2025 ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ   -   ᠮᠡᠳᠡᠭᠡᠯᠡᠯ
《ᠪᠠᠲᠤ ᠪᠡᠬᠢ ᠪᠣᠯᠣᠳ ᠬᠡᠷᠡᠮ》᠎ᠢ ᠴᠣᠭᠴᠠᠯᠠᠵᠤ ᠤᠮᠠᠷᠠᠲᠤ ᠬᠢᠯᠢ ᠵᠢᠨ ᠠᠮᠤᠷ ᠲᠣᠭᠲᠠᠭᠤᠨ᠎ᠢ ᠰᠠᠬᠢᠨ ᠬᠠᠮᠠᠭ᠋ᠠᠯᠠᠨ᠎ᠠ – ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠪᠠᠢ᠌ᠷᠢᠯᠠᠭᠤᠯᠤᠯᠲᠠ᠎ᠠᠴᠠ ᠡᠷᠡᠯᠬᠡᠭᠯᠡᠨ ᠲᠡᠮᠡᠴᠡᠵᠦ ᠪᠠᠢ᠌ᠭ᠎ᠠ ᠥᠪᠥᠷ ᠮᠣᠩᠭᠣᠯ᠎ᠢ ᠬᠠᠷᠠᠬᠤᠢ
ᠨᠡᠶ᠋ᠢᠲᠡᠯᠡᠭᠰᠡᠨ ᠴᠠᠭ᠄ 2025-02-12


       ᠡᠬᠡ ᠤᠯᠤᠰ᠎ᠤᠨ 《ᠤᠮᠠᠷᠠᠲᠤ ᠶᠡᠬᠡ ᠬᠠᠭ᠋ᠠᠯᠭ᠎ᠠ》᠂ ᠨᠡᠢ᠌ᠰᠯᠡᠯ᠎ᠤᠨ 《ᠬᠠᠮᠠᠭ᠋ᠠᠯᠠᠯᠲᠠ ᠵᠢᠨ ᠭᠣᠣᠯ》 ᠪᠣᠯᠤᠭᠰᠠᠨ᠎ᠤ ᠬᠤᠪᠢ᠎ᠳᠤ᠂ ᠥᠪᠥᠷ ᠮᠣᠩᠭᠣᠯ᠎ᠤᠨ ᠤᠯᠤᠰ᠎ᠤᠨ ᠠᠮᠤᠷ ᠲᠦᠪᠰᠢᠨ ᠲᠣᠭᠲᠠᠭᠤᠨ᠎ᠤ ᠶᠡᠬᠡ ᠲᠠᠯ᠎ᠠ᠎ᠳᠠᠬᠢ ᠪᠠᠢ᠌ᠷᠢ ᠰᠠᠭᠤᠷᠢ ᠴᠢᠬᠤᠯᠠ ᠪᠠᠢ᠌ᠵᠤ᠂ ᠬᠠᠷᠢᠭᠤᠴᠠᠯᠭ᠎ᠠ ᠬᠦᠨᠳᠦ ᠶᠤᠮ᠃ ᠡᠬᠡ ᠤᠯᠤᠰ᠎ᠤᠨ ᠤᠮᠠᠷᠠᠲᠤ ᠵᠢᠨ ᠠᠮᠤᠷ ᠲᠦᠪᠰᠢᠨ᠎ᠢ ᠰᠠᠢ᠌ᠲᠤᠷ ᠬᠠᠮᠠᠭ᠋ᠠᠯᠠᠬᠤ ᠪᠣᠯ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠴᠢᠬᠤᠯᠠ ᠶᠡᠬᠡ ᠤᠯᠤᠰ ᠲᠥᠷᠥ ᠵᠢᠨ ᠡᠭᠦᠷᠭᠡ ᠪᠣᠯᠣᠨ᠎ᠠ᠃

       ᠠᠮᠤᠷ ᠲᠦᠪᠰᠢᠨ ᠪᠣᠯ ᠬᠥᠭᠵᠢᠯᠲᠡ ᠵᠢᠨ ᠰᠠᠭᠤᠷᠢ᠂ ᠲᠣᠭᠲᠠᠭᠤᠨ ᠪᠠᠢ᠌ᠬᠤ ᠪᠣᠯ ᠬᠦᠴᠦᠷᠬᠡᠭᠵᠢᠨ ᠮᠠᠨᠳᠤᠬᠤ ᠵᠢᠨ ᠤᠷᠢᠲᠠᠯ ᠮᠥᠨ᠃ ᠥᠪᠥᠷ ᠮᠣᠩᠭᠣᠯ᠎ᠤᠨ 2025 ᠣᠨ᠎ᠤ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠳᠤ᠂ ᠡᠨᠡ ᠵᠢᠯ 《ᠬᠥᠭᠵᠢᠯᠲᠡ ᠪᠠ ᠠᠮᠤᠷ ᠲᠦᠪᠰᠢᠨ᠎ᠢ ᠨᠠᠩ ᠰᠠᠢ᠌ᠲᠤᠷ ᠨᠢᠭᠡᠳᠦᠯᠲᠡᠢ ᠲᠥᠯᠥᠪᠵᠢᠭᠦᠯᠵᠦ᠂ ᠡᠬᠡ ᠤᠯᠤᠰ᠎ᠤᠨ ᠤᠮᠠᠷᠠᠲᠤ ᠬᠢᠯᠢ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠡᠷᠡᠰ ᠪᠠᠲᠤ ᠴᠣᠭᠴᠠᠯᠠᠬᠤ ᠬᠡᠷᠡᠭᠲᠡᠢ》 ᠵᠡᠷᠭᠡ 11 ᠲᠠᠯ᠎ᠠ ᠵᠢᠨ ᠠᠵᠢᠯ᠎ᠢ ᠭᠣᠣᠯᠳᠠᠯᠭ᠎ᠠ᠎ᠲᠠᠢ ᠰᠠᠢ᠌ᠲᠤᠷ ᠬᠢᠬᠦ ᠬᠡᠷᠡᠭᠲᠡᠢ ᠭᠡᠵᠦ ᠳᠤᠷᠠᠳᠴᠠᠢ᠃

       ᠴᠢᠭᠯᠡᠯ ᠨᠢᠭᠡᠨᠲᠡ ᠲᠣᠳᠣᠷᠬᠠᠢ ᠪᠣᠯᠵᠤ᠂ ᠮᠡᠷᠡᠢ᠌ᠨ ᠲᠡᠮᠡᠴᠡᠬᠦ ᠰᠠᠢ᠌ᠬᠠᠨ ᠳᠤᠭᠢᠶᠠᠯ ᠬᠦᠷᠴᠦ ᠢᠷᠡᠯ᠎ᠠ᠃ ᠣᠢ᠌ᠷ᠎ᠠ ᠵᠢᠨ ᠡᠳᠦᠷ᠎ᠤᠳ᠎ᠲᠤ᠂ ᠪᠦᠭᠦ ᠣᠷᠣᠨ᠎ᠤ ᠡᠯ᠎ᠡ ᠭᠠᠵᠠᠷ ᠣᠷᠣᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠠᠨ ᠵᠶ᠋ᠠᠷ ᠵᠶ᠋ᠠᠨ ᠭᠣᠣᠯ ᠬᠠᠷᠢᠭᠤᠴᠠᠯᠭ᠎ᠠ ᠭᠣᠣᠯ ᠠᠵᠢᠯ ᠵᠶ᠋ᠠᠨ ᠪᠠᠲᠤ ᠡᠭᠦᠷᠭᠡᠯᠡᠵᠦ᠂ ᠨᠠᠢ᠌ᠳᠠᠪᠤᠷᠢᠵᠢᠭᠤᠯᠤᠯᠲᠠ ᠵᠢ ᠲᠡᠷᠡ ᠶᠣᠰᠣᠭ᠋ᠠᠷ᠎ᠨᠢ ᠠᠳᠬᠤᠵᠤ᠂ ᠠᠵᠢᠯᠯᠠᠭ᠎ᠠ ᠳᠡᠭᠡᠷ᠎ᠡ᠎ᠪᠠᠨ ᠡᠭᠦᠷᠭᠡ ᠬᠠᠷᠢᠭᠤᠴᠠᠯᠭ᠎ᠠ᠎ᠪᠠᠨ ᠦᠢ᠍ᠯᠡᠳᠦᠯᠭᠡᠵᠢᠭᠦᠯᠵᠦ᠂ ᠪᠣᠳᠠᠲᠠᠢ ᠠᠵᠢᠯᠯᠠᠬᠤ᠎ᠪᠠᠷ ᠡᠭᠦᠷᠭᠡᠯᠡᠯ ᠵᠶ᠋ᠡᠨ ᠢᠯᠡᠷᠡᠭᠦᠯᠵᠦ᠂ ᠡᠬᠡ ᠤᠯᠤᠰ᠎ᠤᠨ ᠤᠮᠠᠷᠠᠲᠤ ᠬᠢᠯᠢ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠡᠪᠳᠡᠷᠡᠰᠢ ᠦᠭᠡᠢ ᠪᠠᠲᠤ ᠪᠡᠬᠢ ᠪᠣᠯᠭ᠋ᠠᠨ ᠴᠣᠭᠴᠠᠯᠠᠬᠤ᠎ᠳᠤ ᠨᠡᠩ ᠶᠡᠬᠡ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠵᠡᠭᠡᠪᠡ᠃

       ᠦᠨᠡᠨᠴᠢ ᠰᠢᠳᠤᠷᠭᠤ᠎ᠪᠠᠷ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ ᠤᠮᠠᠷᠠᠲᠤ ᠬᠢᠯᠢ ᠵᠢᠨ 《ᠪᠠᠲᠤ ᠪᠡᠬᠢ ᠪᠣᠯᠣᠳ ᠬᠡᠷᠡᠮ》᠎ᠢ ᠴᠣᠭᠴᠠᠯᠠᠨ ᠪᠡᠬᠢᠵᠢᠭᠦᠯᠦᠨ᠎ᠡ

      2 ᠰᠠᠷ᠎ᠠ ᠵᠢᠨ 10᠎ᠤ ᠡᠳᠦᠷ᠂ ᠡᠬᠡ ᠳᠡᠯᠡᠬᠡᠢ ᠵᠢ ᠨᠡᠷᠡᠨ ᠭᠡᠢ᠌ᠭᠦᠯᠬᠦ᠎ᠳᠤ᠂ ᠥᠪᠥᠷ ᠮᠣᠩᠭᠣᠯ᠎ᠤᠨ ᠬᠢᠯᠢ᠎ᠪᠠᠷ ᠣᠷᠣᠵᠤ ᠭᠠᠷᠬᠤ ᠬᠢᠯᠢ ᠵᠢᠨ ᠬᠠᠮᠠᠭ᠋ᠠᠯᠠᠯᠲᠠ ᠵᠢᠨ ᠪᠠᠢ᠌ᠴᠠᠭ᠋ᠠᠬᠤ ᠶᠡᠷᠦᠩᠬᠡᠢ ᠥᠷᠲᠡᠭᠡ ᠵᠢᠨ ᠬᠢᠩᠭ᠋ᠠᠨ᠎ᠳᠠᠬᠢ ᠬᠢᠯᠢ ᠵᠢᠨ ᠬᠠᠮᠢᠶᠠᠷᠤᠯᠲᠠ ᠵᠢᠨ ᠰᠠᠯᠪᠤᠷᠢ ᠠᠩᠭᠢ ᠵᠢᠨ ᠷᠠᠰᠢᠶᠠᠨ ᠬᠢᠯᠢ ᠵᠢᠨ ᠬᠠᠮᠢᠶᠠᠷᠤᠯᠲᠠ ᠵᠢᠨ ᠶᠡᠬᠡ ᠠᠩᠭᠢ ᠵᠢᠨ ᠵᠢᠯᠣᠭᠣᠴᠢ ᠦᠭᠡᠢ ᠨᠢᠰᠬᠡᠯ᠎ᠤᠨ ᠴᠠᠭᠳᠠᠭ᠋ᠠᠨ᠎ᠤ ᠠᠶᠠᠯᠠᠯ᠎ᠤᠨ ᠠᠩᠭᠢ ᠬᠢᠯᠢ ᠵᠢᠨ ᠠᠭ᠋ᠠᠷ᠎ᠤᠨ ᠴᠠᠭᠳᠠᠨ ᠪᠠᠢ᠌ᠴᠠᠭ᠋ᠠᠯᠲᠠ ᠵᠢᠨ ᠠᠵᠢᠯ ᠵᠢᠠᠨ ᠡᠬᠢᠯᠡᠭᠦᠯᠪᠡ᠃

      《1380 – 1382 ᠬᠦᠷᠬᠦ ᠬᠢᠯᠢ ᠵᠢᠨ ᠬᠠᠮᠢᠶᠠᠷᠤᠯᠲᠠ ᠵᠢᠨ ᠬᠡᠰᠡᠭ᠎ᠲᠤ ᠬᠡᠪ᠎ᠤᠨ ᠪᠤᠰᠤ ᠪᠠᠢ᠌ᠳᠠᠯ ᠢᠯᠡᠷᠡᠭᠰᠡᠨ ᠦᠭᠡᠢ》᠃ ᠠᠯᠳᠠᠨ ᠨᠠᠷᠠᠨ᠎ᠤ ᠲᠤᠶᠠᠭ᠋ᠠᠨ᠎ᠳᠤ ᠮᠥᠩᠭᠥᠨ ᠶᠢᠷᠲᠢᠨᠴᠦ ᠭᠢᠯᠠᠰᠤᠨ ᠬᠠᠷᠠᠭᠳᠠᠵᠤ᠂ ᠴᠠᠭᠳᠠᠭ᠋ᠠᠨ᠎ᠤ ᠵᠢᠯᠣᠭᠣᠴᠢ ᠦᠭᠡᠢ ᠨᠢᠰᠬᠡᠯ ᠵᠶ᠋ᠡᠷ ᠳᠠᠮᠵᠢᠭᠤᠯᠤᠭᠰᠠᠨ ᠵᠢᠷᠤᠭ ᠳᠦᠷᠰᠦ᠎ᠳᠤ ᠬᠢᠯᠢ ᠵᠢᠨ ᠵᠥᠷᠢᠭ ᠲᠣᠳᠣᠬᠠᠨ ᠬᠠᠷᠠᠭᠳᠠᠨ᠎ᠠ᠃ ᠢᠷᠪᠢᠰᠲᠡᠢ᠎ᠳᠠᠬᠢ ᠬᠢᠯᠢ ᠵᠢᠨ ᠲᠣᠮᠢᠯᠠᠭᠰᠠᠨ ᠰᠠᠯᠪᠤᠷᠢ ᠵᠢᠨ ᠴᠠᠭᠳᠠᠭ᠎ᠠ ᠯᠢᠦ ᡁᠢ ᠴᠢᠶᠠᠩ ᠠᠭᠤᠯᠠᠨ ᠣᠷᠣᠢ ᠳᠡᠭᠡᠷ᠎ᠡ ᠵᠣᠭᠰᠣᠵᠤ᠂ ᠶᠡᠬᠡ ᠠᠩᠭᠢ᠎ᠳᠤ ᠬᠢᠯᠢ ᠴᠠᠭᠳᠠᠵᠤ ᠪᠠᠢ᠌ᠭ᠎ᠠ ᠪᠠᠢ᠌ᠳᠠᠯ ᠵᠶ᠋ᠠᠨ ᠬᠠᠷᠢᠭᠤ ᠮᠡᠳᠡᠭᠦᠯᠪᠡ᠃

       ᠤᠯᠤᠰ᠎ᠢ ᠵᠠᠰᠠᠬᠤ᠎ᠳᠤ ᠡᠷᠬᠡᠪᠰᠢ ᠬᠢᠯᠢ ᠬᠢᠵᠠᠭ᠋ᠠᠷ᠎ᠢ ᠵᠠᠰᠠᠵᠤ᠂ ᠤᠯᠤᠰ᠎ᠢ ᠬᠦᠴᠦᠷᠬᠡᠭᠵᠢᠭᠦᠯᠬᠦ᠎ᠳᠤ ᠡᠷᠬᠡᠪᠰᠢ ᠬᠢᠯᠢ ᠬᠢᠵᠠᠭ᠋ᠠᠷ᠎ᠢ ᠬᠦᠴᠦᠷᠬᠡᠭᠵᠢᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ ᠲᠡᠭᠦᠰᠦᠭᠰᠡᠨ᠎ᠤ ᠳᠠᠷᠠᠭ᠎ᠠ᠂ ᠥᠪᠥᠷ ᠮᠣᠩᠭᠣᠯ᠎ᠤᠨ ᠬᠢᠯᠢ᠎ᠪᠠᠷ ᠣᠷᠣᠵᠤ ᠭᠠᠷᠬᠤ ᠬᠢᠯᠢ ᠵᠢᠨ ᠬᠠᠮᠠᠭ᠋ᠠᠯᠠᠯᠲᠠ ᠵᠢᠨ ᠪᠠᠢ᠌ᠴᠠᠭ᠋ᠠᠬᠤ ᠶᠡᠷᠦᠩᠬᠡᠢ ᠥᠷᠲᠡᠭᠡ ᠲᠡᠷᠡ ᠳᠠᠷᠤᠢ᠎ᠳᠤᠨᠢ ᠴᠠᠭᠳᠠᠭ᠎ᠠ᠎ᠪᠠᠨ ᠵᠣᠬᠢᠶᠠᠨ ᠪᠠᠢ᠌ᠭᠤᠯᠵᠤ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠭᠤᠯᠪᠠ᠃ 2025 ᠣᠨ᠎ᠳᠤ᠂ ᠥᠪᠥᠷ ᠮᠣᠩᠭᠣᠯ᠎ᠤᠨ ᠬᠢᠯᠢ᠎ᠪᠠᠷ ᠣᠷᠣᠵᠤ ᠭᠠᠷᠬᠤ ᠬᠢᠯᠢ ᠵᠢᠨ ᠬᠠᠮᠠᠭ᠋ᠠᠯᠠᠯᠲᠠ ᠵᠢᠨ ᠪᠠᠢ᠌ᠴᠠᠭ᠋ᠠᠬᠤ ᠶᠡᠷᠦᠩᠬᠡᠢ ᠥᠷᠲᠡᠭᠡ ᠵᠢᠨ᠎ᠬᠢᠨ ᠤᠮᠠᠷᠠᠲᠤ ᠬᠢᠯᠢ ᠵᠢᠨ ᠤᠯᠤᠰ᠎ᠤᠨ ᠡᠭᠦᠳᠡᠨ᠎ᠤ ᠬᠢᠯᠢ ᠵᠢᠨ ᠠᠮᠤᠷ ᠲᠦᠪᠰᠢᠨ᠎ᠤ ᠬᠠᠮᠢᠶᠠᠷᠤᠨ ᠡᠵᠡᠮᠳᠡᠬᠦ ᠭᠣᠣᠯᠳᠠᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠭᠣᠣᠯ ᠦᠢ᠍ᠯᠡᠰ᠎ᠢ ᠭᠣᠣᠯᠳᠠᠯᠭ᠎ᠠ᠎ᠲᠠᠢ ᠠᠳᠬᠤᠬᠤ᠂ ᠭᠣᠣᠯ ᠬᠠᠷᠢᠭᠤᠴᠠᠯᠭ᠎ᠠ᠎ᠪᠠᠷ ᠭᠣᠣᠯᠳᠠᠯᠭ᠎ᠠ ᠪᠤᠯᠭ᠋ᠠᠬᠤ ᠵᠢ ᠪᠠᠷᠢᠮᠲᠠᠯᠠᠵᠤ᠂ 《ᠰᠢᠰᠲ᠋ᠧᠮ᠎ᠢ ᠴᠢᠩᠭ᠋ᠠᠳᠬᠠᠬᠤ᠂ ᠲᠣᠭᠲᠠᠴᠠ ᠵᠢ ᠪᠠᠢ᠌ᠭᠤᠯᠬᠤ᠂ ᠪᠠᠢ᠌ᠷᠢᠰᠢᠭᠤᠯᠤᠯᠲᠠ ᠵᠢ ᠰᠢᠯᠢᠳᠡᠭᠵᠢᠭᠦᠯᠬᠦ》 ᠵᠢᠨ ᠲᠣᠭᠣᠷᠢᠨ᠎ᠳᠤ᠂ ᠬᠢᠯᠢ ᠵᠢᠨ ᠬᠠᠮᠢᠶᠠᠷᠤᠨ ᠡᠵᠡᠮᠳᠡᠬᠦ ᠰᠢᠰᠲ᠋ᠧᠮ᠂ ᠣᠶᠤᠨᠴᠢᠯᠠᠭᠰᠠᠨ ᠬᠢᠯᠢ ᠵᠢᠨ ᠪᠣᠭᠣᠮᠲᠠ ᠵᠢᠨ ᠬᠠᠮᠢᠶᠠᠷᠤᠨ ᠡᠵᠡᠮᠳᠡᠬᠦ ᠰᠢᠰᠲ᠋ᠧᠮ᠎ᠤᠨ ᠪᠠᠢ᠌ᠭᠤᠯᠤᠯᠲᠠ ᠵᠢ ᠨᠢᠭᠡ ᠴᠣᠭᠴᠠᠵᠢᠭᠤᠯᠤᠨ ᠠᠬᠢᠭᠤᠯᠵᠤ᠂ ᠬᠢᠯᠢ ᠵᠢᠨ ᠬᠠᠮᠢᠶᠠᠷᠤᠨ ᠡᠵᠡᠮᠳᠡᠬᠦ ᠬᠦᠴᠦᠨ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ; ᠴᠠᠭᠳᠠᠭ᠋ᠠᠨ᠎ᠤ ᠶᠠᠪᠤᠳᠠᠯ᠎ᠤᠨ ᠰᠢᠨ᠎ᠡ ᠣᠢ᠌ᠯᠠᠭ᠋ᠠᠭᠳᠠᠬᠤᠨ᠎ᠢ ᠪᠠᠲᠤ ᠪᠤᠶ ᠪᠤᠯᠭ᠋ᠠᠵᠤ᠂ ᠬᠠᠮᠲᠤᠷᠠᠨ ᠰᠢᠨ᠎ᠡ ᠵᠢ ᠡᠭᠦᠳᠬᠦ ᠲᠤᠷᠰᠢᠯᠲᠠ ᠵᠢᠨ ᠲᠠᠰᠤᠭ᠎ᠢ ᠬᠦᠴᠦᠷᠬᠡᠭᠵᠢᠭᠦᠯᠦᠨ᠂ ᠨᠢᠭᠡ ᠪᠦᠯᠦᠭ ᠳᠡᠭᠡᠳᠦ ᠰᠢᠨ᠎ᠡ ᠮᠡᠷᠭᠡᠵᠢᠯ᠎ᠤᠨ ᠲᠣᠨᠣᠭᠯᠠᠯ᠎ᠢ ᠰᠤᠳᠤᠯᠤᠨ ᠨᠡᠭᠡᠭᠡᠵᠦ ᠤᠭᠰᠠᠷᠠᠨ᠂ ᠴᠠᠭᠳᠠᠭ᠋ᠠᠨ᠎ᠤ ᠶᠠᠪᠤᠳᠠᠯ᠎ᠤᠨ ᠠᠭᠤᠰᠤᠯᠴᠠᠯ᠎ᠤᠨ ᠰᠢᠨ᠎ᠡ ᠵᠠᠭᠪᠤᠷ᠎ᠢ ᠰᠢᠯᠢᠳᠡᠭᠵᠢᠭᠦᠯᠦᠨ ᠲᠠᠰ ᠳᠡᠪᠰᠢᠭᠦᠯᠵᠦ᠂ ᠪᠣᠳᠠᠲᠤ ᠲᠡᠢ᠌ᠨ᠎ᠢ ᠵᠢᠯᠤᠭᠣᠳᠬᠤ ᠲᠣᠭᠲᠠᠴᠠ᠂ ᠰᠠᠨᠠᠭ᠋ᠠᠴᠢᠯᠠᠭ᠋ᠠᠲᠤ ᠴᠠᠭᠳᠠᠭ᠋ᠠᠨ᠎ᠤ ᠶᠠᠪᠤᠳᠠᠯ ᠪᠠ ᠣᠨᠣᠴᠠᠲᠠᠢ ᠴᠣᠬᠢᠯᠲᠠ ᠥᠭᠬᠦ ᠲᠣᠭᠲᠠᠴᠠ᠂ ᠬᠢᠯᠢ ᠵᠢᠨ ᠰᠠᠭᠤᠷᠢ ᠰᠡᠷᠭᠡᠢ᠌ᠯᠡᠯᠲᠡ ᠪᠠ ᠭᠣᠣᠯᠳᠠᠯᠭ᠎ᠠ᠎ᠲᠠᠢ ᠬᠠᠮᠢᠶᠠᠷᠤᠨ ᠡᠵᠡᠮᠳᠡᠬᠦ ᠲᠣᠭᠲᠠᠴᠠ ᠵᠡᠷᠭᠡ 《ᠲᠠᠪᠤᠨ ᠵᠦᠢ᠍ᠯ᠎ᠤᠨ ᠲᠣᠭᠲᠠᠴᠠ》 ᠵᠢ ᠪᠦᠷᠢᠨᠰᠢᠭᠦᠯᠦᠨ ᠭᠦᠨᠵᠡᠭᠡᠢ᠌ᠷᠡᠭᠦᠯᠵᠦ᠂ ᠤᠯᠤᠰ᠎ᠤᠨ ᠡᠭᠦᠳᠡᠨ᠎ᠤ ᠬᠢᠯᠢ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠪᠣᠯᠣᠨ᠎ᠠ᠃

