6 ᠰᠠᠷ᠎ᠠ ᠵᠢᠨ 22᠎ᠤᠨ ᠡᠳᠦᠷ᠂ ᠲᠥᠪ᠎ᠤᠨ ᠠᠮᠢ ᠠᠬᠤᠢ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠬᠣᠶᠠᠳᠤᠭ᠋ᠠᠷ ᠬᠢᠨᠠᠨ ᠪᠠᠢ᠌ᠴᠠᠭ᠋ᠠᠬᠤ ᠳᠤᠭᠤᠢ᠌ᠯᠠᠩ᠎ᠠᠴᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠬᠣᠷᠢᠨ ᠲᠠᠪᠤᠳᠤᠭ᠋ᠠᠷ ᠪᠦᠯᠦᠭ᠎ᠤᠨ ᠵᠠᠬᠢᠳᠠᠯ ᠰᠤᠷᠪᠤᠯᠵᠢᠯᠠᠯ ᠵᠶ᠋ᠠᠷ ᠢᠯᠡᠴᠢᠯᠡᠨ ᠮᠡᠳᠡᠭᠦᠯᠦᠭᠰᠡᠨ 56 ᠬᠤᠪᠢ ᠬᠡᠷᠡᠭ (ᠭᠣᠣᠯᠳᠠᠯᠭ᠎ᠠ᠎ᠲᠠᠢ ᠠᠩᠬᠠᠷᠬᠤ 6 ᠬᠤᠪᠢ)᠎ᠢ ᠰᠢᠢ᠍ᠳᠪᠦᠷᠢᠯᠡᠭᠦᠯᠬᠦ᠎ᠪᠠᠷ ᠲᠤᠰᠢᠶᠠᠵᠠᠢ᠂ ᠡᠭᠦᠨ᠎ᠳᠤ ᠤᠲᠠᠰᠤ᠎ᠪᠠᠷ ᠢᠯᠡᠴᠢᠯᠡᠨ ᠮᠡᠳᠡᠭᠦᠯᠦᠭᠰᠡᠨ ᠬᠡᠷᠡᠭ 27 ᠬᠤᠪᠢ᠂ ᠵᠠᠬᠢᠳᠠᠯ ᠵᠶ᠋ᠠᠷ ᠢᠯᠡᠴᠢᠯᠡᠨ ᠮᠡᠳᠡᠭᠦᠯᠦᠭᠰᠡᠨ ᠬᠡᠷᠡᠭ 29 ᠬᠤᠪᠢ ᠪᠣᠢ᠃ ᠲᠤᠰ ᠪᠦᠯᠦᠭ᠎ᠤᠨ ᠵᠠᠬᠢᠳᠠᠯ ᠰᠤᠷᠪᠤᠯᠵᠢᠯᠠᠯ ᠵᠶ᠋ᠠᠷ ᠢᠯᠡᠴᠢᠯᠡᠨ ᠮᠡᠳᠡᠭᠦᠯᠦᠭᠰᠡᠨ ᠬᠡᠷᠡᠭ᠎ᠲᠤ ᠬᠥᠬᠡᠬᠣᠲᠠ᠎ᠳᠤ ᠬᠣᠯᠪᠣᠭᠳᠠᠬᠤ 7 ᠬᠤᠪᠢ᠂ ᠪᠤᠭᠤᠲᠤ ᠬᠣᠲᠠ᠎ᠳᠤ ᠬᠣᠯᠪᠣᠭᠳᠠᠬᠤ 3 