2025 ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ   -   ᠮᠡᠳᠡᠭᠡᠯᠡᠯ
ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠬᠣᠷᠢᠶ᠎ᠠ ᠵᠢᠨ ᠭᠤᠷᠪᠠᠳᠤᠭ᠋ᠠᠷ ᠬᠤᠷᠠᠯ 1087 ᠬᠤᠪᠢ ᠰᠠᠨᠠᠯ ᠳᠤᠷᠠᠳᠤᠯᠭ᠎ᠠ ᠬᠣᠷᠢᠶᠠᠨ ᠣᠯᠪᠠ
ᠨᠡᠶ᠋ᠢᠲᠡᠯᠡᠭᠰᠡᠨ ᠴᠠᠭ᠄ 2025-01-20

    ᠰᠤᠷᠪᠤᠯᠵᠢᠯᠠᠬ᠍ᠴᠢ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠰᠠᠨᠠᠯ ᠳᠤᠷᠠᠳᠤᠯᠭ᠎ᠠ ᠵᠢᠨ ᠵᠥᠪᠯᠡᠯ᠎ᠠᠴᠠ ᠣᠢ᠌ᠯᠠᠭ᠋ᠠᠭᠰᠠᠨ ᠵᠶ᠋ᠠᠷ᠂ 1 ᠰᠠᠷ᠎ᠠ ᠵᠢᠨ 15᠎ᠤ ᠡᠳᠦᠷ᠎ᠤᠨ 12 ᠴᠠᠭ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠬᠣᠷᠢᠶ᠎ᠠ ᠵᠢᠨ ᠭᠤᠷᠪᠠᠳᠤᠭ᠋ᠠᠷ ᠬᠤᠷᠠᠯ ᠨᠡᠢ᠌ᠲᠡ 1087 ᠬᠤᠪᠢ ᠰᠠᠨᠠᠯ ᠳᠤᠷᠠᠳᠤᠯᠭ᠎ᠠ ᠬᠣᠷᠢᠶᠠᠨ ᠣᠯᠵᠠᠢ᠃ ᠬᠢᠨᠠᠨ ᠪᠠᠢ᠌ᠴᠠᠭ᠋ᠠᠬᠤ᠎ᠪᠠᠷ ᠳᠠᠮᠵᠢᠭ᠋ᠠᠳ 821 ᠬᠤᠪᠢ ᠰᠠᠨᠠᠯ ᠳᠤᠷᠠᠳᠤᠯᠭ᠎ᠠ ᠵᠢ ᠳᠠᠩᠰᠠᠯᠠᠵᠤ᠂ 143 ᠬᠤᠪᠢ ᠰᠠᠨᠠᠯ ᠳᠤᠷᠠᠳᠤᠯᠭ᠎ᠠ ᠵᠢ ᠨᠡᠢ᠌ᠯᠡᠭᠦᠯᠵᠦ᠂ 123 ᠬᠤᠪᠢ ᠨᠡᠢ᠌ᠭᠡᠮ᠎ᠤᠨ ᠪᠠᠢ᠌ᠳᠠᠯ ᠠᠷᠠᠳ᠎ᠤᠨ ᠰᠠᠨᠠᠭ᠋ᠠᠨ᠎ᠤ ᠮᠡᠳᠡᠭᠡ ᠵᠠᠩᠭᠢ ᠵᠢ ᠳᠠᠮᠵᠢᠭᠤᠯᠬᠤ᠎ᠪᠠᠷ ᠪᠠᠢ᠌ᠨ᠎ᠠ᠃

    ᠲᠤᠰ ᠤᠳᠠᠭ᠎ᠠ ᠵᠢᠨ ᠬᠤᠷᠠᠯ ᠳᠡᠭᠡᠷ᠎ᠡ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠳ ᠨᠢᠭᠡ ᠭᠣᠣᠯ ᠰᠢᠵᠢᠮ᠎ᠢ ᠲᠤᠭᠤᠰᠢᠯᠠᠭᠤᠯᠬᠤ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠂ ