ᠰᠠᠶᠢᠬᠠᠨ ᠥᠩᠭᠡᠷᠡᠭᠰᠡᠨ 2024 ᠣᠨ ᠪᠣᠯ 《ᠮᠠᠯ ᠠᠵᠤ ᠠᠬᠤᠢ ᠲᠠᠷᠢᠶᠠᠯᠠᠩ᠂ ᠮᠠᠯᠵᠢᠬᠤ ᠲᠠᠷᠢᠶᠠᠯᠠᠬᠤ ᠣᠷᠣᠨ᠂ ᠮᠠᠯᠴᠢᠨ ᠲᠠᠷᠢᠶᠠᠴᠢᠨ》᠎ᠤ ᠠᠵᠢᠯ ᠦᠢ᠍ᠯᠡᠰ ᠲᠦᠷᠭᠡᠨ ᠬᠥᠭᠵᠢᠭᠰᠡᠨ ᠨᠢᠭᠡ ᠵᠢᠯ ᠪᠣᠯᠣᠨ᠎ᠠ᠄ ᠠᠮᠤ ᠪᠤᠳᠠᠭ᠋ᠠᠨ᠎ᠤ ᠶᠡᠷᠦᠩᠬᠡᠢ ᠤᠨᠠᠯᠲᠠ 820.1 ᠳ᠋ᠦᠩᠰᠢᠭᠤᠷ ᠵᠢᠩ᠎ᠳᠤ ᠬᠦᠷᠴᠦ᠂ 《ᠬᠣᠷᠢᠨ ᠨᠢᠭᠡᠨ ᠵᠢᠯ ᠳᠠᠷᠠᠭ᠋ᠠᠯᠠᠨ ᠡᠯᠪᠡᠭ ᠬᠤᠷᠢᠶᠠᠯᠲᠠ ᠣᠯᠬᠤ》 ᠵᠢ ᠪᠡᠶᠡᠯᠡᠭᠦᠯᠵᠦ᠂ ᠨᠡᠮᠡᠭᠳᠡᠯ᠎ᠤᠨ ᠬᠡᠮᠵᠢᠶ᠎ᠡ᠎ᠨᠢ ᠪᠦᠭᠦ ᠤᠯᠤᠰ᠎ᠤᠨ ᠭᠤᠷᠪᠠᠳᠤᠭ᠋ᠠᠷ᠎ᠲᠤ ᠵᠢᠭᠰᠠᠪᠠ᠃ ᠦᠬᠡᠷ ᠬᠣᠨᠢᠨ ᠮᠢᠬ᠎ᠠ᠂ ᠦᠨᠢᠶᠡᠨ ᠰᠦ ᠵᠢᠨ ᠭᠠᠷᠤᠯᠲᠠ ᠪᠦᠭᠦ ᠤᠯᠤᠰ᠎ᠤᠨ ᠨᠢᠭᠡᠳᠦᠭᠡᠷ᠎ᠲᠤ ᠲᠣᠳᠣᠷᠠᠵᠤ᠂ ᠰᠦ ᠮᠢᠬ᠎ᠠ ᠲᠥᠮᠥᠰᠥ ᠨᠣᠣᠯᠣᠭᠤᠷ ᠵᠡᠷᠭᠡ 7 ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠵᠢᠨ ᠦᠢ᠍ᠯᠡᠳᠪᠦᠷᠢᠯᠡᠯ᠎ᠤᠨ ᠥᠷᠲᠡᠭ 7000 ᠳ᠋ᠦᠩᠰᠢᠭᠤᠷ ᠲᠥᠭᠥᠷᠢᠭ᠎ᠢ ᠳᠠᠪᠠᠵᠤ᠂ ᠪᠦᠭᠦ ᠤᠯᠤᠰ᠎ᠤᠨ ᠠᠷᠠᠳ ᠲᠦᠮᠡᠨ᠎ᠤ ᠬᠣᠭᠣᠯᠠᠨ ᠰᠢᠷᠡᠭᠡᠨ᠎ᠳᠤ ᠳᠡᠯᠭᠡᠭᠳᠡᠬᠦ ᠲᠠᠯ᠎ᠠ ᠨᠤᠲᠤᠭ᠎ᠤᠨ ᠪᠣᠬᠢᠷᠳᠤᠯ ᠦᠭᠡᠢ ᠢᠳᠡᠭᠡᠨ ᠨᠡᠩ ᠤᠯᠠᠨ ᠪᠣᠯᠪᠠ᠃
ᠬᠣᠶᠠᠷ ᠬᠤᠷᠠᠯ ᠵᠢᠡᠷ ᠳᠠᠮᠵᠢᠨ ᠥᠪᠥᠷ ᠮᠣᠩᠭᠣᠯ᠎ᠤᠨ ᠮᠠᠯ ᠠᠵᠤ ᠠᠬᠤᠢ ᠲᠠᠷᠢᠶᠠᠯᠠᠩ᠎ᠤᠨ ᠬᠥᠭᠵᠢᠯᠲᠡ ᠵᠢᠨ ᠰᠢᠨ᠎ᠡ ᠪᠠᠢ᠌ᠳᠠᠯ᠎ᠢ ᠣᠢ᠌ᠯᠠᠭ᠋ᠠᠵᠤ ᠪᠣᠯᠣᠨ᠎ᠠ᠃ 《ᠠᠮᠤ ᠵᠢᠨ ᠰᠠᠩ》 ᠳᠦᠭᠦᠷᠡᠩ᠂ 《ᠮᠢᠬᠠᠨ᠎ᠤ ᠬᠥᠮᠥᠷᠭᠡ》 ᠡᠯᠪᠡᠭ᠂ ᠮᠠᠯ ᠠᠵᠤ ᠠᠬᠤᠢ ᠲᠠᠷᠢᠶᠠᠯᠠᠩ᠎ᠤᠨ ᠬᠥᠭᠵᠢᠯᠲᠡ ᠲᠣᠭᠲᠠᠭᠤᠨ᠎ᠤ ᠳᠤᠮᠳᠠ ᠤᠷᠤᠭᠰᠢᠯᠠᠵᠤ᠂ ᠲᠣᠭᠲᠠᠭᠤᠨ᠎ᠤ ᠳᠤᠮᠳᠠ ᠰᠢᠨᠡᠳᠴᠦ᠂ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ᠎ᠤ ᠪᠦᠲᠦᠭᠡᠨ ᠪᠠᠢ᠌ᠭᠤᠯᠤᠯᠲᠠ ᠲᠦᠷᠭᠡᠨ ᠪᠥᠭᠡᠳ ᠲᠣᠭᠲᠠᠭᠤᠨ ᠠᠬᠢᠪᠠ᠃
《ᠳᠤᠮᠳᠠᠳᠤ ᠤᠯᠤᠰ᠎ᠤᠨ ᠪᠤᠳᠠᠭ᠋ᠠᠨ ᠠᠶᠠᠭ᠎ᠠ》 ᠵᠢ ᠲᠣᠭᠲᠠᠭᠤᠨ ᠪᠠᠢ᠌ᠯᠭ᠋ᠠᠬᠤ ᠪᠣᠯ ᠥᠪᠥᠷ ᠮᠣᠩᠭᠣᠯ᠎ᠤᠨ ᠪᠣᠳᠠᠲᠤ ᠬᠦᠴᠦᠨ ᠮᠥᠨ᠂ ᠨᠡᠩ ᠴᠤ᠌ ᠥᠪᠥᠷ ᠮᠣᠩᠭᠣᠯ᠎ᠤᠨ ᠬᠠᠷᠢᠭᠤᠴᠠᠯᠭ᠎ᠠ ᠡᠭᠦᠷᠭᠡᠯᠡᠯ ᠮᠥᠨ᠃ ᠣᠳᠣᠬᠢᠴᠢᠯᠠᠭᠰᠠᠨ ᠰᠢᠨ᠎ᠡ ᠮᠠᠯᠵᠢᠬᠤ ᠲᠠᠷᠢᠶᠠᠯᠠᠬᠤ ᠣᠷᠣᠨ᠎ᠤ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠵᠦ᠂ ᠬᠥᠳᠡᠭᠡ ᠲᠣᠰᠬᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠬᠦᠴᠦᠲᠡᠢ ᠪᠦᠲᠦᠮᠵᠢᠲᠡᠢ ᠠᠬᠢᠭᠤᠯᠬᠤ᠎ᠨᠢ ᠳᠠᠬᠢᠨᠲᠠ ᠲᠥᠯᠥᠭᠡᠯᠡᠭᠴᠢᠳ ᠭᠡᠰᠢᠭᠦᠳ᠎ᠤᠨ ᠬᠠᠯᠠᠭᠤᠨ ᠶᠠᠷᠢᠯᠴᠠᠭ᠎ᠠ ᠪᠣᠯᠪᠠ᠃
ᠦᠨᠳᠦᠰᠦ ᠰᠠᠭᠤᠷᠢ ᠵᠢ ᠪᠡᠬᠢᠵᠢᠭᠦᠯᠵᠦ ᠦᠢ᠍ᠯᠡᠳᠪᠦᠷᠢᠯᠡᠯ᠎ᠤᠨ ᠬᠡᠮᠵᠢᠶ᠎ᠡ ᠦᠢ᠍ᠯᠡᠳᠪᠦᠷᠢᠯᠡᠬᠦ ᠴᠢᠳᠠᠪᠤᠷᠢ ᠵᠢ ᠵᠡᠷᠭᠡ᠎ᠪᠠᠷ ᠴᠢᠬᠤᠯᠠᠴᠢᠯᠠᠨ᠎ᠠ
ᠴᠠᠭ ᠮᠥᠴᠡ ᠤᠷᠤᠭᠰᠢᠯᠠᠯᠲᠠ ᠵᠢᠨ ᠠᠯᠬᠤᠭ᠎ᠠ ᠵᠢ ᠭᠡᠷᠡᠴᠢᠯᠡᠨ᠎ᠡ᠃
ᠨᠢᠭᠡ ᠪᠦᠯᠦᠭ 《ᠨᠡᠮᠡᠭᠳᠡᠯ》᠎ᠤᠨ ᠲᠣᠭ᠎ᠠ ᠪᠠᠷᠢᠮᠲᠠ᠎ᠨᠢ 《ᠮᠠᠯ ᠠᠵᠤ ᠠᠬᠤᠢ ᠲᠠᠷᠢᠶᠠᠯᠠᠩ᠂ ᠮᠠᠯᠵᠢᠬᠤ ᠲᠠᠷᠢᠶᠠᠯᠠᠬᠤ ᠣᠷᠣᠨ᠂ ᠮᠠᠯᠴᠢᠨ ᠲᠠᠷᠢᠶᠠᠴᠢᠨ》᠎ᠤ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠎ᠢ ᠨᠡᠮᠡᠭᠳᠡᠭᠦᠯᠦᠭᠰᠡᠨᠢ ᠪᠠᠲᠤ ᠭᠡᠷᠡᠴᠢᠯᠡᠪᠡ᠃
