5 ᠳ᠋ᠤᠭ᠋ᠠᠷ ᠰᠠᠷ᠎ᠠ ᠵᠢᠨ 29᠎ᠤ ᠡᠳᠦᠷ᠂ ᠰᠤᠷᠪᠤᠯᠵᠢᠯᠠᠭᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠭᠤᠯᠭ᠎ᠠ ᠵᠢᠨ ᠲᠥᠪ᠎ᠠᠴᠠ ᠣᠢ᠌ᠯᠠᠭ᠋ᠠᠭᠰᠠᠨ ᠵᠶ᠋ᠠᠷ᠂ ᠨᠠᠮ᠎ᠤᠨ ᠦᠨᠳᠦᠰᠦᠲᠡᠨ᠎ᠤ ᠲᠤᠬᠠᠢ ᠲᠦᠷᠦ ᠵᠢᠨ ᠪᠣᠳᠣᠯᠭ᠎ᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠪᠦᠬᠦ ᠣᠷᠣᠨ᠎ᠤ 《ᠦᠨᠳᠦᠰᠦᠲᠡᠨ᠎ᠤ ᠲᠤᠬᠠᠢ ᠲᠦᠷᠦ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》᠂ 《ᠦᠨᠳᠦᠰᠦᠲᠡᠨ᠎ᠤ ᠲᠤᠬᠠᠢ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ》᠎ᠤᠨ ᠠᠵᠢᠯ᠎ᠤᠨ ᠪᠠᠢ᠌ᠷᠢᠯᠠᠭᠤᠯᠤᠯᠲᠠ ᠵᠢ ᠢᠳᠡᠪᠬᠢᠲᠡᠢ ᠴᠤᠤᠷᠢᠶᠠᠲᠤᠨ ᠳᠠᠭ᠋ᠠᠬᠤ ᠵᠢᠨ ᠲᠤᠰᠠᠳᠠ᠂ ᠣᠷᠴᠢᠭᠤᠯᠭ᠎ᠠ ᠵᠢᠨ ᠲᠥᠪ᠎ᠨᠢ ᠡᠭᠦᠷᠭᠡ ᠴᠢᠳᠠᠪᠬᠢ ᠵᠢᠨ ᠳᠠᠪᠠᠭᠤᠯᠢᠭ ᠵᠶ᠋ᠠᠨ ᠭᠦᠢ᠍ᠴᠡᠳ ᠪᠠᠳᠠᠷᠠᠭᠤᠯᠵᠤ᠂ ᠤᠯᠠᠨ ᠡᠰᠢᠲᠦ ᠠᠵᠢᠯᠯᠠᠭ᠎ᠠ ᠦᠷᠨᠢᠭᠦᠯᠦᠨ᠂ 《ᠨᠠᠮ᠎ᠳᠤ᠎ᠪᠠᠨ ᠦᠨᠡᠨᠴᠢ ᠣᠷᠴᠢᠭᠤᠯᠤᠭᠴᠢᠳ᠎ᠤᠨ ᠰᠡᠳᠬᠢᠯ》 ᠨᠠᠮ᠎ᠤᠨ ᠪᠠᠢ᠌ᠭᠤᠯᠤᠯᠲᠠ ᠵᠢᠨ ᠲᠦᠷᠦᠯ ᠲᠡᠮᠳᠡᠭ᠎ᠤᠨ ᠪᠠᠢ᠌ᠭᠤᠯᠤᠯᠲᠠ ᠵᠢ ᠯᠠᠪᠳᠠᠭᠤᠨ ᠪᠠᠲᠤᠲᠠᠢ ᠠᠬᠢᠭᠤᠯᠵᠤ᠂ ᠪᠣᠳᠠᠲᠤ ᠠᠵᠢᠯᠯᠠᠭ᠎ᠠ᠎ᠪᠠᠷ ᠵᠶ᠋ᠠᠨ ᠦᠨᠳᠦᠰᠦᠲᠡᠨ᠎ᠤ ᠲᠤᠬᠠᠢ ᠲᠦᠷᠦ ᠵᠢᠨ ᠪᠣᠳᠣᠯᠭ᠎ᠠ ᠵᠢ ᠬᠥᠮᠥᠰ᠎ᠤᠨ ᠰᠡᠳᠬᠢᠯ᠎ᠳᠤ ᠬᠠᠳᠠᠩᠰᠢᠭᠤᠯᠪᠠ᠃
