ᠨᠢᠭᠡ ᠭᠣᠣᠯ ᠰᠢᠵᠢᠮ᠎ᠢ ᠲᠤᠭᠤᠰᠢᠲᠠᠢ ᠨᠠᠢ᠌ᠳᠠᠪᠤᠷᠢᠵᠢᠭᠤᠯᠤᠨ᠎ᠠ   -   ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
ᠤᠯᠠᠭ᠋ᠠᠨᠬᠠᠳᠠ ᠬᠤᠲᠠ ᠵᠢᠨ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠳ 2025 ᠣᠨ᠎ᠤ 《ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》᠂ 《ᠦᠨᠳᠦᠰᠦᠲᠡᠨ᠎ᠤ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ》᠎ᠤᠨ ᠠᠵᠢᠯ᠎ᠢ ᠪᠥᠬᠦ ᠲᠠᠯ᠎ᠠ᠎ᠪᠠᠷ ᠡᠬᠢᠯᠡᠭᠦᠯᠪᠡ
ᠨᠡᠶ᠋ᠢᠲᠡᠯᠡᠭᠰᠡᠨ ᠴᠠᠭ᠄ 2025-05-29


   ᠣᠶ᠋ᠢᠷ᠎ᠠ ᠵᠢᠨ ᠡᠳᠦᠷ᠎ᠤᠳ᠎ᠲᠤ᠂ ᠤᠯᠠᠭ᠋ᠠᠨᠬᠠᠳᠠ ᠬᠤᠲᠠ ᠵᠢᠨ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠳ 《2025 ᠣᠨ᠎ᠤ ᠪᠥᠬᠦ ᠣᠷᠣᠨ᠎ᠤ 〈ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ〉᠂ 〈ᠦᠨᠳᠦᠰᠦᠲᠡᠨ᠎ᠤ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ〉᠎ᠤᠨ ᠠᠵᠢᠯ᠎ᠤᠨ ᠲᠥᠰᠦᠯ》᠎ᠤᠨ ᠱᠠᠭ᠋ᠠᠷᠳᠠᠯᠭ᠎ᠠ ᠵᠢ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ 《ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢ ᠪᠥᠬᠦ ᠲᠠᠯ᠎ᠠ᠎ᠪᠠᠷ ᠠᠬᠢᠭᠤᠯᠬᠤ》 ᠠᠵᠢᠯ᠎ᠤᠨ ᠭᠤᠤᠯ ᠰᠡᠳᠦᠪ ᠎ᠢ ᠠᠳᠬᠤᠵᠤ᠂ ᠡᠯ᠎ᠡ ᠭᠠᠵᠠᠷ ᠣᠷᠣᠨ᠎ᠤ ᠪᠣᠳᠠᠲᠠᠶ᠎ᠲᠠᠢ᠎ᠪᠠᠨ ᠤᠶᠠᠯᠳᠤᠭᠤᠯᠤᠨ᠂ 2025 ᠣᠨ᠎ᠤ 《ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》 《ᠦᠨᠳᠦᠰᠦᠲᠡᠨ᠎ᠤ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ》᠎ᠤᠨ ᠠᠵᠢᠯ᠎ᠢ ᠪᠥᠬᠦ ᠲᠠᠯ᠎ᠠ᠎ᠪᠠᠷ ᠡᠬᠢᠯᠡᠭᠦᠯᠪᠡ᠃

   ᠤᠯᠠᠭ᠋ᠠᠨᠬᠠᠳᠠ ᠬᠤᠲᠠ ᠵᠢᠨ ᠡᠯ᠎ᠡ ᠭᠠᠵᠠᠷ ᠣᠷᠣᠨ 《ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ  ᠤᠬᠠᠭᠤᠯᠭ᠎ᠠ ᠵᠢᠨ ᠰᠠᠷ᠎ᠠ》 ᠵᠢᠨ ᠭᠤᠤᠯ ᠲᠠᠯᠠᠪᠤᠷ᠎ᠤᠨ ᠠᠵᠢᠯᠯᠠᠭ᠎ᠠ ᠵᠢ ᠵᠠᠯᠭ᠋ᠠᠭ᠎ᠠ᠎ᠪᠠᠷ ᠥᠷᠨᠢᠭᠦᠯᠵᠦ᠂ ᠬᠥᠭᠵᠢᠶᠡᠨᠲᠡᠶ ᠠᠭᠤᠷ ᠠᠮᠢᠰᠬᠤᠯ᠎ᠢ ᠪᠣᠶ ᠪᠣᠯᠭ᠋ᠠᠪᠠ᠃  ᠤᠯᠠᠭ᠋ᠠᠨᠬᠠᠳᠠ ᠬᠤᠲᠠ ᠵᠢᠨ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ᠎ᠤᠨ ᠬᠡᠯᠲᠡᠰ᠂  ᠤᠯᠠᠭ᠋ᠠᠨᠬᠠᠳᠠ ᠬᠤᠲᠠ ᠵᠢᠨ ᠰᠤᠷᠭ᠋ᠠᠨ ᠬᠥᠮᠦᠵᠢᠯ᠎ᠤᠨ ᠲᠣᠪᠴᠢᠶ᠎ᠠ᠂ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ᠂ ᠬᠠᠤᠯᠢ ᠴᠠᠭ᠋ᠠᠵᠠ ᠵᠢᠨ ᠲᠣᠪᠴᠢᠶ᠎ᠠ ᠰᠦᠯᠵᠢᠶᠡᠨ᠎ᠤ ᠰᠢᠭᠤᠳ ᠨᠡᠪᠲᠡᠷᠡᠭᠦᠯᠭᠡ ᠵᠢᠨ ᠬᠡᠯᠪᠡᠷᠢ᠎ᠪᠠᠷ ᠨᠢᠩᠴᠧᠩ ᠰᠢᠶᠠᠨ᠎ᠳᠤ ᠪᠥᠬᠦ ᠬᠤᠲᠠ ᠵᠢᠨ 《ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》 ᠵᠢᠨ ᠭᠤᠤᠯ ᠲᠠᠯᠠᠪᠤᠷ᠎ᠤᠨ ᠠᠵᠢᠯᠯᠠᠭ᠎ᠠ ᠵᠢ  ᠬᠠᠮᠲᠤᠷᠠᠨ ᠡᠷᠭᠢᠯᠡᠪᠡ᠃  