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠪᠠᠳᠠᠷᠠᠭᠤᠯᠬᠤ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ᠎ᠳᠤ ᠣᠷᠣᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ 《ᠲᠠᠪᠤᠨ ᠶᠡᠬᠡ ᠡᠭᠦᠷᠭᠡ》 ᠵᠢ ᠭᠦᠨᠵᠡᠭᠡᠢ ᠨᠠᠢ᠌ᠳᠠᠪᠤᠷᠢᠵᠢᠭᠤᠯᠬᠤ᠂ 《ᠵᠢᠷᠭᠤᠭ᠋ᠠᠨ ᠢᠨᠵᠧᠨᠧᠷᠢᠩ》᠎ᠢ ᠦᠷᠭᠦᠯᠵᠢᠯᠡᠨ ᠬᠡᠷᠡᠭᠵᠢᠭᠦᠯᠬᠦ᠂ 《ᠵᠢᠷᠭᠤᠭ᠋ᠠᠨ ᠠᠵᠢᠯᠯᠠᠭ᠎ᠠ》 ᠵᠢ ᠵᠣᠬᠢᠶᠠᠨ ᠪᠠᠢ᠌ᠭᠤᠯᠤᠨ ᠥᠷᠨᠢᠭᠦᠯᠬᠦ ᠵᠢᠨ ᠲᠣᠭᠣᠷᠢᠨ᠎ᠳᠤ ᠰᠠᠨᠠᠯ ᠳᠤᠷᠠᠳᠤᠯᠭ᠎ᠠ ᠵᠢ ᠢᠳᠡᠪᠬᠢᠲᠡᠢ ᠠᠰᠢᠭᠯᠠᠨ ᠠᠷᠭ᠎ᠠ ᠤᠬᠠᠭ᠋ᠠᠨ ᠳᠡᠪᠰᠢᠭᠦᠯᠦᠨ ᠵᠠᠰᠠᠭ᠎ᠲᠤ ᠲᠤᠰᠠᠯᠠᠵᠤ᠂ ᠬᠠᠮᠲᠤ ᠵᠢᠨ ᠲᠠᠨᠢᠯᠲᠠ ᠵᠢ ᠨᠢᠭᠲᠠᠷᠠᠭᠤᠯᠪᠠ᠃ ᠡᠭᠦᠨ᠎ᠤ ᠳᠣᠲᠣᠷ᠎ᠠ ᠭᠡᠰᠢᠭᠦᠳ᠎ᠤᠨ ᠰᠠᠨᠠᠯ ᠳᠤᠷᠠᠳᠤᠯᠭ᠎ᠠ 601 ᠬᠤᠪᠢ ᠪᠠᠢ᠌ᠵᠤ᠂ 73.20%᠎ᠢ ᠡᠵᠡᠯᠡᠪᠡ; ᠡᠯ᠎ᠡ ᠠᠷᠠᠳᠴᠢᠯᠠᠭᠰᠠᠨ ᠨᠠᠮ ᠪᠦᠯᠦᠭ᠂ ᠬᠣᠯᠪᠣᠭᠳᠠᠯ ᠪᠦᠬᠦᠢ ᠠᠷᠠᠳ᠎ᠤᠨ ᠪᠦᠯᠭᠦᠮ᠂ ᠤᠯᠤᠰ ᠲᠦᠷᠦ ᠵᠢᠨ ᠵᠥᠪᠯᠡᠯᠭᠡᠨ᠎ᠤ ᠡᠯ᠎ᠡ ᠲᠤᠰᠬᠠᠢ ᠵᠥᠪᠯᠡᠯ ᠪᠠ ᠡᠲᠡᠭᠡᠳ ᠢᠯᠭ᠋ᠠᠯ᠎ᠤᠨ ᠰᠠᠨᠠᠯ ᠳᠤᠷᠠᠳᠤᠯᠭ᠎ᠠ 220 ᠬᠤᠪᠢ ᠪᠠᠢ᠌ᠵᠤ᠂ 26.80%᠎ᠢ ᠡᠵᠡᠯᠡᠪᠡ᠃ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠦᠲᠦᠭᠡᠨ ᠪᠠᠢ᠌ᠭᠤᠯᠬᠤ ᠲᠠᠯ᠎ᠠ᠎ᠪᠠᠷ᠎ᠬᠢ ᠰᠠᠨᠠᠯ ᠳᠤᠷᠠᠳᠤᠯᠭ᠎ᠠ 152 ᠬᠤᠪᠢ ᠪᠠᠢ᠌ᠵᠤ᠂ 18.51% ᠵᠢ ᠡᠵᠡᠯᠡᠪᠡ; ᠡᠬᠡ ᠤᠯᠤᠰ᠎ᠤᠨ ᠤᠮᠠᠷᠠᠲᠤ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠦᠲᠦᠭᠡᠨ ᠪᠠᠢ᠌ᠭᠤᠯᠬᠤ ᠲᠠᠯ᠎ᠠ᠎ᠪᠠᠷ᠎ᠬᠢ ᠰᠠᠨᠠᠯ ᠳᠤᠷᠠᠳᠤᠯᠭ᠎ᠠ 91 ᠬᠤᠪᠢ ᠪᠠᠢ᠌ᠵᠤ᠂ 11.09% ᠵᠢ ᠡᠵᠡᠯᠡᠪᠡ; ᠤᠯᠤᠰ᠎ᠤᠨ ᠴᠢᠬᠤᠯᠠ ᠡᠨᠧᠷᠭᠢ ᠪᠠ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ᠎ᠢ ᠪᠦᠲᠦᠭᠡᠨ ᠪᠠᠢ᠌ᠭᠤᠯᠬᠤ ᠲᠠᠯ᠎ᠠ᠎ᠪᠠᠷ᠎ᠬᠢ ᠰᠠᠨᠠᠯ ᠳᠤᠷᠠᠳᠤᠯᠭ᠎ᠠ 124 ᠬᠤᠪᠢ ᠪᠠᠢ᠌ᠵᠤ᠂ 15.10%᠎ᠢ ᠡᠵᠡᠯᠡᠪᠡ; ᠤᠯᠤᠰ᠎ᠤᠨ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠴᠢᠬᠤᠯᠠ ᠰᠠᠭᠤᠷᠢᠨ᠎ᠢ ᠪᠦᠲᠦᠭᠡᠨ ᠪᠠᠢ᠌ᠭᠤᠯᠬᠤ ᠲᠠᠯ᠎ᠠ᠎ᠪᠠᠷ᠎ᠬᠢ ᠰᠠᠨᠠᠯ ᠳᠤᠷᠠᠳᠤᠯᠭ᠎ᠠ 112 ᠬᠤᠪᠢ ᠪᠠᠢ᠌ᠵᠤ᠂ 13.64% ᠵᠢ ᠡᠵᠡᠯᠡᠪᠡ; ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ ᠵᠢ ᠪᠦᠲᠦᠭᠡᠨ ᠪᠠᠢ᠌ᠭᠤᠯᠬᠤ ᠲᠠᠯ᠎ᠠ᠎ᠪᠠᠷ᠎ᠬᠢ ᠰᠠᠨᠠᠯ ᠳᠤᠷᠠᠳᠤᠯᠭ᠎ᠠ 93 ᠬᠤᠪᠢ ᠪᠠᠢ᠌ᠵᠤ᠂ 11.33% ᠵᠢ ᠡᠵᠡᠯᠡᠪᠡ; ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠭᠦ ᠲᠠᠯ᠎ᠠ᠎ᠪᠠᠷ ᠪᠦᠲᠦᠭᠡᠨ ᠪᠠᠢ᠌ᠭᠤᠯᠬᠤ ᠲᠠᠯ᠎ᠠ᠎ᠪᠠᠷ᠎ᠬᠢ ᠰᠠᠨᠠᠯ ᠳᠤᠷᠠᠳᠤᠯᠭ᠎ᠠ 185 ᠬᠤᠪᠢ ᠪᠠᠢ᠌ᠵᠤ᠂ 22.53% ᠵᠢ ᠡᠵᠡᠯᠡᠪᠡ; ᠪᠤᠰᠤᠳ ᠲᠠᠯ᠎ᠠ᠎ᠪᠠᠷ᠎ᠬᠢ ᠰᠠᠨᠠᠯ ᠳᠤᠷᠠᠳᠤᠯᠭ᠎ᠠ 64 ᠬᠤᠪᠢ ᠪᠠᠢ᠌ᠵᠤ᠂ 7.80%᠎ᠢ ᠡᠵᠡᠯᠡᠪᠡ᠃

