ᠮᠠᠯ ᠠᠵᠤ ᠠᠬᠤᠢ ᠲᠠᠷᠢᠶᠠᠯᠠᠩ ᠪᠣᠯ ᠤᠯᠤᠰ᠎ᠢ ᠲᠣᠭᠲᠠᠨᠢᠭᠤᠯᠬᠤ ᠦᠨᠳᠦᠰᠦ᠂ ᠤᠯᠤᠰ᠎ᠢ ᠬᠦᠴᠦᠷᠬᠡᠭᠵᠢᠭᠦᠯᠬᠦ ᠰᠠᠭᠤᠷᠢ ᠮᠥᠨ᠃ ᠥᠪᠥᠷ ᠮᠣᠩᠭᠣᠯ᠎ᠤᠨ 2025 ᠣᠨ᠎ᠤ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠳᠤ᠂ ᠡᠨᠡ ᠵᠢᠯ 《ᠮᠠᠯ ᠠᠵᠤ ᠠᠬᠤᠢ ᠲᠠᠷᠢᠶᠠᠯᠠᠩ᠎ᠢ ᠣᠳᠣᠬᠢᠴᠢᠯᠠᠭᠰᠠᠨ ᠲᠣᠮᠣ ᠠᠵᠤ ᠦᠢ᠍ᠯᠡᠰ ᠪᠣᠯᠭ᠋ᠠᠨ ᠪᠦᠲᠦᠭᠡᠨ ᠪᠠᠢ᠌ᠭᠤᠯᠬᠤ᠎ᠪᠠᠷ ᠴᠢᠷᠮᠠᠢ᠌ᠬᠤ᠂ ᠣᠳᠣᠬᠢᠴᠢᠯᠠᠭᠰᠠᠨ ᠰᠢᠨ᠎ᠡ ᠮᠠᠯᠵᠢᠬᠤ ᠲᠠᠷᠢᠶᠠᠯᠠᠬᠤ ᠣᠷᠣᠨ᠎ᠢ ᠲᠦᠷᠭᠡᠳᠬᠡᠨ ᠪᠦᠲᠦᠭᠡᠨ ᠪᠠᠢ᠌ᠭᠤᠯᠬᠤ》 ᠵᠡᠷᠭᠡ 11 ᠵᠦᠢ᠍ᠯ᠎ᠤᠨ ᠠᠵᠢᠯ᠎ᠢ ᠭᠣᠣᠯᠳᠠᠯᠭ᠎ᠠ᠎ᠲᠠᠢ ᠰᠠᠢ᠌ᠲᠤᠷ ᠬᠢᠨ᠎ᠡ ᠭᠡᠵᠦ ᠳᠤᠷᠠᠳᠤᠭᠰᠠᠨ ᠪᠥᠭᠡᠳ ᠮᠠᠯ ᠠᠵᠤ ᠠᠬᠤᠢ ᠲᠠᠷᠢᠶᠠᠯᠠᠩ᠎ᠤᠨ ᠬᠥᠭᠵᠢᠯᠲᠡ᠎ᠳᠤ ᠠᠯᠢ ᠣᠯᠠᠨ ᠰᠢᠨ᠎ᠡ ᠪᠠᠢ᠌ᠷᠢᠯᠠᠭᠤᠯᠤᠯᠲᠠ᠂ ᠰᠢᠨ᠎ᠡ ᠱᠠᠭ᠋ᠠᠷᠳᠠᠯᠭ᠎ᠠ᠂ ᠰᠢᠨ᠎ᠡ ᠬᠠᠷᠠᠯᠲᠠ ᠳᠤᠷᠠᠳᠴᠤ᠂ ᠬᠥᠳᠡᠭᠡ ᠲᠣᠰᠬᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠢ ᠠᠬᠢᠭᠤᠯᠬᠤ᠎ᠳᠤ ᠴᠢᠭᠯᠡᠯ᠎ᠢ ᠵᠢᠭ᠋ᠠᠨ᠂ ᠰᠡᠳᠬᠢᠮᠵᠢ ᠵᠢ ᠲᠣᠳᠣᠷᠬᠠᠢ᠌ᠯᠠᠵᠤ᠂ ᠡᠷᠴᠢ ᠵᠣᠷᠢᠭ᠎ᠢ ᠬᠥᠪᠴᠢᠯᠡᠭᠰᠡᠨ ᠪᠠᠢ᠌ᠨ᠎ᠠ᠃
ᠪᠣᠳᠠᠲᠠᠢ ᠠᠵᠢᠯᠯᠠᠬᠤ᠎ᠪᠠᠷ ᠰᠢᠨ᠎ᠡ ᠡᠭᠦᠷᠭᠡᠯᠡᠯ᠎ᠢ ᠲᠣᠳᠣᠷᠠᠭᠤᠯᠵᠤ᠂ ᠪᠣᠳᠠᠲᠠᠢ ᠠᠮᠵᠢᠯᠲᠠ᠎ᠪᠠᠷ ᠰᠢᠨ᠎ᠡ ᠵᠢᠳᠬᠦᠯ ᠴᠢᠷᠮᠠᠢ᠌ᠯᠭ᠎ᠠ ᠵᠢ ᠢᠯᠡᠷᠡᠭᠦᠯᠦᠨ᠎ᠡ᠃ ᠣᠢ᠌ᠷ᠎ᠠ᠎ᠳᠤ ᠮᠠᠨ᠎ᠤ ᠣᠷᠣᠨ᠎ᠤ ᠡᠯ᠎ᠡ ᠭᠠᠵᠠᠷ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ᠎ᠬᠢᠨ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠱᠠᠭ᠋ᠠᠷᠳᠠᠯᠭ᠎ᠠ ᠰᠢᠨ᠎ᠡ ᠬᠠᠷᠠᠯᠲᠠ᠎ᠲᠠᠢ ᠬᠠᠷᠭᠤᠭᠤᠯᠤᠨ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠵᠣᠷᠢᠭ ᠰᠠᠨᠠᠭ᠎ᠠ ᠵᠢ ᠪᠣᠳᠠᠲᠠᠢ ᠠᠵᠢᠯ᠎ᠲᠠᠢ ᠤᠶᠠᠯᠳᠤᠭᠤᠯᠪᠠ᠃
ᠮᠠᠯ ᠠᠵᠤ ᠠᠬᠤᠢ ᠲᠠᠷᠢᠶᠠᠯᠠᠩ᠎ᠤᠨ ᠶᠡᠷᠦᠩᠬᠡᠢ᠌ᠯᠡᠭᠰᠡᠨ ᠦᠢ᠍ᠯᠡᠳᠪᠦᠷᠢᠯᠡᠯ᠎ᠤᠨ ᠴᠢᠳᠠᠪᠤᠷᠢ ᠵᠢ ᠳᠡᠭᠡᠭᠰᠢᠯᠡᠭᠦᠯᠦᠨ᠎ᠡ
ᠰᠤᠷᠪᠤᠯᠵᠢᠯᠠᠬ᠍ᠴᠢ ᠤᠯᠠᠭ᠋ᠠᠨᠬᠠᠳᠠ ᠬᠣᠲᠠ ᠵᠢᠨ ᠬᠠᠷᠠᠴᠢᠨ ᠬᠣᠰᠢᠭᠤᠨ᠎ᠤ ᠮᠦ᠍ ᠱ᠌ᠢ ᠪᠦᠯᠦᠭᠯᠡᠯ᠎ᠤᠨ ᠣᠳᠣᠬᠢᠴᠢᠯᠠᠭᠰᠠᠨ ᠮᠢᠬᠠᠨ᠎ᠤ ᠦᠬᠡᠷ ᠲᠡᠵᠢᠭᠡᠨ ᠦᠷᠡᠵᠢᠭᠦᠯᠬᠦ ᠵᠢᠱ᠌ᠢᠶ᠎ᠡ ᠦᠵᠡᠭᠦᠯᠭᠦ ᠰᠠᠭᠤᠷᠢᠨ᠎ᠳᠤ ᠬᠦᠷᠬᠦᠯᠡᠷ ᠪᠠᠷᠢᠮᠵᠢᠶᠠᠵᠢᠭᠰᠠᠨ ᠲᠡᠵᠢᠭᠡᠨ ᠦᠷᠡᠵᠢᠭᠦᠯᠬᠦ ᠲᠥᠬᠦᠭᠡᠷᠦᠮᠵᠢ᠂ ᠣᠶᠤᠨᠴᠢᠯᠠᠭᠰᠠᠨ ᠬᠠᠮᠢᠶᠠᠷᠤᠯᠲᠠ ᠵᠢᠨ ᠰᠢᠰᠲ᠋ᠧᠮ ᠭᠠᠵᠠᠷ ᠪᠣᠯᠭ᠋ᠠᠨ᠎ᠳᠤ ᠬᠠᠷᠠᠭᠳᠠᠨ᠎ᠠ᠃
《ᠲᠡᠵᠢᠭᠡᠬᠦ᠂ ᠴᠢᠭᠢᠭ ᠳᠤᠯᠠᠭ᠋ᠠᠨ᠎ᠢ ᠬᠡᠮᠵᠢᠬᠦ᠂ ᠠᠷᠢᠭᠤᠳᠬᠠᠬᠤ᠂ ᠴᠡᠪᠡᠷᠯᠡᠬᠦ᠂ ᠰᠠᠯᠬᠢ ᠨᠡᠪᠲᠡᠷᠡᠭᠦᠯᠬᠦ ᠵᠢᠴᠢ ᠢᠯᠭ᠋ᠠᠳᠠᠰᠤᠨᠤ ᠪᠣᠬᠢᠷᠳᠤᠯ᠎ᠢ ᠳᠠᠭᠢᠨ ᠠᠰᠢᠭᠯᠠᠬᠤ᠎ᠳᠤ ᠴᠥᠮ ᠬᠥᠮᠥᠨ᠎ᠤ ᠬᠦᠴᠦ ᠬᠡᠷᠡᠭᠰᠡᠬᠦ ᠦᠭᠡᠢ᠂ 3000 ᠦᠬᠡᠷ ᠲᠡᠵᠢᠭᠡᠬᠦ᠎ᠳᠤ ᠭᠤᠷᠪᠠ ᠳᠥᠷᠪᠡᠬᠡᠨ ᠬᠥᠮᠥᠨ ᠪᠠᠢ᠌ᠪᠠᠯ ᠪᠣᠯᠴᠢᠬᠠᠨ᠎ᠠ》 ᠭᠡᠵᠦ ᠲᠡᠵᠢᠭᠡᠨ ᠦᠷᠡᠵᠢᠭᠦᠯᠬᠦ ᠰᠠᠭᠤᠷᠢᠨ᠎ᠤ ᠠᠵᠢᠯᠴᠢᠨ ᠲᠠᠨᠢᠯᠴᠠᠭᠤᠯᠵᠤ ᠭᠠᠷᠤᠯ᠎ᠠ᠃
ᠮᠠᠯ ᠠᠵᠤ ᠠᠬᠤᠢ ᠲᠠᠷᠢᠶᠠᠯᠠᠩ᠎ᠤᠨ ᠲᠣᠮᠣ ᠣᠷᠣᠨ ᠪᠣᠯᠤᠭᠰᠠᠨ᠎ᠤ ᠬᠤᠪᠢ᠎ᠳᠤ ᠥᠪᠥᠷ ᠮᠣᠩᠭᠣᠯ ᠠᠮᠤ ᠪᠤᠳᠠᠭ᠎ᠠ ᠪᠠ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠭᠠᠷᠤᠯᠲᠠ ᠵᠢ ᠲᠣᠭᠲᠠᠪᠤᠷᠢᠵᠢᠭᠤᠯᠤᠨ ᠬᠠᠩᠭ᠋ᠠᠯᠭ᠎ᠠ ᠵᠢ ᠪᠠᠲᠤᠯᠠᠬᠤ ᠬᠦᠨᠳᠦ ᠡᠭᠦᠷᠭᠡ ᠵᠢ ᠡᠭᠦᠷᠭᠡᠯᠡᠵᠦ ᠪᠤᠶ᠃ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠳᠡᠳ᠋ ᠳᠠᠷᠤᠭ᠎ᠠ ᠵᠣᠣ ᠶᠦᠩ ᠰᠢᠶᠠᠩ᠄ 《〈ᠲᠠᠪᠤ ᠵᠢ ᠨᠢᠭᠡᠳᠦᠯᠲᠡᠢ ᠲᠥᠯᠥᠪᠵᠢᠭᠦᠯᠬᠦ〉 ᠵᠢ ᠭᠣᠣᠯᠳᠠᠯᠭ᠎ᠠ᠎ᠲᠠᠢ ᠰᠠᠢ᠌ᠲᠤᠷ ᠠᠳᠬᠤᠵᠤ᠂ 〈ᠳᠤᠮᠳᠠᠳᠤ ᠤᠯᠤᠰ᠎ᠤᠨ ᠪᠤᠳᠠᠭ᠋ᠠᠨ ᠠᠶᠠᠭ᠎ᠠ〉᠎ᠳᠤ ᠨᠠᠩ ᠣᠯᠠᠨ ᠨᠠᠩ ᠴᠢᠨᠠᠷ ᠰᠠᠢ᠌ᠲᠠᠢ 〈ᠥᠪᠥᠷ ᠮᠣᠩᠭᠣᠯ᠎ᠤᠨ ᠠᠮᠤ ᠪᠤᠳᠠᠭ᠎ᠠ〉 ᠵᠢ ᠰᠠᠪᠠᠯᠠᠨ᠎ᠠ》 ᠭᠡᠯᠡ᠃ 2024 ᠣᠨ᠎ᠳᠤ ᠥᠪᠥᠷ ᠮᠣᠩᠭᠣᠯ᠎ᠤᠨ ᠦᠬᠡᠷ ᠬᠣᠨᠢᠨ ᠮᠢᠬ᠎ᠠ᠂ ᠦᠨᠢᠶᠡᠨ ᠰᠦ ᠵᠢᠨ ᠭᠠᠷᠤᠯᠲᠠ ᠪᠦᠭᠦ ᠤᠯᠤᠰ᠎ᠲᠤ ᠨᠢᠭᠡᠳᠦᠭᠡᠷ᠎ᠲᠤ ᠵᠢᠭᠰᠠᠵᠤ᠂ ᠰᠦ ᠮᠢᠬ᠎ᠠ ᠲᠥᠮᠥᠰᠥ ᠨᠣᠣᠯᠣᠭᠤᠷ ᠵᠡᠷᠭᠡ 7 ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠵᠢᠨ ᠦᠢ᠍ᠯᠡᠳᠬᠦᠨ᠎ᠤ ᠥᠷᠲᠡᠭ 7000 ᠳ᠋ᠦᠩᠰᠢᠭᠤᠷ ᠲᠥᠭᠥᠷᠢᠭ᠎ᠢ ᠳᠠᠪᠠᠵᠠᠢ᠃
ᠵᠣᠣ ᠶᠦᠩ ᠰᠢᠶᠠᠩ᠂ ᠨᠢᠭᠡ᠎ᠳᠤ ᠪᠦᠲᠦᠮᠵᠢᠲᠡᠶ ᠵᠠᠬ᠎ᠠ ᠳᠡᠯᠭᠡᠭᠦᠷ ᠪᠠ ᠵᠠᠰᠠᠭ᠎ᠤᠨ ᠣᠷᠳᠣᠨ᠎ᠤ ᠬᠠᠷᠢᠴᠠᠭ᠎ᠠ ᠵᠢ ᠨᠢᠭᠡᠳᠦᠯᠲᠡᠢ ᠲᠥᠯᠥᠪᠵᠢᠭᠦᠯᠵᠦ᠂ ᠲᠥᠷᠥᠯ ᠵᠦᠢ᠍ᠯ᠎ᠤᠨ ᠬᠠᠮᠢᠶᠠᠷᠤᠯᠲᠠ ᠪᠠ ᠨᠥᠬᠥᠪᠦᠷᠢ ᠣᠯᠭᠣᠬᠤ ᠲᠣᠭᠲᠠᠴᠠ ᠵᠢ ᠵᠢᠷᠤᠮᠵᠢᠭᠤᠯᠤᠨ᠂ ᠠᠮᠵᠢᠯᠲᠠ ᠪᠦᠲᠦᠮᠵᠢ ᠵᠢᠨ ᠦᠨᠡᠯᠡᠯᠲᠡ ᠵᠢᠨ ᠦᠷ᠎ᠡ ᠳ᠋ᠦᠩ᠎ᠢ ᠪᠡᠯᠡ ᠮᠥᠩᠭᠥ ᠵᠢᠨ ᠬᠤᠪᠢᠶᠠᠷᠢᠯᠠᠯᠲᠠ᠎ᠲᠠᠢ ᠬᠣᠯᠪᠣᠭᠳᠠᠭᠤᠯᠵᠤ᠂ ᠪᠡᠯᠡ ᠮᠥᠩᠭᠥ ᠰᠢᠯᠵᠢᠭᠦᠯᠦᠨ ᠥᠭᠬᠦ ᠠᠬᠢᠴᠠ ᠵᠢ ᠲᠥᠷᠥᠯ ᠵᠦᠢ᠍ᠯ᠎ᠤᠨ ᠬᠤᠪᠢᠶᠠᠷᠢᠯᠠᠯᠲᠠ᠎ᠲᠠᠢ ᠬᠣᠯᠪᠣᠭᠳᠠᠭᠤᠯᠵᠤ᠂ ᠡᠳ᠋᠎ᠤᠨ ᠵᠠᠰᠠᠭ᠎ᠤᠨ ᠪᠡᠯᠡ ᠮᠥᠩᠭᠥ ᠵᠢᠨ ᠬᠡᠷᠡᠭᠯᠡᠯᠲᠡ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃ ᠬᠣᠶᠠᠷ᠎ᠲᠤ ᠶᠡᠷᠦᠩᠬᠡᠢ ᠬᠠᠩᠭ᠋ᠠᠯᠭ᠎ᠠ ᠪᠣᠯᠣᠨ ᠶᠡᠷᠦᠩᠬᠡᠢ ᠬᠡᠷᠡᠭᠴᠡᠭᠡ ᠵᠢᠨ ᠬᠠᠷᠢᠴᠠᠭ᠎ᠠ ᠵᠢ ᠨᠢᠭᠡᠳᠦᠯᠲᠡᠢ ᠲᠥᠯᠥᠪᠵᠢᠭᠦᠯᠵᠦ᠂ ᠠᠵᠤ ᠦᠢ᠍ᠯᠡᠰ᠎ᠤᠨ ᠪᠦᠲᠦᠴᠡ ᠵᠢ ᠰᠢᠯᠢᠳᠡᠭᠵᠢᠭᠦᠯᠵᠦ᠂ 《ᠨᠤᠲᠤᠭ᠎ᠤᠨ ᠣᠨᠴᠠ ᠭᠠᠷᠤᠯᠲᠠ》 ᠵᠢᠨ ᠠᠵᠢᠯ᠎ᠢ ᠰᠠᠢ᠌ᠲᠤᠷ ᠬᠢᠵᠦ᠂ ᠲᠠᠷᠢᠶᠠᠯᠠᠩ ᠮᠠᠯ ᠠᠵᠤ ᠠᠬᠤᠢ ᠰᠣᠶᠣᠯ ᠵᠢᠭᠤᠯᠴᠢᠯᠠᠯ᠎ᠤᠨ ᠠᠭᠤᠰᠤᠯᠴᠠᠨ ᠬᠥᠭᠵᠢᠬᠦ ᠵᠢ ᠠᠬᠢᠭᠤᠯᠤᠨ᠎ᠠ᠃ ᠠᠵᠤ ᠠᠬᠤᠢ᠌ᠯᠠᠯ᠎ᠤᠨ ᠭᠣᠣᠯ ᠬᠡᠷᠡᠭᠯᠡᠭᠡ ᠵᠢᠨ ᠭᠠᠵᠠᠷ ᠣᠷᠣᠨ᠎ᠳᠤ ᠠᠵᠢᠯᠯᠠᠭ᠋ᠠᠨ᠎ᠤ ᠶᠡᠷᠦᠩᠬᠡᠢ᠌ᠯᠡᠭᠰᠡᠨ ᠤᠷᠢᠳᠠᠴᠢ ᠬᠥᠮᠥᠷᠭᠡ᠂ ᠡᠵᠡᠩᠨᠡᠨ ᠪᠣᠷᠣᠯᠠᠭᠤᠯᠬᠤ ᠲᠥᠪ ᠪᠠ ᠡᠵᠡᠩᠨᠡᠨ ᠪᠣᠷᠣᠯᠠᠭᠤᠯᠬᠤ ᠳᠡᠯᠭᠡᠭᠦᠷ ᠪᠠᠢ᠌ᠷᠢᠯᠠᠭᠤᠯᠬᠤ ᠵᠢ ᠳᠡᠮᠵᠢᠨ᠎ᠠ᠃ ᠭᠤᠷᠪᠠ᠎ᠳᠤ ᠰᠢᠨ᠎ᠡ ᠬᠥᠳᠡᠯᠭᠡᠬᠦ ᠬᠦᠴᠦᠨ᠎ᠢ ᠪᠣᠢ᠌ᠵᠢᠭᠤᠯᠬᠤ ᠪᠠ ᠬᠠᠭᠤᠴᠢᠨ ᠬᠥᠳᠡᠯᠭᠡᠬᠦ ᠬᠦᠴᠦᠨ᠎ᠢ ᠰᠢᠨᠡᠳᠬᠡᠬᠦ ᠵᠢᠨ ᠬᠠᠷᠢᠴᠠᠭ᠎ᠠ ᠵᠢ ᠨᠢᠭᠡᠳᠦᠯᠲᠡᠢ ᠲᠥᠯᠥᠪᠵᠢᠭᠦᠯᠵᠦ᠂ ᠤᠷᠢᠳᠠᠪᠠᠷ ᠰᠢᠨ᠎ᠡ ᠵᠢ ᠪᠠᠢ᠌ᠭᠤᠯᠵᠤ ᠳᠠᠷᠠᠭ᠎ᠠ᠎ᠨᠢ ᠬᠠᠭᠤᠴᠢᠨ᠎ᠢ ᠡᠪᠳᠡᠬᠦ ᠵᠢ ᠪᠠᠷᠢᠮᠲᠠᠯᠠᠵᠤ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠡᠳ᠋ᠰᠢᠭᠦᠯᠬᠦ ᠵᠢ ᠦᠨᠡᠨ ᠬᠦ᠌ ᠰᠠᠢ᠌ᠲᠤᠷ ᠠᠳᠬᠤᠵᠤ᠂ ᠲᠥᠬᠥᠭᠡᠷᠦᠮᠵᠢᠲᠦ ᠲᠠᠷᠢᠶᠠᠯᠠᠩ᠂ ᠬᠠᠰᠢᠶᠠᠯᠠᠨ ᠲᠡᠵᠢᠭᠡᠬᠦ ᠪᠠ ᠬᠦᠷᠢᠶ᠎ᠡ ᠬᠠᠰᠢᠶᠠᠨ᠎ᠤ ᠠᠵᠤ ᠠᠬᠤᠢ ᠵᠢ ᠶᠡᠬᠡ᠎ᠪᠠᠷ ᠬᠥᠭᠵᠢᠭᠦᠯᠵᠦ᠂ ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠵᠢ ᠪᠠᠢ᠌ᠭᠤᠯᠤᠨ ᠬᠦᠴᠦᠷᠬᠡᠭᠵᠢᠭᠦᠯᠦᠨ᠎ᠡ᠃ ᠪᠡᠯᠴᠢᠭᠡᠷ᠎ᠤᠨ ᠳᠠᠭ᠋ᠠᠭ᠋ᠠᠴᠠ᠎ᠠᠴᠠ ᠬᠡᠲᠦᠷᠡᠲᠡᠯ᠎ᠡ ᠪᠡᠯᠴᠢᠭᠡᠷᠯᠡᠭᠦᠯᠬᠦ ᠠᠰᠠᠭᠤᠳᠠᠯ᠎ᠢ ᠪᠦᠭᠦ ᠲᠠᠯ᠎ᠠ᠎ᠪᠠᠷ ᠰᠠᠢ᠌ᠲᠤᠷ ᠰᠢᠢ᠍ᠳᠪᠦᠷᠢᠯᠡᠵᠦ᠂ ᠡᠪᠡᠰᠦ ᠪᠣᠷᠳᠣᠭ᠎ᠠ ᠮᠢᠬ᠎ᠠ ᠵᠢᠨ ᠠᠭᠤᠰᠤᠯᠴᠠᠨ ᠬᠥᠭᠵᠢᠬᠦ ᠵᠢ ᠠᠬᠢᠭᠤᠯᠤᠨ᠎ᠠ᠃ ᠤᠮᠠᠷᠠᠲᠤ ᠬᠢᠯᠢ ᠵᠢᠨ ᠰᠣᠶᠣᠯ᠎ᠤᠨ ᠪᠠᠢ᠌ᠭᠤᠯᠤᠯᠲᠠ ᠵᠢ ᠳᠡᠭᠡᠭᠰᠢᠯᠡᠭᠦᠯᠭᠦ ᠠᠵᠢᠯᠯᠠᠭ᠎ᠠ ᠵᠢ ᠬᠡᠷᠡᠭᠵᠢᠭᠦᠯᠵᠦ᠂ ᠣᠳᠣᠬᠢᠴᠢᠯᠠᠭᠰᠠᠨ ᠰᠢᠨ᠎ᠡ ᠮᠠᠯᠵᠢᠬᠤ ᠲᠠᠷᠢᠶᠠᠯᠠᠬᠤ ᠣᠷᠣᠨ᠎ᠢ ᠪᠦᠲᠦᠭᠡᠨ ᠪᠠᠢ᠌ᠭᠤᠯᠤᠨ᠎ᠠ᠃ ᠳᠥᠷᠪᠡ᠎ᠳᠤ ᠨᠡᠮᠡᠭᠳᠡᠯ᠎ᠢ ᠰᠢᠯᠢᠳᠡᠭᠵᠢᠭᠦᠯᠬᠦ ᠪᠠ ᠬᠠᠳᠠᠭ᠋ᠠᠯᠠᠯᠲᠠ ᠵᠢ ᠴᠢᠯᠦᠭᠡᠲᠡᠢ ᠪᠤᠯᠭ᠋ᠠᠬᠤ ᠬᠠᠷᠢᠴᠠᠭ᠎ᠠ ᠵᠢ ᠨᠢᠭᠡᠳᠦᠯᠲᠡᠢ ᠲᠥᠯᠥᠪᠵᠢᠭᠦᠯᠦᠨ ᠰᠠᠢ᠌ᠲᠤᠷ ᠬᠢᠵᠦ᠂ ᠮᠠᠯᠵᠢᠬᠤ ᠲᠠᠷᠢᠶᠠᠯᠠᠬᠤ ᠣᠷᠣᠨ᠎ᠤ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠭᠠᠵᠠᠷ ᠰᠢᠷᠣᠢ ᠵᠢᠨ ᠬᠣᠶᠠᠳᠠᠭᠢ ᠡᠭᠡᠯᠵᠢ ᠵᠢᠨ ᠳᠠᠭ᠋ᠠᠭ᠋ᠠᠴᠢᠯᠠᠯᠲᠠ ᠵᠢ ᠤᠷᠲᠤᠳᠬᠠᠬᠤ ᠲᠤᠷᠰᠢᠯᠲᠠ ᠵᠢᠨ ᠴᠡᠭ ᠪᠠ ᠰᠢᠨ᠎ᠡ᠎ᠪᠠᠷ ᠨᠡᠮᠡᠭᠳᠡᠭᠰᠡᠨ ᠲᠠᠷᠢᠶᠠᠨ ᠭᠠᠵᠠᠷ᠎ᠢ ᠵᠢᠷᠤᠮᠵᠢᠭᠤᠯᠤᠨ ᠬᠠᠮᠢᠶᠠᠷᠴᠤ ᠠᠰᠢᠭᠯᠠᠬᠤ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠤᠯᠠ ᠲᠠᠯᠪᠢᠵᠤ ᠪᠠᠢ᠌ᠭ᠎ᠠ ᠲᠠᠷᠢᠶᠠᠴᠢᠳ᠎ᠤᠨ ᠭᠡᠷ ᠪᠠᠢ᠌ᠰᠢᠩ᠎ᠢ ᠠᠮᠢᠳᠤᠯᠢᠭ ᠵᠶ᠋ᠡᠷ ᠠᠰᠢᠭᠯᠠᠬᠤ ᠪᠠ ᠠᠲᠠᠷ ᠬᠠᠭ᠋ᠠᠯᠪᠤᠷᠢᠯᠠᠯᠲᠠ ᠵᠢᠨ ᠥᠭᠡᠷᠡᠴᠢᠯᠡᠯᠲᠡ ᠵᠢ ᠰᠠᠢ᠌ᠲᠤᠷ ᠠᠳᠬᠤᠨ᠎ᠠ᠃ ᠲᠠᠪᠤ᠎ᠳᠤ ᠶᠠᠰᠤ ᠴᠢᠨᠠᠷ᠎ᠢ ᠳᠡᠭᠡᠭᠰᠢᠯᠡᠭᠦᠯᠭᠦ ᠪᠠ ᠶᠡᠷᠦᠩᠬᠡᠢ ᠬᠡᠮᠵᠢᠶ᠎ᠡ ᠵᠢ ᠪᠤᠵᠠᠭ᠋ᠠᠢ᠌ᠷᠠᠭᠤᠯᠬᠤ ᠵᠢᠨ ᠬᠠᠷᠢᠴᠠᠭ᠎ᠠ ᠵᠢ ᠨᠢᠭᠡᠳᠦᠯᠲᠡᠢ ᠲᠥᠯᠥᠪᠵᠢᠭᠦᠯᠵᠦ᠂ 800 ᠲᠦᠮᠡᠨ ᠮᠦ᠍᠎ᠠᠴᠠ ᠳᠡᠭᠡᠭᠰᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠪᠦᠲᠦᠭᠡᠨ ᠪᠠᠢ᠌ᠭᠤᠯᠵᠤ᠂ ᠲᠠᠯᠠᠪᠠᠶ ᠨᠢᠭᠡᠴᠢ ᠵᠢᠨ ᠤᠨᠠᠯᠲᠠ ᠵᠢ ᠶᠡᠬᠡ ᠬᠡᠪᠴᠢᠶ᠎ᠡ᠎ᠪᠠᠷ ᠳᠡᠭᠡᠭᠰᠢᠯᠡᠭᠦᠯᠭᠦ ᠠᠵᠢᠯᠯᠠᠭ᠎ᠠ᠂ ᠵᠠᠭᠤᠨ ᠲᠦᠮᠡᠨ ᠮᠢᠬᠠᠨ᠎ᠤ ᠦᠬᠡᠷ ᠪᠣᠷᠳᠣᠬᠤ ᠠᠵᠢᠯᠯᠠᠭ᠎ᠠ ᠵᠢ ᠬᠡᠷᠡᠭᠵᠢᠭᠦᠯᠵᠦ᠂ ᠠᠮᠤ ᠪᠤᠳᠠᠭ᠎ᠠ ᠮᠢᠬ᠎ᠠ ᠰᠦ ᠵᠢᠨ ᠶᠡᠷᠦᠩᠬᠡᠢ᠌ᠯᠡᠭᠰᠡᠨ ᠦᠢ᠍ᠯᠡᠳᠪᠦᠷᠢᠯᠡᠯ᠎ᠤᠨ ᠴᠢᠳᠠᠪᠤᠷᠢ ᠵᠢ ᠳᠡᠭᠡᠭᠰᠢᠯᠡᠭᠦᠯᠦᠨ᠎ᠡ ᠭᠡᠪᠡ᠃
ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠵᠠᠬ᠎ᠠ ᠳᠡᠯᠭᠡᠭᠦᠷ᠎ᠤᠨ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠦᠨ᠎ᠠ
