2025 ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ   -   ᠮᠡᠳᠡᠭᠡᠯᠡᠯ
ᠣᠷᠣᠨ ᠪᠦᠰᠡ ᠵᠢᠨ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠵᠦ ᠬᠥᠭᠵᠢᠯᠲᠡ ᠵᠢᠨ ᠰᠢᠨ᠎ᠡ ᠣᠷᠣᠨ ᠵᠠᠢ ᠵᠢ ᠥᠷᠭᠡᠳᠬᠡᠨ᠎ᠡ – ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠪᠠᠢ᠌ᠷᠢᠯᠠᠭᠤᠯᠤᠯᠲᠠ᠎ᠠᠴᠠ ᠡᠷᠡᠯᠬᠡᠭᠯᠡᠨ ᠤᠷᠤᠭᠰᠢᠯᠠᠵᠤ ᠪᠠᠢ᠌ᠭ᠎ᠠ ᠥᠪᠥᠷ ᠮᠣᠩᠭᠣᠯ᠎ᠢ ᠬᠠᠷᠠᠬᠤᠢ
ᠨᠡᠶ᠋ᠢᠲᠡᠯᠡᠭᠰᠡᠨ ᠴᠠᠭ᠄ 2025-02-12

 

      ᠥᠪᠥᠷ ᠮᠣᠩᠭᠣᠯ᠎ᠤᠨ 2025 ᠣᠨ᠎ᠤ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠳᠤ᠂ ᠣᠷᠣᠨ ᠪᠦᠰᠡ ᠵᠢᠨ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠬᠦ ᠠᠵᠢᠯᠯᠠᠭ᠎ᠠ ᠵᠢ ᠰᠠᠢ᠌ᠲᠤᠷ ᠠᠳᠬᠤᠨ᠂ ᠬᠥᠭᠵᠢᠯᠲᠡ ᠵᠢᠨ ᠰᠢᠨ᠎ᠡ ᠣᠷᠣᠨ ᠵᠠᠢ ᠵᠢ ᠶᠡᠬᠡ᠎ᠪᠠᠷ ᠥᠷᠭᠡᠳᠬᠡᠨ᠎ᠡ ᠭᠡᠵᠦ ᠲᠣᠳᠣᠷᠬᠠᠢ ᠳᠤᠷᠠᠳᠴᠠᠢ᠃

      ᠴᠠᠭ᠋ᠠᠨ ᠰᠠᠷ᠎ᠠ ᠰᠢᠨ᠎ᠡ ᠠᠶᠠᠨ ᠵᠶ᠋ᠠᠨ ᠡᠬᠢᠯᠡᠭᠦᠯᠵᠦ᠂ ᠪᠣᠳᠠᠲᠠᠢ ᠠᠵᠢᠯᠯᠠᠵᠤ ᠰᠢᠨ᠎ᠡ ᠪᠠᠢ᠌ᠳᠠᠯ᠎ᠢ ᠡᠭᠦᠳᠦᠨ᠎ᠡ᠃ ᠮᠠᠨ᠎ᠤ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠤᠨ᠎ᠬᠢᠨ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠪᠠᠢ᠌ᠷᠢᠯᠠᠭᠤᠯᠤᠯᠲᠠ᠂ ᠰᠢᠨ᠎ᠡ ᠱᠠᠭ᠋ᠠᠷᠳᠠᠯᠭ᠎ᠠ᠎ᠪᠠᠷ ᠪᠠᠷᠢᠮᠵᠢᠶ᠎ᠠ ᠪᠤᠯᠭ᠋ᠠᠵᠤ᠂ ᠰᠢᠨ᠎ᠡ ᠰᠡᠳᠬᠢᠴᠡ᠂ ᠰᠢᠨ᠎ᠡ ᠠᠷᠭ᠎ᠠ ᠬᠡᠮᠵᠢᠶ᠎ᠡ ᠵᠢ ᠲᠣᠭᠲᠠᠭ᠋ᠠᠵᠤ᠂ ᠣᠷᠣᠨ ᠪᠦᠰᠡ ᠵᠢᠨ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠬᠦ ᠠᠵᠢᠯᠯᠠᠭ᠎ᠠ ᠵᠢ ᠰᠠᠢ᠌ᠲᠤᠷ ᠠᠳᠬᠤᠨ᠂ ᠡᠬᠢ ᠪᠠᠶᠠᠯᠢᠭ᠎ᠢ ᠰᠢᠯᠢᠳᠡᠭᠵᠢᠭᠦᠯᠦᠨ ᠲᠣᠬᠢᠷᠠᠭᠤᠯᠬᠤ ᠵᠢ ᠠᠬᠢᠭᠤᠯᠵᠤ᠂ ᠡᠯ᠎ᠡ ᠭᠠᠵᠠᠷ ᠣᠷᠣᠨ᠎ᠤ ᠳᠠᠪᠠᠭᠤᠯᠢᠭ ᠠᠵᠤ ᠦᠢ᠍ᠯᠡᠰ᠎ᠢ ᠭᠦᠢ᠍ᠴᠡᠳ ᠪᠠᠳᠠᠷᠠᠭᠤᠯᠤᠨ᠂ ᠣᠷᠣᠨ ᠪᠦᠰᠡ ᠵᠢᠨ ᠬᠥᠭᠵᠢᠯᠲᠡ᠎ᠳᠤ ᠲᠠᠰᠤᠷᠠᠯᠲᠠ ᠦᠭᠡᠢ ᠠᠮᠢᠵᠢᠷᠠᠯ᠎ᠤᠨ ᠬᠦᠴᠦᠨ ᠨᠡᠮᠡᠷᠢᠯᠡᠪᠡ᠃

