2025 ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ   -   ᠮᠡᠳᠡᠭᠡᠯᠡᠯ
ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠵᠦ ᠵᠢᠳᠬᠦᠯ ᠴᠢᠷᠮᠠᠢ᠌ᠯᠭ᠎ᠠ ᠭᠠᠷᠭ᠋ᠠᠰᠤᠭ᠋ᠠᠢ — ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠲᠤᠬᠠᠢ ᠭᠤᠷᠪᠠᠨᠲᠠ ᠥᠭᠦᠯᠡᠬᠦ᠎ᠨᠢ
ᠨᠡᠶ᠋ᠢᠲᠡᠯᠡᠭᠰᠡᠨ ᠴᠠᠭ᠄ 2025-01-23

    ᠡᠭᠦᠷᠭᠡ ᠬᠠᠷᠢᠭᠤᠴᠠᠯᠭ᠎ᠠ ᠬᠥᠭᠵᠢᠯᠲᠡ ᠵᠢᠨ ᠴᠢᠭᠯᠡᠯ᠎ᠢ ᠬᠥᠲᠥᠯᠥᠨ ᠳᠠᠭ᠋ᠠᠭᠤᠯᠵᠤ᠂ ᠬᠠᠷᠢᠭᠤᠴᠠᠯᠭ᠎ᠠ ᠤᠷᠤᠭᠰᠢᠯᠠᠯᠲᠠ ᠵᠢᠨ ᠬᠦᠴᠦᠨ᠎ᠢ ᠨᠢᠭᠲᠠᠷᠠᠭᠤᠯᠤᠨ᠎ᠠ᠃ ᠡᠨᠡ ᠵᠢᠯ᠎ᠤᠨ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠠᠴᠠ ᠪᠠᠢ᠌ᠷᠢᠯᠠᠭᠤᠯᠤᠭᠰᠠᠨ ᠡᠯ᠎ᠡ ᠵᠦᠢ᠍ᠯ᠎ᠤᠨ ᠬᠠᠷᠠᠯᠲᠠ ᠡᠭᠦᠷᠭᠡ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ᠎ᠳᠤ ᠣᠷᠣᠬᠤ ᠲᠠᠯ᠎ᠠ᠎ᠪᠠᠷ ᠨᠠᠩ ᠶᠡᠬᠡ ᠰᠢᠪᠲᠤᠯᠤᠯᠲᠠ ᠭᠠᠷᠭ᠋ᠠᠬᠤ᠎ᠳᠤ᠂ ᠪᠦᠭᠦ ᠣᠷᠣᠨ᠎ᠤ ᠥᠷᠭᠡᠨ ᠣᠯᠠᠨ ᠨᠠᠮ᠎ᠤᠨ ᠭᠡᠰᠢᠭᠦᠨ ᠺᠠᠳ᠋ᠷ ᠡᠷᠬᠡᠪᠰᠢ ᠰᠠᠢ᠌ᠲᠤᠷ ᠠᠵᠢᠯᠯᠠᠵᠤ᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠂ ᠰᠢᠭᠤᠷᠬᠠᠢ᠌ᠯᠠᠨ ᠠᠵᠢᠯᠯᠠᠵᠤ᠂ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠪᠣᠳᠠᠲᠤ ᠠᠵᠢᠯᠯᠠᠭ᠎ᠠ᠎ᠪᠠᠷ ᠵᠶ᠋ᠠᠨ ᠰᠢᠨ᠎ᠡ ᠴᠠᠭ ᠦᠶ᠎ᠡ ᠰᠢᠨ᠎ᠡ ᠠᠶᠠᠨ᠎ᠳᠤ ᠰᠢᠨ᠎ᠡ ᠳᠦᠷᠰᠦ ᠪᠠᠢ᠌ᠳᠠᠯ᠎ᠢ ᠢᠯᠡᠷᠡᠭᠦᠯᠵᠦ ᠰᠢᠨ᠎ᠡ ᠵᠢᠳᠬᠦᠯ ᠴᠢᠷᠮᠠᠢ᠌ᠯᠭ᠎ᠠ ᠭᠠᠷᠭ᠋ᠠᠬᠤ ᠬᠡᠷᠡᠭᠲᠡᠢ᠃

    ᠺᠠᠳ᠋ᠷᠴᠤᠳ ᠡᠷᠬᠡᠪᠰᠢ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠂ ᠬᠡᠳᠦᠢ ᠶᠡᠬᠡ ᠬᠠᠷᠢᠭᠤᠴᠠᠯᠭ᠎ᠠ᠎ᠲᠠᠢ ᠪᠣᠯ ᠲᠡᠳᠦᠢ ᠶᠡᠬᠡ ᠦᠢ᠍ᠯᠡᠰ᠎ᠢ ᠪᠦᠲᠦᠭᠡᠵᠦ ᠴᠢᠳᠠᠨ᠎ᠠ᠂ ᠬᠡᠳᠦᠢ ᠶᠡᠬᠡ᠎ᠪᠠᠷ ᠬᠠᠷᠢᠭᠤᠴᠠᠯᠭ᠎ᠠ᠎ᠪᠠᠨ ᠭᠦᠢ᠍ᠴᠡᠳᠬᠡᠪᠡᠯ ᠲᠡᠳᠦᠢ ᠶᠡᠬᠡ ᠠᠮᠵᠢᠯᠲᠠ ᠣᠯᠵᠤ ᠴᠢᠳᠠᠨ᠎ᠠ᠃ ᠥᠩᠭᠡᠷᠡᠭᠰᠡᠨ ᠨᠢᠭᠡ ᠵᠢᠯ᠎ᠳᠤ᠂ ᠡᠯ᠎ᠡ ᠵᠦᠢ᠍ᠯ᠎ᠤᠨ ᠬᠦᠴᠢᠷᠳᠡᠯ ᠪᠠ ᠥᠷᠢᠰᠦᠯᠳᠦᠭᠡᠨ᠎ᠤ ᠡᠮᠦᠨ᠎ᠡ᠂ ᠥᠪᠥᠷ ᠮᠣᠩᠭᠣᠯ᠎ᠤᠨ ᠬᠥᠭᠵᠢᠯᠲᠡ ᠮᠥᠨ ᠬᠦ᠌ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ᠂ ᠥᠭᠡᠳᠡᠯᠡᠨ ᠰᠠᠢ᠌ᠵᠢᠷᠠᠬᠤ ᠵᠢ ᠪᠡᠶᠡᠯᠡᠭᠦᠯᠪᠡ᠃ ᠡᠢ᠌ᠮᠦ ᠠᠮᠵᠢᠯᠲᠠ ᠪᠦᠲᠦᠮᠵᠢ ᠣᠯᠣᠭᠰᠠᠨ᠎ᠨᠢ ᠪᠦᠭᠦ ᠣᠷᠣᠨ᠎ᠤ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ ᠪᠦᠯᠬᠦᠮᠳᠡᠨ ᠨᠢᠭᠡᠳᠴᠦ᠂ ᠬᠦᠴᠢᠷ᠎ᠢ ᠰᠥᠷᠦᠨ ᠤᠷᠤᠭᠰᠢᠯᠠᠵᠤ᠂ ᠡᠷᠡᠮᠡᠬᠡᠢ᠌ᠯᠡᠨ ᠲᠡᠮᠡᠴᠡᠭᠰᠡᠨ᠎ᠠᠴᠠ ᠰᠠᠯᠵᠤ ᠴᠢᠳᠠᠬᠤ ᠦᠭᠡᠢ ᠶᠤᠮ᠃ ᠰᠢᠨ᠎ᠡ ᠠᠶᠠᠨ᠎ᠳᠤ ᠮᠣᠷᠳᠠᠵᠤ᠂ 《ᠲᠠᠪᠤᠨ ᠶᠡᠬᠡ ᠡᠭᠦᠷᠭᠡ》 ᠵᠢ ᠦᠷᠭᠦᠯᠵᠢᠯᠡᠨ ᠪᠡᠶᠡᠯᠡᠭᠦᠯᠵᠦ᠂ 《ᠵᠢᠷᠭᠤᠭ᠋ᠠᠨ ᠢᠨᠵᠧᠨᠧᠷᠢᠩ》᠎ᠢ ᠦᠷᠭᠦᠯᠵᠢᠯᠡᠨ ᠬᠡᠷᠡᠭᠵᠢᠭᠦᠯᠵᠦ᠂ 《ᠵᠢᠷᠭᠤᠭ᠋ᠠᠨ ᠠᠵᠢᠯᠯᠠᠭ᠎ᠠ》 ᠵᠢ ᠭᠦᠨᠵᠡᠭᠡᠢ ᠥᠷᠨᠢᠭᠦᠯᠬᠦ᠎ᠳᠤ᠂ ᠥᠷᠭᠡᠨ ᠣᠯᠠᠨ ᠨᠠᠮ᠎ᠤᠨ ᠭᠡᠰᠢᠭᠦᠨ ᠺᠠᠳ᠋ᠷ ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠵᠤ᠂ ᠬᠠᠷᠢᠭᠤᠴᠠᠯᠭ᠎ᠠ ᠵᠢ ᠦᠨᠡᠨ ᠬᠦ᠌ ᠰᠡᠳᠬᠢᠯ᠎ᠳᠡᠭᠡᠨ ᠬᠠᠳᠠᠩᠰᠢᠭᠤᠯᠵᠤ᠂ ᠠᠵᠢᠯᠯᠠᠭ᠎ᠠ ᠳᠡᠭᠡᠷ᠎ᠡ᠎ᠪᠠᠨ ᠨᠠᠢ᠌ᠳᠠᠪᠤᠷᠢᠵᠢᠭᠤᠯᠵᠤ᠂ ᠴᠤᠴᠠᠯᠲᠠ ᠦᠭᠡᠢ ᠤᠷᠤᠭᠰᠢᠯᠠᠬᠤ ᠣᠪᠣᠷ ᠵᠶ᠋ᠠᠷ ᠲᠤᠬᠠᠢ᠌ᠯᠠᠭᠰᠠᠨ ᠠᠵᠢᠯ ᠵᠶ᠋ᠠᠨ ᠰᠠᠢ᠌ᠲᠤᠷ ᠬᠢᠵᠦ᠂ ᠨᠤᠭᠤᠷᠠᠰᠢ ᠦᠭᠡᠢ ᠲᠡᠮᠡᠴᠡᠬᠦ ᠵᠣᠷᠢᠭ ᠰᠠᠨᠠᠭ᠎ᠠ᠎ᠪᠠᠷ ᠬᠦᠴᠢᠷ᠎ᠢ ᠳᠤᠭᠤᠯᠤᠨ ᠪᠡᠷᠬᠡ ᠵᠢ ᠳᠠᠪᠠᠵᠤ᠂ ᠠᠵᠢᠯ᠎ᠤᠨ ᠬᠠᠷᠢᠭᠤᠴᠠᠯᠭ᠎ᠠ᠎ᠪᠠᠨ ᠪᠠᠷᠢᠮᠲᠠᠯᠠᠬᠤ ᠣᠪᠣᠷ ᠵᠶ᠋ᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢ᠌ᠯᠭ᠎ᠠ ᠭᠠᠷᠭ᠋ᠠᠵᠤ᠂ ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠲᠠᠰᠤᠷᠠᠯᠲᠠ ᠦᠭᠡᠢ ᠰᠢᠨ᠎ᠡ ᠳᠡᠭᠲᠡᠷ᠎ᠲᠤ ᠭᠠᠷᠭ᠋ᠠᠬᠤ ᠵᠢ ᠠᠬᠢᠭᠤᠯᠬᠤ ᠬᠡᠷᠡᠭᠲᠡᠢ᠃

