ᠬᠠᠷᠠᠯᠲᠠ᠎ᠪᠠᠷ ᠠᠵᠢᠯᠯᠠᠭ᠎ᠠ᠎ᠪᠠᠨ ᠬᠥᠲᠥᠯᠥᠨ ᠳᠠᠭ᠋ᠠᠭᠤᠯᠵᠤ ᠂ ᠲᠡᠮᠡᠴᠡᠯ ᠵᠶ᠋ᠡᠷ ᠢᠷᠡᠭᠡᠳᠦᠢ᠎ᠪᠠᠨ ᠴᠣᠭᠴᠠᠯᠠᠨ᠎ᠠ ᠃ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠨᠢ ᠥᠪᠥᠷ ᠮᠣᠩᠭᠣᠯ᠎ᠤᠨ 2025 ᠣᠨ᠎ᠤ ᠬᠥᠭᠵᠢᠯᠲᠡ᠎ᠳᠤ ᠠᠵᠢᠯ᠎ᠤᠨ ᠬᠠᠷᠠᠯᠲᠠ ᠵᠢ ᠲᠣᠳᠣᠷᠬᠠᠢ᠌ᠯᠠᠵᠤ ᠂ ᠡᠭᠦᠷᠭᠡ ᠵᠢᠨ ᠨᠠᠷᠢᠨ ᠲᠠᠩᠰᠠ ᠵᠢ ᠵᠢᠭᠰᠠᠭ᠋ᠠᠵᠤ ᠂ ᠡᠯ᠎ᠡ ᠵᠦᠢ᠍ᠯ᠎ᠤᠨ ᠠᠷᠭ᠎ᠠ ᠬᠡᠮᠵᠢᠶ᠎ᠡ᠎ᠨᠢ ᠴᠥᠮ ᠠᠩᠬᠠᠷᠴᠤ ᠪᠠᠢ᠌ᠭ᠎ᠠ ᠠᠰᠠᠭᠤᠳᠠᠯ᠎ᠢ ᠣᠨᠣᠭ᠋ᠠᠵᠤ ᠂ ᠢᠲᠡᠭᠡᠯ ᠵᠣᠷᠢᠭ᠎ᠢ ᠳᠠᠮᠵᠢᠭᠤᠯᠤᠨ ᠂ ᠠᠮᠢᠵᠢᠷᠠᠯ᠎ᠤᠨ ᠬᠦᠴᠦᠨ᠎ᠢ ᠢᠯᠡᠷᠡᠭᠦᠯᠪᠡ ᠃ ᠬᠦᠴᠦᠯᠡᠨ ᠴᠢᠷᠮᠠᠢ᠌ᠵᠤ ᠪᠠᠢ᠌ᠭ᠋ᠠᠳ 《ᠪᠠᠷᠢᠯᠭ᠎ᠠ ᠵᠢᠨ ᠵᠢᠷᠤᠭ 》᠎ᠢ 《ᠪᠣᠳᠠᠲᠤ ᠵᠢᠷᠤᠭ 》 ᠪᠣᠯᠭ᠋ᠠᠨ ᠬᠤᠪᠢᠷᠠᠭᠤᠯᠬᠤ᠎ᠳᠤ ᠂ ᠪᠦᠭᠦ ᠣᠷᠣᠨ᠎ᠤ ᠡᠯ᠎ᠡ ᠱᠠᠲᠤᠨ᠎ᠤ᠎ᠬᠢᠨ ᠬᠠᠷᠠᠯᠲᠠ᠎ᠪᠠᠨ ᠰᠤᠯᠠᠷᠠᠭᠤᠯᠤᠯ ᠦᠭᠡᠢ ᠴᠢᠩᠭ᠎ᠠ ᠠᠳᠬᠤᠵᠤ ᠂ ᠬᠠᠷᠠᠯᠲᠠ ᠵᠢ ᠰᠠᠢ᠌ᠲᠤᠷ ᠣᠨᠢᠯᠠᠨ ᠬᠥᠭᠵᠢᠯᠲᠡ ᠵᠢ ᠠᠬᠢᠭᠤᠯᠵᠤ ᠂ ᠪᠣᠳᠠᠲᠠᠢ ᠠᠵᠢᠯᠯᠠᠨ ᠯᠠᠪᠳᠠᠭᠤᠨ ᠪᠠᠲᠤᠲᠠᠢ ᠤᠷᠤᠭᠰᠢᠯᠠᠵᠤ ᠂ ᠠᠰᠢᠭᠲᠠᠢ ᠪᠠᠢ᠌ᠳᠠᠯ᠎ᠢ ᠠᠮᠵᠢᠨ ᠤᠷᠤᠭᠰᠢᠯᠠᠵᠤ ᠂ ᠰᠢᠪᠲᠤᠯᠤᠯᠲᠠ ᠭᠠᠷᠭ᠋ᠠᠬᠤ ᠬᠡᠷᠡᠭᠲᠡᠢ ᠃
ᠲᠠᠨᠢᠯᠲᠠ ᠬᠡᠳᠦᠢ ᠲᠣᠳᠣ ᠪᠤᠯᠬᠤ ᠲᠤᠲᠤᠮ ᠦᠢ᠍ᠯᠡᠳᠦᠯᠭᠡ ᠲᠡᠳᠦᠢ ᠯᠠᠪᠳᠠᠭᠤᠨ ᠪᠠᠲᠤᠲᠠᠢ ᠪᠤᠯᠳᠠᠬ ᠃ ᠡᠨᠡ ᠵᠢᠯ᠎ᠤᠨ ᠪᠦᠭᠦ ᠣᠷᠣᠨ᠎ᠤ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠭᠣᠣᠯ ᠵᠢᠱ᠌ᠢᠭᠰᠡᠨ ᠬᠠᠷᠠᠯᠲᠠ ᠪᠣᠯ ᠄ ᠣᠷᠣᠨ ᠨᠤᠲᠤᠭ᠎ᠤᠨ ᠦᠢ᠍ᠯᠡᠳᠪᠦᠷᠢᠯᠡᠯ᠎ᠤᠨ ᠶᠡᠷᠦᠩᠬᠡᠢ ᠥᠷᠲᠡᠭ᠎ᠢ 6% ᠣᠷᠴᠢᠮ ᠵᠶ᠋ᠠᠷ ᠨᠡᠮᠡᠭᠳᠡᠭᠦᠯᠦᠨ᠎ᠡ ; ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠎ᠢ 7% ᠣᠷᠴᠢᠮ ᠨᠡᠮᠡᠭᠳᠡᠭᠦᠯᠦᠨ᠎ᠡ ; ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠵᠢ 10% ᠣᠷᠴᠢᠮ ᠵᠶ᠋ᠠᠷ ᠨᠡᠮᠡᠭᠳᠡᠭᠦᠯᠦᠨ᠎ᠡ ; ᠡᠩ᠎ᠤᠨ ᠣᠯᠠᠨ ᠨᠡᠢ᠌ᠲᠡ ᠵᠢᠨ ᠲᠥᠰᠥᠪ᠎ᠤᠨ ᠣᠷᠣᠯᠭ᠎ᠠ ᠵᠢ ᠠᠳᠠᠯᠢ ᠪᠦᠷᠢᠳᠬᠡᠯ᠎ᠤᠨ ᠠᠷᠭ᠎ᠠ᠎ᠪᠠᠷ 4%᠎ᠠᠴᠠ ᠳᠡᠭᠡᠭᠰᠢ ᠨᠡᠮᠡᠭᠳᠡᠭᠦᠯᠦᠨ᠎ᠡ ; ᠬᠣᠲᠠ ᠪᠠᠯᠭ᠋ᠠᠰᠤᠨ᠎ᠤ ᠠᠵᠢᠯ ᠣᠯᠣᠭᠰᠠᠳ᠎ᠢ 18 ᠲᠦᠮᠡ᠎ᠠᠴᠠ ᠳᠡᠭᠡᠭᠰᠢ ᠰᠢᠨ᠎ᠡ᠎ᠪᠠᠷ ᠨᠡᠮᠡᠭᠳᠡᠭᠦᠯᠵᠦ ᠂ ᠬᠣᠲᠠ ᠪᠠᠯᠭ᠋ᠠᠰᠤᠨ᠎ᠤ ᠪᠦᠷᠢᠳᠬᠡᠭᠰᠡᠨ ᠠᠵᠢᠯ ᠠᠯᠳᠠᠯᠲᠠ ᠵᠢᠨ ᠨᠣᠷᠮ᠎ᠠ ᠵᠢ 5.5% ᠣᠷᠴᠢᠮ ᠪᠠᠢ᠌ᠯᠭ᠋ᠠᠨ᠎ᠠ ; ᠰᠠᠭᠤᠭ᠋ᠠᠯᠢ ᠠᠷᠠᠳ᠎ᠤᠨ ᠣᠷᠣᠯᠭ᠎ᠠ ᠵᠢᠨ ᠨᠡᠮᠡᠭᠳᠡᠯ᠎ᠢ ᠠᠵᠤ ᠠᠬᠤᠢ ᠵᠢᠨ ᠨᠡᠮᠡᠭᠳᠡᠯ᠎ᠲᠠᠢ ᠦᠨᠳᠦᠰᠦᠨ᠎ᠳᠡᠭᠡᠨ ᠠᠳᠠᠯᠢ ᠠᠯᠬᠤᠮ᠎ᠲᠠᠢ ᠪᠠᠢ᠌ᠯᠭ᠋ᠠᠨ᠎ᠠ ; ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠬᠠᠩᠰᠢ ᠵᠢᠨ ᠥᠰᠦᠯᠲᠡ ᠵᠢᠨ ᠬᠡᠮᠵᠢᠶ᠎ᠡ ᠵᠢ 2% ᠣᠷᠴᠢᠮ ᠵᠢᠨᠷ ᠪᠠᠢ᠌ᠯᠭ᠋ᠠᠨ᠎ᠠ ; ᠤᠯᠤᠰ᠎ᠠᠴᠠ ᠪᠠᠭᠤᠯᠭ᠋ᠠᠭᠰᠠᠨ 《 ᠠᠷᠪᠠᠨ ᠳᠥᠷᠪᠡᠳᠦᠭᠡᠷ ᠲᠠᠪᠤᠨ ᠵᠢᠯ 》᠎ᠤᠨ ᠡᠨᠧᠷᠭᠢ ᠵᠢᠨ ᠬᠣᠷᠣᠭᠳᠠᠯ᠎ᠤᠨ ᠡᠷᠴᠢᠮ᠎ᠢ ᠪᠠᠭᠤᠷᠠᠭᠤᠯᠬᠤ ᠬᠠᠷᠠᠯᠲᠠ ᠵᠢ ᠪᠡᠶᠡᠯᠡᠭᠦᠯᠬᠦ ᠵᠢ ᠦᠨᠡᠨ ᠬᠦ᠌ ᠪᠠᠲᠤᠯᠠᠨ᠎ᠠ ᠃ ᠣᠷᠣᠨ ᠳᠠᠶᠠᠭ᠋ᠠᠷ ᠦᠵᠡᠯ ᠰᠠᠨᠠᠭ᠎ᠠ ᠪᠣᠯᠣᠨ ᠦᠢ᠍ᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶ᠎ᠠ ᠵᠢᠨ ᠵᠣᠷᠢᠭ ᠰᠠᠨᠠᠭ᠎ᠠ ᠳᠡᠭᠡᠷ᠎ᠡ ᠨᠢᠭᠡᠳᠬᠡᠵᠦ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠷᠢᠯᠠᠭᠤᠯᠤᠯᠲᠠ ᠱᠠᠭ᠋ᠠᠷᠳᠠᠯᠭ᠎ᠠ ᠳᠡᠭᠡᠷ᠎ᠡ ᠨᠢᠭᠡᠳᠬᠡᠵᠦ ᠂ ᠡᠷᠴᠢ᠎ᠪᠠᠨ ᠴᠢᠩᠭ᠋ᠠᠯᠠᠵᠤ ᠂ ᠪᠦᠭᠦ ᠬᠦᠴᠦᠨ ᠵᠶ᠋ᠡᠷ ᠵᠶ᠋ᠡᠨ ᠴᠢᠷᠮᠠᠢ᠌ᠵᠤ ᠂ ᠵᠣᠷᠢᠭᠲᠠᠢ ᠰᠡᠳᠬᠢᠵᠦ ᠵᠣᠷᠢᠭᠲᠠᠢ ᠬᠢᠬᠦ ᠵᠣᠷᠢᠭ ᠰᠠᠨᠠᠭ᠋ᠠᠨ᠎ᠤ ᠪᠠᠢ᠌ᠳᠠᠯ ᠪᠣᠯᠣᠨ ᠴᠢᠳᠠᠮᠠᠭ᠋ᠠᠢ ᠬᠢᠵᠦ ᠰᠠᠢ᠌ᠲᠤᠷ ᠪᠦᠲᠦᠭᠡᠬᠦ ᠠᠵᠢᠯ᠎ᠤᠨ ᠰᠤᠷᠲᠠᠯ ᠵᠶ᠋ᠠᠷ 《ᠲᠠᠪᠤᠨ ᠶᠡᠬᠡ ᠡᠭᠦᠷᠭᠡ 》 