      ᠭᠠᠳᠠᠭᠰᠢ᠎ᠪᠠᠨ ᠥᠨᠳᠥᠷ ᠲᠦᠪᠰᠢᠨ ᠪᠦᠬᠦᠢ ᠨᠡᠭᠡᠭᠡᠯᠲᠡ ᠵᠢ ᠥᠷᠭᠡᠳᠬᠡᠵᠦ ᠨᠡᠭᠡᠭᠡᠯᠲᠡ ᠬᠢᠬᠦ ᠠᠶᠠᠨ᠎ᠳᠤ ᠡᠷᠡᠮᠡᠬᠡᠢ᠌ᠯᠡᠨ ᠤᠷᠤᠭᠰᠢᠯᠠᠨ᠎ᠠ

      2024 ᠣᠨ᠎ᠳᠤ᠂ ᠥᠪᠥᠷ ᠮᠣᠩᠭᠣᠯ᠎ᠤᠨ ᠭᠠᠳᠠᠭ᠋ᠠᠳᠤ ᠠᠷᠠᠯᠵᠢᠶᠠᠨ᠎ᠤ ᠣᠷᠣᠭᠤᠯᠤᠯᠲᠠ ᠭᠠᠷᠭ᠋ᠠᠯᠲᠠ ᠵᠢᠨ ᠶᠡᠷᠦᠩᠬᠡᠢ ᠥᠷᠲᠡᠭ 2073.1 ᠳ᠋ᠦᠩᠰᠢᠭᠤᠷ ᠲᠥᠭᠥᠷᠢᠭ᠎ᠲᠤ ᠬᠦᠷᠴᠦ᠂ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 5.8%᠎ᠪᠠᠷ ᠨᠡᠮᠡᠭᠳᠡᠵᠦ᠂ ᠪᠦᠭᠦ ᠤᠯᠤᠰ᠎ᠤᠨ ᠭᠠᠳᠠᠭ᠋ᠠᠳᠤ ᠠᠷᠠᠯᠵᠢᠶᠠᠨ᠎ᠤ ᠨᠡᠮᠡᠭᠳᠡᠯ᠎ᠤᠨ ᠬᠤᠷᠳᠤᠴᠠ᠎ᠠᠴᠠ ᠵᠠᠭᠤᠨ᠎ᠤ ᠬᠠᠷᠢᠴᠠᠯ ᠵᠶ᠋ᠠᠷ 0.8 ᠬᠤᠪᠢ ᠥᠨᠳᠥᠷ ᠪᠣᠯᠵᠤ᠂ ᠠᠩᠬ᠎ᠠ ᠤᠳᠠᠭ᠎ᠠ ᠬᠣᠶᠠᠷ ᠮᠢᠩᠭ᠋ᠠᠨ ᠳ᠋ᠦᠩᠰᠢᠭᠤᠷ ᠲᠥᠭᠥᠷᠢᠭ᠎ᠤᠨ ᠶᠡᠬᠡ ᠪᠣᠭᠣᠮᠲᠠ ᠵᠢ ᠳᠠᠪᠠᠪᠠ᠃ ᠥᠪᠥᠷ ᠮᠣᠩᠭᠣᠯ᠎ᠤᠨ ᠪᠣᠭᠣᠮᠲᠠ ᠵᠢᠨ ᠪᠠᠷᠠᠭ᠋ᠠᠨ᠎ᠤ ᠲᠡᠭᠡᠭᠡᠪᠦᠷᠢ ᠵᠢᠨ ᠬᠡᠮᠵᠢᠶ᠎ᠡ 1.234 ᠳ᠋ᠦᠩᠰᠢᠭᠤᠷ ᠲᠣᠨ᠎ᠳᠤ ᠬᠦᠷᠴᠦ᠂ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ14.5%᠎ᠪᠠᠷ ᠨᠡᠮᠡᠭᠳᠡᠨ᠂ ᠲᠡᠦᠬᠡ ᠵᠢᠨ ᠰᠢᠨ᠎ᠡ ᠲᠡᠮᠳᠡᠭᠯᠡᠯ᠎ᠢ ᠡᠭᠦᠳᠪᠡ᠃

      ᠥᠪᠥᠷ ᠮᠣᠩᠭᠣᠯ᠎ᠤᠨ 2025 ᠣᠨ᠎ᠤ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠳᠤ᠂ ᠭᠠᠳᠠᠭᠰᠢ᠎ᠪᠠᠨ ᠥᠨᠳᠥᠷ ᠲᠦᠪᠰᠢᠨ ᠪᠦᠬᠦᠢ ᠨᠡᠭᠡᠭᠡᠯᠲᠡ ᠵᠢ ᠥᠷᠭᠡᠳᠬᠡᠨ᠎ᠡ ᠭᠡᠵᠦ ᠳᠤᠷᠠᠳᠴᠠᠢ᠃ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ ᠲᠡᠭᠦᠰᠦᠭᠰᠡᠨ᠎ᠤ ᠳᠠᠷᠠᠭ᠎ᠠ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ᠎ᠬᠢᠨ ᠦᠳᠲᠡᠷ ᠲᠦᠷᠭᠡᠨ ᠴᠤᠤᠷᠢᠶᠠᠲᠤᠵᠤ᠂ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠲᠣᠬᠢᠷᠠᠭᠤᠯᠤᠨ ᠪᠠᠢ᠌ᠷᠢᠯᠠᠭᠤᠯᠪᠠ᠃

