ᠣᠨ ᠵᠢᠯ ᠰᠣᠯᠢᠭᠳᠠᠵᠤ᠂ ᠲᠦᠮᠡᠨ ᠪᠣᠳᠠᠰ ᠰᠢᠨᠡᠳᠦᠨᠠ! ᠶᠠᠭ ᠰᠠᠶᠢᠬᠠᠨ ᠬᠤᠷᠠᠯᠳᠤᠵᠤ ᠪᠠᠢ᠌ᠭ᠎ᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ ᠳᠡᠭᠡᠷ᠎ᠡ᠂ ᠡᠯ᠎ᠡ ᠵᠦᠢ᠍ᠯ᠎ᠤᠨ ᠮᠡᠳᠡᠭᠦᠯᠦᠯᠲᠡ᠎ᠳᠠᠬᠢ ᠢᠯᠡ ᠲᠣᠳᠣ ᠲᠣᠭ᠎ᠠ ᠪᠠᠷᠢᠮᠲᠠ᠂ ᠰᠢᠨ᠎ᠡ ᠵᠢ ᠡᠭᠦᠳᠦᠭᠰᠡᠨ ᠠᠷᠭ᠎ᠠ ᠬᠡᠮᠵᠢᠶ᠎ᠡ᠎ᠨᠦᠭᠦᠳ᠎ᠨᠢ ᠥᠪᠥᠷ ᠮᠣᠩᠭᠣᠯ᠎ᠤᠨ ᠤᠷᠤᠭᠰᠢᠯᠠᠨ ᠬᠥᠭᠵᠢᠭᠰᠡᠨ ᠪᠣᠳᠠᠲᠤ ᠪᠠᠢ᠌ᠳᠠᠯ᠎ᠢ ᠵᠢᠷᠤᠭᠯᠠᠵᠠᠢ᠃
2024 ᠣᠨ᠎ᠳᠤ᠂ ᠵᠢᠱ᠌ᠢᠯᠲᠡ᠎ᠪᠠᠷ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ 13%᠎ᠪᠠᠷ ᠨᠡᠮᠡᠭᠳᠡᠨ᠂ ᠪᠦᠭᠦ ᠤᠯᠤᠰ᠎ᠤᠨ 2 ᠳ᠋ᠤᠭ᠋ᠠᠷ ᠪᠠᠢ᠌ᠷᠢ᠎ᠪᠠᠨ ᠪᠠᠲᠤᠯᠠᠵᠤ᠂ ᠴᠢᠬᠤᠯᠠ ᠶᠡᠬᠡ ᠲᠦᠷᠦᠯ ᠵᠦᠢ᠍ᠯ᠎ᠤᠨ ᠪᠡᠯᠡ ᠣᠷᠣᠭᠤᠯᠤᠯᠲᠠ 9100 ᠳ᠋ᠦᠩᠰᠢᠭᠤᠷ ᠲᠥᠭᠥᠷᠢᠭ᠎ᠢ ᠳᠠᠪᠠᠪᠠ; ᠠᠵᠤ ᠠᠬᠤᠢ᠌ᠯᠠᠯ᠎ᠤᠨ ᠭᠠᠢ᠌ᠯᠢ ᠵᠢ ᠬᠠᠰᠤᠵᠤ ᠰᠦᠢ᠍ᠳᠬᠡᠯ᠎ᠢ ᠪᠠᠭᠤᠷᠠᠭᠤᠯᠤᠭᠰᠠᠨ ᠵᠢᠴᠢ ᠭᠠᠢ᠌ᠯᠢ ᠵᠢ ᠪᠤᠴᠠᠭ᠋ᠠᠭᠰᠠᠨ᠎ᠨᠢ 300 ᠳ᠋ᠦᠩᠰᠢᠭᠤᠷ ᠲᠥᠭᠥᠷᠢᠭ᠎ᠲᠤ ᠬᠦᠷᠴᠦ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ᠌ᠯᠠᠯ᠎ᠳᠤ ᠠᠰᠢᠭ ᠬᠦᠷᠲᠡᠭᠡᠬᠦ ᠰᠢᠭᠤᠳ ᠬᠦᠷᠭᠡᠬᠦ ᠪᠡᠯᠡ ᠮᠥᠩᠭᠥ 13.7 ᠳ᠋ᠦᠩᠰᠢᠭᠤᠷ ᠲᠥᠭᠥᠷᠢᠭ᠎ᠲᠤ ᠬᠦᠷᠴᠦ᠂ ᠲᠦᠭᠡᠮᠡᠯ ᠬᠠᠷᠠᠭ᠋ᠠᠯᠵᠠᠯᠲᠤ ᠪᠠᠭ᠎ᠠ ᠵᠢᠵᠢᠭ ᠠᠵᠤ ᠠᠬᠤᠢ᠌ᠯᠠᠯ᠎ᠤᠨ ᠵᠢᠭᠡᠯᠡᠯᠭᠡ ᠵᠢᠨ ᠦᠯᠡᠳᠡᠪᠦᠷᠢ 14%᠎ᠪᠠᠷ ᠨᠡᠮᠡᠭᠳᠡᠨ᠂ 《ᠥᠨᠳᠥᠷ ᠪᠦᠲᠦᠮᠵᠢᠲᠡᠢ᠎ᠪᠠᠷ ᠨᠢᠭᠡ ᠶᠠᠪᠤᠳᠠᠯ᠎ᠢ ᠭᠦᠢ᠍ᠴᠡᠳᠬᠡᠬᠦ》 ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠨᠡᠢ᠌ᠲᠡᠯᠡᠭᠰᠡᠨ 13 ᠵᠦᠢ᠍ᠯᠡᠰ᠎ᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ ᠪᠠᠰᠠ 10 ᠵᠦᠢ᠍ᠯᠡᠰ᠎ᠢ ᠨᠡᠢ᠌ᠲᠡᠯᠡᠵᠦ᠂ ᠵᠠᠩᠭᠢᠯᠠᠭ᠎ᠠ ᠵᠢᠨ ᠴᠠᠭ᠎ᠤᠨ ᠬᠢᠵᠠᠭ᠋ᠠᠷ᠎ᠤᠨ ᠮᠠᠲ᠋ᠧᠷᠢᠶᠠᠯ᠎ᠢ ᠴᠥᠮ 70%᠎ᠠᠴᠠ ᠳᠡᠭᠡᠭᠰᠢ ᠬᠠᠰᠤᠵᠤ᠂ ᠠᠷᠠᠳ᠎ᠤᠨ ᠡᠵᠡᠩᠨᠡᠯᠲᠡ ᠵᠢᠨ ᠭᠣᠣᠯ ᠴᠣᠭᠴᠠ 16.4 ᠲᠦᠮᠡᠨ ᠡᠷᠦᠭᠡ ᠪᠣᠳᠠᠲᠠᠢ ᠨᠡᠮᠡᠭᠳᠡᠨ᠂ 6.4%᠎ᠪᠠᠷ ᠨᠡᠮᠡᠭᠳᠡᠪᠡ; ᠬᠣᠲᠠ ᠪᠠᠯᠭ᠋ᠠᠰᠤᠨ᠎ᠤ 20.1 ᠲᠦᠮᠡᠨ ᠬᠥᠮᠥᠨ᠎ᠳᠤ ᠰᠢᠨ᠎ᠡ᠎ᠪᠠᠷ ᠠᠵᠢᠯ ᠣᠯᠭᠣᠪᠠ; ᠲᠠᠷᠢᠶᠠᠯᠠᠩ᠎ᠤᠨ ᠤᠰᠤ ᠠᠷᠪᠢᠯᠠᠭᠰᠠᠨ ᠬᠡᠮᠵᠢᠶ᠎ᠡ ᠵᠢ 3.8 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠰᠢᠨ᠎ᠡ᠎ᠪᠠᠷ ᠨᠡᠮᠡᠭᠳᠡᠭᠦᠯᠪᠡ; ᠬᠠᠭᠤᠷᠠᠢ ᠵᠠᠮ᠎ᠤᠨ ᠬᠢᠯᠢ ᠵᠢᠨ ᠪᠣᠭᠣᠮᠲᠠ ᠵᠢᠨ ᠪᠠᠷᠠᠭ᠋ᠠᠨ᠎ᠤ ᠲᠡᠭᠡᠭᠡᠪᠦᠷᠢ ᠵᠢᠨ ᠬᠡᠮᠵᠢᠶ᠎ᠡ 1.2 ᠳ᠋ᠦᠩᠰᠢᠭᠤᠷ ᠲᠣᠨ᠎ᠢ ᠳᠠᠪᠠᠵᠤ᠂ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠭᠰᠠᠨ ᠶᠡᠷᠦᠩᠬᠡᠢ ᠬᠡᠮᠵᠢᠶ᠎ᠡ 2000 ᠳ᠋ᠦᠩᠰᠢᠭᠤᠷ ᠲᠥᠭᠥᠷᠢᠭ᠎ᠢ ᠳᠠᠪᠠᠪᠠ; ᠶᠤᠸᠠᠨ᠎ᠤ ᠳᠡᠭᠡᠳᠦ ᠨᠡᠢ᠌ᠰᠯᠡᠯ᠂ ᠴᠢᠨᠤ ᠴᠢᠬᠡ ᠵᠠᠮ᠎ᠤᠨ ᠪᠠᠭᠤᠷᠢ᠂ ᠤᠳᠠ ᠵᠢᠨ ᠫᠧᠷᠮᠢ ᠭᠠᠯᠪᠠ ᠵᠢᠨ ᠤᠷᠭᠤᠮᠠᠯ᠎ᠤᠨ ᠬᠤᠴᠢᠯᠭ᠎ᠠ ᠵᠢᠨ ᠴᠢᠯᠠᠭᠤᠵᠢᠮᠠᠯ᠎ᠤᠨ ᠭᠠᠷᠤᠯᠲᠠ ᠵᠢᠨ ᠣᠷᠣᠨ᠎ᠢ ᠬᠠᠮᠠᠭ᠋ᠠᠯᠠᠬᠤ ᠠᠵᠢᠯ ᠢᠳᠡᠪᠬᠢᠲᠡᠢ ᠠᠬᠢᠯᠲᠠ᠎ᠲᠠᠢ ᠪᠣᠯᠵᠤ᠂ ᠬᠤᠩᠱ᠌ᠠᠨ ᠰᠣᠶᠣᠯ᠎ᠤᠨ ᠬᠠᠭᠤᠴᠢ ᠰᠤᠳᠤᠯᠤᠯ᠎ᠤᠨ ᠲᠠᠯ᠎ᠠ᠎ᠪᠠᠷ ᠪᠠᠰᠠ ᠴᠢᠬᠤᠯᠠ ᠶᠡᠬᠡ ᠢᠯᠡᠷᠡᠭᠦᠯᠦᠯᠲᠡ᠎ᠲᠠᠢ ᠪᠣᠯᠵᠤ᠂ ᠪᠠᠳᠠᠢ ᠵᠢᠨ ᠵᠢᠷᠠᠨ᠎ᠤ ᠡᠯᠡᠰᠦ — ᠡᠯᠡᠰᠦᠨ ᠴᠣᠬᠢᠶ᠎ᠠ ᠨᠠᠭᠤᠷ ᠪᠦᠷᠢᠳᠦᠨᠦᠭᠦᠳᠢ ᠠᠮᠵᠢᠯᠲᠠ᠎ᠲᠠᠢ᠎ᠪᠠᠷ ᠥᠪ ᠪᠣᠯᠭ᠋ᠠᠨ ᠭᠤᠶᠤᠴᠢᠯᠠᠪᠠ ᠁
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠶᠢᠰᠦᠳᠦᠭᠡᠷ ᠪᠦᠭᠦᠳᠡ ᠬᠤᠷᠠᠯ ᠵᠢᠴᠢ ᠪᠦᠭᠦ ᠣᠷᠣᠨ᠎ᠤ ᠠᠵᠤ ᠠᠬᠤᠢ ᠵᠢᠨ ᠠᠵᠢᠯ᠎ᠤᠨ ᠬᠤᠷᠠᠯ᠎ᠠᠴᠠ᠂ 2025 ᠣᠨ᠎ᠳᠤ ᠴᠢᠬᠤᠯᠠ ᠶᠡᠬᠡ ᠲᠦᠷᠦᠯ ᠵᠦᠢ᠍ᠯ᠎ᠢ ᠲᠥᠯᠥᠪᠵᠢᠭᠦᠯᠬᠦ ᠠᠵᠢᠯᠯᠠᠭ᠎ᠠ᠂ ᠠᠵᠤ ᠠᠬᠤᠢ᠌ᠯᠠᠯ᠎ᠢ ᠲᠤᠰᠠᠯᠠᠬᠤ ᠠᠵᠢᠯᠯᠠᠭ᠎ᠠ᠂ ᠠᠵᠢᠯ ᠣᠯᠭᠣᠯᠲᠠ ᠵᠢ ᠠᠬᠢᠭᠤᠯᠬᠤ ᠠᠵᠢᠯᠯᠠᠭ᠎ᠠ᠂ ᠤᠰᠤ ᠠᠷᠪᠢᠯᠠᠬᠤ ᠠᠵᠢᠯᠯᠠᠭ᠎ᠠ᠂ ᠣᠷᠣᠨ ᠪᠦᠰᠡ ᠵᠢᠨ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠬᠦ ᠠᠵᠢᠯᠯᠠᠭ᠎ᠠ᠂ ᠤᠮᠠᠷᠠᠲᠤ ᠬᠢᠯᠢ ᠵᠢᠨ ᠰᠣᠶᠣᠯ᠎ᠤᠨ ᠪᠠᠢ᠌ᠭᠤᠯᠤᠯᠲᠠ ᠵᠢ ᠳᠡᠭᠡᠭᠰᠢᠯᠡᠭᠦᠯᠭᠦ ᠠᠵᠢᠯᠯᠠᠭ᠎ᠠ 《ᠵᠢᠷᠭᠤᠭ᠋ᠠᠨ ᠠᠵᠢᠯᠯᠠᠭ᠎ᠠ》 ᠵᠢ ᠵᠣᠬᠢᠶᠠᠨ ᠪᠠᠢ᠌ᠭᠤᠯᠤᠨ ᠥᠷᠨᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠳᠤ ᠣᠷᠣᠯᠴᠠᠵᠤ ᠪᠠᠢ᠌ᠭ᠎ᠠ ᠲᠥᠯᠥᠭᠡᠯᠡᠭᠴᠢᠳ ᠭᠡᠰᠢᠭᠦᠳ᠂ ᠰᠡᠳᠬᠢᠯ ᠨᠢᠭᠡᠳᠦᠨ ᠬᠦᠴᠦᠨ ᠵᠢᠡᠨ ᠬᠠᠮᠲᠤᠳᠬᠠᠨ ᠠᠵᠢᠯᠯᠠᠵᠤ᠂ 《ᠵᠢᠷᠭᠤᠭ᠋ᠠᠨ ᠠᠵᠢᠯᠯᠠᠭ᠎ᠠ》 ᠵᠢ ᠵᠠᠩᠭᠢᠯᠠᠭ᠎ᠠ ᠵᠢᠨ ᠭᠠᠵᠠᠷ᠎ᠲᠤ ᠨᠠᠢ᠌ᠳᠠᠪᠤᠷᠢᠵᠢᠭᠤᠯᠬᠤ ᠵᠢ ᠬᠠᠮᠲᠤ᠎ᠪᠠᠷ ᠠᠬᠢᠭᠤᠯᠵᠤ᠂ ᠰᠦᠷ ᠳᠠᠯᠠᠢ᠌ᠴᠠᠲᠠᠢ ᠰᠢᠨ᠎ᠡ ᠬᠥᠳᠡᠯᠭᠡᠬᠦ ᠬᠦᠴᠦᠨ᠎ᠢ ᠬᠥᠭᠵᠢᠭᠡᠵᠦ᠂ ᠪᠣᠳᠠᠲᠠᠢ ᠠᠵᠢᠯᠯᠠᠬᠤ ᠰᠢᠨ᠎ᠡ ᠠᠶᠠᠨ ᠲᠡᠢ᠌ᠰᠢ ᠤᠷᠤᠭᠰᠢᠯᠠᠨ᠎ᠠ ᠭᠡᠵᠦ ᠢᠯᠡᠳᠬᠡᠵᠡᠭᠡᠪᠡ᠃
《ᠠᠬᠢᠴᠠ ᠵᠢᠨ ᠱᠤᠭᠤᠮ》᠎ᠢ ᠲᠠᠰᠤᠷᠠᠯᠲᠠ ᠦᠭᠡᠢ ᠰᠢᠨᠡᠳᠬᠡᠨ᠎ᠡ
ᠥᠪᠥᠷ ᠮᠣᠩᠭᠣᠯ᠎ᠤᠨ ᠴᠢᠬᠤᠯᠠ ᠶᠡᠬᠡ ᠲᠥᠷᠥᠯ ᠵᠦᠢ᠍ᠯ᠎ᠤᠨ 《ᠠᠬᠢᠴᠠ ᠵᠢᠨ ᠱᠤᠭᠤᠮ》᠎ᠢ ᠲᠠᠰᠤᠷᠠᠯᠲᠠ ᠦᠭᠡᠢ ᠰᠢᠨᠡᠳᠬᠡᠭᠳᠡᠨ᠂ ᠠᠯᠢ ᠤᠯᠠᠨ ᠭᠣᠣᠯᠳᠠᠯᠭ᠎ᠠ᠎ᠲᠠᠢ ᠲᠦᠷᠦᠯ ᠵᠦᠢ᠍ᠯ᠎ᠤᠳ 《ᠪᠦᠭᠦ ᠬᠦᠴᠦᠨ ᠵᠶ᠋ᠡᠷ ᠵᠢᠡᠨ ᠶᠠᠪᠤᠭᠳᠠᠨ》᠂ ᠰᠢᠨ᠎ᠡ ᠠᠵᠤ ᠦᠢ᠍ᠯᠡᠰ ᠥᠷᠨᠢᠭᠦᠨ ᠬᠥᠭᠵᠢᠵᠦ᠂ ᠰᠢᠨ᠎ᠡ ᠬᠥᠳᠡᠯᠭᠡᠬᠦ ᠬᠦᠴᠦᠨ ᠰᠦᠷ ᠳᠠᠯᠠᠢ᠌ᠴᠠᠲᠠᠢ ᠴᠢᠩᠭ᠎ᠠ ᠬᠦᠴᠦᠲᠡᠢ ᠪᠠᠢ᠌ᠪᠠ᠃
1 ᠰᠠᠷ᠎ᠠ ᠵᠢᠨ 6᠎ᠤ ᠡᠳᠦᠷ᠂ ᠶᠤᠸᠠᠨ ᠵᠢᠩ ᠮᠧᠩ ᠰᠢᠨ ᠪᠦᠯᠦᠭᠯᠡᠯ᠎ᠤᠨ ᠪᠠᠶᠠᠨᠨᠠᠭᠤᠷ᠎ᠤᠨ ᠲᠣᠮᠣ ᠭᠡᠯᠪᠡᠷᠢ ᠵᠢᠨ ᠨᠠᠪᠴᠢᠨ ᠢᠯᠲᠠᠰᠤ ᠵᠢᠨ ᠦᠢ᠍ᠯᠡᠳᠪᠦᠷᠢᠯᠡᠯ᠎ᠤᠨ ᠰᠠᠭᠤᠷᠢᠨ ᠪᠦᠭᠦ ᠲᠠᠯ᠎ᠠ᠎ᠪᠠᠷ ᠠᠰᠢᠭᠯᠠᠯᠲᠠ᠎ᠳᠤ ᠣᠷᠣᠵᠤ᠂ ᠪᠦᠬᠦᠯᠢ ᠴᠣᠭᠴᠠ ᠵᠢᠨ ᠢᠵᠢ ᠪᠦᠷᠢᠳᠦᠭᠰᠡᠨ ᠦᠢ᠍ᠯᠡᠳᠪᠦᠷᠢᠯᠡᠬᠦ ᠴᠢᠳᠠᠪᠤᠷᠢ᠎ᠨᠢ 500 ᠰᠠᠭᠤᠷᠢ (ᠢᠵᠢ)᠎ᠳᠤ ᠬᠦᠷᠴᠦ᠂ ᠲᠤᠬᠠᠢ ᠵᠢᠨ ᠭᠠᠵᠠᠷ᠎ᠤᠨ ᠰᠠᠯᠬᠢᠨ ᠬᠦᠴᠦᠨ᠎ᠤ ᠮᠠᠰᠢᠨ᠎ᠤ ᠲᠣᠨᠣᠭ ᠲᠥᠬᠦᠭᠡᠷᠦᠮᠵᠢ ᠦᠢ᠍ᠯᠡᠳᠬᠦ ᠦᠢ᠍ᠯᠡᠰ᠎ᠤᠨ ᠪᠦᠭᠦ ᠠᠵᠤ ᠦᠢ᠍ᠯᠡᠰ᠎ᠤᠨ ᠬᠡᠯᠬᠢᠶ᠎ᠡ ᠲᠡᠢ᠌ᠰᠢ ᠤᠷᠤᠭᠰᠢᠯᠠᠬᠤ᠎ᠳᠤ ᠬᠦᠴᠦᠨ ᠨᠡᠮᠡᠷᠢᠯᠡᠪᠡ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢ᠂ ᠶᠤᠸᠠᠨ ᠵᠢᠩ ᠮᠧᠩ ᠰᠢᠨ ᠪᠦᠯᠦᠭᠯᠡᠯ᠎ᠤᠨ ᠳᠡᠳ᠋ ᠶᠡᠷᠦᠩᠬᠡᠢ ᠳᠠᠭ᠋ᠠᠭ᠋ᠠᠮᠠᠯ ᠢᠦᠢ ᠯᠧ ᠢᠲᠡᠭᠡᠯ ᠲᠡᠭᠦᠯᠳᠡᠷ ᠵᠶ᠋ᠡᠷ᠄ 《2025 ᠣᠨ᠎ᠳᠤ᠂ ᠠᠵᠤ ᠠᠬᠤᠢ᠌ᠯᠠᠯ᠎ᠨᠢ ᠶᠡᠷᠦᠩᠬᠡᠢ ᠬᠡᠯᠲᠡᠰ᠎ᠤᠨ ᠰᠠᠭᠤᠷᠢᠨ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠤᠰᠤᠲᠥ᠋ᠷᠥᠭᠴᠢᠲᠤ ᠰᠢᠪᠲᠦᠷ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠳ᠋ᠢᠶᠠᠨ ᡂᠢ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠪᠣᠳᠣᠯᠲᠠ ᠵᠢᠨ ᠬᠦᠴᠦᠨ᠂ ᠡᠯᠡᠰᠦᠷᠬᠡᠭᠵᠢᠯ᠎ᠢ ᠰᠡᠷᠭᠡᠢ᠌ᠯᠡᠨ ᠡᠯᠡᠰᠦ ᠵᠢ ᠵᠠᠰᠠᠬᠤ᠂ ᠬᠠᠮᠲᠤ᠎ᠪᠠᠷ ᠡᠳ᠋ᠯᠡᠬᠦ ᠡᠨᠧᠷᠭᠢ ᠬᠠᠳᠠᠭ᠋ᠠᠯᠠᠬᠤ ᠵᠡᠷᠭᠡ ᠲᠠᠯ᠎ᠠ᠎ᠪᠠᠷ ᠰᠢᠨ᠎ᠡ ᠵᠢ ᠡᠭᠦᠳᠦᠨ ᠵᠢᠱ᠌ᠢᠶ᠎ᠡ ᠦᠵᠡᠭᠦᠯᠭᠦ ᠠᠵᠢᠯᠯᠠᠭ᠎ᠠ ᠵᠢ ᠭᠣᠣᠯᠳᠠᠯᠭ᠎ᠠ᠎ᠲᠠᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠪᠣᠬᠢᠷᠳᠤᠯ ᠦᠭᠡᠢ ᠠᠵᠤ ᠦᠢ᠍ᠯᠡᠳᠪᠦᠷᠢ ᠵᠢᠨ ᠰᠢᠨ᠎ᠡ ᠥᠨᠳᠥᠷᠯᠢᠭ᠂ ᠣᠯᠠᠨ ᠤᠯᠤᠰ᠎ᠤᠨ ᠠᠷᠠᠯᠵᠢᠶᠠᠨ᠎ᠤ ᠰᠢᠨ᠎ᠡ ᠬᠦᠢ᠍ᠰᠦ᠂ ᠳᠤᠮᠳᠠᠳᠤ ᠤᠯᠤᠰ᠎ᠤᠨ ᠦᠢ᠍ᠯᠡᠳᠬᠦ ᠦᠢ᠍ᠯᠡᠰ᠎ᠤᠨ ᠰᠢᠨ᠎ᠡ ᠬᠥᠳᠡᠯᠭᠡᠭᠦᠷ᠎ᠢ ᠪᠤᠶ ᠪᠤᠯᠭ᠋ᠠᠬᠤ᠎ᠳᠤ ᠬᠦᠴᠦᠨ ᠨᠡᠮᠡᠷᠢᠯᠡᠨ᠎ᠡ》 ᠭᠡᠵᠡᠢ᠃
ᠴᠢᠬᠤᠯᠠ ᠶᠡᠬᠡ ᠲᠦᠷᠦᠯ ᠵᠦᠢ᠍ᠯ ᠪᠣᠯ ᠠᠵᠤ ᠠᠬᠤᠢ ᠨᠡᠢ᠌ᠭᠡᠮ᠎ᠤᠨ ᠬᠥᠭᠵᠢᠯᠲᠡ ᠵᠢ ᠠᠬᠢᠭᠤᠯᠬᠤ 《ᠬᠦᠴᠦᠲᠡᠢ ᠬᠥᠳᠡᠯᠭᠡᠭᠦᠷ》 ᠪᠠ 《ᠬᠠᠲᠠᠭᠤ ᠲᠤᠯᠭ᠋ᠠᠭᠤᠷᠢᠯᠠᠯ》 ᠮᠥᠨ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢ᠂ ᠤᠯᠠᠭ᠋ᠠᠨᠬᠣᠲᠠ ᠵᠢᠨ ᠨᠠᠮ᠎ᠤᠨ ᠬᠣᠷᠢᠶ᠎ᠠ ᠵᠢᠨ ᠳᠡᠳ᠋ ᠱᠦᠵᠢ᠂ ᠬᠣᠲᠠ ᠵᠢᠨ ᠳᠠᠷᠤᠭ᠎ᠠ ᠮᠠ ᠮᠧᠩ᠄ 《2025 ᠣᠨ᠎ᠳᠤ᠂ ᠪᠢᠳᠡ 〈ᠴᠢᠬᠤᠯᠠ ᠶᠡᠬᠡ ᠲᠥᠷᠥᠯ ᠵᠦᠢ᠍ᠯ᠎ᠢ ᠲᠥᠯᠥᠪᠵᠢᠭᠦᠯᠬᠦ ᠠᠵᠢᠯᠯᠠᠭ᠎ᠠ〉᠎ᠪᠠᠷ ᠭᠠᠷᠳᠠᠴᠠ ᠪᠤᠯᠭ᠋ᠠᠵᠤ᠂ ᠬᠠᠭᠤᠴᠢᠨ ᠰᠠᠭᠤᠭ᠋ᠠᠯᠢ ᠠᠷᠠᠳ᠎ᠤᠨ ᠲᠣᠭᠣᠷᠢᠭ᠎ᠢ ᠥᠭᠡᠷᠡᠴᠢᠯᠡᠨ ᠰᠢᠨᠡᠳᠬᠡᠬᠦ ᠵᠡᠷᠭᠡ 43 ᠴᠢᠬᠤᠯᠠ ᠶᠡᠬᠡ ᠲᠥᠷᠥᠯ ᠵᠦᠢ᠍ᠯ᠎ᠢ ᠬᠡᠷᠡᠭᠵᠢᠭᠦᠯᠵᠦ᠂ 66 ᠳ᠋ᠦᠩᠰᠢᠭᠤᠷ ᠲᠥᠭᠥᠷᠢᠭ᠎ᠠᠴᠠ ᠳᠡᠭᠡᠭᠰᠢᠬᠢ ᠪᠡᠯᠡ ᠣᠷᠣᠭᠤᠯᠤᠯᠲᠠ ᠵᠢ ᠪᠡᠶᠡᠯᠡᠭᠦᠯᠬᠦ᠎ᠪᠠᠷ ᠴᠢᠷᠮᠠᠢ᠌ᠨ᠎ᠠ᠃ ᠡᠭᠦᠨ᠎ᠤ ᠬᠠᠮᠲᠤ᠂ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠦᠪᠵᠢᠭᠦᠯᠭᠡ ᠵᠢ ᠨᠠᠢ᠌ᠷᠠᠭᠤᠯᠤᠨ ᠲᠤᠭᠤᠷᠪᠢᠬᠤ ᠴᠣᠩᠬᠣᠪᠴᠢ ᠬᠤᠭᠤᠴᠠᠭ᠎ᠠ ᠵᠢ ᠱᠠᠯᠠᠪᠳᠠᠨ ᠠᠳᠬᠤᠵᠤ᠂ ᠠᠵᠤ ᠦᠢ᠍ᠯᠡᠰ᠎ᠢ ᠳᠡᠰ ᠳᠡᠪᠰᠢᠭᠦᠯᠬᠦ᠂ ᠬᠣᠲᠠ ᠵᠢ ᠰᠢᠨᠡᠳᠬᠡᠬᠦ ᠵᠡᠷᠭᠡ ᠬᠦᠷᠢᠶᠡᠨ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠵᠤ ᠦᠢ᠍ᠯᠡᠰ᠎ᠤᠨ ᠪᠦᠲᠦᠴᠡ ᠵᠢ ᠰᠢᠯᠢᠳᠡᠭᠵᠢᠭᠦᠯᠬᠦ ᠪᠠ ᠠᠵᠤ ᠠᠬᠤᠢ ᠵᠢᠨ ᠶᠠᠰᠤ ᠴᠢᠨᠠᠷ ᠦᠷ᠎ᠡ ᠠᠰᠢᠭ᠎ᠢ ᠵᠡᠷᠭᠡ᠎ᠪᠠᠷ ᠳᠡᠭᠡᠭᠰᠢᠯᠡᠭᠦᠯᠭᠦ ᠵᠢ ᠠᠬᠢᠭᠤᠯᠤᠨ᠎ᠠ》 ᠭᠡᠵᠡᠢ᠃
