ᠲᠥᠪ᠎ᠤᠨ ᠠᠮᠢ ᠠᠬᠤᠢ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠬᠣᠶᠠᠳᠤᠭ᠋ᠠᠷ ᠬᠢᠨᠠᠨ ᠪᠠᠢ᠌ᠴᠠᠭ᠋ᠠᠬᠤ ᠳᠤᠭᠤᠢ᠌ᠯᠠᠩ (ᠳᠣᠷᠣᠭᠰᠢ 《ᠲᠥᠪ᠎ᠤᠨ ᠬᠢᠨᠠᠨ ᠪᠠᠢ᠌ᠴᠠᠭ᠋ᠠᠬᠤ ᠳᠤᠭᠤᠢ᠌ᠯᠠᠩ》 ᠭᠡᠵᠦ ᠳᠦᠭᠦᠮᠴᠢᠯᠡᠨ᠎ᠡ)᠎ᠤᠨ ᠠᠵᠢᠯ᠎ᠤᠨ ᠱᠠᠭ᠋ᠠᠷᠳᠠᠯᠭ᠎ᠠ ᠶᠤᠰᠤᠭ᠋ᠠᠷ᠂ 6 ᠰᠠᠷ᠎ᠠ ᠵᠢᠨ 30᠎ᠤ ᠡᠳᠦᠷ᠂ ᠪᠦᠬᠦ ᠣᠷᠣᠨ ᠵᠶ᠋ᠠᠷ ᠵᠶ᠋ᠠᠨ ᠲᠥᠪ᠎ᠤᠨ ᠬᠢᠨᠠᠨ ᠪᠠᠢ᠌ᠴᠠᠭ᠋ᠠᠬᠤ ᠳᠤᠭᠤᠢ᠌ᠯᠠᠩ᠎ᠠᠴᠠ ᠲᠤᠰᠢᠶᠠᠨ ᠰᠢᠢ᠍ᠳᠪᠦᠷᠢᠯᠡᠭᠦᠯᠦᠭᠰᠡᠨ ᠬᠣᠷᠢᠨ ᠳᠥᠷᠪᠡᠳᠦᠭᠡᠷ ᠪᠦᠯᠦᠭ᠎ᠤᠨ 64 ᠬᠤᠪᠢ ᠵᠠᠬᠢᠳᠠᠯ ᠰᠤᠷᠪᠤᠯᠵᠢᠯᠠᠯ ᠵᠶ᠋ᠠᠷ ᠢᠯᠡᠴᠢᠯᠡᠨ ᠮᠡᠳᠡᠭᠦᠯᠦᠭᠰᠡᠨ ᠬᠡᠷᠡᠭ᠎ᠢ ᠪᠠᠢ᠌ᠴᠠᠭ᠋ᠠᠨ ᠰᠢᠢ᠍ᠳᠪᠦᠷᠢᠯᠡᠪᠡ᠂ ᠡᠭᠦᠨ᠎ᠳᠤ 29 ᠬᠤᠪᠢ ᠵᠢ ᠨᠢᠭᠡᠨᠲᠡ ᠰᠢᠢ᠍ᠳᠪᠦᠷᠢᠯᠡᠨ ᠳᠠᠭᠤᠰᠬᠠᠵᠤ᠂ 26 ᠬᠤᠪᠢ ᠵᠢ ᠱᠠᠲᠤᠴᠢ ᠴᠢᠨᠠᠷᠲᠠᠢ ᠰᠢᠢ᠍ᠳᠪᠦᠷᠢᠯᠡᠨ ᠳᠠᠭᠤᠰᠬᠠᠵᠤ᠂ 9 ᠬᠤᠪᠢ ᠵᠢ ᠰᠢᠢ᠍ᠳᠪᠦᠷᠢᠯᠡᠵᠦ ᠳᠠᠭᠤᠰᠬᠠᠭ᠋ᠠᠳᠤᠢ᠂ 2 ᠨᠢᠭᠡᠴᠢ ᠵᠢ ᠬᠡᠷᠡᠭ ᠪᠣᠯᠭ᠋ᠠᠨ ᠳᠠᠩᠰᠠᠯᠠᠵᠤ ᠲᠣᠷᠭ᠋ᠠᠨ ᠰᠢᠢ᠍ᠳᠬᠡᠵᠦ᠂ ᠵᠤᠭᠤᠰ ᠵᠶ᠋ᠠᠷ ᠲᠣᠷᠭ᠋ᠠᠭᠰᠠᠨ ᠬᠡᠮᠵᠢᠶ᠎ᠡ 6555 ᠲᠦᠭᠦᠷᠢᠭ᠎ᠲᠤ ᠬᠦᠷᠴᠦ᠂ 1 ᠬᠦᠮᠦᠨ᠎ᠳᠤ ᠬᠠᠷᠢᠭᠤᠴᠠᠯᠭ᠎ᠠ ᠲᠤᠯᠭ᠋ᠠᠪᠠ᠃