      ᠴᠢᠯᠦᠭᠡᠲᠦ ᠠᠷᠠᠯᠵᠢᠶᠠᠨ᠎ᠤ ᠣᠷᠣᠨ᠎ᠢ ᠡᠭᠦᠳᠦᠨ ᠪᠠᠢ᠌ᠭᠤᠯᠬᠤ ᠵᠢ ᠪᠦᠭᠦ ᠣᠷᠣᠨ᠎ᠤ ᠨᠡᠭᠡᠭᠡᠯᠲᠡᠲᠤ ᠬᠥᠭᠵᠢᠯᠲᠡ ᠵᠢᠨ ᠲᠡᠷᠢᠭᠦᠨ ᠴᠢᠬᠤᠯᠠ ᠶᠠᠪᠤᠳᠠᠯ ᠪᠤᠯᠭ᠋ᠠᠵᠤ᠂ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ ᠵᠢᠨ ᠪᠦᠲᠦᠭᠡᠨ ᠪᠠᠢ᠌ᠭᠤᠯᠤᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠦᠨ ᠲᠠᠰ ᠳᠡᠪᠰᠢᠭᠦᠯᠬᠦ ᠵᠢ ᠬᠦᠴᠦᠯᠡᠨ ᠠᠬᠢᠭᠤᠯᠵᠤ᠂ 《ᠨᠢᠭᠡ ᠪᠦᠰᠡ ᠨᠢᠭᠡ ᠵᠠᠮ》᠎ᠢ ᠴᠢᠨᠠᠷ ᠰᠠᠢ᠌ᠲᠠᠢ ᠬᠠᠮᠲᠤ᠎ᠪᠠᠷ ᠪᠦᠲᠦᠭᠡᠨ ᠪᠠᠢ᠌ᠭᠤᠯᠬᠤ᠎ᠳᠤ ᠭᠦᠨ ᠲᠠᠰ ᠳᠠᠪᠬᠤᠷᠭ᠎ᠠ᠎ᠪᠠᠷ ᠣᠷᠣᠯᠴᠠᠨ᠂ ᠲᠡᠷᠢᠭᠦᠨ᠎ᠤ ᠠᠭᠤᠯᠵᠠᠯᠲᠠ᠎ᠪᠠᠷ ᠲᠣᠬᠢᠷᠠᠯᠴᠠᠭᠰᠠᠨ ᠡᠯ᠎ᠡ ᠵᠦᠢ᠍ᠯ᠎ᠤᠨ ᠬᠠᠮᠲᠤ ᠵᠢᠨ ᠲᠠᠨᠢᠯᠲᠠ ᠵᠢ ᠪᠦᠭᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠣᠷᠣᠰ ᠮᠣᠩᠭᠣᠯ᠎ᠯᠤᠭ᠎ᠠ ᠵᠢᠨ ᠬᠠᠮᠲᠤᠷᠠᠯᠴᠠᠭ᠎ᠠ ᠵᠢᠨ ᠥᠷᠭᠡᠴᠡ ᠭᠦᠨᠴᠡ ᠵᠢ ᠪᠦᠭᠦ ᠲᠠᠯ᠎ᠠ᠎ᠪᠠᠷ ᠳᠡᠭᠡᠭᠰᠢᠯᠡᠭᠦᠯᠦᠨ᠂ ᠳᠣᠲᠣᠭ᠋ᠠᠳᠤ ᠭᠠᠳᠠᠭ᠋ᠠᠳᠤ ᠨᠡᠭᠡᠭᠡᠯᠲᠡ ᠵᠢ ᠬᠦᠴᠦᠯᠡᠨ ᠥᠷᠭᠡᠳᠬᠡᠨ᠎ᠡ ᠭᠡᠵᠦ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠬᠡᠯᠡᠨ᠎ᠡ᠃

      ᠳᠣᠲᠣᠭ᠋ᠠᠳᠤ᠎ᠳᠠᠭᠠᠨ ᠣᠷᠣᠨ ᠪᠦᠰᠡ ᠵᠢᠨ ᠬᠣᠭᠣᠷᠣᠨᠳᠣᠭᠢ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠵᠦ ᠬᠥᠭᠵᠢᠯᠲᠡ ᠵᠢᠨ ᠵᠢᠷᠤᠭ ᠲᠥᠰᠥᠪ᠎ᠢ ᠬᠠᠮᠲᠤ᠎ᠪᠠᠷ ᠵᠢᠷᠤᠭᠯᠠᠨ᠎ᠠ

      2024 ᠣᠨ᠎ᠳᠤ ᠥᠪᠥᠷ ᠮᠣᠩᠭᠣᠯ ᠤᠯᠤᠰ᠎ᠤᠨ ᠳᠣᠲᠣᠭ᠋ᠠᠳᠤ ᠵᠢᠨ ᠪᠣᠳᠠᠲᠠᠢ ᠪᠡᠯᠡ ᠮᠥᠩᠭᠥ ᠵᠢ 5573.1 ᠳ᠋ᠦᠩᠰᠢᠭᠤᠷ ᠲᠥᠭᠥᠷᠢᠭ ᠣᠷᠣᠭᠤᠯᠤᠨ ᠠᠪᠴᠢᠷᠠᠵᠤ᠂ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 16.6%᠎ᠪᠠᠷ ᠨᠡᠮᠡᠭᠳᠡᠵᠦ᠂ ᠴᠢᠨᠠᠷ ᠰᠠᠢ᠌ᠲᠠᠢ ᠬᠥᠭᠵᠢᠯᠲᠡ᠎ᠳᠤ ᠨᠠᠩ ᠥᠷᠭᠡᠨ ᠠᠭᠤᠳᠠᠮ ᠵᠠᠮ ᠳᠡᠪᠢᠰᠴᠦ ᠥᠭᠴᠡᠢ᠃

      2024 ᠣᠨ᠎ᠳᠤ᠂ ᠥᠪᠥᠷ ᠮᠣᠩᠭᠣᠯ ᠦᠢ᠍ᠯᠡᠳᠬᠦᠨ᠎ᠢ ᠪᠡᠭᠡᠵᠢᠩ᠎ᠳᠤ ᠣᠷᠣᠭᠤᠯᠵᠤ ᠪᠣᠷᠣᠯᠠᠭᠤᠯᠤᠭᠰᠠᠨ ᠬᠡᠮᠵᠢᠶ᠎ᠡ 300 ᠳ᠋ᠦᠩᠰᠢᠭᠤᠷ ᠲᠥᠭᠥᠷᠢᠭ᠎ᠢ ᠳᠠᠪᠠᠵᠤ᠂ 144 ᠪᠡᠭᠡᠵᠢᠩ᠎ᠤᠨ ᠠᠵᠤ ᠠᠬᠤᠢ᠌ᠯᠠᠯ ᠥᠪᠡᠷᠲᠡᠭᠡᠨ ᠵᠠᠰᠠᠬᠤ ᠣᠷᠣᠨ᠎ᠳᠤ ᠰᠠᠭᠤᠷᠢᠰᠢᠨ ᠪᠡᠯᠡ ᠣᠷᠣᠭᠤᠯᠵᠤ᠂ ᠪᠡᠭᠡᠵᠢᠩ ᠥᠪᠥᠷ ᠮᠣᠩᠭᠣᠯ᠎ᠤᠨ ᠭᠦᠳᠡᠯᠮᠦᠷᠢ ᠦᠢ᠍ᠯᠡᠴᠢᠯᠡᠭᠡᠨ᠎ᠤ ᠬᠠᠮᠵᠢᠯᠴᠠᠭ᠎ᠠ 6.97 ᠲᠦᠮᠡᠨ ᠮᠠᠯᠵᠢᠬᠤ ᠲᠠᠷᠢᠶᠠᠯᠠᠬᠤ ᠣᠷᠣᠨ᠎ᠤ ᠭᠦᠳᠡᠯᠮᠦᠷᠢ ᠬᠦᠴᠦᠨ᠎ᠳᠤ ᠠᠵᠢᠯ ᠣᠯᠭᠣᠪᠠ ᠁ 《ᠪᠡᠭᠡᠵᠢᠩ ᠥᠪᠥᠷ ᠮᠣᠩᠭᠣᠯ᠎ᠤᠨ ᠬᠠᠮᠲᠤᠷᠠᠯᠴᠠᠭ᠎ᠠ ᠵᠢ ᠪᠦᠭᠦ ᠲᠠᠯ᠎ᠠ᠎ᠪᠠᠷ ᠥᠷᠭᠡᠳᠬᠡᠬᠦ ᠪᠣᠯ ᠣᠷᠣᠨ ᠪᠦᠰᠡ ᠵᠢᠨ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠬᠦ ᠠᠵᠢᠯᠯᠠᠭ᠎ᠠ ᠵᠢᠨ ᠴᠢᠬᠤᠯᠠ ᠠᠭᠤᠯᠭ᠎ᠠ ᠵᠢᠨ ᠨᠢᠭᠡ ᠮᠥᠨ᠃ 2025 ᠣᠨ᠎ᠳᠤ ᠥᠪᠥᠷ ᠮᠣᠩᠭᠣᠯ 〈ᠵᠢᠷᠭᠤᠭ᠎ᠠ ᠵᠢ ᠳᠠᠭᠢᠨ ᠵᠶ᠋ᠠᠷ ᠨᠡᠮᠡᠭᠳᠡᠭᠦᠯᠬᠦ ᠲᠥᠯᠥᠪᠯᠡᠭᠡ〉 ᠪᠠ 〈ᠳᠥᠷᠪᠡᠨ ᠵᠦᠢ᠍ᠯ᠎ᠤᠨ ᠠᠵᠢᠯᠯᠠᠭ᠎ᠠ〉 ᠵᠢ ᠦᠷᠭᠦᠯᠵᠢᠯᠡᠨ ᠥᠷᠨᠢᠭᠦᠯᠵᠦ᠂ ᠪᠡᠭᠡᠵᠢᠩ ᠬᠣᠲᠠ᠎ᠲᠠᠢ ᠣᠯᠠᠨ ᠬᠠᠷᠠᠭ᠋ᠠᠰᠤ ᠭᠦᠨ ᠳᠠᠪᠬᠤᠷᠭ᠎ᠠ᠎ᠠᠴᠠ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ ᠥᠷᠨᠢᠭᠦᠯᠦᠨ᠎ᠡ》ᠭᠡᠵᠦ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ᠎ᠤᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠲᠠᠨᠢᠯᠴᠠᠭᠤᠯᠪᠠ᠃