ᠨᠢᠭᠡ ᠭᠠᠵᠠᠷ ᠣᠷᠣᠨ᠎ᠤ ᠠᠵᠤ ᠠᠬᠤᠢ ᠵᠢᠨ ᠬᠥᠭᠵᠢᠯᠲᠡ᠎ᠨᠢ ᠡᠴᠦᠰ᠎ᠤᠨ ᠡᠴᠦᠰ᠎ᠲᠡᠭᠡᠨ ᠠᠵᠤ ᠠᠬᠤᠢ᠌ᠯᠠᠯ᠎ᠤᠨ ᠭᠣᠣᠯᠯᠠᠬᠤ ᠦᠢ᠍ᠯᠡᠳᠦᠯ᠎ᠳᠤ ᠲᠦᠰᠢᠭᠯᠡᠬᠦ ᠶᠤᠮ᠃ ᠡᠨᠡ ᠵᠢᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ ᠳᠤᠷᠠᠳᠤᠭᠰᠠᠨ ᠰᠢᠨ᠎ᠡ ᠱᠠᠭ᠋ᠠᠷᠳᠠᠯᠭ᠎ᠠ ᠵᠢᠨ ᠲᠤᠬᠠᠢ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠠᠮᠢᠶᠠᠷᠤᠯᠲᠠ ᠵᠢᠨ ᠲᠣᠪᠴᠢᠶ᠎ᠠ ᠵᠢᠨ ᠳᠠᠷᠤᠭ᠎ᠠ ᠮᠠ ᠪᠦᠦ ᠭᠦᠸᠧ᠄ 《ᠪᠢᠳᠡ ᠨᠢᠭᠡᠨᠲᠡ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠠᠵᠢᠯ ᠲᠥᠷᠥᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ ᠪᠦᠭᠦ ᠣᠷᠣᠨ᠎ᠤ ᠪᠡᠯᠡ ᠬᠤᠷᠠᠮᠳᠤᠭᠤᠯᠭ᠎ᠠ ᠵᠢᠨ ᠬᠡᠷᠡᠭᠴᠡᠭᠡ ᠱᠠᠭ᠋ᠠᠷᠳᠠᠯᠭ᠎ᠠ᠎ᠲᠠᠢ ᠲᠥᠷᠥᠯ ᠵᠦᠢ᠍ᠯ᠎ᠢ 5163᠂ ᠠᠵᠤ ᠠᠬᠤᠢ᠌ᠯᠠᠯ᠎ᠢ 674 ᠡᠮᠬᠢᠯᠡᠨ ᠬᠤᠷᠢᠶᠠᠩᠭᠤᠢ᠌ᠯᠠᠵᠤ᠂ ᠪᠦᠭᠦᠨ᠎ᠢ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ᠎ᠳᠤ ᠬᠦᠷᠭᠡᠪᠡ᠃ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠣᠳᠣᠬᠠᠨ᠎ᠳᠤ ᠨᠡᠶ᠋ᠢᠲᠡ 590 ᠭᠠᠷᠤᠢ ᠠᠵᠤ ᠠᠬᠤᠢ᠌ᠯᠠᠯ᠎ᠤᠨ ᠲᠥᠷᠥᠯ ᠵᠦᠢ᠍ᠯ᠎ᠳᠤ ᠪᠡᠯᠡ ᠮᠥᠩᠭᠥ ᠵᠢᠨ ᠳᠡᠮᠵᠢᠯᠭᠡ ᠬᠠᠩᠭ᠋ᠠᠵᠤ᠂ ᠨᠡᠶ᠋ᠢᠲᠡ 2300 ᠳ᠋ᠦᠩᠰᠢᠭᠤᠷ ᠲᠥᠭᠥᠷᠢᠭ᠎ᠤᠨ ᠢᠲᠡᠭᠡᠮᠵᠢᠲᠦ ᠵᠢᠭᠡᠯᠡᠯᠭᠡ ᠣᠯᠭᠣᠪᠠ᠃ ᠵᠠᠯᠭ᠋ᠠᠭ᠋ᠠᠳ᠂ ᠪᠢᠳᠡ 〈ᠢᠲᠡᠭᠡᠮᠵᠢᠲᠦ ᠵᠢᠭᠡᠯᠡᠯᠭᠡ ᠵᠢ ᠥᠷᠭᠡᠳᠬᠡᠬᠦ〉 ᠲᠥᠷᠥ ᠵᠢᠨ ᠪᠣᠳᠣᠯᠭ᠎ᠠ ᠵᠢ ᠰᠠᠢ᠌ᠲᠤᠷ ᠨᠠᠢ᠌ᠳᠠᠪᠤᠷᠢᠵᠢᠭᠤᠯᠵᠤ᠂ ᠮᠥᠩᠭᠥᠨ ᠭᠦᠢ᠍ᠯᠭᠡᠭᠡ᠎ᠪᠠᠷ ᠠᠵᠤ ᠠᠬᠤᠢ᠌ᠯᠠᠯ᠎ᠢ ᠲᠡᠳᠬᠦᠬᠦ ᠠᠵᠢᠯᠯᠠᠭ᠎ᠠ ᠵᠢ ᠬᠡᠷᠡᠭᠵᠢᠭᠦᠯᠦᠨ᠂ ᠥᠪᠡᠷᠲᠡᠭᠡᠨ ᠵᠠᠰᠠᠬᠤ ᠣᠷᠣᠨ᠎ᠤ ᠰᠢᠨ᠎ᠡ ᠵᠠᠮ ᠨᠡᠭᠡᠭᠡᠵᠦ ᠳᠤᠮᠳᠠ ᠲᠦᠪᠰᠢᠨ᠎ᠳᠤ ᠣᠷᠣᠬᠤ᠎ᠳᠤ ᠮᠥᠩᠭᠥᠨ ᠭᠦᠢ᠍ᠯᠭᠡᠭᠡᠨ᠎ᠤ ᠬᠦᠴᠦᠨ ᠴᠢᠳᠠᠯ ᠵᠶ᠋ᠠᠨ ᠡᠷᠭᠦᠨ᠎ᠡ》 ᠭᠡᠪᠡ᠃
ᠲᠠᠰᠤᠷᠠᠯᠲᠠ ᠦᠭᠡᠢ ᠪᠠᠲᠤᠵᠢᠭᠰᠠᠨ 《ᠰᠢᠨ᠎ᠡ ᠴᠢᠭᠯᠡᠯ》
ᠥᠪᠥᠷ ᠮᠣᠩᠭᠣᠯ᠎ᠳᠤ ᠨᠢᠭᠡ ᠲᠠᠯ᠎ᠠ᠎ᠪᠠᠷ ᠤᠰᠤ ᠲᠤᠲᠠᠭᠳᠠᠵᠤ ᠪᠠᠢ᠌ᠬᠤ᠎ᠳᠤ᠂ ᠨᠥᠭᠦᠭᠡ ᠲᠠᠯ᠎ᠠ᠎ᠪᠠᠷ ᠵᠠᠷᠢᠮ ᠭᠠᠵᠠᠷ ᠣᠷᠣᠨ ᠪᠠ ᠠᠵᠢᠯ ᠲᠥᠷᠥᠯ᠎ᠤᠨ ᠤᠰᠤ ᠬᠡᠷᠡᠭᠯᠡᠬᠦ ᠠᠷᠭ᠎ᠠ ᠭᠡᠯᠪᠡᠷᠢ ᠨᠡᠯᠢᠶᠡᠳ ᠪᠦᠳᠦᠭᠦᠯᠢᠭ ᠪᠠᠢ᠌ᠵᠤ᠂ ᠤᠰᠤ ᠠᠷᠪᠢᠯᠠᠬᠤ ᠵᠢ ᠠᠯᠭᠤᠷᠯᠠᠵᠤ ᠪᠣᠯᠣᠰᠢ ᠦᠭᠡᠢ ᠶᠤᠮ᠃