    ᠲᠤᠰ ᠤᠳᠠᠭ᠎ᠠ ᠵᠢᠨ ᠬᠤᠷᠠᠯ ᠳᠡᠭᠡᠷ᠎ᠡ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠳ ᠬᠥᠭᠵᠢᠯᠲᠡ ᠵᠢᠨ ᠬᠡᠷᠡᠭᠴᠡᠭᠡ᠂ ᠠᠷᠠᠳ᠎ᠤᠨ ᠬᠦᠰᠡᠯ ᠡᠷᠡᠮᠡᠯᠵᠡᠯ᠎ᠢ ᠴᠢᠩᠭ᠎ᠠ ᠠᠩᠬᠠᠷᠴᠤ᠂ ᠰᠠᠨᠠᠯ ᠳᠤᠷᠠᠳᠤᠯᠭ᠎ᠠ ᠵᠢᠨ ᠰᠡᠳᠦᠪ᠎ᠢ ᠰᠣᠩᠭᠣᠬᠤ᠎ᠳᠠᠭᠠᠨ ᠠᠩᠬᠠᠷᠤᠯ ᠵᠶ᠋ᠠᠨ ᠨᠡᠩ ᠲᠥᠪᠯᠡᠷᠡᠭᠦᠯᠵᠦ᠂ ᠪᠠᠢ᠌ᠴᠠᠭ᠋ᠠᠨ ᠰᠤᠳᠤᠯᠤᠯᠲᠠ ᠨᠡᠩ ᠭᠦᠨᠵᠡᠭᠡᠢ᠌ᠷᠡᠵᠦ᠂ ᠠᠷᠭ᠎ᠠ ᠤᠬᠠᠭ᠋ᠠᠨ ᠳᠡᠪᠰᠢᠭᠦᠯᠬᠦ᠎ᠲᠡᠭᠡᠨ ᠪᠣᠳᠠᠲᠠᠢ ᠵᠢ ᠨᠡᠩ ᠡᠷᠬᠢᠮᠯᠡᠨ᠂ ᠰᠠᠨᠠᠯ ᠳᠤᠷᠠᠳᠤᠯᠭ᠎ᠠ ᠵᠢᠨ ᠪᠦᠲᠦᠴᠡ ᠤᠯᠠᠮ ᠨᠢᠭᠡ ᠠᠯᠬᠤᠮ ᠰᠢᠯᠢᠳᠡᠭᠵᠢᠵᠦ᠂ ᠰᠠᠨᠠᠯ ᠳᠤᠷᠠᠳᠤᠯᠭ᠎ᠠ ᠵᠢᠨ ᠪᠦᠬᠦᠯᠢ ᠴᠣᠭᠴᠠ ᠵᠢᠨ ᠶᠠᠰᠤ ᠴᠢᠨᠠᠷ ᠤᠯᠠᠮ ᠨᠢᠭᠡ ᠠᠯᠬᠤᠮ ᠳᠡᠭᠡᠭᠰᠢᠯᠡᠪᠡ᠃ ᠶᠡᠬᠡ ᠬᠤᠷᠠᠯ ᠲᠡᠭᠦᠰᠦᠭᠰᠡᠨ᠎ᠤ ᠳᠠᠷᠠᠭ᠎ᠠ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠲᠠᠢ ᠬᠠᠮᠲᠤᠷᠠᠨ ᠰᠠᠨᠠᠯ ᠳᠤᠷᠠᠳᠤᠯᠭ᠎ᠠ ᠵᠢ ᠲᠤᠰᠢᠶᠠᠨ ᠰᠢᠢ᠍ᠳᠪᠦᠷᠢᠯᠡᠭᠦᠯᠬᠦ ᠬᠤᠷᠠᠯ ᠬᠤᠷᠠᠯᠳᠤᠭᠤᠯᠵᠤ᠂ ᠳᠠᠩᠰᠠᠯᠠᠭᠰᠠᠨ ᠰᠠᠨᠠᠯ ᠳᠤᠷᠠᠳᠤᠯᠭ᠎ᠠ ᠵᠢ ᠬᠠᠮᠢᠶ᠎ᠠ ᠪᠦᠬᠦᠢ ᠨᠢᠭᠡᠴᠢ᠎ᠳᠤ ᠲᠤᠰᠢᠶᠠᠨ ᠥᠭᠴᠦ ᠰᠢᠢ᠍ᠳᠪᠦᠷᠢᠯᠡᠭᠦᠯᠬᠦ ᠪᠣᠯᠣᠨ᠎ᠠ᠃ ᠲᠤᠰ ᠤᠳᠠᠭ᠎ᠠ ᠵᠢᠨ ᠶᠡᠬᠡ ᠬᠤᠷᠠᠯ᠎ᠤᠨ ᠰᠠᠨᠠᠯ ᠳᠤᠷᠠᠳᠤᠯᠭ᠎ᠠ ᠳᠤᠷᠠᠳᠬᠤ ᠴᠠᠭ᠎ᠤᠨ ᠬᠢᠵᠠᠭ᠋ᠠᠷ ᠥᠩᠭᠡᠷᠡᠭᠰᠡᠨ᠎ᠤ ᠳᠠᠷᠠᠭ᠎ᠠ ᠭᠥᠯᠢᠶᠡᠨ ᠠᠪᠤᠭᠰᠠᠨ ᠰᠠᠨᠠᠯ ᠳᠤᠷᠠᠳᠤᠯᠭ᠎ᠠ ᠵᠢ ᠡᠩ᠎ᠤᠨ ᠦᠶ᠎ᠡ ᠵᠢᠨ ᠰᠠᠨᠠᠯ ᠳᠤᠷᠠᠳᠤᠯᠭ᠎ᠠ ᠪᠤᠯᠭ᠋ᠠᠵᠤ ᠴᠠᠭ ᠲᠤᠬᠠᠢ᠎ᠳᠤᠨᠢ ᠰᠢᠢ᠍ᠳᠪᠦᠷᠢᠯᠡᠬᠦ ᠪᠣᠯᠣᠨ᠎ᠠ᠃

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