ᠵᠢ ᠦᠷᠭᠦᠯᠵᠢᠯᠡᠨ ᠪᠡᠶᠡᠯᠡᠭᠦᠯᠵᠦ ᠂ 《ᠵᠢᠷᠭᠤᠭ᠋ᠠᠨ ᠢᠨᠵᠧᠨᠧᠷᠢᠩ 》᠎ᠢ ᠦᠷᠭᠦᠯᠵᠢᠯᠡᠨ ᠬᠡᠷᠡᠭᠵᠢᠭᠦᠯᠵᠦ ᠂ 《 ᠵᠢᠷᠭᠤᠭ᠋ᠠᠨ ᠠᠵᠢᠯᠯᠠᠭ᠎ᠠ 》 ᠵᠢ ᠭᠦᠨᠵᠡᠭᠡᠢ ᠥᠷᠨᠢᠭᠦᠯᠵᠦ ᠂ ᠡᠯ᠎ᠡ ᠵᠦᠢ᠍ᠯ᠎ᠤᠨ ᠠᠵᠢᠯ᠎ᠢ ᠪᠣᠳᠠᠲᠠᠢ᠎ᠳᠤ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠲᠦᠷᠭᠡᠳᠬᠡᠨ ᠠᠬᠢᠭᠤᠯᠬᠤ ᠬᠡᠷᠡᠭᠲᠡᠢ ᠃
ᠬᠥᠲᠥᠯᠪᠦᠷᠢ ᠵᠢ ᠠᠳᠬᠤᠵᠤ ᠪᠣᠳᠠᠲᠠᠢ᠎ᠳᠤ ᠨᠠᠢ᠌ᠳᠠᠪᠤᠷᠢᠵᠢᠭᠤᠯᠬᠤ ᠬᠡᠷᠡᠭᠲᠡᠢ ᠃ ᠬᠥᠭᠵᠢᠭᠦᠯᠬᠦ ᠶᠠᠪᠤᠳᠠᠯ ᠮᠢᠩᠭ᠎ᠠ ᠲᠦᠮᠡᠨ ᠵᠦᠢ᠍ᠯ᠎ᠳᠤ ᠬᠣᠯᠪᠣᠭᠳᠠᠵᠤ ᠂ ᠬᠥᠭᠵᠢᠭᠦᠯᠬᠦ ᠨᠥᠬᠥᠴᠡᠯᠤᠳᠨᠢ ᠶᠡᠬᠡ ᠵᠥᠷᠢᠶ᠎ᠡ᠎ᠲᠠᠢ ᠪᠠᠢ᠌ᠳᠠᠭ ᠂ ᠬᠠᠷᠠᠯᠲᠠ᠎ᠪᠠᠨ ᠰᠠᠢ᠌ᠲᠤᠷ ᠣᠨᠢᠯᠠᠨ ᠬᠥᠭᠵᠢᠯᠲᠡ ᠵᠢ ᠠᠬᠢᠭᠤᠯᠬᠤ ᠭᠡᠪᠡᠯ ᠪᠣᠳᠠᠲᠠᠢ ᠠᠳᠬᠤᠵᠤ ᠂ ᠨᠠᠷᠢᠨ ᠠᠳᠬᠤᠵᠤ ᠂ ᠯᠠᠪᠳᠠᠭᠤᠨ ᠪᠠᠲᠤᠲᠠᠢ ᠠᠳᠬᠤᠬᠤ ᠬᠡᠷᠡᠭᠲᠡᠢ ᠂ 《ᠬᠣᠭᠣᠰᠤᠨ 》᠂ 《ᠬᠡᠢ᠌ᠰᠪᠦᠷᠢ 》᠂ 《ᠪᠦᠳᠦᠭᠦᠯᠢᠭ 》 ᠣᠷᠣᠵᠤ ᠪᠤᠯᠬᠤ ᠦᠭᠡᠢ ᠃ ᠡᠷᠡᠰ ᠭᠤᠢ᠌ᠪᠢᠰᠢ ᠦᠭᠡᠢ᠎ᠪᠠᠷ ᠪᠡᠯᠡ ᠣᠷᠣᠭᠤᠯᠤᠯᠲᠠ ᠵᠢ ᠠᠳᠬᠤᠵᠤ ᠂ ᠠᠷᠭ᠎ᠠ ᠪᠦᠭᠦᠨ᠎ᠢ ᠰᠦᠪᠡᠭᠴᠢᠯᠡᠨ ᠬᠡᠷᠡᠭᠯᠡᠭᠡ ᠵᠢ ᠬᠥᠭᠵᠢᠭᠡᠵᠦ ᠂ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠲᠦᠷᠭᠡᠨ ᠪᠣᠢ᠌ᠵᠢᠭᠤᠯᠤᠨ ᠬᠥᠭᠵᠢᠭᠦᠯᠵᠦ ᠂ ᠳᠠᠪᠠᠭᠤᠯᠢᠭ ᠣᠨᠴᠠᠯᠢᠭᠲᠤ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠢ ᠲᠦᠷᠭᠡᠨ ᠪᠠᠢ᠌ᠭᠤᠯᠵᠤ ᠂ ᠣᠳᠣᠬᠢᠴᠢᠯᠠᠭᠰᠠᠨ ᠰᠢᠨ᠎ᠡ ᠮᠠᠯᠵᠢᠬᠤ ᠲᠠᠷᠢᠶᠠᠯᠠᠬᠤ ᠣᠷᠣᠨ᠎ᠢ ᠲᠦᠷᠭᠡᠨ ᠪᠦᠲᠦᠭᠡᠨ ᠪᠠᠢ᠌ᠭᠤᠯᠤᠭᠰᠠᠨ ᠴᠤ᠌ ᠲᠡᠷᠡ ᠂ ᠰᠣᠶᠣᠯ ᠵᠢᠭᠤᠯᠴᠢᠯᠠᠯ᠎ᠤᠨ ᠦᠢ᠍ᠯᠡᠰ᠎ᠢ ᠲᠤᠯᠭ᠋ᠠᠭᠤᠷᠢ ᠠᠵᠤ ᠦᠢ᠍ᠯᠡᠰ ᠪᠣᠯᠭ᠋ᠠᠨ ᠴᠣᠭᠴᠠᠯᠠᠵᠤ ᠂ ᠦᠨᠡᠨ ᠰᠡᠳᠬᠢᠯ᠎ᠠᠴᠠ᠎ᠪᠠᠨ ᠠᠵᠤ ᠠᠬᠤᠢ᠌ᠯᠠᠯ᠎ᠤᠨ ᠬᠦᠴᠢᠷ ᠠᠰᠠᠭᠤᠳᠠᠯ᠎ᠢ ᠰᠢᠢ᠍ᠳᠪᠦᠷᠢᠯᠡᠵᠦ ᠂ ᠬᠥᠭᠵᠢᠯᠲᠡ ᠵᠢᠨ ᠰᠢᠨ᠎ᠡ ᠣᠷᠣᠨ ᠵᠠᠢ ᠵᠢ ᠶᠡᠬᠡ᠎ᠪᠠᠷ ᠥᠷᠭᠡᠳᠬᠡᠵᠦ ᠂ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠪᠦᠲᠦᠭᠡᠨ ᠪᠠᠢ᠌ᠭᠤᠯᠤᠯᠲᠠ ᠵᠢ ᠪᠦᠭᠦ ᠬᠦᠴᠦᠨ ᠵᠶ᠋ᠡᠷ ᠵᠶ᠋ᠡᠨ ᠠᠬᠢᠭᠤᠯᠵᠤ ᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠰᠠᠢ᠌ᠲᠤᠷ ᠬᠢᠵᠦ ᠂ ᠡᠬᠡ ᠤᠯᠤᠰ᠎ᠤᠨ ᠤᠮᠠᠷᠠᠲᠤ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠡᠷᠡᠰ ᠪᠠᠲᠤ ᠴᠣᠭᠴᠠᠯᠠᠭᠰᠠᠨ ᠴᠤ᠌ ᠲᠡᠷᠡ ᠂ ᠡᠳᠡᠭᠡᠷ ᠠᠵᠢᠯ᠎ᠢ ᠰᠠᠢ᠌ᠲᠤᠷ ᠬᠢᠵᠦ ᠯᠠᠪᠳᠠᠭᠤᠨ ᠪᠠᠲᠤᠲᠠᠢ ᠬᠢᠬᠦ᠎ᠳᠤ ᠂ ᠡᠯ᠎ᠡ ᠱᠠᠲᠤ ᠡᠯ᠎ᠡ ᠭᠠᠵᠠᠷ᠎ᠤᠨ᠎ᠬᠢᠨ ᠡᠷᠬᠡᠪᠰᠢ ᠪᠣᠳᠠᠲᠠᠢ᠎ᠳᠤ ᠰᠠᠭᠤᠷᠢᠯᠠᠨ ᠂ ᠢᠳᠡᠪᠬᠢᠲᠡᠢ ᠰᠦᠪᠡᠭᠴᠢᠯᠡᠵᠦ ᠂ ᠠᠵᠢᠯ᠎ᠤᠨ ᠠᠷᠭ᠎ᠠ ᠬᠡᠮᠵᠢᠶ᠎ᠡ ᠵᠢ ᠨᠠᠷᠢᠯᠢᠭᠵᠢᠭᠤᠯᠤᠨ ᠪᠣᠳᠠᠲᠠᠢ᠌ᠵᠢᠭᠤᠯᠵᠤ ᠂ ᠵᠦᠢ᠍ᠯ ᠪᠦᠭᠦᠨ᠎ᠢ ᠬᠤᠪᠢᠶᠠᠷᠢᠯᠠᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ ᠂ ᠤᠨᠢᠨ ᠳᠡᠭᠡᠷ᠎ᠡ᠎ᠨᠢ ᠬᠦᠴᠦᠯᠡᠵᠦ ᠂ ᠬᠠᠷᠠᠯᠲᠠ᠎ᠲᠠᠢ᠎ᠪᠠᠷ ᠠᠬᠢᠭᠤᠯᠵᠤ ᠂ ᠭᠣᠣᠯᠳᠠᠯᠭ᠎ᠠ᠎ᠲᠠᠢ ᠰᠢᠪᠲᠤᠯᠤᠯᠲᠠ᠎ᠪᠠᠷ ᠪᠦᠬᠦᠯᠢ ᠴᠣᠭᠴᠠ ᠵᠢᠨ ᠳᠠᠪᠠᠯᠲᠠ ᠵᠢ ᠳᠠᠢ᠌ᠴᠢᠯᠠᠬᠤ ᠬᠡᠷᠡᠭᠲᠡᠢ ᠃
ᠶᠠᠮᠠᠷᠪᠠ ᠬᠦᠴᠢᠷ ᠠᠰᠠᠭᠤᠳᠠᠯ᠎ᠢ ᠭᠠᠭᠴᠠ ᠬᠦ᠌ ᠪᠣᠳᠠᠲᠠᠢ ᠠᠵᠢᠯᠯᠠᠪᠠᠯ ᠰᠠᠶᠢ ᠰᠢᠢ᠍ᠳᠪᠦᠷᠢᠯᠡᠵᠦ ᠴᠢᠳᠠᠨ᠎ᠠ ; ᠠᠯᠢᠪᠠ ᠡᠭᠦᠷᠭᠡ ᠵᠢ ᠭᠠᠭᠴᠠ ᠬᠦ᠌ ᠪᠣᠳᠠᠲᠠᠢ ᠬᠢᠵᠦ ᠴᠢᠳᠠᠪᠠᠯ ᠰᠠᠶᠢ ᠪᠡᠶᠡᠯᠡᠭᠦᠯᠵᠦ ᠴᠢᠳᠠᠨ᠎ᠠ ᠃ ᠡᠨᠡ ᠵᠢᠯ ᠪᠣᠯ 《ᠠᠷᠪᠠᠨ ᠳᠥᠷᠪᠡᠳᠦᠭᠡᠷ ᠲᠠᠪᠤᠨ ᠵᠢᠯ 》᠎ᠤᠨ ᠲᠥᠯᠦᠪᠵᠢᠭᠦᠯᠭᠡ ᠵᠢᠨ ᠰᠡᠭᠦᠯ ᠬᠤᠷᠢᠶᠠᠬᠤ ᠵᠢᠯ ᠮᠥᠨ ᠂ ᠪᠠᠰᠠ ᠴᠤ᠌ 《 ᠠᠷᠪᠠᠨ ᠲᠠᠪᠤᠳᠤᠭ᠋ᠠᠷ ᠲᠠᠪᠤᠨ ᠵᠢᠯ 》᠎ᠤᠨ ᠲᠥᠯᠦᠪᠵᠢᠭᠦᠯᠭᠡ ᠵᠢ ᠲᠥᠯᠥᠪᠵᠢᠭᠦᠯᠬᠦ ᠵᠢᠯ ᠮᠥᠨ ᠃ ᠰᠢᠨ᠎ᠡ ᠨᠢᠭᠡᠨ ᠵᠢᠯ᠎ᠳᠤ ᠡᠷᠴᠢ ᠵᠣᠷᠢᠭ ᠵᠶ᠋ᠠᠨ ᠬᠥᠪᠴᠢᠯᠡᠨ ᠠᠶᠠᠨ᠎ᠳᠠᠭᠠᠨ ᠳᠠᠭᠢᠨ ᠮᠣᠷᠳᠠᠵᠤ ᠂ ᠪᠦᠭᠦ ᠣᠷᠣᠨ᠎ᠤ ᠳᠡᠭᠡᠷ᠎ᠡ ᠳᠣᠣᠷ᠎ᠠ ᠱᠠᠲᠤ᠎ᠪᠠᠷ ᠵᠶ᠋ᠠᠨ ᠨᠢᠳᠦᠨ ᠡᠮᠦᠨᠡᠬᠢ ᠵᠢ ᠠᠳᠬᠤᠬᠤ ᠪᠠ ᠪᠠᠢ᠌ᠷᠢᠯᠠᠭᠤᠯᠬᠤ ᠂ ᠣᠳᠣᠬᠢ ᠵᠢ ᠠᠳᠬᠤᠬᠤ ᠪᠠ ᠢᠷᠡᠭᠡᠳᠦᠢ ᠵᠢ ᠲᠥᠯᠥᠪᠵᠢᠭᠦᠯᠬᠦ ᠵᠢ ᠣᠷᠭ᠋ᠠᠨᠢᠭ ᠵᠶ᠋ᠠᠷ ᠤᠶᠠᠯᠳᠤᠭᠤᠯᠵᠤ ᠂ ᠠᠯᠢᠪᠠ ᠠᠰᠢᠭᠲᠠᠢ ᠴᠠᠭ ᠲᠣᠭᠢᠶᠠᠯ᠎ᠢ ᠠᠮᠵᠢᠵᠤ ᠂ ᠠᠯᠢᠪᠠ ᠠᠰᠢᠭᠲᠠᠢ ᠨᠥᠬᠥᠴᠡᠯ᠎ᠢ ᠠᠰᠢᠭᠯᠠᠵᠤ ᠂ ᠣᠨᠣᠴᠠᠲᠠᠢ ᠭᠡᠵᠦ ᠦᠵᠡᠪᠡᠯ ᠱᠠᠯᠠᠪᠳᠠᠨ ᠠᠵᠢᠯᠯᠠᠵᠤ ᠂ ᠡᠯ᠎ᠡ ᠲᠠᠯ᠎ᠠ ᠵᠢᠨ᠎ᠬᠢᠨ᠎ᠤ ᠡᠷᠴᠢ ᠵᠣᠷᠢᠭ᠎ᠢ ᠳᠠᠢ᠌ᠴᠢᠯᠠᠬᠤ ᠬᠡᠷᠡᠭᠲᠡᠢ ᠃ ᠬᠠᠳᠠᠭ᠋ᠠᠰᠤ ᠬᠠᠳᠠᠬᠤ ᠵᠣᠷᠢᠭ ᠰᠠᠨᠠᠭ᠎ᠠ᠎ᠪᠠᠷ ᠨᠠᠢ᠌ᠳᠠᠪᠤᠷᠢᠵᠢᠭᠤᠯᠤᠯᠲᠠ ᠵᠢ ᠠᠳᠬᠤᠵᠤ ᠂ ᠨᠢᠭᠡ ᠨᠢᠭᠡ ᠠᠯᠬᠤᠮ ᠵᠶ᠋ᠠᠷ ᠬᠢᠵᠦ ᠂ ᠨᠢᠭᠡ ᠨᠢᠭᠡ ᠵᠠᠩᠭᠢᠯᠠᠭ᠎ᠠ ᠵᠢᠨ ᠴᠡᠭ ᠵᠶ᠋ᠡᠷ ᠯᠠᠪᠳᠠᠭᠤᠨ ᠪᠠᠲᠤᠲᠠᠢ ᠠᠬᠢᠭᠤᠯᠵᠤ ᠂ 《ᠨᠢᠭᠡ ᠭᠣᠣᠯ ᠰᠢᠵᠢᠮ᠎ᠢ ᠲᠤᠭᠤᠰᠢᠯᠠᠭᠤᠯᠬᠤ ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ ᠂ ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠪᠠᠳᠠᠷᠠᠭᠤᠯᠬᠤ ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ᠎ᠳᠤ ᠣᠷᠣᠬᠤ 》 ᠲᠠᠯ᠎ᠠ᠎ᠪᠠᠷ ᠨᠡᠩ ᠶᠡᠬᠡ ᠵᠢᠳᠬᠦᠯ ᠴᠢᠷᠮᠠᠢ᠌ᠯᠭ᠎ᠠ ᠭᠠᠷᠭ᠋ᠠᠬᠤ᠎ᠪᠠᠷ ᠴᠢᠷᠮᠠᠢ᠌ᠬᠤ ᠬᠡᠷᠡᠭᠲᠡᠢ ᠃
