ᠨᠢᠭᠡ ᠭᠣᠣᠯ ᠰᠢᠵᠢᠮ᠎ᠢ ᠲᠤᠭᠤᠰᠢᠲᠠᠢ ᠨᠠᠢ᠌ᠳᠠᠪᠤᠷᠢᠵᠢᠭᠤᠯᠤᠨ᠎ᠠ   -   ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ ᠦᠢ᠍ᠯᠡᠳᠪᠦᠷᠢᠯᠡᠯ᠎ᠤᠨ ᠰᠠᠭᠤᠷᠢᠨ᠎ᠤ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠳᠦᠷᠢᠮ
ᠨᠡᠶ᠋ᠢᠲᠡᠯᠡᠭᠰᠡᠨ ᠴᠠᠭ᠄ 2025-05-27


ᠳᠦᠷᠢᠮ᠎ᠤᠨ ᠲᠣᠪᠴᠢ ᠲᠠᠨᠢᠯᠴᠠᠭᠤᠯᠭ᠎ᠠ

ᠲᠣᠰ ᠳᠦᠷᠢᠮ᠎ᠢ 2023 ᠣᠨ᠎ᠤ 7  ᠳ᠋ᠤᠭ᠋ᠠᠷ  ᠰᠠᠷ᠎ᠠ ᠵᠢᠨ 31᠎ᠤ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ  ᠬᠣᠷᠢᠶᠠᠨ᠎ᠤ  ᠲᠠᠪᠤᠳᠤᠭ᠋ᠠᠷ ᠬᠤᠷᠠᠯᠳᠤᠭ᠋ᠠᠨ ᠵᠶ᠋ᠠᠷ  ᠪᠠᠲᠤᠯᠠᠭ᠋ᠠᠳ ᠂ 2023 ᠣᠨ᠎ᠤ 9  ᠳ᠋ᠦ᠍ᠭᠡᠷ  ᠰᠠᠷ᠎ᠠ ᠵᠢᠨ 1᠎ᠠᠴᠠ ᠡᠬᠢᠯᠡᠵᠦ ᠬᠡᠷᠡᠭᠵᠢᠭᠦᠯᠪᠡ᠃ 


ᠲᠣᠰ ᠳᠦᠷᠢᠮ ᠨᠡᠢ᠍ᠢ᠍ᠳᠡ 9 ᠪᠦᠯᠦᠭ 79 ᠵᠦᠢ᠍ᠯ ᠎ᠲᠠᠢ ᠂  ᠲᠤᠬᠠᠢ᠌ᠯᠠᠪᠠᠯ 《ᠨᠢᠭᠡ ᠶᠡᠷᠦᠩᠬᠡᠢ ᠳᠦᠷᠢᠮ 》᠂ 《ᠬᠣᠶᠠᠷ ᠪᠦᠲᠦᠭᠡᠨ ᠪᠠᠢ᠌ᠭᠤᠯᠤᠯᠲᠠ 》 (ᠰᠠᠭᠤᠷᠢ  ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠂  ᠦᠢ᠍ᠯᠡᠳᠪᠦᠷᠢᠯᠡᠯ᠎ᠤᠨ ᠴᠢᠳᠠᠪᠤᠷᠢ ᠵᠢᠨ ᠪᠦᠲᠦᠭᠡᠨ ᠪᠠᠢ᠌ᠭᠤᠯᠤᠯᠲᠠ )᠂ 《ᠲᠦᠷᠪᠡᠨ  ᠲᠣᠭᠲᠠᠯᠴᠠᠭ᠎ᠠ 》 (ᠠᠵᠤ ᠦᠢ᠍ᠯᠡᠰ᠎ᠢ ᠠᠭᠤᠰᠤᠯᠴᠠᠭᠤᠯᠤᠨ ᠬᠥᠭᠵᠢᠭᠦᠯᠬᠦ  ᠲᠣᠭᠲᠠᠯᠴᠠᠭ᠎ᠠ ᠂  ᠦᠷ᠎ᠡ  ᠡᠭᠦᠯᠳᠡᠷ᠎ᠤᠨ  ᠦᠢ᠍ᠯᠡᠰ᠎ᠤᠨ ᠬᠥᠭᠵᠢᠯᠲᠡ  ᠪᠠ  ᠰᠢᠨᠵᠢᠯᠡᠬᠦ ᠤᠬᠠᠭ᠋ᠠᠨ  ᠲᠸᠭᠨᠢᠭ  ᠮᠡᠷᠭᠡᠵᠢᠯ᠎ᠤᠨ  ᠲᠣᠨᠣᠭ ᠲᠥᠬᠥᠭᠡᠷᠦᠮᠵᠢ ᠵᠢᠨ  ᠲᠣᠭᠲᠠᠯᠴᠠᠭ᠎ᠠ ᠂  ᠡᠵᠡᠩᠨᠡᠯᠲᠡ ᠵᠢᠨ  ᠲᠣᠭᠲᠠᠯᠴᠠᠭ᠎ᠠ ᠂  ᠪᠣᠬᠢᠷᠲᠤᠯ ᠦᠭᠡᠢ ᠬᠥᠭᠵᠢᠯᠲᠡ ᠵᠢᠨ  ᠲᠣᠭᠲᠠᠯᠴᠠᠭ᠎ᠠ ᠵᠢᠨ  ᠪᠠᠢ᠌ᠭᠤᠯᠤᠯᠲᠠ )  ᠪᠠ 《ᠨᠢᠭᠡ ᠪᠠᠲᠤᠯᠠᠭ᠎ᠠ 》 (ᠪᠠᠲᠤᠯᠠᠭ᠎ᠠ ᠵᠢᠨ ᠠᠷᠭ᠎ᠠ ᠬᠡᠮᠵᠢᠶ᠎ᠡ )᠎ᠪᠠᠷ ᠪᠦᠷᠢᠯᠳᠦᠭᠰᠡᠨ ᠪᠠᠢ᠌ᠨ᠎ᠠ ᠃  ᠤᠯᠤᠰ᠎ᠤᠨ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ  ᠦᠢ᠍ᠯᠡᠳᠪᠦᠷᠢᠯᠡᠯ᠎ᠤᠨ  ᠰᠠᠭᠤᠷᠢᠨ᠎ᠢ ᠪᠦᠲᠦᠭᠡᠨ ᠪᠠᠶ᠋ᠢᠭᠤᠯᠬᠤ ᠵᠢᠨ ᠭᠣᠣᠯ  ᠬᠠᠷᠠᠯᠲᠠᠲᠤ  ᠡᠭᠦᠷᠭᠡ ᠪᠣᠯ ᠰᠢᠨ᠎ᠡ ᠬᠥᠭᠵᠢᠯᠲᠡ ᠵᠢᠨ  ᠣᠨᠣᠯᠵᠢᠬᠤᠨ᠎ᠢ ᠪᠦᠷᠢᠨ ᠪᠦᠲᠦᠨ ᠂  ᠵᠥᠪ  ᠣᠨᠣᠪᠴᠢᠲᠠᠶ ᠂  ᠪᠦᠬᠦ ᠲᠠᠯ᠎ᠠ᠎ᠪᠠᠷ  ᠲᠤᠭᠤᠰᠢᠯᠠᠭᠤᠯᠵᠤ ᠂  ᠠᠮᠢ ᠠᠬᠤᠢ ᠵᠢ  ᠤᠷᠢᠳ ᠵᠶ᠋ᠠᠷ ᠪᠣᠳᠣᠯᠬᠢᠯᠠᠬᠤ ᠂  ᠪᠣᠬᠢᠷᠲᠤᠯ ᠦᠭᠡᠢ ᠬᠥᠭᠵᠢᠭᠦᠯᠬᠦ᠎ᠪᠠᠷ ᠤᠳᠤᠷᠢᠳᠤᠮᠵᠢ  ᠪᠣᠯᠭ᠋ᠠᠨ ᠂  ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ᠎ᠢ  ᠤᠷᠢᠳ ᠵᠶ᠋ᠠᠷ ᠬᠥᠭᠵᠢᠭᠦᠯᠬᠦ ᠵᠢ  ᠪᠠᠷᠢᠮᠲᠠᠯᠠᠵᠤ ᠂  ᠭᠠᠵᠠᠷ  ᠠᠰᠢᠭᠯᠠᠵᠤ  ᠠᠮᠤ  ᠬᠤᠷᠢᠶᠠᠬᠤ ᠂  ᠮᠡᠷᠭᠡᠵᠢᠯ᠎ᠳᠤ  ᠲᠦᠰᠢᠭᠯᠡᠵᠦ ᠬᠦᠨᠡᠰᠦ ᠨᠥᠭᠡᠴᠡᠯᠡᠬᠦ  ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠵᠦ ᠂  ᠲᠠᠷᠢᠶᠠᠯᠠᠩ ᠮᠠᠯ ᠠᠵᠤ ᠠᠬᠤᠢ ᠵᠢᠨ ᠴᠢᠨᠠᠷ ᠰᠠᠢ᠌ᠲᠠᠢ ᠡᠬᠢ ᠪᠠᠶᠠᠯᠢᠭ᠎ᠤᠨ ᠲᠣᠭ᠎ᠠ ᠬᠡᠮᠵᠢᠶ᠎ᠡ ᠵᠢ  ᠠᠷᠪᠢᠵᠢᠭᠤᠯᠤᠨ ᠂  ᠪᠣᠬᠢᠷᠲᠤᠯ ᠦᠭᠡᠢ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢ ᠨᠡᠮᠡᠭᠳᠡᠭᠦᠯᠵᠦ ᠂  ᠲᠠᠷᠢᠶᠠᠯᠠᠩ ᠮᠠᠯ ᠠᠵᠤ ᠠᠬᠤᠢ ᠵᠢᠨ ᠬᠥᠭᠵᠢᠯᠲᠡ ᠵᠢᠨ ᠴᠢᠨᠠᠷ  ᠴᠢᠨᠰᠠᠭ᠎ᠠ ᠵᠢ ᠰᠠᠢ᠌ᠵᠢᠷᠠᠭᠤᠯᠤᠨ ᠂  ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠂  ᠠᠮᠤ ᠪᠤᠳᠠᠭ᠎ᠠ ᠪᠠ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ  ᠠᠮᠤᠷ ᠲᠦᠪᠰᠢᠨ ᠬᠠᠩᠭ᠋ᠠᠯᠭ᠎ᠠ ᠵᠢ  ᠪᠠᠲᠤᠯᠠᠬᠤ ᠶᠠᠪᠤᠳᠠᠯ ᠪᠣᠯᠣᠨ᠎ᠠ ᠬᠡᠮᠡᠨ ᠲᠣᠳᠣᠷᠬᠠᠢ᠌ᠯᠠᠪᠠ ᠃ 

ᠨᠢᠭᠡ᠎ᠳᠤ ᠶᠡᠷᠦᠩᠬᠡᠢ ᠳᠦᠷᠢᠮ᠎ᠤᠨ ᠬᠡᠰᠡᠭ᠎ᠲᠤ ᠂  ᠤᠯᠤᠰ᠎ᠤᠨ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ  ᠦᠢ᠍ᠯᠡᠳᠪᠦᠷᠢᠯᠡᠯ᠎ᠤᠨ  ᠰᠠᠭᠤᠷᠢᠨ᠎ᠢ ᠪᠦᠲᠦᠭᠡᠨ ᠪᠠᠶ᠋ᠢᠭᠤᠯᠬᠤ᠎ᠳᠤ  ᠪᠠᠷᠢᠮᠲᠠᠯᠠᠪᠠᠰᠤ ᠵᠣᠬᠢᠬᠤ  ᠵᠢᠯᠤᠭᠣᠳᠬᠤ ᠦᠵᠡᠯ ᠰᠠᠨᠠᠭ᠎ᠠ ᠂  ᠦᠨᠳᠦᠰᠦᠨ ᠵᠠᠷᠴᠢᠮ ᠪᠠ  ᠬᠠᠷᠠᠯᠲᠠᠲᠤ  ᠡᠭᠦᠷᠭᠡ ᠵᠢ  ᠲᠣᠳᠣᠷᠬᠠᠢ᠌ᠯᠠᠵᠠᠢ ᠃  ᠪᠠᠰᠠ  ᠮᠠᠯᠴᠢᠨ  ᠲᠠᠷᠢᠶᠠᠴᠢᠳ᠎ᠤᠨ  ᠭᠣᠣᠯ ᠴᠣᠭᠴᠠ ᠵᠢᠨ ᠦᠢ᠍ᠯᠡᠳᠦᠯ᠎ᠢ ᠵᠢᠷᠤᠮᠵᠢᠭᠤᠯᠤᠨ ᠂  ᠮᠠᠯᠴᠢᠨ  ᠲᠠᠷᠢᠶᠠᠴᠢᠳ᠎ᠤᠨ ᠬᠦᠰᠡᠯᠲᠡ ᠵᠢ ᠬᠦᠨᠳᠦᠳᠬᠡᠵᠦ ᠂  ᠮᠠᠯᠴᠢᠨ  ᠲᠠᠷᠢᠶᠠᠴᠢᠳ᠎ᠤᠨ  ᠢᠳᠡᠪᠬᠢᠵᠢᠯ ᠂  ᠰᠠᠨᠠᠭ᠋ᠠᠴᠢᠯᠠᠭ᠋ᠠᠲᠤ ᠴᠢᠨᠠᠷ ᠂  ᠪᠦᠲᠦᠭᠡᠯᠴᠢ ᠴᠢᠨᠠᠷ᠎ᠢ ᠭᠦᠢ᠍ᠴᠡᠳ ᠳᠠᠶ᠋ᠢᠴᠢᠯᠠᠨ ᠂  ᠮᠠᠯᠴᠢᠨ  ᠲᠠᠷᠢᠶᠠᠴᠢᠳ᠎ᠤᠨ  ᠬᠠᠤᠯᠢ ᠶᠣᠰᠣᠨ᠎ᠤ ᠡᠷᠬᠡ ᠠᠰᠢᠭ᠎ᠢ  ᠬᠠᠮᠠᠭ᠋ᠠᠯᠠᠬᠤ ᠪᠣᠯᠣᠨ᠎ᠠ ᠃ 

ᠬᠣᠶᠠᠷ᠎ᠲᠤ ᠰᠠᠭᠤᠷᠢ  ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢᠨ ᠬᠡᠰᠡᠭ᠎ᠲᠤ᠂  ᠲᠠᠷᠢᠶᠠᠯᠠᠬᠤ  ᠭᠠᠵᠠᠷ᠎ᠤᠨ ᠬᠠᠮᠠᠭ᠋ᠠᠯᠠᠯᠲᠠ ᠂  ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠂  ᠬᠠᠷ᠎ᠠ  ᠬᠥᠷᠥᠰᠥᠲᠦ ᠭᠠᠵᠠᠷ᠎ᠤᠨ  ᠬᠠᠮᠠᠭ᠋ᠠᠯᠠᠯᠲᠠ ᠂  ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠂  ᠪᠡᠯᠡᠳᠬᠡᠮᠵᠢᠲᠦ  ᠲᠠᠷᠢᠶᠠᠯᠠᠩ ᠮᠠᠯ ᠠᠵᠤ ᠠᠬᠤᠢ ᠵᠢᠨ ᠪᠦᠲᠦᠭᠡᠨ ᠪᠠᠢ᠌ᠭᠤᠯᠤᠯᠲᠠ ᠂  ᠤᠰᠤᠨ ᠠᠰᠢᠭᠯᠠᠯᠲᠠ ᠵᠢᠨ ᠰᠠᠭᠤᠷᠢ  ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠂  ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢ  ᠬᠥᠮᠥᠷᠭᠡᠯᠡᠵᠦ ᠨᠥᠭᠡᠴᠡᠯᠡᠨ ᠪᠠᠷᠠᠭ᠋ᠠᠨ᠎ᠤ ᠬᠦᠢ᠍ᠲᠡᠨ ᠬᠡᠯᠬᠢᠶ᠎ᠡ᠎ᠪᠠᠷ ᠭᠦᠢ᠍ᠯᠭᠡᠭᠡᠬᠦ  ᠪᠦᠲᠦᠭᠡᠨ ᠪᠠᠢ᠌ᠭᠤᠯᠤᠯᠲᠠ ᠪᠠ ᠲᠠᠷᠢᠶᠠᠯᠠᠩ ᠮᠠᠯ ᠠᠵᠤ ᠠᠬᠤᠢ ᠵᠢᠨ ᠭᠠᠮᠰᠢᠭ᠎ᠢ  ᠰᠡᠷᠭᠡᠢ᠌ᠯᠡᠨ ᠬᠣᠷᠢᠭᠯᠠᠬᠤ  ᠳᠣᠭᠲᠠᠯᠴᠠᠭ᠎ᠠ ᠵᠢᠨ ᠪᠦᠲᠦᠭᠡᠨ ᠪᠠᠢ᠌ᠭᠤᠯᠤᠯᠲᠠ ᠵᠡᠷᠭᠡ ᠠᠭᠤᠯᠭ᠎ᠠ᠎ᠳᠤ ᠲᠣᠭᠲᠠᠭ᠋ᠠᠯ ᠭᠠᠷᠭ᠋ᠠᠵᠤ ᠂  ᠬᠠᠮᠢᠶ᠎ᠠ ᠪᠦᠬᠦᠢ ᠳᠦᠷᠢᠮ᠎ᠢ ᠲᠡᠭᠦᠯᠳᠡᠷᠵᠢᠭᠦᠯᠬᠦ᠎ᠪᠠᠷ ᠳᠠᠮᠵᠢᠭᠤᠯᠤᠨ ᠂  ᠰᠠᠭᠤᠷᠢ  ᠪᠡᠯᠡᠳᠬᠡᠮᠵᠢ ᠵᠢᠨ ᠳᠤᠲᠠᠭᠤᠳᠠᠯ᠎ᠢ ᠨᠥᠬᠥᠪᠦᠷᠢᠯᠡᠵᠦ ᠂  ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠬᠥᠭᠵᠢᠯᠲᠡ ᠵᠢᠨ ᠰᠠᠭᠤᠷᠢ ᠵᠢ ᠪᠡᠬᠢᠵᠢᠭᠦᠯᠬᠦ᠎ᠪᠠᠷ  ᠴᠢᠷᠮᠠᠢ᠌ᠬᠤ ᠪᠣᠯᠣᠨ᠎ᠠ ᠃ 

ᠭᠤᠷᠪᠠ᠎ᠳᠤ ᠦᠢ᠍ᠯᠡᠳᠪᠦᠷᠢᠯᠡᠯ᠎ᠤᠨ ᠴᠢᠳᠠᠪᠤᠷᠢ ᠵᠢᠨ ᠪᠦᠲᠦᠭᠡᠨ  ᠪᠠᠢ᠌ᠭᠤᠯᠤᠯᠲᠠ ᠵᠢᠨ ᠬᠡᠰᠡᠭ᠎ᠲᠤ ᠂  ᠲᠠᠷᠢᠶᠠᠯᠠᠩ ᠮᠠᠯ ᠠᠵᠤ ᠠᠬᠤᠢ ᠵᠢᠨ ᠬᠥᠭᠵᠢᠯᠲᠡ ᠵᠢᠨ ᠲᠥᠯᠦᠪᠵᠢᠭᠦᠯᠭᠡ ᠂  ᠠᠮᠤ  ᠪᠤᠳᠠᠭ᠋ᠠᠨ᠎ᠤ ᠲᠠᠷᠢᠶᠠᠯᠠᠭ᠎ᠠ ᠂  ᠮᠠᠯ ᠠᠵᠤ ᠠᠬᠤᠢ ᠵᠢᠨ ᠬᠥᠭᠵᠢᠯᠲᠡ ᠂  ᠠᠯᠠᠰᠢᠨ ᠦᠬᠡᠷ ᠠᠯᠠᠰᠢᠨ ᠬᠣᠨᠢ ᠠᠮᠢᠳᠤ ᠭᠠᠬᠠᠢ ᠵᠢᠨ ᠦᠢ᠍ᠯᠡᠳᠪᠦᠷᠢᠯᠡᠯ ᠂  ᠰᠦ  ᠰᠠᠭ᠋ᠠᠯᠢ ᠵᠢᠨ ᠦᠢ᠍ᠯᠡᠰ ᠂  ᠢᠮᠠᠭ᠋ᠠᠨ  ᠨᠣᠣᠯᠣᠭᠤᠷ᠎ᠤᠨ ᠦᠢ᠍ᠯᠡᠰ ᠂  ᠲᠡᠵᠢᠭᠡᠯ ᠡᠪᠡᠰᠦᠨ᠎ᠤ ᠦᠢ᠍ᠯᠡᠳᠪᠦᠷᠢᠯᠡᠬᠦ ᠴᠢᠳᠠᠮᠵᠢ ᠵᠢᠨ ᠪᠠᠢ᠌ᠭᠤᠯᠤᠯᠲᠠ ᠵᠡᠷᠭᠡ ᠠᠭᠤᠯᠭ᠎ᠠ᠎ᠳᠤ ᠲᠣᠭᠲᠠᠭ᠋ᠠᠯ  ᠳᠣᠭᠲᠠᠭ᠋ᠠᠵᠤ ᠂  ᠶᠡᠷᠦᠩᠬᠡᠢ᠌ᠯᠡᠭᠰᠡᠨ ᠦᠢ᠍ᠯᠡᠳᠪᠦᠷᠢᠯᠡᠯ᠎ᠤᠨ ᠴᠢᠳᠠᠪᠤᠷᠢ ᠵᠢ ᠳᠡᠭᠡᠭᠰᠢᠯᠡᠭᠦᠯᠬᠦ᠎ᠪᠠᠷ ᠳᠠᠮᠵᠢᠭᠤᠯᠤᠨ ᠂  ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ  ᠬᠠᠩᠭ᠋ᠠᠵᠤ ᠪᠠᠲᠤᠯᠠᠬᠤ  ᠳᠣᠭᠲᠠᠯᠴᠠᠭ᠎ᠠ ᠵᠢ ᠴᠢᠨᠠᠷ ᠰᠠᠢ᠌ᠲᠠᠢ  ᠪᠠᠢ᠌ᠭᠤᠯᠬᠤ ᠪᠣᠯᠣᠨ᠎ᠠ ᠃ 

ᠳᠥᠷᠪᠡ᠎ᠳᠤ ᠠᠵᠤ ᠦᠢ᠍ᠯᠡᠰ᠎ᠢ  ᠠᠭᠤᠰᠤᠯᠴᠠᠭᠤᠯᠤᠨ ᠬᠥᠭᠵᠢᠭᠦᠯᠬᠦ ᠲᠣᠭᠲᠠᠯᠴᠠᠭ᠎ᠠ ᠵᠢᠨ  ᠪᠠᠢ᠌ᠭᠤᠯᠤᠯᠲᠠ ᠵᠢᠨ ᠬᠡᠰᠡᠭ᠎ᠲᠤ᠂  ᠲᠠᠷᠢᠶᠠᠯᠠᠩ ᠮᠠᠯ ᠠᠵᠤ ᠠᠬᠤᠢ ᠵᠢᠨ ᠬᠡᠯᠪᠡᠷᠢ ᠵᠢ ᠎ᠨᠢ  ᠬᠤᠪᠢᠷᠠᠭᠤᠯᠤᠨ  ᠬᠥᠭᠵᠢᠭᠦᠯᠬᠦ ᠵᠢ ᠠᠬᠢᠭᠤᠯᠬᠤ ᠂  ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠪᠠᠢ᠌ᠷᠢᠰᠢᠯ᠎ᠢ ᠰᠢᠯᠢᠳᠡᠭᠵᠢᠭᠦᠯᠬᠦ ᠂  ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠪᠦᠲᠦᠴᠡ᠎ᠳᠤ ᠲᠣᠬᠢᠷᠠᠭᠤᠯᠤᠯᠲᠠ ᠬᠢᠬᠦ ᠂  ᠳᠠᠪᠠᠭᠤᠯᠢᠭ ᠣᠨᠴᠠᠯᠢᠭᠲᠤ ᠠᠵᠤ ᠦᠢ᠍ᠯᠡᠰ᠎ᠢ ᠬᠥᠭᠵᠢᠭᠦᠯᠬᠦ ᠂  ᠪᠠᠷᠢᠮᠵᠢᠶᠠᠵᠢᠭᠤᠯᠤᠭᠰᠠᠨ ᠦᠢ᠍ᠯᠡᠳᠪᠦᠷᠢᠯᠡᠯ᠎ᠤᠨ  ᠰᠠᠭᠤᠷᠢᠨ᠎ᠤ  ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠂  ᠠᠵᠤ ᠦᠢ᠍ᠯᠡᠰ᠎ᠢ  ᠠᠭᠤᠰᠤᠯᠴᠠᠭᠤᠯᠤᠨ ᠬᠥᠭᠵᠢᠭᠦᠯᠬᠦ ᠵᠢ ᠠᠬᠢᠭᠤᠯᠬᠤ ᠂  ᠠᠵᠤ ᠦᠢ᠍ᠯᠡᠰ᠎ᠤᠨ  ᠪᠦᠯᠦᠭᠵᠢᠯ  ᠪᠠ  ᠰᠠᠭᠤᠷᠢᠨ᠎ᠢ ᠡᠭᠦᠳᠦᠨ ᠪᠠᠶ᠋ᠢᠭᠤᠯᠬᠤ ᠂  ᠲᠠᠷᠢᠶᠠᠯᠠᠩ᠎ᠤᠨ  ᠪᠦᠲᠦᠭᠡᠭᠳᠡᠭᠦᠨ  ᠮᠠᠯ᠎ᠤᠨ ᠠᠰᠢᠭ ᠰᠢᠮ᠎ᠡ ᠵᠢ  ᠨᠠᠷᠢᠯᠢᠭ  ᠡᠳ᠋ᠰᠢᠭᠦᠯᠵᠦ  ᠪᠣᠯᠪᠠᠰᠤᠷᠠᠭᠤᠯᠬᠤ ᠂ ᠨᠠᠷᠠᠲᠤ ᠳᠡᠮᠳᠡᠭ᠎ᠤᠨ  ᠪᠠᠢ᠌ᠭᠤᠯᠤᠯᠲᠠ ᠵᠡᠷᠭᠡ ᠠᠭᠤᠯᠭ᠎ᠠ᠎ᠳᠤ ᠲᠣᠭᠲᠠᠭ᠋ᠠᠯ  ᠳᠣᠭᠲᠠᠭ᠋ᠠᠵᠤ᠂  ᠪᠥᠬᠥ ᠠᠵᠤ ᠦᠢ᠍ᠯᠡᠰ᠎ᠤᠨ  ᠬᠡᠯᠬᠢᠶᠡᠨ᠎ᠤ  ᠪᠦᠲᠦᠭᠡᠨ ᠪᠠᠢ᠌ᠭᠤᠯᠤᠯᠲᠠ ᠵᠢ ᠠᠬᠢᠭᠤᠯᠬᠤ᠎ᠪᠠᠷ  ᠳᠠᠮᠵᠢᠭᠤᠯᠤᠨ ᠂  ᠠᠵᠤ ᠦᠢ᠍ᠯᠡᠰ᠎ᠢ  ᠠᠭᠤᠰᠤᠯᠴᠠᠭᠤᠯᠤᠨ ᠬᠥᠭᠵᠢᠭᠦᠯᠬᠦ  ᠳᠣᠭᠲᠠᠯᠴᠠᠭ᠎ᠠ ᠵᠢ ᠴᠢᠨᠠᠷ ᠰᠠᠢ᠌ᠲᠠᠢ  ᠪᠠᠢ᠌ᠭᠤᠯᠬᠤ ᠪᠣᠯᠣᠨ᠎ᠠ ᠃ 

ᠲᠠᠪᠤ᠎ᠳᠤ  ᠦᠷ᠎ᠡ  ᠡᠭᠦᠯᠳᠡᠷ᠎ᠤᠨ  ᠦᠢ᠍ᠯᠡᠰ᠎ᠤᠨ ᠬᠥᠭᠵᠢᠯᠲᠡ ᠪᠠ ᠰᠢᠨᠵᠢᠯᠡᠬᠦ ᠤᠬᠠᠭ᠋ᠠᠨ  ᠲᠸᠭᠨᠢᠭ  ᠮᠡᠷᠭᠡᠵᠢᠯ᠎ᠤᠨ  ᠲᠣᠨᠣᠭ ᠲᠥᠬᠥᠭᠡᠷᠦᠮᠵᠢ ᠵᠢᠨ  ᠳᠣᠭᠲᠠᠯᠴᠠᠭ᠎ᠠ ᠵᠢᠨ  ᠪᠠᠢ᠌ᠭᠤᠯᠤᠯᠲᠠ ᠵᠢᠨ ᠬᠡᠰᠡᠭ᠎ᠲᠤ ᠂  ᠦᠷ᠎ᠡ  ᠡᠭᠦᠯᠳᠡᠷ᠎ᠤᠨ  ᠦᠢ᠍ᠯᠡᠰ᠎ᠢ  ᠬᠥᠭᠵᠢᠭᠦᠯᠬᠦ ᠂  ᠰᠠᠢ᠌ᠨ  ᠦᠷ᠎ᠡ ᠡᠭᠦᠯᠳᠡᠷᠵᠢᠭᠦᠯᠬᠦ  ᠬᠢᠷᠢ  ᠲᠦᠪᠰᠢᠨ᠎ᠢ ᠳᠡᠭᠡᠭᠰᠢᠯᠡᠭᠦᠯᠬᠦ ᠂  ᠲᠠᠷᠢᠶᠠᠯᠠᠩ ᠮᠠᠯ ᠠᠵᠤ ᠠᠬᠤᠢ ᠵᠢᠨ ᠰᠢᠨᠵᠢᠯᠡᠬᠦ ᠤᠬᠠᠭ᠋ᠠᠨ  ᠲᠸᠭᠨᠢᠭ  ᠮᠡᠷᠭᠡᠵᠢᠯ᠎ᠢ  ᠡᠷᠴᠢᠮᠵᠢᠭᠦᠯᠦᠨ ᠣᠳᠣᠬᠢᠴᠢᠯᠠᠵᠤ  ᠪᠦᠲᠦᠭᠡᠨ  ᠪᠠᠢ᠌ᠭᠤᠯᠬᠤ ᠂  ᠰᠢᠨᠵᠢᠯᠡᠬᠦ ᠤᠬᠠᠭ᠋ᠠᠨ  ᠲᠸᠭᠨᠢᠭ  ᠮᠡᠷᠭᠡᠵᠢᠯ᠎ᠤᠨ ᠦᠷ᠎ᠡ ᠪᠦᠲᠦᠭᠡᠯ᠎ᠢ  ᠰᠢᠯᠵᠢᠭᠦᠯᠵᠦ  ᠤᠯᠠᠷᠢᠭᠤᠯᠬᠤ ᠂  ᠰᠢᠨᠵᠢᠯᠡᠬᠦ ᠤᠬᠠᠭ᠋ᠠᠨ  ᠲᠸᠭᠨᠢᠭ  ᠮᠡᠷᠭᠡᠵᠢᠯ᠎ᠤᠨ ᠨᠡᠭᠡᠭᠡᠯᠲᠡ ᠪᠠ ᠬᠡᠷᠡᠭᠯᠡᠯᠲᠡ ᠵᠢ  ᠳᠡᠯᠭᠡᠷᠡᠭᠦᠯᠬᠦ ᠂  ᠲᠠᠷᠢᠶᠠᠯᠠᠩ ᠮᠠᠯ ᠠᠵᠤ ᠠᠬᠤᠢ ᠵᠢᠨ ᠮᠠᠰᠢᠨᠴᠢᠯᠠᠯᠲᠠ ᠵᠢᠨ ᠲᠣᠨᠣᠭ ᠲᠥᠬᠦᠭᠡᠷᠦᠮᠵᠢ ᠵᠢ  ᠪᠦᠲᠦᠭᠡᠨ  ᠪᠠᠢ᠌ᠭᠤᠯᠬᠤ  ᠵᠡᠷᠭᠡ ᠠᠭᠤᠯᠭ᠎ᠠ᠎ᠳᠤ ᠲᠣᠭᠲᠠᠭ᠋ᠠᠯ  ᠳᠣᠭᠲᠠᠭ᠋ᠠᠵᠤ ᠂  ᠰᠢᠨᠵᠢᠯᠡᠬᠦ ᠤᠬᠠᠭ᠋ᠠᠨ  ᠲᠸᠭᠨᠢᠭ  ᠮᠡᠷᠭᠡᠵᠢᠯ᠎ᠤᠨ  ᠰᠢᠨ᠎ᠡ ᠵᠢ ᠡᠭᠦᠳᠬᠦ᠎ᠪᠠᠷ  ᠲᠤᠯᠭ᠋ᠠᠭᠤᠷᠢᠯᠠᠭᠤᠯᠬᠤ  ᠳᠣᠭᠲᠠᠯᠴᠠᠭ᠎ᠠ ᠵᠢᠨ ᠪᠠᠢ᠌ᠭᠤᠯᠤᠯᠲᠠ ᠵᠢ  ᠴᠢᠩᠭ᠋ᠠᠷᠠᠭᠤᠯᠬᠤ ᠪᠣᠯᠣᠨ᠎ᠠ ᠃ 

ᠵᠢᠷᠭᠤᠭ᠎ᠠ᠎ᠳᠤ ᠡᠵᠡᠩᠨᠡᠯᠲᠡ ᠵᠢᠨ  ᠲᠣᠭᠲᠠᠯᠴᠠᠭ᠎ᠠ ᠵᠢᠨ  ᠪᠠᠢ᠌ᠭᠤᠯᠤᠯᠲᠠ ᠵᠢᠨ ᠬᠡᠰᠡᠭ᠎ᠲᠤ᠂  ᠮᠠᠯᠵᠢᠬᠤ ᠲᠠᠷᠢᠶᠠᠯᠠᠬᠤ ᠣᠷᠣᠨ᠎ᠤ ᠭᠠᠵᠠᠷ ᠰᠢᠷᠣᠢ ᠂  ᠬᠠᠳᠤᠯᠠᠩ ᠪᠡᠯᠴᠢᠭᠡᠷ᠎ᠤᠨ  ᠳᠠᠭ᠋ᠠᠭ᠋ᠠᠴᠢᠯᠠᠨ ᠡᠵᠡᠩᠨᠡᠬᠦ ᠡᠷᠬᠡ ᠵᠢᠨ  ᠰᠢᠯᠵᠢᠭᠦᠯᠦᠯᠲᠡ  ᠵᠡᠷᠭᠡ ᠡᠵᠡᠩᠨᠡᠯᠲᠡ ᠵᠢᠨ  ᠦᠨᠳᠦᠰᠦᠨ  ᠳᠦᠷᠢᠮ᠎ᠢ ᠲᠣᠳᠣᠷᠬᠠᠢ᠌ᠯᠠᠵᠤ ᠂  ᠮᠠᠯᠵᠢᠬᠤ ᠲᠠᠷᠢᠶᠠᠯᠠᠬᠤ ᠣᠷᠣᠨ᠎ᠤ ᠬᠠᠮᠲᠤ ᠵᠢᠨ ᠠᠵᠤ ᠠᠬᠤᠢ ᠵᠢ  ᠬᠥᠭᠵᠢᠭᠦᠯᠬᠦ ᠂  ᠭᠣᠣᠯᠳᠠᠯᠭ᠎ᠠ  ᠪᠣᠯᠬᠤ  ᠬᠥᠲᠥᠴᠢ ᠠᠵᠤ ᠠᠬᠤᠢ᠌ᠯᠠᠯ᠎ᠢ  ᠪᠣᠢ᠌ᠵᠢᠭᠤᠯᠬᠤ ᠂  ᠰᠢᠨ᠎ᠡ  ᠬᠡᠯᠪᠡᠷᠢ ᠪᠦᠬᠦᠢ  ᠡᠵᠡᠩᠨᠡᠯᠲᠡ ᠵᠢᠨ ᠭᠣᠣᠯ ᠴᠣᠭᠴᠠ ᠵᠢ  ᠪᠣᠢ᠌ᠵᠢᠭᠤᠯᠤᠨ ᠪᠤᠵᠠᠭ᠋ᠠᠢ᠌ᠷᠠᠭᠤᠯᠬᠤ ᠂  ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠵᠣᠬᠢᠶᠠᠨ ᠪᠠᠢ᠌ᠭᠤᠯᠤᠯᠲᠠ ᠵᠢ  ᠪᠣᠢ᠌ᠵᠢᠭᠤᠯᠬᠤ  ᠵᠢᠴᠢ  ᠳᠣᠭᠲᠠᠯᠴᠠᠭ᠎ᠠ ᠵᠢᠨ ᠪᠠᠢ᠌ᠭᠤᠯᠤᠯᠲᠠ ᠵᠡᠷᠭᠡ ᠵᠦᠢ᠍ᠯᠡᠰ᠎ᠲᠤ ᠲᠣᠭᠲᠠᠭ᠋ᠠᠯ  ᠳᠣᠭᠲᠠᠭ᠋ᠠᠵᠤ ᠂  ᠥᠭᠡᠷᠡᠴᠢᠯᠡᠯᠲᠡ ᠬᠥᠭᠵᠢᠯᠲᠡ ᠵᠢᠨ ᠠᠮᠢᠵᠢᠷᠠᠯ᠎ᠤᠨ ᠬᠦᠴᠦᠨ᠎ᠢ ᠭᠦᠢ᠍ᠴᠡᠳ ᠬᠥᠭᠵᠢᠭᠡᠨ ᠂  ᠰᠢᠨ᠎ᠡ  ᠬᠡᠯᠪᠡᠷᠢ ᠪᠦᠬᠦᠢ  ᠲᠠᠷᠢᠶᠠᠯᠠᠩ ᠮᠠᠯ ᠠᠵᠤ ᠠᠬᠤᠢ ᠵᠢᠨ ᠡᠵᠡᠩᠨᠡᠯᠲᠡ ᠵᠢᠨ  ᠳᠣᠭᠲᠠᠯᠴᠠᠭ᠎ᠠ ᠵᠢ ᠴᠢᠨᠠᠷ ᠰᠠᠢ᠌ᠲᠠᠢ  ᠪᠠᠢ᠌ᠭᠤᠯᠬᠤ ᠪᠣᠯᠣᠨ᠎ᠠ ᠃ 

ᠲᠤᠯᠤᠭ᠎ᠠ᠎ᠳᠤ ᠪᠣᠬᠢᠷᠲᠤᠯ ᠦᠭᠡᠢ ᠬᠥᠭᠵᠢᠯᠲᠡ ᠵᠢᠨ  ᠲᠣᠭᠲᠠᠯᠴᠠᠭ᠎ᠠ ᠵᠢᠨ  ᠪᠠᠢ᠌ᠭᠤᠯᠤᠯᠲᠠ ᠵᠢᠨ ᠬᠡᠰᠡᠭ᠎ᠲᠤ ᠂  ᠤᠰᠤ ᠵᠢ  ᠥᠨᠳᠥᠷ ᠪᠦᠲᠦᠮᠵᠢᠲᠡᠢ  ᠠᠷᠪᠢᠯᠠᠬᠤ  ᠲᠠᠷᠢᠶᠠᠯᠠᠩ  ᠬᠢᠭᠡᠳ  ᠠᠮᠢ ᠠᠬᠤᠢ ᠵᠢᠨ  ᠲᠠᠷᠢᠶᠠᠯᠠᠩ  ᠮᠠᠯ ᠠᠵᠤ ᠠᠬᠤᠢ ᠂  ᠤᠨᠠᠯᠲᠠ  ᠭᠠᠷᠤᠯᠲᠠ ᠵᠢᠨ ᠣᠷᠣᠨ᠎ᠤ ᠣᠷᠴᠢᠨ  ᠨᠥᠭᠦᠴᠡᠯ᠎ᠢ  ᠴᠡᠪᠡᠷᠰᠢᠭᠦᠯᠬᠦ ᠂  ᠪᠣᠬᠢᠷᠲᠤᠯ ᠦᠭᠡᠢ᠎ᠪᠠᠷ  ᠰᠡᠷᠭᠡᠢ᠌ᠯᠡᠨ ᠡᠵᠡᠮᠳᠡᠬᠦ ᠠᠷᠭ᠎ᠠ ᠬᠡᠮᠵᠢᠶ᠎ᠡ ᠂  ᠨᠤᠲᠤᠭ ᠪᠡᠯᠴᠢᠭᠡᠷ᠎ᠤᠨ ᠮᠠᠯ ᠠᠵᠤ ᠠᠬᠤᠢ ᠵᠢᠨ ᠬᠡᠯᠪᠡᠷᠢ ᠵᠢ ᠎ᠨᠢ  ᠬᠤᠪᠢᠷᠠᠭᠤᠯᠤᠨ ᠲᠡᠰ ᠳᠡᠪᠰᠢᠭᠦᠯᠬᠦ  ᠠᠵᠢᠯ ᠂  ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ  ᠶᠠᠰᠤ  ᠴᠢᠨᠠᠷ ᠠᠮᠤᠷ ᠲᠦᠪᠰᠢᠨ ᠂ ᠠᠮᠢᠲᠠᠨ᠎ᠤ ᠭᠡᠮ ᠬᠢᠵᠢᠭ᠎ᠢ  ᠰᠡᠷᠭᠡᠢ᠌ᠯᠡᠨ ᠳᠠᠷᠤᠬᠤ  ᠵᠡᠷᠭᠡ ᠵᠦᠢ᠍ᠯᠡᠰ᠎ᠢ ᠵᠢᠷᠤᠮᠵᠢᠭᠤᠯᠵᠤ ᠂  ᠡᠬᠢ ᠪᠠᠶᠠᠯᠢᠭ᠎ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠵᠢ  ᠴᠢᠩᠭ᠋ᠠᠳᠬᠠᠨ ᠂  ᠲᠠᠷᠢᠶᠠᠯᠠᠩ  ᠮᠠᠯ ᠠᠵᠤ ᠠᠬᠤᠢ ᠵᠢᠨ  ᠪᠣᠬᠢᠷᠲᠤᠯ ᠦᠭᠡᠢ ᠬᠥᠭᠵᠢᠯᠲᠡ ᠵᠢᠨ  ᠲᠣᠭᠲᠠᠯᠴᠠᠭ᠎ᠠ ᠵᠢ  ᠴᠢᠨᠠᠷ ᠰᠠᠢ᠌ᠲᠠᠢ  ᠪᠠᠢ᠌ᠭᠤᠯᠬᠤ ᠪᠣᠯᠣᠨ᠎ᠠ ᠃ 

ᠨᠠᠢ᠍ᠮᠠ᠎ᠳᠤ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢᠨ ᠬᠡᠰᠡᠭ᠎ᠲᠤ ᠂  ᠡᠳ᠋᠎ᠤᠨ ᠵᠠᠰᠠᠭ᠎ᠤᠨ ᠪᠠᠲᠤᠯᠠᠭ᠎ᠠ ᠂  ᠣᠷᠣᠭᠤᠯᠤᠯᠲᠠ ᠵᠢᠨ ᠪᠠᠲᠤᠯᠠᠭ᠎ᠠ ᠂  ᠵᠢᠭᠡᠯᠡᠯᠭᠡ ᠵᠢᠨ ᠲᠡᠮᠳᠡᠭᠲᠦ ᠵᠢᠨ ᠮᠥᠩᠭᠥᠨ ᠭᠦᠢ᠍ᠯᠭᠡᠭᠡᠨ᠎ᠤ ᠳᠡᠮᠵᠢᠯᠭᠡ ᠂  ᠪᠡᠯᠡ ᠲᠣᠬᠢᠷᠠᠭᠤᠯᠭ᠎ᠠ ᠵᠢᠨ ᠳᠠᠭ᠋ᠠᠭ᠋ᠠᠯᠲᠠ ᠂  ᠳᠠᠭ᠋ᠠᠳᠬᠠᠯ᠎ᠤᠨ ᠪᠠᠲᠤᠯᠠᠭ᠎ᠠ ᠵᠡᠷᠭᠡ ᠪᠠᠲᠤᠯᠠᠭ᠎ᠠ ᠵᠢᠨ ᠲᠦᠷᠦ ᠵᠢᠨ ᠪᠣᠳᠣᠯᠭ᠎ᠠ ᠵᠢ ᠲᠣᠳᠣᠷᠬᠠᠢ᠌ᠯᠠᠵᠤ ᠂  ᠴᠢᠳᠠᠪᠤᠷᠢᠲᠠᠨ᠎ᠤ  ᠡᠩᠨᠡᠭᠡ ᠵᠢᠨ  ᠪᠠᠢ᠌ᠭᠤᠯᠤᠯᠲᠠ ᠂  ᠬᠥᠮᠦᠵᠢᠯ ᠪᠣᠯᠪᠠᠰᠤᠷᠠᠯ ᠵᠢᠯᠣᠭᠣᠳᠤᠯᠭ᠎ᠠ ᠂  ᠤᠬᠠᠭᠤᠯᠭ᠎ᠠ ᠬᠥᠮᠦᠵᠢᠯ ᠵᠡᠷᠭᠡ ᠠᠷᠭ᠎ᠠ ᠬᠡᠮᠵᠢᠶ᠎ᠡ ᠵᠢ  ᠲᠡᠭᠦᠯᠳᠡᠷᠵᠢᠭᠦᠯᠦᠨ ᠂  ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠢᠨᠠᠯᠲᠠ ᠲᠠᠯᠪᠢᠬᠤ ᠂  ᠰᠢᠯᠭ᠋ᠠᠨ ᠬᠢᠨᠠᠵᠤ  ᠦᠨᠡᠯᠡᠬᠦ ᠂  ᠱᠠᠩᠨᠠᠵᠤ ᠬᠥᠬᠢᠭᠦᠯᠬᠦ  ᠵᠡᠷᠭᠡ ᠠᠵᠢᠯ᠎ᠤᠨ ᠲᠣᠭᠲᠠᠴᠠ ᠵᠢ  ᠲᠡᠭᠦᠯᠳᠡᠷᠵᠢᠭᠦᠯᠬᠦ ᠪᠣᠯᠣᠨ᠎ᠠ ᠃ 

 