    ᠶᠠᠮᠠᠷ ᠲᠤᠰᠢᠶᠠᠯ᠎ᠳᠤ ᠪᠠᠢ᠌ᠪᠠᠯ ᠳᠠᠷᠤᠢ ᠶᠠᠮᠠᠷ ᠬᠠᠷᠢᠭᠤᠴᠠᠯᠭ᠎ᠠ᠎ᠪᠠᠨ ᠭᠦᠢ᠍ᠴᠡᠳᠬᠡᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠨᠢ 11 ᠲᠠᠯ᠎ᠠ ᠵᠢᠨ ᠭᠣᠣᠯᠳᠠᠯᠭ᠎ᠠ᠎ᠲᠠᠢ ᠠᠵᠢᠯ᠎ᠤᠨ ᠲᠣᠬᠢᠷᠠᠭᠤᠯᠤᠯᠲᠠ ᠪᠠᠢ᠌ᠷᠢᠯᠠᠭᠤᠯᠤᠯᠲᠠ ᠵᠢᠨ ᠲᠣᠭᠣᠷᠢᠨ᠎ᠳᠤ᠂ ᠪᠦᠭᠦ ᠣᠷᠣᠨ᠎ᠤ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠡᠯ᠎ᠡ ᠬᠦᠷᠢᠶ᠎ᠡ ᠴᠠᠷᠠᠭ᠎ᠠ ᠵᠢ ᠬᠠᠮᠤᠷᠴᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ᠎ᠤᠨ ᠡᠭᠦᠷᠭᠡᠯᠡᠵᠦ ᠪᠠᠢ᠌ᠭ᠎ᠠ ᠪᠣᠳᠠᠲᠠᠢ ᠬᠠᠷᠢᠭᠤᠴᠠᠯᠭ᠎ᠠ ᠵᠢ ᠲᠣᠳᠣᠷᠬᠠᠢ᠌ᠯᠠᠪᠠ᠃ ᠪᠦᠭᠦ ᠣᠷᠣᠨ ᠳᠠᠶᠠᠭ᠋ᠠᠷ ᠠᠵᠢᠯ᠎ᠤᠨ ᠪᠠᠢ᠌ᠷᠢ ᠵᠢᠨ ᠡᠭᠦᠷᠭᠡ ᠬᠠᠷᠢᠭᠤᠴᠠᠯᠭ᠎ᠠ᠎ᠲᠠᠢ᠎ᠪᠠᠨ ᠬᠠᠷᠭᠤᠭᠤᠯᠵᠤ᠂ ᠰᠠᠨᠠᠭ᠋ᠠᠴᠢᠯᠠᠭ᠎ᠠ᠎ᠠᠴᠠ᠎ᠪᠠᠨ ᠡᠭᠦᠷᠭᠡ ᠬᠦᠯᠢᠶᠡᠵᠦ᠂ ᠢᠳᠡᠪᠬᠢᠲᠡᠢ᠎ᠪᠠᠷ ᠤᠬᠠᠭ᠋ᠠᠯᠠᠨ ᠲᠥᠯᠥᠪᠯᠡᠵᠦ ᠨᠠᠢ᠌ᠳᠠᠪᠤᠷᠢᠵᠢᠭᠤᠯᠤᠯᠲᠠ ᠵᠢ ᠠᠳᠬᠤᠬᠤ ᠬᠡᠷᠡᠭᠲᠡᠢ᠃ ᠬᠤᠷᠳᠤᠨ ᠮᠣᠷᠢᠨ᠎ᠳᠤ ᠲᠠᠰᠢᠭᠤᠷ ᠨᠡᠮᠡᠵᠦ᠂ ᠪᠦᠭᠦ ᠬᠦᠴᠦ᠎ᠪᠠᠷ ᠵᠶ᠋ᠡᠨ ᠴᠢᠷᠮᠠᠢ᠌ᠨ ᠠᠵᠢᠯᠯᠠᠵᠤ᠂ ᠠᠰᠠᠭᠤᠳᠠᠯ ᠵᠶ᠋ᠠᠷ ᠤᠳᠤᠷᠢᠳᠤᠮᠵᠢ ᠪᠤᠯᠭ᠋ᠠᠬᠤ᠂ ᠬᠠᠷᠠᠯᠲᠠ᠎ᠪᠠᠷ ᠤᠳᠤᠷᠢᠳᠤᠮᠵᠢ ᠪᠤᠯᠭ᠋ᠠᠬᠤ᠂ ᠦᠷ᠎ᠡ ᠳ᠋ᠦᠩ ᠵᠶ᠋ᠡᠷ ᠤᠳᠤᠷᠢᠳᠤᠮᠵᠢ ᠪᠤᠯᠭ᠋ᠠᠬᠤ ᠵᠢ ᠢᠮᠠᠭᠲᠠ ᠪᠠᠷᠢᠮᠲᠠᠯᠠᠵᠤ᠂ ᠴᠠᠭ ᠢᠮᠠᠭᠲᠠ ᠡᠭᠦᠷᠭᠡ ᠬᠠᠷᠢᠭᠤᠴᠠᠯᠭ᠋ᠠᠲᠤ ᠰᠡᠳᠬᠢᠯᠭᠡ ᠪᠠ ᠲᠤᠯᠭ᠋ᠠᠮ ᠪᠤᠳᠤᠯ᠎ᠢ ᠪᠠᠷᠢᠮᠲᠠᠯᠠᠵᠤ᠂ ᠬᠥᠮᠥᠨ ᠵᠶ᠋ᠡᠷ ᠱᠠᠯᠠᠪᠳᠠᠭᠤᠯᠬᠤ ᠦᠭᠡᠢ᠎ᠪᠠᠷ ᠥᠪᠡᠷ᠎ᠲᠡᠭᠡᠨ ᠬᠢᠵᠦ᠂ ᠬᠠᠷᠠᠯᠲᠠ᠎ᠪᠠᠨ ᠠᠯᠳᠠᠯ ᠦᠭᠡᠢ ᠠᠩᠬᠠᠷᠴᠤ᠂ ᠬᠦᠴᠢᠷ ᠪᠡᠷᠬᠡᠰᠢᠶᠡᠯ ᠲᠤᠯᠭ᠋ᠠᠷᠠᠪᠠᠯ ᠬᠠᠷᠢᠯᠴᠠᠨ ᠲᠦᠯᠬᠢᠯᠴᠡᠬᠦ ᠦᠭᠡᠢ᠂ ᠠᠰᠠᠭᠤᠳᠠᠯ ᠲᠤᠯᠭ᠋ᠠᠷᠠᠪᠠᠯ ᠬᠠᠷᠢᠯᠴᠠᠨ ᠵᠠᠢ᠌ᠯᠠᠭᠤᠯᠬᠤ ᠦᠭᠡᠢ ᠪᠠᠢ᠌ᠵᠤ᠂ ᠦᠨᠡᠨ ᠬᠦ᠌ ᠪᠦᠭᠦ ᠰᠡᠳᠬᠢᠯ ᠪᠦᠭᠦ ᠵᠣᠷᠢᠭ ᠵᠶ᠋ᠠᠷ ᠵᠶ᠋ᠠᠨ ᠠᠵᠢᠯ ᠶᠠᠪᠤᠳᠠᠯ ᠬᠢᠵᠦ᠂ ᠴᠢᠳᠠᠯ᠎ᠤᠨ ᠬᠢᠷᠢ᠎ᠪᠠᠷ ᠵᠶ᠋ᠡᠨ ᠠᠵᠢᠯ ᠶᠠᠪᠤᠳᠠᠯ ᠬᠢᠵᠦ᠂ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠡᠯ᠎ᠡ ᠵᠦᠢ᠍ᠯ᠎ᠤᠨ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠦᠨᠡᠨ ᠬᠦ᠌ ᠪᠣᠳᠠᠲᠠᠢ ᠪᠥᠭᠡᠳ ᠨᠠᠷᠢᠯᠢᠭ ᠨᠠᠢ᠌ᠳᠠᠪᠤᠷᠢᠵᠢᠭᠤᠯᠬᠤ ᠬᠡᠷᠡᠭᠲᠡᠢ᠃

    ᠭᠢᠯᠪᠠᠷᠬᠠᠨ᠎ᠢ ᠬᠥᠭᠡᠭᠡᠴᠡᠯᠳᠦᠬᠦ ᠦᠭᠡᠢ ᠵᠣᠷᠢᠭᠲᠠᠨ ᠬᠥᠮᠥᠰ ᠢᠯᠠᠳᠠᠭ᠂ ᠬᠦᠴᠢᠷ᠎ᠠᠴᠠ ᠵᠠᠢ᠌ᠯᠠᠳᠠᠭ ᠦᠭᠡᠢ ᠬᠥᠮᠥᠰ ᠳᠠᠪᠰᠢᠳᠠᠭ᠃ ᠡᠨᠡ ᠵᠢᠯ᠎ᠤᠨ ᠬᠠᠷᠠᠯᠲᠠ ᠲᠡᠢ᠌ᠰᠢ ᠤᠷᠤᠭᠰᠢᠯᠠᠬᠤ᠎ᠳᠤ᠂ ᠪᠢᠳᠡᠨ᠎ᠳᠤ ᠨᠥᠬᠥᠴᠡᠯ ᠪᠤᠢ᠂ ᠰᠠᠭᠤᠷᠢ ᠪᠤᠢ᠂ ᠳᠠᠷᠤᠯᠲᠠ ᠪᠤᠢ᠂ ᠥᠷᠢᠰᠦᠯᠳᠦᠭᠡᠨ ᠪᠤᠢ᠂ ᠵᠠᠩᠭᠢᠯᠠᠭ᠎ᠠ᠎ᠨᠢ ᠬᠥᠭᠵᠢᠯᠲᠡ ᠵᠢᠨ ᠢᠲᠡᠭᠡᠯ ᠵᠣᠷᠢᠭ᠎ᠢ ᠪᠠᠲᠤ ᠰᠠᠬᠢᠵᠤ᠂ ᠠᠵᠢᠯ ᠬᠢᠵᠦ ᠦᠢ᠍ᠯᠡᠰ ᠪᠣᠰᠬᠠᠬᠤ ᠡᠷᠴᠢ ᠵᠣᠷᠢᠭ ᠰᠤᠯᠠᠷᠠᠬᠤ ᠦᠭᠡᠢ᠂ ᠬᠣᠢ᠌ᠷᠭᠤᠰᠢᠬᠤ ᠦᠭᠡᠢ ᠪᠠᠢ᠌ᠬᠤ ᠵᠢ ᠪᠠᠲᠤᠯᠠᠪᠠᠯ ᠵᠣᠬᠢᠨ᠎ᠠ᠃ ᠪᠦᠭᠦ ᠣᠷᠣᠨ᠎ᠤ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ ᠡᠷᠬᠡᠪᠰᠢ ᠠᠭᠤᠯᠠ ᠲᠣᠬᠢᠶᠠᠯᠳᠤᠪᠠᠯ ᠵᠠᠮ ᠨᠡᠭᠡᠭᠡᠵᠦ᠂ ᠤᠰᠤ ᠲᠠᠭ᠋ᠠᠷᠠᠪᠠᠯ ᠬᠥᠭᠥᠷᠭᠡ ᠲᠠᠯᠪᠢᠬᠤ ᠰᠥᠰᠥ ᠵᠣᠷᠢᠭ ᠵᠶ᠋ᠠᠷ ᠲᠠᠷᠢᠬᠢ ᠲᠣᠯᠣᠭ᠋ᠠᠢ᠎ᠪᠠᠨ ᠬᠥᠳᠡᠯᠭᠡᠵᠦ᠂ ᠰᠠᠨᠠᠭ᠋ᠠᠴᠢᠯᠠᠭ᠎ᠠ᠎ᠠᠴᠠ᠎ᠪᠠᠨ ᠵᠢᠳᠬᠦᠯ ᠴᠢᠷᠮᠠᠢ᠌ᠯᠭ᠎ᠠ ᠭᠠᠷᠭ᠋ᠠᠵᠤ᠂ ᠳᠠᠷᠤᠯᠲᠠ ᠵᠢᠨ ᠡᠮᠦᠨ᠎ᠡ ᠵᠣᠷᠢᠭᠲᠠᠢ᠎ᠪᠠᠷ ᠬᠦᠨᠳᠦ ᠡᠭᠦᠷᠭᠡ ᠵᠢ ᠡᠭᠦᠷᠭᠡᠯᠡᠵᠦ᠂ ᠥᠷᠢᠰᠦᠯᠳᠦᠭᠡᠨ᠎ᠤ ᠡᠮᠦᠨ᠎ᠡ ᠵᠣᠷᠢᠭᠲᠠᠢ᠎ᠪᠠᠷ ᠬᠠᠲᠠᠭᠤ ᠳᠠᠢ᠌ᠯᠠᠯᠳᠤᠭ᠋ᠠᠨ ᠬᠢᠵᠦ᠂ ᠠᠶᠤᠯ ᠲᠦᠭᠰᠢᠭᠦᠷᠢ ᠵᠢᠨ ᠡᠮᠦᠨ᠎ᠡ ᠵᠣᠷᠢᠭᠲᠠᠢ᠎ᠪᠠᠷ ᠰᠢᠪᠲᠤᠯᠤᠯᠲᠠ ᠬᠢᠵᠦ᠂ ᠪᠦᠭᠦ ᠵᠢᠯ᠎ᠤᠨ ᠡᠯ᠎ᠡ ᠵᠦᠢ᠍ᠯ᠎ᠤᠨ ᠬᠠᠷᠠᠯᠲᠠ ᠡᠭᠦᠷᠭᠡ᠎ᠪᠠᠨ ᠰᠠᠢ᠌ᠲᠤᠷ ᠪᠡᠶᠡᠯᠡᠭᠦᠯᠬᠦ᠎ᠳᠤ ᠲᠤᠰᠠᠲᠠᠢ ᠠᠷᠭ᠎ᠠ ᠰᠦᠪᠡᠭᠴᠢᠯᠡᠨ᠂ ᠦᠨᠡᠨ ᠪᠣᠳᠠᠲᠠᠢ ᠠᠷᠭ᠎ᠠ ᠭᠠᠷᠭ᠋ᠠᠵᠤ᠂ ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢᠨ ᠭᠣᠢ᠌ᠳᠠ ᠰᠠᠢ᠌ᠬᠠᠨ ᠬᠠᠷᠢᠭᠤᠯᠲᠠ ᠵᠢᠨ ᠬᠠᠭᠤᠳᠠᠰᠤ ᠵᠢ ᠲᠤᠰᠢᠶᠠᠬᠤ᠎ᠪᠠᠷ ᠴᠢᠷᠮᠠᠢ᠌ᠬᠤ ᠬᠡᠷᠡᠭᠲᠡᠢ᠃

