ᠨᠢᠭᠡ ᠭᠣᠣᠯ ᠰᠢᠵᠢᠮ᠎ᠢ ᠲᠤᠭᠤᠰᠢᠲᠠᠢ ᠨᠠᠢ᠌ᠳᠠᠪᠤᠷᠢᠵᠢᠭᠤᠯᠤᠨ᠎ᠠ   -   ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
2025 ᠣᠨ᠎ᠤ ᠬᠢᠩᠭ᠋ᠠᠨ ᠠᠶ᠋ᠢᠮᠠᠭ᠎ᠤᠨ 《ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》 《ᠦᠨᠳᠦᠰᠦᠲᠡᠨ᠎ᠤ ᠬᠠᠤᠯᠢᠵᠢᠯ᠎ᠤᠨ ᠤᠬᠠᠭᠤᠯᠭ᠎ᠠ ᠵᠢᠨ ᠭᠠᠷᠠᠭ》᠎ᠤᠨ ᠠᠵᠢᠯ᠎ᠤᠨ ᠲᠦᠰᠦᠯ
ᠨᠡᠶ᠋ᠢᠲᠡᠯᠡᠭᠰᠡᠨ ᠴᠠᠭ᠄ 2025-05-30


   ᠴᠠᠭ᠎ᠤᠨ ᠳᠤᠬᠢᠷᠠᠭᠤᠯᠭ᠎ᠠ
   ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ᠄ 5 ᠰᠠᠷ᠎ᠠ ᠵᠢᠨ 1᠎ᠤ ᠡᠳᠦᠷ᠎ᠠᠴᠠ 5 ᠰᠠᠷ᠎ᠠ ᠵᠢᠨ 31᠎ᠤ ᠡᠳᠦᠷ ᠪᠣᠯᠲᠠᠯ᠎ᠠ

   ᠦᠨᠳᠦᠰᠦᠲᠡᠨ᠎ᠤ  ᠬᠠᠤᠯᠢᠵᠢᠯ᠎ᠤᠨ  ᠤᠬᠠᠭᠤᠯᠭ᠎ᠠ ᠵᠢᠨ ᠭᠠᠷᠠᠭ᠄ 5 ᠰᠠᠷ᠎ᠠ ᠵᠢᠨ 25᠎ᠤ ᠡᠳᠦᠷ᠎ᠠᠴᠠ 5 ᠰᠠᠷ᠎ᠠ ᠵᠢᠨ 31᠎ᠤ ᠡᠳᠦᠷ ᠪᠣᠯᠲᠠᠯ᠎ᠠ

   ᠭᠤᠤᠯ  ᠰᠡᠳᠦᠪ

   ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ ᠂  ᠪᠦᠯᠬᠦᠮᠳᠡᠨ ᠲᠡᠮᠡᠴᠡᠵᠦ ᠂  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠲᠦᠯᠬᠢᠨ ᠠᠬᠢᠭᠤᠯᠤᠨ᠎ᠠ᠃

   ᠶᠡᠷᠦᠩᠬᠡᠶ ᠱᠠᠭ᠋ᠠᠷᠳᠠᠯᠭ᠎ᠠ
   ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠬᠤ ᠵᠢ  ᠪᠠᠷᠢᠮᠳᠠᠯᠠᠵᠦ ᠂  ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ ᠂  ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ  ᠲᠤᠭᠤᠰᠢᠯᠠᠭᠤᠯᠤᠨ  ᠨᠠᠶ᠋ᠢᠳᠠᠪᠤᠷᠢᠵᠢᠭᠤᠯᠵᠤ ᠂  ᠶᠡᠷᠦᠩᠬᠡᠶ ᠱᠦᠵᠢ ᠰᠢ ᠵᠢᠨ ᠫᠢᠩ᠎ᠤᠨ  ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠣᠯᠤᠨ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠬᠥᠬᠢᠭᠦᠯᠦᠨ ᠰᠠᠶ᠋ᠢᠰᠢᠶᠠᠬᠤ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠤᠬᠠᠭᠤᠯᠵᠤ  ᠲᠤᠭᠤᠰᠢᠯᠠᠭᠤᠯᠵᠦ ᠂ ᠲᠤᠮᠳᠠᠳᠤ ᠵᠢᠨ  ᠦᠨᠳᠦᠰᠦᠲᠡᠨ᠎ᠤ ᠬᠠᠮᠲᠤ ᠵᠢᠨ ᠴᠣᠭᠴᠠ ᠵᠢᠨ  ᠤᠬᠠᠮᠰᠡᠷ᠎ᠢ ᠪᠠᠳᠤᠳᠬᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠵᠤ ᠂  ᠨᠠᠮ᠎ᠤᠨ ᠦᠨᠳᠦᠰᠦᠲᠡᠨ᠎ᠤ ᠤᠨᠤᠯ ᠲᠦᠷᠦ ᠵᠢᠨ ᠪᠤᠳᠤᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠤᠬᠠᠭᠤᠯᠭ᠎ᠠ ᠬᠥᠮᠦᠵᠢᠯ᠎ᠢ ᠪᠦᠬᠦ ᠲᠠᠯ᠎ᠠ᠎ᠪᠠᠷ ᠴᠢᠩᠭ᠋ᠠᠳᠬᠠᠵᠤ ᠂  ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ᠎ᠢ ᠬᠥᠮᠦᠵᠢᠭᠦᠯᠦᠨ ᠳᠠᠭ᠋ᠠᠭᠤᠯᠵᠤ 《ᠬᠣᠶᠠᠷ᠎ᠢ  ᠲᠣᠭᠲᠠᠭ᠋ᠠᠭᠰᠠᠨ 》᠎ᠢ  ᠪᠠᠲᠤᠳᠬᠠᠵᠤ ᠂ 《ᠬᠣᠶᠠᠷ᠎ᠢ  ᠬᠠᠮᠠᠭ᠋ᠠᠯᠠᠬᠤ 》 ᠵᠢ  ᠡᠷᠡᠰ ᠪᠡᠶᠡᠯᠡᠭᠦᠯᠬᠦ ᠬᠡᠷᠡᠭᠲᠡᠢ᠃ 《ᠬᠣᠶᠠᠷ ᠣᠷᠣᠨ ᠨᠢᠭᠡ ᠴᠣᠩᠬᠤᠪᠴᠢ》 ᠵᠢᠨ ᠲᠤᠷᠰᠢᠯᠲᠠ ᠵᠢᠨ  ᠴᠡᠭ᠎ᠤᠨ ᠪᠥᠲᠥᠭᠡᠨ ᠪᠠᠶ᠋ᠢᠭᠤᠯᠤᠯᠲᠠ ᠵᠢ ᠯᠠᠪᠳᠠᠭᠤᠨ ᠪᠠᠲᠤᠲᠠᠶ ᠠᠬᠢᠭᠤᠯᠵᠤ ᠂ 《ᠲᠠᠪᠤᠨ ᠶᠡᠬᠡ ᠡᠭᠦᠷᠭᠡ》 ᠪᠠ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠥᠲᠥᠭᠡᠨ ᠪᠠᠶ᠋ᠢᠭᠤᠯᠬᠤ ᠬᠣᠶᠠᠷ ᠶᠡᠬᠡ ᠶᠠᠪᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠦᠨ ᠬᠦᠴᠦ᠎ᠪᠠᠨ ᠲᠥᠪᠯᠡᠷᠡᠭᠦᠯᠵᠦ ᠂  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠥᠲᠥᠭᠡᠨ ᠪᠠᠶ᠋ᠢᠭᠤᠯᠤᠯᠲᠠ ᠵᠢ ᠪᠥᠬᠥ ᠲᠠᠯ᠎ᠠ᠎ᠪᠠᠷ ᠳᠥᠯᠭᠢᠨ ᠠᠬᠢᠭᠤᠯᠬᠤ᠎ᠳᠤ ᠬᠢᠩᠭ᠋ᠠᠨ᠎ᠤ ᠬᠦᠴᠦᠨ ᠴᠢᠳᠠᠯ ᠵᠶ᠋ᠠᠨ ᠢᠳᠡᠪᠬᠢᠲᠡᠶ᠎ᠪᠠᠷ ᠨᠡᠮᠡᠷᠢᠯᠡᠨ᠎ᠡ᠃

   ᠭᠣᠣᠯᠳᠠᠯᠭ᠎ᠠ᠎ᠲᠠᠢ ᠤᠬᠠᠭᠤᠯᠬᠤ ᠠᠭᠤᠯᠭ᠎ᠠ
   ᠨᠠᠮ᠎ᠤᠨ ᠬᠣᠷᠢᠳᠤᠭ᠋ᠠᠷ ᠶᠡᠬᠡ ᠬᠤᠷᠠᠯ ᠪᠠ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ ᠂  ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ; ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠂  ᠰᠢ ᠵᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ ᠂  ᠶᠡᠷᠦᠩᠬᠡᠢ ᠱᠦᠵᠢ ᠰᠢ ᠵᠢᠨ ᠫᠢᠩ ᠎ᠤᠨ  ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠂  ᠶᠡᠷᠦᠩᠬᠡᠢ ᠱᠦᠵᠢ ᠰᠢ ᠵᠢᠨ ᠫᠢᠩ᠎ᠤᠨ  ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢ ᠬᠥᠬᠢᠭᠦᠯᠦᠨ ᠰᠠᠶ᠋ᠢᠰᠢᠶᠠᠬᠤ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ; ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠦᠨᠳᠦᠰᠦᠲᠡᠨ᠎ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠂  ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠂  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠂ 《ᠮᠣᠩᠭᠣᠯ ᠮᠤᠷᠢᠨ᠎ᠤ ᠵᠣᠷᠢᠭ ᠰᠠᠨᠠᠭ᠎ᠠ》 ᠪᠣᠯᠤᠨ 《ᠤᠮᠠᠷᠠᠲᠤ ᠵᠢᠨ ᠭᠤᠷᠪᠠᠨ ᠣᠷᠣᠨ᠎ᠤ ᠵᠣᠷᠢᠭ ᠰᠠᠨᠠᠭ᠎ᠠ》᠎ᠪᠠᠷ ᠦᠨᠳᠦᠰᠦᠨ ᠠᠭᠤᠯᠤᠭᠳᠠᠬᠤᠨ ᠪᠣᠯᠭ᠋ᠠᠭᠰᠠᠨ ᠤᠮᠠᠷᠠᠲᠤ ᠵᠢᠨ ᠰᠣᠶᠣᠯ᠎ᠢ ᠪᠠᠳᠠᠷᠠᠭᠤᠯᠬᠤ; 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠨ ᠬᠠᠤᠯᠢ》 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠬᠠᠤᠯᠢ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠲᠦᠷᠢᠮ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠬᠠᠤᠯᠢ〉 ᠵᠢ ᠬᠡᠷᠡᠭᠵᠢᠭᠦᠯᠬᠦ ᠠᠷᠭ᠎ᠠ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠥᠲᠥᠭᠡᠨ ᠪᠠᠶ᠋ᠢᠭᠤᠯᠬᠤ ᠵᠢ ᠠᠬᠢᠭᠤᠯᠬᠤ ᠲᠦᠷᠢᠮ》 ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠬᠡ ᠤᠯᠤᠰ᠎ᠤᠨ ᠤᠮᠠᠷᠠᠲᠤ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠡᠬᠢᠵᠢᠭᠦᠯᠬᠦ ᠵᠢ ᠠᠬᠢᠭᠤᠯᠬᠤ ᠲᠦᠷᠢᠮ》 ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠢᠯᠢ ᠬᠢᠵᠠᠭ᠋ᠠᠷ ᠣᠷᠣᠨ᠎ᠤ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠦᠷᠢᠮ》 ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ  ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠥᠲᠥᠭᠡᠨ ᠪᠠᠶ᠋ᠢᠭᠤᠯᠬᠤ ᠲᠤᠬᠠᠶ  ᠲᠣᠭᠲᠠᠭ᠋ᠠᠯ》 ᠵᠡᠷᠭᠡ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠃

   ᠠᠵᠢᠯ᠎ᠤᠨ ᠲᠣᠬᠢᠷᠠᠭᠤᠯᠤᠯᠲᠠ

   ᠲᠤᠰᠬᠠᠶ ᠬᠦᠷᠢᠶᠡᠨ᠎ᠤ ᠠᠵᠢᠯ
   ᠡᠨᠡ ᠵᠢᠯ ᠭᠠᠴᠠᠭ᠎ᠠ ᠲᠣᠰᠬᠣᠨ ᠪᠠ ᠨᠡᠶ᠋ᠢᠭᠡᠮ ᠲᠣᠭᠣᠷᠢᠭ᠎ᠲᠤ ᠭᠣᠤᠯᠳᠠᠯᠭ᠎ᠠ᠎ᠲᠠᠢ ᠬᠠᠨᠳᠤᠭᠤᠯᠵᠤ ᠂ ᠪᠠᠢ᠌ᠭᠤᠯᠭ᠎ᠠ᠂  ᠠᠵᠤ ᠠᠬᠤᠶ᠋ᠢᠯᠠᠯ ᠂  ᠰᠤᠷᠭ᠋ᠠᠭᠤᠯᠢ ᠂  ᠰᠤᠮᠤᠨ ᠠᠩᠭᠢ ᠂  ᠱᠠᠰᠢᠨ ᠰᠤᠷᠲᠠᠬᠤᠨ᠎ᠤ ᠠᠵᠢᠯᠯᠠᠭ᠋ᠠᠨ᠎ᠤ ᠲᠠᠯᠠᠪᠤᠷ ᠭᠠᠵᠠᠷ ᠂  ᠰᠣᠶᠣᠯ ᠵᠢᠭᠤᠯᠴᠢᠯᠠᠯ᠎ᠤᠨ ᠲᠠᠯᠠᠪᠤᠷ ᠭᠠᠵᠠᠷ ᠂  ᠰᠦᠯᠵᠢᠶ᠎ᠡ ᠵᠡᠷᠭᠡ 9 ᠬᠦᠷᠢᠶ᠎ᠡ ᠵᠢᠴᠢ ᠨᠡᠶ᠋ᠢᠭᠡᠮ᠎ᠤᠨ ᠡᠯ᠎ᠡ ᠬᠦᠷᠢᠶ᠎ᠡ ᠵᠢ ᠨᠢᠭᠡᠳᠦᠯᠲᠡᠶ ᠲᠥᠯᠥᠪᠯᠡᠨ᠎ᠡ᠃