      ᠡᠨᠡ ᠵᠢᠯ ᠥᠪᠡᠷᠲᠡᠭᠡᠨ ᠵᠠᠰᠠᠬᠤ ᠣᠷᠣᠨ᠎ᠤ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠳᠤ ᠳᠣᠲᠣᠭ᠋ᠠᠳᠤ᠎ᠳᠠᠭᠠᠨ ᠣᠷᠣᠨ ᠪᠦᠰᠡ ᠵᠢᠨ ᠬᠣᠭᠣᠷᠣᠨᠳᠣᠭᠢ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠬᠦ ᠲᠤᠬᠠᠢ ᠪᠠᠢ᠌ᠷᠢᠯᠠᠭᠤᠯᠤᠯᠲᠠ ᠬᠢᠵᠦ᠂ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ᠎ᠤ ᠭᠤᠷᠪᠠᠯᠵᠢᠨ ᠬᠣᠢ᠌ᠭ᠂ ᠭᠤᠸᠠᠩᠳᠦ᠋ᠩ ᠰᠢᠶᠠᠩᠭ᠋ᠠᠩ ᠣᠣᠮᠧᠨ᠎ᠤ ᠲᠣᠮᠣ ᠪᠤᠯᠤᠩ᠎ᠤᠨ ᠣᠷᠣᠨ ᠪᠣᠯᠣᠨ ᠵᠡᠭᠦᠨ ᠬᠣᠢ᠌ᠲᠤ ᠵᠢᠨ ᠭᠤᠷᠪᠠᠨ ᠮᠤᠵᠢ ᠵᠡᠷᠭᠡ ᠭᠠᠵᠠᠷ ᠣᠷᠣᠨ᠎ᠲᠠᠢ ᠬᠠᠮᠲᠤᠷᠠᠯᠴᠠᠬᠤ᠎ᠪᠠᠨ ᠤᠯᠠᠮ ᠴᠢᠨᠠᠭᠰᠢᠳᠠ ᠨᠢᠭᠲᠠᠷᠠᠭᠤᠯᠵᠤ᠂ ᠠᠵᠤ ᠦᠢ᠍ᠯᠡᠰ᠎ᠤᠨ ᠰᠢᠯᠵᠢᠯᠲᠡ ᠵᠢ ᠢᠳᠡᠪᠬᠢᠲᠡᠢ ᠳᠠᠭ᠋ᠠᠭ᠋ᠠᠨ ᠵᠠᠯᠭ᠋ᠠᠭᠤᠯᠵᠤ᠂ ᠡᠨᠧᠷᠭᠢ᠂ ᠡᠬᠢ ᠪᠠᠶᠠᠯᠢᠭ ᠵᠡᠷᠭᠡ ᠲᠠᠯ᠎ᠠ᠎ᠪᠠᠷ ᠠᠵᠤ ᠠᠬᠤᠢ ᠵᠢᠨ ᠲᠣᠮᠣ ᠮᠤᠵᠢ᠎ᠯᠤᠭ᠎ᠠ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠣᠨᠴᠠᠭ᠋ᠠᠢ᠌ᠯᠠᠨ ᠬᠥᠭᠵᠢᠭᠰᠡᠨ ᠭᠠᠵᠠᠷ ᠣᠷᠣᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠷ᠎ᠡ ᠪᠦᠲᠦᠭᠡᠯ ᠵᠶ᠋ᠠᠨ ᠣᠨᠳᠣᠣᠰᠢᠭᠤᠯᠬᠤ᠎ᠳᠤ ᠡᠯᠪᠡᠭ ᠳᠡᠯᠪᠡᠭ ᠬᠡᠷᠡᠭᠯᠡᠭᠡᠨ᠎ᠤ ᠠᠬᠤᠢ ᠪᠠᠢ᠌ᠳᠠᠯ ᠬᠠᠩᠭ᠋ᠠᠨ᠎ᠠ ᠭᠡᠵᠦ ᠵᠢᠭ᠋ᠠᠵᠤ ᠭᠠᠷᠭ᠋ᠠᠪᠠ᠃

      2025 ᠣᠨ᠎ᠳᠤ ᠥᠪᠥᠷ ᠮᠣᠩᠭᠣᠯ ᠦᠷᠭᠦᠯᠵᠢᠯᠡᠨ ᠤᠯᠠᠮᠵᠢᠯᠠᠯᠲᠤ ᠠᠵᠤ ᠦᠢ᠍ᠯᠡᠰ᠎ᠢ ᠳᠡᠭᠡᠭᠰᠢᠯᠡᠭᠦᠯᠭᠦ᠂ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠢ ᠪᠤᠵᠠᠭ᠋ᠠᠢ᠌ᠷᠠᠭᠤᠯᠬᠤ᠂ ᠢᠷᠡᠭᠡᠳᠦᠢ ᠵᠢᠨ ᠠᠵᠤ ᠦᠢ᠍ᠯᠡᠰ᠎ᠢ ᠪᠣᠢ᠌ᠵᠢᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠣᠨᠣᠴᠠᠲᠠᠢ᠎ᠪᠠᠷ ᠠᠷᠠᠯᠵᠢᠶᠠᠴᠢᠨ ᠤᠷᠢᠬᠤ ᠵᠢ ᠴᠢᠩᠭ᠋ᠠᠳᠬᠠᠨ᠂ ᠠᠷᠠᠯᠵᠢᠶᠠᠴᠢᠨ ᠤᠷᠢᠵᠤ ᠪᠡᠯᠡ ᠮᠥᠩᠭᠥ ᠣᠷᠣᠭᠤᠯᠤᠨ ᠠᠪᠴᠢᠷᠠᠬᠤ ᠬᠡᠪᠴᠢᠶ᠎ᠡ᠎ᠪᠠᠨ ᠥᠷᠭᠡᠳᠬᠡᠵᠦ᠂ 2025 ᠣᠨ᠎ᠳᠤ ᠣᠷᠣᠭᠤᠯᠤᠨ ᠠᠪᠴᠢᠷᠠᠬᠤ ᠤᠯᠤᠰ᠎ᠤᠨ ᠳᠣᠲᠣᠭ᠋ᠠᠳᠤ ᠵᠢᠨ ᠪᠣᠳᠠᠲᠠᠢ ᠪᠡᠯᠡ ᠮᠥᠩᠭᠥ ᠵᠢ 5700 ᠳ᠋ᠦᠩᠰᠢᠭᠤᠷ ᠲᠥᠭᠥᠷᠢᠭ᠎ᠠᠴᠠ ᠳᠠᠪᠠᠭᠤᠯᠬᠤ ᠡᠭᠦᠷᠭᠡ ᠵᠢᠨ ᠬᠠᠷᠠᠯᠲᠠ ᠲᠡᠢ᠌ᠰᠢ ᠪᠦᠭᠦ ᠬᠤᠷᠳᠤᠴᠠ᠎ᠪᠠᠷ ᠤᠷᠤᠭᠰᠢᠯᠠᠵᠤ᠂ ᠥᠨᠳᠥᠷ ᠲᠦᠪᠰᠢᠨ ᠪᠦᠬᠦᠢ ᠠᠷᠠᠯᠵᠢᠶᠠᠴᠢᠨ ᠤᠷᠢᠵᠤ ᠪᠡᠯᠡ ᠮᠥᠩᠭᠥ ᠣᠷᠣᠭᠤᠯᠤᠨ ᠠᠪᠴᠢᠷᠠᠬᠤ ᠠᠵᠢᠯᠯᠠᠭ᠎ᠠ᠎ᠪᠠᠷ ᠪᠦᠭᠦ ᠣᠷᠣᠨ᠎ᠤ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠤᠨ᠎ᠠ ᠭᠡᠵᠦ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠬᠠᠮᠢᠶ᠎ᠠ ᠪᠦᠬᠦᠢ  ᠬᠠᠷᠢᠭᠤᠴᠠᠯᠭ᠋ᠠᠲᠠᠨ ᠬᠡᠯᠡᠯ᠎ᠡ᠃

      ᠵᠦᠷᠢᠶᠠᠴᠢᠯᠡᠭᠰᠡᠨ ᠵᠣᠬᠢᠴᠠᠩᠭᠤᠢ ᠬᠥᠭᠵᠢᠯᠲᠡ ᠵᠢ ᠪᠠᠷᠢᠮᠲᠠᠯᠠᠵᠤ ᠡᠶ᠎ᠡ ᠵᠣᠬᠢᠴᠠᠩᠭᠤᠢ ᠭᠦᠭ ᠠᠶᠠᠰ᠎ᠢ ᠴᠢᠪᠬᠠᠳᠠᠨ᠎ᠠ

      ᠥᠪᠥᠷ ᠮᠣᠩᠭᠣᠯ᠎ᠤᠨ ᠵᠡᠭᠦᠨ ᠳᠤᠮᠳᠠ ᠪᠠᠷᠠᠭᠤᠨ ᠣᠷᠣᠨ᠎ᠤ ᠨᠥᠬᠥᠴᠡᠯ ᠠᠳᠠᠯᠢ ᠪᠤᠰᠤ ᠪᠠᠢ᠌ᠵᠤ᠂ ᠠᠢ᠌ᠮᠠᠭ ᠬᠣᠲᠠ ᠨᠢᠭᠡᠪᠦᠷᠢ ᠴᠥᠮ ᠥᠪᠡᠷ ᠥᠪᠡᠷ᠎ᠤᠨ ᠬᠥᠭᠵᠢᠯᠲᠡ ᠵᠢᠨ ᠣᠨᠴᠠᠯᠢᠭ᠎ᠲᠠᠢ ᠪᠠᠢ᠌ᠳᠠᠭ᠃ ᠡᠨᠡ ᠵᠢᠯ᠎ᠤᠨ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠤᠨ ᠪᠠᠢ᠌ᠷᠢᠯᠠᠭᠤᠯᠤᠯᠲᠠ ᠶᠣᠰᠣᠭ᠋ᠠᠷ ᠪᠦᠭᠦ ᠣᠷᠣᠨ᠎ᠤ ᠡᠯ᠎ᠡ ᠭᠠᠵᠠᠷ᠎ᠤᠨ 2025 ᠣᠨ᠎ᠤ ᠭᠣᠣᠯᠳᠠᠯᠭ᠎ᠠ᠎ᠲᠠᠢ ᠠᠵᠢᠯ ᠨᠢᠭᠡᠨᠲᠡ ᠲᠣᠳᠣᠷᠬᠠᠢ ᠪᠣᠯᠵᠤ᠂ 12 ᠠᠢ᠌ᠮᠠᠭ ᠬᠣᠲᠠ ᠲᠣᠰ ᠲᠣᠰ᠎ᠤᠨ ᠬᠥᠭᠵᠢᠯᠲᠡ ᠵᠢᠨ ᠪᠠᠢ᠌ᠷᠢ ᠲᠣᠭᠲᠠᠭ᠋ᠠᠯᠲᠠ᠎ᠪᠠᠨ ᠦᠨᠳᠦᠰᠦᠯᠡᠨ ᠬᠦᠴᠦᠯᠡᠵᠦ᠂ ᠪᠦᠭᠦ ᠵᠢᠯ᠎ᠤᠨ ᠠᠵᠤ ᠠᠬᠤᠢ ᠵᠢᠨ ᠰᠠᠢ᠌ᠨ ᠡᠭᠢᠯᠡᠯᠲᠡ᠎ᠲᠠᠢ ᠪᠤᠯᠬᠤ ᠵᠢ ᠬᠦᠰᠡᠵᠦ ᠪᠠᠢ᠌ᠨ᠎ᠠ᠃

      ᠭᠦᠭᠡᠬᠣᠲᠠ ᠵᠢᠨ᠎ᠬᠢᠨ 《ᠵᠢᠷᠭᠤᠭ᠋ᠠᠨ ᠶᠡᠬᠡ ᠠᠵᠤ ᠦᠢ᠍ᠯᠡᠰ᠎ᠤᠨ ᠪᠦᠯᠦᠭᠵᠢᠯ》᠎ᠤᠨ ᠬᠠᠷᠢᠯᠴᠠᠨ ᠬᠣᠯᠪᠣᠯᠳᠤᠬᠤ ᠵᠢ ᠠᠬᠢᠭᠤᠯᠵᠤ᠂ ᠪᠣᠬᠢᠷᠳᠤᠯ ᠦᠭᠡᠢ ᠪᠣᠳᠣᠯᠲᠠ ᠵᠢᠨ ᠬᠦᠴᠦᠨ ᠪᠠ ᠵᠣᠬᠢᠶᠠᠮᠠᠯ ᠣᠶᠤᠨ ᠴᠢᠳᠠᠪᠤᠷᠢ᠂ ᠣᠢ᠌ᠷ᠎ᠠ ᠣᠭᠲᠠᠷᠭᠤᠢ ᠵᠢᠨ ᠠᠵᠤ ᠠᠬᠤᠢ᠂ ᠬᠤᠳᠠᠯᠳᠤᠭ᠋ᠠᠨ᠎ᠤ ᠰᠠᠨᠰᠠᠷ᠎ᠤᠨ ᠠᠶᠠᠯᠠᠯ᠂ ᠨᠡᠢ᠌ᠯᠡᠮᠡᠯ ᠠᠮᠢᠳᠤ ᠪᠣᠳᠠᠰ ᠵᠡᠷᠭᠡ ᠬᠦᠷᠢᠶᠡᠨ᠎ᠳᠤ ᠰᠢᠪᠲᠤᠯᠤᠯᠲᠠ᠎ᠲᠠᠢ ᠪᠣᠯᠵᠤ᠂ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠲᠦᠷᠭᠡᠳᠬᠡᠨ ᠬᠥᠭᠵᠢᠭᠦᠯᠦᠨ᠎ᠡ᠃ ᠬᠣᠲᠠ ᠵᠢᠨ ᠥᠨᠳᠥᠷ ᠪᠦᠲᠦᠮᠵᠢᠲᠡᠶ ᠵᠠᠰᠠᠯᠲᠠ ᠵᠢ ᠲᠦᠷᠭᠡᠳᠬᠡᠨ ᠠᠬᠢᠭᠤᠯᠵᠤ᠂ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢ ᠨᠡᠭᠡᠭᠡᠨ ᠬᠥᠭᠵᠢᠭᠦᠯᠵᠦ ᠬᠠᠮᠠᠭ᠋ᠠᠯᠠᠬᠤ ᠪᠠᠢ᠌ᠷᠢᠰᠢᠯ᠎ᠢ ᠰᠢᠰᠲ᠋ᠧᠮ᠎ᠲᠠᠢ ᠰᠢᠯᠢᠳᠡᠭᠵᠢᠭᠦᠯᠵᠦ᠂ ᠣᠯᠠᠨ ᠲᠦᠮᠡᠨ᠎ᠤ ᠠᠩᠬᠠᠷᠴᠤ ᠪᠠᠢ᠌ᠭ᠎ᠠ ᠠᠵᠢᠯ ᠣᠯᠭᠣᠯᠲᠠ᠂ ᠰᠤᠷᠭ᠋ᠠᠨ ᠬᠥᠮᠦᠵᠢᠯ᠂ ᠡᠮ ᠡᠮᠨᠡᠯᠭᠡ᠂ ᠨᠠᠰᠤᠵᠢᠯ᠎ᠤᠨ ᠠᠰᠠᠷᠠᠮᠵᠢ ᠵᠡᠷᠭᠡ ᠵᠢᠨ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠢ᠌ᠭ᠎ᠠ ᠠᠰᠠᠭᠤᠳᠠᠯ᠎ᠢ ᠦᠨᠡᠨ ᠬᠦ᠌ ᠰᠠᠢ᠌ᠲᠤᠷ ᠰᠢᠢ᠍ᠳᠪᠦᠷᠢᠯᠡᠨ᠎ᠡ ᠭᠡᠵᠦ ᠳᠤᠷᠠᠳᠪᠠ᠃

