠᠵᠢᠯ᠎ᠤᠨ ᠮᠡᠳᠡᠭᠦᠯᠦᠯᠲᠡ ᠵᠢ ᠰᠣᠨᠣᠰᠤᠨ ᠬᠢᠨᠠᠨ ᠵᠥᠪᠯᠡᠵᠦ᠂ 5 ᠤᠳᠠᠭ᠎ᠠ ᠵᠢᠨ ᠲᠤᠰᠬᠠᠢ ᠰᠡᠳᠦᠪᠲᠦ ᠯᠠᠪᠯᠠᠨ ᠠᠰᠠᠭᠤᠬᠤ᠂ ᠬᠠᠨᠤᠮᠵᠢ᠎ᠲᠠᠢ ᠪᠠᠢ᠌ᠬᠤ ᠬᠡᠮᠵᠢᠶ᠎ᠡ ᠵᠢ ᠰᠢᠯᠭ᠋ᠠᠨ ᠦᠨᠡᠯᠡᠬᠦ ᠠᠵᠢᠯ᠎ᠢ ᠥᠷᠨᠢᠭᠦᠯᠪᠡ᠃ 6 ᠬᠤᠪᠢ ᠲᠣᠭᠲᠠᠭ᠋ᠠᠯ᠂ ᠰᠢᠢ᠍ᠳᠪᠦᠷᠢ ᠵᠢ ᠨᠡᠢ᠌ᠲᠡᠯᠡᠪᠡ᠃

    ᠵᠠᠩ ᠱᠤᠤ ᠴᠦᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠶᠡᠷᠦᠩᠬᠡᠢ ᠱᠦᠵᠢ ᠰᠢ ᠵᠢᠨ ᠫᠢᠩ᠎ᠤᠨ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠪᠠᠢ᠌ᠭᠤᠯᠤᠭᠳᠠᠭᠰᠠᠨ 70 ᠵᠢᠯ᠎ᠤᠨ ᠤᠢ ᠵᠢ ᠪᠡᠯᠭᠡᠯᠡᠬᠦ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠭᠤᠯᠤᠯ ᠪᠠᠢ᠌ᠭᠤᠯᠤᠭᠳᠠᠭᠰᠠᠨ 70 ᠵᠢᠯ᠎ᠤᠨ ᠤᠢ ᠵᠢ ᠪᠡᠯᠭᠡᠯᠡᠬᠦ ᠶᠠᠷᠢᠯᠴᠠᠬᠤ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠪᠠ᠃ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠭᠦ ᠲᠠᠯ᠎ᠠ᠎ᠪᠠᠷ ᠭᠦᠨᠵᠡᠭᠡᠢ᠌ᠷᠡᠭᠦᠯᠬᠦ ᠤᠯᠤᠰ ᠲᠥᠷᠥ ᠵᠢᠨ ᠬᠠᠷᠢᠭᠤᠴᠠᠯᠭ᠎ᠠ ᠵᠢ ᠡᠷᠡᠰ ᠡᠭᠦᠷᠭᠡᠯᠡᠵᠦ᠂ 《ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠮᠤᠵᠢ ᠵᠢᠨ ᠱᠠᠲᠤᠨ᠎ᠤ ᠤᠳᠤᠷᠢᠳᠬᠤ ᠨᠥᠬᠥᠳ᠎ᠤᠨ ᠥᠭᠡᠷᠡᠴᠢᠯᠡᠯᠲᠡ ᠵᠢᠨ ᠡᠭᠦᠷᠭᠡ ᠵᠢ ᠠᠵᠢᠯ ᠲᠥᠷᠥᠯ ᠬᠤᠪᠢᠶᠠᠨ ᠠᠬᠢᠭᠤᠯᠬᠤ ᠵᠢ ᠨᠠᠢ᠌ᠳᠠᠪᠤᠷᠢᠵᠢᠭᠤᠯᠬᠤ ᠲᠣᠭᠲᠠᠴᠠ》 ᠵᠢ ᠲᠣᠭᠲᠠᠭ᠋ᠠᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠥᠰᠥᠪ᠎ᠤᠨ ᠠᠵᠢᠯ᠎ᠤᠨ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠵᠢᠨ ᠳᠦᠷᠢᠮ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠳᠦᠷᠢᠮ》᠂ 《ᠵᠠᠰᠠᠭ᠎ᠤᠨ ᠣᠷᠳᠣᠨ᠎ᠤ ᠥᠷᠢ ᠥᠭᠴᠡᠭᠡ ᠵᠢᠨ ᠬᠠᠮᠢᠶᠠᠷᠤᠯᠲᠠ ᠵᠢᠨ ᠪᠠᠢ᠌ᠳᠠᠯ᠎ᠢ ᠮᠡᠳᠡᠭᠦᠯᠬᠦ ᠳᠦᠷᠢᠮ᠎ᠢ ᠪᠠᠢ᠌ᠭᠤᠯᠤᠨ ᠪᠦᠷᠢᠨᠰᠢᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠬᠡᠷᠡᠭᠵᠢᠭᠦᠯᠬᠦ ᠠᠷᠭ᠎ᠠ》 ᠵᠡᠷᠭᠡ ᠬᠠᠤᠯᠢ᠎ᠪᠠᠷ ᠵᠠᠰᠠᠬᠤ ᠬᠦᠷᠢᠶᠡᠨ᠎ᠳᠠᠬᠢ ᠥᠭᠡᠷᠡᠴᠢᠯᠡᠯᠲᠡ ᠵᠢᠨ ᠡᠭᠦᠷᠭᠡ ᠵᠢ ᠪᠡᠶᠡᠯᠡᠭᠦᠯᠪᠡ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠣᠣᠯ ᠰᠢᠵᠢᠮ᠎ᠢ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ᠎ᠢ ᠲᠣᠭᠲᠠᠭ᠋ᠠᠬᠤ ᠵᠢ ᠬᠢᠨᠠᠨ ᠬᠠᠷᠭᠤᠭᠤᠯᠬᠤ ᠤᠷᠢᠳᠠᠯ ᠨᠥᠬᠥᠴᠡᠯ ᠪᠤᠯᠭ᠋ᠠᠵᠤ᠂ ᠳᠠᠩᠰᠠᠯᠠᠵᠤ ᠬᠢᠨᠠᠨ ᠪᠠᠢ᠌ᠴᠠᠭ᠋ᠠᠬᠤ ᠴᠢᠬᠤᠯᠠ ᠠᠭᠤᠯᠭ᠎ᠠ ᠪᠤᠯᠭ᠋ᠠᠵᠤ᠂ ᠤᠳᠤ ᠵᠢᠨ ᠬᠡᠷᠡᠭᠵᠢᠭᠦᠯᠵᠦ ᠪᠠᠢ᠌ᠭ᠎ᠠ ᠬᠦᠴᠦᠨ ᠪᠦᠬᠦᠢ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ᠎ᠢ ᠪᠦᠭᠦ ᠲᠠᠯ᠎ᠠ᠎ᠪᠠᠷ ᠵᠢᠭᠰᠠᠭ᠋ᠠᠨ ᠪᠠᠢ᠌ᠴᠠᠭ᠋ᠠᠵᠤ ᠴᠡᠪᠡᠷᠯᠡᠪᠡ᠃ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠢᠨᠠᠯᠲᠠ ᠲᠠᠯᠪᠢᠬᠤ ᠵᠢᠨ ᠭᠣᠣᠯ ᠰᠢᠵᠢᠮ᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠳᠡᠭᠡᠷᠡᠬᠢ ᠳᠠᠪᠬᠤᠷ ᠬᠠᠮ ᠦᠢ᠍ᠯᠡᠳᠦᠯ᠎ᠢ ᠭᠦᠢ᠍ᠴᠡᠳ ᠪᠠᠳᠠᠷᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 28 ᠵᠤᠷᠪᠤᠰ ᠠᠷᠭ᠎ᠠ ᠬᠡᠮᠵᠢᠶ᠎ᠡ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠪᠣᠳᠠᠲᠠᠢ ᠠᠷᠭ᠎ᠠ ᠵᠢ ᠲᠣᠭᠲᠠᠭ᠋ᠠᠵᠤ᠂ ᠳᠦᠷᠢᠮ ᠵᠶ᠋ᠡᠷ ᠭᠣᠣᠯ ᠰᠢᠵᠢᠮ᠎ᠤᠨ ᠱᠠᠭ᠋ᠠᠷᠳᠠᠯᠭ᠎ᠠ ᠵᠢ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠᠵᠢᠯ᠎ᠤᠨ ᠳᠤᠮᠳᠠ ᠪᠦᠭᠦ ᠲᠠᠯ᠎ᠠ᠎ᠪᠠᠷ ᠲᠤᠭᠤᠰᠢᠯᠠᠭᠤᠯᠬᠤ ᠪᠠ ᠪᠦᠲᠦᠮᠵᠢᠲᠡᠶ ᠬᠡᠷᠡᠭᠵᠢᠭᠦᠯᠬᠦ ᠵᠢ ᠪᠠᠲᠤᠯᠠᠭᠰᠠᠨ ᠪᠠᠢ᠌ᠨ᠎ᠠ᠃ ᠭᠣᠣᠯ ᠠᠵᠢᠯ᠎ᠤᠨ ᠲᠣᠭᠣᠷᠢᠨ᠎ᠳᠤ ᠶᠡᠬᠡ ᠲᠠᠯ᠎ᠠ᠎ᠳᠤ ᠦᠢ᠍ᠯᠡᠴᠢᠯᠡᠬᠦ ᠵᠢ ᠪᠠᠷᠢᠮᠲᠠᠯᠠᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠢᠲᠡᠭᠡᠮᠵᠢ ᠵᠢᠨ ᠳᠦᠷᠢᠮ》 ᠵᠡᠷᠭᠡ ᠭᠣᠣᠯᠳᠠᠯᠭ᠎ᠠ᠎ᠲᠠᠢ ᠬᠠᠤᠯᠢ ᠲᠣᠭᠲᠠᠭ᠋ᠠᠬᠤ ᠡᠭᠦᠷᠭᠡ ᠵᠢ ᠪᠡᠶᠡᠯᠡᠭᠦᠯᠵᠦ᠂ ᠣᠷᠣᠨ ᠪᠦᠰᠡ ᠬᠠᠮᠵᠢᠯᠴᠠᠨ ᠬᠠᠤᠯᠢ ᠲᠣᠭᠲᠠᠭ᠋ᠠᠬᠤ ᠵᠢ ᠠᠩᠬ᠎ᠠ ᠤᠳᠠᠭ᠎ᠠ ᠥᠷᠨᠢᠭᠦᠯᠪᠡ᠃ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ ᠲᠤᠬᠠᠢ 6 ᠠᠬᠢᠭᠤᠯᠬᠤ ᠳᠦᠷᠢᠮ᠎ᠢ ᠬᠡᠷᠡᠭᠵᠢᠭᠦᠯᠦᠭᠰᠡᠨ ᠪᠠᠢ᠌ᠳᠠᠯ᠎ᠤᠨ ᠮᠡᠳᠡᠭᠦᠯᠦᠯᠲᠡ ᠵᠢ ᠰᠣᠨᠣᠰᠤᠨ ᠬᠢᠨᠠᠨ ᠵᠥᠪᠯᠡᠵᠦ᠂ 《ᠵᠢᠷᠭᠤᠭ᠋ᠠᠨ ᠢᠨᠵᠧᠨᠧᠷᠢᠩ》᠎ᠢ ᠬᠡᠷᠡᠭᠵᠢᠭᠦᠯᠦᠭᠰᠡᠨ ᠪᠠᠢ᠌ᠳᠠᠯ᠎ᠤᠨ ᠲᠤᠬᠠᠢ ᠬᠢᠨᠠᠯᠲᠠ ᠲᠠᠯᠪᠢᠬᠤ ᠵᠢ ᠥᠷᠨᠢᠭᠦᠯᠬᠦ ᠵᠢᠨ ᠬᠠᠮᠲᠤ ᠲᠥᠯᠥᠭᠡᠯᠡᠭᠴᠢᠳ᠎ᠢ ᠵᠣᠬᠢᠶᠠᠨ ᠪᠠᠢ᠌ᠭᠤᠯᠵᠤ ᠬᠠᠮᠲᠤ᠎ᠪᠠᠷ ᠪᠠᠢ᠌ᠴᠠᠭ᠋ᠠᠨ ᠦᠵᠡᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠬᠢᠨᠠᠯᠲᠠ ᠲᠠᠯᠪᠢᠬᠤ ᠵᠢ ᠨᠡᠪᠲᠡᠷᠡᠯᠴᠡᠭᠦᠯᠦᠨ ᠵᠣᠬᠢᠴᠠᠭᠤᠯᠬᠤ ᠲᠣᠭᠲᠠᠴᠠ ᠵᠢ ᠨᠠᠢ᠌ᠳᠠᠪᠤᠷᠢᠵᠢᠭᠤᠯᠬᠤ᠂ ᠬᠢᠨᠠᠯᠲᠠ ᠲᠠᠯᠪᠢᠬᠤ ᠠᠷᠭ᠎ᠠ ᠭᠡᠯᠪᠡᠷᠢ ᠵᠢᠨ ᠲᠠᠯ᠎ᠠ᠎ᠪᠠᠷ ᠲᠠᠰᠤᠷᠠᠯᠲᠠ ᠦᠭᠡᠢ ᠰᠢᠨ᠎ᠡ ᠵᠢ ᠡᠭᠦᠳᠴᠦ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠢᠨᠠᠯᠲᠠ ᠲᠠᠯᠪᠢᠬᠤ ᠠᠯᠪᠠᠳᠠᠯᠭ᠎ᠠ ᠵᠢᠨ ᠴᠢᠨᠠᠷ ᠪᠠ ᠪᠣᠳᠠᠲᠤ ᠦᠷ᠎ᠡ ᠪᠦᠲᠦᠮᠵᠢ ᠵᠢ ᠳᠡᠭᠡᠭᠰᠢᠯᠡᠭᠦᠯᠪᠡ᠃ ᠲᠥᠯᠥᠭᠡᠯᠡᠭᠴᠢᠳ᠎ᠤᠨ ᠤᠯᠤᠰ ᠲᠥᠷᠥ᠂ ᠦᠵᠡᠯ ᠰᠠᠨᠠᠭ᠎ᠠ᠂ ᠰᠤᠷᠲᠠᠯ᠎ᠤᠨ ᠪᠠᠢ᠌ᠭᠤᠯᠤᠯᠲᠠ ᠵᠢ ᠬᠦᠴᠦᠯᠡᠨ ᠴᠢᠩᠭ᠋ᠠᠳᠬᠠᠵᠤ᠂ ᠲᠥᠯᠥᠭᠡᠯᠡᠭᠴᠢᠳ᠎ᠤᠨ ᠨᠠᠮ᠎ᠤᠨ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠲᠦᠷᠦᠭᠦᠯᠡᠨ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠬᠥᠲᠥᠯᠥᠨ ᠵᠢᠯᠣᠭᠣᠳᠪᠠ᠃ ᠳᠥᠷᠪᠡᠨ ᠵᠦᠢ᠍ᠯ᠎ᠤᠨ ᠰᠢᠨ᠎ᠡ ᠲᠣᠭᠲᠠᠴᠠ ᠵᠢᠨ ᠦᠷᠭᠦᠯᠵᠢᠯᠡᠨ ᠥᠷᠭᠡᠵᠢᠬᠦ ᠵᠢ ᠠᠬᠢᠭᠤᠯᠵᠤ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ ᠵᠢᠨ ᠦᠢ᠍ᠯᠡᠳᠦᠯ᠎ᠢ ᠤᠯᠠᠮ ᠨᠢᠭᠡ ᠠᠯᠬᠤᠮ ᠰᠠᠢ᠌ᠲᠤᠷ ᠪᠠᠳᠠᠷᠠᠭᠤᠯᠪᠠ᠃ ᠰᠠᠨᠠᠯ ᠵᠥᠪᠯᠡᠯᠭᠡ ᠰᠠᠨᠠᠭᠤᠯᠭ᠎ᠠ ᠵᠢ ᠰᠢᠢ᠍ᠳᠪᠦᠷᠢᠯᠡᠬᠦ ᠠᠵᠢᠯ᠎ᠢ ᠰᠠᠢ᠌ᠲᠤᠷ ᠬᠢᠪᠡ᠃ ᠥᠪᠡᠷᠲᠡᠭᠡᠨ ᠵᠠᠰᠠᠬᠤ ᠣᠷᠣᠨ᠎ᠤ 270 ᠲᠥᠷᠥ ᠵᠢᠨ ᠪᠠᠢ᠌ᠭᠤᠯᠭ᠎ᠠ ᠵᠢᠨ ᠠᠵᠢᠯᠲᠠᠨ᠎ᠢ ᠲᠣᠮᠢᠯᠠᠵᠤ ᠪᠠᠭᠤᠯᠭ᠋ᠠᠪᠠ᠃ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠣᠷᠢᠭ ᠰᠠᠨᠠᠭ᠎ᠠ᠎ᠪᠠᠷ ᠲᠤᠰ ᠪᠡᠶ᠎ᠡ ᠵᠢᠨ ᠪᠠᠢ᠌ᠭᠤᠯᠤᠯᠲᠠ᠎ᠪᠠᠨ ᠴᠢᠩᠭ᠋ᠠᠳᠬᠠᠵᠤ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠤᠬᠠᠭᠤᠯᠭ᠎ᠠ ᠵᠢᠨ ᠠᠵᠢᠯ᠎ᠢ ᠬᠠᠤᠯᠢ ᠴᠠᠭ᠋ᠠᠵᠠ ᠵᠢᠨ ᠶᠠᠮᠤᠨ᠂ ᠪᠦᠭᠦ ᠤᠯᠤᠰ᠎ᠤᠨ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠠᠯᠪᠠᠨ ᠭᠡᠷ᠎ᠠᠴᠠ ᠵᠠᠷᠯᠠᠨ ᠰᠠᠢ᠌ᠰᠢᠶᠠᠵᠤ᠂ ᠬᠣᠶᠠᠷ ᠵᠦᠢ᠍ᠯ᠎ᠤᠨ ᠥᠭᠡᠷᠡᠴᠢᠯᠡᠯᠲᠡ ᠵᠢᠨ ᠡᠭᠦᠷᠭᠡ ᠪᠦᠭᠦ ᠣᠷᠣᠨ᠎ᠤ ᠥᠭᠡᠷᠡᠴᠢᠯᠡᠯᠲᠡ ᠵᠢᠨ ᠰᠢᠯᠢᠳᠡᠭ ᠬᠡᠷᠡᠭ᠎ᠤᠨ ᠵᠢᠱ᠌ᠢᠶ᠎ᠡ᠎ᠪᠠᠷ ᠰᠣᠩᠭᠣᠭᠳᠠᠭᠰᠠᠨ ᠪᠠᠢ᠌ᠨ᠎ᠠ ᠭᠡᠪᠡ᠃

    ᠵᠠᠩ ᠱᠤᠤ ᠴᠦᠨ᠂ ᠥᠩᠭᠡᠷᠡᠭᠰᠡᠨ ᠨᠢᠭᠡ ᠵᠢᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠣᠯᠣᠭᠰᠠᠨ ᠠᠵᠢᠯ᠎ᠤᠨ ᠠᠮᠵᠢᠯᠲᠠ ᠪᠦᠳᠦᠮᠵᠢ ᠪᠣᠯ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠋ᠠᠨ᠎ᠤ ᠵᠢᠯᠣᠭᠣᠳᠤᠯᠭ᠎ᠠ ᠳᠣᠣᠷ᠎ᠠ᠂ 《ᠬᠣᠶᠠᠷ᠎ᠢ ᠲᠣᠭᠲᠠᠭ᠋ᠠᠭᠰᠠᠨ》᠎ᠢ ᠡᠷᠡᠰ ᠬᠦᠷᠢᠶᠡᠯᠡᠵᠦ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠦᠭᠰᠡᠨ᠎ᠤ ᠦᠷ᠎ᠡ ᠳ᠋ᠦᠩ ᠮᠥᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠲᠤ ᠴᠢᠩᠭ᠎ᠠ ᠬᠦᠴᠦᠲᠡᠢ ᠤᠳᠤᠷᠢᠳᠤᠯᠭ᠎ᠠ ᠵᠢᠨ ᠦᠷ᠎ᠡ ᠳ᠋ᠦᠩ ᠮᠥᠨ᠂ ᠪᠦᠭᠦ ᠲᠥᠯᠥᠭᠡᠯᠡᠭᠴᠢᠳ᠎ᠤᠨ ᠤᠶᠤᠨ ᠤᠬᠠᠭ᠋ᠠᠨ ᠬᠦᠴᠦᠨ ᠴᠢᠳᠠᠯ ᠪᠠ ᠰᠢᠷᠭ᠋ᠠᠭᠤ ᠬᠠᠲᠠᠭᠤᠵᠢᠯᠲᠠᠢ ᠬᠦᠴᠦ ᠬᠥᠯᠥᠰᠦ ᠰᠢᠩᠭᠡᠵᠦ ᠪᠠᠢ᠌ᠬᠤ ᠪᠥᠭᠡᠳ ᠥᠪᠡᠷᠲᠡᠭᠡᠨ ᠵᠠᠰᠠᠬᠤ ᠣᠷᠣᠨ᠎ᠤ 《ᠨᠢᠭᠡ ᠵᠠᠰᠠᠭ᠎ᠤᠨ ᠣᠷᠳᠣᠨ ᠨᠢᠭᠡ ᠵᠥᠪᠯᠡᠯ ᠬᠣᠶᠠᠷ ᠬᠣᠷᠢᠶ᠎ᠠ》᠂ ᠪᠦᠭᠦ ᠣᠷᠣᠨ᠎ᠤ ᠡᠯ᠎ᠡ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠵᠢᠴᠢ ᠨᠡᠢ᠌ᠭᠡᠮ᠎ᠤᠨ ᠡᠯ᠎ᠡ ᠲᠠᠯ᠎ᠠ ᠵᠢᠨ ᠬᠦᠴᠦᠲᠡᠢ ᠳᠡᠮᠵᠢᠯᠭᠡ᠎ᠠᠴᠠ ᠰᠠᠯᠵᠤ ᠴᠢᠳᠠᠬᠤ ᠦᠭᠡᠢ ᠶᠤᠮ ᠭᠡᠪᠡ᠃

     ᠵᠠᠩ ᠱᠤᠤ ᠴᠦᠨ᠂ 2025 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ 《ᠨᠢᠭᠡ ᠭᠣᠣᠯ ᠰᠢᠵᠢᠮ᠎ᠢ ᠲᠤᠭᠤᠰᠢᠯᠠᠭᠤᠯᠬᠤ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠂ ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠪᠠᠳᠠᠷᠠᠭᠤᠯᠬᠤ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ᠎ᠳᠤ ᠣᠷᠣᠬᠤ》 ᠭᠣᠣᠯ ᠠᠵᠢᠯ ᠶᠡᠬᠡ ᠲᠠᠯ᠎ᠠ ᠵᠢᠨ ᠲᠣᠭᠣᠷᠢᠨ᠎ᠳᠤ᠂ 《ᠵᠢᠷᠭᠤᠭ᠋ᠠᠨ ᠢᠨᠵᠧᠨᠧᠷᠢᠩ》᠎ᠢ ᠦᠷᠭᠦᠯᠵᠢᠯᠡᠨ ᠬᠡᠷᠡᠭᠵᠢᠭᠦᠯᠵᠦ᠂ 《ᠵᠢᠷᠭᠤᠭ᠋ᠠᠨ ᠠᠵᠢᠯᠯᠠᠭ᠎ᠠ》 ᠵᠢ ᠥᠷᠨᠢᠭᠦᠯᠬᠦ ᠵᠢ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ᠎ᠳᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠦᠴᠦᠨ ᠴᠢᠳᠠᠯ ᠵᠶ᠋ᠠᠨ ᠡᠷᠭᠦᠨ᠎ᠡ ᠭᠡᠪᠡ᠃

    ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠣᠷᠢᠶ᠎ᠠ ᠵᠢᠨ ᠳᠠᠷᠤᠭ᠎ᠠ ᠶᠠᠩ ᠽᠥᠩ ᠷᠧᠨ ᠶᠡᠬᠡ ᠬᠤᠷᠠᠯ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ ᠬᠢᠪᠡ᠃ ᠲᠡᠷᠡ᠂ 2024 ᠣᠨ᠎ᠳᠤ ᠪᠦᠭᠦ ᠣᠷᠣᠨ᠎ᠤ ᠰᠢᠭᠦᠬᠦ ᠬᠣᠷᠢᠶ᠎ᠠ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠤᠯᠭ᠋ᠠᠬᠤ ᠵᠢ ᠪᠠᠷᠢᠮᠲᠠᠯᠠᠵᠤ᠂ ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠣᠣᠯ ᠰᠢᠵᠢᠮ᠎ᠢ ᠪᠠᠷᠢᠮᠲᠠᠯᠠᠵᠤ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠎ᠳᠤ ᠦᠢ᠍ᠯᠡᠴᠢᠯᠡᠨ ᠪᠠᠲᠤᠯᠠᠬᠤ ᠳᠡᠭᠡᠷ᠎ᠡ ᠠᠩᠬᠠᠷᠤᠯ ᠵᠶ᠋ᠡᠨ ᠲᠥᠪᠯᠡᠷᠡᠭᠦᠯᠦᠨ᠂ ᠡᠯ᠎ᠡ ᠵᠦᠢ᠍ᠯ᠎ᠤᠨ ᠠᠵᠢᠯ ᠰᠢᠨ᠎ᠡ ᠦᠷ᠎ᠡ ᠪᠦᠲᠦᠮᠵᠢ ᠣᠯᠪᠠ᠃ ᠨᠢᠭᠡ ᠵᠢᠯ᠎ᠤᠨ ᠲᠤᠷᠰᠢ᠂ ᠪᠦᠭᠦ ᠣᠷᠣᠨ᠎ᠤ ᠰᠢᠭᠦᠬᠦ ᠬᠣᠷᠢᠶ᠎ᠠ ᠡᠯ᠎ᠡ ᠲᠥᠷᠥᠯ᠎ᠤᠨ ᠬᠡᠷᠡᠭ᠎ᠢ 108 ᠲᠦᠮᠡᠨ ᠬᠤᠪᠢ ᠭᠥᠯᠢᠶᠡᠨ ᠠᠪᠴᠤ ᠰᠢᠢ᠍ᠳᠪᠦᠷᠢᠯᠡᠨ᠂ 102.7 ᠲᠦᠮᠡᠨ ᠬᠤᠪᠢ ᠵᠢ ᠰᠢᠢ᠍ᠳᠪᠦᠷᠢᠯᠡᠵᠦ ᠳᠠᠭᠤᠰᠬᠠᠭᠰᠠᠨ ᠪᠠᠢ᠌ᠨ᠎ᠠ ᠭᠡᠪᠡ᠃

    ᠶᠠᠩ ᠽᠥᠩ ᠷᠧᠨ 6 ᠲᠠᠯ᠎ᠠ᠎ᠪᠠᠷ ᠥᠩᠭᠡᠷᠡᠭᠰᠡᠨ ᠨᠢᠭᠡ ᠵᠢᠯ᠎ᠤᠨ ᠠᠵᠢᠯ ᠵᠶ᠋ᠠᠨ ᠡᠷᠭᠢᠴᠡᠭᠦᠯᠪᠡ᠄ ᠬᠠᠤᠯᠢ ᠶᠣᠰᠣᠭ᠋ᠠᠷ ᠶᠠᠯᠠᠲᠤ ᠠᠵᠢᠯᠯᠠᠭ᠎ᠠ ᠵᠢ ᠵᠠᠯᠬᠠᠭ᠋ᠠᠨ ᠰᠢᠢ᠍ᠳᠬᠡᠵᠦ᠂ ᠥᠨᠳᠥᠷ ᠲᠦᠪᠰᠢᠨ ᠪᠦᠬᠦᠢ ᠠᠮᠤᠷ ᠲᠦᠪᠰᠢᠨ᠎ᠳᠤ ᠦᠢ᠍ᠯᠡᠴᠢᠯᠡᠨ ᠪᠠᠲᠤᠯᠠᠪᠠ; ᠭᠣᠣᠯ ᠠᠵᠢᠯ᠎ᠤᠨ ᠲᠣᠭᠣᠷᠢᠨ᠎ᠳᠤ ᠴᠢᠨᠠᠷ ᠰᠠᠢ᠌ᠲᠠᠢ ᠬᠥᠭᠵᠢᠯᠲᠡ᠎ᠳᠤ ᠦᠢ᠍ᠯᠡᠴᠢᠯᠡᠨ ᠪᠠᠲᠤᠯᠠᠬᠤ ᠵᠢ ᠪᠠᠷᠢᠮᠲᠠᠯᠠᠪᠠ; ᠠᠷᠠᠳ᠎ᠤᠨ ᠲᠥᠯᠥᠭᠡ ᠪᠠᠢ᠌ᠬᠤ ᠵᠣᠷᠢᠯᠲᠠ ᠵᠢ ᠦᠢ᠍ᠯᠡᠳᠦᠯᠭᠡᠵᠢᠭᠦᠯᠵᠦ᠂ ᠴᠢᠨᠠᠷ ᠰᠠᠢ᠌ᠲᠠᠢ ᠠᠮᠢᠳᠤᠷᠠᠯ᠎ᠳᠤ ᠦᠢ᠍ᠯᠡᠴᠢᠯᠡᠨ ᠪᠠᠳᠤᠯᠠᠪᠡ; ᠰᠢᠭᠦᠨ ᠲᠠᠰᠤᠯᠬᠤ ᠡᠭᠦᠷᠭᠡ ᠴᠢᠳᠠᠪᠤᠷᠢ᠎ᠪᠠᠨ ᠥᠷᠭᠡᠳᠬᠡᠵᠦ᠂ ᠥᠨᠳᠥᠷ ᠪᠦᠲᠦᠮᠵᠢᠲᠡᠢ᠎ᠪᠠᠷ ᠵᠠᠰᠠᠬᠤ᠎ᠳᠤ ᠦᠢ᠍ᠯᠡᠴᠢᠯᠡᠨ ᠪᠠᠳᠤᠯᠠᠪᠠ; ᠬᠡᠷᠡᠭ᠎ᠢ ᠬᠠᠮᠢᠶᠠᠷᠬᠤ ᠬᠥᠮᠥᠨ᠎ᠢ ᠬᠠᠮᠢᠶᠠᠷᠬᠤ ᠵᠢ ᠨᠢᠭᠡᠳᠦᠯᠲᠡᠢ ᠲᠥᠯᠥᠪᠵᠢᠭᠦᠯᠵᠦ᠂ ᠴᠢᠨᠠᠷ ᠰᠠᠢ᠌ᠲᠠᠢ ᠪᠦᠲᠦᠮᠵᠢᠲᠡᠢ ᠰᠢᠭᠦᠨ ᠲᠠᠰᠤᠯᠬᠤ ᠵᠢ ᠦᠷᠭᠦᠯᠵᠢᠯᠡᠨ ᠠᠭᠢᠭᠤᠯᠪᠠ; ᠤᠬᠠᠮᠰᠠᠷ᠎ᠠᠴᠠ᠎ᠪᠠᠨ ᠬᠢᠨᠠᠯᠲᠠ ᠵᠢ ᠬᠦᠯᠢᠶᠡᠵᠦ᠂ ᠪᠦᠭᠦ ᠶᠠᠪᠤᠴᠠ ᠵᠢᠨ ᠠᠷᠠᠳ᠎ᠤᠨ ᠠᠷᠠᠳᠴᠢᠯᠠᠯ᠎ᠢ ᠦᠢ᠍ᠯᠡᠳᠦᠯᠭᠡᠵᠢᠭᠦᠯᠪᠡ᠃

    ᠶᠠᠩ ᠽᠥᠩ ᠷᠧᠨ᠂ 2025 ᠣᠨ᠎ᠳᠤ ᠪᠦᠭᠦ ᠣᠷᠣᠨ᠎ᠤ ᠰᠢᠭᠦᠬᠦ ᠬᠣᠷᠢᠶ᠎ᠠ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠤᠯᠭ᠋ᠠᠬᠤ ᠵᠢ ᠪᠠᠷᠢᠮᠲᠠᠯᠠᠵᠤ᠂ 《ᠲᠥᠪ ᠭᠣᠣᠯᠴᠢ ᠪᠠ ᠦᠷ᠎ᠡ ᠪᠦᠲᠦᠮᠵᠢ》 ᠭᠡᠬᠦ ᠭᠣᠣᠯ ᠰᠡᠳᠦᠪ᠎ᠢ ᠪᠠᠲᠤ ᠡᠵᠡᠮᠳᠡᠵᠦ᠂ 《ᠤᠯᠤᠰ ᠲᠦᠷᠦ᠎ᠪᠠᠷ ᠰᠦᠭ ᠰᠦᠨᠡᠰᠦ ᠵᠢ ᠱᠤᠭᠤᠬᠤ》᠂ 《ᠴᠢᠨᠠᠷ ᠦᠷ᠎ᠡ ᠪᠦᠲᠦᠮᠵᠢ ᠵᠢ ᠪᠡᠬᠢᠵᠢᠭᠦᠯᠬᠦ》᠂ 《ᠬᠡᠪ ᠪᠣᠯᠪᠠᠰᠤᠷᠠᠯ ᠴᠢᠳᠠᠪᠤᠷᠢ ᠵᠢ ᠳᠡᠭᠡᠭᠰᠢᠯᠡᠭᠦᠯᠭᠦ》᠂ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠬᠦᠴᠦᠨ ᠴᠢᠳᠠᠯ ᠣᠯᠭᠣᠬᠤ》 4 ᠵᠦᠢ᠍ᠯ᠎ᠤᠨ ᠢᠨᠵᠧᠨᠧᠷᠢᠩ᠎ᠢ ᠭᠦᠨᠵᠡᠭᠡᠢ ᠥᠷᠨᠢᠭᠦᠯᠵᠦ᠂ ᠬᠠᠤᠯᠢ ᠴᠠᠭ᠋ᠠᠵᠠ ᠵᠢᠨ ᠬᠡᠷᠡᠭ ᠨᠢᠭᠡᠪᠦᠷᠢ ᠳᠤᠮᠳᠠ᠎ᠠᠴᠠ ᠠᠷᠠᠳ ᠤᠯᠠᠨ᠎ᠳᠤ ᠲᠥᠪ ᠭᠣᠣᠯᠴᠢ ᠰᠢᠳᠤᠷᠭᠤ ᠶᠣᠰᠣ ᠵᠢ ᠮᠡᠳᠡᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ᠎ᠳᠤ ᠬᠦᠴᠦᠲᠡᠢ ᠬᠠᠤᠯᠢ ᠴᠠᠭ᠋ᠠᠵᠠ ᠵᠢᠨ ᠲᠤᠯᠭ᠋ᠠᠭᠤᠷᠢᠯᠠᠯ ᠪᠠ ᠦᠢ᠍ᠯᠡᠴᠢᠯᠡᠭᠡ ᠬᠠᠩᠭ᠋ᠠᠨ᠎ᠠ ᠭᠡᠪᠡ᠃

    ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢ᠌ᠴᠠᠭ᠋ᠠᠬᠤ ᠬᠣᠷᠢᠶ᠎ᠠ ᠵᠢᠨ ᠪᠠᠢ᠌ᠴᠠᠭ᠋ᠠᠬᠤ ᠳᠠᠷᠤᠭ᠎ᠠ ᠯᠢ ᠶᠦᠩ ᠵᠢᠶᠦ᠋ᠨ ᠶᠡᠬᠡ ᠬᠤᠷᠠᠯ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢ᠌ᠴᠠᠭ᠋ᠠᠬᠤ ᠬᠣᠷᠢᠶ᠎ᠠ ᠵᠢᠨ ᠠᠵᠢᠯ᠎ᠤᠨ ᠢᠯᠡᠳᠬᠡᠯ ᠬᠢᠪᠡ᠃ ᠲᠡᠷᠡ᠂ 2024 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢ᠌ᠴᠠᠭ᠋ᠠᠬᠤ ᠬᠣᠷᠢᠶ᠎ᠠ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠤᠯᠭ᠋ᠠᠬᠤ ᠵᠢ ᠪᠠᠠᠷᠢᠮᠲᠠᠯᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠲᠣᠭᠣᠷᠢᠨ᠎ᠳᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠣᠣᠯ ᠰᠢᠵᠢᠮ᠎ᠲᠠᠢ ᠨᠢᠭᠲᠠ ᠤᠶᠠᠯᠳᠤᠭᠤᠯᠵᠤ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠎ᠳᠤ ᠰᠠᠨᠠᠭ᠋ᠠᠴᠢᠯᠠᠭ᠎ᠠ᠎ᠠᠴᠠ᠎ᠪᠠᠨ ᠦᠢ᠍ᠯᠡᠴᠢᠯᠡᠵᠦ᠂ ᠬᠡᠷᠡᠭ ᠨᠢᠭᠡᠪᠦᠷᠢ ᠵᠢ ᠴᠢᠨᠠᠷ ᠰᠠᠢ᠌ᠲᠠᠢ ᠦᠷ᠎ᠡ ᠪᠦᠲᠦᠮᠵᠢᠲᠡᠢ᠎ᠪᠠᠷ ᠰᠠᠢ᠌ᠲᠤᠷ ᠰᠢᠢ᠍ᠳᠪᠦᠷᠢᠯᠡᠵᠦ᠂ ᠤᠬᠠᠮᠰᠠᠷ᠎ᠠᠴᠠ᠎ᠪᠠᠨ ᠶᠡᠬᠡ ᠲᠠᠯ᠎ᠠ᠎ᠳᠤ ᠦᠢ᠍ᠯᠡᠴᠢᠯᠡᠵᠦ᠂ ᠠᠷᠠᠳ ᠲᠦᠮᠡᠨ᠎ᠤ ᠲᠥᠯᠥᠭᠡ ᠬᠠᠤᠯᠢ ᠪᠠᠷᠢᠵᠤ᠂ ᠬᠠᠤᠯᠢ᠎ᠪᠠᠷ ᠵᠠᠰᠠᠬᠤ᠎ᠳᠤ ᠬᠠᠷᠢᠭᠤᠴᠠᠯᠭ᠎ᠠ ᠡᠭᠦᠷᠭᠡᠯᠡᠪᠡ ᠭᠡᠪᠡ᠃

    ᠯᠢ ᠶᠦᠩ ᠵᠢᠶᠦ᠋ᠨ 5 ᠲᠠᠯ᠎ᠠ᠎ᠪᠠᠷ ᠥᠩᠭᠡᠷᠡᠭᠰᠡᠨ ᠨᠢᠭᠡ ᠵᠢᠯ᠎ᠤᠨ ᠠᠵᠢᠯ ᠵᠶ᠋ᠠᠨ ᠡᠷᠭᠢᠴᠡᠭᠦᠯᠪᠡ᠄ ᠵᠠᠯᠬᠠᠭ᠋ᠠᠬᠤ ᠪᠠ ᠰᠡᠷᠭᠡᠢ᠌ᠯᠡᠬᠦ ᠵᠢ ᠵᠡᠷᠭᠡ᠎ᠪᠠᠷ ᠴᠢᠬᠤᠯᠠᠴᠢᠯᠠᠬᠤ ᠵᠢ ᠪᠠᠷᠢᠮᠲᠠᠯᠠᠵᠤ᠂ ᠠᠮᠤᠷ ᠲᠦᠪᠰᠢᠨ ᠲᠣᠭᠲᠠᠭᠤᠨ᠎ᠢ ᠪᠦᠭᠦ ᠬᠦᠴᠦᠨ ᠵᠶ᠋ᠡᠷ ᠵᠶ᠋ᠡᠨ ᠬᠠᠮᠠᠭ᠋ᠠᠯᠠᠪᠠ; ᠰᠠᠨᠠᠭ᠋ᠠᠴᠢᠯᠠᠭ᠎ᠠ᠎ᠠᠴᠠ᠎ᠪᠠᠨ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠵᠢ ᠪᠠᠷᠢᠮᠲᠠᠯᠠᠵᠤ᠂ ᠴᠢᠨᠠᠷ ᠰᠠᠢ᠌ᠲᠠᠢ ᠬᠥᠭᠵᠢᠯᠲᠡ᠎ᠳᠤ ᠢᠳᠡᠪᠬᠢᠲᠡᠢ ᠦᠢ᠍ᠯᠡᠴᠢᠯᠡᠨ ᠬᠠᠮᠠᠭ᠋ᠠᠯᠠᠪᠠ; ᠠᠷᠠᠳ ᠲᠦᠮᠡᠨ᠎ᠢ ᠳᠡᠭᠡᠳᠦᠯᠡᠬᠦ ᠵᠢ ᠪᠠᠷᠢᠮᠲᠠᠯᠠᠵᠤ᠂ ᠠᠷᠠᠳ᠎ᠤᠨ ᠠᠮᠢᠳᠤᠷᠠᠯ ᠠᠷᠠᠳ᠎ᠤᠨ ᠠᠰᠢᠭ ᠲᠤᠰᠠ ᠵᠢ ᠬᠠᠤᠯᠢ ᠶᠣᠰᠣᠭ᠋ᠠᠷ ᠪᠠᠲᠤᠯᠠᠪᠠ; ᠬᠢᠨᠠᠯᠲᠠ ᠲᠠᠯᠪᠢᠬᠤ ᠵᠢ ᠴᠢᠩᠭ᠋ᠠᠳᠬᠠᠬᠤ ᠵᠢ ᠪᠠᠷᠢᠮᠲᠠᠯᠠᠵᠤ᠂ ᠲᠥᠪ ᠭᠣᠣᠯᠴᠢ᠎ᠪᠠᠷ ᠬᠠᠤᠯᠢ ᠪᠠᠷᠢᠬᠤ ᠵᠢ ᠪᠦᠲᠦᠮᠵᠢᠲᠡᠢ ᠬᠠᠮᠠᠭ᠋ᠠᠯᠠᠪᠠ; ᠰᠦᠭ ᠰᠦᠨᠡᠰᠦ ᠵᠢ ᠱᠤᠭᠤᠵᠤ ᠪᠡᠶ᠎ᠡ᠎ᠪᠠᠨ ᠴᠢᠭᠢᠷᠠᠭᠵᠢᠭᠤᠯᠬᠤ ᠵᠢ ᠪᠠᠷᠢᠮᠲᠠᠯᠠᠵᠤ᠂ ᠰᠢᠯᠭ᠋ᠠᠷᠠᠭᠰᠠᠨ ᠡᠩᠨᠡᠭᠡ ᠵᠢ ᠦᠷᠭᠦᠯᠵᠢᠯᠡᠨ ᠳᠠᠪᠲᠠᠨ ᠪᠣᠯᠪᠠᠰᠤᠷᠠᠭᠤᠯᠪᠠ᠃

    ᠯᠢ ᠶᠦᠩ ᠵᠢᠶᠦ᠋ᠨ᠂ 2025 ᠣᠨ᠎ᠳᠤ᠂ ᠪᠦᠭᠦ ᠣᠷᠣᠨ᠎ᠤ ᠪᠠᠢ᠌ᠴᠠᠭ᠋ᠠᠬᠤ ᠪᠠᠢ᠌ᠭᠤᠯᠭ᠎ᠠ ᠵᠢᠨ᠎ᠬᠢᠨ ᠨᠡᠩ ᠥᠨᠳᠥᠷ ᠵᠣᠭᠰᠣᠴᠠ᠎ᠠᠴᠠ ᠤᠯᠤᠰ ᠲᠥᠷᠥ ᠵᠢᠨ ᠪᠠᠢ᠌ᠭᠤᠯᠤᠯᠲᠠ᠎ᠪᠠᠨ ᠴᠢᠩᠭ᠋ᠠᠳᠬᠠᠵᠤ᠂ ᠨᠡᠩ ᠪᠣᠳᠠᠲᠠᠢ ᠠᠷᠭ᠎ᠠ ᠬᠡᠮᠵᠢᠶ᠎ᠡ᠎ᠪᠠᠷ ᠬᠥᠭᠵᠢᠯᠲᠡ ᠵᠢᠨ ᠶᠡᠬᠡ ᠲᠠᠯ᠎ᠠ᠎ᠳᠤ ᠦᠢ᠍ᠯᠡᠴᠢᠯᠡᠵᠦ᠂ ᠨᠡᠩ ᠥᠨᠳᠥᠷ ᠶᠠᠰᠤ ᠴᠢᠨᠠᠷ ᠦᠷ᠎ᠡ ᠠᠰᠢᠭ ᠵᠶ᠋ᠠᠷ ᠬᠢᠨᠠᠯᠲᠠ ᠲᠠᠯᠪᠢᠵᠤ ᠬᠡᠷᠡᠭ ᠰᠢᠢ᠍ᠳᠪᠦᠷᠢᠯᠡᠬᠦ ᠵᠢ ᠴᠢᠩᠭ᠋ᠠᠳᠬᠠᠵᠤ᠂ ᠨᠡᠩ ᠶᠡᠬᠡ ᠡᠷᠴᠢᠮ ᠵᠶ᠋ᠡᠷ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠭᠦᠨᠵᠡᠭᠡᠢ᠌ᠷᠡᠭᠦᠯᠵᠦ᠂ ᠨᠡᠩ ᠴᠢᠩᠭ᠎ᠠ ᠱᠠᠭ᠋ᠠᠷᠳᠠᠯᠭ᠎ᠠ᠎ᠪᠠᠷ ᠪᠠᠢ᠌ᠴᠠᠭ᠋ᠠᠬᠤ ᠠᠵᠢᠯ᠎ᠤᠨ ᠲᠡᠮᠦᠷ ᠴᠡᠷᠢᠭ᠎ᠢ ᠪᠠᠢ᠌ᠭᠤᠯᠵᠤ᠂ ᠡᠭᠦᠷᠭᠡ ᠬᠠᠷᠢᠭᠤᠴᠠᠯᠭ᠎ᠠ᠎ᠪᠠᠨ ᠦᠨᠡᠨᠴᠢ᠎ᠪᠠᠷ ᠭᠦᠢ᠍ᠴᠡᠳᠬᠡᠨ᠂ ᠵᠣᠷᠢᠭᠲᠠᠢ ᠬᠢᠵᠦ ᠴᠢᠳᠠᠮᠠᠭ᠋ᠠᠢ ᠠᠵᠢᠯᠯᠠᠵᠤ᠂ ᠥᠪᠥᠷ ᠮᠣᠩᠭᠣᠯ᠎ᠤᠨ ᠪᠠᠢ᠌ᠴᠠᠭ᠋ᠠᠬᠤ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠬᠦᠴᠦᠯᠡᠨ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ᠎ᠳᠤ ᠪᠠᠢ᠌ᠴᠠᠭ᠋ᠠᠬᠤ ᠠᠵᠢᠯ᠎ᠤᠨ ᠨᠡᠩ ᠶᠡᠬᠡ ᠤᠶᠤᠨ ᠤᠬᠠᠭ᠋ᠠᠨ ᠪᠠ ᠬᠦᠴᠦᠨ ᠴᠢᠳᠠᠯ ᠵᠶ᠋ᠠᠨ ᠡᠷᠭᠦᠨ᠎ᠡ ᠭᠡᠪᠡ᠃

    ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯ᠎ᠤᠨ ᠰᠣᠩᠭᠣᠭᠤᠯᠢ ᠵᠢᠨ ᠠᠷᠭ᠎ᠠ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠡᠰᠡᠭ ᠲᠤᠰᠬᠠᠢ ᠵᠥᠪᠯᠡᠯ᠎ᠤᠨ ᠡᠷᠭᠢᠯᠡᠭᠴᠢ ᠭᠡᠰᠢᠭᠦᠨ᠎ᠤ ᠵᠢᠱ᠌ᠢᠭᠳᠡᠭᠴᠢ ᠵᠢᠨ ᠨᠡᠷ᠎ᠡ ᠳᠤᠷᠠᠳᠤᠭᠰᠠᠳ ᠪᠣᠯᠣᠨ ᠪᠠᠲᠤᠯᠠᠬᠤ ᠠᠷᠭ᠎ᠠ ᠵᠢ ᠪᠠᠲᠤᠯᠠᠪᠠ᠃

    ᠬᠠᠤᠯᠢ᠎ᠳᠤ ᠲᠣᠭᠲᠠᠭ᠋ᠠᠭᠰᠠᠨ ᠰᠤᠯᠠ ᠣᠷᠤᠯᠴᠠᠬᠤ ᠬᠥᠮᠥᠰ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠠᠷᠪᠠᠨ ᠳᠥᠷᠪᠡᠳᠦᠭᠡᠷ ᠬᠤᠷᠠᠯ᠎ᠠᠴᠠ ᠲᠣᠭᠲᠠᠭ᠋ᠠᠭᠰᠠᠨ ᠰᠤᠯᠠ ᠣᠷᠤᠯᠴᠠᠬᠤ ᠬᠥᠮᠥᠰ ᠪᠣᠯᠣᠨ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ ᠵᠢᠨ ᠵᠥᠪᠯᠡᠯᠭᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠬᠣᠷᠢᠶ᠎ᠠ ᠵᠢᠨ ᠭᠤᠷᠪᠠᠳᠤᠭ᠋ᠠᠷ ᠬᠤᠷᠠᠯ᠎ᠳᠤ ᠣᠷᠣᠯᠴᠠᠬᠰᠠᠨ ᠪᠦᠭᠦ ᠭᠡᠰᠢᠭᠦᠳ ᠲᠤᠰ ᠤᠳᠠᠭ᠎ᠠ ᠵᠢᠨ ᠬᠤᠷᠠᠯ᠎ᠳᠤ ᠰᠤᠯᠠ ᠣᠷᠣᠯᠴᠠᠵᠠᠢ᠃

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