2025 ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ   -   ᠮᠡᠳᠡᠭᠡᠯᠡᠯ
ᠰᠣᠶᠣᠯ ᠵᠢᠭᠤᠯᠴᠢᠯᠠᠯ᠎ᠤᠨ ᠦᠢ᠍ᠯᠡᠰ᠎ᠢ ᠲᠤᠯᠭ᠋ᠠᠭᠤᠷᠢ ᠠᠵᠤ ᠦᠢ᠍ᠯᠡᠰ ᠪᠣᠯᠭ᠋ᠠᠨ᠎ᠠ — ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠪᠠᠢ᠌ᠷᠢᠯᠠᠭᠤᠯᠤᠯᠲᠠ᠎ᠠᠴᠠ ᠡᠷᠡᠯᠬᠡᠭᠯᠡᠨ ᠤᠷᠤᠭᠰᠢᠯᠠᠵᠤ ᠪᠠᠢ᠌ᠭ᠎ᠠ ᠥᠪᠥᠷ ᠮᠣᠩᠭᠣᠯ᠎ᠢ ᠬᠠᠷᠠᠬᠤᠢ
ᠨᠡᠶ᠋ᠢᠲᠡᠯᠡᠭᠰᠡᠨ ᠴᠠᠭ᠄ 2025-02-11


      ᠥᠪᠥᠷ ᠮᠣᠩᠭᠣᠯ᠎ᠤᠨ 2025 ᠣᠨ᠎ᠤ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠳᠤ᠂ ᠡᠨᠡ ᠵᠢᠯ 《ᠤᠮᠠᠷᠠᠲᠤ ᠬᠢᠯᠢ ᠵᠢᠨ ᠰᠣᠶᠣᠯ᠎ᠤᠨ ᠪᠠᠢ᠌ᠭᠤᠯᠤᠯᠲᠠ ᠵᠢ ᠲᠡᠰ ᠳᠡᠪᠰᠢᠭᠦᠯᠬᠦ ᠠᠵᠢᠯᠯᠠᠭ᠎ᠠ᠎ᠪᠠᠷ ᠬᠥᠲᠥᠯᠥᠨ ᠵᠢᠯᠣᠭᠣᠳᠤᠭᠤᠯᠵᠤ᠂ ᠰᠣᠶᠣᠯ ᠵᠢᠭᠤᠯᠴᠢᠯᠠᠯ᠎ᠤᠨ ᠦᠢ᠍ᠯᠡᠰ᠎ᠢ ᠲᠤᠯᠭ᠋ᠠᠭᠤᠷᠢ ᠠᠵᠤ ᠦᠢ᠍ᠯᠡᠰ ᠪᠣᠯᠭ᠋ᠠᠨ ᠴᠣᠭᠴᠠᠯᠠᠨ᠎ᠠ》 ᠵᠡᠷᠭᠡ 11 ᠲᠠᠯ᠎ᠠ ᠵᠢᠨ ᠠᠵᠢᠯ᠎ᠢ ᠭᠣᠣᠯᠳᠠᠯᠭ᠎ᠠ᠎ᠲᠠᠢ ᠰᠠᠢ᠌ᠲᠤᠷ ᠬᠢᠨ᠎ᠡ ᠭᠡᠵᠦ ᠳᠤᠷᠠᠳᠴᠠᠢ᠃
      ᠠᠤᠭ᠎ᠠ ᠲᠥᠰᠥᠪ ᠨᠢᠭᠡᠨᠲᠡ ᠵᠢᠷᠤᠭᠯᠠᠭᠳᠠᠵᠤ᠂ ᠡᠷᠡᠯᠬᠡᠭᠯᠡᠨ ᠤᠷᠤᠭᠰᠢᠯᠠᠬᠤ ᠴᠠᠭ ᠦᠶ᠎ᠡ ᠬᠦᠷᠴᠦ ᠢᠷᠡᠯ᠎ᠠ᠃ ᠣᠢ᠌ᠷ᠎ᠠ ᠵᠢᠨ ᠡᠳᠦᠷ᠎ᠤᠳ᠎ᠲᠤ ᠮᠠᠨ᠎ᠤ ᠣᠷᠣᠨ᠎ᠤ ᠡᠯ᠎ᠡ ᠭᠠᠵᠠᠷ᠎ᠤᠨ᠎ᠬᠢᠨ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠣᠯᠠᠨ ᠵᠶ᠋ᠠᠷ ᠵᠶ᠋ᠠᠨ ᠰᠣᠶᠣᠯ ᠵᠶ᠋ᠠᠷ ᠵᠢᠭᠤᠯᠴᠢᠯᠠᠯ᠎ᠢ ᠱᠤᠭᠤᠵᠤ᠂ ᠵᠢᠭᠤᠯᠴᠢᠯᠠᠯ ᠵᠶ᠋ᠠᠷ ᠰᠣᠶᠣᠯ᠎ᠢ ᠲᠣᠳᠣᠷᠠᠭᠤᠯᠬᠤ ᠵᠢ ᠪᠠᠷᠢᠮᠲᠠᠯᠠᠵᠤ᠂ ᠰᠣᠶᠣᠯ᠂ ᠵᠢᠭᠤᠯᠴᠢᠯᠠᠯ᠂ ᠪᠡᠶ᠎ᠡ ᠵᠢᠨ ᠲᠠᠮᠢᠷ᠂ ᠤᠷᠤᠯᠳᠤᠭ᠋ᠠᠨ᠎ᠤ ᠶᠠᠪᠤᠳᠠᠯ᠂ ᠤᠷᠠᠨ ᠰᠠᠢ᠌ᠬᠠᠨ᠎ᠤ ᠲᠣᠬᠯᠠᠯᠲᠠ᠂ ᠦᠵᠡᠭᠦᠯᠭᠡ᠂ ᠬᠤᠳᠠᠯᠳᠤᠭ᠎ᠠ ᠵᠢᠨ ᠠᠭᠤᠰᠤᠯᠴᠠᠨ ᠬᠥᠭᠵᠢᠬᠦ ᠵᠢ ᠠᠬᠢᠭᠤᠯᠵᠤ᠂ ᠰᠣᠶᠣᠯ ᠵᠢᠭᠤᠯᠴᠢᠯᠠᠯ᠎ᠤᠨ ᠬᠦᠴᠦᠷᠬᠡᠭ ᠣᠷᠣᠨ᠎ᠢ ᠲᠦᠷᠭᠡᠳᠬᠡᠨ ᠪᠦᠲᠦᠭᠡᠨ ᠪᠠᠢ᠌ᠭᠤᠯᠤᠨ᠎ᠠ ᠭᠡᠵᠦ ᠢᠯᠡᠳᠬᠡᠵᠡᠭᠡᠪᠡ᠃
      ᠰᠣᠶᠣᠯ ᠵᠢᠭᠤᠯᠴᠢᠯᠠᠯ᠎ᠤᠨ ᠠᠭᠤᠰᠤᠯᠴᠠᠯ ᠵᠶ᠋ᠡᠷ ᠤᠮᠠᠷᠠᠲᠤ ᠬᠢᠯᠢ ᠵᠢᠨ ᠰᠣᠶᠣᠯ᠎ᠤᠨ ᠲᠥᠷᠥᠯ ᠲᠡᠮᠳᠡᠭ᠎ᠢ ᠠᠯᠳᠠᠷᠰᠢᠭᠤᠯᠤᠨ᠎ᠠ
      ᠴᠡᠴᠡᠷᠯᠢᠭ ᠵᠶ᠋ᠡᠷ ᠲᠣᠭᠣᠷᠢᠬᠤ᠂ ᠥᠩᠭᠡᠲᠦ ᠳ᠋ᠧᠩ ᠰᠣᠨᠢᠷᠬᠠᠬᠤ ᠁ ᠡᠨᠡ ᠵᠢᠯ᠎ᠤᠨ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ ᠥᠪᠥᠷ ᠮᠣᠩᠭᠣᠯ᠎ᠤᠨ ᠡᠯ᠎ᠡ ᠭᠠᠵᠠᠷ᠎ᠤᠨ᠎ᠬᠢᠨ ᠨᠡᠢ᠌ᠲᠡ 154 ᠵᠦᠢ᠍ᠯ᠎ᠤᠨ ᠠᠵᠢᠯᠯᠠᠭ᠎ᠠ ᠥᠷᠨᠢᠭᠦᠯᠵᠡᠢ᠃ ᠡᠲᠡᠭᠡᠷ ᠡᠯᠪᠡᠭ ᠪᠠᠶᠠᠯᠢᠭ ᠠᠭᠤᠯᠭ᠎ᠠ ᠪᠦᠬᠦᠢ ᠰᠣᠨᠢᠷᠬᠠᠯᠲᠠᠢ ᠠᠵᠢᠯᠯᠠᠭ᠎ᠠ᠎ᠨᠢ ᠴᠠᠭ᠋ᠠᠨ ᠰᠠᠷ᠎ᠠ ᠵᠢᠨ ᠬᠤᠭᠤᠴᠠᠭ᠋ᠠᠨ᠎ᠤ ᠰᠣᠶᠣᠯ᠎ᠤᠨ ᠠᠭᠤᠷ ᠠᠮᠢᠰᠬᠤᠯ᠎ᠢ ᠥᠳᠬᠡᠷᠡᠭᠦᠯᠵᠦ᠂ ᠤᠮᠠᠷᠠᠲᠤ ᠬᠢᠯᠢ ᠵᠢᠨ ᠰᠣᠶᠣᠯ᠎ᠤᠨ ᠲᠦᠷᠦᠯ ᠲᠡᠮᠳᠡᠭ᠎ᠤᠨ ᠨᠡᠷ᠎ᠡ ᠠᠯᠳᠠᠷᠰᠢᠯ᠎ᠢ ᠨᠡᠡᠭ ᠶᠡᠬᠡ ᠮᠠᠨᠳᠤᠭᠤᠯᠤᠭᠰᠠᠨ ᠪᠠᠢ᠌ᠨ᠎ᠠ᠃