   ᠪᠠᠶ᠋ᠢᠭᠤᠯᠭ᠎ᠠ᠎ᠳᠤ  ᠣᠷᠣᠬᠤ
  《ᠭᠤᠷᠪᠠᠨ ᠬᠤᠷᠠᠯ ᠨᠢᠭᠡ ᠬᠢᠴᠢᠶᠡᠯ》 ᠂  ᠭᠣᠤᠯ ᠰᠡᠳᠦᠪᠲᠦ ᠨᠠᠮ᠎ᠤᠨ ᠡᠳᠦᠷ ᠂ ᠪᠠᠢ᠌ᠭᠤᠯᠭ᠎ᠠ ᠵᠢᠨ ᠺᠠᠳ᠋ᠷᠴᠤᠳ᠎ᠤᠨ ᠤᠯᠤᠰ ᠲᠥᠷᠥ ᠣᠨᠣᠯ᠎ᠤᠨ ᠰᠤᠷᠤᠯᠴᠠᠯᠭ᠎ᠠ ᠵᠡᠷᠭᠡ ᠵᠢ ᠥᠷᠨᠢᠭᠦᠯᠬᠦ᠎ᠪᠠᠷ ᠳᠠᠮᠵᠢᠭᠤᠯᠤᠨ ᠂  ᠨᠠᠮ᠎ᠤᠨ ᠭᠡᠰᠢᠭᠦᠨ ᠺᠠᠳ᠋ᠷᠴᠤᠳ᠎ᠢ ᠬᠥᠲᠥᠯᠦᠨ ᠵᠢᠯᠣᠭᠣᠳᠴᠤ ᠪᠠᠶ᠋ᠢᠭ᠋ᠠᠳ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠦᠵᠡᠯ ᠤᠬᠠᠮᠰᠠᠷ᠎ᠤᠨ ᠪᠠᠶᠠᠯᠢᠭ ᠠᠭᠤᠯᠤᠭᠳᠠᠬᠤᠨ᠎ᠢ ᠨᠠᠩ ᠭᠦᠨᠵᠡᠭᠡᠶ ᠲᠠᠨᠢᠭᠤᠯᠵᠤ ᠪᠠᠲᠤ ᠪᠠᠬᠢ ᠪᠣᠯᠭ᠋ᠠᠨ᠎ᠠ᠃  ᠪᠠᠢ᠌ᠭᠤᠯᠭ᠎ᠠ ᠵᠢᠨ ᠨᠠᠮ᠎ᠤᠨ ᠭᠡᠰᠢᠭᠦᠨ ᠺᠠᠳ᠋ᠷ ᠂  ᠠᠵᠢᠯ᠎ᠠᠴᠠ᠎ᠪᠠᠨ ᠠᠮᠠᠷᠠᠭᠰᠠᠨ ᠺᠠᠳ᠋ᠷ ᠂  ᠲᠤᠰᠬᠠᠶ ᠮᠡᠷᠭᠡᠵᠢᠯᠲᠡᠨ ᠡᠷᠳᠡᠮᠲᠡᠨ᠎ᠤ  ᠦᠢ᠍ᠯᠡᠳᠦᠯ᠎ᠢ  ᠭᠦᠢ᠍ᠴᠡᠳ ᠪᠠᠳᠠᠷᠠᠭᠤᠯᠵᠤ ᠂  ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠳᠤ ᠨᠠᠮ᠎ᠤᠨ ᠦᠨᠳᠦᠰᠦᠲᠡᠨ᠎ᠤ ᠣᠨᠣᠯ ᠲᠥᠷᠥ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠤᠬᠠᠭᠤᠯᠭ᠎ᠠ ᠲᠠᠶ᠋ᠢᠯᠤᠮᠵᠢ ᠵᠢ ᠰᠠᠶ᠋ᠢᠲᠤᠷ ᠬᠢᠬᠦ ᠬᠡᠷᠡᠭᠲᠡᠶ᠃ ᠵᠣᠬᠢᠶᠠᠨ ᠪᠠᠶ᠋ᠢᠭᠤᠯᠤᠯᠲᠠ ᠵᠢᠨ ᠬᠣᠣᠰᠯᠠᠯ ᠪᠠᠶ᠋ᠢᠭᠤᠯᠵᠤ ᠬᠠᠮᠲᠤ᠎ᠪᠠᠷ ᠪᠠᠶ᠋ᠢᠭᠤᠯᠬᠤ ᠂  ᠬᠣᠶᠠᠷ᠎ᠢ ᠮᠡᠳᠡᠭᠦᠯᠵᠦ ᠬᠣᠶᠠᠷ᠎ᠢ  ᠦᠢ᠍ᠯᠡᠴᠢᠯᠡᠬᠦ  ᠵᠡᠷᠭᠡ ᠠᠷᠭ᠎ᠠ ᠮᠠᠶᠢᠭ ᠵᠶ᠋ᠠᠷ  ᠦᠢ᠍ᠯᠡᠴᠢᠯᠡᠬᠦ  ᠡᠲᠡᠭᠡᠳ ᠪᠠ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠪᠠᠴᠢᠮ ᠬᠦᠴᠢᠷᠲᠡᠶ ᠵᠣᠪᠠᠵᠤ ᠪᠠᠶ᠋ᠢᠭ᠎ᠠ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠦᠨ ᠂  ᠨᠢᠭᠡ ᠪᠦᠯᠦᠭ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠰᠠᠶ᠋ᠢᠲᠤᠷ  ᠰᠢᠢ᠍ᠳᠪᠦᠷᠢᠯᠡᠵᠦ ᠂  ᠪᠠᠶ᠋ᠢᠭᠤᠯᠭ᠎ᠠ ᠵᠢᠨ ᠺᠠᠳ᠋ᠷᠴᠤᠳ᠎ᠢ ᠬᠥᠲᠥᠯᠦᠨ ᠵᠢᠯᠣᠭᠣᠳᠴᠤ ᠪᠠᠶ᠋ᠢᠭ᠋ᠠᠳ ᠨᠠᠮ᠎ᠤᠨ ᠦᠨᠳᠦᠰᠦᠲᠡᠨ᠎ᠤ ᠣᠨᠣᠯ᠎ᠤᠨ ᠲᠥᠷᠥ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠰᠤᠷᠤᠯᠴᠠᠨ ᠤᠬᠠᠭᠤᠯᠬᠤ ᠪᠠ  ᠲᠤᠭᠤᠰᠢᠯᠠᠭᠤᠯᠤᠨ  ᠨᠠᠶ᠋ᠢᠳᠠᠪᠤᠷᠢᠵᠢᠭᠤᠯᠬᠤ ᠲᠠᠯ᠎ᠠ᠎ᠪᠠᠷ ᠬᠡᠪ ᠳᠠᠭᠤᠷᠢᠶᠠᠯ ᠪᠣᠯᠭ᠋ᠠᠵᠤ ᠂  ᠥᠯᠢᠭᠡᠷ ᠳᠠᠭᠤᠷᠢᠶᠠᠯ ᠪᠣᠯᠭ᠋ᠠᠬᠤ ᠬᠡᠷᠡᠭᠲᠡᠶ᠃

   ᠨᠡᠶ᠋ᠢᠭᠡᠮ ᠲᠣᠭᠣᠷᠢᠭ᠎ᠲᠤ ᠣᠷᠣᠬᠤ
  《ᠲᠠᠪᠤᠨ ᠨᠢᠭᠡ》 ᠵᠢᠨ ᠣᠯᠠᠨ ᠲᠦᠮᠡᠨ᠎ᠤ ᠠᠵᠢᠯ᠎ᠤᠨ ᠠᠷᠭ᠎ᠠ ᠵᠢ ᠭᠦᠨᠵᠡᠭᠡᠶ ᠨᠠᠶ᠋ᠢᠳᠠᠪᠤᠷᠢᠵᠢᠭᠤᠯᠵᠤ ᠂  ᠨᠠᠮ ᠪᠠ ᠣᠯᠠᠨ ᠲᠦᠮᠡᠨ᠎ᠤ ᠦᠢ᠍ᠯᠡᠴᠢᠯᠡᠭᠡᠨ ᠎ᠤ ᠲᠥᠪ ᠂  ᠰᠠᠶ᠋ᠢᠨ ᠳᠤᠷ᠎ᠠ ᠵᠢᠨ  ᠦᠢ᠍ᠯᠡᠴᠢᠯᠡᠭᠡᠨ᠎ᠤ ᠠᠩᠭᠢ ᠪᠠ ᠠᠳᠠᠯ ᠠᠬᠤᠶ ᠵᠢᠨ  ᠦᠢ᠍ᠯᠡᠳᠦᠯ᠎ᠢ ᠢᠳᠡᠪᠬᠢᠲᠡᠶ ᠪᠠᠳᠠᠷᠠᠭᠤᠯᠤᠨ ᠂  ᠠᠳᠠᠯ ᠠᠬᠤᠶ ᠵᠢᠨ ᠸᠢᠴᠠᠲ᠎ᠤᠨ ᠪᠦᠯᠦᠭ ᠂  ᠦᠵᠡᠭᠦᠯᠭᠡ ᠵᠢᠨ ᠰᠠᠮᠪᠠᠷ᠎ᠠ ᠵᠡᠷᠭᠡ ᠵᠢ ᠠᠰᠢᠭᠯᠠᠨ ᠂  ᠬᠠᠮᠲᠤ᠎ᠪᠠᠷ ᠰᠤᠷᠤᠯᠴᠠᠬᠤ ᠂  ᠰᠣᠶᠣᠯ᠎ᠢ ᠬᠠᠮᠲᠤ᠎ᠪᠠᠷ ᠡᠳ᠋ᠯᠡᠬᠦ ᠵᠢ ᠬᠥᠲᠥᠯᠦᠨ ᠳᠠᠭ᠋ᠠᠭᠤᠯᠬᠤ ᠠᠵᠢᠯᠯᠠᠭ᠎ᠠ ᠵᠢ ᠶᠡᠬᠡᠪᠡᠷ ᠥᠷᠨᠢᠭᠦᠯᠵᠦ ᠂  ᠨᠠᠮ᠎ᠤᠨ ᠠᠷᠠᠳ᠎ᠲᠤ ᠠᠰᠢᠭ ᠬᠦᠷᠲᠡᠭᠡᠬᠦ ᠲᠥᠷᠥ ᠵᠢᠨ ᠪᠣᠳᠣᠯᠭ᠎ᠠ ᠪᠠ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠲᠠᠢ ᠨᠢᠭᠲᠠ ᠬᠣᠯᠪᠣᠭ᠎ᠠ᠎ᠲᠠᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠤᠬᠠᠭᠤᠯᠤᠨ᠎ᠠ᠃ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠭᠣᠣᠯ ᠰᠡᠳᠦᠪᠲᠦ ᠠᠵᠢᠯᠯᠠᠭ᠎ᠠ ᠵᠢ ᠵᠣᠬᠢᠶᠠᠨ ᠪᠠᠶ᠋ᠢᠭᠤᠯᠵᠤ ᠂  ᠰᠢᠯᠢᠳᠡᠭ ᠤᠳᠬ᠎ᠠ ᠤᠷᠠᠯᠢᠭ᠎ᠤᠨ ᠰᠣᠳᠣᠨ ᠪᠦᠲᠦᠭᠡᠯ᠎ᠢ ᠲᠣᠭᠯᠠᠭᠤᠯᠤᠨ ᠨᠡᠪᠲᠡᠷᠡᠭᠦᠯᠬᠦ ᠂  ᠬᠥᠷᠰᠢ ᠵᠡᠷᠭᠡᠯᠡᠳᠡᠭᠡ᠎ᠪᠠᠷ ᠵᠶ᠋ᠠᠨ ᠪᠦᠯᠬᠦᠮᠳᠡᠨ ᠬᠠᠪᠰᠤᠷᠤᠯᠴᠠᠵᠤ ᠬᠠᠷᠢᠯᠴᠠᠨ ᠬᠠᠪᠰᠤᠷᠤᠯᠴᠠᠬᠤ ᠰᠢᠷᠢᠰ ᠠᠵᠢᠯᠯᠠᠭ᠎ᠠ ᠵᠢ ᠥᠷᠨᠢᠭᠦᠯᠵᠦ ᠂  ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠠᠮᠲᠤ᠎ᠪᠠᠷ ᠰᠠᠭᠤᠵᠤ ᠬᠠᠮᠲᠤ᠎ᠪᠠᠷ ᠰᠤᠷᠤᠯᠴᠠᠬᠤ ᠂  ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠡᠳ᠋ᠯᠡᠬᠦ ᠂  ᠬᠠᠮᠲᠤ᠎ᠪᠠᠷ ᠠᠵᠢᠯᠯᠠᠵᠤ ᠬᠠᠮᠲᠤ᠎ᠪᠠᠷ ᠪᠠᠶᠠᠰᠬᠤ ᠨᠡᠶ᠋ᠢᠭᠡᠮ᠎ᠤᠨ ᠨᠥᠬᠥᠴᠡᠯ᠎ᠢ ᠢᠳᠡᠪᠬᠢᠲᠡᠶ᠎ᠪᠠᠷ ᠪᠣᠢ ᠪᠣᠯᠭ᠋ᠠᠨ᠎ᠠ᠃
   ᠰᠤᠶᠤᠯ  ᠵᠢᠭᠤᠯᠴᠢᠯᠠᠯ᠎ᠤᠨ  ᠲᠠᠯᠠᠪᠤᠷ᠎ᠲᠤ  ᠣᠷᠣᠬᠤ
   ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠲᠤᠰᠬᠠᠵᠤ ᠳᠡᠶ᠋ᠢᠯᠬᠦ ᠲᠡᠦᠬᠡ ᠵᠢᠨ ᠳᠤᠷᠠᠰᠬᠠᠯᠲᠤ ᠵᠦᠢ᠍ᠯ ᠪᠠ ᠲᠡᠦᠬᠡ ᠵᠢᠨ ᠪᠣᠳᠠᠲᠤ ᠬᠡᠷᠡᠭ ᠵᠶ᠋ᠠᠷ ᠠᠴᠢᠶᠠᠯᠠᠪᠤᠷᠢ ᠪᠣᠯᠭ᠋ᠠᠵᠤ ᠂  ᠵᠢᠷᠤᠭ ᠪᠢᠴᠢᠭ ᠬᠣᠣᠰᠯᠠᠭᠤᠯᠤᠭᠰᠠᠨ ᠳᠡᠯᠭᠡᠨ ᠦᠵᠡᠭᠦᠯᠬᠦ ᠰᠠᠮᠪᠠᠷ᠎ᠠ ᠂  ᠤᠯᠠᠨ ᠵᠠᠭᠤᠴᠢᠳᠤ ᠳᠡᠯᠭᠡᠨ ᠦᠵᠡᠭᠦᠯᠦᠯᠭᠡ ᠵᠡᠷᠭᠡ ᠠᠷᠭ᠎ᠠ ᠪᠠᠷᠢᠯ ᠵᠶ᠋ᠠᠷ ᠳᠠᠮᠵᠢᠭᠤᠯᠤᠨ ᠲᠡᠦᠬᠡ ᠵᠢᠨ ᠳᠤᠷᠠᠰᠬᠠᠯᠲᠤ ᠵᠦᠢ᠍ᠯ᠎ᠳᠤ ᠠᠭᠤᠯᠤᠭᠳᠠᠵᠤ ᠪᠠᠶ᠋ᠢᠭ᠎ᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠦᠵᠡᠯ ᠤᠬᠠᠮᠰᠠᠷ᠎ᠤᠨ ᠠᠭᠤᠯᠤᠭᠳᠠᠬᠤᠨ᠎ᠢ ᠲᠣᠳᠣᠷᠬᠠᠶ᠋ᠢᠯᠠᠨ ᠲᠠᠶ᠋ᠢᠯᠪᠤᠷᠢᠯᠠᠨ᠎ᠠ᠃ ᠣᠲᠣ ᠵᠢᠨ ᠪᠠᠶ᠋ᠢᠭ᠎ᠠ ᠳᠡᠯᠭᠡᠨ ᠦᠵᠡᠭᠦᠯᠬᠦ ᠪᠠᠶ᠋ᠢᠷᠢᠰᠢᠯ᠎ᠲᠠᠢ ᠤᠶᠠᠯᠳᠤᠭᠤᠯᠤᠨ ᠂  ᠦᠨᠳᠦᠰᠦᠲᠡᠨ᠎ᠨᠦᠭᠦᠳ᠎ᠤᠨ ᠬᠠᠮᠲᠤ᠎ᠪᠠᠷ ᠡᠳ᠋ᠯᠡᠬᠦ ᠳᠤᠮᠳᠠᠳᠤ ᠵᠢᠨ ᠰᠣᠶᠣᠯ᠎ᠤᠨ ᠲᠡᠮᠳᠡᠭ ᠪᠠ ᠳᠦᠷᠢ ᠲᠥᠷᠬᠦ ᠵᠢ ᠰᠢᠭᠢᠳᠬᠡᠨ ᠣᠷᠣᠭᠤᠯᠵᠤ ᠂  ᠤᠬᠠᠭᠤᠯᠤᠨ ᠳᠡᠯᠭᠡᠨ ᠦᠵᠡᠭᠦᠯᠬᠦ ᠵᠢ ᠴᠢᠩᠭ᠋ᠠᠳᠬᠠᠨ ᠂  ᠰᠣᠶᠣᠯ ᠵᠢᠭᠤᠯᠴᠢᠯᠠᠯ᠎ᠤᠨ ᠠᠭᠤᠰᠤᠯᠴᠠᠯ᠎ᠢ ᠠᠬᠢᠭᠤᠯᠵᠤ ᠂  ᠰᠣᠶᠣᠯ ᠵᠢᠭᠤᠯᠴᠢᠯᠠᠯ᠎ᠤᠨ ᠲᠠᠯᠠᠪᠤᠷ ᠭᠠᠵᠠᠷ᠎ᠢ ᠨᠠᠮ᠎ᠤᠨ ᠦᠨᠳᠦᠰᠦᠲᠡᠨ᠎ᠤ ᠣᠨᠣᠯ ᠲᠥᠷᠥ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠤᠬᠠᠭᠤᠯᠬᠤ ᠴᠢᠬᠤᠯᠠ ᠴᠣᠩᠬᠣ ᠪᠣᠯᠭ᠋ᠠᠨ᠎ᠠ᠃
   ᠡᠯ᠎ᠡ ᠬᠦᠷᠢᠶᠡᠨ᠎ᠳᠤ ᠣᠷᠣᠬᠤ
   ᠡᠯ᠎ᠡ ᠠᠵᠢᠯ ᠲᠦᠷᠦᠯ᠎ᠤᠨ᠎ᠬᠢᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ᠎ᠲᠠᠢ᠎ᠪᠠᠨ ᠤᠶᠠᠯᠳᠤᠭᠤᠯᠵᠤ ᠂  ᠠᠷᠭ᠎ᠠ ᠬᠡᠯᠪᠡᠷᠢ ᠪᠣᠯᠤᠨ ᠠᠴᠢᠶᠠᠯᠠᠪᠤᠷᠢ ᠵᠢᠨ ᠰᠢᠨ᠎ᠡ ᠵᠢ ᠢᠳᠡᠪᠬᠢᠲᠡᠢ ᠡᠭᠦᠳᠴᠦ ᠂  ᠨᠠᠮ᠎ᠤᠨ ᠦᠨᠳᠦᠰᠦᠲᠡᠨ᠎ᠤ ᠤᠨᠤᠯ ᠲᠦᠷᠦ ᠵᠢᠨ ᠪᠤᠳᠤᠯᠭ᠎ᠠ ᠪᠣᠯᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠭᠦᠨᠵᠡᠭᠡᠢ ᠤᠬᠠᠭᠤᠯᠵᠤ ᠂  ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ᠎ᠢ ᠬᠦᠳᠦᠯᠦᠨ ᠵᠢᠯᠣᠭᠣᠳᠴᠤ ᠪᠠᠶ᠋ᠢᠭ᠋ᠠᠳ ᠬᠠᠮᠲᠤ ᠵᠢᠨ ᠤᠬᠠᠮᠰᠠᠷ ᠂  ᠡᠵᠡᠨ ᠬᠥᠮᠦᠨ᠎ᠤ ᠤᠬᠠᠮᠰᠠᠷ ᠂  ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠤᠬᠠᠮᠰᠠᠷ ᠂  ᠨᠠᠮ ᠵᠶ᠋ᠠᠨ ᠬᠠᠶ᠋ᠢᠷᠠᠯᠠᠵᠤ ᠤᠯᠤᠰ ᠵᠶ᠋ᠠᠨ ᠬᠠᠶ᠋ᠢᠷᠠᠯᠠᠬᠤ ᠤᠬᠠᠮᠰᠠᠷ᠎ᠢ ᠪᠤᠢ ᠪᠣᠯᠭ᠋ᠠᠵᠤ ᠂  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢᠨ ᠠᠭᠤᠤ ᠶᠡᠬᠡ ᠦᠢ᠍ᠯᠡᠳᠦᠯᠭᠡ᠎ᠳᠤ ᠤᠬᠠᠮᠰᠠᠷ᠎ᠠᠴᠠ᠎ᠪᠠᠨ ᠣᠷᠣᠯᠴᠠᠭᠤᠯᠤᠨ᠎ᠠ᠃

   ᠭᠣᠣᠯ ᠲᠠᠯᠠᠪᠤᠷ᠎ᠤᠨ ᠠᠵᠢᠯ᠎ᠤᠨ ᠭᠣᠣᠯᠳᠠᠯᠭ᠎ᠠ
   ᠭᠠᠴᠠᠭ᠎ᠠ ᠲᠣᠰᠬᠣᠨ᠎ᠳᠤ ᠣᠴᠢᠬᠤ
