ᠥᠪᠥᠷ ᠮᠣᠩᠭᠣᠯ᠎ᠢ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠪᠣᠯᠭ᠋ᠠᠨ ᠪᠦᠲᠦᠭᠡᠨ ᠪᠠᠢ᠌ᠭᠤᠯᠬᠤ ᠪᠣᠯ ᠪᠦᠭᠦ ᠤᠯᠤᠰ᠎ᠤᠨ ᠬᠥᠭᠵᠢᠯᠲᠡ ᠵᠢᠨ ᠶᠡᠬᠡ ᠲᠠᠯ᠎ᠠ᠎ᠳᠤ ᠰᠠᠭᠤᠷᠢᠯᠠᠵᠤ ᠲᠣᠭᠲᠠᠭ᠋ᠠᠭᠰᠠᠨ ᠪᠠᠢ᠌ᠯᠳᠤᠬᠤ ᠪᠣᠳᠣᠯᠭ᠎ᠠ ᠵᠢᠨ ᠪᠠᠢ᠌ᠷᠢ ᠲᠣᠭᠲᠠᠭ᠋ᠠᠯᠲᠠ ᠮᠥᠨ ᠂ ᠪᠠᠰᠠ ᠴᠤ᠌ ᠥᠪᠥᠷ ᠮᠣᠩᠭᠣᠯ᠎ᠤᠨ ᠡᠷᠬᠡᠪᠰᠢ ᠤᠬᠠᠮᠰᠠᠷ᠎ᠠᠴᠠ᠎ᠪᠠᠨ ᠡᠭᠦᠷᠭᠡᠯᠡᠬᠦ ᠴᠢᠬᠤᠯᠠ ᠶᠡᠬᠡ ᠬᠠᠷᠢᠭᠤᠴᠠᠯᠭ᠎ᠠ ᠮᠥᠨ ᠃ 2025 ᠣᠨ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ 》᠎ᠳᠤ 《ᠡᠯᠡᠰᠦ ᠵᠢ ᠵᠠᠰᠠᠬᠤ ᠪᠠ ᠤᠰᠤ ᠠᠷᠪᠢᠯᠠᠬᠤ᠎ᠪᠠᠷ ᠵᠢᠯᠣᠭᠣᠳᠤᠮᠵᠢ ᠪᠣᠯᠭ᠋ᠠᠨ ᠂ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠪᠦᠲᠦᠭᠡᠨ ᠪᠠᠢ᠌ᠭᠤᠯᠤᠯᠲᠠ ᠵᠢ ᠪᠦᠭᠦ ᠬᠦᠴᠦᠨ ᠵᠶ᠋ᠡᠷ ᠵᠶ᠋ᠡᠨ ᠠᠬᠢᠭᠤᠯᠬᠤ 》 ᠵᠢ ᠭᠣᠣᠯᠳᠠᠯᠭ᠎ᠠ᠎ᠲᠠᠢ ᠰᠠᠢ᠌ᠲᠤᠷ ᠬᠢᠬᠦ 11 ᠲᠠᠯ᠎ᠠ ᠵᠢᠨ ᠠᠵᠢᠯ᠎ᠤᠨ ᠨᠢᠭᠡ ᠪᠤᠯᠭ᠋ᠠᠵᠤ ᠂ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠴᠢᠭᠯᠡᠯ ᠪᠠ ᠠᠷᠭ᠎ᠠ ᠵᠠᠮ᠎ᠢ ᠤᠯᠠᠮ ᠴᠢᠨᠠᠭᠰᠢᠳᠠ ᠲᠣᠳᠣᠷᠬᠠᠢ᠌ᠯᠠᠪᠠ ᠃
ᠡᠷᠴᠢ ᠵᠣᠷᠢᠭ ᠵᠶ᠋ᠡᠨ ᠬᠥᠪᠴᠢᠯᠡᠵᠦ ᠂ ᠦᠷᠭᠦᠯᠵᠢᠯᠡᠨ ᠲᠡᠮᠡᠴᠡᠨ᠎ᠡ ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠬᠢᠨ ᠨᠢᠭᠡᠨᠲᠡ ᠢᠳᠡᠪᠬᠢᠲᠡᠢ ᠬᠥᠳᠡᠯᠦᠯᠴᠡᠵᠦ ᠂ ᠤᠷᠢᠳᠴᠢᠯᠠᠨ ᠲᠥᠯᠥᠪᠵᠢᠭᠦᠯᠵᠦ ᠂ ᠯᠠᠪᠳᠠᠭᠤᠨ ᠵᠶ᠋ᠡᠷ ᠠᠬᠢᠭᠤᠯᠤᠨ ᠂ ᠡᠭᠦᠷᠭᠡ ᠵᠢᠨ ᠨᠠᠷᠢᠨ ᠲᠠᠩᠰᠠ ᠵᠢ ᠦᠨᠡᠨ ᠪᠣᠳᠠᠲᠠᠢ ᠠᠮᠵᠢᠯᠲᠠ ᠪᠦᠲᠦᠮᠵᠢ ᠵᠢᠨ ᠬᠠᠭᠤᠳᠠᠰᠤ ᠪᠣᠯᠭ᠋ᠠᠨ ᠬᠤᠪᠢᠷᠠᠭᠤᠯᠵᠤ ᠂ ᠠᠮᠢ ᠠᠬᠤᠢ ᠣᠷᠴᠢᠨ ᠲᠣᠭᠣᠷᠢᠨ᠎ᠢ ᠥᠨᠳᠥᠷ ᠲᠦᠪᠰᠢᠨ ᠵᠶ᠋ᠡᠷ ᠬᠠᠮᠠᠭ᠋ᠠᠯᠠᠬᠤ᠎ᠪᠠᠷ ᠠᠵᠤ ᠠᠬᠤᠢ ᠨᠡᠢ᠌ᠭᠡᠮ᠎ᠤᠨ ᠴᠢᠨᠠᠷ ᠰᠠᠢ᠌ᠲᠠᠢ ᠬᠥᠭᠵᠢᠯᠲᠡ ᠵᠢ ᠲᠤᠯᠭ᠋ᠠᠭᠤᠷᠢᠯᠠᠪᠠ ᠃
ᠡᠯᠡᠰᠦ ᠵᠢ ᠵᠠᠰᠠᠬᠤ ᠵᠢ ᠲᠡᠷᠢᠭᠦᠨ᠎ᠳᠤ ᠲᠠᠯᠪᠢᠵᠤ 《ᠤᠮᠠᠷᠠᠲᠤ ᠵᠢᠨ ᠭᠤᠷᠪᠠᠨ ᠣᠷᠣᠨ 》᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠤ ᠰᠢᠨ᠎ᠡ ᠢᠯᠠᠯᠲᠠ ᠵᠢ ᠲᠡᠮᠡᠴᠡᠨ ᠣᠯᠣᠨ᠎ᠠ
2 ᠰᠠᠷ᠎ᠠ ᠵᠢᠨ 7᠎ᠤ ᠡᠳᠦᠷ ᠂ ᠴᠠᠭ᠋ᠠᠨ ᠰᠠᠷ᠎ᠠ ᠵᠢᠨ ᠠᠮᠠᠷᠠᠯᠲᠠ ᠥᠩᠭᠡᠷᠡᠮᠡᠭᠴᠡ ᠂ ᠪᠦᠭᠦ ᠣᠷᠣᠨ᠎ᠤ ᠤᠢ ᠰᠢᠭᠤᠢ ᠪᠠ ᠨᠤᠲᠤᠭ ᠪᠡᠯᠴᠢᠭᠡᠷ᠎ᠤᠨ ᠠᠵᠢᠯ᠎ᠤᠨ ᠬᠤᠷᠠᠯ᠎ᠠᠴᠠ 2025 ᠣᠨ᠎ᠤ ᠠᠮᠢ ᠠᠬᠤᠢ ᠵᠢᠨ ᠪᠦᠲᠦᠭᠡᠨ ᠪᠠᠢ᠌ᠭᠤᠯᠤᠯᠲᠠ ᠵᠢᠨ ᠡᠭᠦᠷᠭᠡ ᠵᠢ ᠪᠠᠢ᠌ᠷᠢᠯᠠᠭᠤᠯᠵᠤ ᠂ ᠴᠤᠴᠠᠯᠲᠠ ᠦᠭᠡᠢ ᠤᠷᠤᠭᠰᠢᠯᠠᠬᠤ 《ᠤᠮᠠᠷᠠᠲᠤ ᠵᠢᠨ ᠭᠤᠷᠪᠠᠨ ᠣᠷᠣᠨ 》᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠤ ᠰᠢᠨ᠎ᠡ ᠢᠯᠠᠯᠲᠠ ᠵᠢ ᠲᠡᠮᠡᠴᠡᠨ ᠣᠯᠬᠤ ᠪᠠᠲᠤ ᠢᠲᠡᠭᠡᠯ᠎ᠢ ᠳᠠᠮᠵᠢᠭᠤᠯᠪᠠ ᠃ 《ᠡᠯᠡᠰᠦᠷᠬᠡᠭᠵᠢᠯ᠎ᠢ ᠰᠡᠷᠭᠡᠢ᠌ᠯᠡᠨ ᠡᠯᠡᠰᠦ ᠵᠢ ᠵᠠᠰᠠᠬᠤ᠎ᠳᠤ ᠲᠦᠷᠭᠡᠨ ᠪᠠᠢ᠌ᠬᠤ ᠵᠢ ᠱᠠᠭ᠋ᠠᠷᠳᠠᠬᠤ᠎ᠪᠠᠷ ᠪᠠᠷᠠᠬᠤ ᠦᠭᠡᠢ ᠨᠠᠩ ᠴᠤ᠌ ᠴᠢᠨᠠᠷ ᠰᠠᠢ᠌ᠲᠠᠢ ᠪᠠᠢ᠌ᠬᠤ ᠵᠢ ᠱᠠᠭ᠋ᠠᠷᠳᠠᠨ᠎ᠠ ᠂ 2025 ᠣᠨ᠎ᠳᠤ ᠪᠢᠳᠡ ᠨᠢᠭᠡ ᠪᠦᠯᠦᠭ ᠨᠥᠯᠥᠭᠡᠯᠡᠬᠦ ᠬᠦᠴᠦᠨ᠎ᠲᠠᠢ ᠵᠢᠱ᠌ᠢᠶ᠎ᠡ ᠦᠵᠡᠭᠦᠯᠭᠦ ᠴᠢᠨᠠᠷᠲᠠᠢ ᠢᠨᠵᠧᠨᠧᠷᠢᠩ᠎ᠢ ᠬᠦᠴᠦᠯᠡᠨ ᠴᠣᠭᠴᠠᠯᠠᠨ᠎ᠠ 》 ᠭᠡᠵᠦ ᠥᠪᠡᠷᠲᠡᠭᠡᠨ ᠵᠠᠰᠠᠬᠤ ᠣᠷᠣᠨ᠎ᠤ ᠤᠢ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶᠠᠨ ᠳᠠᠷᠤᠭ᠎ᠠ ᠸᠠᠩ ᠵᠤᠤ ᠱᠧᠩ ᠬᠤᠷᠠᠯ ᠳᠡᠭᠡᠷ᠎ᠡ ᠬᠡᠯᠡᠯ᠎ᠡ ᠃
ᠬᠠᠲᠤᠨ ᠭᠣᠣᠯ᠎ᠤᠨ 《ᠶᠡᠬᠡ ᠲᠣᠬᠣᠢ 》 ᠵᠢᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠤ ᠣᠷᠣᠨ᠎ᠳᠤ᠂ 1058 ᠲᠦᠮᠡᠨ ᠮᠦ᠍ ᠵᠢᠨ ᠡᠯᠡᠰᠦᠷᠬᠡᠭᠵᠢᠯ᠎ᠢ ᠰᠡᠷᠭᠡᠢ᠌ᠯᠡᠨ ᠡᠯᠡᠰᠦ ᠵᠢ ᠵᠠᠰᠠᠬᠤ ᠡᠭᠦᠷᠭᠡ ᠵᠢ ᠪᠡᠶᠡᠯᠡᠭᠦᠯᠬᠦ᠎ᠪᠠᠷ ᠲᠥᠯᠥᠪᠯᠡᠵᠦ ᠂ ᠬᠣᠷᠴᠢᠨ ᠪᠣᠯᠣᠨ ᠬᠤᠯᠠᠨ ᠰᠢᠷᠭ᠎ᠠ ᠲᠠᠭ᠎ᠠ ᠵᠢᠨ ᠡᠯᠡᠰᠦᠷᠬᠡᠭ ᠭᠠᠵᠠᠷ᠎ᠤᠨ ᠰᠥᠨᠥᠭᠡᠯᠲᠡ ᠵᠢᠨ ᠳᠠᠢ᠌ᠯᠠᠯᠳᠤᠭ᠋ᠠᠨ᠎ᠤ ᠣᠷᠣᠨ᠎ᠳᠤ᠂ 841 ᠲᠦᠮᠡᠨ ᠮᠦ᠍ ᠵᠢᠨ ᠡᠯᠡᠰᠦᠷᠬᠡᠭᠵᠢᠯ᠎ᠢ ᠰᠡᠷᠭᠡᠢ᠌ᠯᠡᠨ ᠡᠯᠡᠰᠦ ᠵᠢ ᠵᠠᠰᠠᠬᠤ ᠡᠭᠦᠷᠭᠡ ᠵᠢ ᠪᠡᠶᠡᠯᠡᠭᠦᠯᠬᠦ᠎ᠪᠠᠷ ᠲᠥᠯᠥᠪᠯᠡᠵᠦ ᠂ ᠲᠠᠺᠯᠢᠮᠠᠺᠠᠨ ᠡᠯᠡᠰᠦᠨ ᠴᠥᠯ᠎ᠤᠨ ᠭᠦᠪᠡᠭᠡ ᠵᠠᠬ᠎ᠠ ᠵᠢᠨ ᠬᠣᠷᠢᠭᠯᠠᠯᠲᠠ ᠵᠢᠨ ᠳᠠᠢ᠌ᠯᠠᠯᠳᠤᠭ᠋ᠠᠨ᠎ᠤ ᠣᠷᠣᠨ᠎ᠳᠤ᠂ 95 ᠲᠦᠮᠡᠨ ᠮᠦ᠍ ᠵᠢᠨ ᠡᠯᠡᠰᠦᠷᠬᠡᠭᠵᠢᠯ᠎ᠢ ᠰᠡᠷᠭᠡᠢ᠌ᠯᠡᠨ ᠡᠯᠡᠰᠦ ᠵᠢ ᠵᠠᠰᠠᠬᠤ ᠡᠭᠦᠷᠭᠡ ᠵᠢ ᠪᠡᠶᠡᠯᠡᠭᠦᠯᠬᠦ᠎ᠪᠠᠷ ᠲᠥᠯᠥᠪᠯᠡᠵᠦ ᠪᠤᠶ ᠃
ᠡᠯᠡᠰᠦᠷᠬᠡᠭᠵᠢᠯ᠎ᠢ ᠰᠡᠷᠭᠡᠢ᠌ᠯᠡᠨ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠭᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠤᠭᠰᠠᠨ ᠢᠨᠵᠧᠨᠧᠷᠢᠩ ᠪᠣᠯ ᠥᠪᠥᠷ ᠮᠣᠩᠭᠣᠯ᠎ᠤᠨ ᠡᠭᠦᠳᠦᠨ ᠪᠠᠢ᠌ᠭᠤᠯᠤᠭᠰᠠᠨ ᠨᠣᠭᠣᠭ᠋ᠠᠷᠠᠭᠤᠯᠬᠤ ᠵᠢᠨ ᠬᠠᠮᠲᠤ ᠪᠠᠶᠠᠵᠢᠨ ᠴᠢᠨᠡᠭᠡᠯᠢᠭᠵᠢᠭᠦᠯᠬᠦ ᠰᠢᠨ᠎ᠡ ᠵᠠᠭᠪᠤᠷ ᠪᠣᠯᠣᠨ᠎ᠠ ᠃ 《2025 ᠣᠨ᠎ᠳᠤ᠂ ᠡᠯᠡᠰᠦᠷᠬᠡᠭᠵᠢᠯ᠎ᠢ ᠰᠡᠷᠭᠡᠢ᠌ᠯᠡᠨ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠭᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠤᠭᠰᠠᠨ ᠢᠨᠵᠧᠨᠧᠷᠢᠩ᠎ᠳᠤ 140 ᠲᠦᠮᠡᠨ ᠮᠦ᠍᠎ᠠᠴᠠ ᠳᠡᠭᠡᠭᠰᠢᠬᠢ ᠡᠯᠡᠰᠦᠷᠬᠡᠭᠵᠢᠭᠰᠡᠨ ᠭᠠᠵᠠᠷ ᠰᠢᠷᠣᠢ ᠵᠢ ᠵᠠᠰᠠᠵᠤ ᠂ 1500 ᠲᠦᠮᠡᠨ ᠺᠢᠯᠣᠸᠠᠲ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠵᠢ ᠲᠣᠬᠢᠷᠠᠭᠤᠯᠤᠨ ᠪᠠᠢ᠌ᠭᠤᠯᠬᠤ᠎ᠪᠠᠷ ᠲᠥᠯᠥᠪᠯᠡᠵᠦ ᠪᠤᠶ ᠃ ᠣᠳᠣᠬᠠᠨ᠎ᠳᠤ᠂ ᠣᠨ᠎ᠤ ᠡᠭᠦᠷᠭᠡ ᠵᠢ ᠨᠢᠭᠡᠨᠲᠡ ᠡᠯ᠎ᠡ ᠠᠢ᠌ᠮᠠᠭ ᠬᠣᠲᠠ᠎ᠳᠤ ᠵᠠᠳᠠᠯᠤᠨ ᠪᠠᠭᠤᠯᠭ᠋ᠠᠭᠰᠠᠨ ᠪᠥᠭᠡᠳ ᠡᠯ᠎ᠡ ᠠᠢ᠌ᠮᠠᠭ ᠬᠣᠲᠠ ᠵᠢ ᠱᠠᠯᠠᠪᠳᠠᠭᠤᠯᠤᠨ ᠵᠢᠯᠤᠭᠣᠳᠴᠤ ᠪᠠᠢ᠌ᠭ᠋ᠠᠳ ᠣᠨ᠎ᠤ ᠬᠡᠷᠡᠭᠵᠢᠭᠦᠯᠬᠦ ᠲᠥᠰᠥᠯ᠎ᠢ ᠲᠣᠭᠲᠠᠭ᠋ᠠᠯᠭ᠋ᠠᠵᠤ ᠂ ᠡᠯ᠎ᠡ ᠵᠦᠢ᠍ᠯ᠎ᠤᠨ ᠪᠡᠯᠡᠳᠬᠡᠯ ᠠᠵᠢᠯ᠎ᠢ ᠡᠷᠲᠡᠬᠡᠨ ᠪᠡᠶᠡᠯᠡᠭᠦᠯᠵᠦ ᠂ ᠬᠠᠪᠤᠷ ᠡᠬᠢᠯᠡᠮᠡᠭᠴᠡ ᠠᠵᠢᠯ ᠵᠶ᠋ᠡᠨ ᠡᠬᠢᠯᠡᠭᠦᠯᠬᠦ ᠵᠢ ᠦᠨᠡᠨ ᠬᠦ᠌ ᠪᠠᠲᠤᠯᠠᠨ᠎ᠠ 》 ᠭᠡᠵᠦ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠬᠠᠷᠠᠯᠲᠠ᠎ᠪᠠᠨ ᠳᠡᠯᠭᠡᠵᠦ ᠭᠠᠷᠤᠯ᠎ᠠ ᠃
ᠤᠰᠤ ᠠᠷᠪᠢᠯᠠᠬᠤ᠎ᠪᠠᠷ ᠭᠣᠣᠯ ᠪᠤᠯᠭ᠋ᠠᠵᠤ ᠤᠰᠤᠨ᠎ᠤ ᠡᠬᠢ ᠪᠠᠶᠠᠯᠢᠭ᠎ᠤᠨ ᠲᠤᠯᠭ᠋ᠠᠭᠤᠷᠢᠯᠠᠬᠤ ᠪᠠᠲᠤᠯᠠᠭ᠎ᠠ ᠵᠢᠨ ᠴᠢᠳᠠᠪᠤᠷᠢ ᠵᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ
ᠤᠰᠤ ᠠᠷᠪᠢᠯᠠᠬᠤ ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠬᠦ᠎ᠨᠢ ᠲᠠᠷᠠᠭ᠋ᠠᠴᠢ ᠵᠢᠨ ᠠᠯᠬᠤᠮ᠎ᠳᠤ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠪᠦᠲᠦᠭᠡᠨ ᠪᠠᠢ᠌ᠭᠤᠯᠤᠯᠲᠠ ᠵᠢ ᠪᠦᠭᠦ ᠬᠦᠴᠦᠨ ᠵᠶ᠋ᠡᠷ ᠵᠶ᠋ᠡᠨ ᠠᠬᠢᠭᠤᠯᠬᠤ ᠵᠢᠨ ᠵᠠᠩᠭᠢᠯᠠᠭ᠎ᠠ ᠵᠢᠨ ᠠᠭᠤᠯᠭ᠎ᠠ ᠵᠢᠨ ᠨᠢᠭᠡ ᠪᠤᠯᠬᠤ᠎ᠪᠠᠷ ᠪᠠᠷᠠᠬᠤ ᠦᠭᠡᠢ ᠂ ᠪᠠᠰᠠ ᠴᠤ᠌ ᠮᠠᠨ᠎ᠤ ᠣᠷᠣᠨ᠎ᠤ ᠣᠳᠣᠬᠠᠨ᠎ᠤ ᠤᠰᠤᠨ᠎ᠤ ᠡᠬᠢ ᠪᠠᠶᠠᠯᠢᠭ᠎ᠤᠨ ᠪᠣᠭᠣᠮᠢ ᠵᠢᠨ ᠬᠢᠵᠠᠭ᠋ᠠᠷᠯᠠᠯ᠎ᠢ ᠰᠢᠢ᠍ᠳᠪᠦᠷᠢᠯᠡᠬᠦ ᠴᠢᠬᠤᠯᠠ ᠠᠷᠭ᠎ᠠ ᠬᠡᠮᠵᠢᠶ᠎ᠡ ᠪᠣᠯᠣᠨ᠎ᠠ ᠃
ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠡᠬᠢ ᠪᠠᠶᠠᠯᠢᠭ᠎ᠤᠨ ᠲᠥᠪ᠎ᠤᠨ ᠤᠰᠤ ᠠᠷᠪᠢᠯᠠᠬᠤ ᠵᠢ ᠠᠬᠢᠭᠤᠯᠬᠤ ᠭᠠᠵᠠᠷ᠎ᠤᠨ ᠳᠡᠳ᠋ ᠳᠠᠷᠤᠭ᠎ᠠ ᠸᠠᠩ ᠵᠢᠶᠦ᠋ᠨ ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ᠎ᠬᠢᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤ ᠠᠷᠪᠢᠯᠠᠬᠤ ᠠᠵᠢᠯᠯᠠᠭ᠎ᠠ ᠵᠢᠨ ᠬᠡᠷᠡᠭᠵᠢᠭᠦᠯᠬᠦ ᠲᠥᠰᠥᠯ 》᠎ᠢ ᠰᠤᠳᠤᠯᠤᠨ ᠲᠣᠭᠲᠠᠭ᠋ᠠᠵᠤ ᠂ ᠲᠥᠰᠥᠯ᠎ᠳᠤ ᠤᠰᠤᠨ᠎ᠤ ᠡᠬᠢ ᠪᠠᠶᠠᠯᠢᠭ᠎ᠤᠨ ᠬᠠᠲᠠᠭᠤ ᠬᠢᠵᠠᠭ᠋ᠠᠷᠯᠠᠯ᠎ᠢ ᠴᠢᠩᠭ᠋ᠠᠳᠬᠠᠬᠤ ᠂ ᠲᠠᠷᠢᠶᠠᠯᠠᠩ᠎ᠤᠨ ᠤᠰᠤ ᠠᠷᠪᠢᠯᠠᠬᠤ ᠵᠢ ᠲᠣᠪᠣᠢ᠌ᠮ᠎ᠠ ᠰᠠᠢ᠌ᠲᠤᠷ ᠠᠳᠬᠤᠬᠤ ᠂ ᠠᠵᠤ ᠦᠢ᠍ᠯᠡᠳᠪᠦᠷᠢ ᠵᠢᠨ ᠤᠰᠤ ᠠᠷᠪᠢᠯᠠᠬᠤ ᠵᠢ ᠲᠦᠷᠭᠡᠳᠬᠡᠨ ᠠᠬᠢᠭᠤᠯᠬᠤ ᠂ ᠬᠣᠲᠠ ᠬᠥᠳᠡᠭᠡ ᠵᠢᠨ ᠤᠰᠤ ᠠᠷᠪᠢᠯᠠᠬᠤ ᠵᠢ ᠠᠬᠢᠭᠤᠯᠬᠤ ᠵᠡᠷᠭᠡ 8 ᠲᠠᠯ᠎ᠠ ᠵᠢᠨ ᠲᠣᠭᠣᠷᠢᠨ᠎ᠳᠤ 27 ᠵᠤᠷᠪᠤᠰ ᠪᠣᠳᠠᠲᠠᠢ ᠠᠷᠭ᠎ᠠ ᠬᠡᠮᠵᠢᠶ᠎ᠡ ᠵᠢ ᠲᠥᠷᠥᠯ ᠬᠤᠪᠢᠶᠠᠨ ᠳᠤᠷᠠᠳᠤᠨ ᠭᠠᠷᠭ᠋ᠠᠪᠠ ᠃ ᠬᠡᠷᠡᠭᠵᠢᠭᠦᠯᠬᠦ ᠲᠥᠰᠥᠯ᠎ᠤᠨ ᠱᠠᠭ᠋ᠠᠷᠳᠠᠯᠭ᠎ᠠ ᠵᠢ ᠦᠨᠳᠦᠰᠦᠯᠡᠪᠡᠯ ᠂ 2025 ᠣᠨ᠎ᠳᠤ ᠪᠦᠭᠦ ᠣᠷᠣᠨ᠎ᠤ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠵᠢ 196.3 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠤᠨ ᠳᠣᠲᠣᠷ᠎ᠠ ᠬᠢᠵᠠᠭ᠋ᠠᠷᠯᠠᠵᠤ ᠂ ᠲᠦᠮᠡᠨ ᠲᠥᠭᠥᠷᠢᠭ᠎ᠤᠨ ᠤᠯᠤᠰ᠎ᠤᠨ ᠳᠣᠲᠣᠭ᠋ᠠᠳᠤ ᠵᠢᠨ ᠦᠢ᠍ᠯᠡᠳᠪᠦᠷᠢᠯᠡᠯ᠎ᠤᠨ ᠶᠡᠷᠦᠩᠬᠡᠢ ᠥᠷᠲᠡᠭ᠎ᠤᠨ ᠤᠰᠤ ᠬᠡᠷᠡᠭᠯᠡᠬᠦ ᠬᠡᠮᠵᠢᠶ᠎ᠡ ᠵᠢ 2020 ᠣᠨ᠎ᠤ ᠬᠢ᠎ᠠᠴᠠ 12%᠎ᠠᠴᠠ ᠳᠡᠭᠡᠭᠰᠢ ᠪᠠᠭᠤᠷᠠᠭᠤᠯᠤᠨ᠎ᠠ ᠭᠡᠵᠦ ᠲᠠᠨᠢᠯᠴᠠᠭᠤᠯᠪᠠ ᠃
ᠥᠪᠥᠷ ᠮᠣᠩᠭᠣᠯ ᠪᠣᠯ ᠮᠠᠨ᠎ᠤ ᠤᠯᠤᠰ᠎ᠤᠨ ᠠᠮᠤ ᠪᠤᠳᠠᠭ᠋ᠠᠨ᠎ᠤ 13 ᠭᠣᠣᠯ ᠭᠠᠷᠤᠯᠲᠠ ᠵᠢᠨ ᠣᠷᠣᠨ᠎ᠤ ᠨᠢᠭᠡ ᠪᠣᠯᠣᠨ᠎ᠠ ᠂ ᠲᠠᠷᠢᠶᠠᠯᠠᠩ᠎ᠳᠤ ᠬᠡᠷᠡᠭᠯᠡᠬᠦ ᠤᠰᠤᠨ᠎ᠤ ᠬᠠᠷᠢᠴᠠᠯ ᠪᠦᠭᠦ ᠤᠯᠤᠰ᠎ᠤᠨ ᠳᠤᠮᠳᠠᠴᠢ ᠲᠦᠪᠰᠢᠨ᠎ᠠᠴᠠ ᠵᠠᠭᠤᠨ᠎ᠤ ᠬᠠᠷᠢᠴᠠᠯ ᠵᠶ᠋ᠡᠷ 10 ᠬᠤᠪᠢ ᠰᠢᠬᠠᠮ ᠥᠨᠳᠥᠷ ᠪᠠᠢ᠌ᠵᠤ ᠂ ᠤᠰᠤ ᠠᠷᠪᠢᠯᠠᠬᠤ ᠳᠠᠯᠳᠠ ᠬᠦᠴᠦᠨ ᠯᠤᠲᠤ ᠶᠡᠬᠡ ᠶᠤᠮ ᠃ ᠵᠢᠯ᠎ᠤᠨ ᠡᠬᠢᠨ᠎ᠳᠤ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ᠎ᠤᠨ᠎ᠬᠢᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠲᠠᠢ ᠬᠠᠮᠲᠤᠷᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠲᠠᠷᠢᠶᠠᠯᠠᠩ᠎ᠤᠨ ᠤᠰᠤ ᠠᠷᠪᠢᠯᠠᠬᠤ ᠵᠢ ᠳᠡᠭᠡᠭᠰᠢᠯᠡᠭᠦᠯᠭᠦ ᠣᠨ 〉᠎ᠤ ᠠᠵᠢᠯᠯᠠᠭ᠎ᠠ ᠵᠢᠨ ᠲᠥᠰᠥᠯ 》᠎ᠢ ᠳᠠᠷᠤᠮᠠᠯᠯᠠᠨ ᠲᠠᠷᠬᠠᠭ᠋ᠠᠵᠤ ᠂ ᠲᠠᠷᠢᠶᠠᠯᠠᠩ᠎ᠤᠨ ᠤᠰᠤ ᠠᠷᠪᠢᠯᠠᠬᠤ ᠠᠵᠢᠯᠯᠠᠭ᠎ᠠ ᠵᠢ ᠤᠯᠠᠮ ᠨᠢᠭᠡ ᠠᠯᠬᠤᠮ ᠭᠦᠨᠵᠡᠭᠡᠢ ᠬᠡᠷᠡᠭᠵᠢᠭᠦᠯᠵᠦ ᠂ 2025 ᠣᠨ᠎ᠳᠤ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠵᠢᠨ ᠢᠨᠵᠧᠨᠧᠷᠢᠩ᠎ᠢ 200 ᠲᠦᠮᠡᠨ ᠮᠦ᠍᠎ᠠᠴᠠ ᠳᠡᠭᠡᠭᠰᠢ ᠰᠢᠨ᠎ᠡ᠎ᠪᠠᠷ ᠪᠠᠢ᠌ᠭᠤᠯᠵᠤ ᠂ ᠬᠣᠭᠣᠯᠠᠢ᠎ᠪᠠᠷ ᠤᠰᠤᠯᠠᠬᠤ ᠵᠢ ᠳᠤᠰᠤᠯᠭ᠋ᠠᠨ ᠤᠰᠤᠯᠠᠬᠤ ᠪᠣᠯᠭ᠋ᠠᠨ ᠥᠭᠡᠷᠡᠴᠢᠯᠡᠨ ᠳᠡᠭᠡᠭᠰᠢᠯᠡᠭᠦᠯᠭᠦ ᠢᠨᠵᠧᠨᠧᠷᠢᠩ᠎ᠤᠨ ᠲᠠᠯᠠᠪᠠᠶ ᠵᠢ 150 ᠲᠦᠮᠡᠨ ᠮᠦ᠍ ᠬᠡᠷᠡᠭᠵᠢᠭᠦᠯᠵᠦ ᠂ ᠤᠰᠤ ᠪᠣᠷᠳᠣᠭᠤᠷ᠎ᠢ ᠨᠢᠭᠡ ᠴᠣᠭᠴᠠᠵᠢᠭᠤᠯᠤᠭᠰᠠᠨ ᠲᠠᠯᠠᠪᠠᠶ ᠵᠢ 271 ᠲᠦᠮᠡᠨ ᠮᠦ᠍ ᠰᠢᠨ᠎ᠡ᠎ᠪᠠᠷ ᠨᠡᠮᠡᠭᠳᠡᠭᠦᠯᠵᠦ ᠂ ᠵᠢᠯ᠎ᠳᠤ ᠤᠰᠤ ᠠᠷᠪᠢᠯᠠᠬᠤ ᠴᠢᠳᠠᠪᠤᠷᠢ ᠵᠢ 2.7 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠰᠢᠨ᠎ᠡ᠎ᠪᠠᠷ ᠨᠡᠮᠡᠭᠳᠡᠭᠦᠯᠵᠦ ᠂ ᠪᠦᠭᠦ ᠣᠷᠣᠨ᠎ᠤ ᠲᠠᠷᠢᠶᠠᠯᠠᠩ᠎ᠤᠨ ᠤᠰᠤ ᠬᠡᠷᠡᠭᠯᠡᠬᠦ ᠠᠷᠭ᠎ᠠ ᠭᠡᠯᠪᠡᠷᠢ ᠵᠢ ᠠᠷᠪᠢᠲᠠᠢ ᠡᠷᠴᠢᠮᠯᠢᠭ ᠪᠣᠯᠭ᠋ᠠᠨ ᠪᠦᠭᠦ ᠲᠠᠯ᠎ᠠ᠎ᠪᠠᠷ ᠠᠬᠢᠭᠤᠯᠤᠨ᠎ᠠ ᠭᠡᠵᠦ ᠳᠤᠷᠠᠳᠪᠠ ᠃
ᠭᠡᠯᠪᠡᠷᠢ ᠵᠢ ᠬᠤᠪᠢᠷᠠᠭᠤᠯᠬᠤ᠎ᠪᠠᠷ ᠦᠨᠳᠦᠰᠦ ᠪᠤᠯᠭ᠋ᠠᠵᠤ ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢ ᠪᠠᠭ᠋ᠠᠰᠬᠠᠵᠤ ᠪᠣᠬᠢᠷᠳᠤᠯ ᠦᠭᠡᠢ ᠬᠥᠭᠵᠢᠯᠲᠡ ᠵᠢ ᠠᠬᠢᠭᠤᠯᠤᠨ᠎ᠠ
ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ ᠪᠣᠯ ᠡᠴᠦᠰ᠎ᠤᠨ ᠡᠴᠦᠰ᠎ᠲᠡᠭᠡᠨ ᠬᠥᠭᠵᠢᠯᠲᠡ ᠵᠢᠨ ᠠᠷᠭ᠎ᠠ ᠭᠡᠯᠪᠡᠷᠢ ᠵᠢᠨ ᠠᠰᠠᠭᠤᠳᠠᠯ ᠮᠥᠨ ᠃ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ 》᠎ᠳᠤ᠂ 《ᠴᠡᠯᠮᠡᠭ ᠲᠡᠭᠷᠢ ᠲᠤᠩᠭ᠋ᠠᠯᠠᠭ ᠤᠰᠤ ᠴᠡᠪᠡᠷ ᠬᠥᠷᠥᠰᠥᠨ᠎ᠤ ᠬᠠᠮᠠᠭ᠋ᠠᠯᠠᠯᠲᠠ ᠵᠢᠨ ᠳᠠᠢ᠌ᠯᠠᠯᠳᠤᠭ᠋ᠠᠨ᠎ᠢ ᠨᠢᠭᠡᠳᠦᠯᠲᠡᠢ ᠲᠥᠯᠥᠪᠵᠢᠭᠦᠯᠦᠨ ᠰᠠᠢ᠌ᠲᠤᠷ ᠬᠢᠨ᠎ᠡ 》᠂ 《ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢ ᠪᠠᠭ᠋ᠠᠰᠬᠠᠵᠤ ᠪᠣᠬᠢᠷᠳᠤᠯ ᠦᠭᠡᠢ ᠬᠥᠭᠵᠢᠯᠲᠡ ᠵᠢ ᠠᠬᠢᠭᠤᠯᠤᠨ᠎ᠠ 》 ᠭᠡᠵᠦ ᠳᠤᠷᠠᠳᠤᠭᠰᠠᠨ᠎ᠨᠢ ᠶᠠᠭ ᠪᠣᠬᠢᠷᠳᠤᠯ ᠪᠣᠳᠠᠰ᠎ᠤᠨ ᠭᠠᠳᠠᠭᠰᠢᠯᠠᠭᠤᠯᠤᠯᠲᠠ ᠵᠢ ᠡᠬᠢ ᠡᠭᠦᠰᠦᠯ᠎ᠠᠴᠠ ᠨᠢ ᠪᠠᠭ᠋ᠠᠰᠬᠠᠵᠤ ᠂ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠪᠦᠭᠦ ᠲᠠᠯ᠎ᠠ᠎ᠪᠠᠷ ᠪᠣᠬᠢᠷᠳᠤᠯ ᠦᠭᠡᠢ ᠲᠡᠢ᠌ᠰᠢ ᠭᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠤᠭᠰᠠᠨ ᠶᠠᠪᠤᠳᠠᠯ ᠪᠣᠯᠣᠨ᠎ᠠ ᠃
《ᠬᠣᠢ᠌ᠰᠢᠳᠠ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ᠎ᠬᠢᠨ ᠴᠡᠯᠮᠡᠭ ᠲᠡᠭᠷᠢ ᠂ ᠲᠤᠩᠭ᠋ᠠᠯᠠᠭ ᠤᠰᠤ ᠂ ᠴᠡᠪᠡᠷ ᠬᠥᠷᠥᠰᠥ ᠵᠢ ᠬᠠᠮᠠᠭ᠋ᠠᠯᠠᠬᠤ ᠳᠠᠢ᠌ᠯᠠᠯᠳᠤᠭ᠋ᠠᠨ᠎ᠢ ᠦᠷᠭᠦᠯᠵᠢᠯᠡᠨ ᠭᠦᠨᠵᠡᠭᠡᠢ ᠰᠠᠢ᠌ᠲᠤᠷ ᠬᠢᠵᠦ ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠪᠣᠯᠣᠨ ᠰᠢᠨ᠎ᠡ ᠪᠣᠬᠢᠷᠳᠤᠯ ᠪᠣᠳᠠᠰ᠎ᠢ ᠵᠠᠰᠠᠬᠤ ᠵᠢ ᠴᠢᠩᠭ᠋ᠠᠳᠬᠠᠵᠤ ᠂ ᠲᠡᠭᠷᠢ᠎ᠨᠢ ᠴᠡᠯᠮᠡᠭ ᠂ ᠭᠠᠵᠠᠷ᠎ᠨᠢ ᠨᠣᠭᠣᠭ᠋ᠠᠨ ᠂ ᠤᠰᠤ᠎ᠨᠢ ᠲᠤᠩᠭ᠋ᠠᠯᠠᠭ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠢ ᠰᠠᠬᠢᠨ ᠬᠠᠮᠠᠭ᠋ᠠᠯᠠᠨ᠎ᠠ 》 ᠭᠡᠵᠦ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠳᠡᠳ᠋ ᠳᠠᠷᠤᠭ᠎ᠠ ᠸᠠᠩ ᠢ ᠯᠢᠩ ᠬᠡᠯᠡᠪᠡ ᠃ 2025 ᠣᠨ᠎ᠳᠤ᠂ ᠥᠪᠥᠷ ᠮᠣᠩᠭᠣᠯ ᠭᠣᠣᠯᠳᠠᠯᠭ᠎ᠠ᠎ᠲᠠᠢ ᠣᠷᠣᠨ ᠪᠦᠰᠡ ᠂ ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ ᠂ ᠭᠣᠣᠯᠳᠠᠯᠭ᠎ᠠ᠎ᠲᠠᠢ ᠠᠵᠢᠯ ᠲᠥᠷᠥᠯ᠎ᠳᠤ ᠠᠩᠬᠠᠷᠤᠯ ᠵᠶ᠋ᠡᠨ ᠲᠥᠪᠯᠡᠷᠡᠭᠦᠯᠵᠦ ᠂ ᠵᠢᠵᠢᠭ ᠮᠥᠬᠥᠯᠢᠭᠲᠦ ᠪᠣᠳᠠᠰ᠎ᠢ ᠡᠵᠡᠮᠳᠡᠬᠦ᠎ᠪᠠᠷ ᠭᠣᠣᠯ ᠰᠢᠵᠢᠮ ᠪᠤᠯᠭ᠋ᠠᠵᠤ ᠂ ᠣᠯᠠᠨ ᠪᠣᠬᠢᠷᠳᠤᠯ ᠪᠣᠳᠠᠰ᠎ᠤᠨ ᠭᠠᠳᠠᠭᠰᠢᠯᠠᠭᠤᠯᠤᠯᠲᠠ ᠵᠢ ᠬᠠᠮᠵᠢᠯᠴᠠᠨ ᠪᠠᠭ᠋ᠠᠰᠬᠠᠬᠤ ᠵᠢ ᠶᠡᠬᠡ᠎ᠪᠠᠷ ᠠᠬᠢᠭᠤᠯᠤᠨ᠎ᠠ ᠃ ᠬᠠᠲᠤᠨ ᠭᠣᠣᠯ᠎ᠤᠨ ᠭᠣᠣᠯ ᠤᠷᠤᠰᠬᠠᠯ ᠂ ᠴᠢᠬᠤᠯᠠ ᠰᠠᠯᠪᠤᠷᠢ ᠤᠷᠤᠰᠬᠠᠯ᠎ᠤᠨ ᠭᠣᠣᠯ ᠤᠷᠤᠭᠤ ᠪᠣᠬᠢᠷᠳᠤᠯ ᠭᠠᠳᠠᠭᠰᠢᠯᠠᠭᠤᠯᠬᠤ ᠠᠮᠠ ᠵᠢ ᠴᠡᠭᠴᠡᠯᠡᠨ ᠵᠠᠰᠠᠬᠤ ᠵᠢ ᠦᠨᠳᠦᠰᠦᠨ᠎ᠳᠡᠭᠡᠨ ᠪᠡᠶᠡᠯᠡᠭᠦᠯᠦᠨ᠎ᠡ ᠃ ᠬᠥᠷᠥᠰᠥ ᠰᠢᠷᠣᠢ ᠵᠢᠨ ᠪᠣᠬᠢᠷᠳᠤᠯ᠎ᠤᠨ ᠡᠬᠢ ᠡᠭᠦᠰᠦᠯ᠎ᠢ ᠰᠡᠷᠭᠡᠢ᠌ᠯᠡᠨ ᠡᠵᠡᠮᠳᠡᠬᠦ ᠵᠢ ᠬᠡᠷᠡᠭᠵᠢᠭᠦᠯᠵᠦ ᠂ ᠠᠮᠢᠳᠤᠷᠠᠯ᠎ᠤᠨ ᠬᠣᠭ ᠨᠣᠪᠰᠢ ᠂ ᠪᠣᠬᠢᠷ ᠤᠰᠤ ᠪᠠ ᠲᠣᠰᠬᠣᠨ᠎ᠤ ᠳᠦᠷᠰᠦ ᠪᠠᠢ᠌ᠳᠠᠯ᠎ᠢ ᠰᠠᠢ᠌ᠵᠢᠷᠠᠭᠤᠯᠬᠤ ᠵᠡᠷᠭᠡ ᠬᠥᠳᠡᠭᠡ ᠲᠣᠰᠬᠣᠨ᠎ᠤ ᠣᠷᠴᠢᠨ ᠲᠣᠭᠣᠷᠢᠨ᠎ᠢ ᠴᠡᠭᠴᠡᠯᠡᠨ ᠵᠠᠰᠠᠬᠤ ᠠᠵᠢᠯᠯᠠᠭ᠎ᠠ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ ᠃
ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢ ᠪᠠᠭ᠋ᠠᠰᠬᠠᠵᠤ ᠭᠣᠣᠯᠳᠠᠯᠭ᠎ᠠ᠎ᠲᠠᠢ ᠬᠦᠷᠢᠶ᠎ᠡ ᠪᠣᠯᠤᠭᠰᠠᠨ᠎ᠤ ᠬᠤᠪᠢ᠎ᠳᠤ᠂ ᠠᠵᠤ ᠦᠢ᠍ᠯᠡᠳᠪᠦᠷᠢ ᠵᠢᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠭᠡᠯᠪᠡᠷᠢ ᠵᠢᠨ ᠬᠤᠪᠢᠷᠠᠭᠤᠯᠤᠯᠲᠠ᠎ᠨᠢ ᠮᠥᠨ ᠬᠦ᠌ ᠲᠠᠷᠠᠭ᠋ᠠᠴᠢ ᠵᠢᠨ ᠠᠯᠬᠤᠮ᠎ᠤᠨ ᠠᠵᠢᠯ᠎ᠤᠨ ᠭᠣᠣᠯᠳᠠᠯᠭ᠎ᠠ ᠵᠢᠨ ᠳᠣᠲᠣᠷᠠᠬᠢ ᠭᠣᠣᠯᠳᠠᠯᠭ᠎ᠠ ᠪᠣᠯᠣᠨ᠎ᠠ ᠃ ᠪᠦᠭᠦ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠰᠢᠰᠲ᠋ᠧᠮ᠎ᠤᠨ᠎ᠬᠢᠨ ᠳᠥᠷᠪᠡᠨ ᠲᠠᠯ᠎ᠠ᠎ᠪᠠᠷ ᠬᠦᠴᠦᠯᠡᠵᠦ ᠂ ᠨᠢᠭᠡ᠎ᠳᠤ ᠡᠨ᠋ᠸᠷᠭᠢ ᠵᠢᠨ ᠬᠣᠷᠣᠭᠳᠠᠯ᠎ᠤᠨ ᠬᠣᠶᠠᠷ ᠡᠵᠡᠮᠳᠡᠯ᠎ᠠᠴᠠ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢᠨ ᠬᠣᠶᠠᠷ ᠡᠵᠡᠮᠳᠡᠯ ᠲᠡᠢ᠌ᠰᠢ ᠭᠡᠯᠪᠡᠷᠢ᠎ᠪᠠᠨ ᠬᠤᠪᠢᠷᠠᠭᠤᠯᠬᠤ ᠵᠢ ᠲᠦᠷᠭᠡᠳᠬᠡᠨ ᠦᠷ᠎ᠡ ᠪᠦᠲᠦᠮᠵᠢ ᠵᠢ ᠳᠡᠭᠡᠭᠰᠢᠯᠡᠭᠦᠯᠭᠦ ᠵᠢ ᠠᠬᠢᠭᠤᠯᠤᠨ᠎ᠠ ᠂ ᠬᠣᠶᠠᠷ᠎ᠲᠤ ᠠᠵᠤ ᠦᠢ᠍ᠯᠡᠳᠪᠦᠷᠢ ᠵᠢᠨ ᠡᠨᠧᠷᠭᠢ ᠠᠷᠪᠢᠯᠠᠬᠤ ᠤᠰᠤ ᠠᠷᠪᠢᠯᠠᠬᠤ ᠪᠣᠭᠣᠮᠲᠠ ᠰᠢᠪᠲᠤᠯᠬᠤ ᠡᠷᠴᠢᠮ᠎ᠢ ᠴᠢᠩᠭ᠋ᠠᠷᠠᠭᠤᠯᠤᠨ᠎ᠠ ᠂ ᠭᠤᠷᠪᠠ᠎ᠳᠤ ᠪᠣᠬᠢᠷᠳᠤᠯ ᠦᠭᠡᠢ ᠦᠢ᠍ᠯᠡᠳᠬᠡᠯ ᠪᠠ ᠦᠢ᠍ᠯᠡᠴᠢᠯᠡᠭᠡᠨ᠎ᠤ ᠰᠢᠰᠲ᠋ᠧᠮ᠎ᠢ ᠰᠢᠯᠢᠳᠡᠭᠵᠢᠭᠦᠯᠦᠨ᠎ᠡ ᠂ ᠳᠥᠷᠪᠡ᠎ᠳᠤ ᠠᠵᠤ ᠦᠢ᠍ᠯᠡᠳᠪᠦᠷᠢ ᠵᠢᠨ ᠡᠬᠢ ᠪᠠᠶᠠᠯᠢᠭ᠎ᠢ ᠠᠷᠪᠢᠯᠠᠨ ᠡᠷᠴᠢᠮᠵᠢᠭᠦᠯᠦᠨ ᠡᠷᠭᠢᠯᠳᠦᠭᠦᠯᠦᠨ ᠠᠰᠢᠭᠯᠠᠬᠤ ᠲᠦᠪᠰᠢᠨ᠎ᠢ ᠳᠡᠭᠡᠭᠰᠢᠯᠡᠭᠦᠯᠭᠦ ᠪᠣᠯᠣᠨ᠎ᠠ ᠃