      2024 ᠣᠨ᠎ᠳᠤ ᠥᠪᠥᠷ ᠮᠣᠩᠭᠣᠯ᠎ᠤᠨ ᠰᠣᠶᠣᠯ ᠵᠢᠭᠤᠯᠴᠢᠯᠠᠯ ᠣᠯᠠᠨ ᠰᠢᠪᠲᠤᠯᠤᠯᠲᠠ ᠵᠢ ᠪᠡᠶᠡᠯᠡᠭᠦᠯᠵᠦ᠂ ᠷᠠᠰᠢᠶᠠᠨ᠎ᠤ ᠠᠮᠠᠷᠠᠯᠲᠠ ᠵᠢᠨ ᠣᠷᠣᠨ᠎ᠨᠢ ᠤᠯᠤᠰ᠎ᠤᠨ ᠲᠠᠰ᠎ᠤᠨ ᠵᠢᠭᠤᠯᠴᠢᠯᠠᠯ ᠰᠡᠯᠡᠭᠦᠴᠡᠯ᠎ᠤᠨ ᠣᠷᠣᠨ᠎ᠤ ᠢᠷᠠᠭᠤ ᠠᠯᠳᠠᠷ᠎ᠢ ᠬᠦᠷᠲᠡᠵᠦ᠂ ᠪᠦᠭᠦ ᠵᠢᠯ᠎ᠳᠤ ᠤᠯᠤᠰ᠎ᠤᠨ ᠲᠠᠰ᠎ᠤᠨ ᠵᠢᠭᠤᠯᠴᠢᠯᠠᠯ᠎ᠤᠨ 12 ᠲᠦᠷᠦᠯ ᠲᠡᠮᠳᠡᠭᠲᠦ ᠵᠢ ᠭᠡᠷᠡᠴᠢᠯᠡᠭᠦᠯᠵᠦ᠂ ᠬᠥᠯᠥᠨ ᠪᠤᠢ᠌ᠷ᠎ᠤᠨ ᠲᠠᠯ᠎ᠠ ᠨᠤᠲᠤᠭ · ᠮᠡᠷᠭᠡᠯ ᠭᠣᠣᠯ᠎ᠤᠨ ᠦᠵᠡᠮᠵᠢ ᠵᠢᠨ ᠣᠷᠣᠨ᠂ ᠬᠡᠪᠲᠡᠭᠡ ᠦᠬᠡᠷ᠎ᠤᠨ ᠲᠣᠬᠣᠢ ᠵᠢᠨ ᠬᠠᠲᠤᠨ ᠭᠣᠣᠯ᠎ᠤᠨ ᠶᠡᠬᠡ ᠬᠠᠪᠴᠢᠯ᠎ᠤᠨ ᠵᠢᠭᠤᠯᠴᠢᠯᠠᠯ᠎ᠤᠨ ᠣᠷᠣᠨ ᠤᠯᠤᠰ᠎ᠤᠨ 5A ᠲᠠᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ ᠪᠣᠯᠵᠤ ᠲᠠᠰ ᠳᠡᠪᠰᠢᠪᠡ᠃ ᠪᠠᠰᠠ ᠬᠥᠳᠡᠭᠡ ᠪᠠᠭᠤᠬᠤ ᠪᠡᠭᠡᠵᠢᠩ ᠣᠷᠣᠬᠤ ᠵᠡᠷᠭᠡ ᠤᠯᠠᠨ ᠲᠠᠯᠠᠪᠠᠢ ᠡᠯ᠎ᠡ ᠲᠦᠷᠦᠯ᠎ᠤᠨ ᠰᠣᠶᠣᠯ ᠵᠢᠭᠤᠯᠴᠢᠯᠠᠯ᠎ᠤᠨ ᠠᠵᠢᠯᠯᠠᠭ᠎ᠠ ᠥᠷᠨᠢᠭᠦᠯᠵᠦ᠂ 《ᠠᠶᠠᠯᠭᠤᠲᠤ ᠵᠢᠭᠤᠯᠴᠢᠯᠠᠯ᠎ᠤᠨ ᠥᠪᠥᠷ ᠮᠣᠩᠭᠣᠯ》 ᠠᠵᠢᠯᠯᠠᠭ᠎ᠠ᠎ᠨᠢ ᠪᠦᠭᠦ ᠣᠷᠣᠨ᠎ᠤ ᠨᠢᠭᠡ ᠪᠦᠯᠦᠭ ᠰᠣᠶᠣᠯ ᠵᠢᠭᠤᠯᠴᠢᠯᠠᠯ᠎ᠤᠨ ᠲᠦᠷᠦᠯ ᠲᠡᠮᠳᠡᠭᠲᠦ ᠵᠢ ᠬᠦᠴᠦᠷᠬᠡᠭᠵᠢᠭᠦᠯᠦᠭᠰᠡᠨ ᠪᠠᠢ᠌ᠨ᠎ᠠ᠃
      《2025 ᠣᠨ᠎ᠳᠤ ᠥᠪᠥᠷ ᠮᠣᠩᠭᠣᠯ᠎ᠤᠨ ᠰᠣᠶᠣᠯ ᠵᠢᠭᠤᠯᠴᠢᠯᠠᠯ ᠤᠮᠠᠷᠠᠲᠤ ᠬᠢᠯᠢ ᠵᠢᠨ ᠰᠣᠶᠣᠯ᠎ᠤᠨ ᠪᠠᠢ᠌ᠭᠤᠯᠤᠯᠲᠠ ᠵᠢ ᠲᠡᠰ ᠳᠡᠪᠰᠢᠭᠦᠯᠬᠦ ᠠᠵᠢᠯᠯᠠᠭ᠎ᠠ᠎ᠪᠠᠷ ᠭᠠᠷᠳᠠᠴᠠ ᠪᠤᠯᠭ᠋ᠠᠵᠤ᠂ ᠤᠮᠠᠷᠠᠲᠤ ᠬᠢᠯᠢ ᠵᠢᠨ ᠰᠣᠶᠣᠯ᠎ᠢ ᠰᠤᠳᠤᠯᠤᠨ ᠲᠠᠢ᠌ᠯᠪᠤᠷᠢᠯᠠᠬᠤ ᠠᠵᠢᠯ᠎ᠢ ᠬᠦᠴᠦᠯᠡᠨ ᠰᠠᠢ᠌ᠲᠤᠷ ᠬᠢᠵᠦ᠂ ᠤᠳᠬ᠎ᠠ ᠤᠷᠠᠯᠢᠭ᠎ᠤᠨ ᠬᠦᠷᠢᠶᠡᠯᠡᠩ ᠪᠦᠯᠭᠦᠮ᠎ᠤᠨ ᠪᠠᠢ᠌ᠭᠤᠯᠤᠮᠵᠢ ᠲᠣᠭᠲᠠᠴᠠ ᠵᠢᠨ ᠥᠭᠡᠷᠡᠴᠢᠯᠡᠯᠲᠡ ᠵᠢ ᠲᠦᠷᠭᠡᠳᠬᠡᠨ ᠠᠬᠢᠭᠤᠯᠵᠤ᠂ ᠤᠳᠬ᠎ᠠ ᠤᠷᠠᠯᠢᠭ᠎ᠤᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠬᠦ ᠠᠵᠢᠯ᠎ᠢ ᠬᠦᠴᠦᠯᠡᠨ ᠰᠠᠢ᠌ᠲᠤᠷ ᠠᠳᠬᠤᠵᠤ᠂ ᠤᠮᠠᠷᠠᠲᠤ ᠬᠢᠯᠢ ᠵᠢᠨ ᠰᠣᠶᠣᠯ᠎ᠤᠨ ᠦᠷ᠎ᠡ ᠪᠦᠲᠦᠭᠡᠯ᠎ᠤᠨ ᠦᠵᠡᠭᠦᠯᠭᠡ ᠵᠢ ᠴᠢᠩᠭ᠋ᠠᠳᠬᠠᠵᠤ᠂ ᠤᠮᠠᠷᠠᠲᠤ ᠬᠢᠯᠢ ᠵᠢᠨ ᠰᠣᠶᠣᠯ᠎ᠤᠨ ᠨᠡᠷ᠎ᠡ ᠠᠯᠳᠠᠷᠰᠢᠯ ᠪᠠ ᠲᠠᠲᠠᠬᠤ ᠬᠦᠴᠦᠨ᠎ᠢ ᠳᠡᠭᠡᠭᠰᠢᠯᠡᠭᠦᠯᠦᠨ᠎ᠠ》 ᠭᠡᠵᠦ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠵᠠᠩ ᠷᠦᠢ ᠶᠠᠷᠢᠨ᠎ᠠ᠃
      ᠮᠥᠰᠥ ᠴᠠᠰᠤᠨ᠎ᠤ ᠡᠬᠢ ᠪᠠᠶᠠᠯᠢᠭ ᠵᠶ᠋ᠠᠷ ᠠᠵᠤ ᠠᠬᠤᠢ ᠵᠢ ᠬᠥᠭᠵᠢᠭᠡᠨ᠎ᠡ
      ᠮᠥᠰᠥᠨ᠎ᠳᠤ ᠳᠠᠰᠢᠵᠤ ᠴᠠᠰᠤᠨ᠎ᠳᠤ ᠭᠤᠯᠭᠤᠵᠤ᠂ ᠭᠣᠢ᠌ᠳᠠ ᠰᠠᠢ᠌ᠬᠠᠨ ᠮᠥᠰᠥ ᠴᠠᠰᠤᠨ᠎ᠤ ᠱᠤᠭᠤᠮᠠᠯ᠎ᠢ ᠰᠣᠨᠢᠷᠬᠠᠵᠤ᠂ ᠠᠳᠠᠯᠢ ᠪᠤᠰᠤ ᠭᠠᠵᠠᠷ ᠣᠷᠣᠨ᠎ᠤ ᠰᠣᠶᠣᠯ᠎ᠢ ᠪᠡᠶᠡᠴᠢᠯᠡᠨ ᠣᠢ᠌ᠯᠠᠭ᠋ᠠᠨ᠎ᠠ ᠁ ᠣᠢ᠌ᠷ᠎ᠠ ᠵᠢᠨ ᠵᠢᠯ᠎ᠳᠤ ᠮᠥᠰᠥ ᠴᠠᠰᠤᠨ᠎ᠤ ᠵᠢᠭᠤᠯᠴᠢᠯᠠᠯ ᠤᠯᠠᠮ᠎ᠠᠴᠠ ᠭᠦᠷ ᠬᠥᠭᠵᠢᠶᠡᠨᠲᠡᠢ ᠪᠣᠯᠵᠤ ᠪᠠᠢ᠌ᠨ᠎ᠠ᠃