ᠲᠥᠬᠥᠭᠡᠷᠦᠮᠵᠢᠲᠦ ᠲᠠᠷᠢᠶᠠᠯᠠᠩ᠎ᠢ 26 ᠲᠦᠮᠡᠨ ᠮᠦ᠍᠂ ᠬᠠᠰᠢᠶᠠᠯᠠᠨ ᠲᠡᠵᠢᠭᠡᠬᠦ ᠰᠠᠷᠠᠪᠴᠢ ᠵᠢ 300 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ᠎ᠪᠠᠷ ᠨᠡᠮᠡᠭᠳᠡᠭᠦᠯᠵᠦ᠂ 78 ᠲᠦᠮᠡᠨ ᠮᠠᠯᠵᠢᠬᠤ ᠲᠠᠷᠢᠶᠠᠯᠠᠬᠤ ᠡᠷᠦᠭᠡ ᠬᠦᠷᠢᠶ᠎ᠡ ᠬᠠᠰᠢᠶᠠᠨ᠎ᠤ ᠠᠵᠤ ᠠᠬᠤᠢ ᠵᠢ ᠭᠦᠭᠵᠢᠭᠦᠯᠪᠡ;
ᠠᠮᠤ ᠪᠤᠳᠠᠭ᠋ᠠᠨ᠎ᠤ ᠮᠦ᠍ ᠪᠦᠷᠢ ᠵᠢᠨ ᠳᠤᠮᠳᠠᠴᠢ ᠤᠨᠠᠯᠲᠠ 24.2 ᠵᠢᠩ ᠳᠡᠭᠡᠭᠰᠢᠯᠡᠵᠦ᠂ ᠡᠷᠳᠡᠨᠢ ᠰᠢᠰᠢ᠂ ᠲᠥᠮᠥᠰᠥ ᠵᠢᠨ ᠲᠠᠯᠠᠪᠠᠶ ᠨᠢᠭᠡᠴᠢ ᠵᠢᠨ ᠲᠡᠭᠰᠢᠳᠬᠡᠭᠰᠡᠨ ᠤᠨᠠᠯᠲᠠ ᠳᠠᠬᠢᠨᠲᠠ ᠰᠢᠨ᠎ᠡ ᠲᠡᠮᠳᠡᠭᠯᠡᠯ᠎ᠢ ᠡᠭᠦᠳᠪᠡ;
ᠡᠳᠡᠭᠡᠷ ᠦᠨᠡᠨ ᠪᠣᠳᠠᠲᠠᠢ ᠲᠣᠭ᠎ᠠ ᠪᠠᠷᠢᠮᠲᠠ ᠵᠢᠨ ᠠᠷᠤ᠎ᠳᠤ᠂ ᠥᠪᠥᠷ ᠮᠣᠩᠭᠣᠯ᠎ᠤᠨ 《ᠮᠠᠯ ᠠᠵᠤ ᠠᠬᠤᠢ ᠲᠠᠷᠢᠶᠠᠯᠠᠩ᠂ ᠮᠠᠯᠵᠢᠬᠤ ᠲᠠᠷᠢᠶᠠᠯᠠᠬᠤ ᠣᠷᠣᠨ᠂ ᠮᠠᠯᠴᠢᠨ ᠲᠠᠷᠢᠶᠠᠴᠢᠨ》᠎ᠤ ᠦᠨᠳᠦᠰᠦᠨ ᠰᠠᠭᠤᠷᠢ ᠤᠯᠠᠮ ᠨᠢᠭᠡ ᠠᠯᠬᠤᠮ ᠪᠡᠬᠢᠵᠢᠭᠰᠡᠨᠤ ᠬᠦᠴᠦᠲᠡᠢ ᠭᠡᠷᠡᠴᠢᠯᠡᠯ ᠪᠤᠢ᠃
ᠲᠦᠮᠡᠨ ᠬᠡᠷᠡᠭ ᠮᠢᠩᠭ᠋ᠠᠨ ᠶᠠᠪᠤᠳᠠᠯ᠎ᠳᠤ ᠬᠣᠭᠣᠯᠠ ᠢᠳᠡᠬᠦ ᠪᠣᠯ ᠬᠠᠮᠤᠭ᠎ᠤᠨ ᠴᠢᠬᠤᠯᠠ ᠶᠠᠪᠤᠳᠠᠯ ᠪᠣᠯᠣᠨ᠎ᠠ᠃ ᠮᠠᠯ ᠠᠵᠤ ᠠᠬᠤᠢ ᠲᠠᠷᠢᠶᠠᠯᠠᠩ᠎ᠤᠨ ᠲᠣᠮᠣ ᠣᠷᠣᠨ ᠪᠣᠯᠤᠭᠰᠠᠨ᠎ᠤ ᠬᠤᠪᠢ᠎ᠳᠤ᠂ ᠠᠮᠤ ᠪᠤᠳᠠᠭ᠎ᠠ ᠪᠠ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠭᠠᠷᠤᠯᠲᠠ ᠵᠢ ᠲᠣᠭᠲᠠᠪᠤᠷᠢᠵᠢᠭᠤᠯᠤᠨ ᠬᠠᠩᠭ᠋ᠠᠯᠭ᠎ᠠ ᠵᠢ ᠪᠠᠲᠤᠯᠠᠬᠤ ᠡᠨᠡ ᠬᠦ᠌ ᠬᠦᠨᠳᠦ ᠡᠭᠦᠷᠭᠡ ᠵᠢ ᠬᠡᠷᠬᠢᠨ ᠴᠢᠩᠭ᠎ᠠ ᠰᠠᠢ᠌ᠲᠤᠷ ᠠᠳᠬᠤᠬᠤ ᠪᠤᠶ? ᠲᠥᠯᠥᠭᠡᠯᠡᠭᠴᠢᠳ ᠭᠡᠰᠢᠭᠦᠳ ᠢᠳᠡᠪᠬᠢᠲᠡᠢ ᠠᠷᠭ᠎ᠠ ᠤᠬᠠᠭ᠋ᠠᠨ ᠭᠠᠷᠭ᠋ᠠᠵᠤ ᠠᠷᠭ᠎ᠠ ᠪᠣᠳᠣᠯᠭ᠎ᠠ ᠳᠡᠪᠰᠢᠭᠦᠯᠪᠡ᠃
ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠳᠡᠳ᠋ ᠳᠠᠷᠤᠭ᠎ᠠ ᠵᠠᠩ ᠬᠤᠸᠠ ᠵᠧᠨ ᠄ 《ᠡᠨᠡ ᠵᠢᠯ᠎ᠤᠨ ᠮᠠᠯ ᠠᠵᠤ ᠠᠬᠤᠢ ᠲᠠᠷᠢᠶᠠᠯᠠᠩ᠎ᠤᠨ ᠠᠵᠢᠯ᠎ᠢ ᠰᠠᠢ᠌ᠲᠤᠷ ᠬᠢᠬᠦ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠡᠷᠡᠰ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠪᠦᠲᠦᠮᠵᠢᠲᠡᠶ ᠵᠠᠬ᠎ᠠ ᠳᠡᠯᠭᠡᠭᠦᠷ ᠪᠠ ᠵᠢᠳᠬᠦᠯ ᠴᠢᠷᠮᠠᠢ᠌ᠯᠭ᠎ᠠ᠎ᠲᠠᠢ ᠵᠠᠰᠠᠭ᠎ᠤᠨ ᠣᠷᠳᠣᠨ᠎ᠯᠤᠭ᠎ᠠ ᠵᠢᠨ ᠬᠠᠷᠢᠴᠠᠭ᠎ᠠ᠂ ᠶᠡᠷᠦᠩᠬᠡᠢ ᠬᠠᠩᠭ᠋ᠠᠯᠭ᠎ᠠ ᠪᠠ ᠶᠡᠷᠦᠩᠬᠡᠢ ᠬᠡᠷᠡᠭᠴᠡᠭᠡ ᠵᠢᠨ ᠬᠠᠷᠢᠴᠠᠭ᠎ᠠ᠂ ᠰᠢᠨ᠎ᠡ ᠬᠥᠳᠡᠯᠭᠡᠬᠦ ᠡᠨᠧᠷᠭᠢ ᠵᠢ ᠪᠣᠢ᠌ᠵᠢᠭᠤᠯᠬᠤ ᠪᠠ ᠬᠠᠭᠤᠴᠢᠨ ᠬᠥᠳᠡᠯᠭᠡᠬᠦ ᠡᠨᠧᠷᠭᠢ ᠵᠢ ᠰᠢᠨᠡᠳᠬᠡᠬᠦ ᠵᠢᠨ ᠬᠠᠷᠢᠴᠠᠭ᠎ᠠ᠂ ᠨᠡᠮᠡᠭᠳᠡᠯ᠎ᠤᠨ ᠬᠡᠮᠵᠢᠶ᠎ᠡ ᠵᠢ ᠰᠢᠯᠢᠳᠡᠭᠵᠢᠭᠦᠯᠬᠦ ᠪᠠ ᠬᠠᠳᠠᠭ᠋ᠠᠯᠠᠯᠲᠠ ᠵᠢᠨ ᠬᠡᠮᠵᠢᠶ᠎ᠡ ᠵᠢ ᠠᠮᠢᠳᠤᠯᠢᠭ ᠪᠤᠯᠭ᠋ᠠᠬᠤ ᠵᠢᠨ ᠬᠠᠷᠢᠴᠠᠭ᠎ᠠ᠂ ᠶᠠᠰᠤ ᠴᠢᠨᠠᠷ᠎ᠢ ᠳᠡᠭᠡᠭᠰᠢᠯᠡᠭᠦᠯᠭᠦ ᠪᠠ ᠶᠡᠷᠦᠩᠬᠡᠢ ᠬᠡᠮᠵᠢᠶ᠎ᠡ ᠵᠢ ᠪᠤᠵᠠᠭ᠋ᠠᠢ᠌ᠷᠠᠭᠤᠯᠬᠤ ᠵᠢᠨ ᠬᠠᠷᠢᠴᠠᠭ᠎ᠠ ᠵᠢ ᠭᠣᠣᠯᠳᠠᠯᠭ᠎ᠠ᠎ᠲᠠᠢ ᠰᠠᠢ᠌ᠲᠤᠷ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ ᠡᠭᠦᠨ᠎ᠤ ᠬᠠᠮᠲᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠯᠭ᠋ᠠᠭᠤᠷᠢᠯᠠᠯ᠎ᠢ ᠴᠢᠩᠭ᠋ᠠᠳᠬᠠᠵᠤ᠂ ᠰᠢᠨ᠎ᠡ ᠵᠠᠭᠪᠤᠷ᠂ ᠰᠢᠨ᠎ᠡ ᠡᠭᠦᠯᠳᠡᠷ᠂ ᠰᠢᠨ᠎ᠡ ᠮᠡᠷᠭᠡᠵᠢᠯ᠂ ᠰᠢᠨ᠎ᠡ ᠮᠠᠰᠢᠨ ᠮᠸᠬᠠᠨᠢᠭ᠂ ᠰᠢᠨ᠎ᠡ ᠲᠠᠪᠴᠠᠩ᠂ ᠰᠢᠨ᠎ᠡ ᠡᠵᠡᠩᠨᠡᠨ ᠪᠣᠷᠣᠯᠠᠭᠤᠯᠤᠯᠲᠠ ᠵᠢᠨ 〈ᠵᠢᠷᠭᠤᠭ᠋ᠠᠨ ᠰᠢᠨ᠎ᠡ〉 ᠳᠡᠭᠡᠷ᠎ᠡ ᠬᠦᠴᠦᠯᠡᠵᠦ᠂ ᠨᠠᠩ ᠣᠯᠠᠨ ᠮᠠᠯ ᠠᠵᠤ ᠠᠬᠤᠢ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠪᠣᠳᠠᠲᠤ ᠦᠢ᠍ᠯᠡᠳᠪᠦᠷᠢᠯᠡᠯ᠎ᠤᠨ ᠬᠦᠴᠦᠨ ᠪᠣᠯᠭ᠋ᠠᠨ ᠬᠤᠪᠢᠷᠠᠭᠤᠯᠬᠤ ᠬᠡᠷᠡᠭᠲᠡᠢ》 ᠭᠡᠯᠡ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ᠂ ᠵᠠᠯᠠᠢ᠌ᠳ ᠬᠣᠰᠢᠭᠤᠨ᠎ᠤ ᠨᠠᠮ᠎ᠤᠨ ᠬᠣᠷᠢᠶ᠎ᠠ ᠵᠢᠨ ᠱᠦᠵᠢ ᠴᠢ ᠯᠢᠨ᠄ 《ᠵᠠᠯᠠᠢ᠌ᠳ ᠬᠣᠰᠢᠭᠤ 〈ᠲᠠᠷᠢᠶᠠᠨ ᠭᠠᠵᠠᠷ ᠵᠶ᠋ᠡᠷ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠴᠢᠳᠠᠪᠤᠷᠢ ᠵᠢ ᠪᠠᠲᠤᠯᠠᠵᠤ᠂ ᠮᠡᠷᠭᠡᠵᠢᠯ ᠵᠶ᠋ᠡᠷ ᠠᠮᠤ ᠪᠤᠳᠠᠭ᠋ᠠᠨ᠎ᠤ ᠤᠨᠠᠯᠲᠠ ᠵᠢ ᠨᠡᠮᠡᠭᠳᠡᠭᠦᠯᠬᠦ〉ᠪᠠᠢ᠌ᠯᠳᠤᠬᠤ ᠪᠣᠳᠣᠯᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠲᠠᠷᠢᠶᠠᠨ ᠭᠠᠵᠠᠷ᠎ᠢ ᠬᠠᠮᠠᠭ᠋ᠠᠯᠠᠬᠤ᠎ᠳᠤ ᠨᠠᠮ ᠵᠠᠰᠠᠭ ᠠᠳᠠᠯᠢ ᠬᠠᠷᠢᠭᠤᠴᠠᠯᠭ᠎ᠠ᠎ᠲᠠᠢ ᠪᠠᠢ᠌ᠬᠤ ᠵᠢ ᠴᠢᠩᠭ᠎ᠠ ᠨᠠᠢ᠌ᠳᠠᠪᠤᠷᠢᠵᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ᠂ ᠬᠠᠷ᠎ᠠ ᠬᠥᠷᠥᠰᠥᠲᠦ ᠭᠠᠵᠠᠷ ᠰᠢᠷᠣᠢ ᠵᠢ ᠬᠠᠮᠠᠭ᠋ᠠᠯᠠᠨ ᠠᠰᠢᠭᠯᠠᠬᠤ᠂ ᠬᠠᠮᠠᠭ᠋ᠠᠯᠠᠯᠲᠠ ᠵᠢᠨ ᠴᠢᠨᠠᠷᠲᠠᠢ ᠲᠠᠷᠢᠶᠠᠯᠠᠬᠤ ᠵᠡᠷᠭᠡ ᠲᠥᠷᠥᠯ ᠵᠦᠢ᠍ᠯ᠎ᠢ ᠢᠳᠡᠪᠬᠢᠲᠡᠢ ᠲᠡᠮᠡᠴᠡᠨ ᠣᠯᠣᠨ᠎ᠠ᠃ ᠬᠠᠷ᠎ᠠ ᠬᠥᠷᠥᠰᠥᠲᠦ ᠭᠠᠵᠠᠷ ᠰᠢᠷᠣᠢ ᠵᠢ ᠬᠠᠮᠠᠭ᠋ᠠᠯᠠᠬᠤ ᠪᠠ ᠪᠦᠲᠦᠭᠡᠨ ᠪᠠᠢ᠌ᠭᠤᠯᠬᠤ ᠡᠷᠴᠢᠮ ᠵᠶ᠋ᠡᠨ ᠦᠷᠭᠦᠯᠵᠢᠯᠡᠨ ᠴᠢᠩᠭ᠋ᠠᠷᠠᠭᠤᠯᠵᠤ᠂ ᠲᠠᠷᠢᠶᠠᠯᠠᠩ᠎ᠤᠨ ᠮᠠᠰᠢᠨ ᠲᠠᠷᠢᠶᠠᠯᠠᠩ᠎ᠤᠨ ᠮᠡᠷᠭᠡᠵᠢᠯ᠎ᠢ ᠤᠶᠠᠯᠳᠤᠭᠤᠯᠬᠤ᠂ ᠭᠠᠵᠠᠷ ᠰᠢᠷᠣᠢ ᠬᠡᠷᠡᠭᠯᠡᠵᠦ ᠭᠠᠵᠠᠷ ᠰᠢᠷᠣᠢ ᠠᠷᠠᠴᠢᠯᠠᠬᠤ ᠵᠢ ᠤᠶᠠᠯᠳᠤᠭᠤᠯᠬᠤ᠂ ᠵᠠᠰᠠᠯᠲᠠ ᠬᠢᠨᠠᠯᠲᠠ ᠬᠠᠮᠢᠶᠠᠷᠤᠯᠲᠠ ᠵᠢ ᠤᠶᠠᠯᠳᠤᠭᠤᠯᠬᠤ ᠵᠢ ᠪᠠᠷᠢᠮᠲᠠᠯᠠᠵᠤ᠂ ᠬᠠᠷ᠎ᠠ ᠬᠥᠷᠥᠰᠥᠲᠦ ᠭᠠᠵᠠᠷ ᠰᠢᠷᠣᠢ ᠵᠢ 〈 ᠨᠢᠮᠭᠡᠷᠡᠭᠦᠯᠬᠦ 〉᠂ 〈 ᠮᠠᠭᠤᠳᠠᠭᠤᠯᠬᠤ 〉 ᠵᠢ ᠴᠢᠩᠭ᠎ᠠ ᠰᠡᠷᠭᠡᠢ᠌ᠯᠡᠵᠦ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ᠎ᠳᠤ ᠬᠦᠴᠦᠨ ᠴᠢᠳᠠᠯ ᠵᠶ᠋ᠠᠨ ᠡᠷᠭᠦᠨ᠎ᠡ》 ᠭᠡᠪᠡ᠃
ᠲᠠᠷᠢᠶᠠᠯᠠᠩ᠎ᠢ ᠡᠷᠭᠢᠮᠯᠡᠭᠦ ᠪᠣᠯᠪᠠᠰᠤ ᠤᠯᠤᠰ᠎ᠤᠨ ᠶᠡᠬᠡ ᠪᠣᠳᠣᠯᠭ᠎ᠠ ᠪᠤᠯᠠᠢ᠃ ᠥᠪᠥᠷ ᠮᠣᠩᠭᠣᠯ ᠦᠷᠭᠦᠯᠵᠢᠯᠡᠨ ᠲᠠᠯᠠᠪᠠᠶ ᠵᠢ ᠲᠣᠭᠲᠠᠪᠤᠷᠢᠵᠢᠭᠤᠯᠵᠤ᠂ ᠲᠠᠯᠠᠪᠠᠢ ᠨᠢᠭᠡᠴᠢ ᠵᠢᠨ ᠤᠨᠠᠯ᠎ᠲᠠᠢ ᠲᠡᠭᠡᠭᠰᠢᠯᠡᠭᠦᠯᠵᠤ᠂ ᠦᠢ᠍ᠯᠡᠴᠢᠯᠡᠭᠡ᠎ᠪᠠᠨ ᠰᠢᠯᠢᠳᠡᠭᠵᠢᠭᠦᠯᠦᠨ᠂ ᠲᠥᠷᠥ ᠵᠢᠨ ᠪᠣᠳᠣᠯᠭ᠎ᠠ᠎ᠪᠠᠨ ᠴᠢᠩᠭ᠋ᠠᠳᠬᠠᠵᠤ᠂ 《ᠰᠠᠢ᠌ᠨ ᠡᠭᠦᠯᠳᠡᠷ᠂ ᠰᠠᠢ᠌ᠨ ᠮᠡᠷᠭᠡᠵᠢᠯ᠂ ᠰᠠᠢ᠌ᠨ ᠲᠠᠷᠢᠶ᠎ᠠ᠂ ᠰᠠᠢ᠌ᠨ ᠠᠵᠠ ᠲᠣᠭᠢᠶᠠᠯ᠂ ᠰᠠᠢ᠌ᠨ ᠳᠦᠷᠢᠮ》᠎ᠢ ᠭᠦᠨᠵᠡᠭᠡᠢ ᠠᠭᠤᠰᠤᠯᠴᠠᠭᠤᠯᠤᠨ ᠬᠦᠴᠦᠯᠡᠵᠦ᠂ 《ᠳᠤᠮᠳᠠᠳᠤ ᠤᠯᠤᠰ᠎ᠤᠨ ᠠᠶᠠᠭ᠋ᠠᠨ》 ᠳᠣᠲᠣᠷᠠᠬᠢ 《ᠥᠪᠥᠷ ᠮᠣᠩᠭᠣᠯ᠎ᠤᠨ ᠠᠮᠤ ᠪᠤᠳᠠᠭ᠎ᠠ》 ᠵᠢᠨ ᠬᠦᠨᠳᠦ ᠵᠢᠨ ᠵᠢᠩ᠎ᠢ ᠨᠡᠩ ᠨᠡᠮᠡᠭᠳᠡᠭᠦᠯᠦᠨ᠎ᠡ᠃
ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠨᠢ ᠦᠢ᠍ᠯᠡᠳᠪᠦᠷᠢᠯᠡᠯ ᠠᠮᠢ ᠠᠬᠤᠢ ᠵᠢᠨ ᠬᠠᠮᠲᠤ᠎ᠪᠠᠷ ᠠᠰᠢᠭ ᠭᠦᠷᠳᠡᠭᠦ᠎ᠳᠤ ᠬᠦᠴᠦᠨ ᠣᠯᠭᠣᠨ᠎ᠠ
ᠮᠠᠯ ᠠᠵᠤ ᠠᠬᠤᠢ ᠲᠠᠷᠢᠶᠠᠯᠠᠩ᠎ᠤᠨ ᠣᠳᠣᠬᠢᠴᠢᠯᠠᠯᠲᠠ ᠵᠢᠨ ᠵᠠᠩᠭᠢᠯᠠᠭ᠎ᠠ᠎ᠨᠢ ᠮᠠᠯ ᠠᠵᠤ ᠠᠬᠤᠢ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠳᠣᠬᠢᠴᠢᠯᠠᠯᠲᠠ ᠪᠣᠯᠣᠨ᠎ᠠ᠃ ᠮᠠᠯ ᠠᠵᠤ ᠠᠬᠤᠢ ᠲᠠᠷᠢᠶᠠᠯᠠᠩ᠎ᠢ ᠴᠢᠨᠠᠷ ᠰᠠᠢ᠌ᠲᠠᠢ ᠬᠥᠭᠵᠢᠭᠦᠯᠬᠦ᠎ᠳᠤ ᠡᠷᠬᠡᠪᠰᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠮᠠᠯ ᠠᠵᠤ ᠠᠬᠤᠢ ᠲᠠᠷᠢᠶᠠᠯᠠᠩ᠎ᠤᠨ ᠶᠡᠷᠦᠩᠬᠡᠢ᠌ᠯᠡᠭᠰᠡᠨ ᠦᠢ᠍ᠯᠡᠳᠪᠦᠷᠢᠯᠡᠯ᠎ᠤᠨ ᠴᠢᠳᠠᠪᠤᠷᠢ ᠵᠢ ᠳᠡᠭᠡᠭᠰᠢᠯᠡᠭᠦᠯᠭᠦ ᠲᠠᠯ᠎ᠠ᠎ᠪᠠᠷ᠎ᠬᠢ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠪᠣᠳᠠᠲᠤ ᠦᠢ᠍ᠯᠡᠳᠪᠦᠷᠢᠯᠡᠯ᠎ᠤᠨ ᠬᠦᠴᠦᠨ ᠪᠣᠯᠭ᠋ᠠᠨ ᠬᠤᠪᠢᠷᠠᠭᠤᠯᠬᠤ ᠵᠢ ᠲᠦᠷᠭᠡᠳᠬᠡᠨ ᠠᠬᠢᠭᠤᠯᠬᠤ ᠬᠡᠷᠡᠭᠲᠡᠢ᠃
ᠭᠣᠣᠯᠳᠠᠯᠭ᠎ᠠ ᠵᠢ ᠠᠳᠬᠤᠵᠤ ᠬᠥᠭᠵᠢᠯᠲᠡ ᠵᠢ ᠠᠬᠢᠭᠤᠯᠵᠤ ᠪᠣᠯᠣᠨ᠎ᠠ᠂ ᠵᠢᠮ᠎ᠡ ᠶᠣᠰᠣ ᠵᠢ ᠡᠵᠡᠮᠳᠡᠵᠦ ᠲᠦᠮᠡᠨ ᠪᠣᠳᠠᠰ᠎ᠢ ᠮᠥᠷᠳᠡᠵᠦ ᠪᠣᠯᠣᠨ᠎ᠠ᠃ ᠬᠡᠷᠬᠢᠨ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠬᠥᠳᠡᠯᠭᠡᠬᠦ ᠬᠦᠴᠦᠨ ᠪᠤᠯᠭ᠋ᠠᠵᠤ᠂ ᠰᠢᠨ᠎ᠡ ᠵᠢ ᠡᠭᠦᠳᠬᠦ᠎ᠪᠠᠷ ᠠᠮᠢᠵᠢᠷᠠᠯ᠎ᠤᠨ ᠬᠦᠴᠦᠨ ᠪᠤᠯᠭ᠋ᠠᠬᠤ》᠎ᠨᠢ ᠲᠥᠯᠥᠭᠡᠯᠡᠭᠴᠢᠳ ᠭᠡᠰᠢᠭᠦᠳ᠎ᠤᠨ ᠠᠩᠬᠠᠷᠤᠯ᠎ᠤᠨ ᠲᠥᠪ ᠪᠣᠯᠪᠠ᠃
《ᠣᠳᠣᠬᠠᠨ᠎ᠳᠤ᠂ ᠮᠠᠨ᠎ᠤ ᠣᠷᠣᠨ ᠶᠠᠭ ᠮᠠᠯ ᠠᠵᠤ ᠠᠬᠤᠢ ᠲᠠᠷᠢᠶᠠᠯᠠᠩ᠎ᠤᠨ ᠲᠣᠮᠣ ᠣᠷᠣᠨ᠎ᠠᠴᠠ ᠮᠠᠯ ᠠᠵᠤ ᠠᠬᠤᠢ ᠲᠠᠷᠢᠶᠠᠯᠠᠩ᠎ᠤᠨ ᠬᠦᠴᠦᠷᠬᠡᠭ ᠣᠷᠣᠨ ᠲᠡᠢ᠌ᠰᠢ ᠬᠤᠪᠢᠷᠠᠭᠤᠯᠬᠤ ᠵᠢ ᠲᠦᠷᠭᠡᠳᠬᠡᠨ ᠠᠬᠢᠭᠤᠯᠵᠤ ᠪᠤᠶ᠂ ᠡᠷᠬᠡᠪᠰᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠮᠠᠯ ᠠᠵᠤ ᠠᠬᠤᠢ ᠲᠠᠷᠢᠶᠠᠯᠠᠩ᠎ᠤᠨ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠤ ᠬᠥᠭᠵᠢᠯᠲᠡ ᠵᠢ ᠬᠥᠲᠥᠯᠥᠨ ᠳᠠᠭ᠋ᠠᠭᠤᠯᠵᠤ᠂ ᠮᠠᠯ ᠠᠵᠤ ᠠᠬᠤᠢ ᠲᠠᠷᠢᠶᠠᠯᠠᠩ᠎ᠤᠨ ᠠᠵᠤ ᠦᠢ᠍ᠯᠡᠰ᠎ᠤᠨ ᠲᠠᠰ ᠳᠡᠪᠰᠢᠬᠦ᠂ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ》 ᠭᠡᠵᠦ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ᠂ ᠥᠪᠥᠷ ᠮᠣᠩᠭᠣᠯ᠎ᠤᠨ ᠮᠠᠯ ᠠᠵᠤ ᠠᠬᠤᠢ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠳᠠᠷᠤᠭ᠎ᠠ ᠯᠦ᠍ ᠵᠠᠨ ᠶᠤᠸᠠᠨ ᠬᠡᠯᠡᠨ᠎ᠡ᠃
ᠯᠦ᠍ ᠵᠠᠨ ᠶᠤᠸᠠᠨ᠂ ᠮᠠᠯ ᠠᠵᠤ ᠠᠬᠤᠢ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠵᠢ ᠦᠷᠭᠦᠯᠵᠢᠯᠡᠨ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠷᠣᠭᠤᠯᠤᠯᠲᠠ ᠵᠢᠨ ᠡᠷᠴᠢᠮ᠎ᠢ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠴᠢᠳᠠᠪᠤᠷᠢᠲᠠᠨ᠎ᠢ ᠨᠢᠭᠡ ᠴᠣᠭᠴᠠᠵᠢᠭᠤᠯᠬᠤ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠱᠠᠲᠤᠯᠢᠭ ᠲᠣᠳᠣᠷᠬᠠᠢ᠂ ᠲᠤᠰᠢᠶᠠᠯ ᠬᠠᠷᠢᠭᠤᠴᠠᠯᠭ᠎ᠠ ᠲᠣᠳᠣᠷᠬᠠᠢ᠂ ᠠᠵᠢᠯ ᠬᠤᠪᠢᠶᠠᠷᠢᠯᠠᠨ ᠬᠠᠮᠵᠢᠯᠴᠠᠬᠤ᠂ ᠵᠣᠬᠢᠰᠲᠠᠢ ᠥᠷᠢᠰᠦᠯᠳᠦᠬᠦ ᠨᠢᠭᠡ ᠴᠣᠭᠴᠠᠵᠢᠭᠤᠯᠤᠭᠰᠠᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠰᠢᠰᠲ᠋ᠧᠮ᠎ᠢ ᠪᠠᠶ᠋ᠢᠭᠤᠯᠬᠤ ᠬᠡᠷᠡᠭᠲᠡᠢ᠃ ᠪᠠᠰᠠ ᠠᠮᠢ ᠠᠬᠤᠢ ᠵᠢᠨ ᠲᠠᠷᠢᠶᠠᠯᠠᠩ᠂ ᠣᠶᠤᠨᠲᠤ ᠲᠠᠷᠢᠶᠠᠯᠠᠩ ᠵᠡᠷᠭᠡ ᠰᠢᠨ᠎ᠡ ᠵᠠᠭᠪᠤᠷ᠎ᠢ ᠶᠡᠬᠡ᠎ᠪᠠᠷ ᠬᠥᠭᠵᠢᠭᠦᠯᠵᠦ᠂ ᠤᠯᠠᠮᠵᠢᠯᠠᠯᠲᠤ ᠲᠠᠷᠢᠶᠠᠯᠠᠩ᠎ᠢ ᠪᠣᠬᠢᠷᠳᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠲᠠᠷᠢᠶᠠᠯᠠᠩ ᠲᠡᠢ᠌ᠰᠢ ᠲᠦᠷᠭᠡᠨ ᠬᠤᠪᠢᠷᠠᠭᠤᠯᠬᠤ ᠵᠢ ᠠᠬᠢᠭᠤᠯᠵᠤ᠂ ᠮᠠᠯ ᠠᠵᠤ ᠠᠬᠤᠢ ᠲᠠᠷᠢᠶᠠᠯᠠᠩ᠎ᠤᠨ ᠠᠮᠢ ᠠᠬᠤᠢ ᠵᠢᠨ ᠬᠠᠮᠠᠭ᠋ᠠᠯᠠᠯᠲᠠ᠂ ᠦᠢ᠍ᠯᠡᠳᠪᠦᠷᠢᠯᠡᠯ᠎ᠤᠨ ᠬᠥᠭᠵᠢᠯᠲᠡ ᠪᠠ ᠮᠠᠯᠴᠢᠨ ᠲᠠᠷᠢᠶᠠᠴᠢᠨ᠎ᠤ ᠣᠷᠣᠯᠭ᠎ᠠ ᠵᠢᠨ ᠨᠡᠮᠡᠭᠳᠡᠯ᠎ᠤᠨ ᠵᠣᠬᠢᠴᠠᠩᠭᠤᠢ ᠪᠥᠭᠡᠳ ᠨᠢᠭᠡᠳᠦᠯᠲᠡᠢ ᠪᠠᠢ᠌ᠬᠤ ᠵᠢ ᠪᠡᠶᠡᠯᠡᠭᠦᠯᠪᠡᠯ ᠵᠣᠬᠢᠨ᠎ᠠ ᠭᠡᠵᠦ ᠰᠠᠨᠠᠭᠤᠯᠭ᠎ᠠ ᠳᠤᠷᠠᠳᠪᠠ᠃
ᠠᠵᠤ ᠦᠢ᠍ᠯᠡᠰ᠎ᠤᠨ ᠬᠥᠭᠵᠢᠯᠲᠡ ᠵᠢᠨ ᠬᠡᠷᠡᠭᠴᠡᠭᠡ᠎ᠲᠠᠢ ᠨᠢᠭᠲᠠ ᠤᠶᠠᠯᠳᠤᠭᠤᠯᠤᠨ ᠪᠣᠭᠣᠮᠲᠠ ᠰᠢᠪᠲᠤᠯᠬᠤ ᠪᠣᠯ ᠥᠪᠥᠷ ᠮᠣᠩᠭᠣᠯ᠎ᠤᠨ ᠮᠠᠯ ᠠᠵᠤ ᠠᠬᠤᠢ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ ᠵᠢᠨ 《ᠦᠨᠳᠦᠰᠦᠨ ᠱᠠᠲᠤᠨ᠎ᠳᠤ ᠣᠢ᠌ᠷᠠᠲᠤᠭᠰᠠᠨ》 ᠰᠢᠭᠤᠳ ᠢᠯᠡᠷᠡᠯ ᠪᠣᠯᠣᠨ᠎ᠠ᠃
ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠰᠦ ᠵᠢᠨ ᠦᠢ᠍ᠯᠡᠰ᠎ᠤᠨ ᠳᠡᠭᠡᠳᠦ ᠰᠤᠷᠭ᠋ᠠᠭᠤᠯᠢ ᠵᠢᠨ ᠵᠠᠬᠢᠷᠤᠯ ᠰᠦᠨ ᡁᠢ ᠬᠣᠩ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠰᠦ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ᠎ᠳᠤ ᠰᠠᠭᠤᠷᠢ ᠰᠤᠳᠤᠯᠭ᠋ᠠᠨ᠎ᠤ ᠰᠢᠨ᠎ᠡ ᠵᠢ ᠡᠭᠦᠳᠬᠦ ᠵᠢ ᠴᠢᠩᠭ᠋ᠠᠳᠬᠠᠵᠤ᠂ ᠰᠦᠨ ᠬᠦᠴᠢᠯ᠎ᠤᠨ ᠪᠠᠺᠲ᠋ᠧᠷᠢ ᠵᠢᠨ ᠰᠢᠨ᠎ᠡ ᠴᠢᠳᠠᠮᠵᠢ ᠪᠠ ᠰᠢᠨ᠎ᠡ ᠬᠡᠷᠡᠭᠯᠡᠭᠡ ᠵᠢ ᠥᠨᠳᠥᠷ ᠪᠦᠲᠦᠮᠵᠢᠲᠡᠶ᠎ᠪᠠᠷ ᠠᠭᠤᠳᠠᠯᠬᠤ ᠬᠡᠷᠡᠭᠲᠡᠢ ᠭᠡᠵᠦ ᠪᠤᠳᠤᠯ ᠵᠢᠡᠨ ᠳᠡᠯᠭᠡᠵᠦ ᠭᠠᠷᠤᠯ᠎ᠠ᠃ ᠲᠡᠷᠡ᠄ 《ᠰᠦᠨ ᠬᠦᠴᠢᠯ᠎ᠤᠨ ᠪᠠᠺᠲ᠋ᠧᠷᠢ ᠵᠢᠨ ᠴᠢᠳᠠᠮᠵᠢ ᠵᠢᠨ ᠰᠤᠳᠤᠯᠭ᠋ᠠᠨ᠎ᠢ ᠳᠡᠮᠵᠢᠬᠦ ᠡᠷᠴᠢᠮ ᠵᠶ᠋ᠡᠨ ᠴᠢᠩᠭ᠋ᠠᠷᠠᠭᠤᠯᠵᠤ᠂ ᠰᠦᠨ ᠬᠦᠴᠢᠯ᠎ᠤᠨ ᠪᠠᠺᠲ᠋ᠧᠷᠢ ᠵᠢᠨ ᠡᠷᠡᠭᠦᠯ ᠮᠡᠨᠳᠦ ᠵᠢᠨ ᠢᠳᠡᠭᠡᠨ᠂ ᠮᠠᠯ ᠵᠢᠭᠦᠷᠲᠡᠨ᠎ᠢ ᠲᠡᠵᠢᠭᠡᠨ ᠦᠷᠡᠵᠢᠭᠦᠯᠬᠦ᠂ ᠬᠥᠷᠥᠰᠥ ᠰᠢᠷᠣᠢ ᠵᠢ ᠰᠠᠢ᠌ᠵᠢᠷᠠᠭᠤᠯᠬᠤ᠂ ᠣᠷᠴᠢᠨ ᠠᠬᠤᠢ ᠵᠢᠨ ᠬᠠᠮᠠᠭ᠋ᠠᠯᠠᠯᠲᠠ ᠵᠢᠨ ᠠᠵᠤ ᠦᠢ᠍ᠯᠡᠰ ᠵᠡᠷᠭᠡ ᠬᠦᠷᠢᠶᠡᠨ᠎ᠳᠠᠬᠢ ᠰᠠᠭᠤᠷᠢ ᠰᠤᠳᠤᠯᠭ᠋ᠠᠨ᠎ᠢ ᠪᠠᠢ᠌ᠷᠢᠯᠠᠭᠤᠯᠵᠤ᠂ ᠰᠠᠭᠤᠷᠢ ᠰᠤᠳᠤᠯᠭ᠋ᠠᠨ᠎ᠤ ᠳᠠᠪᠠᠭᠤᠯᠢᠭ᠎ᠢ ᠠᠯᠬᠤᠮ ᠠᠯᠬᠤᠮ ᠵᠶ᠋ᠠᠷ ᠪᠤᠶ ᠪᠤᠯᠭ᠋ᠠᠬᠤ ᠬᠡᠷᠡᠭᠲᠡᠢ᠃ ᠡᠭᠦᠨ᠎ᠤ ᠬᠠᠮᠲᠤ ᠵᠠᠩᠭᠢᠯᠠᠭ᠎ᠠ ᠵᠢᠨ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠴᠢᠩᠭ᠋ᠠᠳᠬᠠᠵᠤ᠂ ᠪᠤᠯᠪᠠᠰᠤᠷᠠᠭᠤᠯᠬᠤ ᠮᠡᠷᠭᠡᠵᠢᠯ᠎ᠤᠨ ᠪᠣᠭᠣᠮᠢ ᠵᠢ ᠰᠢᠪᠲᠤᠯᠬᠤ ᠬᠡᠷᠡᠭᠲᠡᠢ᠃ ᠣᠯᠠᠨ ᠰᠢᠨᠵᠢᠯᠡᠭᠡᠨ᠎ᠤ ᠰᠠᠯᠠᠭ᠎ᠠ ᠵᠢ ᠰᠣᠯᠪᠢᠴᠠᠭᠤᠯᠤᠨ ᠪᠣᠭᠣᠮᠲᠠ ᠰᠢᠪᠲᠤᠯᠬᠤ ᠵᠢ ᠵᠣᠷᠢᠭᠵᠢᠭᠤᠯᠵᠤ᠂ ᠰᠦᠨ ᠬᠦᠴᠢᠯ᠎ᠤᠨ ᠪᠠᠺᠲ᠋ᠧᠷᠢ ᠵᠢᠨ ᠨᠠᠢ᠌ᠷᠠᠯᠭ᠎ᠠ ᠵᠢᠨ ᠢᠳᠡᠪᠬᠢ ᠴᠢᠨᠠᠷ ᠵᠶ᠋ᠠᠷ ᠳᠣᠣᠷ᠎ᠠ᠂ ᠲᠣᠭᠲᠠᠪᠤᠷᠢᠲᠤ ᠴᠢᠨᠠᠷ ᠵᠶ᠋ᠠᠷ ᠠᠨᠠᠢ᠂ ᠥᠪᠡᠷ᠎ᠤᠨ ᠥᠷᠲᠡᠭ ᠵᠶ᠋ᠡᠷ ᠥᠨᠳᠥᠷ ᠵᠡᠷᠭᠡ ᠪᠤᠯᠪᠠᠰᠤᠷᠠᠭᠤᠯᠬᠤ ᠮᠡᠷᠭᠡᠵᠢᠯ᠎ᠤᠨ ᠪᠣᠭᠣᠮᠢ ᠵᠢ ᠰᠢᠪᠲᠤᠯᠵᠤ᠂ ᠥᠪᠥᠷ ᠮᠣᠩᠭᠣᠯ᠎ᠤᠨ ᠡᠬᠢ ᠪᠠᠶᠠᠯᠢᠭ᠎ᠤᠨ ᠳᠠᠪᠠᠭᠤᠯᠢᠭ᠂ ᠮᠡᠷᠭᠡᠵᠢᠯ᠎ᠤᠨ ᠳᠠᠪᠠᠭᠤᠯᠢᠭ᠎ᠢ ᠠᠵᠤ ᠦᠢ᠍ᠯᠡᠰ᠎ᠤᠨ ᠳᠠᠪᠠᠭᠤᠯᠢᠭ ᠪᠣᠯᠭ᠋ᠠᠨ ᠬᠤᠪᠢᠷᠠᠭᠤᠯᠵᠤ᠂ ᠰᠦᠨ ᠬᠦᠴᠢᠯ᠎ᠤᠨ ᠪᠠᠺᠲ᠋ᠧᠷᠢ ᠵᠢᠨ ᠠᠵᠤ ᠦᠢ᠍ᠯᠡᠰ᠎ᠢ ᠳᠠᠪᠠᠭᠤᠯᠢᠭ ᠣᠨᠴᠠᠯᠢᠭᠲᠤ ᠠᠵᠤ ᠦᠢ᠍ᠯᠡᠰ ᠪᠣᠯᠭ᠋ᠠᠨ᠎ᠠ》 ᠭᠡᠵᠦ ᠰᠠᠨᠠᠯ ᠵᠢᠡᠨ ᠬᠡᠯᠡᠨ᠎ᠡ᠃
ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠣᠯ ᠬᠥᠭᠵᠢᠯᠲᠡ ᠵᠢ ᠬᠥᠲᠥᠯᠥᠨ ᠳᠠᠭ᠋ᠠᠭᠤᠯᠬᠤ ᠨᠢᠭᠡᠳᠦᠭᠡᠷ ᠬᠥᠳᠡᠯᠭᠡᠭᠴᠢ ᠬᠦᠴᠦᠨ ᠮᠥᠨ᠃ ᠥᠪᠥᠷ ᠮᠣᠩᠭᠣᠯ ᠮᠠᠯ ᠠᠵᠤ ᠠᠬᠤᠢ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》 ᠵᠢ ᠲᠦᠷᠭᠡᠳᠬᠡᠨ ᠠᠬᠢᠭᠤᠯᠵᠤ᠂ ᠮᠠᠯ ᠠᠵᠤ ᠠᠬᠤᠢ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠣᠨᠳᠣᠣᠰᠢᠭᠤᠯᠬᠤ ᠵᠢ ᠠᠬᠢᠭᠤᠯᠤᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠡᠬᠢ ᠪᠠᠶᠠᠯᠢᠭ ᠣᠷᠴᠢᠨ ᠲᠣᠭᠣᠷᠢᠨ᠎ᠤ ᠬᠢᠵᠠᠭ᠋ᠠᠷᠯᠠᠯ᠎ᠢ ᠰᠢᠪᠲᠤᠯᠬᠤ᠂ ᠠᠮᠤ ᠪᠤᠳᠠᠭ᠎ᠠ ᠪᠠ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠲᠣᠭᠲᠠᠭᠤᠨ ᠬᠠᠩᠭ᠋ᠠᠯᠭ᠎ᠠ ᠵᠢ ᠪᠠᠲᠤᠯᠠᠬᠤ᠂ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ᠎ᠤ ᠣᠳᠣᠬᠢᠴᠢᠯᠠᠬᠤ ᠬᠥᠭᠵᠢᠯᠲᠡ ᠵᠢ ᠬᠥᠲᠥᠯᠥᠨ ᠳᠠᠭ᠋ᠠᠭᠤᠯᠬᠤ ᠬᠦᠴᠦᠲᠦ ᠬᠥᠳᠡᠯᠭᠡᠭᠦᠷ ᠪᠣᠯᠭ᠋ᠠᠨ᠎ᠠ᠃
ᠶᠠᠰᠤ ᠴᠢᠨᠠᠷ᠎ᠢ ᠳᠡᠭᠡᠭᠰᠢᠯᠡᠭᠦᠯᠦᠨ ᠲᠠᠰ ᠳᠡᠪᠰᠢᠭᠦᠯᠵᠦ ᠭᠠᠷᠤᠯᠲᠠ ᠵᠢ ᠨᠡᠮᠡᠭᠳᠡᠭᠦᠯᠦᠨ ᠣᠷᠣᠯᠭ᠎ᠠ ᠵᠢ ᠨᠡᠮᠡᠭᠳᠡᠭᠦᠯᠬᠦ ᠵᠢ ᠵᠡᠷᠭᠡ᠎ᠪᠠᠷ ᠠᠳᠬᠤᠨ᠎ᠠ
ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ᠂ ᠲᠡᠮᠳᠡᠭᠯᠡᠭᠦᠰᠢᠲᠡᠢ ᠵᠠᠩᠭᠢᠯᠠᠭ᠎ᠠ ᠵᠢᠨ ᠥᠭᠦᠯᠡᠪᠦᠷᠢ ᠮᠠᠰᠢ ᠣᠯᠠᠨ ᠪᠤᠢ᠄ 《ᠮᠠᠯ ᠠᠵᠤ ᠠᠬᠤᠢ ᠲᠠᠷᠢᠶᠠᠯᠠᠩ᠎ᠢ ᠣᠳᠣᠬᠢᠴᠢᠯᠠᠭᠰᠠᠨ ᠲᠣᠮᠣ ᠠᠵᠤ ᠦᠢ᠍ᠯᠡᠰ ᠪᠣᠯᠭ᠋ᠠᠨ ᠪᠦᠲᠦᠭᠡᠨ ᠪᠠᠶ᠋ᠢᠭᠤᠯᠬᠤ᠎ᠪᠠᠷ ᠴᠢᠷᠮᠠᠢ᠌ᠬᠤ ᠬᠡᠷᠡᠭᠲᠡᠢ》᠂ 《ᠥᠩ ᠰᠢᠮᠡᠯᠢᠭ ᠬᠥᠷᠥᠰᠥ ᠰᠢᠷᠣᠢ᠂ ᠥᠷᠭᠡᠨ ᠠᠭᠤᠳᠠᠮ ᠲᠠᠯ᠎ᠠ ᠨᠤᠲᠤᠭ᠂ ᠴᠡᠪᠡᠷ ᠲᠤᠩᠭ᠋ᠠᠯᠠᠭ ᠭᠣᠣᠯ᠎ᠤᠨ ᠤᠰᠤ ᠵᠢ ᠦᠢ᠍ᠯᠡᠳᠪᠦᠷᠢᠯᠡᠯ᠎ᠤᠨ ᠬᠦᠴᠦᠨ ᠪᠠ ᠥᠷᠢᠰᠦᠯᠳᠦᠬᠦ ᠬᠦᠴᠦᠨ ᠪᠣᠯᠭ᠋ᠠᠨ ᠬᠤᠪᠢᠷᠠᠭᠤᠯᠬᠤ᠎ᠪᠠᠷ ᠴᠢᠷᠮᠠᠢ᠌ᠬᠤ ᠬᠡᠷᠡᠭᠲᠡᠢ》᠂ 《ᠠᠷᠠᠳ᠎ᠢ ᠪᠠᠶᠠᠵᠢᠭᠤᠯᠬᠤ ᠠᠵᠤ ᠦᠢ᠍ᠯᠡᠰ᠎ᠢ ᠬᠥᠭᠵᠢᠭᠦᠯᠬᠦ᠎ᠪᠠᠷ ᠬᠣᠰᠢᠭᠤ ᠰᠢᠶᠠᠨ᠎ᠤ ᠠᠵᠤ ᠠᠬᠤᠢ ᠵᠢ ᠪᠤᠵᠠᠭ᠋ᠠᠢ᠌ᠷᠠᠭᠤᠯᠤᠨ᠎ᠠ》 ᠁
ᠡᠲᠡᠭᠡᠷ ᠵᠠᠩᠭᠢᠯᠠᠭ᠎ᠠ ᠵᠢᠨ ᠥᠭᠦᠯᠡᠮᠵᠢ᠎ᠨᠢ ᠮᠠᠯ ᠠᠵᠤ ᠠᠬᠤᠢ ᠲᠠᠷᠢᠶᠠᠯᠠᠩ᠎ᠤᠨ ᠬᠥᠭᠵᠢᠯᠲᠡ ᠵᠢ ᠬᠠᠯᠠᠮᠵᠢᠯᠠᠨ ᠠᠩᠬᠠᠷᠴᠤ ᠪᠠᠢ᠌ᠭ᠎ᠠ ᠲᠥᠯᠥᠭᠡᠯᠡᠭᠴᠢᠳ ᠭᠡᠰᠢᠭᠦᠳ᠎ᠤᠨ ᠬᠠᠮᠲᠤ ᠵᠢᠨ ᠬᠦᠷᠢᠶᠡᠯᠡᠯ᠎ᠢ ᠣᠯᠣᠭᠰᠠᠨ ᠪᠠᠢ᠌ᠨ᠎ᠠ᠃
ᠲᠠᠷᠢᠶᠠᠯᠠᠩ᠎ᠤᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠨᠢ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠦᠷ᠎ᠡ ᠪᠦᠲᠦᠮᠵᠢ ᠪᠣᠯᠣᠨ ᠦᠷ᠎ᠡ ᠠᠰᠢᠭ᠎ᠢ ᠳᠡᠭᠡᠭᠰᠢᠯᠡᠭᠦᠯᠭᠦ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃
ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ᠂ ᠬᠢᠩᠭ᠋ᠠᠨ ᠠᠢ᠌ᠮᠠᠭ᠎ᠤᠨ ᠬᠤᠸᠠ ᠹᠧᠢ ᠮᠠᠯ ᠠᠵᠤ ᠠᠬᠤᠢ ᠲᠠᠷᠢᠶᠠᠯᠠᠩ᠎ᠤᠨ ᠬᠢᠵᠠᠭ᠋ᠠᠷᠲᠤ ᠺᠤᠮᠫᠠᠨᠢ ᠵᠢᠨ ᠶᠡᠷᠦᠩᠬᠡᠢ ᠳᠠᠭ᠋ᠠᠭ᠋ᠠᠮᠠᠯ ᠰᠢᠦᠢ ᠹᠧᠢ᠄ 《ᠨᠢᠭᠡ ᠲᠠᠯ᠎ᠠ᠎ᠪᠠᠷ᠂ ᠲᠠᠷᠢᠶᠠᠯᠠᠩ᠎ᠤᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠭᠣᠣᠯ ᠴᠣᠭᠴᠠ ᠵᠢ ᠪᠣᠢ᠌ᠵᠢᠭᠤᠯᠬᠤ ᠪᠠ ᠵᠢᠯᠤᠭᠣᠳᠬᠤ᠎ᠪᠠᠨ ᠴᠢᠩᠭ᠋ᠠᠳᠬᠠᠵᠤ᠂ ᠦᠢ᠍ᠯᠡᠴᠢᠯᠡᠭᠡᠨ᠎ᠤ ᠴᠢᠳᠠᠮᠵᠢ ᠪᠦᠷᠢᠨ᠂ ᠵᠣᠬᠢᠶᠠᠨ ᠪᠠᠢ᠌ᠭᠤᠯᠬᠤ ᠴᠢᠳᠠᠪᠤᠷᠢ ᠴᠢᠩᠭ᠎ᠠ᠂ ᠠᠵᠢᠯᠯᠠᠭ᠋ᠠᠨ᠎ᠤ ᠬᠠᠮᠢᠶᠠᠷᠤᠯᠲᠠ᠎ᠨᠢ ᠵᠢᠷᠤᠮᠵᠢᠬᠰᠠᠨ ᠶᠡᠷᠦᠩᠬᠡᠢ᠌ᠯᠡᠭᠰᠡᠨ ᠴᠢᠨᠠᠷᠲᠠᠢ ᠳᠠᠭ᠋ᠠᠭᠤᠯᠤᠭᠴᠢ ᠠᠵᠤ ᠠᠬᠤᠢ᠌ᠯᠠᠯ ᠪᠣᠯᠣᠨ ᠦᠢ᠍ᠯᠡᠴᠢᠯᠡᠭᠡᠨ᠎ᠤ ᠵᠣᠬᠢᠶᠠᠨ ᠪᠠᠢ᠌ᠭᠤᠯᠤᠯᠲᠠ ᠵᠢ ᠭᠣᠣᠯᠳᠠᠯᠭ᠎ᠠ᠎ᠲᠠᠢ ᠪᠣᠢ᠌ᠵᠢᠭᠤᠯᠵᠤ᠂ ᠦᠢ᠍ᠯᠡᠴᠢᠯᠡᠭᠡᠨ᠎ᠤ ᠬᠡᠯᠬᠢᠶ᠎ᠡ ᠵᠢ ᠦᠢ᠍ᠯᠡᠳᠪᠦᠷᠢᠯᠡᠬᠦ ᠭᠣᠭᠴᠣᠭ᠎ᠠ᠎ᠠᠴᠠ ᠬᠠᠳᠠᠭ᠋ᠠᠬᠤ᠂ ᠰᠢᠨ᠎ᠡ ᠰᠣᠷᠭᠣᠭ ᠪᠠᠢ᠌ᠯᠭ᠋ᠠᠬᠤ᠂ ᠬᠥᠮᠥᠷᠭᠡᠯᠡᠨ ᠬᠠᠳᠠᠭ᠋ᠠᠯᠠᠬᠤ᠂ ᠡᠳ᠋ᠰᠢᠭᠦᠯᠬᠦ᠂ ᠪᠣᠷᠣᠯᠠᠭᠤᠯᠬᠤ ᠵᠡᠷᠭᠡ ᠦᠢ᠍ᠯᠡᠳᠪᠦᠷᠢᠯᠡᠯ᠎ᠤᠨ ᠳᠠᠷᠠᠭ᠋ᠠᠬᠢ ᠭᠣᠭᠴᠣᠭ᠎ᠠ ᠭᠦᠷᠲᠡᠯ᠎ᠡ ᠤᠷᠲᠤᠳᠬᠠᠬᠤ ᠵᠢ ᠵᠣᠷᠢᠭᠵᠢᠭᠤᠯᠬᠤ ᠵᠢ ᠰᠠᠨᠠᠭᠤᠯᠵᠤ ᠪᠠᠢ᠌ᠨ᠎ᠠ᠃ ᠨᠥᠭᠦᠭᠡ ᠲᠠᠯ᠎ᠠ᠎ᠪᠠᠷ᠂ ᠰᠢᠨ᠎ᠡ ᠮᠠᠶᠢᠭ᠎ᠤᠨ ᠦᠢ᠍ᠯᠡᠴᠢᠯᠡᠭᠡᠨ᠎ᠤ ᠵᠠᠭᠪᠤᠷ᠎ᠢ ᠢᠳᠡᠪᠬᠢᠲᠡᠢ ᠰᠦᠪᠡᠭᠴᠢᠯᠡᠨ ᠳᠡᠯᠭᠡᠷᠡᠭᠦᠯᠬᠦ ᠬᠡᠷᠡᠭᠲᠡᠢ᠃ ᠡᠯ᠎ᠡ ᠭᠠᠵᠠᠷ᠎ᠤᠨ᠎ᠬᠢᠨ 〈ᠢᠨᠲ᠋ᠧᠷ ᠰᠦᠯᠵᠢᠶ᠎ᠡ + ᠮᠠᠯ ᠠᠵᠤ ᠠᠬᠤᠢ ᠲᠠᠷᠢᠶᠠᠯᠠᠩ〉᠎ᠤᠨ ᠵᠠᠭᠪᠤᠷ᠎ᠢ ᠲᠦᠷᠭᠡᠨ ᠳᠡᠯᠭᠡᠷᠡᠭᠦᠯᠵᠦ᠂ ᠲᠣᠮᠣ ᠳ᠋ᠠᠢ᠌ᠲ᠋ᠠ᠂ ᠡᠭᠦᠯᠡᠨ ᠪᠣᠳᠣᠯᠲᠠ ᠵᠡᠷᠭᠡ ᠣᠲᠣ ᠦᠶ᠎ᠡ ᠵᠢᠨ ᠮᠡᠳᠡᠭᠡ ᠵᠠᠩᠭᠢ ᠵᠢᠨ ᠮᠡᠷᠭᠡᠵᠢᠯ ᠵᠶ᠋ᠡᠷ ᠳᠠᠮᠵᠢᠨ᠂ ᠮᠠᠯ ᠠᠵᠤ ᠠᠬᠤᠢ ᠲᠠᠷᠢᠶᠠᠯᠠᠩ᠎ᠤᠨ ᠦᠢ᠍ᠯᠡᠴᠢᠯᠡᠭᠡᠨ᠎ᠤ ᠣᠶᠤᠨᠴᠢᠯᠠᠯᠲᠠ᠂ ᠨᠠᠷᠢᠯᠢᠭ ᠤᠨᠤᠴᠠᠳᠤ ᠬᠥᠭᠵᠢᠯᠲᠡ ᠵᠢ ᠪᠡᠶᠡᠯᠡᠭᠦᠯᠵᠦ᠂ ᠦᠢ᠍ᠯᠡᠴᠢᠯᠡᠭᠡᠨ᠎ᠤ ᠦᠷ᠎ᠡ ᠪᠦᠲᠦᠮᠵᠢ ᠪᠠ ᠦᠢ᠍ᠯᠡᠴᠢᠯᠡᠭᠡᠨ᠎ᠤ ᠴᠢᠨᠠᠷ᠎ᠢ ᠳᠡᠭᠡᠭᠰᠢᠯᠡᠭᠦᠯᠭᠦ ᠬᠡᠷᠡᠭᠲᠡᠢ᠃ ᠲᠣᠰᠬᠣᠨ᠎ᠤ ᠬᠠᠮᠲᠤ᠎ᠠᠴᠠ ᠳᠠᠭ᠋ᠠᠭᠤᠯᠤᠨ ᠡᠷᠭᠢᠯᠡᠭᠰᠡᠨ ᠬᠣᠷᠰᠢᠶ᠎ᠠ᠂ ᠠᠷᠠᠳ᠎ᠤᠨ ᠡᠵᠡᠩᠨᠡᠯᠲᠡ ᠵᠢᠨ ᠲᠠᠷᠢᠶᠠᠯᠠᠩ᠎ᠤᠨ ᠲᠠᠯᠠᠪᠠᠶ ᠵᠡᠷᠭᠡ ᠰᠢᠨ᠎ᠡ ᠭᠡᠯᠪᠡᠷᠢ ᠵᠢᠨ ᠲᠠᠷᠢᠶᠠᠯᠠᠩ᠎ᠤᠨ ᠡᠵᠡᠩᠨᠡᠯᠲᠡ ᠵᠢᠨ ᠭᠣᠣᠯ ᠴᠣᠭᠴᠠ ᠵᠢ ᠦᠷᠭᠦᠯᠵᠢᠯᠡᠨ ᠲᠡᠳᠬᠦᠵᠦ᠂ 〈ᠬᠣᠷᠰᠢᠶ᠎ᠠ + ᠰᠠᠭᠤᠷᠢᠨ + ᠲᠠᠷᠢᠶᠠᠯᠠᠬᠤ ᠡᠷᠦᠭᠡ〉 ᠵᠢᠨ ᠵᠠᠭᠪᠤᠷ ᠵᠶ᠋ᠠᠷ ᠳᠠᠮᠵᠢᠨ᠂ ᠨᠠᠩ ᠣᠯᠠᠨ ᠠᠵᠤ ᠦᠢ᠍ᠯᠡᠰ᠎ᠤᠨ ᠬᠡᠯᠬᠢᠶ᠎ᠡ᠂ ᠥᠷᠲᠡᠭ᠎ᠤᠨ ᠬᠡᠯᠬᠢᠶ᠎ᠡ ᠵᠢᠨ ᠥᠷᠲᠡᠭ᠎ᠤᠨ ᠨᠡᠮᠡᠭᠳᠡᠯ᠎ᠤᠨ ᠠᠰᠢᠭ ᠣᠷᠣᠯᠭ᠎ᠠ ᠵᠢ ᠮᠠᠯᠴᠢᠨ ᠲᠠᠷᠢᠶᠠᠴᠢᠨ᠎ᠳᠤ ᠦᠯᠡᠳᠡᠭᠡᠨ ᠥᠭᠴᠦ᠂ ᠮᠠᠯᠵᠢᠬᠤ ᠲᠠᠷᠢᠶᠠᠯᠠᠬᠤ ᠣᠷᠣᠨ᠎ᠳᠤ ᠦᠯᠡᠳᠡᠭᠡᠬᠦ ᠵᠢ ᠰᠠᠨᠠᠭᠤᠯᠵᠤ ᠪᠠᠢ᠌ᠨ᠎ᠠ》 ᠭᠡᠵᠦ ᠲᠠᠷᠢᠶᠠᠯᠠᠩ᠎ᠤᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠰᠢᠰᠲ᠋ᠧᠮ᠎ᠤᠨ ᠪᠠᠢ᠌ᠭᠤᠯᠤᠯᠲᠠ ᠵᠢ ᠬᠡᠷᠬᠢᠨ ᠴᠢᠩᠭ᠋ᠠᠳᠬᠠᠬᠤ ᠲᠤᠬᠠᠢ ᠪᠤᠳᠤᠯ ᠵᠢᠡᠨ ᠶᠠᠷᠢᠵᠤ ᠭᠠᠷᠤᠯ᠎ᠠ᠃
《ᠳᠠᠭ᠋ᠠᠳᠬᠠᠯ᠎ᠤᠨ ᠠᠵᠤ ᠠᠬᠤᠢ᠌ᠯᠠᠯ᠎ᠤᠨ ᠲᠠᠷᠢᠶᠠᠯᠠᠩ᠎ᠳᠤ ᠬᠣᠯᠪᠣᠭᠳᠠᠬᠤ ᠳᠠᠭ᠋ᠠᠳᠬᠠᠯ᠎ᠤᠨ ᠦᠢ᠍ᠯᠡᠳᠬᠦᠨ᠎ᠤ ᠵᠢᠷᠤᠭ ᠲᠥᠯᠥᠪᠯᠡᠭᠡ ᠵᠢ ᠰᠢᠯᠢᠳᠡᠭᠵᠢᠭᠦᠯᠵᠦ᠂ ᠪᠠᠢ᠌ᠭ᠋ᠠᠯᠢ ᠵᠢᠨ ᠭᠠᠢ ᠭᠠᠮᠰᠢᠭ᠂ ᠵᠠᠬ᠎ᠠ ᠳᠡᠯᠭᠡᠭᠦᠷ᠎ᠤᠨ ᠦᠨ᠎ᠡ ᠬᠠᠩᠰᠢ ᠵᠢᠨ ᠬᠡᠯᠪᠡᠯᠵᠡᠯᠲᠡ ᠵᠡᠷᠭᠡ ᠵᠢ ᠬᠠᠮᠤᠷᠤᠭᠰᠠᠨ ᠲᠠᠷᠢᠶᠠᠯᠠᠩ᠎ᠤᠨ ᠪᠦᠲᠦᠭᠡᠭᠳᠡᠬᠦᠨ᠎ᠤ ᠶᠡᠷᠦᠩᠬᠡᠢ᠌ᠯᠡᠭᠰᠡᠨ ᠳᠠᠭ᠋ᠠᠳᠬᠠᠯ᠎ᠢ ᠨᠡᠭᠡᠭᠡᠨ ᠬᠥᠭᠵᠢᠭᠦᠯᠵᠦ᠂ ᠲᠠᠷᠢᠶᠠᠴᠢᠳ᠎ᠤᠨ ᠠᠳᠠᠯᠢ ᠪᠤᠰᠤ ᠬᠡᠷᠡᠭᠴᠡᠭᠡ ᠵᠢ ᠬᠠᠩᠭ᠋ᠠᠬᠤ ᠵᠢ ᠰᠠᠨᠠᠭᠤᠯᠵᠤ ᠪᠠᠢ᠌ᠨ᠎ᠠ᠃ ᠲᠥᠯᠥᠪᠦᠷᠢ ᠥᠭᠬᠦ ᠶᠠᠪᠤᠴᠠ ᠵᠢ ᠳᠥᠭᠥᠮᠴᠢᠯᠡᠵᠦ᠂ ᠠᠯᠤᠰ ᠰᠡᠷᠡᠯ᠎ᠤᠨ ᠳᠠᠭ᠋ᠠᠭᠤᠯᠢ ᠣᠲᠣ᠂ ᠵᠢᠯᠣᠭᠣᠴᠢ ᠦᠭᠡᠢ ᠨᠢᠰᠬᠡᠯ᠂ ᠲᠣᠮᠣ ᠳ᠋ᠠᠢ᠌ᠲ᠋ᠠ ᠵᠡᠷᠭᠡ ᠮᠡᠷᠭᠡᠵᠢᠯ᠎ᠤᠨ ᠠᠷᠭ᠎ᠠ ᠪᠠᠷᠢᠯ᠎ᠢ ᠠᠰᠢᠭᠯᠠᠨ ᠬᠣᠬᠢᠷᠠᠯ᠎ᠤᠨ ᠬᠡᠮᠵᠢᠶ᠎ᠡ ᠵᠢ ᠲᠦᠷᠭᠡᠨ ᠲᠣᠭᠲᠠᠭ᠋ᠠᠵᠤ᠂ ᠴᠠᠭ ᠲᠤᠬᠠᠢᠳᠤᠨᠢ ᠲᠥᠯᠥᠪᠦᠷᠢ ᠥᠭᠬᠦ ᠬᠡᠷᠡᠭᠲᠡᠢ᠃ ᠡᠭᠦᠨ᠎ᠤ ᠬᠠᠮᠲᠤ᠂ ᠳᠠᠭ᠋ᠠᠳᠬᠠᠯ᠎ᠤᠨ ᠲᠦᠭᠰᠢᠭᠦᠷᠢ ᠵᠢ ᠦᠨᠡᠯᠡᠨ ᠵᠢᠱ᠌ᠢᠬᠦ ᠰᠢᠨᠵᠢᠯᠡᠬᠦ ᠤᠬᠠᠭ᠋ᠠᠨᠴᠢ ᠨᠢᠭᠡᠳᠦᠯᠲᠡᠢ ᠰᠢᠰᠲ᠋ᠧᠮ᠎ᠢ ᠪᠠᠢ᠌ᠭᠤᠯᠵᠤ᠂ ᠦᠨᠡᠯᠡᠨ ᠵᠢᠱ᠌ᠢᠬᠦ ᠪᠠᠷᠢᠮᠵᠢᠶ᠎ᠠ ᠪᠠ ᠶᠠᠪᠤᠴᠠ ᠵᠢ ᠲᠣᠳᠣᠷᠬᠠᠢ᠌ᠯᠠᠨ᠂ ᠦᠨᠡᠯᠡᠨ ᠵᠢᠱ᠌ᠢᠬᠦ ᠠᠵᠢᠯᠲᠠᠨ᠎ᠤ ᠪᠣᠯᠪᠠᠰᠤᠷᠠᠯ ᠪᠠ ᠬᠠᠮᠢᠶᠠᠷᠤᠯᠲᠠ ᠵᠢ ᠴᠢᠩᠭ᠋ᠠᠳᠬᠠᠵᠤ᠂ ᠦᠨᠡᠯᠡᠨ ᠵᠢᠱ᠌ᠢᠭᠰᠡᠨ ᠦᠷ᠎ᠡ ᠳ᠋ᠦᠩ᠎ᠤᠨ ᠵᠥᠪ ᠣᠨᠣᠪᠴᠢᠲᠤ ᠴᠢᠨᠠᠷ᠎ᠢ ᠦᠨᠡᠨ ᠬᠦ᠌ ᠪᠠᠲᠤᠯᠠᠬᠤ ᠵᠢ ᠰᠠᠨᠠᠭᠤᠯᠵᠤ ᠪᠠᠢ᠌ᠨ᠎ᠠ᠃ ᠳᠠᠷᠠᠭ᠋ᠠᠴᠢ ᠵᠢᠨ ᠠᠯᠬᠤᠮ᠎ᠳᠤ᠂ ᠪᠢ ᠦᠷᠭᠦᠯᠵᠢᠯᠡᠨ ᠤᠯᠠᠨ ᠲᠦᠮᠡᠨ᠎ᠲᠠᠢ ᠨᠢᠭᠲᠠ ᠬᠠᠷᠢᠯᠴᠠᠵᠤ᠂ ᠠᠵᠤ ᠦᠢ᠍ᠯᠡᠰ᠎ᠤᠨ ᠬᠥᠭᠵᠢᠯᠲᠡ ᠵᠢᠨ ᠳᠤᠮᠳᠠ ᠲᠦᠷᠦᠭᠦᠯᠡᠨ ᠲᠥᠯᠥᠪᠵᠢᠭᠦᠯᠵᠦ᠂ ᠲᠦᠷᠦᠭᠦᠯᠡᠨ ᠵᠢᠱ᠌ᠢᠶ᠎ᠡ ᠦᠵᠡᠭᠦᠯᠵᠦ᠂ ᠪᠣᠳᠠᠲᠤ ᠠᠵᠢᠯᠯᠠᠭ᠎ᠠ᠎ᠪᠠᠷ ᠵᠶ᠋ᠠᠨ ᠲᠣᠰᠬᠣᠨ᠎ᠤ ᠠᠷᠠᠳ᠎ᠢ ᠳᠠᠭ᠋ᠠᠭᠤᠯᠤᠨ ᠣᠷᠣᠯᠭ᠎ᠠ ᠵᠢ᠎ᠨᠢ ᠨᠡᠮᠡᠭᠳᠡᠭᠦᠯᠵᠦ ᠪᠠᠶᠠᠵᠢᠭᠤᠯᠤᠨ᠎ᠠ》 ᠭᠡᠵᠦ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ᠂ ᠪᠠᠶᠠᠨᠨᠠᠭᠤᠷ ᠬᠣᠲᠠ ᠵᠢᠨ ᠤᠷᠠᠳ᠎ᠤᠨ ᠡᠮᠦᠨᠡᠲᠦ ᠬᠣᠰᠢᠭᠤᠨ᠎ᠤ ᠶᠡᠬᠡ ᠰᠢᠭᠡᠭᠳᠡᠢ ᠪᠠᠯᠭ᠋ᠠᠰᠤᠨ᠎ᠤ ᠵᠥᠭᠡᠬᠡᠢ᠎ᠲᠠᠢ ᠲᠣᠰᠬᠣᠨ᠎ᠤ ᠨᠠᠮ᠎ᠤᠨ ᠡᠭᠦᠷ᠎ᠤᠨ ᠱᠦᠵᠢ ᠸᠠᠩ ᠶᠤᠸᠠᠢ ᠫᠢᠩ ᠬᠡᠯᠡᠨ᠎ᠡ᠃
ᠡᠳᠦᠷ᠎ᠠᠴᠠ᠎ᠪᠠᠨ ᠡᠳᠦᠷ ᠥᠭᠡᠳᠡᠯᠡᠨ᠂ ᠴᠠᠭ᠎ᠠᠴᠠ᠎ᠪᠠᠨ ᠴᠠᠭ ᠳᠡᠭᠵᠢᠷᠡᠨ᠎ᠡ᠃ ᠥᠪᠥᠷ ᠮᠣᠩᠭᠣᠯ ᠪᠣᠳᠠᠲᠠᠢ ᠠᠵᠢᠯᠯᠠᠬᠤ᠎ᠪᠠᠷ ᠬᠠᠷᠢᠭᠤᠴᠠᠯᠭ᠎ᠠ ᠡᠭᠦᠷᠭᠡᠯᠡᠯ ᠵᠶ᠋ᠡᠨ ᠢᠯᠡᠷᠡᠭᠦᠯᠵᠦ᠂ ᠲᠥᠯᠥᠪᠵᠢᠭᠦᠯᠬᠦ ᠳᠤᠮᠳᠠ ᠬᠥᠭᠵᠢᠯᠲᠡ ᠵᠢᠨ ᠠᠷᠭ᠎ᠠ ᠵᠠᠮ᠎ᠤᠨ ᠰᠢᠨ᠎ᠡ ᠵᠢ ᠡᠭᠦᠳᠴᠦ᠂ ᠠᠵᠢᠯᠯᠠᠬᠤ ᠳᠤᠮᠳᠠ᠎ᠪᠠᠨ ᠬᠥᠭᠵᠢᠯᠲᠡ ᠵᠢᠨ ᠢᠲᠡᠭᠡᠯ ᠵᠶ᠋ᠡᠨ ᠪᠠᠲᠤᠳᠬᠠᠨ᠎ᠠ᠃