ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ   -   ᠰᠢᠮᠳᠠᠭᠤᠯᠤᠨ ᠪᠠᠢ᠌ᠴᠠᠭ᠋ᠠᠵᠤ ᠪᠠᠢ᠌ᠭ᠋ᠠᠳ ᠴᠡᠭᠴᠡᠯᠡᠨ ᠰᠠᠢ᠌ᠵᠢᠷᠠᠭᠤᠯᠬᠤ
ᠲᠥᠪ᠎ᠤᠨ ᠠᠮᠢ ᠠᠬᠤᠢ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠬᠣᠶᠠᠳᠤᠭ᠋ᠠᠷ ᠬᠢᠨᠠᠨ ᠪᠠᠢ᠌ᠴᠠᠭ᠋ᠠᠬᠤ ᠳᠤᠭᠤᠢ᠌ᠯᠠᠩ᠎ᠠᠴᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠬᠣᠷᠢᠨ ᠨᠠᠢ᠍ᠮᠠᠳᠤᠭ᠋ᠠᠷ ᠪᠦᠯᠦᠭ᠎ᠤᠨ 64 ᠬᠤᠪᠢ ᠣᠯᠠᠨ ᠲᠦᠮᠡᠨ᠎ᠤ ᠵᠠᠬᠢᠳᠠᠯ ᠰᠤᠷᠪᠤᠯᠵᠢᠯᠠᠯ ᠵᠶ᠋ᠠᠷ ᠢᠯᠡᠴᠢᠯᠡᠨ ᠮᠡᠳᠡᠭᠦᠯᠦᠭᠰᠡᠨ ᠬᠡᠷᠡᠭ᠎ᠢ ᠰᠢᠢ᠍ᠳᠪᠦᠷᠢᠯᠡᠭᠦᠯᠬᠦ᠎ᠪᠠᠷ ᠲᠤᠰᠢᠶᠠᠵᠠᠢ
ᠨᠡᠶ᠋ᠢᠲᠡᠯᠡᠭᠰᠡᠨ ᠴᠠᠭ᠄ 2025-06-26

      6 ᠰᠠᠷ᠎ᠠ ᠵᠢᠨ 25᠎ᠤ ᠡᠳᠦᠷ᠂ ᠲᠥᠪ᠎ᠤᠨ ᠠᠮᠢ ᠠᠬᠤᠢ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠬᠣᠶᠠᠳᠤᠭ᠋ᠠᠷ ᠬᠢᠨᠠᠨ ᠪᠠᠢ᠌ᠴᠠᠭ᠋ᠠᠬᠤ ᠳᠤᠭᠤᠢ᠌ᠯᠠᠩ᠎ᠠᠴᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠬᠣᠷᠢᠨ ᠨᠠᠢ᠍ᠮᠠᠳᠤᠭ᠋ᠠᠷ ᠪᠦᠯᠦᠭ᠎ᠤᠨ ᠵᠠᠬᠢᠳᠠᠯ ᠰᠤᠷᠪᠤᠯᠵᠢᠯᠠᠯ ᠵᠶ᠋ᠠᠷ ᠢᠯᠡᠴᠢᠯᠡᠨ ᠮᠡᠳᠡᠭᠦᠯᠦᠭᠰᠡᠨ 64 ᠬᠤᠪᠢ ᠬᠡᠷᠡᠭ (ᠭᠣᠣᠯᠳᠠᠯᠭ᠎ᠠ᠎ᠲᠠᠢ ᠠᠩᠬᠠᠷᠬᠤ 7 ᠬᠤᠪᠢ)᠎ᠢ ᠰᠢᠢ᠍ᠳᠪᠦᠷᠢᠯᠡᠭᠦᠯᠬᠦ᠎ᠪᠠᠷ ᠲᠤᠰᠢᠶᠠᠵᠠᠢ᠂ ᠡᠭᠦᠨ᠎ᠳᠤ ᠤᠲᠠᠰᠤ᠎ᠪᠠᠷ ᠢᠯᠡᠴᠢᠯᠡᠨ ᠮᠡᠳᠡᠭᠦᠯᠦᠭᠰᠡᠨ ᠬᠡᠷᠡᠭ 36 ᠬᠤᠪᠢ᠂ ᠵᠠᠬᠢᠳᠠᠯ ᠵᠶ᠋ᠠᠷ ᠢᠯᠡᠴᠢᠯᠡᠨ ᠮᠡᠳᠡᠭᠦᠯᠦᠭᠰᠡᠨ ᠬᠡᠷᠡᠭ 28 ᠬᠤᠪᠢ ᠪᠣᠢ᠃ ᠲᠤᠰ ᠪᠦᠯᠦᠭ᠎ᠤᠨ ᠵᠠᠬᠢᠳᠠᠯ ᠰᠤᠷᠪᠤᠯᠵᠢᠯᠠᠯ ᠵᠶ᠋ᠠᠷ ᠢᠯᠡᠴᠢᠯᠡᠨ ᠮᠡᠳᠡᠭᠦᠯᠦᠭᠰᠡᠨ ᠬᠡᠷᠡᠭ᠎ᠲᠤ ᠬᠥᠬᠡᠬᠣᠲᠠ᠎ᠳᠤ ᠬᠣᠯᠪᠣᠭᠳᠠᠬᠤ 9 ᠬᠤᠪᠢ᠂ ᠪᠤᠭᠤᠲᠤ ᠬᠣᠲᠠ᠎ᠳᠤ ᠬᠣᠯᠪᠣᠭᠳᠠᠬᠤ 7 ᠬᠤᠪᠢ᠂ ᠬᠥᠯᠥᠨ ᠪᠤᠢ᠌ᠷ ᠬᠣᠲᠠ᠎ᠳᠤ ᠬᠣᠯᠪᠣᠭᠳᠠᠬᠤ 7 ᠬᠤᠪᠢ᠂ ᠬᠢᠩᠭ᠋ᠠᠨ ᠠᠢ᠌ᠮᠠᠭ᠎ᠲᠤ ᠬᠣᠯᠪᠣᠭᠳᠠᠬᠤ 3 ᠬᠤᠪᠢ᠂ ᠲᠥᠩᠯᠢᠶᠤᠤ ᠬᠣᠲᠠ᠎ᠳᠤ ᠬᠣᠯᠪᠣᠭᠳᠠᠬᠤ 5 ᠬᠤᠪᠢ᠂ ᠤᠯᠠᠭ᠋ᠠᠨᠬᠠᠳᠠ ᠬᠣᠲᠠ᠎ᠳᠤ ᠬᠣᠯᠪᠣᠭᠳᠠᠬᠤ 7 ᠬᠤᠪᠢ᠂ ᠤᠯᠠᠭ᠋ᠠᠨᠴᠠᠪ ᠬᠣᠲᠠ᠎ᠳᠤ ᠬᠣᠯᠪᠣᠭᠳᠠᠬᠤ 3 ᠬᠤᠪᠢ᠂ ᠣᠷᠳᠣᠰ ᠬᠣᠲᠠ᠎ᠳᠤ ᠬᠣᠯᠪᠣᠭᠳᠠᠬᠤ 12 ᠬᠤᠪᠢ᠂ ᠪᠠᠶᠠᠨᠨᠠᠭᠤᠷ ᠬᠣᠲᠠ᠎ᠳᠤ ᠬᠣᠯᠪᠣᠭᠳᠠᠬᠤ 9 ᠬᠤᠪᠢ᠂ ᠦᠬᠠᠢ ᠬᠣᠲᠠ᠎ᠳᠤ ᠬᠣᠯᠪᠣᠭᠳᠠᠬᠤ 2 ᠬᠤᠪᠢ ᠪᠣᠢ᠃ ᠲᠤᠰ ᠪᠦᠯᠦᠭ᠎ᠤᠨ ᠵᠠᠬᠢᠳᠠᠯ ᠰᠤᠷᠪᠤᠯᠵᠢᠯᠠᠯ ᠵᠶ᠋ᠠᠷ ᠢᠯᠡᠴᠢᠯᠡᠨ ᠮᠡᠳᠡᠭᠦᠯᠦᠭᠰᠡᠨ ᠬᠡᠷᠡᠭ᠎ᠲᠤ ᠤᠰᠤᠨ᠎ᠤ ᠪᠣᠬᠢᠷᠳᠣᠯ᠎ᠤᠨ ᠬᠡᠷᠡᠭ 12 ᠬᠤᠪᠢ᠂ ᠠᠭ᠋ᠠᠷ ᠮᠠᠨᠳᠠᠯ᠎ᠤᠨ ᠪᠣᠬᠢᠷᠳᠣᠯ᠎ᠤᠨ ᠬᠡᠷᠡᠭ 11 ᠬᠤᠪᠢ᠂ ᠬᠥᠷᠥᠰᠥ ᠰᠢᠷᠣᠢ ᠵᠢᠨ ᠪᠣᠬᠢᠷᠳᠣᠯ᠎ᠤᠨ ᠬᠡᠷᠡᠭ 9 ᠬᠤᠪᠢ᠂ ᠠᠮᠢ ᠠᠬᠤᠢ ᠵᠢ ᠡᠪᠳᠡᠭᠰᠡᠨ ᠬᠡᠷᠡᠭ 25 ᠬᠤᠪᠢ᠂ ᠱᠤᠤᠭᠢᠶᠠᠨ᠎ᠤ ᠪᠣᠬᠢᠷᠳᠣᠯ᠎ᠤᠨ ᠬᠡᠷᠡᠭ 4 ᠬᠤᠪᠢ᠂ ᠰᠠᠴᠤᠷᠠᠭ᠎ᠤᠨ ᠪᠣᠬᠢᠷᠳᠣᠯ᠎ᠤᠨ ᠬᠡᠷᠡᠭ 1 ᠬᠤᠪᠢ᠂ ᠪᠤᠰᠤᠳ ᠠᠰᠠᠭᠤᠳᠠᠯ᠎ᠤᠨ ᠬᠡᠷᠡᠭ 2 ᠬᠤᠪᠢ ᠪᠣᠢ᠃ ᠲᠤᠬᠠᠢ ᠵᠢᠨ ᠡᠳᠦᠷ ᠳᠡᠭᠡᠷᠡᠬᠢ ᠵᠠᠬᠢᠳᠠᠯ ᠰᠤᠷᠪᠤᠯᠵᠢᠯᠠᠯ ᠵᠶ᠋ᠠᠷ ᠢᠯᠡᠴᠢᠯᠡᠨ ᠮᠡᠳᠡᠭᠦᠯᠦᠭᠰᠡᠨ ᠬᠡᠷᠡᠭ᠎ᠢ ᠴᠥᠮ ᠬᠣᠯᠪᠣᠭᠳᠠᠯ ᠪᠦᠬᠦᠢ ᠠᠢ᠌ᠮᠠᠭ ᠬᠣᠲᠠ᠎ᠳᠤ ᠰᠢᠯᠵᠢᠭᠦᠯᠦᠨ ᠪᠠᠢ᠌ᠴᠠᠭ᠋ᠠᠨ ᠰᠢᠢ᠍ᠳᠪᠦᠷᠢᠯᠡᠭᠦᠯᠵᠦ ᠪᠠᠢ᠌ᠨ᠎ᠠ᠃

     6 ᠰᠠᠷ᠎ᠠ ᠵᠢᠨ 25᠎ᠤ ᠡᠳᠦᠷ ᠪᠣᠯᠲᠠᠯ᠎ᠠ᠂ ᠲᠥᠪ᠎ᠤᠨ ᠠᠮᠢ ᠠᠬᠤᠢ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠬᠣᠶᠠᠳᠤᠭ᠋ᠠᠷ ᠬᠢᠨᠠᠨ ᠪᠠᠢ᠌ᠴᠠᠭ᠋ᠠᠬᠤ ᠳᠤᠭᠤᠢ᠌ᠯᠠᠩ᠎ᠠᠴᠠ ᠮᠠᠨ᠎ᠤ ᠣᠷᠣᠨ᠎ᠳᠤ ᠵᠠᠬᠢᠳᠠᠯ ᠰᠤᠷᠪᠤᠯᠵᠢᠯᠠᠯ ᠵᠶ᠋ᠠᠷ ᠢᠯᠡᠴᠢᠯᠡᠨ ᠮᠡᠳᠡᠭᠦᠯᠦᠭᠰᠡᠨ ᠬᠡᠷᠡᠭ᠎ᠢ ᠨᠡᠢ᠌ᠲᠡ ᠬᠣᠷᠢᠨ ᠨᠠᠢ᠍ᠮᠠᠨ ᠪᠦᠯᠦᠭ᠂ 1400 ᠬᠤᠪᠢ ᠬᠡᠷᠡᠭ (ᠭᠣᠣᠯᠳᠠᠯᠭ᠎ᠠ᠎ᠲᠠᠢ ᠠᠩᠬᠠᠷᠬᠤ 162 ᠬᠤᠪᠢ)᠎ᠢ ᠰᠢᠢ᠍ᠳᠪᠦᠷᠢᠯᠡᠭᠦᠯᠬᠦ᠎ᠪᠠᠷ ᠲᠤᠰᠢᠶᠠᠪᠠ᠂ ᠡᠭᠦᠨ᠎ᠳᠤ ᠤᠲᠠᠰᠤ᠎ᠪᠠᠷ ᠢᠯᠡᠴᠢᠯᠡᠨ ᠮᠡᠳᠡᠭᠦᠯᠦᠭᠰᠡᠨ ᠬᠡᠷᠡᠭ 801 ᠬᠤᠪᠢ᠂ ᠵᠠᠬᠢᠳᠠᠯ ᠵᠶ᠋ᠠᠷ ᠢᠯᠡᠴᠢᠯᠡᠨ ᠮᠡᠳᠡᠭᠦᠯᠦᠭᠰᠡᠨ ᠬᠡᠷᠡᠭ 599 ᠬᠤᠪᠢ ᠪᠣᠢ᠃ 1400 ᠬᠤᠪᠢ ᠵᠠᠬᠢᠳᠠᠯ ᠰᠤᠷᠪᠤᠯᠵᠢᠯᠠᠯ ᠵᠶ᠋ᠠᠷ ᠢᠯᠡᠴᠢᠯᠡᠨ ᠮᠡᠳᠡᠭᠦᠯᠦᠭᠰᠡᠨ ᠬᠡᠷᠡᠭ᠎ᠲᠤ ᠬᠥᠬᠡᠬᠣᠲᠠ᠎ᠳᠤ ᠬᠣᠯᠪᠣᠭᠳᠠᠬᠤ 223 ᠬᠤᠪᠢ᠂ ᠪᠤᠭᠤᠲᠤ ᠬᠣᠲᠠ᠎ᠳᠤ ᠬᠣᠯᠪᠣᠭᠳᠠᠬᠤ 105 ᠬᠤᠪᠢ᠂ ᠬᠥᠯᠥᠨ ᠪᠤᠢ᠌ᠷ ᠬᠣᠲᠠ᠎ᠳᠤ ᠬᠣᠯᠪᠣᠭᠳᠠᠬᠤ 130 ᠬᠤᠪᠢ᠂ ᠬᠢᠩᠭ᠋ᠠᠨ ᠠᠢ᠌ᠮᠠᠭ᠎ᠲᠤ ᠬᠣᠯᠪᠣᠭᠳᠠᠬᠤ 99 ᠬᠤᠪᠢ᠂ ᠲᠥᠩᠯᠢᠶᠤᠤ ᠬᠣᠲᠠ᠎ᠳᠤ ᠬᠣᠯᠪᠣᠭᠳᠠᠬᠤ 200 ᠬᠤᠪᠢ᠂ ᠤᠯᠠᠭ᠋ᠠᠨᠬᠠᠳᠠ ᠬᠣᠲᠠ᠎ᠳᠤ ᠬᠣᠯᠪᠣᠭᠳᠠᠬᠤ 169 ᠬᠤᠪᠢ᠂ ᠰᠢᠯᠢ ᠵᠢᠨ ᠭᠣᠣᠯ ᠠᠢ᠌ᠮᠠᠭ᠎ᠲᠤ ᠬᠣᠯᠪᠣᠭᠳᠠᠬᠤ 39 ᠬᠤᠪᠢ᠂ ᠤᠯᠠᠭ᠋ᠠᠨᠴᠠᠪ ᠬᠣᠲᠠ᠎ᠳᠤ ᠬᠣᠯᠪᠤᠭᠳᠠᠬᠤ 80 ᠬᠤᠪᠢ᠂ ᠣᠷᠳᠣᠰ ᠬᠣᠲᠠ᠎ᠳᠤ ᠬᠣᠯᠪᠣᠭᠳᠠᠬᠤ 221 ᠬᠤᠪᠢ᠂ ᠪᠠᠶᠠᠨᠨᠠᠭᠤᠷ ᠬᠣᠲᠠ᠎ᠳᠤ ᠬᠣᠯᠪᠣᠭᠳᠠᠬᠤ 81 ᠬᠤᠪᠢ᠂ ᠦᠬᠠᠢ ᠬᠣᠲᠠ᠎ᠳᠤ ᠬᠣᠯᠪᠣᠭᠳᠠᠬᠤ 38 ᠬᠤᠪᠢ᠂ ᠠᠯᠠᠱ᠌ᠠ ᠠᠢ᠌ᠮᠠᠭ᠎ᠲᠤ ᠬᠣᠯᠪᠣᠭᠳᠠᠬᠤ 15 ᠬᠤᠪᠢ ᠪᠣᠢ᠃

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