    ᠡᠭᠦᠷᠭᠡ ᠮᠥᠷᠥᠨ᠎ᠳᠤ ᠪᠠᠢ᠌ᠭ᠎ᠠ ᠪᠣᠯᠬᠣᠷ ᠮᠢᠩᠭ᠋ᠠᠨ ᠪᠡᠷᠬᠡ ᠲᠦᠮᠡᠨ ᠪᠠᠷᠳᠠᠭ᠎ᠠ᠎ᠠᠴᠠ ᠠᠶᠤᠬᠤ ᠦᠭᠡᠢ᠂ ᠬᠠᠷᠢᠭᠤᠴᠠᠯᠭ᠎ᠠ ᠰᠡᠳᠬᠢᠯ᠎ᠳᠤ ᠪᠠᠢ᠌ᠭ᠎ᠠ ᠪᠣᠯᠬᠣᠷ ᠰᠠᠯᠬᠢ ᠪᠣᠷᠣᠭ᠋ᠠᠨ᠎ᠠᠴᠠ ᠵᠢᠷᠦᠬᠡᠰᠢᠶᠡᠬᠦ ᠦᠭᠡᠢ᠃ ᠪᠦᠭᠦ ᠣᠷᠣᠨ᠎ᠤ ᠥᠷᠭᠡᠨ ᠣᠯᠠᠨ ᠨᠠᠮ᠎ᠤᠨ ᠭᠡᠰᠢᠭᠦᠨ ᠺᠠᠳ᠋ᠷ ᠠᠵᠢᠯ ᠦᠢ᠍ᠯᠡᠰ ᠵᠶ᠋ᠡᠨ ᠰᠡᠳᠬᠢᠯ᠎ᠳᠡᠭᠡᠨ ᠪᠤᠳᠤᠵᠤ᠂ ᠡᠭᠦᠷᠭᠡ ᠬᠠᠷᠢᠭᠤᠴᠠᠯᠭ᠎ᠠ ᠡᠭᠦᠷᠭᠡᠯᠡᠨ᠂ ᠦᠨᠡᠨ ᠬᠦ᠌ ᠴᠢᠷᠮᠠᠢ᠌ᠨ ᠬᠠᠲᠠᠭᠤᠵᠢᠯᠲᠠᠢ ᠠᠵᠢᠯᠯᠠᠵᠤ᠂ ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠰᠦᠷ ᠳᠠᠯᠠᠢ᠌ᠴᠠᠲᠠᠢ ᠬᠦᠴᠦᠨ᠎ᠢ ᠨᠢᠭᠲᠠᠷᠠᠭᠤᠯᠵᠤ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ ᠲᠠᠯ᠎ᠠ᠎ᠪᠠᠷ ᠰᠢᠨ᠎ᠡ ᠵᠢᠳᠬᠦᠯ ᠴᠢᠷᠮᠠᠢ᠌ᠯᠭ᠎ᠠ ᠭᠠᠷᠭ᠋ᠠᠵᠤ᠂ ᠰᠢᠨ᠎ᠡ ᠬᠤᠪᠢ ᠨᠡᠮᠡᠷᠢ ᠦᠵᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠦᠢ᠍ᠯᠡᠳᠦᠯᠭᠡ ᠵᠢᠨ ᠰᠦᠷᠯᠢᠭ ᠰᠠᠢ᠌ᠬᠠᠨ ᠰᠢᠨ᠎ᠡ ᠬᠠᠭᠤᠳᠠᠰᠤ ᠵᠢ ᠲᠠᠰᠤᠷᠠᠯᠲᠠ ᠦᠭᠡᠢ ᠪᠢᠴᠢᠭᠯᠡᠬᠦ ᠬᠡᠷᠡᠭᠲᠡᠢ᠃

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