《ᠭᠡᠷ᠎ᠤᠨ ᠡᠭᠦᠳᠡᠨ᠎ᠠᠴᠠ᠎ᠪᠠᠨ ᠥᠪᠥᠷ ᠮᠣᠩᠭᠣᠯ᠎ᠤᠨ ᠴᠢᠨᠠᠷ ᠰᠠᠢ᠌ᠲᠠᠢ ᠦᠬᠡᠷ ᠬᠣᠨᠢᠨ ᠮᠢᠬ᠎ᠠ᠂ ᠲᠤᠲᠤᠷᠭ᠎ᠠ ᠥᠨᠳᠡᠭᠡ ᠰᠦ ᠬᠤᠳᠠᠯᠳᠤᠨ ᠠᠪᠴᠤ ᠳᠡᠢ᠌ᠯᠭᠦ ᠪᠣᠯᠵᠠᠢ》 ᠭᠡᠵᠦ 《ᠥᠪᠥᠷ ᠮᠣᠩᠭᠣᠯ》 ᠨᠡᠷᠡᠮᠵᠢᠲᠤ ᠪᠡᠭᠡᠵᠢᠩ᠎ᠤᠨ ᠳᠡᠯᠭᠡᠨ ᠪᠣᠷᠣᠯᠠᠭᠤᠯᠬᠤ ᠲᠥᠪ᠎ᠲᠤ ᠲᠣᠭᠣᠷᠢᠵᠤ ᠪᠠᠢ᠌ᠭ᠎ᠠ ᠪᠡᠭᠡᠵᠢᠩ ᠬᠤᠳᠠ ᠵᠢᠨ ᠠᠷᠠᠳ ᠵᠠᠩ ᠫᠧᠩ ᠯᠧ ᠪᠠᠶᠠᠷᠲᠠᠢ᠌ᠬᠠᠨ ᠬᠡᠯᠡᠨ᠎ᠡ᠃
ᠣᠢ᠌ᠷ᠎ᠠ᠎ᠳᠤ 《ᠥᠪᠥᠷ ᠮᠣᠩᠭᠣᠯ ᠨᠡᠷᠡᠮᠵᠢᠲᠤ》 ᠪᠡᠭᠡᠵᠢᠩ᠎ᠤᠨ ᠳᠡᠯᠭᠡᠨ ᠪᠣᠷᠣᠯᠠᠭᠤᠯᠬᠤ ᠲᠥᠪ ᠲᠤᠷᠰᠢᠨ ᠡᠵᠡᠩᠨᠡᠬᠦ ᠱᠠᠲᠤᠨ᠎ᠳᠤ ᠣᠷᠣᠵᠤ᠂ 120 ᠭᠠᠷᠤᠢ 《ᠥᠪᠥᠷ ᠮᠣᠩᠭᠣᠯ ᠨᠡᠷᠡᠮᠵᠢᠲᠤ》 ᠦᠨᠡᠮᠯᠡᠯ ᠣᠯᠣᠭᠰᠠᠨ ᠠᠵᠤ ᠠᠬᠤᠢ᠌ᠯᠠᠯ 1000 ᠭᠠᠷᠤᠢ ᠵᠦᠢ᠍ᠯ᠎ᠤᠨ ᠴᠢᠨᠠᠷ ᠰᠠᠢ᠌ᠲᠠᠢ ᠪᠣᠬᠢᠷᠳᠤᠯ ᠦᠭᠡᠢ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ ᠵᠶ᠋ᠡᠨ ᠳᠡᠯᠭᠡᠨ ᠦᠵᠡᠭᠦᠯᠵᠦ᠂ ᠨᠡᠢ᠌ᠰᠯᠡᠯ᠎ᠤᠨ ᠬᠡᠷᠡᠭᠯᠡᠭᠴᠢᠳ᠎ᠲᠤ ᠲᠠᠯ᠎ᠠ ᠨᠤᠲᠤᠭ᠎ᠠᠴᠠ ᠢᠷᠡᠭᠰᠡᠨ 《ᠢᠳᠡᠭᠡᠨ᠎ᠤ ᠳᠡᠭᠡᠵᠢ》 ᠵᠢᠨ ᠦᠪᠡᠳᠡᠭᠰᠢ ᠨᠠᠢ᠌ᠷ᠎ᠢ ᠦᠵᠡᠭᠦᠯᠪᠡ᠃
ᠶᠠᠰᠤ ᠴᠢᠨᠠᠷ ᠵᠶ᠋ᠡᠷ ᠲᠠᠷᠢᠶᠠᠯᠠᠩ᠎ᠢ ᠬᠥᠭᠵᠢᠭᠦᠯᠵᠦ᠂ ᠲᠦᠷᠦᠯ ᠲᠡᠮᠳᠡᠭ ᠵᠶ᠋ᠡᠷ ᠲᠠᠷᠢᠶᠠᠴᠢᠳ᠎ᠢ ᠪᠠᠶᠠᠵᠢᠭᠤᠯᠤᠨ᠎ᠠ᠃ 2025 ᠣᠨ᠎ᠳᠤ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ 《ᠥᠪᠥᠷ ᠮᠣᠩᠭᠣᠯ ᠨᠡᠷᠡᠮᠵᠢᠲᠤ》 ᠳᠦᠷᠢᠮ᠎ᠤᠨ ᠰᠢᠰᠲ᠋ᠧᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ᠂ 《ᠥᠪᠥᠷ ᠮᠣᠩᠭᠣᠯ ᠨᠡᠷᠡᠮᠵᠢᠲᠤ》 ᠲᠥᠷᠥᠯ ᠲᠡᠮᠳᠡᠭ᠎ᠤᠨ ᠳᠠᠮᠵᠢᠭᠤᠯᠭ᠎ᠠ ᠵᠢ ᠴᠢᠩᠭ᠋ᠠᠳᠬᠠᠬᠤ᠂ 《ᠥᠪᠥᠷ ᠮᠣᠩᠭᠣᠯ ᠨᠡᠷᠡᠮᠵᠢᠲᠤ》 ᠠᠵᠢᠯ᠎ᠢ ᠬᠠᠤᠯᠢ ᠶᠣᠰᠣᠭ᠋ᠠᠷ ᠰᠢᠨᠵᠢᠯᠡᠬᠦ ᠤᠬᠠᠭ᠋ᠠᠨᠴᠢ᠎ᠪᠠᠷ ᠥᠨᠳᠥᠷ ᠪᠦᠲᠦᠮᠵᠢᠲᠡᠶ᠎ᠪᠠᠷ ᠠᠬᠢᠭᠤᠯᠬᠤ ᠵᠡᠷᠭᠡ ᠣᠯᠠᠨ ᠲᠠᠯ᠎ᠠ᠎ᠠᠴᠠ ᠭᠠᠷᠳᠠᠵᠤ᠂ ᠲᠠᠯ᠎ᠠ ᠨᠤᠲᠤᠭ᠎ᠠᠴᠠ ᠢᠷᠡᠭᠰᠡᠨ ᠠᠮᠲᠠᠲᠤ ᠦᠨᠦᠷ ᠠᠮᠲᠠ ᠵᠢ ᠪᠦᠭᠦ ᠤᠯᠤᠰ᠎ᠲᠤ ᠬᠦᠷᠭᠡᠬᠦ ᠪᠣᠯᠣᠨ᠎ᠠ᠃ ᠡᠭᠦᠨ᠎ᠤ ᠬᠠᠮᠲᠤ 《ᠥᠪᠥᠷ ᠮᠣᠩᠭᠣᠯ ᠨᠡᠷᠡᠮᠵᠢᠲᠤ》 ᠵᠢ ᠤᠬᠠᠭᠤᠯᠤᠨ ᠲᠠᠨᠢᠯᠴᠠᠭᠤᠯᠬᠤ ᠠᠵᠢᠯ᠎ᠢ ᠭᠦᠨᠵᠡᠭᠡᠢ ᠥᠷᠨᠢᠭᠦᠯᠵᠦ᠂ ᠪᠦᠷᠢᠨ ᠵᠠᠭᠤᠴᠢᠯᠠᠭᠤᠷ᠂ ᠣᠯᠠᠨ ᠲᠠᠯᠠᠲᠤ᠂ ᠥᠷᠭᠡᠨ ᠬᠡᠪᠴᠢᠶᠡᠨ᠎ᠤ ᠤᠬᠠᠭᠤᠯᠭ᠎ᠠ ᠵᠢᠨ ᠵᠢᠭᠰᠠᠭ᠋ᠠᠯ᠎ᠢ ᠪᠤᠶ ᠪᠣᠯᠭ᠋ᠠᠨ᠎ᠠ᠃ ᠰᠦᠯᠵᠢᠶᠡᠨ ᠳᠡᠭᠡᠷ᠎ᠡ ᠪᠠ ᠪᠣᠳᠠᠲᠤ ᠴᠣᠭᠴᠠ᠎ᠳᠤ ᠲᠤᠰᠬᠠᠢ ᠲᠣᠭᠣᠷᠢᠭ ᠲᠣᠬᠢᠷᠠᠭᠤᠯᠬᠤ᠂ ᠲᠤᠰᠬᠠᠢ ᠣᠷᠳᠣᠨ ᠨᠡᠭᠡᠭᠡᠬᠦ᠂ ᠲᠤᠰᠬᠠᠢ ᠲᠠᠯᠠᠪᠠᠶ ᠡᠷᠭᠢᠯᠡᠭᠦ ᠵᠢᠴᠢ ᠦᠵᠡᠰᠭᠦᠯᠡᠩ᠂ ᠳᠡᠯᠭᠡᠨ ᠪᠣᠷᠤᠯᠠᠭᠤᠯᠭ᠎ᠠ᠎ᠳᠤ ᠣᠷᠤᠯᠴᠠᠬᠤ ᠵᠡᠷᠭᠡ ᠠᠷᠭ᠎ᠠ ᠮᠠᠶᠢᠭ ᠵᠶ᠋ᠡᠷ ᠳᠠᠮᠵᠢᠭᠤᠯᠤᠨ 《ᠥᠪᠥᠷ ᠮᠣᠩᠭᠣᠯ ᠨᠡᠷᠡᠮᠵᠢᠲᠤ》 ᠠᠵᠤ ᠠᠬᠤᠢ᠌ᠯᠠᠯ ᠪᠠ ᠭᠡᠷᠡᠴᠢᠯᠡᠯ᠎ᠤᠨ ᠦᠢ᠍ᠯᠡᠳᠬᠦᠨ᠎ᠢ ᠲᠥᠪᠯᠡᠷᠡᠭᠦᠯᠦᠨ ᠳᠡᠯᠭᠡᠨ ᠦᠵᠡᠭᠦᠯᠵᠦ᠂ ᠲᠠᠯ᠎ᠠ ᠨᠤᠲᠤᠭ᠎ᠤᠨ ᠰᠢᠯᠢᠳᠡᠭ ᠪᠦᠲᠦᠭᠡᠭᠳᠡᠬᠦᠨ᠎ᠢ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ᠎ᠤ ᠭᠤᠷᠪᠠᠯᠵᠢᠨ ᠬᠣᠢ᠌ᠭ᠂ ᠶᠡᠬᠡ ᠪᠤᠯᠤᠩ᠎ᠤᠨ ᠣᠷᠣᠨ᠂ ᠵᠡᠭᠦᠨ ᠬᠣᠢ᠌ᠲᠤ ᠵᠢᠨ ᠭᠤᠷᠪᠠᠨ ᠮᠤᠵᠢ ᠵᠡᠷᠭᠡ ᠭᠠᠵᠠᠷ᠎ᠲᠤ ᠪᠣᠷᠣᠯᠠᠭᠤᠯᠬᠤ ᠵᠢ ᠠᠬᠢᠭᠤᠯᠤᠨ᠎ᠠ᠃
ᠲᠠᠷᠢᠶᠠᠯᠠᠩ᠎ᠢ ᠬᠦᠴᠦᠷᠬᠡᠭᠵᠢᠭᠦᠯᠬᠦ᠎ᠳᠤ ᠲᠦᠷᠦᠯ ᠲᠡᠮᠳᠡᠭ᠎ᠢ ᠡᠷᠬᠡᠪᠰᠢ ᠬᠦᠴᠦᠷᠬᠡᠭᠵᠢᠭᠦᠯᠬᠦ ᠬᠡᠷᠡᠭᠲᠡᠢ᠃ ᠣᠷᠳᠣᠰ ᠬᠣᠲᠠ ᠲᠦᠷᠦᠯ ᠲᠡᠮᠳᠡᠭ᠎ᠤᠨ ᠪᠦᠲᠦᠭᠡᠨ ᠪᠠᠢ᠌ᠭᠤᠯᠤᠯᠲᠠ ᠪᠠ ᠦᠢ᠍ᠯᠡᠳᠪᠦᠷᠢᠯᠡᠯ ᠪᠣᠷᠤᠯᠠᠭᠤᠯᠭ᠎ᠠ ᠵᠢᠨ ᠦᠢ᠍ᠯᠡᠴᠢᠯᠡᠭᠡ ᠵᠢ ᠶᠡᠬᠡ᠎ᠪᠠᠷ ᠠᠬᠢᠭᠤᠯᠵᠤ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠵᠠᠬ᠎ᠠ ᠳᠡᠯᠭᠡᠭᠦᠷ᠎ᠤᠨ ᠥᠷᠢᠰᠦᠯᠳᠦᠬᠦ ᠬᠦᠴᠦᠨ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠮᠠᠯᠴᠢᠨ ᠲᠠᠷᠢᠶᠠᠴᠢᠨ᠎ᠤ ᠣᠷᠣᠯᠭ᠎ᠠ ᠵᠢ ᠨᠡᠮᠡᠭᠳᠡᠭᠦᠯᠬᠦ ᠠᠷᠭ᠎ᠠ ᠵᠠᠮ᠎ᠢ ᠥᠷᠭᠡᠳᠬᠡᠪᠡ᠃
