ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ   -   ᠰᠢᠮᠳᠠᠭᠤᠯᠤᠨ ᠪᠠᠢ᠌ᠴᠠᠭ᠋ᠠᠵᠤ ᠪᠠᠢ᠌ᠭ᠋ᠠᠳ ᠴᠡᠭᠴᠡᠯᠡᠨ ᠰᠠᠢ᠌ᠵᠢᠷᠠᠭᠤᠯᠬᠤ
ᠲᠥᠪ᠎ᠤᠨ ᠠᠮᠢ ᠠᠬᠤᠢ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠬᠣᠶᠠᠳᠤᠭ᠋ᠠᠷ ᠬᠢᠨᠠᠨ ᠪᠠᠢ᠌ᠴᠠᠭ᠋ᠠᠬᠤ ᠳᠤᠭᠤᠢ᠌ᠯᠠᠩ᠎ᠠᠴᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠲᠤᠰᠢᠶᠠᠨ ᠰᠢᠢ᠍ᠳᠪᠦᠷᠢᠯᠡᠭᠦᠯᠦᠭᠰᠡᠨ ᠠᠷᠪᠠᠨ ᠵᠢᠷᠭᠤᠳᠤᠭ᠋ᠠᠷ ᠪᠦᠯᠦᠭ᠎ᠤᠨ 57 ᠬᠤᠪᠢ ᠵᠠᠬᠢᠳᠠᠯ ᠰᠤᠷᠪᠤᠯᠵᠢᠯᠠᠯ ᠵᠶ᠋ᠠᠷ ᠢᠯᠡᠴᠢᠯᠡᠨ ᠮᠡᠳᠡᠭᠦᠯᠦᠭᠰᠡᠨ ᠬᠡᠷᠡᠭ᠎ᠢ ᠰᠢᠢ᠍ᠳᠪᠦᠷᠢᠯᠡᠭᠰᠡᠨ ᠪᠠᠢ᠌ᠳᠠᠯ
ᠨᠡᠶ᠋ᠢᠲᠡᠯᠡᠭᠰᠡᠨ ᠴᠠᠭ᠄ 2025-06-23

      ᠲᠥᠪ᠎ᠤᠨ ᠠᠮᠢ ᠠᠬᠤᠢ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠬᠣᠶᠠᠳᠤᠭ᠋ᠠᠷ ᠬᠢᠨᠠᠨ ᠪᠠᠢ᠌ᠴᠠᠭ᠋ᠠᠬᠤ ᠳᠤᠭᠤᠢ᠌ᠯᠠᠩ (ᠳᠣᠷᠣᠭᠰᠢ 《ᠲᠥᠪ᠎ᠤᠨ ᠬᠢᠨᠠᠨ ᠪᠠᠢ᠌ᠴᠠᠭ᠋ᠠᠬᠤ ᠳᠤᠭᠤᠢ᠌ᠯᠠᠩ》 ᠭᠡᠵᠦ ᠳᠦᠭᠦᠮᠴᠢᠯᠡᠨ᠎ᠡ)᠎ᠤᠨ ᠠᠵᠢᠯ᠎ᠤᠨ ᠱᠠᠭ᠋ᠠᠷᠳᠠᠯᠭ᠎ᠠ ᠶᠣᠰᠣᠭ᠋ᠠᠷ᠂ 6 ᠰᠠᠷ᠎ᠠ ᠵᠢᠨ 22᠎ᠤᠨ ᠡᠳᠦᠷ᠂ ᠪᠦᠬᠦ ᠣᠷᠣᠨ ᠵᠶ᠋ᠠᠷ ᠵᠶ᠋ᠠᠨ ᠲᠥᠪ᠎ᠤᠨ ᠬᠢᠨᠠᠨ ᠪᠠᠢ᠌ᠴᠠᠭ᠋ᠠᠬᠤ ᠳᠤᠭᠤᠢ᠌ᠯᠠᠩ᠎ᠠᠴᠠ ᠲᠤᠰᠢᠶᠠᠨ ᠰᠢᠢ᠍ᠳᠪᠦᠷᠢᠯᠡᠭᠦᠯᠦᠭᠰᠡᠨ ᠠᠷᠪᠠᠨ ᠵᠢᠷᠭᠤᠳᠤᠭ᠋ᠠᠷ ᠪᠦᠯᠦᠭ᠎ᠤᠨ 57 ᠬᠤᠪᠢ ᠵᠠᠬᠢᠳᠠᠯ ᠰᠤᠷᠪᠤᠯᠵᠢᠯᠠᠯ ᠵᠶ᠋ᠠᠷ ᠢᠯᠡᠴᠢᠯᠡᠨ ᠮᠡᠳᠡᠭᠦᠯᠦᠭᠰᠡᠨ ᠬᠡᠷᠡᠭ᠎ᠢ ᠪᠠᠢ᠌ᠴᠠᠭ᠋ᠠᠨ ᠰᠢᠢ᠍ᠳᠪᠦᠷᠢᠯᠡᠪᠡ᠂ ᠡᠭᠦᠨ᠎ᠳᠤ 31 ᠬᠤᠪᠢ ᠵᠢ ᠨᠢᠭᠡᠨᠲᠡ ᠰᠢᠢ᠍ᠳᠪᠦᠷᠢᠯᠡᠨ ᠳᠠᠭᠤᠰᠬᠠᠵᠤ᠂ 20 ᠬᠤᠪᠢ ᠵᠢ ᠱᠠᠲᠤᠴᠢ ᠴᠢᠨᠠᠷᠲᠠᠢ᠎ᠪᠠᠷ ᠰᠢᠢ᠍ᠳᠪᠦᠷᠢᠯᠡᠨ ᠳᠠᠭᠤᠰᠬᠠᠵᠤ᠂ 6 ᠬᠤᠪᠢ ᠵᠢ ᠰᠢᠢ᠍ᠳᠪᠦᠷᠢᠯᠡᠵᠦ ᠳᠠᠭᠤᠰᠬᠠᠭ᠋ᠠᠳᠤᠢ᠂ 9 ᠨᠢᠭᠡᠴᠢ ᠵᠢ ᠵᠠᠷᠯᠢᠭᠳᠠᠨ ᠴᠡᠭᠴᠡᠯᠡᠨ ᠰᠠᠢ᠌ᠵᠢᠷᠠᠭᠤᠯᠵᠤ᠂ 14 ᠨᠢᠭᠡᠴᠢ ᠵᠢ ᠬᠡᠷᠡᠭ ᠪᠣᠯᠭ᠋ᠠᠨ ᠳᠠᠩᠰᠠᠯᠠᠵᠤ ᠲᠣᠷᠭ᠋ᠠᠨ ᠰᠢᠢ᠍ᠳᠬᠡᠵᠦ᠂ 2 ᠬᠦᠮᠦᠨ᠎ᠲᠠᠢ ᠪᠣᠯᠵᠣᠨ ᠶᠠᠷᠢᠯᠴᠠᠵᠤ᠂ 5 ᠬᠦᠮᠦᠨ᠎ᠳᠤ ᠬᠠᠷᠢᠭᠤᠴᠠᠯᠭ᠎ᠠ ᠲᠤᠯᠭ᠋ᠠᠪᠠ᠃

      6 ᠰᠠᠷ᠎ᠠ ᠵᠢᠨ 22᠎ᠤᠨ ᠡᠳᠦᠷ ᠪᠣᠯᠲᠠᠯ᠎ᠠ᠂ ᠪᠦᠬᠦ ᠣᠷᠣᠨ ᠵᠶ᠋ᠠᠷ ᠵᠶ᠋ᠠᠨ ᠨᠢᠭᠡᠨᠲᠡ 1 — 16 ᠳ᠋ᠤᠭ᠋ᠠᠷ ᠪᠦᠯᠦᠭ᠎ᠤᠨ 675 ᠬᠤᠪᠢ ᠵᠠᠬᠢᠳᠠᠯ ᠰᠤᠷᠪᠤᠯᠵᠢᠯᠠᠯ ᠵᠶ᠋ᠠᠷ ᠢᠯᠡᠴᠢᠯᠡᠨ ᠮᠡᠳᠡᠭᠦᠯᠦᠭᠰᠡᠨ ᠬᠡᠷᠡᠭ᠎ᠢ ᠪᠠᠢ᠌ᠴᠠᠭ᠋ᠠᠨ ᠰᠢᠢ᠍ᠳᠪᠦᠷᠢᠯᠡᠪᠡ᠂ ᠡᠭᠦᠨ᠎ᠳᠤ 278 ᠬᠤᠪᠢ ᠵᠢ ᠨᠢᠭᠡᠨᠲᠡ ᠰᠢᠢ᠍ᠳᠪᠦᠷᠢᠯᠡᠨ ᠳᠠᠭᠤᠰᠬᠠᠵᠤ᠂ 341 ᠬᠤᠪᠢ ᠵᠢ ᠱᠠᠲᠤᠴᠢ ᠴᠢᠨᠠᠷᠲᠠᠢ᠎ᠪᠠᠷ ᠰᠢᠢ᠍ᠳᠪᠦᠷᠢᠯᠡᠨ ᠳᠠᠭᠤᠰᠬᠠᠵᠤ᠂ 56 ᠬᠤᠪᠢ ᠵᠢ ᠰᠢᠢ᠍ᠳᠪᠦᠷᠢᠯᠡᠵᠦ ᠳᠠᠭᠤᠰᠬᠠᠭ᠋ᠠᠳᠤᠢ᠂ 139 ᠨᠢᠭᠡᠴᠢ ᠵᠢ ᠵᠠᠷᠯᠢᠭᠳᠠᠨ ᠴᠡᠭᠴᠡᠯᠡᠨ ᠰᠠᠢ᠌ᠵᠢᠷᠠᠭᠤᠯᠵᠤ᠂ 82 ᠨᠢᠭᠡᠴᠢ ᠵᠢ ᠬᠡᠷᠡᠭ ᠪᠣᠯᠭ᠋ᠠᠨ ᠳᠠᠩᠰᠠᠯᠠᠵᠤ ᠲᠣᠷᠭ᠋ᠠᠨ ᠰᠢᠢ᠍ᠳᠭᠡᠵᠦ᠂ ᠵᠣᠭᠣᠰ ᠵᠶ᠋ᠠᠷ ᠲᠣᠷᠭ᠋ᠠᠭᠰᠠᠨ ᠬᠡᠮᠵᠢᠶ᠎ᠡ 268335.01 ᠲᠦᠭᠦᠷᠢᠭ᠎ᠲᠤ ᠬᠦᠷᠴᠦ᠂ 19 ᠬᠤᠪᠢ ᠵᠢ ᠬᠡᠷᠡᠭ ᠪᠣᠯᠭ᠋ᠠᠨ ᠳᠠᠩᠰᠠᠯᠠᠵᠤ ᠲᠠᠩᠨᠠᠨ ᠪᠠᠢ᠌ᠴᠠᠭ᠋ᠠᠵᠤ᠂ 3 ᠬᠦᠮᠦᠨ᠎ᠢ ᠡᠷᠡᠭᠦᠦ ᠵᠢᠨ ᠬᠡᠷᠡᠭ ᠵᠶ᠋ᠡᠷ ᠲᠦᠷ ᠬᠣᠷᠢᠵᠤ᠂ 10 ᠬᠦᠮᠦᠨ᠎ᠲᠠᠢ ᠪᠣᠯᠵᠣᠨ ᠶᠠᠷᠢᠯᠴᠠᠵᠤ᠂ 18 ᠬᠦᠮᠦᠨ᠎ᠳᠤ ᠬᠠᠷᠢᠭᠤᠴᠠᠯᠭ᠎ᠠ ᠲᠣᠯᠭ᠋ᠠᠪᠠ᠃

      ᠬᠣᠯᠪᠣᠭᠳᠠᠯ ᠪᠦᠬᠦᠢ ᠵᠠᠬᠢᠳᠠᠯ ᠰᠤᠷᠪᠤᠯᠵᠢᠯᠠᠯ ᠵᠶ᠋ᠠᠷ ᠢᠯᠡᠴᠢᠯᠡᠨ ᠮᠡᠳᠡᠭᠦᠯᠦᠭᠰᠡᠨ ᠬᠡᠷᠡᠭ᠎ᠢ ᠲᠥᠪ᠎ᠤᠨ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠬᠢᠨᠠᠨ ᠪᠠᠢ᠌ᠴᠠᠭ᠋ᠠᠬᠤ ᠵᠢᠨ ᠳᠠᠭ᠋ᠠᠤ ᠴᠡᠭᠴᠡᠯᠡᠨ ᠰᠠᠢ᠌ᠵᠢᠷᠠᠭᠤᠯᠬᠤ ᠠᠵᠢᠯ᠎ᠤᠨ ᠱᠠᠭ᠋ᠠᠷᠳᠠᠯᠭ᠎ᠠ ᠶᠣᠰᠣᠭ᠋ᠠᠷ ᠪᠠᠢ᠌ᠴᠠᠭ᠋ᠠᠨ ᠰᠢᠢ᠍ᠳᠪᠦᠷᠢᠯᠡᠵᠦ ᠴᠡᠭᠴᠡᠯᠡᠨ ᠰᠠᠢ᠌ᠵᠢᠷᠠᠭᠤᠯᠬᠤ ᠠᠵᠢᠯ᠎ᠢ ᠦᠷᠭᠦᠯᠵᠢᠯᠡᠨ ᠠᠬᠢᠭᠤᠯᠬᠤ ᠪᠣᠯᠣᠨ᠎ᠠ᠃

      《ᠲᠥᠪ᠎ᠤᠨ ᠠᠮᠢ ᠠᠬᠤᠢ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠬᠢᠨᠠᠨ ᠪᠠᠢ᠌ᠴᠠᠭ᠋ᠠᠯᠲᠠ ᠵᠢᠨ ᠣᠯᠠᠨ ᠲᠦᠮᠡᠨ᠎ᠤ ᠵᠠᠬᠢᠳᠠᠯ ᠰᠤᠷᠪᠤᠯᠵᠢᠯᠠᠯ᠎ᠤᠨ ᠢᠯᠡᠴᠢᠯᠡᠨ ᠮᠡᠳᠡᠭᠦᠯᠦᠯᠲᠡ ᠵᠢ ᠰᠢᠯᠵᠢᠭᠦᠯᠦᠨ ᠰᠢᠢ᠍ᠳᠪᠦᠷᠢᠯᠡᠭᠦᠯᠬᠦ ᠪᠠ ᠬᠢᠨᠠᠨ ᠪᠠᠢ᠌ᠴᠠᠭ᠋ᠠᠬᠤ ᠵᠢᠨ ᠳᠠᠭ᠋ᠠᠤ ᠴᠡᠭᠴᠡᠯᠡᠨ ᠰᠠᠢ᠌ᠵᠢᠷᠠᠭᠤᠯᠬᠤ ᠵᠢ ᠢᠯᠡ ᠪᠣᠯᠭ᠋ᠠᠭᠰᠠᠨ ᠪᠠᠢ᠌ᠳᠠᠯ᠎ᠤᠨ ᠨᠠᠷᠢᠨ ᠠᠭᠤᠯᠭ᠎ᠠ ᠵᠢᠨ ᠬᠦᠰᠦᠨᠦᠭᠲᠦ (16 ᠳ᠋ᠤᠭ᠋ᠠᠷ ᠪᠦᠯᠦᠭ)》 (ᠨᠠᠷᠢᠨ ᠪᠠᠢ᠌ᠳᠠᠯ᠎ᠢ ᠬᠣᠶᠠᠷ ᠬᠡᠮᠵᠢᠯᠲᠦ ᠺᠣᠳ᠋᠎ᠢ ᠰᠢᠷᠪᠢᠵᠦ ᠦᠵᠡᠭᠡᠷᠡᠢ)


中央第二生态环境保护督察组交办内蒙古自治区第十六批57件群众信访举报件办理情况.jpg

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