      1 ᠰᠠᠷ᠎ᠠ ᠵᠢᠨ 15᠎ᠤ ᠡᠳᠦᠷ᠂ ᠮᠠᠨ᠎ᠤ ᠣᠷᠣᠨ 《〈ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠤ ᠴᠢᠨᠠᠷ ᠰᠠᠢ᠌ᠲᠠᠢ ᠬᠥᠭᠵᠢᠯᠲᠡ᠎ᠪᠠᠷ ᠮᠥᠰᠥ ᠴᠠᠰᠤᠨ᠎ᠤ ᠠᠵᠤ ᠠᠬᠤᠢ ᠵᠢᠨ ᠠᠮᠢᠵᠢᠷᠠᠯ᠎ᠤᠨ ᠬᠦᠴᠦᠨ᠎ᠢ ᠬᠥᠭᠵᠢᠭᠡᠬᠦ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠰᠠᠨᠠᠯ᠎ᠤᠳ〉᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠭᠣᠣᠯᠳᠠᠯᠭ᠎ᠠ᠎ᠲᠠᠢ ᠡᠭᠦᠷᠭᠡ ᠵᠢᠨ ᠨᠠᠷᠢᠨ ᠳᠠᠡᠭᠰᠠ》 ᠵᠢ ᠨᠡᠢ᠌ᠲᠡᠯᠡᠵᠦ᠂ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠤ ᠥᠷᠨᠢᠩᠭᠦᠢ ᠬᠥᠭᠵᠢᠯᠲᠡ ᠵᠢ ᠠᠬᠢᠭᠤᠯᠬᠤ᠎ᠠᠴᠠ ᠮᠥᠰᠥ ᠴᠠᠰᠤᠨ᠎ᠤ ᠠᠵᠤ ᠠᠬᠤᠢ ᠵᠢᠨ ᠠᠵᠤ ᠦᠢ᠍ᠯᠡᠰ᠎ᠤᠨ ᠬᠡᠯᠬᠢᠶ᠎ᠡ ᠵᠢ ᠤᠷᠲᠤᠳᠬᠠᠬᠤ ᠬᠦᠷᠲᠡᠯᠡᠬᠢ 7 ᠲᠠᠯ᠎ᠠ ᠵᠢᠨ 25 ᠵᠦᠢ᠍ᠯ᠎ᠤᠨ ᠭᠣᠣᠯᠳᠠᠯᠭ᠎ᠠ᠎ᠲᠠᠢ ᠡᠭᠦᠷᠭᠡ ᠵᠢ ᠲᠣᠳᠣᠷᠬᠠᠢ᠌ᠯᠠᠪᠠ᠃
      ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠬᠠᠮᠢᠶ᠎ᠠ ᠪᠦᠬᠦᠢ ᠬᠠᠷᠢᠭᠤᠴᠠᠯᠭ᠋ᠠᠲᠠᠨ᠄ 《2025 ᠣᠨ᠎ᠳᠤ ᠪᠢᠳᠡ ᠰᠣᠶᠣᠯ ᠪᠠ ᠪᠡᠶ᠎ᠡ ᠵᠢᠨ ᠲᠠᠮᠢᠷ ᠵᠢᠭᠤᠯᠴᠢᠯᠠᠯ ᠠᠷᠠᠯᠵᠢᠶ᠎ᠠ ᠵᠢ ᠠᠭᠤᠰᠤᠯᠴᠠᠭᠤᠯᠤᠨ ᠬᠥᠭᠵᠢᠭᠦᠯᠬᠦ ᠵᠢ ᠠᠬᠢᠭᠤᠯᠵᠤ᠂ ᠬᠡᠷᠡᠭᠯᠡᠭᠡ ᠵᠢ ᠳᠠᠢ᠌ᠴᠢᠯᠠᠬᠤ ᠦᠢ᠍ᠯᠡᠳᠦᠯ ᠵᠶ᠋ᠡᠷ ᠨᠡᠡᠭ ᠶᠡᠬᠡ ᠪᠡᠶ᠎ᠡ ᠵᠢᠨ ᠲᠠᠮᠢᠷ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠰᠢᠰᠲ᠋ᠧᠮ᠎ᠢ ᠪᠣᠢ᠌ᠵᠢᠭᠤᠯᠤᠨ᠎ᠠ᠃ ᠤᠷᠤᠯᠳᠤᠭ᠋ᠠᠨ᠎ᠤ ᠠᠵᠤ ᠠᠬᠤᠢ ᠵᠢ ᠶᠡᠬᠡ᠎ᠪᠠᠷ ᠬᠥᠭᠵᠢᠭᠦᠯᠵᠦ᠂ ᠡᠯ᠎ᠡ ᠠᠢ᠌ᠮᠠᠭ ᠬᠣᠲᠠ ᠵᠢᠨ ᠪᠡᠶ᠎ᠡ ᠵᠢᠨ ᠲᠠᠮᠢᠷ᠎ᠤᠨ ᠬᠡᠷᠡᠭᠯᠡᠭᠡᠨ᠎ᠤ ᠲᠡᠮᠳᠡᠭᠲᠦ ᠲᠠᠷᠬᠠᠭ᠋ᠠᠬᠤ ᠵᠢ ᠵᠣᠷᠢᠭᠵᠢᠭᠤᠯᠵᠤ᠂ ᠪᠡᠶ᠎ᠡ ᠵᠢᠨ ᠲᠠᠮᠢᠷ᠎ᠤᠨ ᠬᠡᠷᠡᠭᠯᠡᠭᠡᠨ᠎ᠤ ᠬᠡᠮᠵᠢᠶ᠎ᠡ ᠵᠢ ᠳᠡᠭᠡᠭᠰᠢᠯᠡᠭᠦᠯᠦᠨ ᠲᠠᠰ ᠳᠡᠪᠰᠢᠭᠦᠯᠬᠦ ᠵᠢ ᠠᠬᠢᠭᠤᠯᠤᠨ᠎ᠠ᠃ ᠮᠥᠰᠥ ᠴᠠᠰᠤᠨ᠎ᠤ ᠭᠣᠣᠯ ᠰᠡᠳᠦᠪᠲᠦ ᠵᠢᠭᠤᠯᠴᠢᠯᠠᠯ᠎ᠤᠨ ᠰᠡᠭᠦᠳᠡᠷ ᠲᠠᠲᠠᠵᠤ ᠵᠢᠭᠤᠯᠴᠢᠯᠠᠬᠤ ᠭᠠᠵᠠᠷ᠎ᠢ ᠨᠠᠷᠢᠨ ᠲᠥᠯᠥᠪᠯᠡᠵᠦ᠂ ᠤᠷᠠᠨ ᠰᠠᠢ᠌ᠬᠠᠨ᠎ᠤ ᠲᠣᠬᠯᠠᠯᠲᠠ᠂ ᠦᠵᠡᠰᠭᠦᠯᠡᠩ᠂ ᠵᠤᠭ᠎ᠠ ᠴᠡᠩᠭᠡᠯ ᠵᠡᠷᠭᠡ ᠮᠥᠰᠥ ᠴᠠᠰᠤᠨ᠎ᠤ ᠬᠡᠷᠡᠭᠯᠡᠭᠡᠨ᠎ᠤ ᠰᠢᠨ᠎ᠡ ᠪᠠᠢ᠌ᠳᠠᠯ᠎ᠢ ᠬᠦᠴᠦᠯᠡᠨ ᠪᠤᠶ ᠪᠤᠯᠭ᠋ᠠᠵᠤ᠂ ᠪᠡᠶ᠎ᠡ ᠵᠢᠨ ᠲᠠᠮᠢᠷ᠎ᠤᠨ ᠠᠵᠤ ᠠᠬᠤᠢ᠂ ᠮᠥᠰᠥ ᠴᠠᠰᠤᠨ᠎ᠤ ᠠᠵᠤ ᠠᠬᠤᠢ ᠵᠢ ᠠᠵᠤ ᠠᠬᠤᠢ ᠵᠢᠨ ᠨᠡᠮᠡᠭᠳᠡᠯ᠎ᠤᠨ ᠰᠢᠨ᠎ᠡ ᠬᠥᠳᠡᠯᠭᠡᠭᠦᠷ ᠪᠣᠯᠭ᠋ᠠᠨ᠎ᠠ》 ᠭᠡᠵᠦ ᠢᠯᠡᠷᠬᠡᠢ᠌ᠯᠡᠪᠡ᠃
      ᠰᠣᠳᠣᠨ ᠪᠦᠲᠦᠭᠡᠯ ᠵᠶ᠋ᠡᠷ ᠤᠳᠬ᠎ᠠ ᠤᠷᠠᠯᠢᠭ᠎ᠤᠨ ᠥᠨᠳᠥᠷᠯᠢᠭ ᠭᠠᠵᠠᠷ᠎ᠢ ᠴᠣᠭᠴᠠᠯᠠᠨ᠎ᠠ
      1 ᠰᠠᠷ᠎ᠠ ᠵᠢᠨ 21᠎ᠤ ᠡᠳᠦᠷ᠂ ᠥᠪᠥᠷ ᠮᠣᠩᠭᠣᠯ᠎ᠤᠨ ᠤᠳᠬ᠎ᠠ ᠤᠷᠠᠯᠢᠭ᠎ᠤᠨ᠎ᠬᠢᠨ᠎ᠤ ᠬᠣᠯᠪᠤᠭ᠎ᠠ ᠬᠤᠷᠠᠯ ᠬᠤᠷᠠᠯᠳᠤᠭᠤᠯᠵᠤ᠂ 2025 ᠣᠨ᠎ᠤ ᠠᠵᠢᠯ ᠵᠶ᠋ᠠᠨ ᠲᠣᠬᠢᠷᠠᠭᠤᠯᠤᠨ ᠪᠠᠢ᠌ᠷᠢᠯᠠᠭᠤᠯᠪᠠ᠃ 《2025 ᠣᠨ᠎ᠳᠤ ᠪᠢᠳᠡ ᠤᠮᠠᠷᠠᠲᠤ ᠬᠢᠯᠢ ᠵᠢᠨ ᠰᠣᠶᠣᠯ᠎ᠤᠨ ᠪᠠᠢ᠌ᠭᠤᠯᠤᠯᠲᠠ ᠵᠢ ᠲᠡᠰ ᠳᠡᠪᠰᠢᠭᠦᠯᠬᠦ ᠠᠵᠢᠯᠯᠠᠭ᠎ᠠ᠎ᠪᠠᠷ ᠭᠠᠷᠳᠠᠴᠠ ᠪᠤᠯᠭ᠋ᠠᠵᠤ᠂ ᠴᠠᠭ ᠦᠶ᠎ᠡ᠎ᠲᠠᠢ ᠵᠡᠷᠭᠡ᠎ᠪᠠᠷ ᠤᠷᠤᠭᠰᠢᠯᠠᠵᠤ᠂ ᠠᠮᠢᠳᠤᠷᠠᠯ᠎ᠤᠨ ᠠᠭᠤᠷ ᠠᠮᠢᠰᠬᠤᠯ ᠵᠶ᠋ᠠᠷ ᠪᠢᠯᠬᠠᠮ᠎ᠠ ᠤᠮᠠᠷᠠᠲᠤ ᠬᠢᠯᠢ ᠵᠢᠨ ᠰᠣᠶᠣᠯ᠎ᠤᠨ ᠰᠢᠯᠢᠳᠡᠭ ᠤᠳᠬ᠎ᠠ ᠤᠷᠠᠯᠢᠭ᠎ᠤᠨ ᠪᠦᠲᠦᠭᠡᠯ᠎ᠢ ᠨᠡᠩ ᠤᠯᠠᠨ ᠵᠣᠬᠢᠶᠠᠨ ᠪᠦᠲᠦᠭᠡᠵᠦ᠂ ᠤᠮᠠᠷᠠᠲᠤ ᠬᠢᠯᠢ ᠵᠢᠨ ᠰᠣᠶᠣᠯ᠎ᠤᠨ ᠲᠦᠷᠦᠯ ᠲᠡᠮᠳᠡᠭ᠎ᠢ ᠦᠷᠭᠦᠯᠵᠢᠯᠡᠨ ᠠᠯᠳᠠᠷᠰᠢᠭᠤᠯᠤᠨ᠎ᠠ》 ᠭᠡᠵᠦ ᠥᠪᠡᠷᠲᠡᠭᠡᠨ ᠵᠠᠰᠠᠬᠤ ᠣᠷᠣᠨ᠎ᠤ ᠤᠳᠬ᠎ᠠ ᠤᠷᠠᠯᠢᠭ᠎ᠤᠨ᠎ᠬᠢᠨ᠎ᠤ ᠬᠣᠯᠪᠤᠭ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠡᠷᠢᠭᠦᠯᠡᠭᠴᠢ ᠵᠢᠢ ᠰᠢᠶᠣᠣ ᠴᠢᠩ ᠶᠠᠷᠢᠨ᠎ᠠ᠃
      ᠵᠢᠢ ᠰᠢᠶᠣᠣ ᠴᠢᠩ᠂ ᠥᠪᠡᠷᠲᠡᠭᠡᠨ ᠵᠠᠰᠠᠬᠤ ᠣᠷᠣᠨ᠎ᠤ ᠤᠳᠬ᠎ᠠ ᠤᠷᠠᠯᠢᠭ᠎ᠤᠨ᠎ᠬᠢᠨ᠎ᠤ ᠬᠣᠯᠪᠤᠭ᠎ᠠ ᠤᠳᠬ᠎ᠠ ᠤᠷᠠᠯᠢᠭ᠎ᠤᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠬᠦ᠎ᠳᠤ ᠠᠩᠬᠠᠷᠤᠯ ᠵᠶ᠋ᠠᠨ ᠲᠥᠪᠯᠡᠷᠡᠭᠦᠯᠦᠨ ᠬᠦᠴᠦᠨ ᠵᠶ᠋ᠡᠨ ᠨᠢᠭᠲᠠᠷᠠᠭᠤᠯᠵᠤ᠂ 《ᠠᠮᠢᠳᠤᠷᠠᠯ᠎ᠳᠤ ᠭᠦᠨᠵᠡᠭᠡᠢ᠌ᠷᠡᠵᠦ᠂ ᠠᠷᠠᠳ ᠲᠦᠮᠡᠨ᠎ᠤ ᠳᠤᠮᠳᠠ ᠦᠨᠳᠦᠰᠦᠯᠡᠬᠦ》 ᠵᠣᠬᠢᠶᠠᠨ ᠪᠦᠲᠦᠭᠡᠬᠦ ᠠᠵᠢᠯᠯᠠᠭ᠎ᠠ ᠵᠢ ᠥᠷᠭᠡᠨ ᠵᠶ᠋ᠡᠷ ᠥᠷᠨᠢᠭᠦᠯᠵᠦ᠂ ᠬᠥᠲᠥᠯᠥᠨ ᠳᠠᠭ᠋ᠠᠭᠤᠯᠵᠤ ᠵᠢᠱ᠌ᠢᠶ᠎ᠡ ᠦᠵᠡᠭᠦᠯᠭᠦ ᠦᠢ᠍ᠯᠡᠳᠦᠯ᠎ᠲᠠᠢ ᠠᠯᠢ ᠤᠯᠠᠨ ᠢᠨᠵᠧᠨᠧᠷᠢᠩ᠎ᠤᠨ ᠲᠦᠷᠦᠯ ᠵᠦᠢ᠍ᠯ᠎ᠢ ᠲᠥᠯᠥᠪᠯᠡᠭᠡ᠎ᠲᠠᠢ ᠬᠡᠷᠡᠭᠵᠢᠭᠦᠯᠵᠦ᠂ ᠪᠦᠭᠦ ᠤᠯᠤᠰ᠎ᠲᠤ ᠨᠥᠯᠥᠭᠡᠯᠡᠬᠦ ᠬᠦᠴᠦᠨ᠎ᠲᠠᠢ ᠨᠢᠭᠡ ᠪᠦᠯᠦᠭ ᠤᠳᠬ᠎ᠠ ᠤᠷᠠᠯᠢᠭ᠎ᠤᠨ ᠰᠣᠳᠣᠨ ᠪᠦᠲᠦᠭᠡᠯ᠎ᠢ ᠭᠠᠷᠭ᠋ᠠᠨ᠎ᠠ; ᠤᠮᠠᠷᠠᠲᠤ ᠬᠢᠯᠢ ᠵᠢᠨ ᠰᠣᠶᠣᠯ᠎ᠤᠨ ᠦᠵᠡᠭᠦᠯᠭᠡ ᠵᠢ ᠢᠳᠡᠪᠬᠢᠲᠡᠢ ᠥᠷᠨᠢᠭᠦᠯᠵᠦ᠂ ᠪᠦᠭᠦ ᠤᠯᠤᠰ᠎ᠤᠨ ᠨᠢᠭᠡ ᠪᠦᠯᠦᠭ ᠴᠢᠬᠤᠯᠠ ᠶᠡᠬᠡ ᠤᠳᠬ᠎ᠠ ᠤᠷᠠᠯᠢᠭ᠎ᠤᠨ ᠠᠵᠢᠯᠯᠠᠭ᠎ᠠ ᠵᠢ ᠳᠠᠭ᠋ᠠᠭ᠋ᠠᠴᠢᠯᠠᠨ ᠡᠷᠭᠢᠯᠡᠨ᠎ᠡ; 《ᠠᠶᠠᠯᠭᠤᠲᠤ ᠵᠢᠭᠤᠯᠴᠢᠯᠠᠯ᠎ᠤᠨ ᠥᠪᠥᠷ ᠮᠣᠩᠭᠣᠯ》 ᠵᠡᠷᠭᠡ IP ᠵᠢᠨ ᠲᠣᠭᠣᠷᠢᠨ᠎ᠳᠤ ᠳᠠᠭᠤᠤ ᠵᠣᠬᠢᠶᠠᠨ ᠪᠦᠲᠦᠭᠡᠵᠦ ᠳᠡᠯᠭᠡᠷᠡᠭᠦᠯᠬᠦ ᠲᠥᠷᠥᠯ ᠵᠦᠢ᠍ᠯ᠎ᠢ ᠯᠠᠪᠳᠠᠭᠤᠨ ᠪᠠᠲᠤᠲᠠᠢ ᠠᠬᠢᠭᠤᠯᠵᠤ᠂ ᠥᠪᠥᠷ ᠮᠣᠩᠭᠣᠯ᠎ᠤᠨ ᠰᠣᠩᠭᠣᠳᠠᠭ ᠳᠠᠭᠤᠤ ᠵᠢᠨ ᠭᠠᠵᠠᠷ᠎ᠤᠨ ᠵᠢᠷᠤᠭ ᠵᠡᠷᠭᠡ ᠰᠣᠶᠣᠯ ᠵᠢᠭᠤᠯᠴᠢᠯᠠᠯ᠎ᠤᠨ ᠦᠢ᠍ᠯᠡᠳᠬᠦᠨ᠎ᠢ ᠭᠠᠷᠭ᠋ᠠᠨ᠎ᠠ; ᠡᠯ᠎ᠡ ᠤᠷᠠᠯᠢᠭ᠎ᠤᠨ ᠲᠥᠷᠥᠯ ᠵᠦᠢ᠍ᠯ᠎ᠤᠨ ᠰᠢᠯᠢᠳᠡᠭ ᠪᠦᠲᠦᠭᠡᠯ᠎ᠢ ᠪᠦᠭᠦ ᠲᠠᠯ᠎ᠠ᠎ᠪᠠᠷ ᠤᠯᠠᠮᠵᠢᠯᠠᠨ ᠳᠡᠯᠭᠡᠷᠡᠭᠦᠯᠬᠦ ᠪᠠ ᠪᠣᠳᠠᠲᠠᠢ᠌ᠵᠢᠭᠤᠯᠤᠨ ᠢᠯᠡᠷᠡᠭᠦᠯᠬᠦ ᠵᠢ ᠬᠦᠴᠦᠲᠡᠢ ᠠᠭᠢᠭᠤᠯᠤᠨ᠎ᠠ; ᠰᠦᠯᠵᠢᠶᠡᠨ᠎ᠤ ᠤᠳᠬ᠎ᠠ ᠤᠷᠠᠯᠢᠭ᠎ᠤᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠬᠦ ᠡᠷᠴᠢᠮ ᠵᠶ᠋ᠡᠨ ᠴᠢᠩᠭ᠋ᠠᠷᠠᠭᠤᠯᠵᠤ᠂ ᠢᠨᠲ᠋ᠧᠷ ᠰᠦᠯᠵᠢᠶ᠎ᠡ ᠵᠡᠷᠭᠡ ᠵᠠᠭᠤᠴᠢᠯᠠᠭᠤᠷ᠎ᠤᠨ ᠲᠠᠪᠴᠠᠩ ᠵᠶ᠋ᠠᠷ ᠳᠠᠮᠵᠢᠭᠤᠯᠤᠨ ᠤᠮᠠᠷᠠᠲᠤ ᠬᠢᠯᠢ ᠵᠢᠨ ᠰᠣᠶᠣᠯ᠎ᠤᠨ ᠨᠥᠯᠥᠭᠡᠯᠡᠬᠦ ᠬᠦᠴᠦᠨ᠎ᠢ ᠪᠦᠲᠦᠮᠵᠢᠲᠡᠶ ᠳᠡᠭᠡᠭᠰᠢᠯᠡᠭᠦᠯᠦᠨ᠎ᠡ ᠭᠡᠵᠦ ᠢᠯᠡᠷᠬᠡᠢ᠌ᠯᠡᠪᠡ᠃

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