  《ᠲᠠᠪᠤᠨ ᠨᠢᠭᠡ》 ᠵᠢᠨ ᠤᠯᠠᠨ ᠲᠦᠮᠡᠨ᠎ᠤ ᠠᠵᠢᠯ᠎ᠤᠨ ᠠᠷᠭ᠎ᠠ ᠵᠢ ᠭᠦᠨᠵᠡᠭᠡᠶ ᠨᠠᠶ᠋ᠢᠳᠠᠪᠤᠷᠢᠵᠢᠭᠤᠯᠵᠤ ᠂  ᠬᠠᠮᠲᠤ᠎ᠪᠠᠷ ᠰᠤᠷᠤᠯᠴᠠᠬᠤ ᠵᠢ ᠬᠥᠲᠥᠯᠥᠨ ᠵᠢᠯᠣᠭᠣᠳᠬᠤ ᠠᠵᠢᠯᠯᠠᠭ᠎ᠠ ᠵᠢ ᠥᠷᠭᠡᠨ ᠵᠶ᠋ᠠᠷ ᠥᠷᠨᠢᠭᠦᠯᠵᠦ ᠂  ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠦᠯᠢᠭᠡᠷ᠎ᠢ ᠰᠠᠶ᠋ᠢᠲᠤᠷ ᠶᠠᠷᠢᠨ᠎ᠠ᠃ ᠭᠠᠴᠠᠭ᠎ᠠ ᠲᠣᠰᠬᠣᠨ᠎ᠤ 《ᠬᠣᠶᠠᠷ ᠵᠥᠪᠯᠡᠯ》᠎ᠤᠨ ᠪᠠᠭ᠎ᠤᠨ ᠭᠡᠰᠢᠭᠦᠨ ᠂  ᠲᠣᠰᠬᠣᠨ᠎ᠳᠤ ᠰᠠᠭᠤᠭ᠎ᠠ ᠠᠵᠢᠯ᠎ᠤᠨ  ᠠᠩᠭᠢ ᠂  ᠠᠬᠠᠮᠠᠳ ᠨᠠᠮ᠎ᠤᠨ ᠭᠡᠰᠢᠭᠦᠨ ᠂ 《ᠬᠠᠤᠯᠢ᠎ᠢ  ᠮᠡᠳᠡᠭᠴᠢ 》 ᠂  ᠮᠠᠯᠵᠢᠬᠤ ᠲᠠᠷᠢᠶᠠᠯᠠᠬᠤ ᠣᠷᠣᠨ᠎ᠤ ᠬᠠᠤᠯᠢ ᠰᠤᠷᠴᠤ ᠬᠠᠤᠯᠢ ᠬᠡᠷᠡᠭᠯᠡᠬᠦ ᠵᠢᠱ᠌ᠢᠶ᠎ᠡ ᠦᠵᠡᠭᠦᠯᠬᠦ ᠡᠷᠦᠬᠡ ᠂  ᠣᠯᠠᠨ ᠲᠦᠮᠡᠨ᠎ᠤ ᠪᠦᠯᠬᠦᠮ᠎ᠤᠨ ᠵᠣᠬᠢᠶᠠᠨ ᠪᠠᠶ᠋ᠢᠭᠤᠯᠤᠯᠲᠠ ᠵᠡᠷᠭᠡ᠎ᠨᠢ ᠡᠳᠦᠷ ᠲᠤᠲᠤᠮ᠎ᠤᠨ ᠡᠷᠦᠬᠡ᠎ᠪᠠᠷ ᠬᠦᠷᠴᠦ ᠰᠤᠷᠪᠤᠯᠵᠢᠯᠠᠬᠤ᠎ᠲᠠᠢ ᠤᠶᠠᠯᠳᠤᠭᠤᠯᠤᠨ ᠂  ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠲᠠᠢ ᠬᠠᠮᠲᠤ ᠬᠡᠷ᠎ᠤᠨ ᠵᠣᠭᠣᠭ ᠳᠡᠯᠭᠡᠵᠦ ᠂  ᠨᠠᠮ᠎ᠤᠨ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠬᠡᠷᠡᠯ ᠰᠠᠴᠤᠷᠠᠩᠭᠤᠶ ᠠᠮᠵᠢᠯᠲᠠ ᠪᠦᠲᠦᠮᠵᠢ ᠵᠢ ᠶᠠᠷᠢᠯᠴᠠᠵᠤ ᠂  ᠦᠨᠳᠦᠰᠦᠲᠡᠨ᠎ᠨᠦᠭᠦᠳ᠎ᠤᠨ ᠮᠠᠯᠴᠢᠨ ᠲᠠᠷᠢᠶᠠᠴᠢᠨ᠎ᠢ ᠢᠳᠡᠪᠬᠢᠲᠡᠶ᠎ᠪᠠᠷ ᠬᠥᠲᠥᠯᠦᠨ ᠵᠢᠯᠣᠭᠣᠳᠴᠤ ᠪᠠᠶ᠋ᠢᠭ᠋ᠠᠳ ᠠᠵᠤ  ᠦᠢ᠍ᠯᠡᠰ᠎ᠤᠨ  ᠬᠥᠭᠵᠢᠯᠲᠡ ᠂  ᠦᠵᠡᠰᠬᠦᠯᠡᠩᠲᠦ ᠰᠠᠶ᠋ᠢᠬᠠᠨ ᠬᠥᠳᠡᠭᠡ ᠲᠣᠰᠬᠣᠨ᠎ᠤ ᠪᠥᠲᠥᠭᠡᠨ ᠪᠠᠶ᠋ᠢᠭᠤᠯᠤᠯᠲᠠ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ  ᠦᠢ᠍ᠯᠡᠳᠦᠯᠭᠡ᠎ᠳᠤ ᠣᠷᠣᠯᠴᠠᠭᠤᠯᠤᠨ᠎ᠠ᠃
   ᠰᠦᠯᠵᠢᠶᠡᠨ᠎ᠳᠤ  ᠣᠷᠣᠬᠤ
  《ᠢᠨᠲᠸᠷ ᠰᠦᠯᠵᠢᠶ᠎ᠡ + ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ   ᠪᠠᠳᠣᠳᠬᠠᠬᠤ 》 ᠠᠵᠢᠯᠯᠠᠭ᠎ᠠ ᠵᠢ ᠭᠦᠨᠵᠡᠭᠡᠶ ᠬᠡᠷᠡᠭᠵᠢᠭᠦᠯᠵᠦ ᠂  ᠡᠯ᠎ᠡ ᠰᠠᠯᠠᠭ᠎ᠠ ᠮᠥᠴᠢᠷ  ᠨᠢᠭᠡᠴᠢ ᠢᠯᠠᠩᠭᠤᠶ᠎ᠠ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ᠎ᠤᠨ ᠭᠡᠰᠢᠭᠦᠨ  ᠨᠢᠭᠡᠴᠢ᠎ᠨᠦᠭᠦᠳ  ᠠᠯᠪᠠᠨ  ᠰᠦᠯᠵᠢᠶ᠎ᠡ ᠪᠤᠶᠤ ᠸᠢᠴᠠᠲ᠎ᠤᠨ ᠨᠡᠶ᠋ᠢᠲᠡ ᠵᠢᠨ ᠳ᠋ᠤᠭ᠋ᠠᠷ᠎ᠲᠤ ᠤᠬᠠᠭᠤᠯᠬᠤ ᠲᠤᠰᠬᠠᠶ ᠪᠤᠯᠤᠩ ᠭᠠᠷᠭ᠋ᠠᠵᠤ ᠂  ᠨᠠᠮ᠎ᠤᠨ ᠦᠨᠳᠦᠰᠦᠲᠡᠨ᠎ᠤ ᠣᠨᠣᠯ᠎ᠤᠨ ᠲᠥᠷᠥ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠤᠬᠠᠭᠤᠯᠤᠨ ᠲᠠᠶ᠋ᠢᠯᠪᠤᠷᠢᠯᠠᠬᠤ ᠠᠵᠢᠯ᠎ᠢ ᠰᠠᠶ᠋ᠢᠲᠤᠷ ᠬᠢᠨ᠎ᠠ᠃ ᠡᠯ᠎ᠡ ᠭᠣᠣᠯ ᠤᠷᠤᠰᠬᠠᠯ᠎ᠤᠨ ᠵᠠᠭᠤᠴᠢᠯᠠᠭᠤᠷ᠎ᠤᠨ᠎ᠬᠢᠨ ᠰᠢᠨ᠎ᠡ ᠵᠠᠭᠤᠴᠢᠯᠠᠭᠤᠷ᠎ᠤᠨ ᠲᠠᠪᠴᠠᠩ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ ᠂  ᠰᠦᠯᠵᠢᠶᠡᠨ᠎ᠤ ᠢᠷᠭᠡᠳ᠎ᠤᠨ ᠳᠤᠷᠠᠲᠠᠶ᠎ᠠ ᠬᠦᠯᠢᠶᠡᠨ ᠠᠪᠬᠤ ᠣᠬᠣᠷ ᠸᠢᠳᠢᠣ᠋ ᠵᠡᠷᠭᠡ ᠪᠦᠲᠦᠭᠡᠯ᠎ᠢ ᠵᠣᠬᠢᠶᠠᠨ ᠲᠠᠨᠢᠯᠴᠠᠭᠤᠯᠵᠤ ᠂  ᠢᠨᠲᠸᠷ ᠰᠦᠯᠵᠢᠶ᠎ᠡ  ᠵᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠬᠠᠮᠤᠭ᠎ᠤᠨ ᠶᠡᠬᠡ ᠨᠡᠮᠡᠭᠳᠡᠯ᠎ᠤᠨ  ᠬᠡᠮᠵᠢᠶ᠎ᠡ  ᠪᠣᠯᠭ᠋ᠠᠬᠤ ᠬᠡᠷᠡᠭᠲᠡᠢ᠃
   ᠠᠵᠤ ᠠᠬᠤᠶ᠋ᠢᠯᠠᠯ᠎ᠳᠤ ᠣᠷᠣᠭᠤᠯᠬᠤ