6 ᠰᠠᠷ᠎ᠠ ᠵᠢᠨ 30᠎ᠤ ᠡᠳᠦᠷ ᠪᠣᠯᠲᠠᠯ᠎ᠠ᠂ ᠪᠦᠬᠦ ᠣᠷᠣᠨ ᠵᠶ᠋ᠠᠷ ᠵᠶ᠋ᠠᠨ ᠨᠢᠭᠡᠨᠲᠡ 1 — 24 ᠳ᠋ᠦ᠍ᠭᠡᠷ ᠪᠦᠯᠦᠭ᠎ᠤᠨ 1146 ᠬᠤᠪᠢ ᠵᠠᠬᠢᠳᠠᠯ ᠰᠤᠷᠪᠤᠯᠵᠢᠯᠠᠯ ᠵᠶ᠋ᠠᠷ ᠢᠯᠡᠴᠢᠯᠡᠨ ᠮᠡᠳᠡᠭᠦᠯᠦᠭᠰᠡᠨ ᠬᠡᠷᠡᠭ᠎ᠢ ᠪᠠᠢ᠌ᠴᠠᠭ᠋ᠠᠨ ᠰᠢᠢ᠍ᠳᠪᠦᠷᠢᠯᠡᠪᠡ᠂ ᠡᠭᠦᠨ᠎ᠳᠤ 621 ᠬᠤᠪᠢ ᠵᠢ ᠨᠢᠭᠡᠨᠲᠡ ᠰᠢᠢ᠍ᠳᠪᠦᠷᠢᠯᠡᠨ ᠳᠠᠭᠤᠰᠬᠠᠵᠤ᠂ 444 ᠬᠤᠪᠢ ᠵᠢ ᠱᠠᠲᠤᠴᠢ ᠴᠢᠨᠠᠷᠲᠠᠢ ᠰᠢᠢ᠍ᠳᠪᠦᠷᠢᠯᠡᠨ ᠳᠠᠭᠤᠰᠬᠠᠵᠤ᠂ 81 ᠬᠤᠪᠢ ᠵᠢ ᠰᠢᠢ᠍ᠳᠪᠦᠷᠢᠯᠡᠵᠦ ᠳᠠᠭᠤᠰᠬᠠᠭ᠋ᠠᠳᠤᠢ᠂ 196 ᠨᠢᠭᠡᠴᠢ ᠵᠢ ᠵᠠᠷᠯᠢᠭᠳᠠᠨ ᠴᠡᠭᠴᠡᠯᠡᠨ ᠰᠠᠢ᠌ᠵᠢᠷᠠᠭᠤᠯᠵᠤ᠂ 167 ᠨᠢᠭᠡᠴᠢ ᠵᠢ ᠬᠡᠷᠡᠭ ᠪᠣᠯᠭ᠋ᠠᠨ ᠳᠠᠩᠰᠠᠯᠠᠵᠤ ᠲᠣᠷᠭ᠋ᠠᠨ ᠰᠢᠢ᠍ᠳᠬᠡᠵᠦ᠂ ᠵᠣᠭᠣᠰ ᠵᠶ᠋ᠠᠷ ᠲᠣᠷᠭ᠋ᠠᠭᠰᠠᠨ ᠬᠡᠮᠵᠢᠶ᠎ᠡ 1543990.71 ᠲᠦᠭᠦᠷᠢᠭ᠎ᠲᠤ ᠬᠦᠷᠴᠦ᠂ 36 ᠬᠤᠪᠢ ᠵᠢ ᠬᠡᠷᠡᠭ ᠪᠣᠯᠭ᠋ᠠᠨ ᠳᠠᠩᠰᠠᠯᠠᠵᠤ ᠲᠠᠩᠨᠠᠨ ᠪᠠᠢ᠌ᠴᠠᠭ᠋ᠠᠵᠤ᠂ 4 ᠬᠦᠮᠦᠨ᠎ᠢ ᠡᠷᠡᠭᠦᠦ ᠵᠢᠨ ᠬᠡᠷᠡᠭ ᠵᠶ᠋ᠡᠷ ᠲᠦᠷ ᠬᠣᠷᠢᠵᠤ᠂ 22 ᠬᠦᠮᠦᠨ᠎ᠲᠠᠢ ᠪᠣᠯᠵᠣᠨ ᠶᠠᠷᠢᠯᠴᠠᠵᠤ᠂ 35 ᠬᠦᠮᠦᠨ᠎ᠳᠤ ᠬᠠᠷᠢᠭᠤᠴᠠᠯᠭ᠎ᠠ ᠲᠤᠯᠭ᠋ᠠᠪᠠ᠃
ᠬᠣᠯᠪᠣᠭᠳᠠᠯ ᠪᠦᠬᠦᠢ ᠵᠠᠬᠢᠳᠠᠯ ᠰᠤᠷᠪᠤᠯᠵᠢᠯᠠᠯ ᠵᠶ᠋ᠠᠷ ᠢᠯᠡᠴᠢᠯᠡᠨ ᠮᠡᠳᠡᠭᠦᠯᠦᠭᠰᠡᠨ ᠬᠡᠷᠡᠭ᠎ᠢ ᠲᠥᠪ᠎ᠤᠨ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠬᠢᠨᠠᠨ ᠪᠠᠢ᠌ᠴᠠᠭ᠋ᠠᠬᠤ ᠵᠢᠨ ᠳᠠᠭ᠋ᠠᠤ ᠴᠡᠭᠴᠡᠯᠡᠨ ᠰᠠᠢ᠌ᠵᠢᠷᠠᠭᠤᠯᠬᠤ ᠠᠵᠢᠯ᠎ᠤᠨ ᠱᠠᠭ᠋ᠠᠷᠳᠠᠯᠭ᠎ᠠ ᠶᠤᠰᠤᠭ᠋ᠠᠷ ᠪᠠᠢ᠌ᠴᠠᠭ᠋ᠠᠨ ᠰᠢᠢ᠍ᠳᠪᠦᠷᠢᠯᠡᠵᠦ ᠴᠡᠭᠴᠡᠯᠡᠨ ᠰᠠᠢ᠌ᠵᠢᠷᠠᠭᠤᠯᠬᠤ ᠠᠵᠢᠯ᠎ᠢ ᠦᠷᠭᠦᠯᠵᠢᠯᠡᠨ ᠠᠬᠢᠭᠤᠯᠬᠤ ᠪᠣᠯᠣᠨ᠎ᠠ᠃
《ᠲᠥᠪ᠎ᠤᠨ ᠠᠮᠢ ᠠᠬᠤᠢ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠬᠢᠨᠠᠨ ᠪᠠᠢ᠌ᠴᠠᠭ᠋ᠠᠯᠲᠠ ᠵᠢᠨ ᠣᠯᠠᠨ ᠲᠦᠮᠡᠨ᠎ᠤ ᠵᠠᠬᠢᠳᠠᠯ ᠰᠤᠷᠪᠤᠯᠵᠢᠯᠠᠯ᠎ᠤᠨ ᠢᠯᠡᠴᠢᠯᠡᠨ ᠮᠡᠳᠡᠭᠦᠯᠦᠯᠲᠡ ᠵᠢ ᠰᠢᠯᠵᠢᠭᠦᠯᠦᠨ ᠰᠢᠢ᠍ᠳᠪᠦᠷᠢᠯᠡᠭᠦᠯᠬᠦ ᠪᠠ ᠬᠢᠨᠠᠨ ᠪᠠᠢ᠌ᠴᠠᠭ᠋ᠠᠬᠤ ᠵᠢᠨ ᠳᠠᠭ᠋ᠠᠤ ᠴᠡᠭᠴᠡᠯᠡᠨ ᠰᠠᠢ᠌ᠵᠢᠷᠠᠭᠤᠯᠬᠤ ᠵᠢ ᠢᠯᠡ ᠪᠣᠯᠭ᠋ᠠᠭᠰᠠᠨ ᠪᠠᠢ᠌ᠳᠠᠯ᠎ᠤᠨ ᠨᠠᠷᠢᠨ ᠠᠭᠤᠯᠭ᠎ᠠ ᠵᠢᠨ ᠬᠦᠰᠦᠨᠦᠭᠲᠦ (24 ᠳ᠋ᠦ᠍ᠭᠡᠷ ᠪᠦᠯᠦᠭ)》 (ᠨᠠᠷᠢᠨ ᠪᠠᠢ᠌ᠳᠠᠯ᠎ᠢ ᠬᠣᠶᠠᠷ ᠬᠡᠮᠵᠢᠯᠲᠦ ᠺᠣᠳ᠋᠎ᠢ ᠰᠢᠷᠪᠢᠵᠦ ᠦᠵᠡᠭᠡᠷᠡᠢ)