ᠬᠤᠪᠢ᠂ ᠬᠥᠯᠥᠨ ᠪᠤᠢ᠌ᠷ ᠬᠣᠲᠠ᠎ᠳᠤ ᠬᠣᠯᠪᠣᠭᠳᠠᠬᠤ 6 ᠬᠤᠪᠢ᠂ ᠬᠢᠩᠭ᠋ᠠᠨ ᠠᠢ᠌ᠮᠠᠭ᠎ᠲᠤ ᠬᠣᠯᠪᠣᠭᠳᠠᠬᠤ 3 ᠬᠤᠪᠢ᠂ ᠲᠦᠩᠯᠢᠶᠤᠤ ᠬᠣᠲᠠ᠎ᠳᠤ ᠬᠣᠯᠪᠣᠭᠳᠠᠬᠤ 8 ᠬᠤᠪᠢ᠂ ᠤᠯᠠᠭ᠋ᠠᠨᠬᠠᠳᠠ ᠬᠣᠲᠠ᠎ᠳᠤ ᠬᠣᠯᠪᠣᠭᠳᠠᠬᠤ 7 ᠬᠤᠪᠢ᠂ ᠰᠢᠯᠢ ᠵᠢᠨ ᠭᠣᠣᠯ ᠠᠢ᠌ᠮᠠᠭ᠎ᠲᠤ ᠬᠣᠯᠪᠣᠭᠳᠠᠬᠤ 4 ᠬᠤᠪᠢ᠂ ᠤᠯᠠᠭ᠋ᠠᠨᠴᠠᠪ ᠬᠣᠲᠠ᠎ᠳᠤ ᠬᠣᠯᠪᠣᠭᠳᠠᠬᠤ 4 ᠬᠤᠪᠢ᠂ ᠣᠷᠳᠣᠰ ᠬᠣᠲᠠ᠎ᠳᠤ ᠬᠣᠯᠪᠣᠭᠳᠠᠬᠤ 9 ᠬᠤᠪᠢ᠂ ᠪᠠᠶᠠᠨᠨᠠᠭᠤᠷ ᠬᠣᠲᠠ᠎ᠳᠤ ᠬᠣᠯᠪᠣᠭᠳᠠᠬᠤ 4 ᠬᠤᠪᠢ᠂ ᠠᠯᠠᠱ᠌ᠠ ᠠᠢ᠌ᠮᠠᠭ᠎ᠲᠤ ᠬᠣᠯᠪᠣᠭᠳᠠᠬᠤ 1 ᠬᠤᠪᠢ ᠪᠣᠢ᠃ ᠲᠤᠰ ᠪᠦᠯᠦᠭ ᠵᠠᠬᠢᠳᠠᠯ ᠰᠤᠷᠪᠤᠯᠵᠢᠯᠠᠯ ᠵᠶ᠋ᠠᠷ ᠢᠯᠡᠴᠢᠯᠡᠨ ᠮᠡᠳᠡᠭᠦᠯᠦᠭᠰᠡᠨ ᠬᠡᠷᠡᠭ᠎ᠲᠤ ᠤᠰᠤᠨ᠎ᠤ ᠪᠣᠬᠢᠷᠳᠣᠯ᠎ᠤᠨ ᠬᠡᠷᠡᠭ 7 ᠬᠤᠪᠢ᠂ ᠠᠭ᠋ᠠᠷ ᠮᠠᠨᠳᠠᠯ᠎ᠤᠨ ᠪᠣᠬᠢᠷᠳᠣᠯ᠎ᠤᠨ ᠬᠡᠷᠡᠭ 11 ᠬᠤᠪᠢ᠂ ᠬᠦᠷᠦᠰᠦ ᠰᠢᠷᠣᠢ ᠵᠢᠨ ᠪᠣᠬᠢᠷᠳᠣᠯ᠎ᠤᠨ ᠬᠡᠷᠡᠭ 6 ᠬᠤᠪᠢ᠂ ᠠᠮᠢ ᠠᠬᠤᠢ ᠵᠢ ᠡᠪᠳᠡᠭᠰᠡᠨ ᠬᠡᠷᠡᠭ 27 ᠬᠤᠪᠢ᠂ ᠱᠤᠤᠭᠢᠶᠠᠨ᠎ᠤ ᠪᠣᠬᠢᠷᠳᠣᠯ᠎ᠤᠨ ᠬᠡᠷᠡᠭ 4 ᠬᠤᠪᠢ᠂ ᠪᠣᠰᠤᠳ ᠠᠰᠠᠭᠤᠳᠠᠯ᠎ᠤᠨ ᠬᠡᠷᠡᠭ 1 ᠬᠤᠪᠢ ᠪᠣᠢ᠃ ᠲᠤᠬᠠᠢ ᠵᠢᠨ ᠡᠳᠦᠷ ᠳᠡᠭᠡᠷᠡᠬᠢ ᠵᠠᠬᠢᠳᠠᠯ ᠰᠤᠷᠪᠤᠯᠵᠢᠯᠠᠯ ᠵᠶ᠋ᠠᠷ ᠢᠯᠡᠴᠢᠯᠡᠨ ᠮᠡᠳᠡᠭᠦᠯᠦᠭᠰᠡᠨ ᠬᠡᠷᠡᠭ᠎ᠢ ᠴᠥᠮ ᠬᠣᠯᠪᠣᠭᠳᠠᠯ ᠪᠦᠬᠦᠢ ᠠᠢ᠌ᠮᠠᠭ ᠬᠣᠲᠠ᠎ᠳᠤ ᠰᠢᠯᠵᠢᠭᠦᠯᠦᠨ ᠰᠢᠢ᠍ᠳᠪᠦᠷᠢᠯᠡᠭᠦᠯᠵᠦ ᠪᠠᠢ᠌ᠨ᠎ᠠ᠃
6 ᠰᠠᠷ᠎ᠠ ᠵᠢᠨ 22᠎ᠤᠨ ᠡᠳᠦᠷ ᠪᠣᠯᠲᠠᠯ᠎ᠠ᠂ ᠲᠥᠪ᠎ᠤᠨ ᠠᠮᠢ ᠠᠬᠤᠢ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠬᠣᠶᠠᠳᠤᠭ᠋ᠠᠷ ᠬᠢᠨᠠᠨ ᠪᠠᠢ᠌ᠴᠠᠭ᠋ᠠᠬᠤ ᠳᠤᠭᠤᠢ᠌ᠯᠠᠩ᠎ᠠᠴᠠ ᠮᠠᠨ᠎ᠤ ᠣᠷᠣᠨ᠎ᠳᠤ ᠵᠠᠬᠢᠳᠠᠯ ᠰᠤᠷᠪᠤᠯᠵᠢᠯᠠᠯ ᠵᠶ᠋ᠠᠷ ᠢᠯᠡᠴᠢᠯᠡᠨ ᠮᠡᠳᠡᠭᠦᠯᠦᠭᠰᠡᠨ ᠬᠡᠷᠡᠭ᠎ᠢ ᠨᠡᠢ᠌ᠲᠡ ᠬᠣᠷᠢᠨ ᠲᠠᠪᠤᠨ ᠪᠦᠯᠦᠭ᠂ 1219 ᠬᠤᠪᠢ ᠬᠡᠷᠡᠭ (ᠭᠣᠣᠯᠳᠠᠯᠭ᠎ᠠ᠎ᠲᠠᠢ ᠠᠩᠬᠠᠷᠬᠤ 142 ᠬᠤᠪᠢ)᠎ᠢ ᠰᠢᠢ᠍ᠳᠪᠦᠷᠢᠯᠡᠭᠦᠯᠬᠦ᠎ᠪᠠᠷ ᠲᠤᠰᠢᠶᠠᠪᠠ᠂ ᠡᠭᠦᠨ᠎ᠳᠤ ᠤᠲᠠᠰᠤ᠎ᠪᠠᠷ ᠢᠯᠡᠴᠢᠯᠡᠨ ᠮᠡᠳᠡᠭᠦᠯᠦᠭᠰᠡᠨ ᠬᠡᠷᠡᠭ 696 ᠬᠤᠪᠢ᠂ ᠵᠠᠬᠢᠳᠠᠯ ᠵᠶ᠋ᠠᠷ ᠢᠯᠡᠴᠢᠯᠡᠨ ᠮᠡᠳᠡᠭᠦᠯᠦᠭᠰᠡᠨ ᠬᠡᠷᠡᠭ 523 ᠬᠤᠪᠢ ᠪᠣᠢ᠃ 1219 ᠬᠤᠪᠢ ᠵᠠᠬᠢᠳᠠᠯ ᠰᠤᠷᠪᠤᠯᠵᠢᠯᠠᠯ ᠵᠶ᠋ᠠᠷ ᠢᠯᠡᠴᠢᠯᠡᠨ ᠮᠡᠳᠡᠭᠦᠯᠦᠭᠰᠡᠨ ᠬᠡᠷᠡᠭ᠎ᠲᠤ ᠬᠥᠬᠡᠬᠣᠲᠠ᠎ᠳᠤ ᠬᠣᠯᠪᠣᠭᠳᠠᠬᠤ 199 ᠬᠤᠪᠢ᠂ ᠪᠤᠭᠤᠲᠤ ᠬᠣᠲᠠ᠎ᠳᠤ ᠬᠣᠯᠪᠣᠭᠳᠠᠬᠤ 94 ᠬᠤᠪᠢ᠂ ᠬᠥᠯᠥᠨ ᠪᠤᠢ᠌ᠷ ᠬᠣᠲᠠ᠎ᠳᠤ ᠬᠣᠯᠪᠣᠭᠳᠠᠬᠤ 112 ᠬᠤᠪᠢ᠂ ᠬᠢᠩᠭ᠋ᠠᠨ ᠠᠢ᠌ᠮᠠᠭ᠎ᠲᠤ ᠬᠣᠯᠪᠣᠭᠳᠠᠬᠤ 83 ᠬᠤᠪᠢ᠂ ᠲᠥᠩᠯᠢᠶᠤᠤ ᠬᠣᠲᠠ᠎ᠳᠤ ᠬᠣᠯᠪᠣᠭᠳᠠᠬᠤ 168 ᠬᠤᠪᠢ᠂ ᠤᠯᠠᠭ᠋ᠠᠨᠬᠠᠳᠠ ᠬᠣᠲᠠ᠎ᠳᠤ ᠬᠣᠯᠪᠣᠭᠳᠠᠬᠤ 145 ᠬᠤᠪᠢ᠂ ᠰᠢᠯᠢ ᠵᠢᠨ ᠭᠣᠣᠯ ᠠᠢ᠌ᠮᠠᠭ᠎ᠲᠤ ᠬᠣᠯᠪᠣᠭᠳᠠᠬᠤ 36 ᠬᠤᠪᠢ᠂ ᠤᠯᠠᠭ᠋ᠠᠨᠴᠠᠪ ᠬᠣᠲᠠ᠎ᠳᠤ ᠬᠣᠯᠪᠣᠭᠳᠠᠬᠤ 75 ᠬᠤᠪᠢ᠂ ᠣᠷᠳᠣᠰ ᠬᠣᠲᠠ᠎ᠳᠤ ᠬᠣᠯᠪᠣᠭᠳᠠᠬᠤ 195 ᠬᠤᠪᠢ᠂ ᠪᠠᠶᠠᠨᠨᠠᠭᠤᠷ ᠬᠣᠲᠠ᠎ᠳᠤ ᠬᠣᠯᠪᠣᠭᠳᠠᠬᠤ 69 ᠬᠤᠪᠢ᠂ ᠦᠬᠠᠢ ᠬᠣᠲᠠ᠎ᠳᠤ ᠬᠣᠯᠪᠣᠭᠳᠠᠬᠤ 31 ᠬᠤᠪᠢ᠂ ᠠᠯᠠᠱ᠌ᠠ ᠠᠢ᠌ᠮᠠᠭ᠎ᠲᠤ ᠬᠣᠯᠪᠣᠭᠳᠠᠬᠤ 12 ᠬᠤᠪᠢ ᠪᠣᠢ᠃