       ᠨᠡᠢ᠌ᠭᠡᠮ᠎ᠤᠨ ᠲᠣᠭᠲᠠᠭᠤᠨ ᠪᠠᠢ᠌ᠳᠠᠯ ᠪᠠ ᠠᠮᠤᠷ ᠲᠦᠪᠰᠢᠨ ᠪᠣᠯ ᠠᠷᠠᠳ ᠤᠯᠠᠨ᠎ᠤ ᠬᠠᠮᠤᠭ᠎ᠤᠨ ᠦᠨᠳᠦᠰᠦᠨ᠂ ᠬᠠᠮᠤᠭ᠎ᠤᠨ ᠨᠡᠢ᠌ᠳᠡᠮ᠎ᠤᠨ ᠬᠦᠰᠡᠯ ᠡᠷᠡᠮᠡᠯᠵᠡᠯ ᠪᠣᠯᠣᠨ᠎ᠠ᠃ ᠡᠨᠡ ᠵᠢᠯ᠎ᠤᠨ ᠴᠠᠭ᠋ᠠᠨ ᠰᠠᠷ᠎ᠠ ᠵᠢᠨ ᠠᠮᠠᠷᠠᠯᠲᠠ ᠵᠢᠨ ᠬᠤᠭᠤᠴᠠᠭ᠋ᠠᠨ᠎ᠳᠤ᠂ ᠪᠦᠭᠦ ᠣᠷᠣᠨ᠎ᠤ ᠡᠯ᠎ᠡ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠥᠷᠭᠡᠨ ᠣᠯᠠᠨ ᠠᠷᠠᠳ᠎ᠤᠨ ᠴᠠᠭᠳᠠᠭ᠎ᠠ ᠡᠭᠦᠷᠭᠡ ᠲᠤᠰᠢᠶᠠᠯ ᠵᠶ᠋ᠠᠨ ᠬᠢᠴᠢᠶᠡᠩᠭᠦᠢ᠌ᠯᠡᠨ ᠭᠦᠢ᠍ᠴᠡᠳᠬᠡᠵᠦ᠂ ᠦᠨᠡᠨᠴᠢ ᠰᠢᠳᠤᠷᠭᠤ᠎ᠪᠠᠷ ᠬᠤᠪᠢ ᠨᠡᠮᠡᠷᠢ ᠦᠵᠡᠭᠦᠯᠦᠨ᠂ ᠨᠡᠢ᠌ᠭᠡᠮ᠎ᠤᠨ ᠠᠮᠤᠷ ᠲᠦᠪᠰᠢᠨ ᠡᠮᠬᠢ ᠳᠢᠭᠯᠢᠮ᠎ᠤᠨ ᠰᠠᠢ᠌ᠨ ᠰᠠᠢ᠌ᠬᠠᠨ ᠪᠠᠢ᠌ᠬᠤ ᠵᠢ ᠪᠦᠭᠦ ᠬᠦᠴᠦᠨ ᠵᠶ᠋ᠡᠷ ᠵᠶ᠋ᠡᠨ ᠪᠠᠲᠤᠯᠠᠪᠠ᠃ ᠨᠢᠳᠤᠨᠤᠨ᠎ᠤ ᠴᠠᠭ᠋ᠠᠨ ᠰᠠᠷ᠎ᠠ ᠵᠢᠨ ᠠᠮᠠᠷᠠᠯᠲᠠ ᠵᠢᠨ ᠬᠤᠭᠤᠴᠠᠭ᠎ᠠ᠎ᠲᠠᠢ ᠬᠠᠷᠢᠴᠠᠭᠤᠯᠪᠠᠯ᠂ ᠪᠦᠭᠦ ᠣᠷᠣᠨ᠎ᠤ ᠡᠷᠡᠭᠦᠦ ᠵᠢᠨ ᠬᠡᠷᠡᠭ᠂ ᠠᠮᠤᠷ᠎ᠢ ᠬᠠᠮᠠᠭ᠋ᠠᠯᠠᠬᠤ ᠴᠠᠭᠳᠠᠭ᠋ᠠᠨ᠎ᠤ ᠪᠠᠢ᠌ᠳᠠᠯ ᠲᠣᠰ ᠲᠣᠰ 3.06%᠂ 36.84%᠎ᠪᠠᠷ ᠪᠠᠭᠤᠷᠠᠵᠠᠢ᠃

       ᠴᠠᠭ᠋ᠠᠨ ᠰᠠᠷ᠎ᠠ ᠵᠢᠨ ᠠᠮᠠᠷᠠᠯᠲᠠ ᠥᠩᠭᠡᠷᠡᠮᠡᠭᠴᠡ᠂ ᠪᠦᠭᠦ ᠣᠷᠣᠨ᠎ᠤ ᠡᠯ᠎ᠡ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠬᠣᠢ᠌ᠨ᠎ᠠ ᠬᠣᠢ᠌ᠨ᠎ᠠ᠎ᠠᠴᠠ᠎ᠪᠠᠨ 《ᠰᠢᠨ᠎ᠡ ᠵᠢᠯ᠎ᠤᠨ ᠠᠩᠬᠠᠨ᠎ᠤ ᠪᠣᠯᠪᠠᠰᠤᠷᠠᠯ》᠎ᠢ ᠥᠷᠨᠢᠭᠦᠯᠵᠦ᠂ ᠳᠣᠲᠣᠭ᠋ᠠᠳᠤ ᠵᠢ ᠬᠠᠮᠠᠭ᠋ᠠᠯᠠᠬᠤ ᠡᠩᠨᠡᠭᠡᠨ᠎ᠤ ᠪᠠᠢ᠌ᠭᠤᠯᠤᠯᠲᠠ ᠵᠢ ᠴᠢᠩᠭ᠋ᠠᠳᠬᠠᠵᠤ᠂ ᠠᠷᠠᠳ᠎ᠤᠨ ᠴᠠᠭᠳᠠᠭ᠎ᠠ ᠵᠢᠨ ᠴᠢᠳᠠᠪᠤᠷᠢ ᠬᠡᠪ ᠪᠣᠯᠪᠠᠰᠤᠷᠠᠯ᠎ᠢ ᠳᠡᠭᠡᠭᠰᠢᠯᠡᠭᠦᠯᠵᠦ᠂ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠰᠢᠨ᠎ᠡ ᠴᠢᠨᠠᠷ᠎ᠤᠨ ᠳᠠᠢ᠌ᠴᠢᠨ ᠬᠦᠴᠦᠨ᠎ᠢ ᠲᠦᠷᠭᠡᠳᠬᠡᠨ ᠪᠦᠷᠢᠯᠳᠦᠭᠦᠯᠬᠦ ᠪᠠ ᠳᠡᠭᠡᠭᠰᠢᠯᠡᠭᠦᠯᠵᠦ᠂ ᠥᠷᠭᠡᠨ ᠣᠯᠠᠨ ᠠᠷᠠᠳ᠎ᠤᠨ ᠴᠠᠭᠳᠠᠭ᠎ᠠ ᠵᠢ ᠴᠣᠭ ᠪᠠᠳᠠᠷᠠᠩᠭᠤᠢ ᠵᠣᠷᠢᠭ ᠰᠠᠨᠠᠭ᠎ᠠ᠎ᠪᠠᠷ ᠰᠢᠨ᠎ᠡ ᠨᠢᠭᠡ ᠵᠢᠯ᠎ᠤᠨ ᠠᠵᠢᠯ ᠵᠶ᠋ᠠᠨ ᠡᠬᠢᠯᠡᠭᠦᠯᠬᠦ ᠪᠣᠯᠭ᠋ᠠᠪᠠ᠃

