ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠬᠣᠶᠠᠳᠤᠭᠠᠷ ᠬᠢᠨᠠᠨ ᠪᠠᠢᠴᠠᠭᠠᠬᠤ ᠳᠤᠭᠤᠢᠯᠠᠩ (ᠳᠣᠷᠣᠭ᠍ᠰᠢ 《ᠲᠥᠪ᠎ᠦᠨ ᠬᠢᠨᠠᠨ ᠪᠠᠢᠴᠠᠭᠠᠬᠤ ᠳᠤᠭᠤᠢᠯᠠᠩ》 ᠭᠡᠵᠦ ᠲᠣᠪᠴᠢᠯᠠᠨ᠎ᠠ) ᠦᠨ ᠠᠵᠢᠯ᠎ᠤᠨ ᠱᠠᠭᠠᠷᠳᠠᠯᠭ᠎ᠠ ᠶᠣᠰᠣᠭᠠᠷ᠂ 7 ᠰᠠᠷ᠎ᠠ᠎ᠶᠢᠨ 9᠎ᠦ ᠡᠳᠦᠷ᠂ ᠪᠦᠭᠦ ᠣᠷᠣᠨ᠎ᠢᠶᠠᠷ᠎ᠢᠶᠠᠨ ᠲᠥᠪ᠎ᠦᠨ ᠬᠢᠨᠠᠨ ᠪᠠᠢᠴᠠᠭᠠᠬᠤ ᠳᠤᠭᠤᠢᠯᠠᠩ᠎ᠠᠴᠠ ᠲᠤᠰᠢᠶᠠᠨ ᠰᠢᠢᠳᠪᠦᠷᠢᠯᠡᠭᠦᠯᠦᠭᠰᠡᠨ ᠭᠤᠴᠢᠨ ᠭᠤᠷᠪᠠᠳᠤᠭᠠᠷ ᠪᠦᠯᠦᠭ᠎ᠦᠨ 14 ᠬᠤᠪᠢ ᠵᠠᠬᠢᠳᠠᠯ ᠰᠤᠷᠪᠤᠯᠵᠢᠯᠠᠯ᠎ᠢᠶᠠᠷ ᠢᠯᠡᠴᠢᠯᠡᠨ ᠮᠡᠳᠡᠭᠦᠯᠦᠭᠰᠡᠨ ᠬᠡᠷᠡᠭ᠎ᠢ ᠪᠠᠢᠴᠠᠭᠠᠨ ᠰᠢᠢᠳᠪᠦᠷᠢᠯᠡᠪᠡ᠂ ᠡᠭᠦᠨ᠎ᠳᠦ 13 ᠬᠤᠪᠢ᠎ᠶᠢ ᠨᠢᠭᠡᠨᠲᠡ ᠰᠢᠢᠳᠪᠦᠷᠢᠯᠡᠨ ᠳᠠᠭᠤᠰᠬᠠᠵᠤ᠂ 1 ᠬᠤᠪᠢ᠎ᠶᠢ ᠱᠠᠲᠤᠴᠢ ᠴᠢᠨᠠᠷᠲᠠᠢ ᠰᠢᠢᠳᠪᠦᠷᠢᠯᠡᠨ ᠳᠠᠭᠤᠰᠬᠠᠪᠠ᠃