《ᠠᠵᠤ ᠠᠬᠤᠶ᠋ᠢᠯᠠᠯ᠎ᠢ ᠲᠤᠰᠠᠯᠠᠬᠤ ᠠᠵᠢᠯᠯᠠᠭ᠎ᠠ》᠎ᠲᠠᠢ ᠤᠶᠠᠯᠳᠤᠭᠤᠯᠤᠨ ᠂  ᠠᠵᠤ ᠠᠬᠤᠶ᠋ᠢᠯᠠᠯ᠎ᠳᠤ ᠬᠣᠯᠪᠣᠭᠳᠠᠬᠤ ᠲᠥᠷᠥ ᠵᠢᠨ ᠪᠣᠳᠣᠯᠭ᠎ᠠ ᠵᠢ ᠤᠬᠠᠭᠤᠯᠤᠨ  ᠲᠤᠭᠤᠰᠢᠯᠠᠭᠤᠯᠬᠤ  ᠡᠷᠴᠢᠮ ᠵᠶ᠋ᠠᠨ ᠴᠢᠩᠭ᠋ᠠᠷᠠᠭᠤᠯᠵᠤ ᠂  ᠲᠥᠷᠥ ᠵᠢᠨ ᠪᠣᠳᠣᠯᠭ᠎ᠠ ᠵᠢ  ᠨᠠᠶ᠋ᠢᠳᠠᠪᠤᠷᠢᠵᠢᠭᠤᠯᠬᠤ ᠵᠢ ᠦᠨᠡᠨᠬᠦ ᠪᠠᠲᠤᠯᠠᠨ᠎ᠠ᠃ ᠰᠤᠷᠤᠯᠴᠠᠯᠭ᠎ᠠ ᠂  ᠪᠣᠯᠪᠠᠰᠤᠷᠠᠯ ᠂  ᠲᠥᠷᠥ ᠵᠢᠨ ᠪᠣᠳᠣᠯᠭ᠎ᠠ ᠂  ᠬᠠᠤᠯᠢ ᠴᠠᠭ᠋ᠠᠵᠠ ᠂  ᠦᠢ᠍ᠯᠡᠴᠢᠯᠡᠭᠡ ᠵᠢ ᠦᠢ᠍ᠯᠡᠳᠪᠦᠷᠢ ᠵᠢᠨ ᠲᠠᠰᠤᠭ ᠪᠠ ᠡᠭᠡᠯᠵᠢ ᠳᠤᠭᠤᠶ᠋ᠢᠯᠠᠩ᠎ᠳᠤ ᠬᠦᠷᠭᠡᠬᠦ  ᠠᠵᠢᠯᠯᠠᠭ᠎ᠠ ᠵᠢ ᠦᠷᠨᠢᠭᠦᠯᠵᠦ ᠂  ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠱᠦᠵᠢ ᠵᠢ ᠵᠣᠬᠢᠶᠠᠨ ᠪᠠᠶ᠋ᠢᠭᠤᠯᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠲᠤᠰᠬᠠᠶ ᠰᠡᠳᠦᠪᠲᠦ ᠨᠠᠮ᠎ᠤᠨ ᠬᠢᠴᠢᠶᠡᠯ ᠶᠠᠷᠢᠭᠤᠯᠵᠤ ᠂  ᠡᠪᠯᠡᠯ᠎ᠤᠨ ᠪᠠᠶ᠋ᠢᠭᠤᠯᠤᠯᠲᠠ ᠵᠢᠨ ᠠᠵᠢᠯᠯᠠᠭ᠎ᠠ ᠵᠢᠴᠢ ᠰᠢᠯᠢᠳᠡᠭ ᠨᠠᠮ᠎ᠤᠨ ᠭᠡᠰᠢᠭᠦᠨ ᠂  ᠠᠵᠢᠯ ᠲᠦᠷᠦᠯ᠎ᠤᠨ ᠵᠢᠱ᠌ᠢᠶᠡᠴᠢ ᠂  ᠬᠥᠳᠡᠯᠮᠦᠷᠢ ᠵᠢᠨ ᠵᠢᠱ᠌ᠢᠶᠡᠴᠢ ᠤᠷᠠᠨ ᠲᠠᠷᠬᠠᠨ ᠵᠡᠷᠭᠡ ᠲᠡᠷᠢᠭᠦᠨ᠎ᠤ ᠨᠡᠶ᠋ᠢᠲᠡᠯᠢᠭ ᠵᠢᠱ᠌ᠢᠶ᠎ᠡ ᠵᠢᠨ ᠭᠣᠣᠯ ᠰᠡᠳᠦᠪᠲᠦ ᠤᠬᠠᠭᠤᠯᠤᠨ ᠲᠠᠶ᠋ᠢᠯᠪᠤᠷᠢᠯᠠᠬᠤ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ ᠂  ᠠᠵᠢᠯᠳᠠᠨ ᠠᠵᠢᠯᠴᠢᠨ᠎ᠤ ᠦᠰᠦᠨ ᠪᠣᠶ᠋ᠢᠵᠢᠯᠲᠠ ᠪᠠ ᠠᠵᠤ ᠠᠬᠤᠶ᠋ᠢᠯᠠᠯ᠎ᠤᠨ ᠬᠥᠭᠵᠢᠯᠲᠡ ᠵᠡᠷᠭᠡ᠎ᠪᠠᠷ ᠬᠥᠭᠵᠢᠭᠰᠡᠨ 《ᠬᠣᠯᠪᠣᠯᠳᠤᠭᠰᠠᠨ ᠬᠥᠭᠥᠷᠭᠡ》 ᠵᠢ ᠪᠠᠶ᠋ᠢᠭᠤᠯᠵᠤ ᠂  ᠡᠶ᠎ᠡ ᠵᠣᠬᠢᠴᠠᠯ᠎ᠲᠠᠢ ᠬᠥᠳᠡᠯᠮᠦᠷᠢ ᠵᠢᠨ ᠬᠠᠷᠢᠴᠠᠭ᠎ᠠ ᠵᠢ ᠪᠠᠶ᠋ᠢᠭᠤᠯᠤᠨ᠎ᠠ᠃
   ᠰᠤᠮᠤᠨ  ᠠᠩᠭᠢ᠎ᠳᠤ  ᠣᠷᠣᠬᠤ
   ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠂  ᠡᠯ᠎ᠡ ᠲᠥᠷᠥᠯ᠎ᠤᠨ ᠲᠥᠪᠯᠡᠷᠡᠭᠦᠯᠦᠨ ᠪᠣᠯᠪᠠᠰᠤᠷᠠᠭᠤᠯᠬᠤ ᠪᠠ ᠡᠭᠡᠯᠵᠢᠯᠡᠨ ᠪᠣᠯᠪᠠᠰᠤᠷᠠᠭᠤᠯᠬᠤ ᠂  ᠶᠡᠬᠡ ᠳᠡᠭᠡᠳᠦ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠎ᠤᠨ ᠪᠣᠯᠪᠠᠰᠤᠷᠠᠯ ᠳᠤᠮᠳᠠ ᠂  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ ᠪᠠ ᠬᠠᠤᠯᠢ᠎ᠪᠠᠷ ᠵᠠᠰᠠᠬᠤ ᠬᠥᠮᠦᠵᠢᠯ᠎ᠤᠨ ᠬᠠᠪᠰᠤᠷᠤᠨ ᠵᠢᠯᠣᠭᠣᠳᠬᠤ ᠬᠢᠴᠢᠶᠡᠯ᠎ᠢ ᠲᠣᠬᠢᠷᠠᠭᠤᠯᠤᠨ ᠪᠡᠬᠢᠵᠢᠭᠦᠯᠵᠦ ᠂  ᠬᠠᠪᠰᠤᠷᠤᠨ ᠳᠠᠭ᠋ᠠᠭᠤᠯᠵᠤ ᠬᠠᠪᠰᠤᠷᠤᠨ ᠪᠠᠶ᠋ᠢᠭᠤᠯᠬᠤ ᠂  ᠴᠡᠭ᠎ᠲᠤ ᠰᠠᠭᠤᠵᠤ ᠪᠠᠶ᠋ᠢᠴᠠᠭ᠋ᠠᠨ ᠰᠤᠳᠤᠯᠤᠯᠲᠠ ᠬᠢᠬᠦ ᠵᠡᠷᠭᠡ᠎ᠲᠠᠢ ᠤᠶᠠᠯᠳᠤᠭᠤᠯᠤᠨ ᠂  ᠨᠠᠮ᠎ᠤᠨ ᠦᠨᠳᠦᠰᠦᠲᠡᠨ᠎ᠤ ᠤᠨᠤᠯ ᠲᠦᠷᠦ ᠵᠢᠨ ᠪᠤᠳᠤᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠤᠬᠠᠭᠤᠯᠤᠨ ᠲᠠᠶ᠋ᠢᠯᠪᠤᠷᠢᠯᠠᠬᠤ ᠠᠵᠢᠯᠯᠠᠭ᠎ᠠ ᠵᠢ ᠥᠷᠨᠢᠭᠦᠯᠵᠦ ᠂  ᠦᠨᠳᠦᠰᠦᠲᠡᠨ᠎ᠨᠦᠭᠦᠳ᠎ᠤᠨ ᠪᠠᠶ᠋ᠢᠯᠳᠤᠭᠴᠢᠳ᠎ᠢ ᠳᠡᠭᠡᠳᠦ ᠬᠡᠮᠵᠢᠶᠡᠨ᠎ᠤ ᠬᠠᠷᠢᠭᠤᠴᠠᠯᠭ᠋ᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ᠎ᠪᠠᠷ ᠤᠯᠤᠰ ᠵᠶ᠋ᠠᠨ ᠬᠦᠴᠦᠷᠬᠡᠭᠵᠢᠭᠦᠯᠬᠦ ᠴᠡᠷᠢᠭ ᠵᠶ᠋ᠠᠨ ᠬᠦᠴᠦᠷᠬᠡᠭᠵᠢᠭᠦᠯᠬᠦ ᠦᠢ᠍ᠯᠡᠳᠦᠯᠭᠡ᠎ᠳᠤ ᠣᠷᠣᠯᠴᠠᠭᠤᠯᠬᠤ᠎ᠪᠠᠷ ᠬᠥᠮᠦᠵᠢᠭᠦᠯᠦᠨ ᠬᠥᠲᠥᠯᠥᠨ ᠵᠢᠯᠣᠭᠣᠳᠤᠨ᠎ᠠ᠃
   ᠱᠠᠰᠢᠨ ᠰᠤᠷᠲᠠᠬᠤᠨ᠎ᠤ ᠠᠵᠢᠯᠯᠠᠭ᠋ᠠᠨ᠎ᠤ ᠭᠠᠵᠠᠷ᠎ᠲᠤ ᠣᠷᠣᠬᠤ
   ᠨᠠᠮ᠎ᠤᠨ ᠦᠨᠳᠦᠰᠦᠲᠡᠨ᠎ᠤ ᠲᠥᠷᠥ ᠵᠢᠨ ᠪᠣᠳᠣᠯᠭ᠎ᠠ ᠪᠠ ᠱᠠᠰᠢᠨ ᠰᠤᠷᠲᠠᠬᠤᠨ᠎ᠤ ᠠᠵᠢᠯ᠎ᠤᠨ ᠦᠨᠳᠦᠰᠦᠨ ᠴᠢᠭᠯᠡᠯᠲᠡ ᠵᠢ ᠪᠦᠬᠦ ᠲᠠᠯ᠎ᠠ᠎ᠪᠠᠷ  ᠲᠤᠭᠤᠰᠢᠯᠠᠭᠤᠯᠵᠦ ᠂ ᠵᠢᠭ᠋ᠠᠨ ᠰᠣᠷᠭ᠋ᠠᠯᠳᠠ ᠵᠢᠨ  ᠠᠵᠢᠯᠳᠠᠨ ᠪᠠ ᠱᠠᠰᠢᠨ ᠰᠢᠲᠦᠳᠡᠭ ᠤᠯᠠᠨ ᠲᠦᠮᠡᠨ᠎ᠳᠤ ᠬᠠᠨᠳᠤᠭᠤᠯᠤᠨ ᠦᠨᠳᠦᠰᠦᠨ ᠬᠠᠤᠯᠢ ᠪᠠ ᠦᠨᠳᠦᠰᠦᠲᠡᠨ ᠱᠠᠰᠢᠨ ᠰᠤᠷᠲᠠᠬᠤᠨ᠎ᠤ ᠬᠦᠷᠢᠶᠡᠨ᠎ᠳᠠᠬᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠶᠡᠬᠡ᠎ᠪᠠᠷ ᠤᠬᠠᠭᠤᠯᠵᠤ ᠂  ᠡᠭᠡ ᠣᠷᠣᠨᠴᠢ ᠦᠵᠡᠯ᠎ᠤᠨ ᠬᠥᠮᠦᠵᠢᠯ ᠂  ᠨᠡᠶ᠋ᠢᠭᠡᠮ ᠵᠢᠷᠤᠮ᠎ᠤᠨ ᠭᠣᠣᠯᠯᠠᠬᠤ ᠦᠷᠳᠡᠭ᠎ᠤᠨ ᠦᠵᠡᠯᠲᠡ ᠵᠢᠨ ᠬᠥᠮᠦᠵᠢᠯ ᠪᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢ ᠪᠠᠲᠤ ᠪᠡᠬᠢ ᠪᠤᠢ ᠪᠣᠯᠭ᠋ᠠᠬᠤ ᠤᠬᠠᠮᠰᠠᠷ᠎ᠤᠨ ᠤᠬᠠᠭᠤᠯᠭ᠎ᠠ ᠬᠥᠮᠦᠵᠢᠯ᠎ᠢ ᠥᠷᠨᠢᠭᠦᠯᠵᠦ ᠂  ᠵᠢᠭ᠋ᠠᠨ ᠰᠣᠷᠭ᠋ᠠᠯᠳᠠ ᠵᠢᠨ  ᠠᠵᠢᠯᠳᠠᠨ ᠪᠠ ᠱᠠᠰᠢᠨ ᠰᠢᠲᠦᠳᠡᠭ ᠤᠯᠠᠨ ᠲᠦᠮᠡᠨ᠎ᠤ ᠦᠨᠳᠦᠰᠦᠲᠡᠨ᠎ᠤ ᠪᠦᠯᠬᠦᠮᠳᠡᠯ ᠂  ᠱᠠᠰᠢᠨ ᠰᠤᠷᠲᠠᠬᠤᠨ᠎ᠤ ᠡᠶ᠎ᠡ ᠵᠣᠬᠢᠴᠠᠯ ᠂  ᠨᠡᠶ᠋ᠢᠭᠡᠮ᠎ᠤᠨ ᠲᠣᠭᠲᠠᠭᠤᠨ ᠪᠠᠶ᠋ᠢᠳᠠᠯ᠎ᠢ ᠤᠬᠠᠮᠰᠠᠷ᠎ᠠᠴᠠ᠎ᠪᠠᠨ ᠬᠠᠮᠠᠭ᠋ᠠᠯᠠᠬᠤ ᠵᠢ ᠢᠳᠡᠪᠬᠢᠲᠡᠶ᠎ᠪᠠᠷ ᠬᠥᠲᠥᠯᠥᠨ ᠵᠢᠯᠣᠭᠣᠳᠤᠨ᠎ᠠ᠃
   ᠰᠤᠷᠭ᠋ᠠᠭᠤᠯᠢ᠎ᠳᠤ  ᠣᠷᠣᠬᠤ
   ᠵᠠᠯᠠᠭᠤᠴᠤᠳ ᠪᠠᠭ᠋ᠠᠴᠤᠳ᠎ᠤᠨ ᠣᠨᠴᠠᠯᠢᠭ᠎ᠲᠠᠢ ᠤᠶᠠᠯᠳᠤᠭᠤᠯᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ ᠂  ᠤᠷᠠᠯᠢᠭ᠎ᠤᠨ  ᠦᠵᠡᠭᠦᠯᠭᠡ ᠵᠢᠨ ᠲᠣᠭᠯᠠᠯᠲᠠ ᠂  ᠬᠠᠤᠯᠢ᠎ᠪᠠᠷ ᠵᠠᠰᠠᠬᠤ ᠲᠠᠶ᠋ᠢᠯᠤᠮᠵᠢ ᠵᠡᠷᠭᠡ ᠤᠯᠠᠨ ᠵᠦᠢ᠍ᠯ᠎ᠤᠨ ᠬᠡᠯᠪᠡᠷᠢ ᠵᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ  ᠪᠠᠳᠤᠳᠬᠠᠬᠤ  ᠪᠠ ᠬᠠᠤᠯᠢ᠎ᠪᠠᠷ ᠵᠠᠰᠠᠬᠤ ᠵᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ  ᠠᠵᠢᠯᠯᠠᠭ᠎ᠠ ᠵᠢ ᠦᠷᠨᠢᠭᠦᠯᠦᠨ᠎ᠡ᠃ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠪᠦᠬᠦ ᠲᠠᠯ᠎ᠠ᠎ᠪᠠᠷ ᠳᠡᠯᠭᠡᠷᠡᠭᠦᠯᠦᠨ ᠲᠦᠭᠡᠮᠡᠯᠵᠢᠭᠦᠯᠵᠦ ᠂  ᠤᠯᠤᠰ᠎ᠤᠨ ᠨᠢᠭᠡᠳᠦᠯᠲᠡᠶ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠬᠡᠷᠡᠭᠯᠡᠬᠦ ᠵᠢ ᠪᠦᠬᠦ ᠲᠠᠯ᠎ᠠ᠎ᠪᠠᠷ ᠳᠡᠯᠭᠡᠷᠡᠭᠦᠯᠵᠦ ᠂  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠬᠠᠷᠠᠬᠠᠨ ᠪᠠᠭ᠎ᠠ᠎ᠠᠴᠠ᠎ᠨᠢ ᠬᠡᠦᠬᠡᠳ᠎ᠤᠨ ᠤᠶᠤᠨ ᠰᠠᠨᠠᠭ᠋ᠠᠨ᠎ᠳᠤ ᠬᠠᠳᠠᠩᠰᠢᠭᠤᠯᠤᠨ᠎ᠠ᠃
   ᠰᠦᠯᠵᠢᠶᠡᠨ᠎ᠤ ᠥᠷᠢᠰᠥᠯᠳᠦᠨ ᠬᠠᠷᠢᠭᠤᠯᠬᠤ ᠠᠵᠢᠯᠯᠠᠭ᠎ᠠ
  《ᠦᠨᠳᠦᠰᠦᠲᠡᠨ᠎ᠤ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ》᠎ᠤᠨ ᠬᠤᠭᠤᠴᠠᠭ᠋ᠠᠨ᠎ᠳᠤ ᠂  ᠨᠠᠮ᠎ᠤᠨ ᠦᠨᠳᠦᠰᠦᠲᠡᠨ᠎ᠤ ᠣᠨᠣᠯ᠎ᠤᠨ ᠲᠥᠷᠥ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠮᠡᠳᠡᠯᠭᠡ ᠵᠢᠨ ᠰᠦᠯᠵᠢᠶ᠎ᠡ ᠵᠢᠨ ᠱᠠᠩᠨᠠᠯ᠎ᠲᠠᠢ ᠥᠷᠢᠰᠥᠯᠳᠦᠨ ᠬᠠᠷᠢᠭᠤᠯᠬᠤ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ ᠂  ᠡᠯ᠎ᠡ ᠰᠠᠯᠠᠭ᠎ᠠ ᠮᠥᠴᠢᠷ  ᠨᠢᠭᠡᠴᠢ ᠎ᠨᠦᠭᠦᠳ ᠥᠷᠭᠡᠨ ᠵᠶ᠋ᠠᠷ ᠳᠠᠶ᠋ᠢᠴᠢᠯᠠᠨ ᠣᠷᠣᠯᠴᠠᠭᠤᠯᠵᠤ ᠂  ᠸᠢᠴᠠᠲ᠎ᠤᠨ ᠨᠡᠶ᠋ᠢᠲᠡ ᠵᠢᠨ ᠳ᠋ᠤᠭ᠋ᠠᠷ ᠵᠶ᠋ᠠᠷ ᠳᠠᠮᠵᠢᠭᠤᠯᠤᠨ ᠠᠵᠢᠯᠯᠠᠭ᠎ᠠ ᠵᠢᠨ ᠴᠥᠷᠬᠡᠯᠡᠭᠡ ᠵᠢ ᠢᠳᠡᠪᠬᠢᠲᠡᠶ ᠳᠠᠮᠵᠢᠭᠤᠯᠤᠨ ᠲᠠᠷᠬᠠᠭ᠋ᠠᠵᠤ ᠂  ᠠᠵᠢᠯᠯᠠᠭ᠎ᠠ ᠵᠢᠨ ᠬᠠᠮᠤᠷᠬᠤ ᠬᠡᠪᠴᠢᠶ᠎ᠡ ᠵᠢ ᠴᠢᠷᠮᠠᠶ᠋ᠢᠨ ᠥᠷᠭᠡᠳᠬᠡᠵᠦ ᠂  ᠨᠡᠶ᠋ᠢᠭᠡᠮ᠎ᠤᠨ ᠨᠥᠯᠥᠭᠡᠯᠡᠬᠦ ᠬᠦᠴᠦᠨ᠎ᠢ ᠳᠡᠭᠡᠭᠰᠢᠯᠡᠭᠦᠯᠬᠦ ᠬᠡᠷᠡᠭᠲᠡᠶ᠃
   ᠵᠢᠱ᠌ᠢᠶ᠎ᠡ ᠦᠵᠡᠭᠦᠯᠦᠨ ᠳᠠᠭ᠋ᠠᠭᠤᠯᠬᠤ ᠠᠵᠢᠯᠯᠠᠭ᠎ᠠ
   ᠡᠯ᠎ᠡ ᠱᠠᠲᠤᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠨᠢᠭᠡᠴᠢ᠎ᠨᠦᠭᠦᠳ ᠵᠢᠱ᠌ᠢᠶ᠎ᠡ ᠦᠵᠡᠭᠦᠯᠵᠦ ᠦᠯᠢᠭᠡᠷ ᠳᠠᠭᠤᠷᠢᠶᠠᠯ ᠪᠣᠯᠬᠤ ᠦᠢ᠍ᠯᠡᠳᠦᠯ ᠵᠶ᠋ᠠᠨ ᠭᠦᠢ᠍ᠴᠡᠳ ᠪᠠᠳᠠᠷᠠᠭᠤᠯᠵᠤ ᠂  ᠤᠯᠠᠨ ᠠᠷᠭ᠎ᠠ ᠵᠠᠮ ᠵᠶ᠋ᠠᠷ ᠤᠬᠠᠭᠤᠯᠬᠤ ᠠᠵᠢᠯ᠎ᠢ ᠰᠠᠶ᠋ᠢᠲᠤᠷ ᠬᠢᠬᠦ ᠬᠡᠷᠡᠭᠲᠡᠶ᠃ ᠡᠯ᠎ᠡ ᠱᠠᠲᠤᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶᠡᠴᠢ ᠲᠦᠷᠦᠭᠦᠯᠡᠨ ᠦᠨᠳᠦᠰᠦᠨ ᠱᠠᠲᠤᠨ᠎ᠳᠤ ᠭᠦᠨᠵᠡᠭᠡᠶ᠋ᠢᠷᠡᠵᠦ ᠤᠬᠠᠭᠤᠯᠤᠨ ᠲᠠᠶ᠋ᠢᠯᠪᠤᠷᠢᠯᠠᠬᠤ ᠠᠵᠢᠯ᠎ᠢ  ᠦᠷᠨᠢᠭᠦᠯᠦᠨ᠎ᠡ ᠃ ᠡᠯ᠎ᠡ ᠱᠠᠲᠤᠨ᠎ᠤ᠎ᠬᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠬᠥᠮᠦᠵᠢᠯ ᠦᠢ᠍ᠯᠡᠳᠦᠯᠭᠡ ᠵᠢᠨ ᠰᠠᠭᠤᠷᠢᠨ᠎ᠢ ᠪᠠᠲᠤ ᠴᠣᠭᠴᠠᠯᠠᠵᠤ ᠬᠣᠯᠪᠣᠭ᠋ᠠᠯᠠᠨ ᠰᠤᠷᠤᠯᠴᠠᠵᠤ ᠬᠣᠯᠪᠣᠭ᠋ᠠᠯᠠᠨ ᠪᠠᠶ᠋ᠢᠭᠤᠯᠬᠤ ᠵᠡᠷᠭᠡ ᠭᠣᠣᠯ ᠰᠡᠳᠦᠪᠲᠦ ᠠᠵᠢᠯᠯᠠᠭ᠎ᠠ ᠵᠢ ᠦᠷᠨᠢᠭᠦᠯᠦᠨ᠎ᠡ ᠃