      2025 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠬᠦᠨᠳᠦ ᠨᠣᠴᠢᠲᠠᠢ ᠬᠦᠴᠦᠷᠬᠡᠭᠯᠡᠯ᠎ᠤᠨ ᠶᠠᠯᠠᠲᠤ ᠠᠵᠢᠯᠯᠠᠭ᠎ᠠ᠎ᠳᠤ ᠬᠦᠴᠦᠲᠡᠢ ᠴᠣᠬᠢᠯᠲᠠ ᠥᠭᠴᠦ᠂ ᠰᠦᠯᠵᠢᠶᠡᠨ ᠳᠡᠭᠡᠷ᠎ᠡ ᠮᠡᠬᠡᠯᠡᠬᠦ ᠶᠠᠯᠠᠲᠤ ᠠᠵᠢᠯᠯᠠᠭ᠎ᠠ᠎ᠳᠤ ᠴᠣᠬᠢᠯᠲᠠ ᠥᠭᠴᠦ ᠵᠠᠰᠠᠬᠤ ᠵᠢ ᠭᠦᠨᠵᠡᠭᠡᠢ᠌ᠷᠡᠭᠦᠯᠵᠦ᠂ ᠠᠶᠤᠯᠭᠦᠢ ᠦᠢ᠍ᠯᠡᠳᠪᠦᠷᠢᠯᠡᠯ᠎ᠤᠨ ᠦᠨᠳᠦᠰᠦ᠎ᠠᠴᠠ᠎ᠨᠢ ᠵᠠᠰᠠᠬᠤ ᠪᠣᠭᠣᠮᠲᠠ ᠰᠢᠪᠲᠤᠯᠬᠤ ᠭᠤᠷᠪᠠᠨ ᠵᠢᠯ᠎ᠤᠨ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠤᠯᠠᠨ ᠨᠡᠢ᠌ᠲᠡ ᠵᠢᠨ ᠠᠮᠤᠷ ᠲᠦᠪᠰᠢᠨ᠎ᠤ ᠰᠡᠷᠭᠡᠢ᠌ᠯᠡᠯᠲᠡ ᠵᠢᠨ ᠱᠤᠭᠤᠮ᠎ᠢ ᠪᠠᠲᠤ ᠴᠣᠭᠴᠠᠯᠠᠵᠤ᠂ ᠨᠡᠢ᠌ᠭᠡᠮ᠎ᠤᠨ ᠶᠡᠬᠡ ᠲᠠᠯ᠎ᠠ ᠵᠢᠨ ᠲᠣᠭᠲᠠᠭᠤᠨ᠎ᠢ ᠪᠦᠭᠦ ᠬᠦᠴᠦᠨ ᠵᠶ᠋ᠡᠷ ᠵᠢᠨᠨ ᠬᠠᠮᠠᠭ᠋ᠠᠯᠠᠨ᠎ᠠ᠃ ᠡᠭᠦᠨ᠎ᠤ ᠬᠠᠮᠲᠤ᠂ ᠲᠣᠰ ᠲᠢᠩᠬᠢᠮ ᠦᠷᠭᠦᠯᠵᠢᠯᠡᠨ ᠤᠯᠤᠰ ᠲᠥᠷᠥ ᠵᠢᠨ ᠪᠠᠢ᠌ᠭᠤᠯᠤᠯᠲᠠ ᠵᠢ ᠪᠦᠭᠦ ᠲᠠᠯ᠎ᠠ᠎ᠪᠠᠷ ᠴᠢᠩᠭ᠋ᠠᠳᠬᠠᠬᠤ᠂ ᠰᠠᠬᠢᠯᠭ᠎ᠠ ᠪᠠᠲᠤ ᠬᠡᠪ ᠰᠤᠷᠲᠠᠯ᠎ᠢ ᠦᠷᠭᠦᠯᠵᠢᠯᠡᠨ ᠰᠠᠢ᠌ᠵᠢᠷᠠᠭᠤᠯᠬᠤ ᠪᠠ ᠡᠩᠨᠡᠭᠡᠨ᠎ᠤ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢ᠌ᠯᠭ᠎ᠠ ᠭᠠᠷᠭ᠋ᠠᠬᠤ ᠵᠢ ᠵᠣᠷᠢᠭᠵᠢᠭᠤᠯᠬᠤ ᠭᠤᠷᠪᠠᠨ ᠲᠠᠯ᠎ᠠ᠎ᠠᠴᠠ ᠭᠠᠷᠳᠠᠵᠤ᠂ ᠪᠦᠭᠦ ᠲᠠᠯ᠎ᠠ᠎ᠪᠠᠷ ᠨᠠᠮ᠎ᠢ ᠴᠢᠩᠭ᠎ᠠ ᠬᠠᠮᠢᠶᠠᠷᠴᠤ ᠴᠠᠭᠳᠠᠭ᠎ᠠ ᠵᠢ ᠴᠢᠩᠭ᠎ᠠ ᠵᠠᠰᠠᠬᠤ ᠵᠢ ᠭᠦᠨᠵᠡᠭᠡᠢ ᠠᠬᠢᠭᠤᠯᠵᠤ᠂ ᠬᠡᠪ ᠪᠣᠯᠪᠠᠰᠤᠷᠠᠯ ᠵᠶ᠋ᠠᠷ ᠴᠠᠭᠳᠠᠭ᠎ᠠ ᠵᠢ ᠬᠦᠴᠦᠷᠬᠡᠭᠵᠢᠭᠦᠯᠬᠦ ᠢᠨᠵᠧᠨᠧᠷᠢᠩ᠎ᠢ ᠲᠥᠯᠥᠪᠵᠢᠭᠦᠯᠦᠨ ᠬᠡᠷᠡᠭᠵᠢᠭᠦᠯᠵᠦ᠂ ᠥᠨᠳᠥᠷ ᠬᠡᠪ ᠪᠣᠯᠪᠠᠰᠤᠷᠠᠯ᠎ᠲᠠᠢ ᠴᠠᠭ᠋ᠠᠷᠠᠭᠰᠠᠨ ᠳᠣᠲᠣᠭ᠋ᠠᠳᠤ ᠵᠢ ᠬᠠᠮᠠᠭ᠋ᠠᠯᠠᠬᠤ ᠪᠦᠭᠦᠨ᠎ᠢ ᠢᠯᠠᠭᠴᠢ ᠴᠡᠷᠢᠭ᠎ᠢ ᠳᠠᠪᠲᠠᠨ ᠪᠤᠯᠪᠠᠰᠤᠷᠠᠭᠤᠯᠵᠤ᠂ ᠭᠣᠣᠯ ᠬᠠᠷᠢᠭᠤᠴᠠᠯᠭ᠎ᠠ ᠭᠣᠣᠯ ᠠᠵᠢᠯ᠎ᠢ ᠪᠠᠲᠤ ᠡᠭᠦᠷᠭᠡᠯᠡᠬᠦ᠂ ᠡᠬᠡ ᠤᠯᠤᠰ᠎ᠤᠨ ᠤᠮᠠᠷᠠᠲᠤ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠠᠲᠤ ᠴᠣᠭᠴᠠᠯᠠᠬᠤ᠎ᠳᠤ ᠲᠠᠰᠤᠷᠠᠯᠲᠠ ᠦᠭᠡᠢ ᠬᠥᠳᠡᠯᠭᠡᠬᠦ ᠬᠦᠴᠦᠨ ᠬᠠᠩᠭ᠋ᠠᠬᠤ ᠪᠣᠯᠣᠨ᠎ᠠ᠃

       ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢ᠌ᠯᠭ᠎ᠠ ᠭᠠᠷᠭ᠋ᠠᠵᠤ ᠨᠡᠢ᠌ᠭᠡᠮ᠎ᠤᠨ ᠲᠣᠭᠲᠠᠭᠤᠨ᠎ᠤ ᠬᠣᠷᠢᠭ᠎ᠠ ᠱᠤᠭᠤᠮ᠎ᠢ ᠰᠠᠢ᠌ᠲᠤᠷ ᠰᠠᠬᠢᠨ᠎ᠠ

      1 ᠰᠠᠷ᠎ᠠ ᠵᠢᠨ 23᠎ᠤ ᠡᠳᠦᠷ᠂ ᠪᠦᠭᠦ ᠣᠷᠣᠨ᠎ᠤ ᠳᠤᠮᠳᠠ ᠵᠡᠷᠭᠡ ᠵᠢᠨ ᠰᠢᠭᠦᠬᠦ ᠬᠣᠷᠢᠶ᠎ᠠ ᠵᠢᠨ ᠬᠣᠷᠢᠶᠠᠨ ᠳᠠᠷᠤᠭ᠎ᠠ ᠨᠠᠷ᠎ᠤᠨ ᠬᠤᠷᠠᠯ ᠭᠦᠭᠡᠬᠣᠲᠠ᠎ᠳᠤ ᠬᠤᠷᠠᠯᠳᠤᠵᠤ᠂ ᠬᠤᠷᠠᠯ᠎ᠠᠴᠠ ᠡᠨᠡ ᠵᠢᠯ᠎ᠤᠨ ᠠᠵᠢᠯ᠎ᠳᠤ ᠪᠠᠢ᠌ᠷᠢᠯᠠᠭᠤᠯᠤᠯᠲᠠ ᠬᠢᠪᠡ᠃ 2025 ᠣᠨ᠎ᠳᠤ ᠪᠦᠭᠦ ᠣᠷᠣᠨ᠎ᠤ ᠰᠢᠭᠦᠬᠦ ᠬᠣᠷᠢᠶ᠎ᠠ ᠤᠯᠤᠰ ᠲᠥᠷᠥ᠎ᠪᠠᠷ ᠰᠦᠭ ᠰᠦᠨᠡᠰᠦ ᠵᠢ ᠱᠤᠭᠤᠬᠤ᠂ ᠶᠠᠰᠤ ᠴᠢᠨᠠᠷ ᠦᠷ᠎ᠡ ᠪᠦᠲᠦᠮᠵᠢ ᠵᠢ ᠪᠡᠬᠢᠵᠢᠭᠦᠯᠬᠦ᠂ ᠬᠡᠪ ᠴᠢᠳᠠᠪᠤᠷᠢ ᠵᠢ ᠳᠡᠭᠡᠭᠰᠢᠯᠡᠭᠦᠯᠭᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠬᠦᠴᠦᠨ ᠴᠢᠳᠠᠯ ᠣᠯᠭᠣᠬᠤ ᠳᠥᠷᠪᠡᠨ ᠵᠦᠢ᠍ᠯ᠎ᠤᠨ ᠢᠨᠵᠧᠨᠧᠷᠢᠩ᠎ᠢ ᠭᠦᠨᠵᠡᠭᠡᠢ ᠥᠷᠨᠢᠭᠦᠯᠵᠦ᠂ ᠢᠲᠡᠭᠡᠯ ᠵᠣᠷᠢᠭ ᠵᠶ᠋ᠠᠨ ᠪᠠᠲᠤᠳᠬᠠᠵᠤ᠂ ᠦᠨᠡᠨ ᠬᠦ᠌ ᠠᠳᠬᠤᠨ ᠪᠣᠳᠠᠲᠠᠢ ᠠᠵᠢᠯᠯᠠᠵᠤ᠂ ᠨᠠᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠥᠪᠥᠷ ᠮᠣᠩᠭᠣᠯ᠂ ᠬᠠᠤᠯᠢᠵᠢᠯ᠎ᠤᠨ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠤᠨ᠎ᠠ᠃

      《ᠪᠢᠳᠡ ᠤᠯᠤᠰ᠎ᠤᠨ ᠠᠮᠤᠷ ᠲᠦᠪᠰᠢᠨ ᠪᠣᠯᠣᠨ ᠨᠡᠢ᠌ᠭᠡᠮ᠎ᠤᠨ ᠲᠣᠭᠲᠠᠭᠤᠨ᠎ᠢ ᠬᠠᠮᠠᠭ᠋ᠠᠯᠠᠬᠤ ᠶᠠᠪᠤᠳᠠᠯ᠎ᠢ ᠴᠢᠬᠤᠯᠠ ᠪᠠᠢ᠌ᠷᠢᠨ᠎ᠳᠤ ᠲᠠᠯᠪᠢᠵᠤ᠂ ᠭᠣᠣᠯᠳᠠᠯᠭ᠎ᠠ᠎ᠲᠠᠢ ᠬᠦᠷᠢᠶᠡᠨ᠎ᠤ ᠠᠶᠤᠯ ᠲᠦᠭᠰᠢᠭᠦᠷᠢ ᠵᠢ ᠴᠢᠩᠭ᠎ᠠ ᠠᠩᠬᠠᠷᠴᠤ᠂ ᠪᠦᠭᠦ ᠲᠠᠯ᠎ᠠ᠎ᠪᠠᠷ ᠲᠤᠢ᠌ᠯᠪᠤᠷᠢᠲᠠᠢ ᠪᠠᠢ᠌ᠴᠠᠭ᠋ᠠᠵᠤ ᠨᠠᠮᠳᠠᠭ᠋ᠠᠨ ᠰᠢᠢ᠍ᠳᠪᠦᠷᠢᠯᠡᠬᠦ ᠵᠢᠨ ᠬᠠᠮᠲᠤ ᠰᠡᠷᠭᠡᠢ᠌ᠯᠡᠯᠲᠡ᠎ᠳᠤ ᠬᠠᠷᠠᠭ᠋ᠠᠯᠵᠠᠭᠰᠠᠨ ᠤᠷᠳᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠪᠦᠷᠢᠨᠰᠢᠭᠦᠯᠦᠨ᠎ᠡ》᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠣᠷᠢᠶ᠎ᠠ ᠵᠢᠨ ᠠᠯᠪᠠᠨ ᠭᠡᠷ᠎ᠤᠨ ᠡᠷᠭᠢᠯᠡᠭᠴᠢ ᠱ᠌ᠢ ᠶᠠᠨ ᠯᠦᠩ᠂ ᠪᠦᠭᠦ ᠣᠷᠣᠨ᠎ᠤ ᠰᠢᠭᠦᠬᠦ ᠬᠣᠷᠢᠶ᠎ᠠ 《ᠤᠮᠠᠷᠠᠲᠤ ᠬᠢᠯᠢ ᠵᠢᠨ ᠹᠸᠩᠴᠢᠶᠤᠤ》 ᠵᠢᠨ ᠲᠦᠷᠦᠯ ᠲᠡᠮᠳᠡᠭ᠎ᠤᠨ ᠪᠠᠢ᠌ᠭᠤᠯᠤᠯᠲᠠ ᠵᠢ ᠭᠦᠨᠵᠡᠭᠡᠢ᠌ᠷᠡᠭᠦᠯᠵᠦ᠂ 《ᠹᠸᠩᠴᠢᠶᠤᠤ ᠮᠠᠶᠢᠭ᠎ᠤᠨ ᠠᠷᠠᠳ᠎ᠤᠨ ᠰᠢᠭᠦᠬᠦ ᠲᠢᠩᠬᠢᠮ》᠎ᠢ ᠡᠭᠦᠳᠦᠨ ᠪᠠᠶ᠋ᠢᠭᠤᠯᠬᠤ ᠵᠢ ᠠᠬᠢᠭᠤᠯᠵᠤ᠂ 《ᠲᠥᠯᠥᠭᠡᠯᠡᠭᠴᠢ᠂ ᠭᠡᠰᠢᠭᠦᠨ + ᠰᠢᠭᠦᠬᠦ ᠬᠣᠷᠢᠶ᠎ᠠ》᠂ 《ᠲᠡᠷᠢᠭᠦᠨ ᠵᠡᠷᠭᠡ ᠵᠢᠨ ᠬᠠᠤᠯᠢ ᠴᠠᠭ᠋ᠠᠵᠠ ᠵᠢᠨ ᠵᠥᠪᠯᠡᠯᠭᠡ ᠥᠭᠬᠦ ᠲᠤᠰᠬᠠᠢ ᠮᠡᠷᠭᠡᠵᠢᠯᠲᠡᠨ + ᠰᠢᠭᠦᠬᠦ ᠬᠣᠷᠢᠶ᠎ᠠ》 ᠵᠡᠷᠭᠡ ᠲᠣᠭᠲᠠᠴᠠ ᠵᠢ ᠭᠦᠨᠵᠡᠭᠡᠢ᠌ᠷᠡᠭᠦᠯᠵᠦ᠂ 《ᠵᠢᠱ᠌ᠢᠶ᠎ᠡ ᠦᠵᠡᠭᠦᠯᠭᠦ ᠵᠠᠷᠭᠤ + ᠪᠥᠭᠡᠮ ᠵᠶ᠋ᠡᠷ ᠡᠶᠡᠳᠡᠭᠦᠯᠬᠦ》 ᠲᠣᠭᠲᠠᠴᠠ ᠵᠢ ᠳᠡᠯᠭᠡᠷᠡᠭᠦᠯᠵᠦ᠂ ᠡᠶᠡᠳᠡᠭᠦᠯᠬᠦ ᠵᠢ ᠵᠢᠯᠤᠭᠣᠳᠬᠤ ᠡᠭᠦᠷᠭᠡ ᠴᠢᠳᠠᠪᠤᠷᠢ᠎ᠪᠠᠨ ᠭᠦᠢ᠍ᠴᠡᠳ ᠪᠠᠳᠠᠷᠠᠭᠤᠯᠵᠤ᠂ ᠵᠠᠭᠤᠷᠠᠯᠳᠤᠭ᠋ᠠᠨ᠎ᠢ ᠥᠨᠳᠥᠷ ᠪᠦᠲᠦᠮᠵᠢᠲᠡᠶ ᠪᠥᠭᠡᠳ ᠪᠣᠳᠠᠲᠠᠢ᠎ᠪᠠᠷ ᠰᠢᠢ᠍ᠳᠪᠦᠷᠢᠯᠡᠬᠦ ᠠᠵᠢᠯ᠎ᠢ ᠰᠠᠢ᠌ᠲᠤᠷ ᠬᠢᠨ᠎ᠡ ᠭᠡᠵᠦ ᠬᠡᠯᠡᠪᠡ᠃

       ᠥᠪᠥᠷ ᠮᠣᠩᠭᠣᠯ᠎ᠤᠨ 2025 ᠣᠨ᠎ᠤ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠳᠤ᠂ ᠨᠡᠢ᠌ᠭᠡᠮ᠎ᠤᠨ ᠲᠣᠭᠲᠠᠭᠤᠨ᠎ᠤ ᠬᠣᠷᠢᠭ᠎ᠠ ᠱᠤᠭᠤᠮ᠎ᠢ ᠰᠠᠢ᠌ᠲᠤᠷ ᠰᠠᠬᠢᠬᠤ ᠬᠡᠷᠡᠭᠲᠡᠢ ᠭᠡᠵᠦ ᠲᠣᠳᠣᠷᠬᠠᠢ ᠳᠤᠷᠠᠳᠤᠨ ᠭᠠᠷᠭ᠋ᠠᠪᠠ᠃ ᠨᠢᠭᠡ ᠬᠤᠪᠢ ᠵᠢᠨ ᠪᠠᠢ᠌ᠷᠢᠯᠠᠭᠤᠯᠤᠯᠲᠠ᠂ ᠶᠢᠰᠦᠨ ᠬᠤᠪᠢ ᠵᠢᠨ ᠨᠠᠢ᠌ᠳᠠᠪᠤᠷᠢᠵᠢᠭᠤᠯᠤᠯᠲᠠ᠃ ᠪᠦᠭᠦ ᠣᠷᠣᠨ᠎ᠤ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ᠎ᠬᠢᠨ ᠠᠵᠢᠯ᠎ᠤᠨ ᠪᠠᠢ᠌ᠷᠢ ᠵᠢᠨ ᠲᠤᠰᠢᠶᠠᠯ ᠬᠠᠷᠢᠭᠤᠴᠠᠯᠭ᠎ᠠ᠎ᠪᠠᠷ ᠪᠠᠷᠢᠮᠵᠢᠶᠠᠯᠠᠵᠤ᠂ ᠰᠠᠨᠠᠭ᠋ᠠᠴᠢᠯᠠᠭ᠎ᠠ᠎ᠠᠴᠠ᠎ᠪᠠᠨ ᠡᠭᠦᠷᠭᠡ ᠬᠦᠯᠢᠶᠡᠵᠦ᠂ ᠢᠳᠡᠪᠬᠢᠲᠡᠢ᠎ᠪᠠᠷ ᠲᠥᠯᠥᠪᠵᠢᠭᠦᠯᠦᠨ ᠨᠠᠢ᠌ᠳᠠᠪᠤᠷᠢᠵᠢᠭᠤᠯᠵᠤ᠂ ᠬᠤᠷᠳᠤᠨ ᠮᠣᠷᠢᠨ᠎ᠳᠤ ᠲᠠᠰᠢᠭᠤᠷ ᠨᠡᠮᠡᠵᠦ᠂ ᠪᠦᠭᠦ ᠬᠦᠴᠦᠨ ᠵᠶ᠋ᠡᠷ ᠵᠶ᠋ᠡᠨ ᠴᠢᠷᠮᠠᠢ᠌ᠨ ᠠᠵᠢᠯᠯᠠᠬᠤ ᠬᠡᠷᠡᠭᠲᠡᠢ᠃

       ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠬᠦᠨᠳᠦ ᠶᠡᠬᠡ ᠠᠶᠤᠯ ᠲᠦᠭᠰᠢᠭᠦᠷᠢ ᠵᠢ ᠰᠡᠷᠭᠡᠢ᠌ᠯᠡᠨ ᠠᠷᠢᠯᠭ᠋ᠠᠬᠤ ᠵᠢ ᠬᠠᠮᠤᠭ᠎ᠤᠨ ᠴᠢᠬᠤᠯᠠ ᠵᠦᠢ᠍ᠯ ᠪᠤᠯᠭ᠋ᠠᠵᠤ᠂ 《ᠵᠥᠷᠢᠴᠡᠯ ᠲᠦᠭᠰᠢᠭᠦᠷᠢ ᠵᠢ ᠠᠷᠢᠯᠭ᠋ᠠᠬᠤ᠂ ᠨᠡᠢ᠌ᠭᠡᠮ᠎ᠤᠨ ᠲᠣᠭᠲᠠᠭᠤᠨ᠎ᠢ ᠬᠠᠮᠠᠭ᠋ᠠᠯᠠᠬᠤ》 ᠵᠡᠷᠭᠡ ᠲᠤᠰᠬᠠᠢ ᠠᠵᠢᠯᠯᠠᠭ᠎ᠠ ᠵᠢ ᠭᠦᠨᠵᠡᠭᠡᠢ ᠠᠬᠢᠭᠤᠯᠵᠤ᠂ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ᠂ ᠡᠬᠢ ᠡᠭᠦᠰᠦᠯ᠎ᠠᠴᠠ᠎ᠨᠢ ᠵᠠᠰᠠᠬᠤ ᠪᠠ ᠰᠠᠯᠠᠭ᠎ᠠ ᠮᠥᠴᠢᠷ᠎ᠤᠨ ᠬᠣᠯᠪᠤᠭ᠋ᠠᠯᠠᠨ ᠬᠥᠳᠡᠯᠦᠯᠴᠡᠬᠦ ᠵᠢ ᠴᠢᠩᠭ᠋ᠠᠳᠬᠠᠵᠤ᠂ ᠠᠶᠤᠯ ᠲᠦᠭᠰᠢᠭᠦᠷᠢ ᠵᠢ ᠰᠡᠷᠭᠡᠢ᠌ᠯᠡᠨ ᠠᠷᠢᠯᠭ᠋ᠠᠬᠤ ᠴᠢᠳᠠᠪᠤᠷᠢ ᠵᠢ ᠬᠦᠴᠦᠯᠡᠨ ᠳᠡᠭᠡᠭᠰᠢᠯᠡᠭᠦᠯᠪᠡ᠃

       ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠦᠨᠳᠦᠰᠦᠨ ᠱᠠᠲᠤ ᠵᠢ ᠶᠡᠬᠡ᠎ᠪᠠᠷ ᠠᠳᠬᠤᠬᠤ ᠢᠯᠡ ᠲᠣᠳᠣ ᠤᠳᠤᠷᠢᠳᠤᠮᠵᠢ ᠵᠢ ᠪᠠᠲᠤ ᠪᠤᠶ ᠪᠤᠯᠭ᠋ᠠᠵᠤ᠂ ᠬᠠᠤᠯᠢ ᠴᠠᠭ᠋ᠠᠵᠠ ᠵᠢᠨ ᠭᠠᠵᠠᠷ᠎ᠤᠨ ᠪᠠᠷᠢᠮᠵᠢᠶᠠᠵᠢᠭᠤᠯᠵᠤ ᠵᠢᠷᠤᠮᠵᠢᠭᠤᠯᠬᠤ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠵᠤ᠂ ᠰᠢᠨ᠎ᠡ ᠴᠠᠭ ᠦᠶ᠎ᠡ ᠵᠢᠨ 《ᠹᠧᠩᠴᠢᠶᠣᠤ ᠵᠢᠨ ᠲᠤᠷᠰᠢᠯᠭ᠎ᠠ》 ᠵᠢ ᠪᠠᠷᠢᠮᠲᠠᠯᠠᠨ ᠬᠥᠭᠵᠢᠭᠦᠯᠵᠦ᠂ ᠵᠥᠷᠢᠴᠡᠯ   ᠲᠦᠭᠰᠢᠭᠦᠷᠢ ᠵᠢ ᠰᠡᠷᠭᠡᠢ᠌ᠯᠡᠨ ᠠᠷᠢᠯᠭ᠋ᠠᠬᠤ ᠪᠠᠢ᠌ᠩᠭᠤ ᠵᠠᠰᠠᠬᠤ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠦᠷᠢᠯᠳᠦᠭᠦᠯᠬᠦ ᠪᠣᠯᠣᠨ᠎ᠠ᠃ ᠨᠡᠢ᠌ᠭᠡᠮ᠎ᠤᠨ ᠲᠣᠭᠲᠠᠭᠤᠨ ᠪᠠᠢ᠌ᠳᠠᠯ᠎ᠢ ᠬᠠᠮᠠᠭ᠋ᠠᠯᠠᠬᠤ ᠬᠠᠷᠢᠭᠤᠴᠠᠯᠭ᠎ᠠ ᠵᠢᠨ ᠳᠦᠷᠢᠮ᠎ᠢ   ᠴᠢᠩᠭ᠎ᠠ ᠨᠠᠢ᠌ᠳᠠᠪᠤᠷᠢᠵᠢᠭᠤᠯᠵᠤ᠂ ᠰᠤᠷᠭ᠋ᠠᠨ ᠬᠥᠮᠥᠵᠢᠭᠦᠯᠵᠦ ᠥᠭᠡᠷᠡᠴᠢᠯᠡᠬᠦ᠂ ᠨᠡᠢ᠌ᠭᠡᠮ ᠲᠣᠭᠣᠷᠢᠭ᠎ᠲᠤ ᠵᠠᠯᠠᠷᠠᠭᠤᠯᠬᠤ᠂ ᠲᠥᠪᠬᠢᠨᠡᠭᠦᠯᠵᠦ ᠬᠠᠪᠰᠤᠷᠤᠨ ᠰᠤᠷᠭ᠋ᠠᠬᠤ᠂ ᠵᠠᠭᠤᠷᠠᠯᠳᠤᠭ᠋ᠠᠨ᠎ᠢ ᠰᠢᠢ᠍ᠳᠪᠦᠷᠢᠯᠡᠬᠦ᠂ ᠬᠠᠤᠯᠢᠵᠢᠯ᠎ᠤᠨ ᠤᠬᠠᠭᠤᠯᠭ᠎ᠠ ᠵᠢᠨ ᠲᠠᠪᠤᠨ ᠵᠦᠢ᠍ᠯ᠎ᠤᠨ ᠠᠵᠢᠯ᠎ᠢ ᠨᠢᠭᠡ ᠴᠣᠭᠴᠠᠵᠢᠭᠤᠯᠤᠨ ᠠᠬᠢᠭᠤᠯᠵᠤ᠂ ᠠᠮᠤᠷ ᠲᠦᠪᠰᠢᠨ ᠲᠣᠭᠲᠠᠭᠤᠨ᠎ᠢ ᠬᠠᠮᠠᠭ᠋ᠠᠯᠠᠬᠤ ᠲᠠᠯ᠎ᠠ᠎ᠪᠠᠷ ᠦᠷᠭᠦᠯᠵᠢᠯᠡᠨ ᠬᠦᠴᠦᠯᠡᠵᠦ᠂ ᠤᠯᠤᠰ᠎ᠤᠨ ᠠᠮᠤᠷ ᠲᠦᠪᠰᠢᠨ᠂ ᠨᠡᠢ᠌ᠭᠡᠮ᠎ᠤᠨ ᠠᠮᠤᠷ ᠲᠣᠭᠲᠠᠭᠤᠨ᠂ ᠠᠷᠠᠳ ᠲᠦᠮᠡᠨ᠎ᠤ ᠠᠮᠤᠷ ᠠᠮᠤᠭᠤᠯᠠᠩ᠎ᠢ ᠡᠷᠡᠰ ᠬᠠᠮᠠᠭ᠋ᠠᠯᠠᠬᠤ ᠪᠣᠯᠣᠨ᠎ᠠ᠃

      《ᠪᠢᠳᠡ ᠡᠬᠡ ᠤᠯᠤᠰ᠎ᠤᠨ ᠤᠮᠠᠷᠠᠲᠤ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠠᠲᠤ ᠴᠣᠭᠴᠠᠯᠠᠬᠤ ᠤᠯᠤᠰ ᠲᠥᠷᠥ ᠵᠢᠨ ᠬᠠᠷᠢᠭᠤᠴᠠᠯᠭ᠎ᠠ ᠵᠢ ᠪᠠᠲᠤ ᠡᠭᠦᠷᠭᠡᠯᠡᠵᠦ᠂ ᠤᠯᠤᠰ᠎ᠤᠨ ᠤᠯᠤᠰ ᠲᠥᠷᠥ ᠵᠢᠨ ᠠᠮᠤᠷ ᠲᠦᠪᠰᠢᠨ᠎ᠢ ᠬᠠᠮᠠᠭ᠋ᠠᠯᠠᠬᠤ᠂ ᠨᠡᠢ᠌ᠭᠡᠮ᠎ᠤᠨ ᠶᠡᠬᠡ ᠲᠠᠯ᠎ᠠ ᠵᠢᠨ ᠲᠣᠭᠲᠠᠭᠤᠨ᠎ᠢ ᠪᠠᠲᠤᠯᠠᠬᠤ᠂ ᠨᠡᠢ᠌ᠭᠡᠮ᠎ᠤᠨ ᠲᠥᠪ ᠭᠤᠤᠯᠴᠢ ᠰᠢᠳᠤᠷᠭᠤ ᠶᠣᠰᠣ ᠵᠢ ᠠᠬᠢᠭᠤᠯᠬᠤ᠂ ᠠᠷᠠᠳ ᠲᠦᠮᠡᠨ᠎ᠤ ᠠᠮᠤᠷ ᠲᠠᠢ᠌ᠪᠤᠩ ᠠᠵᠤ ᠲᠦᠷᠦᠭᠦ ᠵᠢ ᠪᠠᠲᠤᠯᠠᠬᠤ ᠴᠢᠬᠤᠯᠠ ᠡᠭᠦᠷᠭᠡ ᠬᠠᠷᠢᠭᠤᠴᠠᠯᠭ᠎ᠠ᠎ᠪᠠᠨ ᠦᠨᠡᠨ ᠬᠦ᠌ ᠰᠠᠢ᠌ᠲᠤᠷ ᠭᠦᠢ᠍ᠴᠡᠳᠬᠡᠵᠦ᠂ ᠠᠶᠤᠯ ᠲᠦᠭᠰᠢᠭᠦᠷᠢ ᠵᠢ ᠰᠡᠷᠭᠡᠢ᠌ᠯᠡᠬᠦ᠂ ᠠᠮᠤᠷ ᠲᠦᠪᠰᠢᠨ᠎ᠢ ᠪᠠᠲᠤᠯᠠᠬᠤ᠂ ᠲᠣᠭᠲᠠᠭᠤᠨ᠎ᠢ ᠬᠠᠮᠠᠭ᠋ᠠᠯᠠᠬᠤ᠂ ᠬᠥᠭᠵᠢᠯᠲᠡ ᠵᠢ ᠠᠬᠢᠭᠤᠯᠬᠤ ᠡᠯ᠎ᠡ ᠵᠦᠢ᠍ᠯ᠎ᠤᠨ ᠠᠵᠢᠯ᠎ᠢ ᠪᠦᠭᠦ ᠬᠦᠴᠦᠨ ᠵᠶ᠋ᠡᠷ ᠵᠶ᠋ᠡᠨ ᠰᠠᠢ᠌ᠲᠤᠷ ᠬᠢᠬᠦ ᠬᠡᠷᠡᠭᠲᠡᠢ》 ᠭᠡᠵᠦ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶ᠎ᠠ ᠵᠢᠨ ᠱᠦᠵᠢ᠂ ᠲᠢᠩᠬᠢᠮ᠎ᠤᠨ ᠳᠠᠷᠤᠭ᠎ᠠ ᠪᠠᠢ ᠶᠦᠩ ᠫᠢᠩ ᠢᠯᠡᠳᠬᠡᠪᠡ᠃

       ᠶᠡᠬᠡ ᠲᠠᠯ᠎ᠠ᠎ᠳᠤ ᠦᠢ᠍ᠯᠡᠴᠢᠯᠡᠵᠦ ᠥᠨᠳᠥᠷ ᠲᠦᠪᠰᠢᠨ ᠪᠦᠬᠦᠢ ᠠᠮᠤᠷ ᠲᠦᠪᠰᠢᠨ ᠵᠶ᠋ᠡᠷ ᠴᠢᠨᠠᠷ ᠰᠠᠢ᠌ᠲᠠᠢ ᠬᠥᠭᠵᠢᠯᠲᠡ ᠵᠢ ᠬᠠᠮᠠᠭ᠋ᠠᠯᠠᠨ᠎ᠠ

       ᠬᠥᠭᠵᠢᠯᠲᠡ ᠪᠠ ᠠᠮᠤᠷ ᠲᠦᠪᠰᠢᠨ᠎ᠨᠢ ᠲᠡᠷᠭᠡᠨ᠎ᠤ ᠬᠣᠶᠠᠷ ᠬᠦᠷᠳᠦ᠂ ᠰᠢᠪᠠᠭᠤᠨ᠎ᠤ ᠬᠣᠣᠰ ᠵᠢᠭᠦᠷ ᠰᠢᠭ ᠬᠠᠷᠢᠯᠴᠠᠨ ᠲᠤᠯᠭ᠋ᠠᠭᠤᠷᠢᠯᠠᠵᠤ᠂ ᠬᠠᠷᠢᠯᠴᠠᠨ ᠠᠬᠢᠭᠤᠯᠵᠤ ᠪᠠᠢ᠌ᠳᠠᠭ᠃ ᠣᠳᠣᠬᠠᠨ᠎ᠳᠤ ᠪᠦᠭᠦ ᠣᠷᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠤᠬᠠᠮᠰᠠᠷ᠎ᠠᠴᠠ᠎ᠪᠠᠨ ᠡᠯ᠎ᠡ ᠵᠦᠢ᠍ᠯ᠎ᠤᠨ ᠠᠵᠢᠯ ᠵᠶ᠋ᠠᠨ ᠪᠦᠭᠦ ᠣᠷᠣᠨ᠎ᠤ ᠴᠢᠨᠠᠷ ᠰᠠᠢ᠌ᠲᠠᠢ ᠬᠥᠭᠵᠢᠯᠲᠡ ᠵᠢᠨ ᠶᠡᠬᠡ ᠲᠠᠯ᠎ᠠ᠎ᠳᠤ ᠲᠠᠯᠪᠢᠵᠤ ᠲᠥᠯᠥᠪᠵᠢᠭᠦᠯᠦᠨ ᠠᠬᠢᠭᠤᠯᠵᠤ᠂ ᠡᠬᠡ ᠤᠯᠤᠰ᠎ᠤᠨ ᠤᠮᠠᠷᠠᠲᠤ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠠᠲᠤ ᠴᠣᠭᠴᠠᠯᠠᠬᠤ 《ᠭᠣᠣᠯ ᠬᠦᠴᠦᠨ ᠴᠡᠷᠢᠭ》᠎ᠤᠨ ᠦᠢ᠍ᠯᠡᠳᠦᠯ᠎ᠢ ᠦᠨᠡᠨ ᠬᠦ᠌ ᠪᠠᠳᠠᠷᠠᠭᠤᠯᠵᠤ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠵᠶ᠋ᠡᠷ ᠴᠢᠨᠠᠷ ᠰᠠᠢ᠌ᠲᠠᠢ ᠬᠥᠭᠵᠢᠯᠲᠡ᠎ᠳᠤ ᠦᠢ᠍ᠯᠡᠴᠢᠯᠡᠵᠦ ᠪᠤᠢ᠃

       ᠴᠢᠭᠯᠡᠯ ᠲᠣᠳᠣᠷᠬᠠᠢ᠂ ᠰᠡᠳᠬᠢᠴᠡ ᠲᠣᠳᠣᠷᠬᠠᠢ᠂ ᠬᠥᠳᠡᠯᠭᠡᠬᠦ ᠬᠦᠴᠦᠨ ᠭᠦᠢ᠍ᠴᠡᠳ ᠪᠣᠯᠪᠠ᠃ ᠰᠢᠨ᠎ᠡ ᠨᠢᠭᠡ ᠵᠢᠯ᠎ᠳᠤ᠂ ᠪᠦᠭᠦ ᠣᠷᠣᠨ᠎ᠤ ᠤᠯᠤᠰ ᠲᠥᠷᠥ ᠬᠠᠤᠯᠢ ᠴᠠᠭ᠋ᠠᠵᠠ ᠵᠢᠨ ᠰᠢᠰᠲ᠋ᠧᠮ᠎ᠤᠨ᠎ᠬᠢᠨ ᠨᠢᠭᠡ ᠭᠣᠣᠯ ᠰᠢᠵᠢᠮ᠎ᠢ ᠲᠤᠭᠤᠰᠢᠯᠠᠭᠤᠯᠬᠤ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠂ 《ᠲᠠᠪᠤᠨ ᠶᠡᠬᠡ ᠡᠭᠦᠷᠭᠡ》 ᠵᠢ ᠪᠡᠶᠡᠯᠡᠭᠦᠯᠬᠦ᠂ 《ᠵᠢᠷᠭᠤᠭ᠋ᠠᠨ ᠢᠨᠵᠧᠨᠧᠷᠢᠩ》᠎ᠢ ᠬᠡᠷᠡᠭᠵᠢᠭᠦᠯᠬᠦ᠂ 《ᠵᠢᠷᠭᠤᠭ᠋ᠠᠨ ᠠᠵᠢᠯᠯᠠᠭ᠎ᠠ》 ᠵᠢ ᠥᠷᠨᠢᠭᠦᠯᠬᠦ᠎ᠲᠠᠢ ᠨᠢᠭᠲᠠ ᠤᠶᠠᠯᠳᠤᠭᠤᠯᠤᠨ᠂ ᠰᠠᠨᠠᠭ᠋ᠠᠴᠢᠯᠠᠭ᠎ᠠ᠎ᠠᠴᠠ᠎ᠪᠠᠨ ᠪᠠᠢ᠌ᠷᠢ ᠲᠣᠭᠲᠠᠭ᠋ᠠᠯᠲᠠ᠎ᠪᠠᠨ ᠣᠨᠣᠪᠴᠢᠲᠠᠶ ᠣᠯᠵᠤ᠂ ᠵᠠᠩᠭᠢᠯᠠᠭ᠎ᠠ ᠵᠢᠨ ᠭᠣᠭᠴᠣᠭ᠎ᠠ ᠵᠢ ᠠᠳᠬᠤᠨ᠂ ᠤᠯᠤᠰ ᠲᠥᠷᠥ ᠬᠠᠤᠯᠢ ᠴᠠᠭ᠋ᠠᠵᠠ ᠵᠢᠨ ᠠᠵᠢᠯ᠎ᠢ ᠰᠢᠨᠵᠢᠯᠡᠬᠦ ᠤᠬᠠᠭ᠋ᠠᠨᠴᠢ᠎ᠪᠠᠷ ᠲᠥᠯᠥᠪᠵᠢᠭᠦᠯᠵᠦ᠂ ᠶᠡᠬᠡ ᠲᠠᠯ᠎ᠠ᠎ᠳᠤ ᠦᠢ᠍ᠯᠡᠴᠢᠯᠡᠨ ᠪᠠᠲᠤᠯᠠᠬᠤ ᠲᠠᠯ᠎ᠠ᠎ᠪᠠᠷ ᠤᠯᠤᠰ ᠲᠥᠷᠥ ᠬᠠᠤᠯᠢ ᠴᠠᠭ᠋ᠠᠵᠠ ᠵᠢᠨ ᠡᠭᠦᠷᠭᠡᠯᠡᠯ ᠵᠶ᠋ᠡᠨ ᠢᠯᠡᠷᠡᠭᠦᠯᠵᠦ᠂ ᠤᠯᠤᠰ ᠲᠥᠷᠥ ᠬᠠᠤᠯᠢ ᠴᠠᠭ᠋ᠠᠵᠠ ᠵᠢᠨ ᠬᠦᠴᠦᠨ ᠴᠢᠳᠠᠯ ᠵᠶ᠋ᠠᠨ ᠡᠷᠭᠦᠬᠦ᠎ᠪᠠᠷ ᠴᠢᠷᠮᠠᠢ᠌ᠵᠤ ᠪᠠᠢ᠌ᠨ᠎ᠠ᠃

