ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ   -   ᠰᠢᠮᠳᠠᠭᠤᠯᠤᠨ ᠪᠠᠢ᠌ᠴᠠᠭ᠋ᠠᠵᠤ ᠪᠠᠢ᠌ᠭ᠋ᠠᠳ ᠴᠡᠭᠴᠡᠯᠡᠨ ᠰᠠᠢ᠌ᠵᠢᠷᠠᠭᠤᠯᠬᠤ
ᠲᠥᠪ᠎ᠤᠨ ᠠᠮᠢ ᠠᠬᠤᠢ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠬᠣᠶᠠᠳᠤᠭ᠋ᠠᠷ ᠬᠢᠨᠠᠨ ᠪᠠᠢ᠌ᠴᠠᠭ᠋ᠠᠬᠤ ᠳᠤᠭᠤᠢ᠌ᠯᠠᠩ᠎ᠠᠴᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠲᠤᠰᠢᠶᠠᠨ ᠰᠢᠢ᠍ᠳᠪᠦᠷᠢᠯᠡᠭᠦᠯᠦᠭᠰᠡᠨ ᠬᠣᠷᠢᠨ ᠵᠢᠷᠭᠤᠳᠤᠭ᠋ᠠᠷ ᠪᠦᠯᠦᠭ᠎ᠤᠨ 54 ᠬᠤᠪᠢ ᠣᠯᠠᠨ ᠲᠦᠮᠡᠨ᠎ᠤ ᠵᠠᠬᠢᠳᠠᠯ ᠰᠤᠷᠪᠤᠯᠵᠢᠯᠠᠯ ᠵᠶ᠋ᠠᠷ ᠢᠯᠡᠴᠢᠯᠡᠨ ᠮᠡᠳᠡᠭᠦᠯᠦᠭᠰᠡᠨ ᠬᠡᠷᠡᠭ᠎ᠢ ᠰᠢᠢ᠍ᠳᠪᠦᠷᠢᠯᠡᠭᠰᠡᠨ ᠪᠠᠢ᠌ᠳᠠᠯ
ᠨᠡᠶ᠋ᠢᠲᠡᠯᠡᠭᠰᠡᠨ ᠴᠠᠭ᠄ 2025-07-03

      ᠲᠥᠪ᠎ᠤᠨ ᠠᠮᠢ ᠠᠬᠤᠢ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠬᠣᠶᠠᠳᠤᠭ᠋ᠠᠷ ᠬᠢᠨᠠᠨ ᠪᠠᠢ᠌ᠴᠠᠭ᠋ᠠᠬᠤ ᠳᠤᠭᠤᠢ᠌ᠯᠠᠩ (ᠳᠣᠷᠤᠭᠰᠢ 《ᠲᠥᠪ᠎ᠤᠨ ᠬᠢᠨᠠᠨ ᠪᠠᠢ᠌ᠴᠠᠭ᠋ᠠᠬᠤ ᠳᠤᠭᠤᠢ᠌ᠯᠠᠩ》 ᠭᠡᠵᠦ ᠳᠦᠭᠦᠮᠴᠢᠯᠡᠨ᠎ᠡ)᠎ᠤᠨ ᠠᠵᠢᠯ᠎ᠤᠨ ᠱᠠᠭ᠋ᠠᠷᠳᠠᠯᠭ᠎ᠠ ᠶᠤᠰᠤᠭ᠋ᠠᠷ᠂ 7 ᠰᠠᠷ᠎ᠠ ᠵᠢᠨ 2᠎ᠤᠨ ᠡᠳᠦᠷ᠂ ᠪᠦᠬᠦ ᠣᠷᠣᠨ ᠵᠶ᠋ᠠᠷ ᠵᠶ᠋ᠠᠨ ᠲᠥᠪ᠎ᠤᠨ ᠬᠢᠨᠠᠨ ᠪᠠᠢ᠌ᠴᠠᠭ᠋ᠠᠬᠤ ᠳᠤᠭᠤᠢ᠌ᠯᠠᠩ᠎ᠠᠴᠠ ᠲᠤᠰᠢᠶᠠᠨ ᠰᠢᠢ᠍ᠳᠪᠦᠷᠢᠯᠡᠭᠦᠯᠦᠭᠰᠡᠨ ᠬᠣᠷᠢᠨ ᠵᠢᠷᠭᠤᠳᠤᠭ᠋ᠠᠷ ᠪᠦᠯᠦᠭ᠎ᠤᠨ 54 ᠬᠤᠪᠢ ᠵᠠᠬᠢᠳᠠᠯ ᠰᠤᠷᠪᠤᠯᠵᠢᠯᠠᠯ ᠵᠶ᠋ᠠᠷ ᠢᠯᠡᠴᠢᠯᠡᠨ ᠮᠡᠳᠡᠭᠦᠯᠦᠭᠰᠡᠨ ᠬᠡᠷᠡᠭ᠎ᠢ ᠪᠠᠢ᠌ᠴᠠᠭ᠋ᠠᠨ ᠰᠢᠢ᠍ᠳᠪᠦᠷᠢᠯᠡᠪᠡ᠂ ᠡᠭᠦᠨ᠎ᠳᠤ 34 ᠬᠤᠪᠢ ᠵᠢ ᠨᠢᠭᠡᠨᠲᠡ ᠰᠢᠢ᠍ᠳᠪᠦᠷᠢᠯᠡᠨ ᠳᠠᠭᠤᠰᠬᠠᠵᠤ᠂ 15 ᠬᠤᠪᠢ ᠵᠢ ᠱᠠᠲᠤᠴᠢ ᠴᠢᠨᠠᠷᠲᠠᠢ ᠰᠢᠢ᠍ᠳᠪᠦᠷᠢᠯᠡᠨ ᠳᠠᠭᠤᠰᠬᠠᠵᠤ᠂ 5 ᠬᠤᠪᠢ ᠵᠢ ᠰᠢᠢ᠍ᠳᠪᠦᠷᠢᠯᠡᠵᠦ ᠳᠠᠭᠤᠰᠬᠠᠭ᠋ᠠᠳᠤᠢ᠂ 4 ᠨᠢᠭᠡᠴᠢ ᠵᠢ ᠵᠠᠷᠯᠢᠭᠳᠠᠨ ᠴᠡᠭᠴᠡᠯᠡᠨ ᠰᠠᠢ᠌ᠵᠢᠷᠠᠭᠤᠯᠵᠤ᠂ 4 ᠨᠢᠭᠡᠴᠢ ᠵᠢ ᠬᠡᠷᠡᠭ ᠪᠣᠯᠭ᠋ᠠᠨ ᠳᠠᠩᠰᠠᠯᠠᠵᠤ ᠲᠣᠷᠭ᠋ᠠᠨ ᠰᠢᠢ᠍ᠳᠬᠡᠵᠦ᠂ ᠵᠣᠭᠣᠰ ᠵᠶ᠋ᠠᠷ ᠲᠣᠷᠭ᠋ᠠᠭᠰᠠᠨ ᠬᠡᠮᠵᠢᠶ᠎ᠡ 200 ᠲᠦᠭᠦᠷᠢᠭ᠎ᠲᠤ ᠬᠦᠷᠴᠦ᠂ 2 ᠬᠦᠮᠦᠨ᠎ᠳᠤ ᠬᠠᠷᠢᠭᠤᠴᠠᠯᠭ᠎ᠠ ᠲᠤᠯᠭ᠋ᠠᠪᠠ᠃

      7 ᠰᠠᠷ᠎ᠠ ᠵᠢᠨ 2᠎ᠤᠨ ᠡᠳᠦᠷ ᠪᠣᠯᠲᠠᠯ᠎ᠠ᠂ ᠪᠦᠬᠦ ᠣᠷᠣᠨ ᠵᠶ᠋ᠠᠷ ᠵᠶ᠋ᠠᠨ ᠨᠢᠭᠡᠨᠲᠡ 1 — 26 ᠳ᠋ᠤᠭ᠋ᠠᠷ ᠪᠦᠯᠦᠭ᠎ᠤᠨ 1255 ᠬᠤᠪᠢ ᠵᠠᠬᠢᠳᠠᠯ ᠰᠤᠷᠪᠤᠯᠵᠢᠯᠠᠯ ᠵᠶ᠋ᠠᠷ ᠢᠯᠡᠴᠢᠯᠡᠨ ᠮᠡᠳᠡᠭᠦᠯᠦᠭᠰᠡᠨ ᠬᠡᠷᠡᠭ᠎ᠢ ᠪᠠᠢ᠌ᠴᠠᠭ᠋ᠠᠨ ᠰᠢᠢ᠍ᠳᠪᠦᠷᠢᠯᠡᠪᠡ᠂ ᠡᠭᠦᠨ᠎ᠳᠤ 687 ᠬᠤᠪᠢ ᠵᠢ ᠨᠢᠭᠡᠨᠲᠡ ᠰᠢᠢ᠍ᠳᠪᠦᠷᠢᠯᠡᠨ ᠳᠠᠭᠤᠰᠬᠠᠵᠤ᠂ 480 ᠬᠤᠪᠢ ᠵᠢ ᠱᠠᠲᠤᠴᠢ ᠴᠢᠨᠠᠷᠲᠠᠢ ᠰᠢᠢ᠍ᠳᠪᠦᠷᠢᠯᠡᠨ ᠳᠠᠭᠤᠰᠬᠠᠵᠤ᠂ 88 ᠬᠤᠪᠢ ᠵᠢ ᠰᠢᠢ᠍ᠳᠪᠦᠷᠢᠯᠡᠵᠦ ᠳᠠᠭᠤᠰᠬᠠᠭ᠋ᠠᠳᠤᠢ᠂ 206 ᠨᠢᠭᠡᠴᠢ ᠵᠢ ᠵᠠᠷᠯᠢᠭᠳᠠᠨ ᠴᠡᠭᠴᠡᠯᠡᠨ ᠰᠠᠢ᠌ᠵᠢᠷᠠᠭᠤᠯᠵᠤ᠂ 180 ᠨᠢᠭᠡᠴᠢ ᠵᠢ ᠬᠡᠷᠡᠭ ᠪᠣᠯᠭ᠋ᠠᠨ ᠳᠠᠩᠰᠠᠯᠠᠵᠤ ᠲᠣᠷᠭ᠋ᠠᠨ ᠰᠢᠢ᠍ᠳᠬᠡᠵᠦ᠂ ᠵᠣᠭᠣᠰ ᠵᠶ᠋ᠠᠷ ᠲᠣᠷᠭ᠋ᠠᠭᠰᠠᠨ ᠬᠡᠮᠵᠢᠶ᠎ᠡ 1546790.71 ᠲᠦᠭᠦᠷᠢᠭ᠎ᠲᠤ ᠬᠦᠷᠴᠦ᠂ 36 ᠬᠤᠪᠢ ᠵᠢ ᠬᠡᠷᠡᠭ ᠪᠣᠯᠭ᠋ᠠᠨ ᠳᠠᠩᠰᠠᠯᠠᠵᠤ ᠲᠠᠩᠨᠠᠨ ᠪᠠᠢ᠌ᠴᠠᠭ᠋ᠠᠵᠤ᠂ 4 ᠬᠦᠮᠦᠨ᠎ᠢ ᠡᠷᠡᠭᠦᠦ ᠵᠢᠨ ᠬᠡᠷᠡᠭ ᠵᠶ᠋ᠡᠷ ᠲᠦᠷ ᠬᠣᠷᠢᠵᠤ᠂ 22 ᠬᠦᠮᠦᠨ᠎ᠲᠠᠢ ᠪᠣᠯᠵᠣᠨ ᠶᠠᠷᠢᠯᠴᠠᠵᠤ᠂ 38 ᠬᠦᠮᠦᠨ᠎ᠳᠤ ᠬᠠᠷᠢᠭᠤᠴᠠᠯᠭ᠎ᠠ ᠲᠤᠯᠭ᠋ᠠᠪᠠ᠃

     ᠬᠣᠯᠪᠣᠭᠳᠠᠯ ᠪᠦᠬᠦᠢ ᠵᠠᠬᠢᠳᠠᠯ ᠰᠤᠷᠪᠤᠯᠵᠢᠯᠠᠯ ᠵᠶ᠋ᠠᠷ ᠢᠯᠡᠴᠢᠯᠡᠨ ᠮᠡᠳᠡᠭᠦᠯᠦᠭᠰᠡᠨ ᠬᠡᠷᠡᠭ᠎ᠢ ᠲᠥᠪ᠎ᠤᠨ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠬᠢᠨᠠᠨ ᠪᠠᠢ᠌ᠴᠠᠭ᠋ᠠᠬᠤ ᠵᠢᠨ ᠳᠠᠭ᠋ᠠᠤ ᠴᠡᠭᠴᠡᠯᠡᠨ ᠰᠠᠢ᠌ᠵᠢᠷᠠᠭᠤᠯᠬᠤ ᠠᠵᠢᠯ᠎ᠤᠨ ᠱᠠᠭ᠋ᠠᠷᠳᠠᠯᠭ᠎ᠠ ᠶᠤᠰᠤᠭ᠋ᠠᠷ ᠪᠠᠢ᠌ᠴᠠᠭ᠋ᠠᠨ ᠰᠢᠢ᠍ᠳᠪᠦᠷᠢᠯᠡᠵᠦ ᠴᠡᠭᠴᠡᠯᠡᠨ ᠰᠠᠢ᠌ᠵᠢᠷᠠᠭᠤᠯᠬᠤ ᠠᠵᠢᠯ᠎ᠢ ᠦᠷᠭᠦᠯᠵᠢᠯᠡᠨ ᠠᠬᠢᠭᠤᠯᠬᠤ ᠪᠣᠯᠣᠨ᠎ᠠ᠃

      《ᠲᠥᠪ᠎ᠤᠨ ᠠᠮᠢ ᠠᠬᠤᠢ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠬᠢᠨᠠᠨ ᠪᠠᠢ᠌ᠴᠠᠭ᠋ᠠᠯᠲᠠ ᠵᠢᠨ ᠣᠯᠠᠨ ᠲᠦᠮᠡᠨ᠎ᠤ ᠵᠠᠬᠢᠳᠠᠯ ᠰᠤᠷᠪᠤᠯᠵᠢᠯᠠᠯ᠎ᠤᠨ ᠢᠯᠡᠴᠢᠯᠡᠨ ᠮᠡᠳᠡᠭᠦᠯᠦᠯᠲᠡ ᠵᠢ ᠰᠢᠯᠵᠢᠭᠦᠯᠦᠨ ᠰᠢᠢ᠍ᠳᠪᠦᠷᠢᠯᠡᠭᠦᠯᠬᠦ ᠪᠠ ᠬᠢᠨᠠᠨ ᠪᠠᠢ᠌ᠴᠠᠭ᠋ᠠᠬᠤ ᠵᠢᠨ ᠳᠠᠭ᠋ᠠᠤ ᠴᠡᠭᠴᠡᠯᠡᠨ ᠰᠠᠢ᠌ᠵᠢᠷᠠᠭᠤᠯᠬᠤ ᠵᠢ ᠢᠯᠡ ᠪᠣᠯᠭ᠋ᠠᠭᠰᠠᠨ ᠪᠠᠢ᠌ᠳᠠᠯ᠎ᠤᠨ ᠨᠠᠷᠢᠨ ᠠᠭᠤᠯᠭ᠎ᠠ ᠵᠢᠨ ᠬᠦᠰᠦᠨᠦᠭᠲᠦ (26 ᠳ᠋ᠤᠭ᠋ᠠᠷ ᠪᠦᠯᠦᠭ)》 (ᠨᠠᠷᠢᠨ ᠪᠠᠢ᠌ᠳᠠᠯ᠎ᠢ ᠬᠣᠶᠠᠷ ᠬᠡᠮᠵᠢᠯᠲᠦ ᠺᠣᠳ᠋᠎ᠢ ᠰᠢᠷᠪᠢᠵᠦ ᠦᠵᠡᠭᠡᠷᠡᠢ)


中央第二生态环境保护督察组交办内蒙古自治区第二十六批54件群众信访举报件办理情况.jpg

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