ᠬᠡᠷᠡᠭᠯᠡᠭᠡ ᠪᠣᠯ ᠠᠵᠤ ᠠᠬᠤᠢ ᠵᠢᠨ ᠬᠥᠭᠵᠢᠯᠲᠡ ᠵᠢᠨ ᠬᠦᠴᠦᠲᠡᠢ ᠬᠥᠳᠡᠯᠭᠡᠭᠦᠷ ᠮᠥᠨ᠃ ᠥᠪᠥᠷ ᠮᠣᠩᠭᠣᠯ᠎ᠤᠨ 2025 ᠣᠨ᠎ᠤ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》 ᠳᠤ᠂ ᠡᠨᠡ ᠵᠢᠯ 《ᠬᠠᠩᠭ᠋ᠠᠯᠭ᠎ᠠ ᠬᠡᠷᠡᠭᠴᠡᠭᠡ ᠬᠣᠶᠠᠷ ᠲᠠᠯ᠎ᠠ ᠵᠢ ᠵᠣᠬᠢᠴᠠᠭᠤᠯᠤᠨ ᠬᠦᠴᠦᠯᠡᠬᠦ ᠵᠢ ᠪᠠᠷᠢᠮᠲᠠᠯᠠᠵᠤ᠂ ᠠᠷᠭ᠎ᠠ ᠪᠦᠭᠦᠨ᠎ᠢ ᠰᠦᠪᠡᠭᠴᠢᠯᠡᠨ ᠬᠡᠷᠡᠭᠯᠡᠭᠡ ᠵᠢ ᠬᠥᠭᠵᠢᠭᠡᠬᠦ》 ᠵᠡᠷᠭᠡ 11 ᠲᠠᠯ᠎ᠠ ᠵᠢᠨ ᠠᠵᠢᠯ᠎ᠢ ᠭᠣᠣᠯᠳᠠᠯᠭ᠎ᠠ᠎ᠲᠠᠢ ᠰᠠᠢ᠌ᠲᠤᠷ ᠬᠢᠬᠦ ᠵᠢ ᠳᠤᠷᠠᠳᠴᠠᠢ᠃
ᠣᠢ᠌ᠷ᠎ᠠ ᠵᠢᠨ ᠡᠳᠦᠷ᠎ᠤᠳ᠎ᠲᠤ ᠪᠦᠭᠦ ᠣᠷᠣᠨ᠎ᠤ ᠡᠯ᠎ᠡ ᠭᠠᠵᠠᠷ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ᠎ᠬᠢᠨ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠡᠷᠡᠭᠯᠡᠭᠡ ᠵᠢ ᠬᠥᠭᠵᠢᠭᠡᠬᠦ 《ᠲᠥᠯᠦᠪᠵᠢᠭᠦᠯᠭᠡ ᠵᠢᠨ ᠵᠢᠷᠤᠭ》᠎ᠢ ᠲᠣᠭᠲᠠᠭ᠋ᠠᠪᠠ᠃ ᠤᠯᠠᠨ ᠵᠶ᠋ᠠᠷ ᠵᠶ᠋ᠠᠨ ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠵᠤ᠂ ᠬᠡᠷᠡᠭᠯᠡᠭᠡᠨ᠎ᠤ 《ᠲᠥᠯᠦᠪᠵᠢᠭᠦᠯᠭᠡ ᠵᠢᠨ ᠵᠢᠷᠤᠭ》᠎ᠢ 《ᠪᠠᠢ᠌ᠯᠳᠤᠭ᠋ᠠᠨ᠎ᠤ ᠵᠢᠷᠤᠭ》᠂ 《ᠪᠣᠳᠠᠲᠤ ᠦᠵᠡᠮᠵᠢ ᠵᠢᠨ ᠵᠢᠷᠤᠭ》 ᠪᠣᠯᠭ᠋ᠠᠨ ᠬᠤᠪᠢᠷᠠᠭᠤᠯᠤᠨ᠎ᠠ ᠭᠡᠵᠦ ᠢᠯᠡᠳᠬᠡᠵᠡᠭᠡᠨ᠎ᠡ᠃
ᠬᠥᠳᠡᠯᠭᠡᠭᠦᠷ᠎ᠢ ᠢᠳᠡᠪᠬᠢᠵᠢᠭᠦᠯᠵᠦ ᠬᠡᠷᠡᠭᠯᠡᠭᠡᠨ᠎ᠤ ᠠᠮᠢᠵᠢᠷᠠᠯ᠎ᠤᠨ ᠬᠦᠴᠦᠨ᠎ᠢ ᠬᠥᠭᠵᠢᠭᠡᠨ᠎ᠡ
1 ᠰᠠᠷ᠎ᠠ ᠵᠢᠨ 17᠎ᠤ ᠡᠳᠦᠷ᠂ ᠬᠢᠩᠭ᠋ᠠᠨ ᠠᠢ᠌ᠮᠠᠭ 《ᠬᠢᠩᠭ᠋ᠠᠨ᠎ᠤ ᠴᠠᠭ᠋ᠠᠨ ᠰᠠᠷ᠎ᠠ ᠵᠢᠨ ᠪᠠᠷᠠᠭ᠋ᠠᠨ᠎ᠤ ᠨᠠᠢ᠌ᠷ · ᠳᠤᠮᠳᠠᠳᠤ ᠤᠯᠤᠰ᠎ᠤᠨ ᠴᠠᠭ᠋ᠠᠨ ᠰᠠᠷ᠎ᠠ᠎ᠪᠠᠨ ᠪᠡᠯᠭᠡᠯᠡᠬᠦ》 ᠲᠣᠮᠣ ᠭᠡᠯᠪᠡᠷᠢ ᠵᠢᠨ ᠴᠠᠭ᠋ᠠᠨ ᠰᠠᠷ᠎ᠠ ᠵᠢᠨ ᠪᠠᠷᠠᠭ᠎ᠠ ᠵᠢ ᠴᠤᠭ ᠵᠶ᠋ᠠᠷ ᠬᠤᠳᠠᠯᠳᠤᠨ ᠠᠪᠬᠤ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ ᠪᠠ ᠣᠨᠴᠠ ᠭᠠᠷᠤᠯᠲᠠ ᠵᠢᠨ ᠪᠣᠷᠤᠯᠠᠭᠤᠯᠭ᠎ᠠ ᠬᠥᠭᠵᠢᠶᠡᠨᠲᠡᠢ ᠶᠠᠪᠤᠬᠳᠠᠵᠠᠢ; 1 ᠰᠠᠷ᠎ᠠ ᠵᠢᠨ 20᠎ᠤ ᠡᠳᠦᠷ᠂ ᠤᠯᠠᠭ᠋ᠠᠨᠬᠠᠳᠠ ᠬᠣᠲᠠ ᠭᠡᠷ᠎ᠤᠨ ᠴᠠᠭᠢᠯᠭ᠋ᠠᠨ ᠬᠡᠷᠡᠭᠰᠡᠯ᠂ ᠲᠣᠭ᠋ᠠᠴᠢᠯᠠᠭᠰᠠᠨ ᠪᠦᠲᠦᠭᠡᠭᠳᠡᠬᠦᠨ᠎ᠳᠤ ᠨᠥᠬᠥᠪᠦᠷᠢ ᠥᠭᠬᠦ ᠠᠵᠢᠯᠯᠠᠭ᠎ᠠ ᠵᠢ ᠡᠬᠢᠯᠡᠭᠦᠯᠵᠦ᠂ ᠴᠥᠭᠡᠨ ᠪᠤᠰᠤ ᠬᠡᠷᠡᠭᠯᠡᠭᠴᠢᠳ᠎ᠤᠨ ᠠᠩᠬᠠᠷᠤᠯ᠎ᠢ ᠲᠠᠲᠠᠪᠠ ᠁
ᠴᠠᠭ᠋ᠠᠨ ᠰᠠᠷ᠎ᠠ ᠵᠢᠨ ᠬᠡᠷᠡᠭᠯᠡᠭᠡ ᠵᠢ ᠬᠥᠭᠵᠢᠭᠡᠵᠦ᠂ ᠬᠥᠭᠵᠢᠯᠲᠡ ᠵᠢᠨ ᠬᠥᠳᠡᠯᠭᠡᠭᠦᠷ᠎ᠢ ᠢᠳᠡᠪᠬᠢᠵᠢᠭᠦᠯᠦᠨ᠎ᠡ᠃ ᠪᠦᠭᠦ ᠣᠷᠣᠨ᠎ᠤ ᠡᠯ᠎ᠡ ᠭᠠᠵᠠᠷ᠎ᠤᠨ᠎ᠬᠢᠨ ᠪᠠᠶᠠᠷ᠎ᠤᠨ ᠡᠳᠦᠷ᠎ᠤᠨ ᠬᠡᠷᠡᠭᠴᠡᠭᠡ ᠱᠠᠭ᠋ᠠᠷᠳᠠᠯᠭ᠎ᠠ᠎ᠲᠠᠢ ᠨᠢᠭᠲᠠ ᠤᠶᠠᠯᠳᠤᠭᠤᠯᠵᠤ᠂ ᠬᠠᠩᠭ᠋ᠠᠯᠭ᠎ᠠ ᠵᠢ ᠪᠠᠲᠤᠯᠠᠨ᠂ ᠬᠡᠷᠡᠭᠯᠡᠭᠡ ᠵᠢ ᠠᠬᠢᠭᠤᠯᠵᠤ᠂ ᠲᠥᠷᠥ ᠵᠢᠨ ᠪᠣᠳᠣᠯᠭ᠎ᠠ ᠵᠢᠨ 《ᠬᠠᠮ ᠠᠷᠭ᠎ᠠ》 ᠭᠠᠷᠭ᠋ᠠᠵᠤ᠂ ᠪᠦᠭᠦ ᠵᠢᠯ᠎ᠤᠨ ᠬᠡᠷᠡᠭᠯᠡᠭᠡ ᠵᠢ ᠬᠥᠭᠵᠢᠭᠡᠬᠦ᠎ᠳᠤ ᠰᠠᠢ᠌ᠨ ᠰᠠᠭᠤᠷᠢ ᠲᠠᠯᠪᠢᠯ᠎ᠠ᠃
《2025 ᠣᠨ᠎ᠳᠤ ᠣᠷᠳᠣᠰ ᠬᠣᠲᠠ ᠬᠠᠩᠭ᠋ᠠᠯᠭ᠎ᠠ ᠬᠡᠷᠡᠭᠴᠡᠭᠡ ᠵᠢ ᠵᠣᠬᠢᠴᠠᠭᠤᠯᠤᠨ ᠬᠡᠷᠡᠭᠯᠡᠭᠡᠨ᠎ᠤ ᠳᠠᠯᠳᠠ ᠬᠦᠴᠦᠨ᠎ᠢ ᠬᠥᠭᠵᠢᠭᠡᠨ᠎ᠡ᠃ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠡᠷᠡᠭᠯᠡᠭᠡ ᠵᠢᠨ ᠵᠦᠢ᠍ᠯᠡᠰ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠲᠤᠰᠬᠠᠢ ᠠᠵᠢᠯᠯᠠᠭ᠎ᠠ ᠵᠢ ᠰᠠᠢ᠌ᠲᠤᠷ ᠨᠠᠢ᠌ᠳᠠᠪᠤᠷᠢᠵᠢᠭᠤᠯᠵᠤ᠂ ᠬᠡᠷᠡᠭᠴᠡᠭᠡ ᠱᠠᠭ᠋ᠠᠷᠳᠠᠯᠭ᠎ᠠ ᠵᠢᠨ ᠳᠠᠯᠳᠠ ᠬᠦᠴᠦᠨ᠎ᠢ ᠠᠭᠤᠳᠠᠯᠤᠨ᠂ ᠪᠦᠲᠦᠮᠵᠢᠲᠡᠶ ᠬᠠᠩᠭ᠋ᠠᠯᠭ᠎ᠠ ᠵᠢ ᠠᠬᠢᠭᠤᠯᠤᠨ᠎ᠠ᠃ ᠠᠩᠬ᠎ᠠ ᠲᠠᠷᠬᠠᠭ᠋ᠠᠬᠤ ᠠᠵᠤ ᠠᠬᠤᠢ᠂ ᠮᠥᠰᠥ ᠴᠠᠰᠤᠨ᠎ᠤ ᠠᠵᠤ ᠠᠬᠤᠢ᠂ ᠲᠠᠪᠴᠠᠩ᠎ᠤᠨ ᠠᠵᠤ ᠠᠬᠤᠢ ᠵᠡᠷᠭᠡ ᠣᠯᠠᠨ ᠡᠰᠢᠵᠢᠭᠰᠡᠨ ᠬᠡᠷᠡᠭᠯᠡᠭᠡᠨ᠎ᠤ ᠪᠠᠢ᠌ᠳᠠᠯ᠎ᠢ ᠥᠷᠭᠡᠳᠬᠡᠵᠦ᠂ 〈ᠳᠤᠯᠠᠭ᠋ᠠᠨ ᠬᠣᠲᠠ ᠵᠢᠨ ᠪᠠᠶᠠᠰᠤᠯᠳᠤ ᠬᠤᠳᠠᠯᠳᠤᠭ᠎ᠠ〉 ᠵᠢᠨ ᠠᠷᠠᠳ᠎ᠲᠤ ᠠᠰᠢᠭ ᠬᠦᠷᠲᠡᠭᠡᠬᠦ ᠨᠥᠬᠥᠪᠦᠷᠢ᠎ᠪᠠᠷ ᠬᠡᠷᠡᠭᠯᠡᠭᠡ ᠵᠢ ᠠᠬᠢᠭᠤᠯᠬᠤ ᠰᠢᠷᠢᠰ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠦᠨ᠎ᠡ᠃ ᠠᠩᠬᠠᠨ᠎ᠤ ᠳᠡᠯᠭᠡᠭᠦᠷ ᠬᠣᠰᠢᠭᠤᠴᠢ ᠳᠡᠯᠭᠡᠭᠦᠷ᠎ᠢ ᠣᠷᠣᠭᠤᠯᠤᠨ ᠠᠪᠴᠢᠷᠠᠬᠤ ᠲᠥᠷᠥ ᠵᠢᠨ ᠪᠣᠳᠣᠯᠭ᠎ᠠ ᠵᠢ ᠲᠣᠭᠲᠠᠭ᠋ᠠᠵᠤ᠂ ᠠᠩᠬᠠᠨ᠎ᠤ ᠳᠡᠯᠭᠡᠭᠦᠷ ᠬᠣᠰᠢᠭᠤᠴᠢ ᠳᠡᠯᠭᠡᠭᠦᠷ᠎ᠢ 30᠎ᠠᠴᠠ ᠳᠡᠭᠡᠭᠰᠢ ᠣᠷᠣᠭᠤᠯᠤᠨ ᠠᠪᠴᠢᠷᠠᠵᠤ᠂ 〈ᠨᠢᠭᠡ ᠮᠥᠴᠡ〉 ᠵᠢᠨ ᠠᠷᠠᠳ᠎ᠲᠤ ᠲᠥᠭᠦᠮ ᠦᠵᠡᠭᠦᠯᠭᠦ ᠠᠮᠢᠳᠤᠷᠠᠯ᠎ᠤᠨ ᠲᠣᠭᠣᠷᠢᠭ᠎ᠢ 35᠎ᠠᠴᠠ ᠳᠡᠭᠡᠭᠰᠢ ᠰᠢᠨ᠎ᠡ᠎ᠪᠠᠷ ᠪᠠᠢ᠌ᠭᠤᠯᠤᠨ᠎ᠠ᠃ ᠲᠦᠩ ᠯᠥᠸᠧ ᠸᠠᠨ ᠠᠭᠤᠳᠠᠮ ᠲᠠᠯᠠᠪᠠᠶ᠂ ᠸᠠᠨ ᠳ᠋ᠠ ᠵᠢᠨ ᠬᠣᠶᠠᠳᠤᠭ᠋ᠠᠷ ᠬᠤᠭᠤᠴᠠᠭ᠎ᠠ ᠵᠡᠷᠭᠡ ᠪᠦᠷᠢᠨ ᠪᠠᠷᠠᠭ᠋ᠠᠲᠤ ᠳᠡᠯᠭᠡᠭᠦᠷ ᠪᠠ ᠪᠠᠷᠠᠭ᠎ᠠ ᠬᠤᠳᠠᠯᠳᠤᠨ ᠠᠪᠬᠤ ᠲᠥᠪ᠎ᠤᠨ ᠦᠵᠡᠮᠵᠢᠲᠦ ᠲᠠᠯᠠᠪᠠᠶ ᠵᠢᠨ ᠥᠭᠡᠷᠡᠴᠢᠯᠡᠯᠲᠡ ᠵᠢ ᠠᠬᠢᠭᠤᠯᠵᠤ᠂ 〈ᠳᠤᠯᠠᠭ᠋ᠠᠨ ᠬᠣᠲᠠ ᠵᠢᠨ ᠪᠠᠶᠠᠰᠤᠯᠳᠤ ᠬᠤᠳᠠᠯᠳᠤᠭ᠎ᠠ〉 ᠵᠢᠨ ᠰᠦᠯᠵᠢᠶᠡᠨ ᠳᠡᠭᠡᠷᠡᠬᠢ ᠬᠡᠷᠡᠭᠯᠡᠭᠡᠨ᠎ᠤ ᠲᠠᠪᠴᠠᠩ᠎ᠢ ᠪᠠᠢ᠌ᠷᠢᠯᠠᠭᠤᠯᠤᠨ ᠬᠡᠷᠡᠭᠯᠡᠭᠡ᠎ᠳᠤ ᠲᠣᠭ᠋ᠠᠴᠢᠯᠠᠭᠰᠠᠨ ᠡᠨᠧᠷᠭᠢ ᠣᠯᠭᠣᠬᠤ ᠵᠢ ᠠᠬᠢᠭᠤᠯᠵᠤ᠂ ᠮᠠᠰᠢᠨ ᠲᠡᠷᠭᠡᠨ᠎ᠤ ᠪᠣᠷᠤᠯᠠᠭᠤᠯᠭ᠎ᠠ᠎ᠪᠠᠷ ᠭᠣᠣᠯ ᠪᠤᠯᠭ᠋ᠠᠬᠰᠠᠨ ᠣᠷᠣᠨ ᠪᠦᠰᠡ ᠵᠢᠨ ᠴᠢᠨᠠᠷᠲᠠᠢ ᠬᠡᠷᠡᠭᠯᠡᠭᠡᠨ᠎ᠤ ᠲᠥᠪ ᠬᠣᠲᠠ ᠵᠢ ᠪᠦᠲᠦᠭᠡᠨ ᠪᠠᠢ᠌ᠭᠤᠯᠵᠤ᠂ ᠣᠯᠠᠨ ᠲᠠᠰ ᠳᠠᠪᠬᠤᠷᠭ᠎ᠠ ᠣᠯᠠᠨ ᠶᠠᠩᠵᠤ ᠵᠢᠨ ᠬᠡᠷᠡᠭᠯᠡᠭᠡᠨ᠎ᠤ ᠰᠢᠰᠲ᠋ᠧᠮ᠎ᠢ ᠤᠯᠠᠮ ᠨᠢᠭᠡ ᠠᠯᠬᠤᠮ ᠪᠠᠢ᠌ᠭᠤᠯᠤᠨ᠎ᠠ》 ᠭᠡᠵᠦ ᠣᠷᠳᠣᠰ ᠬᠣᠲᠠ ᠵᠢᠨ ᠬᠤᠳᠠᠯᠳᠤᠭ᠋ᠠᠨ᠎ᠤ ᠶᠠᠪᠤᠳᠠᠯ᠎ᠤᠨ ᠲᠣᠪᠴᠢᠶ᠎ᠠ ᠵᠢᠨ ᠵᠠᠬ᠎ᠠ ᠳᠡᠯᠭᠡᠭᠦᠷ᠎ᠤᠨ ᠡᠷᠭᠢᠯᠲᠡ ᠪᠠ ᠬᠡᠷᠡᠭᠯᠡᠭᠡ ᠵᠢ ᠠᠬᠢᠭᠤᠯᠬᠤ ᠰᠠᠯᠠᠭ᠋ᠠᠨ᠎ᠤ ᠳᠠᠷᠤᠭ᠎ᠠ ᠵᠢᠨ ᠴᠧᠩ ᠬᠡᠯᠡᠨ᠎ᠡ᠃
ᠤᠯᠠᠭ᠋ᠠᠨᠬᠠᠳᠠ ᠬᠣᠲᠠ ᠵᠢᠨ ᠬᠤᠳᠠᠯᠳᠤᠭ᠋ᠠᠨ᠎ᠤ ᠶᠠᠪᠤᠳᠠᠯ᠎ᠤᠨ ᠲᠣᠪᠴᠢᠶ᠎ᠠ ᠵᠢᠨ ᠵᠠᠬ᠎ᠠ ᠳᠡᠯᠭᠡᠭᠦᠷ᠎ᠤᠨ ᠡᠷᠭᠢᠯᠲᠡ ᠪᠠ ᠬᠡᠷᠡᠭᠯᠡᠭᠡ ᠵᠢ ᠠᠬᠢᠭᠤᠯᠬᠤ ᠰᠠᠯᠠᠭ᠋ᠠᠨ᠎ᠤ ᠳᠠᠷᠤᠭ᠎ᠠ ᠵᠠᠩ ᠬᠤᠤ ᠨᠠᠨ ᠲᠠᠨᠢᠯᠴᠠᠭᠤᠯᠬᠤ᠎ᠳᠠᠭᠠᠨ᠂ 2025 ᠣᠨ᠎ᠳᠤ ᠤᠯᠠᠭ᠋ᠠᠨᠬᠠᠳᠠ ᠬᠣᠲᠠ ᠤᠯᠤᠰ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠨᠥᠬᠥᠪᠦᠷᠢ ᠵᠢᠨ ᠲᠥᠷᠥ ᠵᠢᠨ ᠪᠣᠳᠣᠯᠭ᠎ᠠ ᠵᠢ ᠪᠦᠭᠦ ᠬᠦᠴᠦᠨ ᠵᠶ᠋ᠡᠷ ᠵᠶ᠋ᠡᠨ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠮᠠᠰᠢᠨ ᠲᠡᠷᠭᠡ ᠵᠢ ᠬᠡᠷᠡᠭᠯᠡᠭᠡᠨ᠎ᠠᠴᠠ ᠭᠠᠷᠭ᠋ᠠᠵᠤ ᠰᠣᠯᠢᠬᠤ᠂ ᠭᠡᠷ᠎ᠤᠨ ᠵᠠᠰᠠᠯ ᠴᠢᠮᠡᠭᠯᠡᠯ ᠲᠣᠭᠣᠭ᠋ᠠᠨ ᠭᠡᠷ ᠪᠠ ᠵᠤᠷᠯᠤᠩ᠎ᠢ ᠥᠭᠡᠷᠡᠴᠢᠯᠡᠨ ᠰᠢᠨᠡᠳᠬᠡᠬᠦ ᠵᠡᠷᠭᠡ ᠬᠦᠷᠢᠶᠡᠨ᠎ᠳᠠᠬᠢ ᠨᠥᠬᠥᠪᠦᠷᠢ ᠵᠢᠨ ᠲᠤᠬᠠᠢ ᠬᠡᠷᠡᠭᠵᠢᠭᠦᠯᠬᠦ ᠨᠠᠷᠢᠨ ᠳᠦᠷᠢᠮ᠎ᠢ ᠲᠣᠭᠲᠠᠭ᠋ᠠᠨ᠎ᠠ᠃ 《1 + 5 + 6 + N》 ᠰᠢᠷᠢᠰ ᠬᠡᠷᠡᠭᠯᠡᠭᠡ ᠵᠢ ᠠᠬᠢᠭᠤᠯᠬᠤ ᠠᠵᠢᠯᠯᠠᠭ᠎ᠠ ᠵᠢᠨ ᠶᠡᠷᠦᠩᠬᠡᠢ ᠪᠦᠲᠦᠴᠡ ᠶᠣᠰᠣᠭ᠋ᠠᠷ 《ᠢᠦᠢ ᠯᠦᠩ᠎ᠤᠨ ᠱᠧᠩ ᠬᠣᠶ ᠵᠤᠭ᠎ᠠ ᠴᠡᠩᠭᠡᠯᠲᠦ ᠬᠡᠷᠡᠭᠯᠡᠭᠡ》 ᠭᠡᠬᠦ ᠠᠵᠢᠯᠯᠠᠭ᠎ᠠ ᠵᠢᠨ ᠲᠦᠷᠦᠯ ᠲᠡᠮᠳᠡᠭ᠎ᠢ ᠡᠭᠦᠳᠴᠦ᠂ ᠰᠢᠨ᠎ᠡ ᠵᠢᠯ᠂ ᠤᠷᠢᠬᠠᠨ ᠬᠠᠪᠤᠷ᠂ ᠳᠡᠯᠭᠡᠷ ᠵᠣᠨ᠂ ᠠᠯᠲᠠᠨ ᠨᠠᠮᠤᠷ᠂ ᠮᠥᠩᠭᠥᠨ ᠡᠪᠦᠯ ᠵᠡᠷᠭᠡ 5 ᠬᠡᠷᠡᠭᠯᠡᠭᠡᠨ᠎ᠤ ᠬᠤᠭᠤᠴᠠᠭ᠋ᠠᠨ᠎ᠤ ᠲᠣᠭᠣᠷᠢᠨ᠎ᠳᠤ ᠮᠠᠰᠢᠨ ᠲᠡᠷᠭᠡ᠂ ᠭᠡᠷ᠎ᠤᠨ ᠴᠠᠭᠢᠯᠭ᠋ᠠᠨ ᠬᠡᠷᠡᠭᠰᠡᠯ᠂ ᠢᠳᠡᠭᠡᠨ ᠤᠮᠳᠠᠭ᠋ᠠᠨ᠂ ᠭᠡᠲᠦ ᠳᠡᠯᠭᠡᠭᠦᠷ᠂ ᠠᠩᠬ᠎ᠠ ᠲᠠᠷᠬᠠᠭ᠋ᠠᠯᠲᠠ᠂ ᠮᠥᠰᠥ ᠴᠠᠰᠤ ᠵᠡᠷᠭᠡ 6 ᠭᠣᠣᠯᠳᠠᠯᠭ᠎ᠠ᠎ᠲᠠᠢ ᠬᠦᠷᠢᠶᠡᠨ᠎ᠳᠤ ᠬᠡᠷᠡᠭᠯᠡᠭᠡ ᠵᠢ ᠠᠬᠢᠭᠤᠯᠬᠤ ᠠᠵᠢᠯᠯᠠᠭ᠎ᠠ ᠵᠢ 1600 ᠲᠠᠯᠠᠪᠠᠶ᠎ᠠᠴᠠ ᠳᠡᠭᠡᠭᠰᠢ ᠥᠷᠨᠢᠭᠦᠯᠬᠦ᠎ᠪᠠᠷ ᠲᠥᠯᠥᠪᠯᠡᠵᠦ ᠪᠠᠢ᠌ᠨ᠎ᠠ᠃
ᠶᠡᠷᠦᠩᠬᠡᠢ᠌ᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ ᠬᠡᠷᠡᠭᠯᠡᠭᠡᠨ᠎ᠤ ᠳᠠᠯᠳᠠ ᠬᠦᠴᠦᠨ᠎ᠢ ᠠᠭᠤᠳᠠᠯᠤᠨ᠎ᠠ
ᠡᠭᠦᠷᠭᠡ ᠬᠠᠷᠢᠭᠤᠴᠠᠯᠭ᠎ᠠ ᠬᠥᠭᠵᠢᠯᠲᠡ ᠵᠢᠨ ᠴᠢᠭᠯᠡᠯ᠎ᠢ ᠬᠥᠲᠥᠯᠥᠨ ᠳᠠᠭ᠋ᠠᠭᠤᠯᠵᠤ᠂ ᠡᠭᠦᠷᠭᠡ ᠬᠠᠷᠢᠭᠤᠴᠠᠯᠭ᠎ᠠ ᠤᠷᠤᠭᠰᠢᠯᠠᠯᠲᠠ ᠵᠢᠨ ᠬᠦᠴᠦᠨ᠎ᠢ ᠨᠢᠭᠲᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ ᠲᠡᠭᠦᠰᠦᠭᠰᠡᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠬᠣᠶᠠᠷ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠬᠠᠯᠠᠭᠤᠨ ᠥᠷᠨᠢᠯᠲᠡ ᠭᠠᠷᠭ᠋ᠠᠵᠤ᠂ ᠲᠡᠷᠡ ᠳᠠᠷᠤᠢ᠎ᠳᠤ᠎ᠨᠢ ᠪᠦᠭᠦ ᠺᠠᠳ᠋ᠷ ᠠᠵᠢᠯᠲᠠᠨ᠎ᠢ ᠵᠣᠬᠢᠶᠠᠨ ᠪᠠᠢ᠌ᠭᠤᠯᠤᠨ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠵᠤ᠂ 《ᠬᠠᠩᠭ᠋ᠠᠯᠭ᠎ᠠ ᠬᠡᠷᠡᠭᠴᠡᠭᠡ ᠬᠣᠶᠠᠷ ᠲᠠᠯ᠎ᠠ ᠵᠢ ᠵᠣᠬᠢᠴᠠᠭᠤᠯᠤᠨ ᠬᠦᠴᠦᠯᠡᠬᠦ ᠵᠢ ᠪᠠᠷᠢᠮᠲᠠᠯᠠᠵᠤ᠂ ᠠᠷᠭ᠎ᠠ ᠪᠦᠭᠦᠨ᠎ᠢ ᠰᠦᠪᠡᠭᠴᠢᠯᠡᠨ ᠬᠡᠷᠡᠭᠯᠡᠭᠡ ᠵᠢ ᠬᠥᠭᠵᠢᠭᠡᠬᠦ》 ᠭᠣᠣᠯᠳᠠᠯᠭ᠎ᠠ᠎ᠲᠠᠢ ᠠᠵᠢᠯ᠎ᠤᠨ ᠲᠣᠭᠣᠷᠢᠨ᠎ᠳᠤ ᠠᠵᠢᠯ᠎ᠤᠨ ᠰᠡᠳᠬᠢᠮᠵᠢ᠎ᠪᠠᠨ ᠰᠢᠨᠡᠴᠢᠯᠡᠨ᠂ ᠠᠵᠢᠯ᠎ᠤᠨ ᠠᠷᠭ᠎ᠠ ᠬᠡᠮᠵᠢᠶ᠎ᠡ ᠭᠠᠷᠭ᠋ᠠᠪᠠ᠃
1 ᠰᠠᠷ᠎ᠠ ᠵᠢᠨ 18᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠭᠡᠷ᠎ᠤᠨ ᠴᠠᠭᠢᠯᠭ᠋ᠠᠨ ᠬᠡᠷᠡᠭᠰᠡᠯ᠂ ᠲᠣᠭ᠋ᠠᠴᠢᠯᠠᠭᠰᠠᠨ ᠪᠦᠲᠦᠭᠡᠭᠳᠡᠬᠦᠨ᠎ᠤ ᠬᠡᠷᠡᠭᠯᠡᠭᠡ᠎ᠳᠤ ᠨᠥᠬᠥᠪᠦᠷᠢ ᠥᠭᠬᠦ ᠵᠦᠢ᠍ᠯᠡᠰ᠎ᠤᠨ ᠠᠯᠪᠠᠨ ᠵᠠᠷ ᠨᠡᠢ᠌ᠲᠡᠯᠡᠵᠦ᠂ ᠤᠯᠤᠰ᠎ᠤᠨ ᠬᠣᠯᠪᠣᠭᠳᠠᠯ ᠪᠦᠬᠦᠢ ᠱᠠᠭ᠋ᠠᠷᠳᠠᠯᠭ᠎ᠠ ᠶᠣᠰᠣᠭ᠋ᠠᠷ 1 ᠰᠠᠷ᠎ᠠ ᠵᠢᠨ 20᠎ᠤ ᠡᠳᠦᠷ᠎ᠠᠴᠠ ᠡᠬᠢᠯᠡᠨ ᠪᠢᠴᠢᠯ ᠳᠣᠯᠭᠢᠶᠠᠨᠲᠤ ᠵᠤᠤᠬ᠎ᠠ᠂ ᠤᠰᠤ ᠴᠡᠪᠡᠷᠰᠢᠭᠦᠯᠦᠭᠴᠢ᠂ ᠠᠶᠠᠭ᠎ᠠ ᠤᠬᠢᠶᠠᠬᠤ ᠮᠠᠰᠢᠨ᠂ ᠴᠠᠭᠢᠯᠭ᠋ᠠᠨ ᠲᠣᠭᠣᠭ᠎ᠠ ᠵᠡᠷᠭᠡ 4 ᠲᠥᠷᠥᠯ᠎ᠤᠨ ᠭᠡᠷ᠎ᠤᠨ ᠴᠠᠭᠢᠯᠭ᠋ᠠᠨ ᠬᠡᠷᠡᠭᠰᠡᠯ ᠠᠪᠤᠪᠠᠯ ᠬᠡᠷᠡᠭᠯᠡᠭᠡᠨ᠎ᠤ ᠨᠥᠬᠥᠪᠦᠷᠢ ᠭᠦᠷᠳᠡᠭᠡᠨ᠎ᠠ; ᠬᠤᠪᠢ ᠬᠥᠮᠥᠨ ᠭᠠᠷ ᠤᠲᠠᠰᠤ᠂ ᠬᠠᠪᠲᠠᠰᠤᠨ ᠺᠤᠮᠫᠢᠥ᠋ᠲ᠋ᠧᠷ᠂ ᠣᠶᠤᠨᠴᠢ ᠭᠠᠷ ᠴᠠᠭ ᠵᠡᠷᠭᠡ 3 ᠲᠥᠷᠥᠯ᠎ᠤᠨ ᠲᠣᠭ᠋ᠠᠴᠢᠯᠠᠭᠰᠠᠨ ᠦᠢ᠍ᠯᠡᠳᠬᠦᠨ᠎ᠤ ᠪᠠᠷᠠᠭ᠎ᠠ ᠠᠪᠬᠤ᠎ᠳᠤ ᠦᠨ᠎ᠡ ᠬᠠᠩᠰᠢ᠎ᠨᠢ 6000 ᠲᠥᠭᠥᠷᠢᠭ᠎ᠠᠴᠠ ᠬᠡᠲᠦᠷᠡᠬᠦ ᠦᠭᠡᠢ ᠦᠶ᠎ᠡ᠎ᠳᠤ ᠬᠤᠳᠠᠯᠳᠤᠭ᠋ᠠᠨ᠎ᠤ ᠰᠢᠨ᠎ᠡ ᠨᠥᠬᠥᠪᠦᠷᠢ ᠬᠦᠷᠲᠡᠭᠡᠵᠦ᠂ ᠬᠥᠮᠥᠨ ᠪᠦᠷᠢ᠎ᠳᠤ ᠲᠥᠷᠥᠯ ᠪᠦᠷᠢ ᠵᠢᠨ 1 ᠪᠠᠷᠠᠭ᠎ᠠ᠎ᠳᠤᠨᠢ ᠨᠥᠬᠥᠪᠦᠷᠢ ᠣᠯᠭᠣᠵᠤ᠂ ᠪᠠᠷᠠᠭ᠎ᠠ ᠪᠣᠯᠭ᠋ᠠᠨ᠎ᠳᠤ 500 ᠲᠥᠭᠥᠷᠢᠭ᠎ᠠᠴᠠ ᠳᠠᠪᠠᠭᠤᠯᠬᠤ ᠦᠭᠡᠢ᠃
ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠬᠠᠮᠢᠶ᠎ᠠ ᠪᠦᠬᠦᠢ ᠰᠠᠯᠠᠭ᠋ᠠᠨ᠎ᠤ ᠬᠠᠷᠢᠭᠤᠴᠠᠯᠭ᠋ᠠᠲᠠᠨ ᠲᠠᠨᠢᠯᠴᠠᠭᠤᠯᠬᠤ᠎ᠳᠠᠭᠠᠨ᠄ 《ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠠᠴᠠ ᠤᠯᠤᠰ᠎ᠤᠨ ᠪᠠ ᠥᠪᠡᠷᠲᠡᠭᠡᠨ ᠵᠠᠰᠠᠬᠤ ᠣᠷᠣᠨ᠎ᠤ ᠬᠡᠷᠡᠭᠯᠡᠭᠡ ᠵᠢ ᠬᠥᠭᠵᠢᠭᠡᠬᠦ ᠲᠤᠰᠬᠠᠢ ᠠᠵᠢᠯᠯᠠᠭ᠎ᠠ ᠵᠢᠨ ᠪᠠᠢ᠌ᠷᠢᠯᠠᠭᠤᠯᠤᠯᠲᠠ ᠵᠢ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠠᠬᠢ ᠪᠥᠭᠡᠮ ᠲᠠᠸᠠᠷ᠎ᠤᠨ ᠬᠡᠷᠡᠭᠯᠡᠭᠡ ᠵᠢ ᠠᠬᠢᠭᠤᠯᠬᠤ ᠲᠤᠬᠠᠢ ᠱᠠᠭ᠋ᠠᠷᠳᠠᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠡᠷᠡᠭᠯᠡᠭᠡ ᠵᠢᠨ ᠲᠠᠰ ᠳᠡᠪᠰᠢᠬᠦ ᠬᠠᠨᠳᠤᠰᠢ᠎ᠳᠤ ᠵᠣᠬᠢᠴᠠᠭᠤᠯᠤᠨ᠂ 2025 ᠣᠨ᠎ᠤ ᠬᠡᠷᠡᠭᠯᠡᠭᠡ ᠵᠢᠨ ᠵᠦᠢ᠍ᠯᠡᠰ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠠᠵᠢᠯ᠎ᠢ ᠭᠣᠣᠯᠳᠠᠯᠭ᠎ᠠ᠎ᠲᠠᠢ ᠬᠡᠷᠡᠭᠵᠢᠭᠦᠯᠵᠦ᠂ ᠲᠤᠬᠠᠢ ᠵᠢᠨ ᠭᠠᠵᠠᠷ ᠣᠷᠣᠨ᠎ᠤ ᠪᠣᠳᠠᠲᠤ ᠪᠠᠢ᠌ᠳᠠᠯ᠎ᠳᠤ ᠲᠣᠬᠢᠷᠠᠭᠤᠯᠤᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠲᠣᠭᠲᠠᠭ᠋ᠠᠨ᠂ ᠨᠥᠬᠥᠪᠦᠷᠢ ᠭᠤᠶᠤᠴᠢᠯᠠᠨ ᠠᠪᠬᠤ ᠲᠠᠰ ᠳᠠᠷᠠᠭ᠋ᠠᠯᠠᠯ᠎ᠢ ᠳᠥᠭᠥᠮᠴᠢᠯᠡᠵᠦ᠂ ᠰᠢᠨ᠎ᠡ ᠡᠨᠧᠷᠭᠢ ᠵᠢᠨ ᠮᠠᠰᠢᠨ ᠲᠡᠷᠭᠡ᠂ ᠣᠶᠤᠨᠴᠢ ᠭᠡᠷ᠎ᠤᠨ ᠴᠠᠭᠢᠯᠭ᠋ᠠᠨ ᠬᠡᠷᠡᠭᠰᠡᠯ ᠭᠡᠷ᠎ᠤᠨ ᠡᠳ᠋ᠯᠡᠯ ᠬᠡᠷᠡᠭᠰᠡᠯ᠂ ᠲᠣᠭ᠋ᠠᠴᠢᠯᠠᠭᠰᠠᠨ ᠦᠢ᠍ᠯᠡᠳᠬᠦᠨ ᠮᠡᠲᠦ ᠵᠢᠨ ᠬᠡᠷᠡᠭᠯᠡᠭᠡᠨ᠎ᠤ ᠳᠠᠯᠳᠠ ᠬᠦᠴᠦᠨ᠎ᠢ ᠪᠦᠲᠦᠮᠵᠢᠲᠡᠶ ᠬᠥᠭᠵᠢᠭᠡᠵᠦ᠂ ᠰᠢᠨ᠎ᠡ ᠡᠨᠧᠷᠭᠢ ᠵᠢᠨ ᠮᠠᠰᠢᠨ ᠲᠡᠷᠭᠡ ᠰᠣᠯᠢᠬᠤ᠂ ᠭᠡᠷ᠎ᠤᠨ ᠴᠠᠭᠢᠯᠭ᠋ᠠᠨ ᠬᠡᠷᠡᠭᠰᠡᠯ ᠵᠶ᠋ᠡᠨ ᠣᠶᠤᠨᠴᠢ ᠴᠠᠭᠢᠯᠭ᠋ᠠᠨ ᠬᠡᠷᠡᠭᠰᠡᠯ ᠵᠶ᠋ᠡᠷ ᠰᠣᠯᠢᠬᠤ᠂ ᠭᠡᠷ᠎ᠤᠨ ᠵᠠᠰᠠᠯ ᠴᠢᠮᠡᠭᠯᠡᠯ ᠲᠣᠭᠣᠭ᠋ᠠᠨ ᠭᠡᠷ ᠪᠠ ᠵᠤᠷᠯᠤᠩ ᠵᠶ᠋ᠡᠨ ᠵᠠᠰᠠᠨ ᠰᠢᠨᠡᠳᠬᠡᠬᠦ ᠵᠢ᠎ᠨᠢ ᠬᠦᠴᠦᠯᠡᠨ ᠠᠬᠢᠭᠤᠯᠤᠨ᠎ᠠ》 ᠭᠡᠵᠡᠢ᠃
《ᠪᠢᠳᠡ ᠨᠢᠭᠡᠨᠲᠡ 〈ᠥᠪᠡᠷᠲᠡᠭᠡᠨ ᠵᠠᠰᠠᠬᠤ ᠣᠷᠣᠨ᠎ᠤ 2025 ᠣᠨ᠎ᠳᠤ ᠶᠡᠬᠡ ᠬᠡᠪᠴᠢᠶᠡᠨ᠎ᠤ ᠲᠣᠨᠣᠭ ᠲᠥᠬᠦᠭᠡᠷᠦᠮᠵᠢ ᠵᠢ ᠰᠢᠨᠡᠳᠬᠡᠬᠦ ᠪᠠ ᠬᠡᠷᠡᠭᠯᠡᠭᠡᠨ᠎ᠤ ᠵᠦᠢ᠍ᠯᠡᠰ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠲᠥᠷᠥ ᠵᠢᠨ ᠪᠣᠳᠣᠯᠭ᠎ᠠ ᠵᠢ ᠬᠦᠴᠦᠯᠡᠨ ᠬᠡᠷᠡᠭᠵᠢᠭᠦᠯᠬᠦ ᠲᠤᠬᠠᠢ ᠮᠡᠳᠡᠭᠳᠡᠯ〉᠎ᠢ ᠰᠤᠳᠤᠯᠤᠨ ᠲᠤᠭᠤᠷᠪᠢᠵᠤ᠂ ᠲᠣᠨᠣᠭ ᠲᠥᠬᠦᠭᠡᠷᠦᠮᠵᠢ ᠵᠢ ᠰᠢᠨᠡᠳᠬᠡᠬᠦ ᠵᠢ ᠬᠦᠴᠦᠯᠡᠨ ᠠᠬᠢᠭᠤᠯᠬᠤ᠂ ᠬᠡᠷᠡᠭᠯᠡᠭᠡᠨ᠎ᠤ ᠵᠦᠢ᠍ᠯᠡᠰ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ ᠥᠷᠭᠡᠳᠬᠡᠨ ᠳᠡᠮᠵᠢᠬᠦ᠂ ᠡᠭᠡᠭᠦᠯᠦᠨ ᠬᠤᠷᠢᠶᠠᠵᠤ ᠡᠷᠭᠢᠯᠳᠦᠭᠦᠯᠦᠨ ᠠᠰᠢᠭᠯᠠᠬᠤ ᠲᠦᠪᠰᠢᠨ᠎ᠢ ᠲᠦᠷᠭᠡᠳᠬᠡᠨ ᠳᠡᠭᠡᠭᠰᠢᠯᠡᠭᠦᠯᠭᠦ ᠵᠡᠷᠭᠡ ᠲᠠᠯ᠎ᠠ᠎ᠪᠠᠷ᠎ᠬᠢ ᠬᠠᠮᠢᠶ᠎ᠠ ᠪᠦᠬᠦᠢ ᠭᠣᠣᠯᠳᠠᠯᠭ᠎ᠠ᠎ᠲᠠᠢ ᠡᠭᠦᠷᠭᠡ ᠵᠢᠴᠢ ᠠᠵᠢᠯ᠎ᠤᠨ ᠬᠤᠪᠢᠶᠠᠷᠢᠯᠠᠯ᠎ᠢ ᠲᠣᠬᠢᠷᠠᠭᠤᠯᠤᠨ ᠪᠠᠢ᠌ᠷᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ 2025 ᠣᠨ᠎ᠳᠤ ᠬᠡᠪᠴᠢᠶ᠎ᠡ ᠵᠢ ᠥᠷᠭᠡᠳᠬᠡᠨ 〈ᠬᠣᠶᠠᠷ ᠰᠢᠨ᠎ᠡ〉 ᠵᠢᠨ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠦᠨᠡᠨ ᠬᠦ᠌ ᠠᠬᠢᠭᠤᠯᠤᠨ᠎ᠠ》 ᠭᠡᠵᠦ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠣᠷᠴᠢᠨ ᠲᠣᠭᠣᠷᠢᠨ᠎ᠤ ᠡᠬᠢ ᠪᠠᠶᠠᠯᠢᠭ᠎ᠤᠨ ᠭᠠᠵᠠᠷ᠎ᠤᠨ ᠳᠠᠷᠤᠭ᠎ᠠ ᠸᠠᠩ ᠶᠧ ᠲᠠᠨᠢᠯᠴᠠᠭᠤᠯᠤᠨ᠎ᠠ᠃
2025 ᠣᠨ᠎ᠳᠤ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠬᠡᠷᠡᠭᠯᠡᠭᠡ ᠵᠢᠨ ᠬᠦᠷᠢᠶᠡᠨ᠎ᠳᠠᠬᠢ ᠲᠣᠪᠣᠢ᠌ᠮ᠎ᠠ ᠠᠰᠠᠭᠤᠳᠠᠯ᠎ᠢ ᠪᠦᠭᠦ ᠲᠠᠯ᠎ᠠ᠎ᠪᠠᠷ ᠵᠠᠰᠠᠵᠤ᠂ ᠠᠮᠤᠷ ᠲᠦᠪᠰᠢᠨ ᠪᠥᠭᠡᠳ ᠦᠨᠡᠨᠴᠢ ᠢᠲᠡᠭᠡᠮᠵᠢᠲᠡᠢ ᠬᠡᠷᠡᠭᠯᠡᠭᠡ ᠵᠢᠨ ᠣᠷᠴᠢᠨ ᠨᠥᠬᠥᠴᠡᠯ᠎ᠢ ᠬᠦᠴᠦᠯᠡᠨ ᠪᠤᠶ ᠪᠤᠯᠭ᠋ᠠᠬᠤ᠎ᠪᠠᠷ 3 ᠲᠠᠯ᠎ᠠ ᠵᠢᠨ ᠠᠵᠢᠯ᠎ᠢ ᠰᠠᠢ᠌ᠲᠤᠷ ᠬᠢᠬᠦ ᠪᠣᠯᠣᠨ᠎ᠠ᠃ ᠡᠩ ᠲᠡᠷᠢᠭᠦᠨ᠎ᠳᠤ ᠪᠠᠷᠢᠮᠵᠢᠶ᠎ᠠ᠎ᠪᠠᠷ ᠬᠡᠷᠡᠭᠯᠡᠭᠡᠨ᠎ᠤ ᠬᠡᠪᠴᠢᠶ᠎ᠡ ᠵᠢ ᠥᠷᠭᠡᠳᠬᠡᠨ ᠲᠡᠰ ᠳᠡᠪᠰᠢᠭᠦᠯᠬᠦ ᠵᠢ ᠬᠥᠲᠥᠯᠥᠨ ᠳᠠᠭ᠋ᠠᠭᠤᠯᠤᠨ᠎ᠠ; ᠲᠠᠷᠠᠭ᠎ᠠ᠎ᠨᠢ ᠵᠣᠷᠢᠭ ᠰᠢᠭᠤᠳᠤᠨ ᠬᠡᠷᠡᠭᠯᠡᠭᠡᠨ᠎ᠤ ᠬᠦᠷᠢᠶᠡᠨ᠎ᠤ ᠬᠦᠴᠢᠷ ᠲᠦᠪᠡᠭ᠎ᠲᠠᠢ ᠠᠰᠠᠭᠤᠳᠠᠯ᠎ᠢ ᠰᠢᠢ᠍ᠳᠪᠦᠷᠢᠯᠡᠨ᠎ᠡ; ᠳᠠᠭᠢᠪᠠᠯ᠂ ᠬᠡᠷᠡᠭᠯᠡᠭᠴᠢᠳ᠎ᠤᠨ ᠬᠠᠤᠯᠢ ᠶᠣᠰᠣᠨ᠎ᠤ ᠡᠷᠬᠡ ᠠᠰᠢᠭ ᠵᠶ᠋ᠠᠨ ᠬᠠᠮᠠᠭ᠋ᠠᠯᠠᠬᠤ ᠠᠵᠢᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠭᠦ᠎ᠪᠠᠷ ᠪᠤᠢ᠃