6 ᠰᠠᠷ᠎ᠠ ᠵᠢᠨ 23᠎ᠤ ᠡᠳᠦᠷ᠂ ᠲᠥᠪ᠎ᠤᠨ ᠠᠮᠢ ᠠᠬᠤᠢ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠬᠣᠶᠠᠳᠤᠭ᠋ᠠᠷ ᠬᠢᠨᠠᠨ ᠪᠠᠢ᠌ᠴᠠᠭ᠋ᠠᠬᠤ ᠳᠤᠭᠤᠢ᠌ᠯᠠᠩ᠎ᠠᠴᠠ ᠥᠪᠥᠷ ᠮᠣᠩᠭᠣᠯ᠎ᠤᠨ ᠥᠪᠡᠷ᠎ᠲᠡᠬᠡᠨ ᠵᠠᠰᠠᠬᠤ ᠣᠷᠣᠨ᠎ᠳᠤ ᠬᠣᠷᠢᠨ ᠵᠢᠷᠭᠤᠳᠤᠭ᠋ᠠᠷ ᠪᠦᠯᠦᠭ᠎ᠤᠨ ᠵᠠᠬᠢᠳᠠᠯ ᠰᠤᠷᠪᠤᠯᠵᠢᠯᠠᠯ ᠵᠶ᠋ᠠᠷ ᠢᠯᠡᠴᠢᠯᠡᠨ ᠮᠡᠳᠡᠭᠦᠯᠦᠭᠰᠡᠨ 54 ᠬᠤᠪᠢ ᠬᠡᠷᠡᠭ (ᠭᠣᠣᠯᠳᠠᠯᠭ᠎ᠠ᠎ᠲᠠᠢ ᠠᠩᠬᠠᠷᠬᠤ 6 ᠬᠤᠪᠢ)᠎ᠢ ᠰᠢᠢ᠍ᠳᠪᠦᠷᠢᠯᠡᠭᠦᠯᠬᠦ᠎ᠪᠠᠷ ᠲᠤᠰᠢᠶᠠᠵᠠᠢ᠂ ᠡᠭᠦᠨ᠎ᠳᠤ ᠤᠲᠠᠰᠤ᠎ᠪᠠᠷ ᠢᠯᠡᠴᠢᠯᠡᠨ ᠮᠡᠳᠡᠭᠦᠯᠦᠭᠰᠡᠨ ᠬᠡᠷᠡᠭ 35 ᠬᠤᠪᠢ᠂ ᠵᠠᠬᠢᠳᠠᠯ ᠵᠶ᠋ᠠᠷ ᠢᠯᠡᠴᠢᠯᠡᠨ ᠮᠡᠳᠡᠭᠦᠯᠦᠭᠰᠡᠨ ᠬᠡᠷᠡᠭ 19 ᠬᠤᠪᠢ ᠪᠣᠢ᠃ ᠲᠤᠰ ᠪᠦᠯᠦᠭ᠎ᠤᠨ ᠵᠠᠬᠢᠳᠠᠯ ᠰᠤᠷᠪᠤᠯᠵᠢᠯᠠᠯ ᠵᠶ᠋ᠠᠷ ᠢᠯᠡᠴᠢᠯᠡᠨ ᠮᠡᠳᠡᠭᠦᠯᠦᠭᠰᠡᠨ ᠬᠡᠷᠡᠭ᠎ᠲᠤ ᠬᠥᠬᠡᠬᠣᠲᠠ᠎ᠳᠤ ᠬᠣᠯᠪᠣᠭᠳᠠᠬᠤ 8 ᠬᠤᠪᠢ᠂ ᠪᠤᠭᠤᠲᠤ ᠬᠣᠲᠠ᠎ᠳᠤ ᠬᠣᠯᠪᠣᠭᠳᠠᠬᠤ 1 ᠬᠤᠪᠢ᠂ ᠬᠥᠯᠥᠨ ᠪᠤᠢ᠌ᠷ ᠬᠣᠲᠠ᠎ᠳᠤ ᠬᠣᠯᠪᠣᠭᠳᠠᠬᠤ 5 ᠬᠤᠪᠢ᠂ ᠬᠢᠩᠭ᠋ᠠᠨ ᠠᠢ᠌ᠮᠠᠭ᠎ᠲᠤ ᠬᠣᠯᠪᠣᠭᠳᠠᠬᠤ 5 ᠬᠤᠪᠢ᠂ ᠲᠥᠩᠯᠢᠶᠤᠤ ᠬᠣᠲᠠ᠎ᠳᠤ ᠬᠣᠯᠪᠣᠭᠳᠠᠬᠤ 15 ᠬᠤᠪᠢ᠂ ᠤᠯᠠᠭ᠋ᠠᠨᠬᠠᠳᠠ ᠬᠣᠲᠠ᠎ᠳᠤ ᠬᠣᠯᠪᠣᠭᠳᠠᠬᠤ 7 ᠬᠤᠪᠢ᠂ ᠰᠢᠯᠢ ᠵᠢᠨ ᠭᠣᠣᠯ ᠠᠢ᠌ᠮᠠᠭ᠎ᠲᠤ ᠬᠣᠯᠪᠣᠭᠳᠠᠬᠤ 2 ᠬᠤᠪᠢ᠂ ᠤᠯᠠᠭ᠋ᠠᠨᠴᠠᠪ ᠬᠣᠲᠠ᠎ᠳᠤ ᠬᠣᠯᠪᠣᠭᠳᠠᠬᠤ 1 ᠬᠤᠪᠢ᠂ ᠣᠷᠳᠣᠰ ᠬᠣᠲᠠ᠎ᠳᠤ ᠬᠣᠯᠪᠣᠭᠳᠠᠬᠤ 5 ᠬᠤᠪᠢ᠂ ᠪᠠᠶᠠᠨᠨᠠᠭᠤᠷ ᠬᠣᠲᠠ᠎ᠳᠤ ᠬᠣᠯᠪᠣᠭᠳᠠᠬᠤ 3 ᠬᠤᠪᠢ᠂ ᠦᠬᠠᠢ ᠬᠣᠲᠠ᠎ᠳᠤ ᠬᠣᠯᠪᠣᠭᠳᠠᠬᠤ 1 ᠬᠤᠪᠢ᠂ ᠠᠯᠠᠱ᠌ᠠ ᠠᠢ᠌ᠮᠠᠭ᠎ᠲᠤ ᠬᠣᠯᠪᠣᠭᠳᠠᠬᠤ 1 ᠬᠤᠪᠢ ᠪᠣᠢ᠃ ᠲᠤᠰ ᠪᠦᠯᠦᠭ ᠵᠠᠬᠢᠳᠠᠯ ᠰᠤᠷᠪᠤᠯᠵᠢᠯᠠᠯ ᠵᠶ᠋ᠠᠷ ᠢᠯᠡᠴᠢᠯᠡᠨ ᠮᠡᠳᠡᠭᠦᠯᠦᠭᠰᠡᠨ ᠬᠡᠷᠡᠭ᠎ᠲᠤ ᠤᠰᠤᠨ᠎ᠤ ᠪᠣᠬᠢᠷᠳᠣᠯ᠎ᠤᠨ ᠬᠡᠷᠡᠭ 6 ᠬᠤᠪᠢ᠂ ᠠᠭ᠋ᠠᠷ ᠮᠠᠨᠳᠠᠯ᠎ᠤᠨ ᠪᠣᠬᠢᠷᠳᠣᠯ᠎ᠤᠨ ᠬᠡᠷᠡᠭ 6 ᠬᠤᠪᠢ᠂ ᠬᠥᠷᠥᠰᠥ ᠰᠢᠷᠣᠢ ᠵᠢᠨ ᠪᠣᠬᠢᠷᠳᠣᠯ᠎ᠤᠨ ᠬᠡᠷᠡᠭ 9 ᠬᠤᠪᠢ᠂ ᠠᠮᠢ ᠠᠬᠤᠢ ᠵᠢ ᠡᠪᠳᠡᠭᠰᠡᠨ ᠬᠡᠷᠡᠭ 30 ᠬᠤᠪᠢ᠂ ᠱᠤᠤᠭᠢᠶᠠᠨ᠎ᠤ ᠪᠣᠬᠢᠷᠳᠣᠯ᠎ᠤᠨ ᠬᠡᠷᠡᠭ 2 ᠬᠤᠪᠢ᠂ ᠪᠣᠰᠤᠳ ᠠᠰᠠᠭᠤᠳᠠᠯ᠎ᠤᠨ ᠬᠡᠷᠡᠭ 1 ᠬᠤᠪᠢ ᠪᠣᠢ᠃ ᠲᠤᠬᠠᠢ ᠵᠢᠨ ᠡᠳᠦᠷ ᠳᠡᠭᠡᠷᠡᠬᠢ ᠵᠠᠬᠢᠳᠠᠯ ᠰᠤᠷᠪᠤᠯᠵᠢᠯᠠᠯ ᠵᠶ᠋ᠠᠷ ᠢᠯᠡᠴᠢᠯᠡᠨ ᠮᠡᠳᠡᠭᠦᠯᠦᠭᠰᠡᠨ ᠬᠡᠷᠡᠭ᠎ᠢ ᠴᠥᠮ ᠬᠣᠯᠪᠣᠭᠳᠠᠯ ᠪᠦᠬᠦᠢ ᠠᠢ᠌ᠮᠠᠭ ᠬᠣᠲᠠ᠎ᠳᠤ ᠰᠢᠯᠵᠢᠭᠦᠯᠦᠨ ᠪᠠᠢ᠌ᠴᠠᠭ᠋ᠠᠨ ᠰᠢᠢ᠍ᠳᠪᠦᠷᠢᠯᠡᠭᠦᠯᠵᠦ ᠪᠠᠢ᠌ᠨ᠎ᠠ᠃
6 ᠰᠠᠷ᠎ᠠ ᠵᠢᠨ 23᠎ᠤ ᠡᠳᠦᠷ ᠪᠣᠯᠲᠠᠯ᠎ᠠ᠂ ᠲᠥᠪ᠎ᠤᠨ ᠠᠮᠢ ᠠᠬᠤᠢ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠬᠣᠶᠠᠳᠤᠭ᠋ᠠᠷ ᠬᠢᠨᠠᠨ ᠪᠠᠢ᠌ᠴᠠᠭ᠋ᠠᠬᠤ ᠳᠤᠭᠤᠢ᠌ᠯᠠᠩ᠎ᠠᠴᠠ ᠮᠠᠨ᠎ᠤ ᠣᠷᠣᠨ᠎ᠳᠤ ᠵᠠᠬᠢᠳᠠᠯ ᠰᠤᠷᠪᠤᠯᠵᠢᠯᠠᠯ ᠵᠶ᠋ᠠᠷ ᠢᠯᠡᠴᠢᠯᠡᠨ ᠮᠡᠳᠡᠭᠦᠯᠦᠭᠰᠡᠨ ᠬᠡᠷᠡᠭ᠎ᠢ ᠨᠡᠢ᠌ᠲᠡ ᠬᠣᠷᠢᠨ ᠵᠢᠷᠭᠤᠭ᠋ᠠᠨ ᠪᠦᠯᠦᠭ᠂ 1273 ᠬᠤᠪᠢ ᠬᠡᠷᠡᠭ (ᠭᠣᠣᠯᠳᠠᠯᠭ᠎ᠠ᠎ᠲᠠᠢ ᠠᠩᠬᠠᠷᠬᠤ 148 ᠬᠤᠪᠢ)᠎ᠢ ᠰᠢᠢ᠍ᠳᠪᠦᠷᠢᠯᠡᠭᠦᠯᠬᠦ᠎ᠪᠠᠷ ᠲᠤᠰᠢᠶᠠᠪᠠ᠂ ᠡᠭᠦᠨ᠎ᠳᠤ ᠤᠲᠠᠰᠤ᠎ᠪᠠᠷ ᠢᠯᠡᠴᠢᠯᠡᠨ ᠮᠡᠳᠡᠭᠦᠯᠦᠭᠰᠡᠨ ᠬᠡᠷᠡᠭ 731 ᠬᠤᠪᠢ᠂ ᠵᠠᠬᠢᠳᠠᠯ ᠵᠶ᠋ᠠᠷ ᠢᠯᠡᠴᠢᠯᠡᠨ ᠮᠡᠳᠡᠭᠦᠯᠦᠭᠰᠡᠨ ᠬᠡᠷᠡᠭ 542 ᠬᠤᠪᠢ ᠪᠣᠢ᠃ 1273 ᠬᠤᠪᠢ ᠵᠠᠬᠢᠳᠠᠯ ᠰᠤᠷᠪᠤᠯᠵᠢᠯᠠᠯ ᠵᠶ᠋ᠠᠷ ᠢᠯᠡᠴᠢᠯᠡᠨ ᠮᠡᠳᠡᠭᠦᠯᠦᠭᠰᠡᠨ ᠬᠡᠷᠡᠭ᠎ᠲᠤ ᠬᠥᠬᠡᠬᠣᠲᠠ᠎ᠳᠤ ᠬᠣᠯᠪᠣᠭᠳᠠᠬᠤ 207 ᠬᠤᠪᠢ᠂ ᠪᠤᠭᠤᠲᠤ ᠬᠣᠲᠠ᠎ᠳᠤ ᠬᠣᠯᠪᠣᠭᠳᠠᠬᠤ 95 ᠬᠤᠪᠢ᠂ ᠬᠥᠯᠥᠨ ᠪᠤᠢ᠌ᠷ ᠬᠣᠲᠠ᠎ᠳᠤ ᠬᠣᠯᠪᠣᠭᠳᠠᠬᠤ 117 ᠬᠤᠪᠢ᠂ ᠬᠢᠩᠭ᠋ᠠᠨ ᠠᠢ᠌ᠮᠠᠭ᠎ᠲᠤ ᠬᠣᠯᠪᠣᠭᠳᠠᠬᠤ 88 ᠬᠤᠪᠢ᠂ ᠲᠥᠩᠯᠢᠶᠤᠤ ᠬᠣᠲᠠ᠎ᠳᠤ ᠬᠣᠯᠪᠣᠭᠳᠠᠬᠤ 183 ᠬᠤᠪᠢ᠂ ᠤᠯᠠᠭ᠋ᠠᠨᠬᠠᠳᠠ ᠬᠣᠲᠠ᠎ᠳᠤ ᠬᠣᠯᠪᠣᠭᠳᠠᠬᠤ 152 ᠬᠤᠪᠢ᠂ ᠰᠢᠯᠢ ᠵᠢᠨ ᠭᠣᠣᠯ ᠠᠢ᠌ᠮᠠᠭ᠎ᠲᠤ ᠬᠣᠯᠪᠣᠭᠳᠠᠬᠤ 38 ᠬᠤᠪᠢ᠂ ᠤᠯᠠᠭ᠋ᠠᠨᠴᠠᠪ ᠬᠣᠲᠠ᠎ᠳᠤ ᠬᠣᠯᠪᠣᠭᠳᠠᠬᠤ 76 ᠬᠤᠪᠢ᠂ ᠦᠬᠠᠢ ᠬᠣᠲᠠ᠎ᠳᠤ ᠬᠣᠯᠪᠣᠭᠳᠠᠬᠤ 32 ᠬᠤᠪᠢ᠂ ᠠᠯᠠᠱ᠌ᠠ ᠠᠢ᠌ᠮᠠᠭ᠎ᠲᠤ ᠬᠣᠯᠪᠣᠭᠳᠠᠬᠤ 13 ᠬᠤᠪᠢ ᠪᠣᠢ᠃