ᠤᠯᠤᠰ᠎ᠤᠨ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ  ᠦᠢ᠍ᠯᠡᠳᠪᠦᠷᠢᠯᠡᠯ᠎ᠤᠨ 

ᠰᠠᠭᠤᠷᠢᠨ᠎ᠤ  ᠴᠢᠨᠠᠷ ᠰᠠᠢ᠌ᠲᠠᠢ ᠬᠥᠭᠵᠢᠯᠲᠡ ᠵᠢ 《ᠳᠥᠷᠪᠡᠨ  ᠲᠠᠯ᠎ᠠ᠎ᠪᠠᠷ ᠬᠦᠴᠦᠯᠡᠨ 》 ᠠᠬᠢᠭᠤᠯᠤᠨ᠎ᠠ 

(ᠨᠢᠭᠡ )  ᠴᠢᠨᠠᠷ ᠰᠠᠢ᠌ᠲᠠᠢ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ  ᠬᠠᠩᠭ᠋ᠠᠵᠤ ᠪᠠᠲᠤᠯᠠᠬᠤ  ᠳᠣᠭᠲᠠᠯᠴᠠᠭ᠎ᠠ ᠵᠢ ᠬᠦᠴᠦᠯᠡᠨ ᠪᠠᠢ᠌ᠭᠤᠯᠤᠨ᠎ᠠ ᠃  ᠳᠦᠷᠢᠮ᠎ᠳᠤ  ᠶᠡᠷᠦᠩᠬᠡᠢ ᠱᠦᠵᠢ ᠰᠢ  ᠵᠢᠨ ᠫᠢᠩ᠎ᠤᠨ 《14 ᠳ᠋ᠦᠩᠰᠢᠭᠤᠷ ᠭᠠᠷᠤᠢ ᠬᠥᠮᠥᠨ ᠠᠮᠠ ᠵᠢᠨ ᠠᠮᠤ ᠪᠤᠳᠠᠭ᠎ᠠ  ᠪᠠ  ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ᠎ᠢ  ᠳᠣᠭᠲᠠᠪᠤᠷᠢᠲᠠᠢ ᠬᠠᠩᠭ᠋ᠠᠬᠤ  ᠪᠣᠯ ᠢᠮᠠᠭᠲᠠ ᠲᠡᠷᠢᠭᠦᠨ ᠴᠢᠬᠤᠯᠠ ᠶᠠᠪᠤᠳᠠᠯ ᠮᠥᠨ 》  ᠭᠡᠰᠡᠨ  ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ  ᠲᠤᠭᠤᠰᠢᠯᠠᠭᠤᠯᠤᠨ  ᠨᠠᠢ᠌ᠳᠠᠪᠤᠷᠢᠵᠢᠭᠤᠯᠵᠤ ᠂  ᠲᠣᠭ᠎ᠠ ᠬᠡᠮᠵᠢᠶ᠎ᠡ ᠵᠢ  ᠠᠷᠪᠢᠵᠢᠭᠤᠯᠬᠤ ᠂  ᠴᠢᠨᠠᠷ ᠴᠢᠨᠰᠠᠭ᠎ᠠ ᠵᠢ ᠰᠡᠢ᠌ᠵᠢᠷᠠᠭᠤᠯᠬᠤ ᠂  ᠤᠨᠠᠯᠲᠠ  ᠭᠠᠷᠤᠯᠲᠠ ᠵᠢ ᠨᠡᠮᠡᠭᠳᠡᠭᠦᠯᠬᠦ᠎ᠠᠴᠠ ᠭᠠᠷᠳᠠᠵᠤ ᠂  ᠬᠠᠮᠢᠶ᠎ᠠ  ᠪᠦᠬᠦᠢ ᠳᠦᠷᠢᠮ᠎ᠢ ᠪᠠᠷᠢᠮᠲᠠᠯᠠᠨ ᠲᠡᠭᠦᠯᠳᠡᠷᠵᠢᠭᠦᠯᠬᠦ᠎ᠪᠠᠷ  ᠳᠠᠮᠵᠢᠭᠤᠯᠤᠨ ᠂  ᠰᠠᠭᠤᠷᠢ  ᠪᠡᠯᠡᠳᠬᠡᠮᠵᠢ ᠵᠢᠨ ᠳᠤᠲᠠᠭᠤᠳᠠᠯ᠎ᠢ  ᠨᠥᠬᠥᠪᠦᠷᠢᠯᠡᠨ᠎ᠡ ᠭᠡᠵᠡᠢ ᠃  ᠳᠦᠷᠢᠮ᠎ᠳᠤ ᠪᠠᠰᠠ  ᠦᠷ᠎ᠡ  ᠡᠭᠦᠯᠳᠡᠷ᠎ᠢ  ᠬᠠᠮᠠᠭ᠋ᠠᠯᠠᠬᠤ  ᠦᠷ᠎ᠡ  ᠡᠭᠦᠯᠳᠡᠷ᠎ᠢ  ᠡᠭᠦᠳᠬᠦ  ᠦᠷ᠎ᠡ  ᠡᠭᠦᠯᠳᠡᠷ᠎ᠢ  ᠪᠣᠢ᠌ᠵᠢᠭᠤᠯᠬᠤ ᠦᠷ᠎ᠡ ᠡᠭᠦᠯᠳᠡᠷ᠎ᠢ  ᠬᠡᠷᠡᠭᠯᠡᠬᠦ ᠦᠷ᠎ᠡ  ᠡᠭᠦᠯᠳᠡᠷ᠎ᠤᠨ  ᠪᠥᠬᠥ ᠬᠡᠯᠬᠢᠶᠡᠨ᠎ᠤ ᠬᠥᠭᠵᠢᠯᠲᠡ ᠵᠢ ᠎ᠨᠢ  ᠠᠬᠢᠭᠤᠯᠬᠤ ᠂  ᠰᠠᠢ᠌ᠨ  ᠦᠷ᠎ᠡ ᠡᠭᠦᠯᠳᠡᠷᠵᠢᠭᠦᠯᠬᠦ  ᠬᠢᠷᠢ ᠲᠦᠪᠰᠢᠨ᠎ᠢ  ᠳᠡᠭᠡᠭᠰᠢᠯᠡᠭᠦᠯᠬᠦ ᠂  ᠰᠢᠯᠢᠳᠡᠭ  ᠦᠷ᠎ᠡ  ᠡᠭᠦᠯᠳᠡᠷ᠎ᠢ ᠳᠡᠯᠭᠡᠷᠡᠭᠦᠯᠦᠨ ᠬᠡᠷᠡᠭᠯᠡᠬᠦ ᠵᠡᠷᠭᠡ ᠦᠷ᠎ᠡ  ᠡᠭᠦᠯᠳᠡᠷ᠎ᠤᠨ  ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠵᠢᠴᠢ ᠲᠠᠷᠢᠶᠠᠯᠠᠩ ᠮᠠᠯ ᠠᠵᠤ ᠠᠬᠤᠢ ᠵᠢᠨ ᠰᠢᠨᠵᠢᠯᠡᠬᠦ ᠤᠬᠠᠭ᠋ᠠᠨ  ᠲᠸᠭᠨᠢᠭ  ᠮᠡᠷᠭᠡᠵᠢᠯ᠎ᠢ  ᠡᠷᠴᠢᠮᠵᠢᠭᠦᠯᠬᠦ ᠂  ᠮᠸᠬᠠᠨᠢᠭᠵᠢᠭᠤᠯᠬᠤ  ᠲᠣᠨᠣᠭ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠡᠷᠭᠡ ᠠᠭᠤᠯᠭ᠎ᠠ ᠵᠢ  ᠳᠣᠭᠲᠠᠭ᠋ᠠᠵᠤ᠂ 《ᠭᠠᠵᠠᠷ ᠂  ᠤᠰᠤ ᠂  ᠦᠷ᠎ᠡ  ᠡᠭᠦᠯᠳᠡᠷ 》  ᠪᠠ 《  ᠰᠢᠨᠵᠢᠯᠡᠬᠦ ᠤᠬᠠᠭ᠋ᠠᠨ  ᠲᠸᠭᠨᠢᠭ  ᠮᠡᠷᠭᠡᠵᠢᠯ 》 ᠵᠶ᠋ᠠᠷ  ᠤᠨᠠᠯᠲᠠ  ᠭᠠᠷᠤᠯᠲᠠ  ᠠᠪᠬᠤ ᠂  ᠦᠷ᠎ᠡ ᠠᠰᠢᠭ ᠣᠯᠬᠤ ᠵᠢ ᠠᠬᠢᠭᠤᠯᠤᠨ᠎ᠠ  ᠭᠡᠪᠡ ;  ᠠᠮᠤ  ᠪᠤᠳᠠᠭ᠋ᠠᠨ᠎ᠤ ᠲᠠᠷᠢᠶᠠᠯᠠᠭ᠎ᠠ ᠂  ᠠᠯᠠᠰᠢᠨ ᠦᠬᠡᠷ ᠠᠯᠠᠰᠢᠨ ᠬᠣᠨᠢᠨ  ᠠᠮᠢᠳᠤ  ᠭᠠᠬᠠᠢ ᠵᠢᠨ ᠦᠢ᠍ᠯᠡᠳᠪᠦᠷᠢᠯᠡᠯ ᠂  ᠰᠦ  ᠰᠠᠭ᠋ᠠᠯᠢ ᠵᠢᠨ ᠦᠢ᠍ᠯᠡᠰ ᠂  ᠢᠮᠠᠭ᠋ᠠᠨ  ᠨᠤᠤᠯᠤᠭᠤᠷ᠎ᠤᠨ ᠦᠢ᠍ᠯᠡᠰ ᠂  ᠲᠡᠵᠢᠭᠡᠯ ᠡᠪᠡᠰᠦᠨ᠎ᠤ  ᠦᠢ᠍ᠯᠡᠳᠪᠦᠷᠢᠯᠡᠬᠦ ᠴᠢᠳᠠᠮᠵᠢ ᠵᠢᠨ  ᠪᠦᠲᠦᠭᠡᠨ  ᠪᠠᠢ᠌ᠭᠤᠯᠤᠯᠲᠠ ᠵᠡᠷᠭᠡ ᠠᠭᠤᠯᠭ᠎ᠠ ᠵᠢ ᠲᠣᠭᠲᠠᠭ᠋ᠠᠵᠤ ᠂  ᠠᠮᠤ ᠪᠤᠳᠠᠭ᠎ᠠ ᠪᠠ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ  ᠪᠦᠲᠦᠮᠵᠢᠲᠡᠶ  ᠬᠠᠩᠭ᠋ᠠᠬᠤ  ᠴᠢᠳᠠᠪᠤᠷᠢ ᠵᠢ ᠲᠠᠰᠤᠷᠠᠯᠲᠠ ᠦᠭᠡᠢ ᠳᠡᠭᠡᠭᠰᠢᠯᠡᠭᠦᠯᠵᠦ ᠂ 《ᠳᠤᠮᠳᠠᠳᠤ ᠤᠯᠤᠰ᠎ᠤᠨ ᠠᠶᠠᠭ᠎ᠠ 》᠎ᠳᠤ ᠢᠯᠡᠭᠦᠬᠡᠨ ᠠᠮᠤ ᠪᠤᠳᠠᠭ᠎ᠠ  ᠠᠶᠠᠭ᠋ᠠᠯᠠᠵᠤ ᠂  ᠰᠠᠢ᠌ᠨ ᠠᠮᠤ ᠪᠤᠳᠠᠭ᠎ᠠ ᠂  ᠰᠠᠢ᠌ᠨ ᠮᠢᠬ᠎ᠠ ᠂  ᠰᠠᠢ᠌ᠨ ᠰᠦ  ᠰᠠᠪᠠᠯᠠᠨ᠎ᠠ  ᠭᠡᠵᠦ ᠳᠣᠭᠲᠠᠭ᠋ᠠᠵᠠᠢ ᠃ 

(ᠬᠣᠶᠠᠷ) ᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠵᠢᠨ ᠬᠥᠭᠵᠢᠯᠲᠡ ᠵᠢᠨ ᠰᠢᠨ᠎ᠡ ᠪᠠᠢ᠌ᠷᠢᠰᠢᠯ᠎ᠢ ᠬᠦᠴᠦᠯᠡᠨ ᠪᠠᠢ᠌ᠭᠤᠯᠤᠨ᠎ᠠ᠃ ᠳᠦᠷᠢᠮ ᠎ᠨᠢ  ᠲᠠᠷᠢᠶᠠᠯᠠᠩ ᠮᠠᠯ ᠠᠵᠤ ᠠᠬᠤᠢ ᠵᠢᠨ ᠦᠢ᠍ᠯᠡᠳᠪᠦᠷᠢᠯᠡᠯ᠎ᠢ ᠲᠣᠭ᠎ᠠ ᠬᠡᠮᠵᠢᠶ᠎ᠡ᠎ᠠᠴᠠ ᠲᠣᠭ᠎ᠠ ᠬᠡᠮᠵᠢᠶ᠎ᠡ  ᠶᠠᠰᠤ ᠴᠢᠨᠠᠷ᠎ᠢ  ᠵᠡᠷᠭᠡ᠎ᠪᠠᠷ  ᠴᠢᠬᠤᠯᠠᠴᠢᠯᠠᠬᠤ  ᠲᠡᠢ᠌ᠰᠢ ᠬᠤᠪᠢᠷᠠᠭᠤᠯᠬᠤ ᠂  ᠲᠠᠷᠢᠶᠠᠯᠠᠩ ᠮᠠᠯ ᠠᠵᠤ ᠠᠬᠤᠢ ᠵᠢᠨ ᠬᠥᠭᠵᠢᠯᠲᠡ ᠵᠢ  ᠤᠯᠠᠮᠵᠢᠯᠠᠯᠲᠤ᠎ᠠᠴᠠ  ᠣᠳᠣᠬᠢᠴᠢ  ᠲᠡᠢ᠌ᠰᠢ ᠬᠤᠪᠢᠷᠠᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ ᠂  ᠲᠠᠷᠢᠶᠠᠯᠠᠩ ᠮᠠᠯ ᠠᠵᠤ ᠠᠬᠤᠢ ᠵᠢᠨ ᠬᠡᠯᠪᠡᠷᠢ ᠵᠢ ᠎ᠨᠢ  ᠬᠤᠪᠢᠷᠠᠭᠤᠯᠤᠨ  ᠬᠥᠭᠵᠢᠭᠦᠯᠬᠦ ᠵᠢ ᠠᠬᠢᠭᠤᠯᠬᠤ ᠂  ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠪᠠᠢ᠌ᠷᠢᠰᠢᠯ᠎ᠢ ᠰᠢᠯᠢᠳᠡᠭᠵᠢᠭᠦᠯᠬᠦ ᠂  ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠪᠦᠲᠦᠴᠡ ᠵᠢ  ᠳᠣᠬᠢᠷᠠᠭᠤᠯᠬᠤ ᠂  ᠳᠠᠪᠠᠭᠤᠯᠢᠭ ᠣᠨᠴᠠᠯᠢᠭᠲᠤ ᠠᠵᠤ ᠦᠢ᠍ᠯᠡᠰ᠎ᠢ ᠬᠥᠭᠵᠢᠭᠦᠯᠬᠦ ᠂  ᠪᠠᠷᠢᠮᠵᠢᠶᠠᠵᠢᠭᠤᠯᠤᠭᠰᠠᠨ ᠦᠢ᠍ᠯᠡᠳᠪᠦᠷᠢᠯᠡᠯ᠎ᠤᠨ  ᠰᠠᠭᠤᠷᠢᠨ᠎ᠤ  ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠂  ᠠᠵᠤ ᠦᠢ᠍ᠯᠡᠰ᠎ᠢ  ᠠᠭᠤᠰᠤᠯᠴᠠᠭᠤᠯᠤᠨ ᠬᠥᠭᠵᠢᠭᠦᠯᠬᠦ ᠵᠢ ᠠᠬᠢᠭᠤᠯᠬᠤ ᠂  ᠠᠵᠤ ᠦᠢ᠍ᠯᠡᠰ᠎ᠤᠨ  ᠪᠦᠯᠦᠭᠵᠢᠯ  ᠪᠠ  ᠰᠠᠭᠤᠷᠢᠨ᠎ᠢ ᠡᠭᠦᠳᠦᠨ ᠪᠠᠶ᠋ᠢᠭᠤᠯᠬᠤ ᠂  ᠲᠠᠷᠢᠶᠠᠯᠠᠩ᠎ᠤᠨ ᠪᠦᠲᠦᠭᠡᠭᠳᠡᠬᠦᠨ  ᠮᠠᠯ᠎ᠤᠨ ᠠᠰᠢᠭ ᠰᠢᠮ᠎ᠡ ᠵᠢ  ᠨᠠᠷᠢᠯᠢᠭ  ᠡᠳ᠋ᠰᠢᠭᠦᠯᠦᠨ ᠪᠣᠯᠪᠠᠰᠤᠷᠠᠭᠤᠯᠬᠤ  ᠵᠡᠷᠭᠡ ᠠᠭᠤᠯᠭ᠎ᠠ ᠵᠢ  ᠳᠣᠭᠲᠠᠭ᠋ᠠᠵᠤ ᠂   ᠪᠥᠬᠥ ᠠᠵᠤ ᠦᠢ᠍ᠯᠡᠰ᠎ᠤᠨ  ᠬᠡᠯᠬᠢᠶᠡᠨ᠎ᠤ  ᠪᠦᠲᠦᠭᠡᠨ ᠪᠠᠢ᠌ᠭᠤᠯᠤᠯᠲᠠ ᠵᠢ ᠠᠬᠢᠭᠤᠯᠬᠤ᠎ᠪᠠᠷ  ᠳᠠᠮᠵᠢᠭᠤᠯᠤᠨ ᠂  ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ  ᠳᠣᠭᠲᠠᠯᠴᠠᠭ᠎ᠠ ᠵᠢ ᠴᠢᠨᠠᠷ ᠰᠠᠢ᠌ᠲᠠᠢ ᠪᠠᠢ᠌ᠭᠤᠯᠵᠤ ᠂  ᠲᠠᠷᠢᠶᠠᠯᠠᠩ ᠮᠠᠯ ᠠᠵᠤ ᠠᠬᠤᠢ ᠵᠢᠨ ᠣᠳᠣᠬᠢᠴᠢᠯᠠᠯᠲᠠ  ᠲᠡᠢ᠌ᠰᠢ  ᠬᠡᠯᠪᠡᠷᠢ᠎ᠪᠠᠨ ᠬᠤᠪᠢᠷᠠᠭᠤᠯᠬᠤ ᠵᠢ  ᠶᠡᠬᠡ᠎ᠪᠠᠷ  ᠠᠬᠢᠭᠤᠯᠬᠤ ᠪᠣᠯᠣᠨ᠎ᠠ ᠃ 

(ᠭᠤᠷᠪᠠ) ᠨᠠᠷᠠᠲᠤ ᠳᠡᠮᠳᠡᠭ᠎ᠤᠨ ᠪᠠᠢ᠌ᠭᠤᠯᠤᠯᠲᠠ ᠪᠠ ᠪᠣᠬᠢᠷᠲᠤᠯ ᠦᠭᠡᠢ ᠬᠥᠭᠵᠢᠯᠲᠡ ᠵᠢᠨ  ᠲᠣᠭᠲᠠᠯᠴᠠᠭ᠋ᠠᠨ᠎ᠤ  ᠪᠠᠢ᠌ᠭᠤᠯᠤᠯᠲᠠ ᠵᠢ ᠬᠦᠴᠦᠯᠡᠨ ᠠᠬᠢᠭᠤᠯᠤᠨ᠎ᠠ᠃ ᠨᠠᠷᠠᠲᠤ  ᠲᠡᠮᠳᠡᠭᠲᠦ  ᠲᠠᠷᠢᠶᠠᠯᠠᠩ ᠮᠠᠯ ᠠᠵᠤ ᠠᠬᠤᠢ ᠵᠢᠨ ᠬᠥᠭᠵᠢᠯᠲᠡ ᠵᠢᠨ ᠰᠢᠨ᠎ᠡ ᠪᠠᠢ᠌ᠷᠢᠰᠢᠯ᠎ᠢ ᠪᠠᠶ᠋ᠢᠭᠤᠯᠬᠤ᠎ᠳᠤ  ᠠᠩᠬᠠᠷᠤᠯ ᠵᠶ᠋ᠠᠨ ᠲᠥᠪᠯᠡᠷᠡᠭᠦᠯᠵᠦ᠂  ᠨᠡᠷᠡᠲᠦ  ᠲᠡᠮᠳᠡᠭ᠎ᠢ  ᠡᠭᠦᠳᠦᠨ ᠪᠠᠶ᠋ᠢᠭᠤᠯᠬᠤ ᠂  ᠡᠵᠡᠩᠨᠡᠵᠦ ᠬᠠᠮᠢᠶᠠᠷᠬᠤ ᠪᠠ ᠬᠠᠮᠠᠭ᠋ᠠᠯᠠᠬᠤ ᠲᠣᠭᠲᠠᠴᠠ ᠵᠢ ᠪᠠᠢ᠌ᠭᠤᠯᠤᠨ  ᠪᠦᠷᠢᠨᠰᠢᠭᠦᠯᠬᠦ᠎ᠳᠤ ᠂  ᠣᠷᠣᠨ ᠪᠦᠰᠡ ᠵᠢᠨ ᠣᠨᠴᠠᠯᠢᠭ ᠵᠶ᠋ᠠᠷ ᠢᠯᠡᠷᠬᠡᠢ ᠂  ᠳᠠᠢ᠌ᠴᠢᠯᠠᠬᠤ ᠴᠢᠳᠠᠪᠤᠷᠢ᠎ᠪᠠᠷ ᠲᠣᠪᠣᠢ᠌ᠮ᠎ᠠ ᠂  ᠪᠦᠲᠦᠭᠡᠭᠳᠡᠬᠦᠨ᠎ᠤ ᠣᠨᠴᠠᠯᠢᠭ ᠵᠶ᠋ᠠᠷ ᠢᠯᠡ ᠲᠣᠳᠣ ᠣᠷᠣᠨ ᠪᠦᠰᠡ᠎ᠳᠠᠬᠢ  ᠨᠡᠶ᠋ᠢᠲᠡ ᠵᠢᠨ ᠬᠡᠷᠡᠭᠯᠡᠭᠡᠨ᠎ᠤ  ᠨᠠᠷᠠᠲᠤ ᠳᠡᠮᠳᠡᠭ᠂  ᠠᠵᠤ ᠠᠬᠤᠢ᠌ᠯᠠᠯ᠎ᠤᠨ  ᠨᠠᠷᠠᠲᠤ ᠳᠡᠮᠳᠡᠭ᠂  ᠪᠦᠲᠦᠭᠡᠭᠳᠡᠬᠦᠨ᠎ᠤ  ᠨᠠᠷᠠᠲᠤ ᠳᠡᠮᠳᠡᠭ᠎ᠢ  ᠪᠣᠶ ᠪᠣᠯᠭ᠋ᠠᠵᠤ ᠂  ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ  ᠭᠠᠵᠠᠷ ᠵᠦᠢ ᠵᠢᠨ ᠲᠡᠮᠳᠡᠭ᠎ᠢ  ᠬᠡᠷᠡᠭᠯᠡᠵᠦ  ᠠᠬᠢᠭᠤᠯᠬᠤ ᠠᠵᠢᠯ᠎ᠢ  ᠳᠥᠯᠬᠢᠨ  ᠠᠬᠢᠭᠤᠯᠵᠤ ᠂ 《  ᠥᠪᠥᠷ  ᠮᠣᠩᠭᠣᠯ 》  ᠲᠡᠮᠳᠡᠭᠲᠦ ᠵᠢᠨ  ᠭᠡᠷᠡᠴᠢᠯᠡᠭᠡ ᠵᠢ ᠠᠬᠢᠭᠤᠯᠵᠤ ᠂  ᠣᠷᠭ᠋ᠠᠨᠢᠭ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠂  ᠪᠣᠬᠢᠷᠲᠤᠯ ᠦᠭᠡᠢ ᠢᠳᠡᠭᠡᠨ᠎ᠢ ᠨᠡᠭᠡᠭᠡᠨ ᠬᠥᠭᠵᠢᠭᠦᠯᠵᠦ ᠭᠡᠷᠡᠴᠢᠯᠡᠬᠦ ᠵᠢ ᠬᠥᠲᠥᠯᠥᠨ ᠵᠢᠯᠤᠭᠣᠳᠴᠤ ᠂  ᠳᠤᠮᠳᠠ ᠵᠢᠵᠢᠭ  ᠨᠠᠷᠠᠲᠤ ᠳᠡᠮᠳᠡᠭ᠎ᠤᠨ  ᠪᠥᠭᠡᠮᠨᠡᠷᠡᠨ  ᠬᠠᠮᠵᠢᠯᠴᠠᠵᠤ  ᠬᠥᠭᠵᠢᠬᠦ ᠵᠢ ᠵᠣᠷᠢᠭᠵᠢᠭᠤᠯᠬᠤ ᠵᠡᠷᠭᠡ ᠲᠠᠯ᠎ᠠ᠎ᠪᠠᠷ ᠲᠣᠭᠲᠠᠭ᠋ᠠᠯ  ᠳᠣᠭᠲᠠᠭ᠋ᠠᠪᠠ ; ᠲᠠᠷᠢᠶᠠᠯᠠᠩ ᠮᠠᠯ ᠠᠵᠤ ᠠᠬᠤᠢ ᠵᠢᠨ ᠪᠣᠬᠢᠷᠲᠤᠯ ᠦᠭᠡᠢ ᠬᠥᠭᠵᠢᠯᠲᠡ ᠵᠢᠨ  ᠳᠣᠭᠲᠠᠯᠴᠠᠭ᠎ᠠ ᠵᠢ  ᠴᠢᠨᠠᠷ ᠰᠠᠢ᠌ᠲᠠᠢ  ᠪᠠᠶ᠋ᠢᠭᠤᠯᠬᠤ ᠲᠠᠯ᠎ᠠ᠎ᠪᠠᠷ ᠂  ᠤᠰᠤ ᠵᠢ  ᠥᠨᠳᠥᠷ ᠪᠦᠲᠦᠮᠵᠢᠲᠡᠶ  ᠠᠷᠪᠢᠯᠠᠬᠤ  ᠲᠠᠷᠢᠶᠠᠯᠠᠩ ᠪᠠ ᠠᠮᠢ ᠠᠬᠤᠢ ᠵᠢᠨ ᠲᠠᠷᠢᠶᠠᠯᠠᠩ ᠮᠠᠯ ᠠᠵᠤ ᠠᠬᠤᠢ ᠵᠢ  ᠬᠥᠭᠵᠢᠭᠦᠯᠬᠦ ᠂  ᠤᠨᠠᠯᠲᠠ  ᠭᠠᠷᠤᠯᠲᠠ ᠵᠢᠨ ᠣᠷᠣᠨ᠎ᠤ ᠣᠷᠴᠢᠨ  ᠨᠥᠭᠦᠴᠡᠯ᠎ᠢ ᠴᠡᠪᠡᠷᠰᠢᠭᠦᠯᠬᠦ ᠂  ᠪᠣᠬᠢᠷᠲᠤᠯ ᠦᠭᠡᠢ᠎ᠪᠠᠷ  ᠰᠡᠷᠭᠡᠢ᠌ᠯᠡᠨ ᠡᠵᠡᠮᠳᠡᠬᠦ ᠠᠷᠭ᠎ᠠ ᠬᠡᠮᠵᠢᠶ᠎ᠡ ᠂  ᠨᠤᠲᠤᠭ ᠪᠡᠯᠴᠢᠭᠡᠷ᠎ᠤᠨ ᠮᠠᠯ ᠠᠵᠤ ᠠᠬᠤᠢ ᠵᠢᠨ ᠬᠡᠯᠪᠡᠷᠢ ᠵᠢ ᠎ᠨᠢ  ᠬᠤᠪᠢᠷᠠᠭᠤᠯᠤᠨ ᠲᠠᠰ ᠳᠡᠪᠰᠢᠭᠦᠯᠬᠦ ᠂  ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ  ᠶᠠᠰᠤ ᠴᠢᠨᠠᠷ᠎ᠤᠨ ᠠᠮᠤᠷ ᠲᠦᠪᠰᠢᠨ ᠂ ᠠᠮᠢᠲᠠᠨ᠎ᠤ ᠭᠡᠮ ᠬᠢᠵᠢᠭ᠎ᠢ ᠰᠡᠷᠭᠡᠢ᠌ᠯᠡᠨ ᠡᠵᠡᠮᠳᠡᠬᠦ ᠵᠡᠷᠭᠡ ᠲᠠᠯ᠎ᠠ᠎ᠳᠤ  ᠲᠣᠭᠲᠠᠭ᠋ᠠᠯ  ᠳᠣᠭᠲᠠᠭ᠋ᠠᠪᠠ ᠃ 

(ᠳᠥᠷᠪᠡ) ᠲᠠᠷᠢᠶᠠᠯᠠᠩ ᠮᠠᠯ ᠠᠵᠤ ᠠᠬᠤᠢ ᠵᠢᠨ ᠡᠵᠡᠩᠨᠡᠯᠲᠡ ᠵᠢᠨ ᠦᠷ᠎ᠡ ᠠᠰᠢᠭ᠎ᠢ ᠨᠡᠮᠡᠭᠳᠡᠭᠦᠯᠬᠦ ᠵᠢ ᠬᠦᠴᠦᠯᠡᠨ ᠠᠬᠢᠭᠤᠯᠤᠨ᠎ᠠ᠃ ᠳᠦᠷᠢᠮ᠎ᠳᠤ  ᠶᠡᠷᠦᠩᠬᠡᠢ ᠱᠦᠵᠢ  ᠰᠢ  ᠵᠢᠨ ᠫᠢᠩ᠎ᠤᠨ 《ᠠᠮᠤ ᠪᠤᠳᠠᠭ᠋ᠠᠨ᠎ᠤ ᠦᠢ᠍ᠯᠡᠳᠪᠦᠷᠢᠯᠡᠯ ᠪᠠ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ᠎ᠤ ᠪᠠᠲᠤᠯᠠᠭ᠎ᠠ ᠂  ᠲᠠᠷᠢᠶᠠᠴᠢᠳ᠎ᠤᠨ ᠣᠷᠣᠯᠭ᠎ᠠ ᠵᠢᠨ ᠨᠡᠮᠡᠭᠳᠡᠯ᠎ᠤᠨ ᠬᠠᠷᠢᠴᠠᠭ᠎ᠠ ᠵᠢ  ᠨᠢᠭᠡᠳᠦᠯᠲᠡᠢ ᠲᠥᠯᠥᠪᠯᠡᠨ ᠪᠣᠳᠣᠯᠬᠢᠯᠠᠬᠤ ᠬᠡᠷᠡᠭᠲᠡᠢ 》  ᠭᠡᠰᠡᠨ  ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ  ᠲᠤᠭᠤᠰᠢᠯᠠᠭᠤᠯᠤᠨ  ᠨᠠᠢ᠌ᠳᠠᠪᠤᠷᠢᠵᠢᠭᠤᠯᠵᠤ ᠂  ᠣᠯᠠᠨ ᠵᠦᠢ᠍ᠯ᠎ᠤᠨ  ᠬᠡᠯᠪᠡᠷᠢ᠎ᠪᠠᠷ  ᠵᠣᠬᠢᠬᠤ  ᠬᠡᠪᠴᠢᠶ᠎ᠡ᠎ᠲᠠᠢ  ᠡᠵᠡᠩᠨᠡᠯᠲᠡ ᠵᠢᠨ ᠬᠥᠭᠵᠢᠯᠲᠡ ᠵᠢ  ᠵᠣᠷᠢᠭᠵᠢᠭᠤᠯᠤᠨ ᠬᠥᠭᠵᠢᠭᠦᠯᠬᠦ ᠂  ᠭᠣᠣᠯᠳᠠᠯᠭ᠎ᠠ  ᠪᠣᠯᠬᠤ  ᠳᠠᠭ᠋ᠠᠭᠤᠯᠤᠭᠴᠢ ᠠᠵᠤ ᠠᠬᠤᠢ᠌ᠯᠠᠯ᠎ᠢ  ᠪᠣᠢ᠌ᠵᠢᠭᠤᠯᠬᠤ ᠂  ᠮᠠᠯᠴᠢᠨ  ᠲᠠᠷᠢᠶᠠᠴᠢᠳ᠎ᠤᠨ  ᠲᠤᠰᠬᠠᠢ ᠬᠣᠷᠰᠢᠶ᠎ᠡ  ᠵᠡᠷᠭᠡ ᠰᠢᠨ᠎ᠡ ᠬᠡᠯᠪᠡᠷᠢ  ᠪᠦᠬᠦᠢ  ᠲᠠᠷᠢᠶᠠᠯᠠᠩ ᠮᠠᠯ ᠠᠵᠤ ᠠᠬᠤᠢ ᠵᠢᠨ ᠡᠵᠡᠩᠨᠡᠯᠲᠡ ᠵᠢᠨ ᠭᠣᠣᠯ ᠴᠣᠭᠴᠠ ᠵᠢ ᠳᠡᠮᠵᠢᠨ  ᠬᠥᠭᠵᠢᠭᠦᠯᠬᠦ ᠂  ᠣᠷᠣᠯᠠᠨ  ᠲᠠᠷᠢᠬᠤ  ᠣᠷᠣᠯᠠᠨ ᠲᠡᠵᠢᠭᠡᠬᠦ ᠣᠷᠣᠯᠠᠨ ᠬᠠᠮᠢᠶᠠᠷᠬᠤ ᠣᠷᠣᠯᠠᠨ ᠬᠤᠷᠢᠶᠠᠬᠤ ᠪᠥᠬᠥ ᠶᠠᠪᠤᠴᠠ ᠵᠢ ᠨᠠᠢ᠌ᠳᠠᠨ ᠬᠠᠮᠢᠶᠠᠷᠤᠭᠤᠯᠬᠤ ᠵᠡᠷᠭᠡ ᠨᠡᠢ᠌ᠭᠡᠮᠴᠢᠯᠡᠭᠰᠡᠨ ᠦᠢ᠍ᠯᠡᠴᠢᠯᠡᠭᠡ ᠵᠢ  ᠶᠡᠬᠡ᠎ᠪᠠᠷ  ᠬᠥᠭᠵᠢᠭᠦᠯᠬᠦ ᠂  ᠭᠠᠵᠠᠷ ᠰᠢᠷᠣᠢ ᠵᠢ ᠲᠥᠪᠯᠡᠷᠡᠭᠦᠯᠦᠨ ᠵᠠᠯᠭ᠋ᠠᠯᠳᠤᠭᠤᠯᠤᠨ ᠡᠵᠡᠩᠨᠡᠬᠦ ᠪᠠ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠵᠠᠭᠪᠤᠷ᠎ᠢ ᠳᠡᠯᠭᠡᠷᠡᠭᠦᠯᠦᠨ ᠂  ᠰᠦᠯᠵᠢᠶᠡᠨ  ᠳᠡᠭᠡᠷᠡᠬᠢ  ᠪᠠ ᠰᠦᠯᠵᠢᠶᠡᠨ᠎ᠠᠴᠠ  ᠭᠠᠳᠠᠭᠤᠷᠬᠢ ᠠᠭᠤᠰᠤᠯᠴᠠᠵᠤ  ᠣᠳᠣᠬᠢᠴᠢᠯᠠᠭᠰᠠᠨ ᠮᠠᠯᠵᠢᠬᠤ ᠲᠠᠷᠢᠶᠠᠯᠠᠬᠤ ᠣᠷᠣᠨ᠎ᠤ ᠲᠠᠸᠠᠷ᠎ᠤᠨ ᠭᠦᠢ᠍ᠯᠭᠡᠭᠡ ᠪᠠ ᠦᠢ᠍ᠯᠡᠴᠢᠯᠡᠭᠡᠨ᠎ᠤ ᠲᠣᠣᠷ ᠰᠦᠯᠵᠢᠶ᠎ᠡ ᠵᠡᠷᠭᠡ ᠲᠠᠷᠢᠶᠠᠯᠠᠩ᠎ᠤᠨ ᠪᠦᠲᠦᠭᠡᠭᠳᠡᠬᠦᠨ  ᠮᠠᠯ᠎ᠤᠨ ᠠᠰᠢᠭ ᠰᠢᠮ᠎ᠡ ᠵᠢ  ᠭᠠᠳᠠᠭᠰᠢ ᠭᠠᠷᠭ᠋ᠠᠬᠤ ᠠᠷᠭ᠎ᠠ ᠵᠠᠮ᠎ᠢ ᠬᠥᠭᠵᠢᠭᠦᠯᠬᠦ ᠵᠡᠷᠭᠡ ᠠᠭᠤᠯᠭ᠎ᠠ᠎ᠳᠤ ᠲᠣᠭᠲᠠᠭ᠋ᠠᠯ  ᠭᠠᠷᠭ᠋ᠠᠵᠤ᠂  ᠲᠠᠷᠢᠶᠠᠯᠠᠩ ᠮᠠᠯ ᠠᠵᠤ ᠠᠬᠤᠢ ᠵᠢᠨ ᠥᠪᠡᠷ᠎ᠤᠨ ᠥᠷᠲᠡᠭ᠎ᠢ ᠎ᠨᠢ  ᠠᠷᠪᠢᠯᠠᠨ ᠦᠷ᠎ᠡ ᠠᠰᠢᠭ᠎ᠢ ᠎ᠨᠢ  ᠨᠡᠮᠡᠭᠳᠡᠭᠦᠯᠬᠦ ᠂  ᠶᠠᠰᠤ ᠴᠢᠨᠠᠷ᠎ᠢ ᠎ᠨᠢ  ᠳᠡᠭᠡᠭᠰᠢᠯᠡᠭᠦᠯᠦᠨ ᠦᠷ᠎ᠡ ᠠᠰᠢᠭ᠎ᠢ ᠎ᠨᠢ  ᠨᠡᠮᠡᠭᠳᠡᠭᠦᠯᠬᠦ ᠂  ᠡᠵᠡᠩᠨᠡᠨ  ᠪᠣᠷᠣᠯᠠᠭᠤᠯᠵᠤ  ᠦᠷ᠎ᠡ ᠠᠰᠢᠭ᠎ᠢ ᠎ᠨᠢ  ᠨᠡᠮᠡᠭᠳᠡᠭᠦᠯᠬᠦ ᠵᠢ ᠠᠬᠢᠭᠤᠯᠵᠤ  ᠪᠠᠢ᠌ᠭ᠋ᠠᠳ  ᠮᠠᠯᠴᠢᠨ ᠲᠠᠷᠢᠶᠠᠴᠢᠳ᠎ᠤᠨ ᠣᠷᠣᠯᠭ᠎ᠠ ᠵᠢ ᠦᠷᠭᠦᠯᠵᠢᠯᠡᠨ ᠲᠣᠭᠲᠠᠭᠤᠨ ᠵᠶ᠋ᠠᠷ  ᠨᠡᠮᠡᠭᠳᠡᠭᠦᠯᠬᠦ ᠪᠣᠯᠣᠨ᠎ᠠ ᠃ 

 

ᠳᠦᠷᠢᠮ᠎ᠢ ᠲᠣᠭᠲᠠᠭ᠋ᠠᠭᠰᠠᠨ ᠠᠬᠤᠢ ᠪᠠᠢ᠌ᠳᠠᠯ ᠵᠢᠴᠢ ᠴᠢᠬᠤᠯᠠ ᠶᠡᠬᠡ ᠠᠴᠢ ᠬᠣᠯᠪᠣᠭᠳᠠᠯ 

ᠥᠪᠥᠷ ᠮᠣᠩᠭᠣᠯ᠎ᠳᠤ 1.72 ᠳ᠋ᠦᠩᠰᠢᠭᠤᠷ ᠮᠦ᠍ ᠲᠠᠷᠢᠶᠠᠨ ᠭᠠᠵᠠᠷ᠎ᠲᠠᠢ ᠪᠠᠢ᠌ᠵᠤ ᠂  ᠮᠠᠨ᠎ᠤ ᠤᠯᠤᠰ᠎ᠤᠨ ᠠᠮᠤ ᠪᠤᠳᠠᠭ᠋ᠠᠨ᠎ᠤ 13 ᠭᠣᠣᠯ ᠭᠠᠷᠤᠯᠲᠠ ᠵᠢᠨ ᠣᠷᠣᠨ ᠪᠠ ᠠᠮᠤ ᠪᠤᠳᠠᠭ᠋ᠠᠨ᠎ᠤ  ᠬᠡᠪᠴᠢᠶᠡᠵᠢᠯ᠎ᠲᠠᠢ᠎ᠪᠠᠷ ᠵᠥᠭᠡᠭᠡᠪᠦᠷᠢᠯᠡᠨ  ᠭᠠᠷᠭ᠋ᠠᠬᠤ 8 ᠮᠤᠵᠢ ᠣᠷᠣᠨ᠎ᠤ ᠨᠢᠭᠡ ᠎ᠨᠢ  ᠪᠣᠯᠣᠨ᠎ᠠ ᠂  ᠠᠮᠤ ᠪᠤᠳᠠᠭ᠋ᠠᠨ᠎ᠤ ᠤᠨᠠᠯᠲᠠ᠎ᠪᠠᠷ ᠵᠶ᠋ᠡᠨ  ᠪᠥᠬᠥ ᠤᠯᠤᠰ᠎ᠤᠨ ᠵᠢᠷᠭᠤᠳᠤᠭ᠋ᠠᠷ᠎ᠲᠤ ᠣᠷᠣᠵᠤ ᠂  ᠣᠯᠠᠨ  ᠵᠢᠯ᠎ᠤᠨ  ᠲᠤᠷᠰᠢᠳᠠ  ᠵᠥᠭᠡᠭᠡᠪᠦᠷᠢᠯᠡᠨ  ᠭᠠᠷᠭ᠋ᠠᠭᠰᠠᠨ  ᠠᠮᠤ  ᠪᠤᠳᠠᠭ᠋ᠠᠨ᠎ᠤ ᠬᠡᠮᠵᠢᠶ᠎ᠡ᠎ᠪᠠᠷ ᠵᠶ᠋ᠡᠨ  ᠪᠥᠬᠥ ᠤᠯᠤᠰ᠎ᠤᠨ ᠳᠥᠷᠪᠡᠳᠦᠭᠡᠷ᠎ᠲᠤ ᠣᠷᠣᠵᠤ ᠂  ᠦᠬᠡᠷ᠎ᠤᠨ ᠮᠢᠬ᠎ᠠ ᠂  ᠬᠣᠨᠢᠨ ᠮᠢᠬ᠎ᠠ ᠂  ᠦᠨᠢᠶᠡᠨ ᠰᠦ ᠵᠢᠨ ᠭᠠᠷᠤᠯᠲᠠ᠎ᠪᠠᠷ ᠵᠶ᠋ᠡᠨ  ᠴᠥᠮ ᠪᠥᠬᠥ ᠤᠯᠤᠰ᠎ᠲᠤ ᠲᠡᠷᠢᠭᠦᠯᠡᠭᠰᠡᠭᠡᠷ ᠢᠷᠡᠭᠰᠡᠨ ᠪᠥᠭᠡᠳ  ᠲᠠᠷᠢᠶᠠᠯᠠᠩ ᠮᠠᠯ ᠠᠵᠤ ᠠᠬᠤᠢ ᠵᠢᠨ ᠬᠥᠭᠵᠢᠯᠲᠡ ᠵᠢᠨ  ᠰᠠᠭᠤᠷᠢ᠎ᠲᠠᠢ ᠂  ᠳᠠᠪᠠᠭᠤᠯᠢᠭ᠎ᠲᠠᠢ ᠶᠤᠮ ᠃ 

ᠠᠮᠤ ᠪᠤᠳᠠᠭ᠋ᠠᠨ᠎ᠤ  ᠤᠨᠠᠯᠲᠠ᠎ᠪᠠᠷ ᠵᠶ᠋ᠠᠨ          ᠪᠦᠬᠦ ᠤᠯᠤᠰ᠎ᠤᠨ  ᠵᠢᠷᠭᠤᠳᠤᠭ᠋ᠠᠷ᠎ᠲᠤ  ᠣᠷᠣᠪᠠ 

ᠵᠥᠭᠡᠭᠡᠪᠦᠷᠢᠯᠡᠨ  ᠭᠠᠷᠭ᠋ᠠᠭᠰᠠᠨ  ᠠᠮᠤ ᠪᠤᠳᠠᠭ᠎ᠠ᠎ᠪᠠᠷ ᠵᠶ᠋ᠠᠨ      ᠪᠥᠬᠥ ᠤᠯᠤᠰ᠎ᠤᠨ  ᠳᠥᠷᠪᠡᠳᠦᠭᠡᠷ᠎ᠲᠤ  ᠣᠷᠣᠪᠠ 

ᠦᠬᠡᠷ᠎ᠤᠨ ᠮᠢᠬ᠎ᠠ ᠂  ᠬᠤᠨᠢᠨ ᠮᠢᠬ᠎ᠠ ᠂  ᠦᠨᠢᠶᠡᠨ ᠰᠦ ᠵᠢᠨ  ᠭᠠᠷᠤᠯᠲᠠ᠎ᠪᠠᠷ ᠵᠶ᠋ᠠᠨ      ᠪᠦᠬᠦ ᠤᠯᠤᠰ᠎ᠤᠨ ᠲᠡᠷᠢᠭᠦᠨ᠎ᠳᠤ  ᠣᠷᠣᠪᠠ

《  ᠲᠠᠷᠢᠶᠠᠯᠠᠩ ᠮᠠᠯ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠂  ᠤᠯᠤᠰ᠎ᠤᠨ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ  ᠦᠢ᠍ᠯᠡᠳᠪᠦᠷᠢᠯᠡᠯ᠎ᠤᠨ  ᠰᠠᠭᠤᠷᠢᠨ᠎ᠢ ᠪᠦᠲᠦᠭᠡᠨ ᠪᠠᠶ᠋ᠢᠭᠤᠯᠬᠤ 》  ᠪᠣᠯ ᠶᠡᠷᠦᠩᠬᠡᠢ ᠱᠦᠵᠢ ᠰᠢ ᠵᠢᠨ ᠫᠢᠩ  ᠪᠠ  ᠨᠠᠮ᠎ᠤᠨ ᠲᠥᠪ  ᠬᠣᠷᠢᠶᠠᠨ᠎ᠠᠴᠠ ᠥᠪᠥᠷ ᠮᠣᠩᠭᠣᠯ᠎ᠳᠤ ᠲᠤᠰᠢᠶᠠᠭᠰᠠᠨ 《ᠲᠠᠪᠤᠨ ᠶᠡᠬᠡ ᠡᠭᠦᠷᠭᠡ 》 ᠵᠢᠨ  ᠨᠢᠭᠡ᠎ᠨᠢ  ᠪᠣᠯᠬᠤ ᠪᠥᠭᠡᠳ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠂  ᠬᠥᠳᠡᠭᠡ ᠲᠣᠰᠬᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠂  ᠮᠠᠯᠴᠢᠨ  ᠲᠠᠷᠢᠶᠠᠴᠢᠳ᠎ᠤᠨ  ᠣᠷᠣᠯᠭ᠎ᠠ ᠵᠢ ᠨᠡᠮᠡᠭᠳᠡᠭᠦᠯᠦᠨ ᠪᠠᠶᠠᠵᠢᠭᠤᠯᠬᠤ ᠵᠢ ᠠᠬᠢᠭᠤᠯᠬᠤ ᠪᠠᠢ᠌ᠯᠳᠤᠬᠤ ᠪᠣᠳᠣᠯᠭ᠎ᠠ ᠵᠢᠨ ᠠᠷᠭ᠎ᠠ ᠬᠡᠮᠵᠢᠶ᠎ᠡ ᠪᠣᠯᠣᠨ᠎ᠠ ᠃  ᠶᠡᠷᠦᠩᠬᠡᠢ ᠱᠦᠵᠢ  ᠰᠢ  ᠵᠢᠨ ᠫᠢᠩ᠎ᠤᠨ  ᠥᠪᠥᠷ ᠮᠣᠩᠭᠣᠯ᠎ᠳᠤ  ᠵᠢᠭ᠋ᠠᠪᠤᠷᠢᠯᠠᠭᠰᠠᠨ  ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠡᠷᠡᠰ  ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠂  ᠤᠯᠤᠰ ᠲᠥᠷᠥ ᠪᠠ ᠪᠦᠬᠦ ᠲᠠᠯ᠎ᠠ ᠵᠢᠨ  ᠥᠨᠳᠥᠷᠴᠡ᠎ᠠᠴᠠ ᠨᠠᠮ᠎ᠤᠨ ᠲᠥᠪ ᠬᠣᠷᠢᠶᠠᠨ᠎ᠤ ᠮᠠᠨ᠎ᠤ ᠣᠷᠣᠨ᠎ᠳᠠᠬᠢ ᠪᠠᠢ᠌ᠯᠳᠤᠬᠤ ᠪᠣᠳᠣᠯᠭ᠎ᠠ ᠵᠢᠨ ᠪᠠᠢ᠌ᠷᠢ ᠲᠣᠭᠲᠠᠭ᠋ᠠᠯᠲᠠ ᠵᠢ  ᠤᠬᠠᠮᠰᠠᠷ᠎ᠠᠴᠠ᠎ᠪᠠᠨ  ᠨᠠᠢ᠌ᠳᠠᠪᠤᠷᠢᠵᠢᠭᠤᠯᠵᠤ ᠂  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠂  ᠵᠠᠰᠠᠭ᠎ᠤᠨ ᠣᠷᠳᠣᠨ᠎ᠤ ᠲᠣᠭᠲᠠᠭ᠋ᠠᠭᠰᠠᠨ 《ᠤᠯᠤᠰ᠎ᠤᠨ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ  ᠦᠢ᠍ᠯᠡᠳᠪᠦᠷᠢᠯᠡᠯ᠎ᠤᠨ  ᠰᠠᠭᠤᠷᠢᠨ᠎ᠢ ᠪᠦᠲᠦᠭᠡᠨ ᠪᠠᠶ᠋ᠢᠭᠤᠯᠬᠤ ᠲᠤᠬᠠᠢ ᠬᠡᠷᠡᠭᠵᠢᠭᠦᠯᠬᠦ ᠲᠥᠰᠥᠯ 》᠎ᠢ  ᠨᠠᠢ᠌ᠳᠠᠪᠤᠷᠢᠵᠢᠭᠤᠯᠤᠨ ᠠᠬᠢᠭᠤᠯᠵᠤ ᠂  ᠤᠯᠤᠰ᠎ᠤᠨ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ  ᠦᠢ᠍ᠯᠡᠳᠪᠦᠷᠢᠯᠡᠯ᠎ᠤᠨ  ᠰᠠᠭᠤᠷᠢᠨ᠎ᠢ ᠴᠢᠨᠠᠷ ᠰᠠᠢ᠌ᠲᠠᠢ ᠪᠦᠲᠦᠭᠡᠨ  ᠪᠠᠢ᠌ᠭᠤᠯᠬᠤ ᠵᠢᠨ ᠲᠤᠯᠠᠳᠠ᠂  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ  ᠬᠣᠷᠢᠶᠠᠨ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ ᠦᠢ᠍ᠯᠡᠳᠪᠦᠷᠢᠯᠡᠯ᠎ᠤᠨ ᠰᠠᠭᠤᠷᠢᠨ᠎ᠢ ᠪᠦᠲᠦᠭᠡᠨ ᠪᠠᠶ᠋ᠢᠭᠤᠯᠬᠤ ᠵᠢ ᠠᠬᠢᠭᠤᠯᠬᠤ ᠳᠦᠷᠢᠮ 》᠎ᠢ  ᠳᠣᠭᠲᠠᠭ᠋ᠠᠭᠰᠠᠨ ᠪᠠᠢ᠌ᠨ᠎ᠠ ᠃

 

 


ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