ᠦᠨᠳᠦᠰᠦᠨ ᠱᠠᠲᠤᠨ᠎ᠳᠤ ᠭᠦᠨᠵᠡᠭᠡᠢ᠌ᠷᠡᠭᠰᠡᠨ ᠦᠢ᠍ᠯᠡᠳᠦᠯᠭᠡ ᠳᠤᠮᠳᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠭᠤᠯᠭ᠎ᠠ ᠵᠢᠨ ᠲᠥᠪ᠎ᠤᠨ᠎ᠬᠢᠨ 《ᠣᠷᠴᠢᠭᠤᠯᠤᠭᠴᠢᠳ᠎ᠤᠨ · ᠠᠨᠠᠷ᠎ᠤᠨ ᠦᠷ᠎ᠡ》 ᠵᠠᠯᠠᠭᠤᠴᠤᠳ᠎ᠤᠨ ᠦᠢ᠍ᠯᠡᠴᠢᠯᠡᠭᠡᠨ᠎ᠤ ᠠᠩᠭᠢ ᠵᠢ ᠵᠣᠬᠢᠶᠠᠨ ᠪᠠᠢ᠌ᠭᠤᠯᠵᠤ᠂ ᠳᠠᠭ᠋ᠠᠭ᠋ᠠᠴᠢᠯᠠᠨ ᠬᠠᠷᠢᠯᠴᠠᠵᠤ ᠪᠠᠢ᠌ᠭ᠎ᠠ ᠬᠥᠬᠡᠬᠣᠲᠠ ᠵᠢᠨ ᠰᠢᠨ᠎ᠡ ᠬᠤᠲᠠ ᠲᠣᠭᠣᠷᠢᠭ᠎ᠤᠨ ᠪᠦᠯᠬᠦᠮᠳᠡᠯ ᠬᠣᠷᠢᠶᠠᠯᠠᠯ᠎ᠤᠨ ᠨᠡᠢ᠌ᠭᠡᠮ ᠲᠣᠭᠣᠷᠢᠭ᠎ᠲᠤ ᠭᠦᠨᠵᠡᠭᠡᠢ᠌ᠷᠡᠨ 《ᠬᠣᠣᠰ ᠦᠢ᠍ᠯᠡᠴᠢᠯᠡᠭᠡ᠂ ᠬᠣᠣᠰ ᠮᠡᠳᠡᠭᠦᠯᠦᠯᠲᠡ》 ᠵᠢᠨ ᠠᠵᠢᠯ ᠥᠷᠨᠢᠭᠦᠯᠵᠡᠢ᠃ 《ᠲᠦᠷᠦ ᠵᠢᠨ ᠪᠣᠳᠣᠯᠭ᠎ᠠ ᠵᠢ ᠨᠡᠢ᠌ᠭᠡᠮ ᠲᠣᠭᠣᠷᠢᠭ᠎ᠲᠤ ᠬᠦᠷᠭᠡᠬᠦ》 ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠭᠣᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ᠎ᠪᠠᠷ ᠳᠠᠮᠵᠢᠭᠤᠯᠤᠨ᠂ ᠵᠠᠯᠠᠭᠤᠴᠤᠳ᠎ᠤᠨ ᠦᠢ᠍ᠯᠡᠴᠢᠯᠡᠭᠡᠨ᠎ᠤ ᠠᠩᠭᠢ ᠵᠢᠨ᠎ᠬᠢᠨ ᠨᠡᠢ᠌ᠭᠡᠮ ᠲᠣᠭᠣᠷᠢᠭ᠎ᠤᠨ ᠲᠠᠯᠠᠪᠠᠢ᠎ᠳᠤ ᠠᠷᠠᠳ᠎ᠲᠤ ᠠᠰᠢᠭ ᠬᠦᠷᠲᠡᠭᠡᠬᠦ ᠨᠠᠮ᠎ᠤᠨ ᠲᠦᠷᠦ ᠵᠢᠨ ᠪᠣᠳᠣᠯᠭ᠎ᠠ ᠵᠢ ᠤᠯᠠᠨ ᠲᠦᠮᠡᠨ᠎ᠳᠤ ᠨᠢᠭᠤᠷᠳᠠᠨ ᠤᠬᠠᠭᠤᠯᠤᠨ ᠲᠠᠢ᠌ᠯᠪᠤᠷᠢᠯᠠᠭᠰᠠᠨ᠎ᠤ ᠬᠠᠮᠲᠤ᠂ ᠡᠷᠦᠭᠡ᠎ᠳᠤ ᠬᠦᠷᠴᠦ ᠤᠬᠠᠭᠤᠯᠭ᠎ᠠ ᠵᠢᠨ ᠮᠠᠲ᠋ᠧᠷᠢᠶᠠᠯ ᠲᠠᠷᠬᠠᠭ᠋ᠠᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠤᠬᠠᠮᠰᠠᠷ᠎ᠢ᠎ᠨᠢ ᠪᠠᠲᠤᠳᠬᠠᠬᠤ᠎ᠪᠠᠷ ᠬᠦᠲᠦᠯᠦᠨ ᠵᠢᠯᠣᠭᠣᠳᠪᠠ᠃
ᠨᠠᠮ᠎ᠤᠨ ᠪᠠᠢ᠌ᠭᠤᠯᠤᠯᠲᠠ᠎ᠪᠠᠷ ᠬᠥᠲᠥᠯᠥᠨ ᠳᠠᠭ᠋ᠠᠭᠤᠯᠬᠤ ᠲᠠᠯ᠎ᠠ᠎ᠪᠠᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠭᠤᠯᠭ᠎ᠠ ᠵᠢᠨ ᠲᠥᠪ᠎ᠨᠢ ᠥᠪᠥᠷ ᠮᠣᠩᠭᠣᠯ᠎ᠤᠨ ᠣᠷᠴᠢᠭᠤᠯᠤᠭᠴᠢᠳ᠎ᠤᠨ ᠨᠡᠢ᠌ᠭᠡᠮᠯᠢᠭᠯᠦᠭᠡ ᠬᠥᠬᠡᠬᠣᠲᠠ ᠵᠢᠨ ᠰᠣᠶᠣᠯ᠎ᠤᠨ ᠣᠷᠳᠣᠨ᠎ᠳᠤ 《ᠰᠣᠶᠣᠯ᠎ᠤᠨ ᠢᠲᠡᠭᠡᠯ ᠵᠶ᠋ᠡᠨ ᠪᠠᠲᠤᠳᠬᠠᠵᠤ ᠦᠨᠳᠦᠰᠦᠲᠡᠨ᠎ᠤ ᠪᠦᠯᠬᠦᠮᠳᠡᠯ᠎ᠢ ᠴᠢᠩᠭ᠋ᠠᠳᠬᠠᠬᠤ》 ᠭᠣᠣᠯ ᠰᠡᠳᠦᠪᠲᠦ ᠨᠠᠮ᠎ᠤᠨ ᠡᠳᠦᠷᠯᠢᠭ᠎ᠤᠨ ᠠᠵᠢᠯᠯᠠᠭ᠎ᠠ ᠵᠢ ᠬᠠᠮᠲᠤᠷᠠᠨ ᠥᠷᠨᠢᠭᠦᠯᠵᠡᠢ᠃ ᠨᠠᠮ᠎ᠤᠨ ᠭᠡᠰᠢᠭᠦᠳ ᠬᠠᠮᠲᠤ᠎ᠪᠠᠷ ᠥᠪᠥᠷ ᠮᠣᠩᠭᠣᠯ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠭᠣᠣᠯ ᠰᠡᠳᠦᠪᠲᠦ ᠪᠦᠲᠦᠭᠡᠯ᠎ᠤᠨ ᠦᠵᠡᠭᠦᠯᠭᠡ ᠵᠢᠨ ᠲᠢᠩᠬᠢᠮ᠎ᠢ ᠲᠣᠭᠣᠷᠢᠨ ᠦᠵᠡᠵᠦ᠂ ᠲᠡᠦᠬᠡ ᠵᠢᠨ ᠳᠤᠷᠠᠰᠤᠮᠵᠢ ᠠᠴᠢᠶᠠᠯᠠᠭᠰᠠᠨ ᠦᠵᠡᠭᠦᠯᠭᠡ ᠵᠢᠨ ᠪᠦᠲᠦᠭᠡᠯ᠎ᠠᠴᠠ ᠦᠨᠳᠦᠰᠦᠲᠡᠨ᠎ᠨᠦᠭᠦᠳ᠎ᠤᠨ ᠥᠷᠭᠡᠨ ᠵᠶ᠋ᠡᠷ ᠶᠠᠪᠤᠯᠴᠠᠭᠰᠠᠨ᠂ ᠭᠦᠨᠵᠡᠭᠡᠢ ᠠᠭᠤᠰᠤᠯᠴᠠᠭᠰᠠᠨ᠂ ᠬᠠᠮᠲᠤ᠎ᠪᠠᠷ ᠬᠥᠭᠵᠢᠭᠰᠡᠨ ᠲᠡᠮᠡᠴᠡᠯ᠎ᠤᠨ ᠥᠩᠭᠡᠷᠡᠯᠲᠡ ᠵᠢ ᠣᠢ᠌ᠯᠠᠭ᠋ᠠᠪᠠ᠃ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ ᠰᠣᠨᠣᠰᠬᠤ᠎ᠪᠠᠷ ᠲᠠᠮᠵᠢᠨ᠂ ᠨᠠᠮ᠎ᠤᠨ ᠭᠡᠰᠢᠭᠦᠳ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠤᠯᠠᠮ ᠨᠢᠭᠡ ᠠᠯᠬᠤᠮ ᠪᠠᠲᠤ ᠴᠣᠭᠴᠠᠯᠠᠨ᠂ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠪᠠᠶ᠋ᠢᠭᠤᠯᠬᠤ ᠬᠦᠴᠦᠷᠬᠡᠭ ᠶᠡᠬᠡ ᠤᠶᠤᠨ ᠰᠠᠨᠠᠭ᠋ᠠᠨ᠎ᠤ ᠬᠦᠴᠦᠨ ᠵᠶ᠋ᠠᠨ ᠨᠢᠭᠲᠠᠷᠠᠭᠤᠯᠪᠠ᠃
ᠡᠭᠦᠨ᠎ᠤ ᠬᠠᠮᠲᠤ᠂ ᠣᠷᠴᠢᠭᠤᠯᠭ᠎ᠠ ᠵᠢᠨ ᠲᠥᠪ᠎ᠨᠢ ᠮᠡᠳᠡᠭᠡ ᠵᠠᠩᠭᠢ ᠨᠡᠢ᠌ᠲᠡᠯᠡᠬᠦ᠂ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ ᠬᠢᠬᠦ᠂ ᠠᠩᠬᠠᠷᠤᠯ ᠲᠠᠯᠪᠢᠵᠤ ᠪᠠᠢ᠌ᠭ᠎ᠠ ᠠᠰᠠᠭᠤᠳᠠᠯ᠎ᠳᠤ ᠬᠠᠷᠢᠭᠤ ᠥᠭᠬᠦ ᠴᠢᠳᠠᠪᠤᠷᠢ ᠪᠠ ᠬᠢᠷᠢ ᠲᠦᠪᠰᠢᠨ ᠵᠶ᠋ᠡᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠥᠯᠢᠭᠡᠷ᠎ᠢ ᠦᠨᠡᠨᠴᠢ ᠰᠡᠳᠬᠢᠯᠭᠡᠠᠴᠠᠪᠠᠨ ᠰᠠᠢ᠌ᠲᠤᠷ ᠶᠠᠷᠢᠵᠤ ᠪᠤᠢ᠃