7 ᠰᠠᠷ᠎ᠠ᠎ᠶᠢᠨ 9᠎ᠦ ᠡᠳᠦᠷ ᠪᠤᠯᠲᠠᠯ᠎ᠠ ᠪᠦᠭᠦ ᠣᠷᠣᠨ᠎ᠢᠶᠠᠷ᠎ᠢᠶᠠᠨ ᠨᠢᠭᠡᠨᠲᠡ 1-33 ᠳ᠋ᠤᠭᠠᠷ ᠪᠦᠯᠦᠭ᠎ᠦᠨ 1587 ᠬᠤᠪᠢ ᠵᠠᠬᠢᠳᠠᠯ ᠰᠤᠷᠪᠤᠯᠵᠢᠯᠠᠯ᠎ᠢᠶᠠᠷ ᠢᠯᠡᠴᠢᠯᠡᠨ ᠮᠡᠳᠡᠭᠦᠯᠦᠭᠰᠡᠨ ᠬᠡᠷᠡᠭ᠎ᠢ ᠪᠠᠢᠴᠠᠭᠠᠨ ᠰᠢᠢᠳᠪᠦᠷᠢᠯᠡᠪᠡ᠂ ᠡᠭᠦᠨ᠎ᠳᠦ 1047 ᠬᠤᠪᠢ᠎ᠶᠢ ᠨᠢᠭᠡᠨᠲᠡ ᠰᠢᠢᠳᠪᠦᠷᠢᠯᠡᠨ ᠳᠠᠭᠤᠰᠬᠠᠵᠤ᠂ 454 ᠬᠤᠪᠢ᠎ᠶᠢ ᠱᠠᠲᠤᠴᠢ ᠴᠢᠨᠠᠷᠲᠠᠢ ᠰᠢᠢᠳᠪᠦᠷᠢᠯᠡᠨ ᠳᠠᠭᠤᠰᠬᠠᠵᠤ᠂ 86 ᠬᠤᠪᠢ᠎ᠶᠢ ᠰᠢᠢᠳᠪᠦᠷᠢᠯᠡᠵᠦ ᠳᠠᠭᠤᠰᠬᠠᠭᠠᠳᠤᠢ᠂ 260 ᠨᠢᠭᠡᠴᠢ᠎ᠶᠢ ᠵᠠᠷᠯᠢᠭ᠍ᠳᠠᠨ ᠴᠡᠭᠴᠡᠯᠡᠨ ᠰᠠᠢᠵᠢᠷᠠᠭᠤᠯᠵᠤ᠂ 273 ᠨᠢᠭᠡᠴᠢ᠎ᠶᠢ ᠬᠡᠷᠡᠭ ᠪᠣᠯᠭᠠᠨ ᠳᠠᠩᠰᠠᠯᠠᠵᠤ ᠲᠣᠷᠭᠠᠨ ᠰᠢᠢᠳᠬᠡᠵᠦ᠂ ᠵᠣᠭᠣᠰ᠎ᠢᠶᠠᠷ ᠲᠣᠷᠭᠠᠭᠰᠠᠨ ᠬᠡᠮᠵᠢᠶ᠎ᠡ 3664163.72 ᠲᠥᠭᠥᠷᠢᠭ᠎ᠲᠦ ᠬᠦᠷᠴᠦ᠂ 49 ᠬᠤᠪᠢ᠎ᠶᠢ ᠬᠡᠷᠡᠭ ᠪᠣᠯᠭᠠᠨ ᠳᠠᠩᠰᠠᠯᠠᠵᠤ ᠲᠠᠩᠨᠠᠨ ᠪᠠᠢᠴᠠᠭᠠᠵᠤ᠂ 10 ᠬᠥᠮᠥᠨ᠎ᠢ ᠡᠷᠡᠭᠦᠦ᠎ᠶᠢᠨ ᠬᠡᠷᠡᠭ᠎ᠢᠶᠡᠷ ᠲᠦᠷ ᠬᠣᠷᠢᠵᠤ᠂ 28 ᠬᠥᠮᠥᠨ ᠲᠠᠢ ᠪᠣᠯᠵᠣᠨ ᠶᠠᠷᠢᠯᠴᠠᠵᠤ᠂ 41 ᠬᠥᠮᠥᠨ᠎ᠳᠦ ᠬᠠᠷᠢᠭᠤᠴᠠᠯᠭ᠎ᠠ ᠲᠤᠯᠭᠠᠪᠠ᠃