《ᠮᠠᠨ᠎ᠤ ᠨᠤᠲᠤᠭ ᠪᠣᠷᠣᠳᠣᠬᠣᠢ ᠣᠷᠣᠨ᠎ᠳᠤ ᠪᠠᠢ᠌ᠷᠢᠯᠠᠵᠤ᠂ ᠭᠠᠵᠠᠷ᠎ᠤᠨ ᠪᠠᠢ᠌ᠴᠠ ᠲᠡᠭᠰᠢᠬᠡᠨ᠂ ᠭᠠᠵᠠᠷ ᠳᠣᠣᠷᠠᠬᠢ ᠤᠰᠤᠨ᠎ᠤ ᠴᠢᠨᠠᠷ ᠲᠠᠷᠢᠮᠠᠯ᠎ᠤᠨ ᠤᠷᠭᠤᠯᠲᠠ᠎ᠳᠤ ᠠᠰᠢᠭ ᠦᠭᠡᠢ ᠪᠠᠢ᠌ᠳᠠᠭ᠎ᠠᠴᠠ ᠪᠦᠷ ᠬᠠᠳᠤᠨ ᠭᠣᠣᠯ᠎ᠤᠨ ᠤᠰᠤ᠎ᠪᠠᠷ ᠤᠰᠤᠯᠠᠳᠠᠭ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠪᠠ ᠬᠠᠲᠤᠨ ᠭᠣᠣᠯ᠎ᠢ ᠲᠠᠲᠠᠵᠤ ᠳᠤᠰᠤᠯᠭ᠋ᠠᠨ ᠤᠰᠤᠯᠠᠯᠲᠠ ᠵᠢ ᠬᠡᠷᠡᠭᠵᠢᠭᠦᠯᠬᠦ᠎ᠨᠢ ᠪᠣᠷᠣᠳᠣᠬᠣᠢ ᠵᠢᠨ ᠭᠠᠵᠠᠷ ᠣᠷᠣᠨ᠎ᠤ ᠤᠰᠤ ᠠᠷᠪᠢᠯᠠᠨ ᠬᠡᠷᠡᠭᠯᠡᠬᠦ᠎ᠳᠤ ᠠᠰᠢᠭᠲᠠᠢ ᠶᠤᠮ᠃ ᠣᠳᠣᠬᠠᠨ᠎ᠳᠤ᠂ ᠮᠠᠨ᠎ᠤ ᠮᠢᠩ ᠰᠢᠩ ᠲᠣᠰᠬᠣᠨ ᠨᠢᠭᠡᠨᠲᠡ 14000 ᠮᠦ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠢ ᠭᠤᠶᠤᠴᠢᠯᠠᠵᠤ᠂ 7000 ᠮᠦ᠍ ᠵᠢ᠎ᠨᠢ ᠬᠠᠲᠤᠨ ᠭᠣᠣᠯ᠎ᠢ ᠲᠠᠲᠠᠵᠤ ᠳᠤᠰᠤᠯᠭ᠋ᠠᠨ ᠤᠰᠤᠯᠠᠬᠤ ᠳᠡᠭᠡᠳᠦ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠵᠢᠱ᠌ᠢᠶ᠎ᠡ ᠦᠵᠡᠭᠦᠯᠭᠦ ᠲᠠᠷᠢᠶ᠎ᠠ ᠪᠤᠯᠭ᠋ᠠᠬᠤ᠎ᠪᠠᠷ ᠲᠥᠯᠥᠪᠯᠡᠵᠦ ᠪᠠᠢ᠌ᠨ᠎ᠠ᠃ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ ᠲᠡᠭᠦᠰᠦᠭᠰᠡᠨ᠎ᠤ ᠳᠠᠷᠠᠭ᠎ᠠ᠂ ᠪᠢ ᠤᠰᠤ ᠠᠷᠪᠢᠯᠠᠬᠤ ᠨᠠᠩ ᠣᠯᠠᠨ ᠲᠥᠷᠥᠯ ᠵᠦᠢ᠍ᠯ᠎ᠢ ᠮᠢᠩ ᠰᠢᠩ ᠲᠣᠰᠬᠣᠨ᠎ᠳᠤ ᠨᠠᠢ᠌ᠳᠠᠪᠤᠷᠢᠵᠢᠭᠤᠯᠬᠤ ᠵᠢ ᠪᠦᠭᠦ ᠬᠦᠴᠦᠨ ᠵᠶ᠋ᠡᠷ ᠵᠶ᠋ᠡᠨ ᠠᠬᠢᠭᠤᠯᠤᠨ᠎ᠠ》 ᠭᠡᠵᠦ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢ᠂ ᠥᠪᠥᠷ ᠮᠣᠩᠭᠣᠯ᠎ᠤᠨ ᠷᠦᠩ ᠠᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠬᠢᠵᠠᠭ᠋ᠠᠷᠲᠤ ᠺᠤᠮᠫᠠᠨᠢ ᠵᠢᠨ ᠬᠡᠷᠡᠭ ᠮᠡᠳᠡᠭᠴᠢᠳ᠎ᠤᠨ ᠳᠠᠷᠤᠭ᠎ᠠ᠂ ᠯᠢᠨ ᠾᠧ ᠲᠣᠭᠣᠷᠢᠭ᠎ᠤᠨ ᠴᠠᠭ᠋ᠠᠨ ᠣᠪᠣᠭ᠎ᠠ ᠪᠠᠯᠭ᠋ᠠᠰᠤᠨ᠎ᠤ ᠮᠢᠩ ᠰᠢᠩ ᠲᠣᠰᠬᠣᠨ᠎ᠤ ᠨᠠᠮ᠎ᠤᠨ ᠡᠭᠦᠷ᠎ᠤᠨ ᠱᠦᠵᠢ ᠴᠢᠦᠢ ᠼᠠᠩ ᠬᠡᠯᠡᠨ᠎ᠡ᠃
ᠤᠰᠤ ᠠᠷᠪᠢᠯᠠᠬᠤ ᠠᠵᠢᠯᠯᠠᠭ᠎ᠠ᠎ᠨᠢ ᠤᠰᠤᠨ᠎ᠤ ᠡᠬᠢ ᠪᠠᠶᠠᠯᠢᠭ᠎ᠤᠨ ᠬᠢᠵᠠᠭ᠋ᠠᠷᠯᠠᠯ᠎ᠤᠨ ᠠᠰᠠᠭᠤᠳᠠᠯ᠎ᠢ ᠰᠢᠢ᠍ᠳᠪᠦᠷᠢᠯᠡᠬᠦ᠎ᠳᠤ ᠴᠢᠭᠯᠡᠯ᠎ᠢ ᠲᠣᠳᠣᠷᠬᠠᠢ ᠵᠢᠭ᠋ᠠᠵᠤ ᠥᠭᠴᠡᠢ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢ᠂ ᠣᠷᠳᠣᠰ ᠬᠣᠲᠠ ᠵᠢᠨ ᠨᠠᠮ᠎ᠤᠨ ᠬᠣᠷᠢᠶ᠎ᠠ ᠵᠢᠨ ᠳᠡᠳ᠋ ᠱᠦᠵᠢ᠂ ᠣᠷᠣᠯᠠᠭᠴᠢ ᠬᠣᠲᠠ ᠵᠢᠨ ᠳᠠᠷᠤᠭ᠎ᠠ ᠢᠦᠢ ᠬᠠᠢ ᠢᠦᠢ᠄ 《2025 ᠣᠨ᠎ᠳᠤ᠂ ᠪᠢᠳᠡ ᠤᠰᠤᠨ᠎ᠤ ᠡᠬᠢ ᠪᠠᠶᠠᠯᠢᠭ᠎ᠤᠨ ᠠᠰᠢᠭᠯᠠᠯᠲᠠ ᠵᠢ ᠡᠷᠴᠢᠮᠵᠢᠭᠦᠯᠬᠦ ᠵᠢ ᠶᠡᠬᠡ᠎ᠪᠠᠷ ᠠᠬᠢᠭᠤᠯᠵᠤ᠂ ᠲᠠᠷᠢᠶᠠᠯᠠᠩ᠂ ᠠᠵᠤ ᠦᠢ᠍ᠯᠡᠳᠪᠦᠷᠢ᠂ ᠬᠣᠲᠠ ᠬᠥᠳᠡᠭᠡ ᠵᠢᠨ ᠤᠰᠤ ᠠᠷᠪᠢᠯᠠᠬᠤ ᠲᠦᠪᠰᠢᠨ᠎ᠢ ᠨᠢᠭᠡᠳᠦᠯᠲᠡᠢ ᠲᠥᠯᠥᠪᠵᠢᠭᠦᠯᠦᠨ ᠳᠡᠭᠡᠭᠰᠢᠯᠡᠭᠦᠯᠵᠦ᠂ 2025 ᠣᠨ᠎ᠳᠤ ᠪᠦᠭᠦ ᠬᠣᠲᠠ᠎ᠪᠠᠷ ᠵᠢᠡᠨ 6000 ᠲᠦᠮᠡᠨ ᠪᠣᠰᠣᠭ᠎ᠠ ᠳᠥᠷᠪᠡᠯᠵᠢᠨ ᠮᠧᠲᠷ ᠤᠰᠤ ᠠᠷᠪᠢᠯᠠᠬᠤ᠎ᠪᠠᠷ ᠲᠡᠮᠡᠴᠡᠵᠦ᠂ ᠲᠦᠮᠡᠨ ᠲᠥᠭᠥᠷᠢᠭ᠎ᠤᠨ GDP ᠵᠢᠨ ᠤᠰᠤ ᠬᠡᠷᠡᠭᠯᠡᠬᠦ ᠬᠡᠮᠵᠢᠶ᠎ᠡ ᠵᠢ 2% ᠵᠢᠡᠷ ᠪᠠᠭᠤᠷᠠᠭᠤᠯᠤᠨ᠎ᠠ》 ᠭᠡᠵᠡᠢ᠃
ᠲᠠᠰᠤᠷᠠᠯᠲᠠ ᠦᠭᠡᠢ ᠭᠦᠨᠵᠡᠭᠡᠢ᠌ᠷᠡᠭᠰᠡᠨ 《ᠠᠵᠢᠯᠯᠠᠭ᠋ᠠᠨ᠎ᠤ ᠬᠦᠴᠦᠨ》
ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ ᠪᠣᠯᠤᠭᠰᠠᠨ᠎ᠤ ᠬᠤᠪᠢ᠎ᠳᠤ᠂ ᠥᠪᠥᠷ ᠮᠣᠩᠭᠣᠯ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠣᠣᠰ ᠣᠷᠴᠢᠯ᠎ᠢ ᠬᠣᠯᠪᠣᠨ ᠨᠡᠪᠲᠡᠷᠡᠭᠦᠯᠬᠦ ᠳᠤᠮᠳᠠ ᠨᠠᠩ ᠶᠡᠬᠡ ᠦᠢ᠍ᠯᠡᠳᠦᠯ ᠦᠵᠡᠭᠦᠯᠵᠦ ᠪᠤᠢ᠃ ᠬᠡᠷᠬᠢᠨ ᠣᠷᠣᠨ ᠪᠦᠰᠡ ᠵᠢᠨ ᠬᠠᠮᠲᠤᠷᠠᠯᠴᠠᠭ᠎ᠠ ᠵᠢ ᠴᠢᠨᠠᠭᠰᠢᠳᠠ ᠭᠦᠨᠵᠡᠭᠡᠢ᠌ᠷᠡᠭᠦᠯᠵᠦ᠂ ᠭᠠᠳᠠᠭ᠋ᠠᠳᠤ ᠨᠡᠭᠡᠭᠡᠯᠲᠡ ᠵᠢ ᠥᠷᠭᠡᠳᠬᠡᠵᠦ᠂ ᠡᠬᠡ ᠤᠯᠤᠰ᠎ᠤᠨ ᠤᠮᠠᠷᠠᠲᠤ ᠬᠢᠯᠢ ᠵᠢ ᠨᠡᠩ ᠬᠥᠭᠵᠢᠯ ᠪᠠᠳᠠᠷᠠᠯ᠎ᠲᠠᠢ ᠪᠤᠯᠭ᠋ᠠᠬᠤ ᠪᠤᠢ?
《2025 ᠣᠨ᠎ᠳᠤ᠂ ᠪᠢᠳᠡ 〈ᠨᠢᠭᠡ ᠪᠦᠰᠡ ᠨᠢᠭᠡ ᠵᠠᠮ〉᠎ᠢ ᠬᠠᠮᠲᠤ᠎ᠪᠠᠷ ᠪᠦᠲᠦᠭᠡᠨ ᠪᠠᠢ᠌ᠭᠤᠯᠬᠤ᠎ᠳᠤ ᠭᠦᠨᠵᠡᠭᠡᠢ ᠣᠷᠣᠯᠴᠠᠵᠤ᠂ ᠬᠢᠯᠢ ᠵᠢᠨ ᠪᠣᠭᠣᠮᠲᠠ ᠪᠣᠯᠣᠨ ᠳᠣᠲᠣᠷ᠎ᠠ ᠭᠠᠵᠠᠷ᠎ᠤᠨ ᠬᠣᠯᠪᠤᠭ᠋ᠠᠯᠠᠨ ᠬᠥᠭᠵᠢᠬᠦ ᠵᠢ ᠠᠬᠢᠭᠤᠯᠤᠨ᠎ᠠ᠃ ᠳᠤᠮᠳᠠᠳᠤ ᠤᠯᠤᠰ (ᠥᠪᠥᠷ ᠮᠣᠩᠭᠣᠯ)᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ ᠵᠢᠨ ᠣᠷᠣᠨ᠎ᠢ ᠭᠤᠶᠤᠴᠢᠯᠠᠨ ᠪᠠᠢ᠌ᠭᠤᠯᠬᠤ ᠠᠵᠢᠯ᠎ᠢ ᠯᠠᠪᠳᠠᠭᠤᠨ ᠪᠠᠲᠤᠲᠠᠢ ᠠᠬᠢᠭᠤᠯᠵᠤ᠂ ᠳᠤᠮᠳᠠᠳᠤ ᠮᠣᠩᠭᠣᠯ᠎ᠤᠨ ᠡᠷᠢᠶᠡᠨ ᠬᠣᠲᠠ ᠵᠠᠮ᠎ᠤᠨ ᠡᠭᠦᠳᠡ ᠵᠢᠨ ᠠᠵᠤ ᠠᠬᠤᠢ ᠵᠢᠨ ᠬᠠᠮᠲᠤᠷᠠᠯᠴᠠᠭ᠋ᠠᠨ᠎ᠤ ᠣᠷᠣᠨ᠎ᠤ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ᠂ ᠠᠵᠤ ᠠᠬᠤᠢ ᠵᠢᠨ ᠨᠡᠭᠡᠭᠡᠯᠲᠡ ᠵᠢᠨ ᠣᠷᠣᠨ᠂ ᠶᠡᠷᠦᠩᠬᠡᠢ᠌ᠯᠡᠭᠰᠡᠨ ᠪᠠᠲᠤᠯᠠᠭ᠎ᠠ ᠵᠢᠨ ᠣᠷᠣᠨ ᠵᠡᠷᠭᠡ ᠨᠡᠭᠡᠭᠡᠯᠲᠡ ᠵᠢᠨ ᠲᠠᠪᠴᠠᠩ᠎ᠤᠨ ᠴᠢᠳᠠᠮᠵᠢ ᠵᠢ ᠳᠡᠭᠡᠭᠰᠢᠯᠡᠭᠦᠯᠦᠨ᠎ᠡ᠃ ᠲᠠᠪᠤᠳᠤᠭ᠋ᠠᠷ ᠬᠤᠭᠤᠴᠠᠭ᠋ᠠᠨ᠎ᠤ ᠳᠤᠮᠳᠠᠳᠤ ᠮᠣᠩᠭᠣᠯ᠎ᠤᠨ ᠦᠵᠡᠰᠭᠦᠯᠡᠩ ᠵᠡᠷᠭᠡ ᠠᠵᠢᠯᠯᠠᠭ᠎ᠠ ᠵᠢ ᠰᠠᠢ᠌ᠲᠤᠷ ᠡᠬᠢᠯᠡᠨ᠎ᠡ᠃ ᠪᠡᠭᠡᠵᠢᠩ ᠲᠢᠶᠠᠨᠵᠢᠨ ᠾᠧᠪᠧᠢ᠂ ᠬᠠᠳᠤᠨ ᠭᠣᠣᠯ᠎ᠤᠨ ᠰᠠᠪᠠ ᠭᠠᠵᠠᠷ᠂ ᠵᠡᠭᠦᠨ ᠬᠣᠢ᠌ᠲᠤ ᠵᠢᠨ ᠭᠤᠷᠪᠠᠨ ᠮᠤᠵᠢ᠂ ᠬᠥᠬᠡᠮᠥ᠋ᠷᠡᠨ᠎ᠤ ᠭᠤᠷᠪᠠᠯᠵᠢᠨ ᠬᠣᠢ᠌ᠭ᠂ ᠭᠤᠸᠠᠩᠳᠦ᠋ᠩ ᠰᠢᠶᠠᠩᠭ᠋ᠠᠩ ᠣᠣᠮᠧᠨ ᠵᠡᠷᠭᠡ ᠣᠷᠣᠨ ᠪᠦᠰᠡ᠎ᠯᠦᠭᠡ ᠵᠢᠨ ᠠᠵᠤ ᠠᠬᠤᠢ ᠵᠢᠨ ᠬᠠᠮᠲᠤᠷᠠᠯᠴᠠᠭ᠎ᠠ ᠵᠢ ᠦᠷᠭᠦᠯᠵᠢᠯᠡᠨ ᠭᠦᠨᠵᠡᠭᠡᠢ᠌ᠷᠡᠭᠦᠯᠦᠨ᠎ᠡ》 ᠭᠡᠵᠦ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠳᠡᠳ᠋ ᠳᠠᠷᠤᠭ᠎ᠠ ᠬᠤ᠌ ᠶᠢᠩ ᠹᠧᠩ ᠶᠠᠷᠢᠪᠠ᠃
ᠬᠡᠷᠬᠢᠨ ᠤᠮᠠᠷᠠᠲᠤ ᠬᠢᠯᠢ ᠵᠢᠨ ᠲᠡᠦᠬᠡ ᠰᠣᠶᠣᠯ᠎ᠤᠨ ᠦᠯᠡᠳᠡᠭᠳᠡᠯ᠎ᠢ ᠰᠠᠢ᠌ᠲᠤᠷ ᠬᠠᠮᠠᠭ᠋ᠠᠯᠠᠵᠤ᠂ ᠰᠠᠢ᠌ᠲᠤᠷ ᠤᠯᠠᠮᠵᠢᠯᠠᠵᠤ᠂ ᠰᠠᠢ᠌ᠲᠤᠷ ᠠᠰᠢᠭᠯᠠᠬᠤ ᠪᠤᠢ? 《2025 ᠣᠨ᠎ᠳᠤ᠂ ᠪᠢᠳᠡ ᠪᠦᠭᠦ ᠤᠯᠤᠰ᠎ᠤᠨ ᠳᠥᠷᠪᠡᠳᠦᠭᠡᠷ ᠤᠳᠠᠭ᠋ᠠᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠨᠡᠢ᠌ᠳᠡᠮ ᠪᠠᠢ᠌ᠴᠠᠭ᠋ᠠᠯᠲᠠ ᠵᠢᠨ ᠠᠵᠢᠯ᠎ᠢ ᠦᠷᠭᠦᠯᠵᠢᠯᠡᠨ ᠥᠷᠨᠢᠭᠦᠯᠵᠦ᠂ 〈ᠳᠥᠷᠪᠡ ᠪᠠᠢ᠌ᠬᠤ〉 ᠲᠠᠩᠰᠠ ᠡᠪᠬᠡᠮᠡᠯ᠎ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ 〈ᠪᠠᠲᠤᠯᠠᠪᠠᠰᠤ ᠵᠣᠬᠢᠬᠤ ᠵᠢ᠎ᠨᠢ ᠪᠦᠭᠦᠨ᠎ᠢ ᠪᠠᠲᠤᠯᠠᠬᠤ〉 ᠵᠢ ᠪᠡᠶᠡᠯᠡᠭᠦᠯᠦᠨ᠎ᠡ》 ᠭᠡᠵᠦ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶᠠᠨ᠎ᠤ ᠳᠠᠷᠤᠭ᠎ᠠ ᠼᠤᠤ ᠵᠢᠶᠠᠨ ᠧᠨ ᠬᠡᠯᠡᠪᠡ᠃
ᠲᠥᠯᠥᠭᠡᠯᠡᠭᠴᠢᠳ ᠭᠡᠰᠢᠭᠦᠳ᠂ 《ᠵᠢᠷᠭᠤᠭ᠋ᠠᠨ ᠠᠵᠢᠯᠯᠠᠭ᠎ᠠ》 ᠵᠢᠨ ᠲᠥᠯᠦᠪᠵᠢᠭᠦᠯᠭᠡ ᠵᠢᠨ ᠵᠢᠷᠤᠭ᠎ᠢ ᠪᠠᠷᠢᠯᠭ᠎ᠠ ᠵᠢᠨ ᠵᠢᠷᠤᠭ᠂ ᠪᠣᠳᠠᠲᠤ ᠦᠵᠡᠮᠵᠢ ᠪᠣᠯᠭ᠋ᠠᠨ ᠬᠤᠪᠢᠷᠠᠭᠤᠯᠵᠤ᠂ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠥᠷᠲᠡᠭ᠎ᠤᠨ ᠶᠡᠷᠦᠩᠬᠡᠢ ᠬᠡᠮᠵᠢᠶ᠎ᠡ ᠵᠢ ᠪᠦᠭᠦ ᠤᠯᠤᠰ᠎ᠤᠨ ᠳᠤᠮᠳᠠ ᠲᠦᠪᠰᠢᠨ᠎ᠳᠤ ᠤᠷᠤᠭᠤᠯᠬᠤ ᠪᠠ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠤ ᠨᠡᠷ᠎ᠡ ᠠᠯᠳᠠᠷ᠎ᠢ ᠨᠡᠨᠭ ᠮᠠᠨᠳᠤᠭᠤᠯᠤᠨ᠎ᠠ ᠭᠡᠵᠦ ᠢᠲᠡᠭᠡᠯ ᠲᠡᠭᠦᠯᠳᠡᠷ ᠢᠯᠡᠷᠬᠡᠢ᠌ᠯᠡᠵᠡᠭᠡᠨᠡ᠃