2025 ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ   -   ᠮᠡᠳᠡᠭᠡᠯᠡᠯ
ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠵᠢᠨ ᠠᠷᠪᠠᠨ ᠨᠢᠭᠡᠳᠦᠭᠡᠷ ᠬᠤᠷᠠᠯ ᠬᠤᠷᠠᠯᠳᠤᠪᠠ ᠵᠠᠩ ᠶᠠᠨ ᠺᠦᠨ ᠬᠤᠷᠠᠯ᠎ᠢ ᠡᠷᠭᠢᠯᠠᠵᠠᠢ
ᠨᠡᠶ᠋ᠢᠲᠡᠯᠡᠭᠰᠡᠨ ᠴᠠᠭ᠄ 2025-01-17

 

      1 ᠰᠠᠷ᠎ᠠ ᠵᠢᠨ 16᠎ᠤ  ᠦᠳᠡ ᠵᠢᠨ ᠬᠣᠢ᠌ᠨ᠎ᠠ ᠂  ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ ᠵᠢᠨ ᠵᠥᠪᠯᠡᠯᠭᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠬᠣᠷᠢᠶ᠎ᠠ ᠵᠢᠨ  ᠪᠠᠢ᠌ᠩᠭᠤ ᠵᠢᠨ ᠬᠣᠷᠢᠶ᠎ᠠ ᠵᠢᠨ  ᠠᠷᠪᠠᠨ ᠨᠢᠭᠡᠳᠦᠭᠡᠷ ᠬᠤᠷᠠᠯ ᠭᠦᠭᠡᠬᠣᠲᠠ᠎ᠳᠤ ᠬᠤᠷᠠᠯᠳᠤᠪᠠ ᠃

       ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠲᠡᠷᠢᠭᠦᠯᠡᠭᠴᠢ ᠵᠠᠩ ᠶᠠᠨ ᠺᠦᠨ ᠬᠤᠷᠠᠯ᠎ᠢ ᠡᠷᠭᠢᠯᠡᠪᠡ ᠃  ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠯᠥᠸᠧ ᡁᠢ ᠬᠤ᠌ ᠂  ᠴᠡᠴᠡᠭ ᠂  ᠸᠧᠢ ᠭᠦᠸᠧ ᠨᠠᠨ ᠂  ᠠᠨ ᠷᠦᠨ ᠱᠧᠩ ᠂  ᠵᠠᠩ ᠯᠧᠢ ᠂  ᠵᠠᠩ ᠪᠠᠢ ᠴᠧᠩ ᠂  ᠶᠠᠩ ᠵᠢᠶᠧ ᠵᠢᠴᠢ ᠨᠠᠷᠢᠨ ᠪᠢᠴᠢᠭ᠎ᠤᠨ ᠳᠠᠷᠤᠭ᠎ᠠ ᠶᠠᠩ ᠯᠢ ᠮᠢᠨ ᠬᠤᠷᠠᠯ᠎ᠳᠤ ᠣᠷᠣᠯᠴᠠᠵᠠᠢ ᠃

       ᠬᠤᠷᠠᠯ᠎ᠠᠴᠠ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠬᠣᠷᠢᠶ᠎ᠠ ᠵᠢᠨ  ᠭᠤᠷᠪᠠᠳᠤᠭ᠋ᠠᠷ ᠬᠤᠷᠠᠯ᠎ᠤᠨ ᠰᠣᠩᠭᠣᠭᠤᠯᠢ ᠵᠢᠨ ᠠᠷᠭ᠎ᠠ (  ᠲᠥᠰᠥᠯ ) ᠂  ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠥᠪᠥᠷ ᠮᠣᠩᠭᠣᠯ᠎ᠤᠨ  ᠥᠪᠡᠷᠲᠡᠭᠡᠨ ᠵᠠᠰᠠᠬᠤ ᠣᠷᠣᠨ᠎ᠤ  ᠬᠣᠷᠢᠶ᠎ᠠ ᠵᠢᠨ  ᠭᠤᠷᠪᠠᠳᠤᠭ᠋ᠠᠷ ᠬᠤᠷᠠᠯ᠎ᠤᠨ ᠶᠡᠷᠦᠩᠬᠡᠢ ᠪᠢᠯᠧᠲ ᠬᠢᠨᠠᠭᠴᠢ ᠂  ᠳᠡᠳ᠋ ᠶᠡᠷᠦᠩᠬᠡᠢ ᠪᠢᠯᠧᠲ ᠬᠢᠨᠠᠭᠴᠢ ᠂  ᠪᠢᠯᠧᠲ ᠬᠢᠨᠠᠭᠴᠢᠳ᠎ᠤᠨ ᠨᠡᠷᠡᠰ (  ᠲᠥᠰᠥᠯ ) ᠂  ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠥᠪᠥᠷ ᠮᠣᠩᠭᠣᠯ᠎ᠤᠨ  ᠥᠪᠡᠷᠲᠡᠭᠡᠨ ᠵᠠᠰᠠᠬᠤ ᠣᠷᠣᠨ᠎ᠤ  ᠬᠣᠷᠢᠶ᠎ᠠ ᠵᠢᠨ  ᠭᠤᠷᠪᠠᠳᠤᠭ᠋ᠠᠷ ᠬᠤᠷᠠᠯ᠎ᠤᠨ ᠤᠯᠤᠰ ᠲᠥᠷᠥ ᠵᠢᠨ ᠰᠢᠢ᠍ᠳᠪᠦᠷᠢ (  ᠲᠥᠰᠥᠯ ) ᠂  ᠪᠠᠢ᠌ᠩᠭᠤ ᠵᠢᠨ ᠬᠣᠷᠢᠶ᠎ᠠ ᠵᠢᠨ  ᠠᠵᠢᠯ᠎ᠤᠨ ᠮᠡᠳᠡᠭᠦᠯᠦᠯᠲᠡ ᠵᠢᠨ ᠲᠤᠬᠠᠢ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠥᠪᠥᠷ ᠮᠣᠩᠭᠣᠯ᠎ᠤᠨ  ᠥᠪᠡᠷᠲᠡᠭᠡᠨ ᠵᠠᠰᠠᠬᠤ ᠣᠷᠣᠨ᠎ᠤ  ᠬᠣᠷᠢᠶ᠎ᠠ ᠵᠢᠨ  ᠭᠤᠷᠪᠠᠳᠤᠭ᠋ᠠᠷ ᠬᠤᠷᠠᠯ᠎ᠤᠨ ᠰᠢᠢ᠍ᠳᠪᠦᠷᠢ (  ᠲᠥᠰᠥᠯ ) ᠂  ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠥᠪᠥᠷ ᠮᠣᠩᠭᠣᠯ᠎ᠤᠨ  ᠥᠪᠡᠷᠲᠡᠭᠡᠨ ᠵᠠᠰᠠᠬᠤ ᠣᠷᠣᠨ᠎ᠤ  ᠬᠣᠷᠢᠶ᠎ᠠ ᠵᠢᠨ  ᠬᠣᠶᠠᠳᠤᠭ᠋ᠠᠷ ᠬᠤᠷᠠᠯ᠎ᠠᠴᠠ ᠨᠠᠭ᠋ᠠᠰᠢᠬᠢ ᠰᠠᠨᠠᠯ ᠳᠤᠷᠠᠳᠤᠯᠭ᠎ᠠ ᠵᠢᠨ ᠠᠵᠢᠯ᠎ᠤᠨ ᠪᠠᠢ᠌ᠳᠠᠯ᠎ᠤᠨ ᠮᠡᠳᠡᠭᠦᠯᠦᠯᠲᠡ ᠵᠢᠨ ᠲᠤᠬᠠᠢ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠥᠪᠥᠷ ᠮᠣᠩᠭᠣᠯ᠎ᠤᠨ  ᠥᠪᠡᠷᠲᠡᠭᠡᠨ ᠵᠠᠰᠠᠬᠤ ᠣᠷᠣᠨ᠎ᠤ  ᠬᠣᠷᠢᠶ᠎ᠠ ᠵᠢᠨ  ᠭᠤᠷᠪᠠᠳᠤᠭ᠋ᠠᠷ ᠬᠤᠷᠠᠯ᠎ᠤᠨ ᠰᠢᠢ᠍ᠳᠪᠦᠷᠢ (  ᠲᠥᠰᠥᠯ ) ᠂  ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠥᠪᠥᠷ ᠮᠣᠩᠭᠣᠯ᠎ᠤᠨ  ᠥᠪᠡᠷᠲᠡᠭᠡᠨ ᠵᠠᠰᠠᠬᠤ ᠣᠷᠣᠨ᠎ᠤ  ᠬᠣᠷᠢᠶ᠎ᠠ ᠵᠢᠨ  ᠭᠤᠷᠪᠠᠳᠤᠭ᠋ᠠᠷ ᠬᠤᠷᠠᠯ᠎ᠤᠨ ᠰᠠᠨᠠᠯ ᠳᠤᠷᠠᠳᠤᠯᠭ᠎ᠠ ᠵᠢ ᠬᠢᠨᠠᠨ ᠪᠠᠢ᠌ᠴᠠᠭ᠋ᠠᠭᠰᠠᠨ ᠪᠠᠢ᠌ᠳᠠᠯ᠎ᠤᠨ ᠲᠤᠬᠠᠢ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠬᠣᠷᠢᠶ᠎ᠠ ᠵᠢᠨ  ᠰᠠᠨᠠᠯ ᠳᠤᠷᠠᠳᠤᠯᠭ᠎ᠠ ᠵᠢᠨ ᠵᠥᠪᠯᠡᠯ᠎ᠤᠨ ᠮᠡᠳᠡᠭᠦᠯᠦᠯᠲᠡ (  ᠲᠥᠰᠥᠯ ) ᠵᠢᠴᠢ ᠬᠣᠯᠪᠣᠭᠳᠠᠯ ᠪᠦᠬᠦᠢ ᠠᠵᠢᠯᠲᠠᠨ᠎ᠤ ᠶᠠᠪᠤᠳᠠᠯ᠎ᠤᠨ ᠵᠦᠢ᠍ᠯᠡᠰ᠎ᠢ  ᠬᠢᠨᠠᠨ ᠵᠥᠪᠯᠡᠵᠡᠢ ᠃

       ᠬᠤᠷᠠᠯ᠎ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠤᠯᠤᠰ ᠲᠥᠷᠥ ᠵᠢᠨ ᠵᠥᠪᠯᠡᠯᠭᠡᠨ᠎ᠤ 43 ᠳ᠋ᠤᠭ᠋ᠠᠷ ᠤᠳᠠᠭ᠎ᠠ ᠵᠢᠨ ᠲᠡᠷᠢᠭᠦᠯᠡᠭᠴᠢᠳ᠎ᠤᠨ ᠬᠤᠷᠠᠯ ᠬᠤᠷᠠᠯᠳᠤᠭᠤᠯᠵᠤ ᠂  ᠳᠤᠭᠤᠢ᠌ᠯᠠᠩ ᠬᠤᠪᠢᠶᠠᠨ ᠶᠠᠷᠢᠯᠴᠠᠭᠰᠠᠨ ᠪᠠᠢ᠌ᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ ᠂  ᠲᠣᠰ ᠤᠳᠠᠭ᠎ᠠ ᠵᠢᠨ ᠬᠤᠷᠠᠯ᠎ᠳᠤ ᠳᠡᠪᠰᠢᠭᠦᠯᠬᠦ ᠬᠣᠯᠪᠣᠭᠳᠠᠯ ᠪᠦᠬᠦᠢ ᠪᠢᠴᠢᠭ ᠮᠠᠲ᠋ᠧᠷᠢᠶᠠᠯ᠎ᠢ ᠬᠢᠨᠠᠨ ᠵᠥᠪᠯᠡᠪᠡ 

 

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