ᠬᠣᠯᠪᠣᠭᠳᠠᠯ ᠪᠦᠬᠦᠢ ᠵᠠᠬᠢᠳᠠᠯ ᠰᠤᠷᠪᠤᠯᠵᠢᠯᠠᠯ᠎ᠢᠶᠠᠷ ᠢᠯᠡᠴᠢᠯᠡᠨ ᠮᠡᠳᠡᠭᠦᠯᠦᠭᠰᠡᠨ ᠬᠡᠷᠡᠭ᠎ᠢ ᠲᠥᠪ᠎ᠦᠨ ᠬᠢᠨᠠᠨ ᠪᠠᠢᠴᠠᠭᠠᠬᠤ ᠳᠤᠭᠤᠢᠯᠠᠩ᠎ᠤᠨ ᠬᠢᠨᠠᠨ ᠪᠠᠢᠴᠠᠭᠠᠬᠤ᠎ᠶᠢᠨ ᠳᠠᠭᠠᠤ ᠴᠡᠭᠴᠡᠯᠡᠨ ᠰᠠᠢᠵᠢᠷᠠᠭᠤᠯᠬᠤ ᠠᠵᠢᠯ᠎ᠤᠨ ᠱᠠᠭᠠᠷᠳᠠᠯᠭ᠎ᠠ ᠶᠣᠰᠣᠭᠠᠷ ᠪᠠᠢᠴᠠᠭᠠᠨ ᠰᠢᠢᠳᠪᠦᠷᠢᠯᠡᠵᠦ ᠴᠡᠭᠴᠡᠯᠡᠨ ᠰᠠᠢᠵᠢᠷᠠᠭᠤᠯᠬᠤ ᠠᠵᠢᠯ᠎ᠢ ᠦᠷᠭᠦᠯᠵᠢᠯᠡᠨ ᠠᠬᠢᠭᠤᠯᠬᠤ ᠪᠣᠯᠣᠨ᠎ᠠ᠃
《ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠬᠢᠨᠠᠨ ᠪᠠᠢᠴᠠᠭᠠᠯᠲᠠ᠎ᠶᠢᠨ ᠣᠯᠠᠨ ᠲᠦᠮᠡᠨ᠎ᠦ ᠵᠠᠬᠢᠳᠠᠯ ᠰᠤᠷᠪᠤᠯᠵᠢᠯᠠᠯ᠎ᠤᠨ ᠢᠯᠡᠴᠢᠯᠡᠨ ᠮᠡᠳᠡᠭᠦᠯᠦᠯᠲᠡ᠎ᠶᠢ ᠰᠢᠯᠵᠢᠭᠦᠯᠦᠨ ᠰᠢᠢᠳᠪᠦᠷᠢᠯᠡᠭᠦᠯᠬᠦ ᠪᠠ ᠬᠢᠨᠠᠨ ᠪᠠᠢᠴᠠᠭᠠᠬᠤ᠎ᠶᠢᠨ ᠳᠠᠭᠠᠤ ᠴᠡᠭᠴᠡᠯᠡᠨ ᠰᠠᠢᠵᠢᠷᠠᠭᠤᠯᠬᠤ᠎ᠶᠢ ᠢᠯᠡ ᠪᠤᠯᠭᠠᠬ᠍ᠰᠠᠨ ᠪᠠᠢᠳᠠᠯ᠎ᠤᠨ ᠨᠠᠷᠢᠨ ᠠᠭᠤᠯᠭ᠎ᠠ᠎ᠶᠢᠨ ᠬᠦᠰᠦᠨᠦᠭᠲᠦ (33 ᠳ᠋ᠤᠭᠠᠷ ᠪᠦᠯᠦᠭ)》 (ᠨᠠᠷᠢᠨ ᠪᠠᠢᠳᠠᠯ᠎ᠢ ᠬᠣᠶᠠᠷ ᠬᠡᠮᠵᠢᠯᠲᠦ ᠺᠣᠳ᠋᠎ᠢ ᠰᠢᠷᠪᠢᠵᠦ ᠦᠵᠡᠭᠡᠷᠡᠢ)
