2025 ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ   -   ᠮᠡᠳᠡᠭᠡᠯᠡᠯ
10 ᠬᠤᠪᠢ ᠰᠠᠨᠠᠯ ᠵᠥᠪᠯᠡᠯᠭᠡ ᠵᠢ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯ᠎ᠤᠨ ᠶᠡᠬᠡ ᠬᠤᠷᠠᠯ᠎ᠤᠨ ᠰᠠᠨᠠᠯ ᠵᠥᠪᠯᠡᠯᠭᠡ᠎ᠪᠠᠷ ᠲᠣᠭᠲᠠᠭ᠋ᠠᠵᠠᠢ
ᠨᠡᠶ᠋ᠢᠲᠡᠯᠡᠭᠰᠡᠨ ᠴᠠᠭ᠄ 2025-01-20

    1 ᠰᠠᠷ᠎ᠠ ᠵᠢᠨ 17᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯ᠎ᠤᠨ ᠲᠡᠷᠢᠭᠦᠯᠡᠭᠴᠢᠳ᠎ᠤᠨ ᠪᠦᠯᠭᠦᠮ᠎ᠤᠨ ᠭᠤᠷᠪᠠᠳᠤᠭ᠋ᠠᠷ ᠤᠳᠠᠭ᠎ᠠ ᠵᠢᠨ ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯ᠎ᠤᠨ ᠲᠥᠯᠥᠭᠡᠯᠡᠭᠴᠢᠳ᠎ᠤᠨ ᠰᠠᠨᠠᠯ ᠵᠥᠪᠯᠡᠯᠭᠡ ᠵᠢ ᠬᠢᠨᠠᠨ ᠪᠠᠢ᠌ᠴᠠᠭ᠋ᠠᠭᠰᠠᠨ ᠦᠷ᠎ᠡ ᠳ᠋ᠦᠩ᠎ᠤᠨ ᠮᠡᠳᠡᠭᠦᠯᠦᠯᠲᠡ ᠵᠢ ᠪᠠᠲᠤᠯᠠᠵᠤ᠂ ᠮᠡᠳᠡᠭᠦᠯᠦᠯᠲᠡ ᠵᠢ ᠪᠦᠭᠦ ᠲᠥᠯᠥᠭᠡᠯᠡᠭᠴᠢᠳ᠎ᠲᠤ ᠳᠠᠷᠤᠮᠠᠯᠯᠠᠨ ᠲᠠᠷᠬᠠᠭ᠋ᠠᠬᠤ᠎ᠪᠠᠷ ᠲᠣᠭᠲᠠᠪᠠ᠃

    ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯ᠎ᠤᠨ ᠬᠤᠭᠤᠴᠠᠭ᠋ᠠᠨ᠎ᠳᠤ ᠲᠥᠯᠥᠭᠡᠯᠡᠭᠴᠢᠳ ᠦᠨᠳᠦᠰᠦᠨ ᠬᠠᠤᠯᠢ᠂ ᠬᠠᠤᠯᠢ ᠴᠠᠭ᠋ᠠᠵᠠ᠎ᠠᠴᠠ ᠣᠯᠭᠣᠭᠰᠠᠨ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭ᠋ᠠᠢ ᠭᠦᠢ᠍ᠴᠡᠳᠬᠡᠪᠡ᠃ ᠶᠡᠬᠡ ᠬᠤᠷᠠᠯ᠎ᠠᠴᠠ ᠲᠣᠭᠲᠠᠭ᠋ᠠᠭᠰᠠᠨ ᠰᠠᠨᠠᠯ ᠵᠥᠪᠯᠡᠯᠭᠡ ᠳᠤᠷᠠᠳᠬᠤ ᠬᠠᠮᠤᠭ ᠡᠴᠦᠰ᠎ᠤᠨ ᠬᠢᠵᠠᠭ᠋ᠠᠷᠯᠠᠬᠤ ᠴᠠᠭ (1 ᠰᠠᠷ᠎ᠠ ᠵᠢᠨ 15᠎ᠤ 12 ᠴᠠᠭ) ᠪᠤᠯᠳᠠᠯ᠎ᠠ ᠶᠡᠬᠡ ᠬᠤᠷᠠᠯ᠎ᠠᠴᠠ ᠨᠡᠢ᠌ᠲᠡ 12 ᠬᠤᠪᠢ ᠰᠠᠨᠠᠯ ᠵᠥᠪᠯᠡᠯᠭᠡ ᠵᠢ ᠭᠥᠯᠢᠶᠡᠨ ᠠᠪᠴᠠᠢ᠃