ᠣᠷᠳᠣᠰ ᠬᠣᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ ᠵᠢᠨ ᠳᠡᠳ᠋ ᠳᠠᠷᠤᠭ᠎ᠠ ᠸᠠᠩ ᠢᠦᠢ ᠹᠧᠢ᠂ 2025 ᠣᠨ᠎ᠳᠤ ᠣᠷᠳᠣᠰ ᠬᠣᠲᠠ ᠲᠥᠷᠥᠯ ᠲᠡᠮᠳᠡᠭ᠎ᠤᠨ ᠪᠦᠲᠦᠭᠡᠨ ᠪᠠᠢ᠌ᠭᠤᠯᠤᠯᠲᠠ᠂ ᠦᠢ᠍ᠯᠡᠳᠬᠦᠨ᠎ᠤ ᠪᠣᠷᠤᠯᠠᠭᠤᠯᠭ᠎ᠠ᠂ ᠦᠢ᠍ᠯᠡᠳᠪᠦᠷᠢᠯᠡᠯ ᠪᠣᠷᠤᠯᠠᠭᠤᠯᠭ᠎ᠠ ᠵᠢ ᠨᠠᠷᠢᠯᠢᠭ ᠣᠨᠣᠪᠴᠢᠲᠠᠶ ᠵᠣᠯᠭ᠋ᠠᠭᠤᠯᠬᠤ ᠵᠡᠷᠭᠡ ᠭᠣᠣᠯᠳᠠᠯᠭ᠎ᠠ᠎ᠲᠠᠢ ᠠᠵᠢᠯ᠎ᠢ ᠦᠷᠭᠦᠯᠵᠢᠯᠡᠨ ᠴᠢᠩᠭ᠎ᠠ ᠠᠳᠬᠤᠵᠤ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠪᠣᠷᠤᠯᠠᠭᠤᠯᠭ᠎ᠠ ᠵᠢᠨ ᠠᠷᠭ᠎ᠠ ᠵᠠᠮ᠎ᠢ ᠲᠠᠰᠤᠷᠠᠯᠲᠠ ᠦᠭᠡᠢ ᠥᠷᠭᠡᠳᠬᠡᠨ᠎ᠡ᠃ 《ᠳᠤᠯᠠᠭ᠋ᠠᠨ ᠬᠣᠲᠠ ᠵᠢᠨ ᠲᠡᠡᠭᠰᠤᠭ ᠠᠮᠲᠠ》 ᠬᠣᠲᠠ ᠵᠢᠨ ᠲᠠᠰ᠎ᠤᠨ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠣᠷᠣᠨ ᠪᠦᠰᠡ ᠵᠢᠨ ᠨᠡᠢ᠌ᠲᠡ ᠵᠢᠨ ᠬᠡᠷᠡᠭᠯᠡᠭᠡᠨ᠎ᠤ ᠲᠦᠷᠦᠯ ᠲᠡᠮᠳᠡᠭ᠎ᠤᠨ ᠪᠠᠢ᠌ᠭᠤᠯᠤᠯᠲᠠ ᠵᠢ ᠦᠷᠭᠦᠯᠵᠢᠯᠡᠨ ᠴᠢᠩᠭ᠋ᠠᠳᠬᠠᠵᠤ᠂ ᠰᠢ ᠪᠧᠢ᠂ ᠡᠷᠳᠡᠨᠢ᠂ ᠵᠢᠩ ᠳ᠋ᠦᠩ᠂ ᠱᠦᠨ ᠹᠧᠩ ᠵᠡᠷᠭᠡ ᠠᠵᠤ ᠠᠬᠤᠢ᠌ᠯᠠᠯ᠎ᠤᠨ ᠬᠠᠮᠲᠤᠷᠠᠯᠴᠠᠭ᠎ᠠ᠎ᠪᠠᠷ ᠳᠠᠮᠵᠢᠨ ᠰᠦᠯᠵᠢᠶᠡᠨ ᠳᠡᠭᠡᠷᠡᠬᠢ 《ᠵᠢᠩ ᠳ᠋ᠦᠩ ᠲᠠᠷᠢᠶᠠᠯᠠᠩ᠎ᠤᠨ ᠣᠨᠴᠠ ᠭᠠᠷᠤᠯᠲᠠ ᠵᠢᠨ ᠳᠡᠯᠭᠡᠭᠦᠷ》 ᠪᠠ ᠪᠣᠳᠠᠲᠤ ᠴᠣᠭᠴᠠ ᠵᠢᠨ 《ᠳᠡᠯᠭᠡᠭᠦᠷ ᠳᠤᠮᠳᠠᠬᠢ ᠳᠡᠯᠭᠡᠭᠦᠷ》᠎ᠢ ᠬᠠᠷᠢᠯᠴᠠᠨ ᠤᠶᠠᠯᠳᠤᠭᠤᠯᠬᠤ ᠠᠷᠭ᠎ᠠ ᠮᠠᠶᠢᠭ᠎ᠢ ᠠᠪᠴᠤ᠂ 《ᠳᠤᠯᠠᠭ᠋ᠠᠨ ᠬᠣᠲᠠ ᠵᠢᠨ ᠲᠡᠡᠭᠰᠤᠭ ᠠᠮᠲᠠ》 ᠲᠦᠷᠦᠯ ᠲᠡᠮᠳᠡᠭ᠎ᠤᠨ ᠨᠥᠯᠥᠭᠡᠯᠡᠬᠦ ᠬᠦᠴᠦᠨ ᠪᠠ ᠠᠯᠳᠠᠷᠰᠢᠯ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠷᠳᠣᠰ᠎ᠤᠨ ᠥᠨᠳᠥᠷᠯᠢᠭ᠎ᠤᠨ ᠮᠠᠯ ᠠᠵᠤ ᠠᠬᠤᠢ ᠲᠠᠷᠢᠶᠠᠯᠠᠩ᠎ᠤᠨ ᠪᠦᠲᠦᠭᠡᠭᠳᠡᠬᠦᠨ᠎ᠢ ᠪᠦᠭᠦ ᠤᠯᠤᠰ ᠪᠠ ᠳᠡᠯᠡᠬᠡᠢ᠎ᠳᠤ ᠪᠣᠷᠣᠯᠠᠭᠤᠯᠬᠤ ᠵᠢ ᠳᠠᠢ᠌ᠴᠢᠯᠠᠨ᠎ᠠ ᠭᠡᠪᠡ᠃