ᠡᠷᠴᠢ ᠵᠣᠷᠢᠭ ᠵᠶ᠋ᠠᠨ ᠬᠥᠪᠴᠢᠯᠡᠵᠦ ᠂ ᠪᠦᠭᠦ ᠬᠦᠴᠦᠨ ᠵᠢᠡᠷ ᠵᠢᠡᠨ ᠴᠢᠷᠮᠠᠢ᠌ᠵᠤ ᠂ ᠪᠣᠳᠠᠲᠠᠢ ᠵᠢ ᠡᠷᠭᠢᠮᠯᠡᠭᠦ ᠰᠤᠷᠲᠠᠯ᠎ᠢ ᠪᠠᠳᠠᠷᠠᠭᠤᠯᠵᠤ ᠂ ᠬᠠᠷᠢᠭᠤᠴᠠᠯᠭ᠎ᠠ ᠡᠭᠦᠷᠭᠡᠯᠡᠯ ᠵᠶ᠋ᠡᠨ ᠴᠢᠩᠭ᠋ᠠᠳᠬᠠᠵᠤ ᠂ ᠬᠣᠶᠠᠷ ᠬᠤᠷᠠᠯ᠎ᠳᠤ ᠪᠦᠷᠢᠯᠳᠦᠭᠦᠯᠦᠭᠰᠡᠨ ᠦᠵᠡᠯ ᠰᠠᠨᠠᠭ᠋ᠠᠨ᠎ᠤ ᠬᠠᠮᠲᠤ ᠵᠢᠨ ᠲᠠᠨᠢᠯᠲᠠ ᠵᠢ ᠪᠦᠭᠦ ᠬᠦᠴᠦᠨ ᠵᠶ᠋ᠠᠷ ᠵᠶ᠋ᠠᠨ ᠲᠡᠮᠡᠴᠡᠯ᠎ᠤᠨ ᠬᠠᠯᠠᠭᠤᠨ ᠰᠡᠳᠬᠢᠯᠭᠡ ᠪᠣᠯᠭ᠋ᠠᠨ ᠬᠤᠪᠢᠷᠠᠭᠤᠯᠵᠤ ᠂ ᠬᠣᠶᠠᠷ ᠬᠤᠷᠠᠯ᠎ᠠᠴᠠ ᠬᠥᠭᠵᠢᠭᠡᠭᠰᠡᠨ ᠢᠲᠡᠭᠡᠯ ᠵᠣᠷᠢᠭ᠎ᠢ ᠠᠤᠭ᠎ᠠ ᠶᠡᠬᠡ ᠬᠦᠴᠦᠨ ᠴᠢᠳᠠᠯ ᠪᠣᠯᠭ᠋ᠠᠨ ᠨᠢᠭᠲᠠᠷᠠᠭᠤᠯᠵᠤ ᠂ ᠬᠠᠷᠠᠯᠲᠠ ᠡᠭᠦᠷᠭᠡ ᠵᠢ 《ᠴᠠᠭ᠋ᠠᠰᠤᠨ ᠳᠡᠭᠡᠷ᠎ᠡ 》᠎ᠠᠴᠠ ᠪᠣᠳᠠᠲᠠᠢ᠎ᠳᠤ ᠨᠠᠢ᠌ᠳᠠᠪᠤᠷᠢᠵᠢᠭᠤᠯᠵᠤ ᠂ ᠲᠦᠷᠦ ᠵᠢᠨ ᠪᠣᠳᠣᠯᠭ᠎ᠠ ᠵᠢᠨ ᠠᠰᠢᠭ᠎ᠢ ᠪᠣᠳᠠᠲᠤ ᠦᠢ᠍ᠯᠡᠳᠪᠦᠷᠢᠯᠡᠯ᠎ᠤᠨ ᠬᠦᠴᠦᠨ ᠪᠣᠯᠭ᠋ᠠᠨ ᠬᠤᠪᠢᠷᠠᠭᠤᠯᠪᠠᠯ ᠂ ᠪᠢᠳᠡ ᠥᠪᠥᠷ ᠮᠣᠩᠭᠣᠯ᠎ᠤᠨ ᠡᠯ᠎ᠡ ᠵᠦᠢ᠍ᠯ᠎ᠤᠨ ᠠᠵᠢᠯ ᠦᠢ᠍ᠯᠡᠰ᠎ᠤᠨ ᠱᠠᠲᠤ ᠥᠭᠰᠥᠨ ᠤᠷᠤᠭᠰᠢᠯᠠᠵᠤ ᠦᠷᠭᠦᠯᠵᠢᠯᠡᠨ ᠳᠡᠭᠡᠭᠰᠢᠯᠡᠬᠦ ᠵᠢ ᠠᠬᠢᠭᠤᠯᠵᠤ ᠴᠢᠳᠠᠬᠤ᠎ᠨᠢ ᠯᠠᠪᠲᠠᠢ ᠃