    ᠬᠤᠷᠠᠯ᠎ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯ᠎ᠤᠨ ᠰᠠᠨᠠᠯ ᠵᠥᠪᠯᠡᠯᠭᠡ ᠵᠢ ᠬᠢᠨᠠᠨ ᠪᠠᠢ᠌ᠴᠠᠭ᠋ᠠᠬᠤ ᠵᠥᠪᠯᠡᠯ ᠡᠯ᠎ᠡ ᠵᠦᠢ᠍ᠯ᠎ᠤᠨ ᠰᠠᠨᠠᠯ ᠵᠥᠪᠯᠡᠯᠭᠡ ᠵᠢ ᠨᠠᠷᠢᠨ ᠬᠢᠨᠠᠮᠠᠭ᠋ᠠᠢ ᠬᠢᠨᠠᠨ ᠪᠠᠢ᠌ᠴᠠᠭ᠋ᠠᠵᠤ᠂ ᠲᠡᠭᠦᠨ᠎ᠤ ᠳᠣᠲᠣᠷᠠᠬᠢ 11 ᠰᠠᠨᠠᠯ ᠵᠥᠪᠯᠡᠯᠭᠡ᠎ᠨᠢ ᠰᠠᠨᠠᠯ ᠵᠥᠪᠯᠡᠯᠭᠡ ᠵᠢᠨ ᠦᠨᠳᠦᠰᠦᠨ ᠱᠠᠭ᠋ᠠᠷᠳᠠᠯᠭ᠎ᠠ᠎ᠳᠤ ᠨᠡᠢ᠌ᠴᠡᠨ᠎ᠡ ᠭᠡᠵᠦ ᠦᠵᠡᠪᠡ᠃ ᠲᠤᠰ 11 ᠬᠤᠪᠢ ᠰᠠᠨᠠᠯ ᠵᠥᠪᠯᠡᠯᠭᠡ ᠵᠢᠨ ᠳᠣᠲᠣᠷᠠᠬᠢ 2 ᠬᠤᠪᠢ ᠰᠠᠨᠠᠯ ᠵᠥᠪᠯᠡᠯᠭᠡ ᠵᠢᠨ ᠰᠣᠩᠭᠣᠭᠰᠠᠨ ᠰᠡᠳᠦᠪ᠎ᠨᠢ ᠠᠳᠠᠯᠢ ᠪᠣᠯᠬᠣᠷ ᠨᠢᠭᠡ ᠰᠠᠨᠠᠯ ᠵᠥᠪᠯᠡᠯᠭᠡ ᠪᠣᠯᠭ᠋ᠠᠨ ᠰᠢᠢ᠍ᠳᠪᠦᠷᠢᠯᠡᠵᠦ᠂ ᠨᠡᠢ᠌ᠲᠡ 10 ᠬᠤᠪᠢ ᠰᠠᠨᠠᠯ ᠵᠥᠪᠯᠡᠯᠭᠡ ᠵᠢ ᠲᠣᠭᠲᠠᠭ᠋ᠠᠪᠠ᠂ ᠴᠥᠮ ᠬᠠᠤᠯᠢ ᠲᠣᠭᠲᠠᠭ᠋ᠠᠬᠤ ᠲᠠᠯ᠎ᠠ ᠵᠢᠨ  ᠰᠠᠨᠠᠯ ᠵᠥᠪᠯᠡᠯᠭᠡ ᠪᠣᠯᠣᠨ᠎ᠠ᠃

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