      ᠲᠦᠷᠦᠭᠦᠬᠡᠨ ᠬᠤᠷᠠᠯᠳᠤᠭᠰᠠᠨ ᠬᠢᠩᠭ᠋ᠠᠨ ᠠᠢ᠌ᠮᠠᠭ᠎ᠤᠨ ᠪᠦᠭᠦ ᠠᠢ᠌ᠮᠠᠭ᠎ᠤᠨ ᠺᠠᠳ᠋ᠷᠴᠤᠳ᠎ᠤᠨ ᠶᠡᠬᠡ ᠬᠤᠷᠠᠯ᠎ᠠᠴᠠ ᠬᠢᠩᠭ᠋ᠠᠨ ᠠᠢ᠌ᠮᠠᠭ ᠣᠷᠣᠨ ᠪᠦᠰᠡ ᠵᠢᠨ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠬᠦ ᠠᠵᠢᠯᠯᠠᠭ᠎ᠠ᠎ᠪᠠᠷ ᠵᠢᠯᠣᠭᠣᠳᠤᠮᠵᠢ ᠪᠤᠯᠭ᠋ᠠᠵᠤ᠂ ᠥᠭᠡᠷᠡᠴᠢᠯᠡᠯᠲᠡ ᠨᠡᠭᠡᠭᠡᠯᠲᠡ ᠵᠢᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠵᠤ᠂ ᠭᠣᠣᠯᠳᠠᠯᠭ᠎ᠠ᠎ᠲᠠᠢ ᠬᠦᠷᠢᠶᠡᠨ᠎ᠤ ᠥᠭᠡᠷᠡᠴᠢᠯᠡᠯᠲᠡ ᠵᠢᠨ ᠡᠭᠦᠷᠭᠡ ᠵᠢ ᠦᠷᠭᠦᠯᠵᠢᠯᠡᠨ ᠠᠬᠢᠭᠤᠯᠵᠤ᠂ ᠨᠠᠩ ᠣᠯᠠᠨ ᠰᠢᠪᠲᠤᠯᠤᠯᠲᠠ ᠵᠢᠨ ᠴᠢᠨᠠᠷᠲᠠᠢ᠂ ᠪᠡᠯᠭᠡ ᠲᠡᠮᠳᠡᠭ᠎ᠤᠨ ᠴᠢᠨᠠᠷᠲᠠᠢ᠂ ᠬᠢᠩᠭ᠋ᠠᠨ ᠠᠢ᠌ᠮᠠᠭ᠎ᠤᠨ ᠣᠨᠴᠠᠯᠢᠭ᠎ᠲᠠᠢ ᠦᠷ᠎ᠡ ᠪᠦᠲᠦᠭᠡᠯ᠎ᠢ ᠴᠢᠷᠮᠠᠢ᠌ᠨ ᠪᠤᠶ ᠪᠤᠯᠭ᠋ᠠᠬᠤ ᠬᠡᠷᠡᠭᠲᠡᠢ ᠭᠡᠵᠦ ᠳᠤᠷᠠᠳᠪᠠ᠃

      ᠦᠬᠠᠢ ᠬᠣᠲᠠ ᠵᠢᠨ᠎ᠬᠢᠨ ᠡᠬᠢ ᠪᠠᠶᠠᠯᠢᠭ᠎ᠤᠨ ᠭᠡᠯᠪᠡᠷᠢ ᠵᠢᠨ ᠬᠣᠲᠠ ᠵᠢᠨ ᠭᠡᠯᠪᠡᠷᠢ᠎ᠪᠠᠨ ᠬᠤᠪᠢᠷᠠᠭᠤᠯᠬᠤ ᠲᠠᠯ᠎ᠠ᠎ᠪᠠᠷ ᠰᠢᠪᠲᠤᠯᠤᠯᠲᠠ ᠭᠠᠷᠭ᠋ᠠᠵᠤ᠂ ᠵᠢᠱ᠌ᠢᠶ᠎ᠡ ᠦᠵᠡᠭᠦᠯᠭᠦ᠎ᠪᠠᠷ ᠬᠦᠴᠦᠯᠡᠨ ᠴᠢᠷᠮᠠᠢ᠌ᠵᠤ᠂ ᠭᠣᠣᠯᠳᠠᠭᠤ ᠠᠵᠤ ᠠᠬᠤᠢ ᠵᠢᠨ ᠨᠡᠮᠡᠭᠳᠡᠯ᠎ᠢ ᠲᠣᠭᠲᠠᠪᠤᠷᠢᠵᠢᠭᠤᠯᠬᠤ᠂ ᠠᠮᠢ ᠠᠬᠤᠢ ᠵᠢᠨ ᠣᠷᠴᠢᠨ ᠨᠥᠬᠥᠴᠡᠯ᠎ᠢ ᠵᠠᠰᠠᠬᠤ᠂ ᠠᠵᠤ ᠦᠢ᠍ᠯᠡᠰ᠎ᠤᠨ ᠭᠡᠯᠪᠡᠷᠢ ᠵᠢ ᠬᠤᠪᠢᠷᠠᠭᠤᠯᠤᠨ ᠲᠡᠰ ᠳᠡᠪᠰᠢᠭᠦᠯᠬᠦ ᠪᠠ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢᠨ ᠲᠦᠪᠰᠢᠨ᠎ᠢ ᠳᠡᠭᠡᠭᠰᠢᠯᠡᠭᠦᠯᠭᠦ ᠲᠠᠯ᠎ᠠ᠎ᠪᠠᠷ ᠰᠢᠨ᠎ᠡ ᠰᠢᠪᠲᠤᠯᠤᠯᠲᠠ᠎ᠲᠠᠢ ᠪᠤᠯᠬᠤ᠎ᠪᠠᠷ ᠴᠢᠷᠮᠠᠢ᠌ᠵᠤ᠂ ᠡᠨᠡ ᠵᠢᠯ᠎ᠤᠨ ᠲᠦᠷᠦᠭᠦᠦ ᠤᠯᠠᠷᠢᠯ᠎ᠤᠨ ᠰᠠᠢ᠌ᠨ ᠡᠭᠢᠯᠡᠯᠲᠡ ᠪᠠ ᠪᠦᠭᠦ ᠵᠢᠯ᠎ᠤᠨ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠡᠯ᠎ᠡ ᠵᠦᠢ᠍ᠯ᠎ᠤᠨ ᠵᠢᠱ᠌ᠢᠭᠰᠡᠨ ᠬᠠᠷᠠᠯᠲᠠ ᠵᠢ ᠪᠡᠶᠡᠯᠡᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠲᠣᠳᠣᠷᠬᠠᠢ᠌ᠯᠠᠪᠠ᠃


 

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