      《〈ᠵᠢᠷᠭᠤᠭ᠋ᠠᠨ ᠠᠵᠢᠯᠯᠠᠭ᠎ᠠ〉᠎ᠳᠤ ᠦᠢ᠍ᠯᠡᠴᠢᠯᠡᠨ ᠪᠠᠲᠤᠯᠠᠬᠤ   ᠪᠣᠯ ᠡᠨᠡ ᠵᠢᠯ᠎ᠤᠨ ᠪᠦᠭᠦ ᠣᠷᠣᠨ᠎ᠤ ᠰᠢᠭᠦᠬᠦ ᠬᠣᠷᠢᠶ᠎ᠠ ᠵᠢᠨ ᠭᠣᠣᠯᠳᠠᠯᠭ᠎ᠠ ᠵᠢᠨ ᠲᠣᠭᠣᠷᠢᠨ᠎ᠳᠤ ᠶᠡᠬᠡ ᠲᠠᠯ᠎ᠠ᠎ᠳᠤ ᠦᠢ᠍ᠯᠡᠴᠢᠯᠡᠬᠦ ᠭᠣᠣᠯᠳᠠᠯᠭ᠎ᠠ ᠵᠢᠨ ᠳᠣᠲᠣᠷᠠᠬᠢ ᠭᠣᠣᠯᠳᠠᠯᠭ᠎ᠠ ᠪᠣᠯᠣᠨ᠎ᠠ》᠃ ᠱ᠌ᠢ ᠶᠠᠨ ᠯᠦᠩ᠂ ᠪᠦᠭᠦ ᠣᠷᠣᠨ᠎ᠤ ᠰᠢᠭᠦᠬᠦ ᠬᠣᠷᠢᠶ᠎ᠠ ᠴᠢᠬᠤᠯᠠ ᠶᠡᠬᠡ ᠲᠥᠷᠥᠯ ᠵᠦᠢ᠍ᠯ᠎ᠳᠤ ᠬᠣᠯᠪᠣᠭᠳᠠᠭᠰᠠᠨ ᠵᠥᠷᠢᠴᠡᠯ ᠵᠠᠭᠤᠷᠠᠯᠳᠤᠭ᠋ᠠᠨ᠎ᠢ ᠠᠷᠢᠯᠭ᠋ᠠᠬᠤ 《ᠰᠠᠭ᠋ᠠᠳ ᠦᠭᠡᠢ ᠨᠡᠪᠲᠡᠷᠡᠬᠦ ᠵᠠᠮ》᠎ᠢ ᠪᠠᠢ᠌ᠭᠤᠯᠵᠤ᠂ ᠠᠵᠢᠯ ᠵᠶ᠋ᠠᠨ ᠲᠦᠷᠭᠡᠨ ᠡᠬᠢᠯᠡᠭᠦᠯᠵᠦ᠂ ᠡᠷᠲᠡᠬᠡᠨ ᠠᠰᠢᠭᠯᠠᠯᠲᠠ᠎ᠳᠤ ᠣᠷᠣᠭᠤᠯᠬᠤ ᠵᠢ ᠪᠦᠭᠦ ᠬᠦᠴᠦᠨ ᠵᠶ᠋ᠡᠷ ᠵᠶ᠋ᠡᠨ ᠪᠠᠲᠤᠯᠠᠨ᠎ᠠ; ᠠᠵᠤ ᠠᠬᠤᠢ᠌ᠯᠠᠯ᠎ᠳᠤ ᠬᠣᠯᠪᠣᠭᠳᠠᠭᠰᠠᠨ ᠬᠡᠷᠡᠭ᠎ᠢ ᠰᠢᠢ᠍ᠳᠪᠦᠷᠢᠯᠡᠬᠦ ᠵᠢ ᠴᠢᠩᠭ᠋ᠠᠳᠬᠠᠵᠤ᠂ ᠳᠡᠮᠵᠢᠬᠦ ᠪᠠ ᠵᠢᠷᠤᠮᠵᠢᠭᠤᠯᠤᠨ ᠬᠥᠲᠥᠯᠥᠨ ᠵᠢᠯᠤᠭᠣᠳᠬᠤ ᠵᠢ ᠨᠢᠭᠡᠳᠬᠡᠬᠦ᠂ ᠬᠠᠤᠯᠢ ᠶᠣᠰᠣᠭ᠋ᠠᠷ ᠬᠠᠮᠠᠭ᠋ᠠᠯᠠᠬᠤ ᠪᠠ ᠡᠷᠬᠡ ᠲᠡᠭᠰᠢ᠎ᠪᠠᠷ ᠬᠠᠨᠳᠤᠬᠤ ᠵᠢ ᠨᠢᠭᠡᠳᠬᠡᠬᠦ ᠵᠢ ᠠᠬᠢᠭᠤᠯᠬᠤ ᠵᠢ ᠪᠠᠷᠢᠮᠲᠠᠯᠠᠵᠤ᠂ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠤᠨ ᠡᠷᠡᠭᠦᠯ ᠵᠶ᠋ᠡᠷ ᠬᠥᠭᠵᠢᠬᠦ᠎ᠳᠤ ᠬᠦᠴᠦᠨ ᠨᠡᠮᠡᠷᠢᠯᠡᠨ᠎ᠠ; ᠬᠥᠳᠡᠯᠮᠦᠷᠢᠴᠢᠳ᠂ ᠬᠥᠮᠥᠨ ᠬᠡᠷᠡᠭᠯᠡᠬᠦ ᠨᠢᠭᠡᠴᠢ ᠵᠢᠨ ᠬᠠᠤᠯᠢ ᠶᠣᠰᠣᠨ᠎ᠤ ᠡᠷᠬᠡ ᠠᠰᠢᠭ᠎ᠢ ᠬᠠᠤᠯᠢ ᠶᠣᠰᠣᠭ᠋ᠠᠷ ᠬᠠᠮᠠᠭ᠋ᠠᠯᠠᠵᠤ᠂ ᠭᠦᠳᠡᠯᠮᠦᠷᠢ ᠵᠢᠨ ᠮᠠᠷᠭᠤᠯᠳᠤᠭ᠋ᠠᠨ᠎ᠢ ᠤᠯᠠᠨ ᠡᠰᠢᠴᠢᠯᠡᠨ ᠰᠢᠢ᠍ᠳᠪᠦᠷᠢᠯᠡᠬᠦ ᠵᠢ ᠠᠬᠢᠭᠤᠯᠵᠤ᠂ ᠠᠵᠢᠯ ᠣᠯᠭᠣᠯᠲᠠ ᠵᠢᠨ ᠵᠠᠭᠤᠷᠠᠯᠳᠤᠭ᠋ᠠᠨ᠎ᠤ ᠬᠡᠷᠡᠭ᠎ᠢ ᠵᠣᠬᠢᠰᠲᠠᠢ ᠰᠢᠭᠦᠨ ᠰᠢᠢ᠍ᠳᠪᠦᠷᠢᠯᠡᠵᠦ᠂ ᠰᠢᠨ᠎ᠡ᠎ᠪᠠᠷ ᠠᠵᠢᠯ ᠣᠯᠣᠭᠰᠠᠨ ᠪᠦᠯᠦᠭᠵᠢᠯ᠎ᠤᠨ ᠡᠷᠬᠡ ᠠᠰᠢᠭ᠎ᠤᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠬᠥᠯᠥᠰᠦᠨ ᠠᠵᠢᠯᠴᠢᠨ᠎ᠤ ᠴᠠᠯᠢᠩ᠎ᠢ ᠥᠭᠬᠦ ᠵᠢ ᠪᠠᠲᠤᠯᠠᠨ᠎ᠠ; ᠤᠰᠤᠨ᠎ᠤ ᠪᠣᠬᠢᠷᠳᠤᠯ᠎ᠤᠨ ᠶᠠᠯᠠᠲᠤ ᠠᠵᠢᠯᠯᠠᠭ᠎ᠠ ᠵᠢ ᠬᠠᠤᠯᠢ ᠶᠣᠰᠣᠭ᠋ᠠᠷ ᠵᠠᠯᠬᠠᠭ᠋ᠠᠨ ᠰᠢᠢ᠍ᠳᠬᠡᠵᠦ᠂ ᠵᠣᠭᠣᠰ ᠵᠶ᠋ᠡᠷ ᠲᠣᠷᠭ᠋ᠠᠬᠤ ᠡᠷᠡᠭᠦᠦ ᠰᠢᠢ᠍ᠳᠬᠡᠯ ᠥᠭᠬᠦ ᠡᠷᠴᠢᠮ᠎ᠢ ᠴᠢᠩᠭ᠋ᠠᠷᠠᠭᠤᠯᠵᠤ᠂ ᠣᠷᠴᠢᠨ ᠲᠣᠭᠣᠷᠢᠨ᠎ᠢ ᠪᠣᠬᠢᠷᠲᠤᠭᠤᠯᠤᠭᠰᠠᠨ ᠬᠠᠤᠯᠢ ᠴᠠᠭ᠋ᠠᠵᠠ ᠵᠢ ᠵᠥᠷᠢᠴᠡᠭᠰᠡᠨ ᠥᠪᠡᠷ᠎ᠤᠨ ᠦᠷᠲᠡᠭ ᠳᠣᠣᠷ᠎ᠠ ᠪᠠᠢ᠌ᠬᠤ ᠠᠰᠠᠭᠤᠳᠠᠯ᠎ᠢ ᠰᠢᠢ᠍ᠳᠪᠦᠷᠢᠯᠡᠨ᠎ᠡ; 《ᠭᠦᠭᠡᠬᠣᠲᠠ ᠪᠤᠭᠤᠲᠤ ᠣᠷᠳᠣᠰ ᠤᠯᠠᠭ᠋ᠠᠨᠴᠠᠪ》᠎ᠤᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠠᠮᠵᠢᠯᠴᠠᠨ ᠬᠠᠮᠠᠭ᠋ᠠᠯᠠᠬᠤ ᠪᠠ ᠲᠦᠩᠯᠢᠶᠣᠣ᠂ ᠤᠯᠠᠭ᠋ᠠᠨᠬᠠᠳᠠ ᠵᠢᠨ 《ᠵᠦᠢ᠍ᠷᠡᠢ ᠤᠳᠤᠨ》 ᠬᠠᠤᠯᠢ ᠴᠠᠭ᠋ᠠᠵᠠ ᠵᠢᠨ ᠬᠠᠮᠵᠢᠯᠴᠠᠭ᠋ᠠᠨ᠎ᠤ ᠲᠣᠭᠲᠠᠴᠠ ᠵᠢ ᠭᠦᠨᠵᠡᠭᠡᠢ᠌ᠷᠡᠭᠦᠯᠵᠦ᠂ ᠣᠷᠣᠨ ᠪᠦᠰᠡ ᠵᠢᠨ ᠬᠠᠮᠵᠢᠯᠴᠠᠨ ᠬᠥᠭᠵᠢᠬᠦ᠎ᠳᠤ ᠰᠠᠢ᠌ᠨ ᠰᠠᠢ᠌ᠬᠠᠨ ᠬᠠᠤᠯᠢᠵᠢᠯ᠎ᠤᠨ ᠣᠷᠴᠢᠨ ᠲᠣᠭᠣᠷᠢᠨ᠎ᠢ ᠪᠤᠶ ᠪᠤᠯᠭ᠋ᠠᠵᠦ ᠦᠭᠭᠦᠨ᠎ᠠ; ᠰᠣᠶᠣᠯ᠎ᠤᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠵᠣᠬᠢᠶᠠᠯ ᠪᠦᠲᠦᠭᠡᠯ᠎ᠤᠨ ᠡᠷᠬᠡ ᠵᠢᠨ ᠲᠥᠷᠥᠯᠵᠢᠭᠦᠯᠦᠭᠰᠡᠨ ᠬᠡᠷᠡᠭ᠎ᠤᠨ ᠰᠢᠭᠦᠬᠦ ᠦᠶᠡᠯᠡᠯ᠎ᠢ ᠪᠣᠭᠣᠨᠢᠰᠬᠠᠨ᠂ ᠰᠣᠶᠣᠯ᠎ᠤᠨ ᠰᠢᠨ᠎ᠡ ᠵᠢ ᠡᠭᠦᠳᠬᠦ ᠵᠢ ᠤᠷᠮᠠᠰᠢᠭᠤᠯᠵᠤ᠂ ᠡᠵᠡᠩᠨᠡᠯᠲᠡ ᠵᠢᠨ ᠭᠡᠯᠪᠡᠷᠢ ᠵᠢᠨ ᠬᠥᠭᠵᠢᠯᠲᠡ ᠵᠢ ᠠᠬᠢᠭᠤᠯᠤᠨ᠎ᠠ ᠭᠡᠵᠦ ᠲᠠᠨᠢᠯᠴᠠᠭᠤᠯᠪᠠ᠃

      《ᠪᠢᠳᠡ 〈ᠵᠢᠷᠭᠤᠭ᠋ᠠᠨ ᠢᠨᠵᠧᠨᠧᠷᠢᠩ〉᠎ᠢ ᠠᠬᠢᠭᠤᠯᠬᠤ᠎ᠳᠤ ᠬᠦᠴᠦᠨ ᠨᠡᠮᠡᠷᠢᠯᠡᠵᠦ᠂ 〈ᠵᠢᠷᠭᠤᠭ᠋ᠠᠨ ᠠᠵᠢᠯᠯᠠᠭ᠎ᠠ〉 ᠵᠢ ᠪᠠᠲᠤᠯᠠᠬᠤ᠎ᠳᠤ ᠦᠢ᠍ᠯᠡᠴᠢᠯᠡᠵᠦ᠂ ᠠᠵᠤ ᠠᠬᠤᠢ᠌ᠯᠠᠯ᠎ᠳᠤ ᠬᠣᠯᠪᠣᠭᠳᠠᠭᠰᠠᠨ ᠬᠠᠤᠯᠢ ᠬᠡᠷᠡᠭᠵᠢᠭᠦᠯᠦᠯᠲᠡ ᠵᠢ ᠵᠢᠷᠤᠮᠵᠢᠭᠤᠯᠬᠤ ᠲᠤᠰᠬᠠᠢ ᠠᠵᠢᠯᠯᠠᠭ᠎ᠠ᠎ᠳᠤ ᠢᠳᠡᠪᠬᠢᠲᠡᠢ ᠣᠷᠣᠯᠴᠠᠵᠤ᠂ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ ᠵᠢ ᠬᠠᠤᠯᠢ ᠶᠣᠰᠣᠭ᠋ᠠᠷ ᠴᠢᠩᠭ᠎ᠠ ᠰᠢᠢ᠍ᠳᠬᠡᠵᠦ᠂ ᠬᠡᠷᠡᠭ ᠨᠢᠭᠡ ᠪᠦᠷᠢ ᠵᠢ ᠥᠨᠳᠥᠷ ᠪᠦᠲᠦᠮᠵᠢᠲᠡᠶ ᠰᠠᠢ᠌ᠲᠤᠷ ᠰᠢᠢ᠍ᠳᠪᠦᠷᠢᠯᠡᠨ᠎ᠡ》᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢ᠌ᠴᠠᠭ᠋ᠠᠬᠤ ᠬᠣᠷᠢᠶ᠎ᠠ ᠪᠠᠢ᠌ᠴᠠᠭ᠋ᠠᠬᠤ ᠡᠭᠦᠷᠭᠡ ᠴᠢᠳᠠᠪᠬᠢ᠎ᠪᠠᠨ ᠭᠦᠢ᠍ᠴᠡᠳ ᠪᠠᠳᠠᠷᠠᠭᠤᠯᠵᠤ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠵᠢ ᠵᠢᠷᠤᠮᠵᠢᠭᠤᠯᠬᠤ ᠪᠠᠢ᠌ᠭᠤᠯᠤᠯᠲᠠ ᠵᠢ ᠠᠬᠢᠭᠤᠯᠵᠤ᠂ ᠬᠠᠤᠯᠢ ᠴᠠᠭ᠋ᠠᠵᠠ ᠵᠢᠨ ᠬᠢᠨᠠᠯᠲᠠ ᠲᠠᠯᠪᠢᠬᠤ ᠶᠠᠰᠤ ᠴᠢᠨᠠᠷ ᠦᠷ᠎ᠡ ᠪᠦᠲᠦᠮᠵᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠦᠭᠦ ᠣᠷᠣᠨ᠎ᠤ ᠨᠡᠢ᠌ᠭᠡᠮ᠎ᠤᠨ ᠠᠮᠤᠷ ᠲᠣᠭᠲᠠᠭᠤᠨ ᠪᠠ ᠴᠢᠨᠠᠷ ᠰᠠᠢ᠌ᠲᠠᠢ ᠬᠥᠭᠵᠢᠯᠲᠡ ᠵᠢ ᠴᠢᠷᠮᠠᠢ᠌ᠨ ᠠᠬᠢᠭᠤᠯᠤᠨ᠎ᠠ ᠭᠡᠵᠦ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢ᠌ᠴᠠᠭ᠋ᠠᠬᠤ ᠬᠣᠷᠢᠶ᠎ᠠ ᠵᠢᠨ ᠨᠢᠭᠡᠳᠦᠭᠡᠷ ᠪᠠᠢ᠌ᠴᠠᠭ᠋ᠠᠬᠤ ᠬᠡᠯᠲᠡᠰ᠎ᠤᠨ ᠡᠷᠭᠢᠯᠡᠭᠴᠢ ᠸᠠᠩ ᠬᠣᠩ ᠰᠢᠶᠠ ᠬᠡᠯᠡᠪᠡ᠃

      

 

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