   ᠭᠣᠣᠯ ᠲᠠᠯᠠᠪᠤᠷ᠎ᠤᠨ ᠠᠵᠢᠯᠯᠠᠭ᠎ᠠ
  4 ᠰᠠᠷ᠎ᠠ ᠵᠢᠨ ᠰᠡᠭᠦᠯᠴᠢ᠎ᠪᠠᠷ ᠂  ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠡᠬᠢᠵᠢᠭᠦᠯᠬᠦ ᠭᠣᠣᠯ ᠰᠡᠳᠦᠪᠲᠦ ᠠᠭᠤᠳᠠᠮ ᠲᠠᠯᠠᠪᠠᠢ (  ᠲᠦᠰᠢᠶᠡᠳᠦ ᠠᠭᠤᠳᠠᠮ ᠲᠠᠯᠠᠪᠠᠢ)᠎ᠳᠤ ᠪᠦᠬᠦ ᠠᠶ᠋ᠢᠮᠠᠭ᠎ᠤᠨ 《ᠦᠨᠳᠦᠰᠦᠲᠡᠨ᠎ᠤ ᠲᠦᠷᠦ ᠵᠢᠨ ᠪᠤᠳᠤᠯᠭ᠎ᠠ ᠵᠢᠨ ᠤᠬᠠᠭᠤᠯᠭ᠎ᠠ ᠵᠢᠨ ᠰᠠᠷ᠎ᠠ》 ᠂ 《ᠦᠨᠳᠦᠰᠦᠲᠡᠨ᠎ᠤ ᠬᠠᠤᠯᠢᠵᠢᠯ᠎ᠤᠨ ᠤᠬᠠᠭᠤᠯᠭ᠎ᠠ ᠵᠢᠨ ᠭᠠᠷᠠᠭ》᠎ᠤᠨ ᠡᠬᠢᠯᠡᠯᠲᠡ ᠵᠢᠨ ᠶᠣᠰᠣᠯᠠᠯ᠎ᠢ ᠡᠷᠬᠢᠯᠡᠬᠦ ᠵᠢᠨ ᠬᠠᠮᠲᠤ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ  ᠦᠷᠨᠢᠭᠦᠯᠦᠨ᠎ᠡ ᠃

   ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ  ᠤᠬᠠᠮᠰᠡᠷ᠎ᠢ ᠪᠠᠲᠤᠳᠬᠠᠬᠤ ᠭᠣᠣᠯ ᠰᠡᠳᠦᠪᠲᠦ ᠣᠬᠣᠷ ᠸᠢᠳᠢᠣ᠋ ᠂  ᠵᠠᠷᠯᠠᠯ ᠬᠦᠷᠭᠡᠬᠦ ᠠᠵᠢᠯᠯᠠᠭ᠎ᠠ

   ᠤᠬᠠᠭᠤᠯᠭ᠎ᠠ ᠵᠢᠨ ᠰᠠᠷ᠎ᠠ ᠂  ᠤᠬᠠᠭᠤᠯᠭ᠎ᠠ ᠵᠢᠨ ᠭᠠᠷᠠᠭ᠎ᠤᠨ ᠬᠤᠭᠤᠴᠠᠭ᠋ᠠᠨ᠎ᠳᠤ ᠨᠠᠮ᠎ᠤᠨ ᠦᠨᠳᠦᠰᠦᠲᠡᠨ᠎ᠤ ᠤᠨᠤᠯ ᠲᠦᠷᠦ ᠵᠢᠨ ᠪᠤᠳᠤᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠤᠬᠠᠭᠤᠯᠭ᠎ᠠ ᠵᠢᠨ ᠰᠢᠷᠢᠰ ᠣᠬᠣᠷ ᠸᠢᠳᠢᠣ᠋ ᠂  ᠵᠠᠷᠯᠠᠯ ᠨᠡᠶ᠋ᠢᠲᠡᠯᠡᠵᠦ ᠂  ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠢᠳᠡᠪᠬᠢᠲᠡᠢ᠎ᠪᠠᠷ ᠳᠠᠮᠵᠢᠭᠤᠯᠤᠨ ᠲᠠᠷᠬᠠᠭ᠋ᠠᠬᠤ ᠬᠡᠷᠡᠭᠲᠡᠢ᠃

   ᠠᠵᠢᠯ᠎ᠤᠨ ᠱᠠᠭ᠋ᠠᠷᠳᠠᠯᠭ᠎ᠠ
   ᠡᠯ᠎ᠡ ᠰᠠᠯᠠᠭ᠎ᠠ ᠮᠥᠴᠢᠷ  ᠨᠢᠭᠡᠴᠢ ᠎ᠨᠦᠭᠦᠳ ᠨᠠᠮ᠎ᠤᠨ ᠦᠨᠳᠦᠰᠦᠲᠡᠨ᠎ᠤ ᠣᠨᠣᠯ᠎ᠤᠨ ᠲᠥᠷᠥ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠤᠬᠠᠭᠤᠯᠭ᠎ᠠ ᠵᠢᠨ ᠠᠵᠢᠯ᠎ᠢ ᠥᠷᠨᠢᠭᠦᠯᠬᠦ᠎ᠳᠤ᠎ᠪᠠᠨ  ᠦᠨᠡᠨ᠎ᠠᠴᠠ ᠵᠥᠪ᠎ᠢ ᠡᠷᠢᠬᠦ ᠵᠢ ᠪᠠᠷᠢᠮᠲᠠᠯᠠᠵᠤ ᠂  ᠴᠠᠭ᠎ᠤᠨ ᠬᠡᠮᠵᠢᠶ᠎ᠡ ᠪᠠ ᠦᠷ᠎ᠡ ᠪᠦᠲᠦᠮᠵᠢ ᠵᠢ ᠰᠠᠶ᠋ᠢᠲᠤᠷ ᠡᠵᠡᠮᠳᠡᠬᠦ ᠬᠡᠷᠡᠭᠲᠡᠶ; ᠠᠷᠭ᠎ᠠ ᠬᠡᠯᠪᠡᠷᠢ ᠵᠢ ᠠᠩᠬᠠᠷᠴᠤ ᠂  ᠬᠡᠯᠪᠡᠷᠢᠴᠢ ᠦᠵᠡᠯ᠎ᠢ ᠴᠢᠩᠭ᠎ᠠ ᠴᠡᠭᠡᠷᠯᠡᠵᠦ ᠂  ᠦᠨᠳᠦᠰᠦᠨ ᠱᠠᠲᠤᠨ᠎ᠤ ᠳᠠᠷᠤᠭ᠋ᠠᠰᠤ ᠵᠢ ᠨᠡᠮᠡᠭᠳᠡᠭᠦᠯᠬᠦ ᠦᠭᠡᠢ ᠪᠠᠶ᠋ᠢᠬᠤ ᠬᠡᠷᠡᠭᠲᠡᠢ; ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠠᠮᠠᠷᠬᠠᠨ ᠬᠦᠯᠢᠶᠡᠨ ᠠᠪᠬᠤ ᠬᠡᠯᠪᠡᠷᠢ᠎ᠪᠠᠷ ᠤᠬᠠᠭᠤᠯᠭ᠎ᠠ ᠵᠢᠨ ᠠᠵᠢᠯ᠎ᠢ ᠥᠷᠨᠢᠭᠦᠯᠵᠦ ᠂  ᠪᠣᠳᠠᠲᠤ ᠬᠡᠷᠡᠭ᠎ᠤᠨ ᠲᠣᠭ᠎ᠠ ᠪᠠᠷᠢᠮᠲᠠ ᠂  ᠨᠡᠶ᠋ᠢᠲᠡᠯᠢᠭ ᠬᠡᠷᠡᠭ᠎ᠤᠨ ᠵᠢᠱ᠌ᠢᠶ᠎ᠡ᠎ᠪᠠᠷ ᠶᠣᠰᠣ ᠤᠴᠢᠷ᠎ᠢ ᠲᠣᠳᠣᠷᠬᠠᠶ᠋ᠢᠯᠠᠬᠤ᠎ᠳᠠᠭᠠᠨ ᠴᠢᠳᠠᠮᠠᠭ᠋ᠠᠶ ᠪᠠᠶ᠋ᠢᠬᠤ ᠬᠡᠷᠡᠭᠲᠡᠶ; ᠪᠦᠲᠦᠮᠵᠢᠲᠡᠶ ᠲᠤᠷᠰᠢᠯᠭ᠎ᠠ ᠪᠠ ᠠᠷᠭ᠎ᠠ ᠵᠢ ᠴᠠᠭ ᠲᠤᠬᠠᠶ᠎ᠳᠤ᠎ᠨᠢ  ᠳ᠋ᠦᠩᠨᠡᠵᠦ ᠂  ᠨᠠᠮ᠎ᠤᠨ ᠦᠨᠳᠦᠰᠦᠲᠡᠨ᠎ᠤ ᠣᠨᠣᠯ᠎ᠤᠨ ᠲᠥᠷᠥ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠤᠬᠠᠭᠤᠯᠭ᠎ᠠ ᠬᠥᠮᠦᠵᠢᠯ᠎ᠤᠨ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠶ᠋ᠢᠭᠤᠯᠤᠨ ᠪᠦᠷᠢᠨᠰᠢᠬᠦᠯᠬᠦ ᠬᠡᠷᠡᠭᠲᠡᠶ᠃


ᠢᠷᠡᠯᠲᠡ᠄ ᠬᠢᠩᠭ᠋ᠠᠨ ᠠᠢ᠌ᠮᠠᠭ᠎ᠤᠨ ᠵᠠᠬᠢᠷᠭ᠎ᠠ ᠵᠢᠨ ᠠᠯᠪᠠᠨ ᠭᠡᠷ᠎ᠤᠨ ᠤᠷᠴᠢᠭᠤᠯᠭ᠎ᠠ ᠵᠢᠨ ᠰᠠᠯᠠᠭ᠎ᠠ