ᠤᠯᠠᠭ᠋ᠠᠨᠬᠠᠳᠠ ᠬᠤᠲᠠ ᠵᠢᠨ  ᠨᠠᠮ᠎ᠤᠨ ᠬᠤᠷᠢᠶᠠᠨ᠎ᠤ ᠪᠠᠶ᠋ᠢᠩᠭᠤ ᠵᠢᠨ ᠭᠡᠰᠢᠭᠦᠨ᠂ ᠨᠢᠭᠡᠳᠦᠮᠡᠯ ᠹᠷᠣᠨᠲ᠎ᠤᠨ ᠬᠡᠯᠲᠡᠰ᠎ᠤᠨ  ᠳᠠᠷᠤᠭ᠎ᠠ ᠸᠠᠩ ᠱᠧᠩ ᠼᠠᠢ᠂  ᠤᠯᠠᠭ᠋ᠠᠨᠬᠠᠳᠠ ᠬᠤᠲᠠ ᠵᠢᠨ  ᠠᠷᠠᠳ᠎ᠤᠨ ᠲᠥᠯᠥᠭᠡᠯᠡᠭᠴᠢᠳ᠎ᠤᠨ  ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠳᠡᠳ᠋ ᠡᠷᠬᠢᠯᠡᠭᠴᠢ ᠮᠦᠩᠬᠡᠲᠡᠯᠡᠶ᠂  ᠤᠯᠠᠭ᠋ᠠᠨᠬᠠᠳᠠ ᠬᠤᠲᠠ ᠵᠢᠨ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠭᠦᠸᠧ ᠢᠦᠶ ᠴᠢᠶᠠᠩ ᠠᠵᠢᠯᠯᠠᠭ᠎ᠠ᠎ᠳᠤ ᠣᠷᠣᠯᠴᠠᠪᠠ᠃  ᠤᠯᠠᠭ᠋ᠠᠨᠬᠠᠳᠠ ᠬᠤᠲᠠ ᠵᠢᠨ ᠵᠠᠰᠠᠭ᠎ᠤᠨ ᠣᠷᠳᠣᠨ᠎ᠤ ᠳᠡᠳ᠋ ᠳᠠᠷᠤᠭ᠎ᠠ ᠶᠠᠩ ᠮᠥ᠍ ᠠᠵᠢᠯᠯᠠᠭ᠎ᠠ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠨᠢᠩᠴᠧᠩ ᠰᠢᠶᠠᠨ᠎ᠤ ᠨᠠᠮ᠎ᠤᠨ ᠬᠤᠷᠢᠶᠠᠨ᠎ᠤ ᠱᠦᠵᠢ ᠪᠦᠦ ᠠᠶ ᠮᠢᠨ ᠤᠭᠲᠤᠬᠤ ᠦᠭᠡ ᠬᠡᠯᠡᠵᠦ᠂  ᠤᠯᠠᠭ᠋ᠠᠨᠬᠠᠳᠠ ᠬᠤᠲᠠ ᠵᠢᠨ ᠨᠠᠮ᠎ᠤᠨ ᠬᠤᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠎ᠤᠨ ᠳᠡᠳ᠋ ᠳᠠᠷᠤᠭ᠎ᠠ᠂ ᠤᠯᠠᠭ᠋ᠠᠨᠬᠠᠳᠠ  ᠬᠤᠲᠠ ᠵᠢᠨ  ᠦᠨᠳᠦᠰᠦᠲᠡᠨ᠎ᠤ ᠬᠡᠷᠡᠭ ᠡᠷᠬᠢᠯᠡᠬᠦ  ᠵᠥᠪᠯᠡᠯ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠡᠷᠬᠢᠯᠡᠭᠴᠢ ᠰᠢᠶᠧ ᠶᠠᠨ ᠯᠢ ᠠᠵᠢᠯᠯᠠᠭ᠎ᠠ ᠵᠢ ᠡᠷᠭᠢᠯᠡᠪᠡ᠃ ᠠᠵᠢᠯᠯᠠᠭ᠎ᠠ ᠵᠢᠨ ᠲᠤᠬᠠᠶ ᠵᠢᠨ ᠲᠠᠯᠠᠪᠠᠢ᠎ᠳᠤ᠂ ᠨᠢᠩᠴᠧᠩ ᠰᠢᠶᠠᠨ᠎ᠤ ᠤᠯᠠᠭ᠋ᠠᠨᠮᠥ᠋ᠴᠢᠷ ᠳᠤᠮᠳᠠᠳᠤ ᠵᠢᠨ  ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ ᠭᠤᠤᠯ ᠰᠡᠳᠦᠪᠲᠦ ᠤᠷᠠᠨ ᠰᠠᠶ᠋ᠢᠬᠠᠨ᠎ᠤ ᠲᠣᠭᠯᠠᠯᠲᠠ ᠥᠷᠨᠢᠭᠦᠯᠵᠦ᠂ ᠠᠵᠢᠯᠲᠠᠳ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠳᠤ ᠦᠨᠳᠦᠰᠦᠲᠡᠨ᠎ᠤ ᠲᠥᠷᠥ ᠵᠢᠨ  ᠪᠣᠳᠣᠯᠭ᠎ᠠ ᠵᠢᠨ ᠤᠬᠠᠭᠤᠯᠭ᠎ᠠ ᠵᠢᠨ ᠬᠠᠭᠤᠳᠠᠰᠤ᠂ ᠤᠬᠠᠭᠤᠯᠭ᠎ᠠ ᠵᠢᠨ ᠳᠡᠪᠲᠡᠷ ᠲᠠᠷᠬᠠᠭ᠋ᠠᠪᠠ᠃ ᠲᠤᠬᠠᠶ ᠵᠢᠨ ᠲᠠᠯᠠᠪᠠᠶ᠎ᠳᠤ ᠪᠠᠰᠠ ᠬᠠᠶ᠋ᠢᠷ᠎ᠠ ᠬᠠᠯᠠᠮᠵᠢ ᠵᠢᠨ ᠠᠯᠪᠠᠨ ᠵᠢᠷᠤᠮ᠎ᠤᠨ ᠡᠮᠴᠢᠯᠡᠭᠡᠨ᠎ᠤ ᠦᠢ᠍ᠯᠡᠴᠢᠯᠡᠭᠡ ᠪᠠ ᠰᠦᠯᠵᠢᠶᠡᠨ᠎ᠤ ᠲᠠᠪᠴᠠᠩ᠎ᠤᠨ ᠰᠢᠭᠤᠳ ᠨᠡᠪᠲᠡᠷᠡᠭᠦᠯᠭᠡ ᠬᠢᠵᠦ᠂ ᠦᠢ᠍ᠯᠡᠴᠢᠯᠡᠭᠡᠨ᠎ᠤ ᠵᠥᠪᠯᠡᠯᠭᠡ ᠥᠭᠬᠦ ᠬᠥᠮᠦᠨ᠎ᠤ ᠲᠤᠭ᠎ᠠ 2000 ᠭᠠᠷᠤᠶ ᠬᠥᠮᠦᠨ ᠤᠳᠠᠭ᠎ᠠ᠎ᠳᠤ ᠬᠦᠷᠴᠦ᠂ ᠰᠦᠯᠵᠢᠶᠡᠨ᠎ᠤ ᠰᠢᠭᠤᠳ ᠨᠡᠪᠲᠡᠷᠡᠭᠦᠯᠭᠡ ᠵᠢ ᠰᠦᠯᠵᠢᠶᠡᠨ ᠳᠡᠭᠡᠷ᠎ᠡ ᠦᠵᠡᠭᠰᠡᠨ ᠬᠥᠮᠦᠨ᠎ᠤ ᠲᠤᠭ᠎ᠠ 10 ᠲᠦᠮᠡᠨ ᠬᠥᠮᠦᠨ ᠤᠳᠠᠭ᠎ᠠ᠎ᠳᠤ ᠬᠦᠷᠪᠡ᠃ ᠰᠦᠩᠱ᠌ᠠᠨ ᠲᠣᠭᠤᠷᠢᠭ ᠭᠤᠣᠯ ᠲᠠᠯᠠᠪᠤᠷ᠎ᠤᠨ ᠠᠵᠢᠯᠯᠠᠭ᠎ᠠ ᠵᠢᠨ ᠳᠤᠮᠳᠠ 《ᠪᠣᠳᠠᠰ᠎ᠤᠨ ᠪᠤᠰᠤ ᠰᠣᠶᠣᠯ᠎ᠤᠨ ᠥᠪ᠎ᠤᠨ ᠠᠮᠲᠠᠲᠤ ᠢᠳᠡᠭᠡᠨ ᠠᠷᠠᠳ᠎ᠤᠨ ᠵᠠᠩ ᠳᠠᠳᠬᠠᠯ》᠎ᠢ ᠪᠡᠶᠡᠴᠢᠯᠡᠨ ᠣᠶ᠋ᠢᠯᠠᠭ᠋ᠠᠬᠤ ᠡᠯᠧᠮᠧᠨ᠋ᠲ᠎ᠲᠤ ᠠᠭᠤᠰᠤᠯᠴᠠᠭᠤᠯᠵᠤ᠂ ᠵᠤᠭ᠋ᠠᠴᠠᠭᠰᠠᠳ ᠲᠤᠬᠠᠢ ᠵᠢᠨ ᠲᠠᠯᠠᠪᠠᠢ᠎ᠳᠤ ᠵᠢᠷᠤᠭ ᠳᠦᠷᠰᠦ᠎ᠪᠠᠷ 《ᠨᠢᠭᠡᠲᠦᠮᠡᠯ ᠬᠣᠯᠪᠤᠭ᠋ᠠᠰᠦ》 ᠵᠢ ᠪᠡᠶᠡᠴᠢᠯᠡᠨ ᠣᠶ᠋ᠢᠯᠠᠭ᠋ᠠᠵᠤ᠂ ᠬᠡᠦᠬᠡᠳ᠎ᠤᠳ 《ᠦᠨᠳᠦᠰᠦᠲᠡᠨ᠎ᠨᠦᠭᠦᠳ ᠪᠦᠯᠬᠦᠮᠳᠡᠨ ᠨᠢᠭᠡ ᠭᠡᠷ᠎ᠤᠨ ᠬᠥᠮᠦᠨ ᠮᠡᠲᠦ ᠳᠣᠲᠣᠨᠣ》 ᠭᠡᠬᠦ ᠭᠤᠣᠯ ᠰᠡᠳᠦᠪᠲᠦ ᠰᠡᠭᠦᠳᠡᠷ ᠵᠦᠴᠦᠭᠡ ᠵᠢ ᠨᠠᠷᠢᠨ ᠬᠢᠨᠠᠮᠠᠭ᠋ᠠᠢ ᠦᠵᠡᠵᠦ᠂ ᠠᠷᠠᠳ᠎ᠤᠨ ᠵᠠᠩ ᠦᠢ᠍ᠯᠡ ᠵᠢᠨ ᠵᠡᠭᠡᠯᠢ ᠵᠢᠨ 《ᠠᠨᠠᠷ᠎ᠤᠨ ᠦᠷ᠎ᠡ》 ᠭᠡᠬᠦ ᠭᠤᠣᠯ ᠰᠡᠳᠦᠪᠲᠦ ᠰᠡᠭᠦᠳᠡᠷ ᠲᠠᠲᠠᠬᠤ ᠬᠠᠯᠠᠮᠰᠢᠯ ᠬᠡᠷᠡᠮ᠎ᠤᠨ ᠡᠮᠦᠨ᠎ᠡ᠂ ᠦᠨᠳᠦᠰᠦᠲᠡᠨ᠎ᠨᠦᠭᠦᠳ᠎ᠤᠨ  ᠤᠯᠠᠨ ᠲᠦᠮᠡᠨ ᠮᠠᠰᠢ ᠪᠠᠶᠠᠷ ᠪᠠᠶᠠᠰᠬᠤᠯᠠᠩ᠎ᠲᠠᠢ ᠭᠡᠷᠡᠯ ᠵᠢᠷᠤᠭ ᠦᠯᠡᠳᠡᠭᠡᠪᠡ᠃ ᠯᠢᠨᠰᠢ ᠰᠢᠶᠠᠨ ᠭᠤᠤᠯ ᠲᠠᠯᠠᠪᠤᠷ᠎ᠤᠨ ᠠᠵᠢᠯᠯᠠᠭ᠎ᠠ᠎ᠪᠠᠷ ᠳᠠᠮᠵᠢᠭᠤᠯᠤᠨ ᠤᠬᠠᠭᠤᠯᠭ᠎ᠠ ᠵᠢᠨ ᠰᠠᠷ᠎ᠠ (ᠭᠠᠷᠠᠭ) ᠵᠢᠨ ᠠᠵᠢᠯ᠎ᠳᠤ ᠲᠣᠬᠢᠷᠠᠭᠤᠯᠤᠯᠲᠠ ᠪᠠᠶ᠋ᠢᠷᠢᠯᠠᠭᠤᠯᠤᠯᠲᠠ ᠬᠢᠵᠦ᠂ 《ᠤᠮᠠᠷᠠᠲᠤ ᠬᠢᠯᠢ ᠵᠢᠨ ᠠᠨᠠᠷ ᠤᠯᠠᠭ᠋ᠠᠨ》 ᠤᠬᠠᠭᠤᠯᠤᠨ ᠲᠠᠶ᠋ᠢᠯᠪᠤᠷᠢᠯᠠᠬᠤ ᠳᠤᠭᠤᠢ᠌ᠯᠠᠩ᠎ᠤᠨ  ᠭᠡᠰᠢᠭᠦᠳ᠎ᠲᠤ  ᠤᠷᠢᠯᠭ᠎ᠠ ᠵᠢᠨ  ᠪᠢᠴᠢᠭ ᠣᠯᠭᠤᠵᠤ᠂ ᠦᠨᠳᠦᠰᠦᠲᠡᠨ᠎ᠤ ᠪᠦᠯᠬᠦᠮᠳᠡᠯ᠎ᠤᠨ ᠭᠤᠤᠯ ᠰᠡᠳᠦᠪᠲᠦ ᠤᠬᠠᠭᠤᠯᠤᠨ ᠲᠠᠶ᠋ᠢᠯᠪᠤᠷᠢᠯᠠᠯᠲᠠ ᠵᠢ  ᠡᠷᠭᠢᠯᠡᠵᠦ᠂ ᠨᠠᠷᠢᠨ ᠨᠢᠮᠪᠠᠶ ᠲᠥᠯᠥᠪᠯᠡᠨ ᠪᠠᠶ᠋ᠢᠷᠢᠯᠠᠭᠤᠯᠵᠤ᠂ ᠨᠠᠮ᠎ᠤᠨ ᠦᠨᠳᠦᠰᠦᠲᠡᠨ᠎ᠤ  ᠣᠨᠣᠯ ᠲᠥᠷᠥ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠤᠬᠠᠭᠤᠯᠭ᠎ᠠ ᠵᠢᠨ ᠠᠵᠢᠯ᠎ᠢ ᠬᠠᠷᠠᠯᠲᠠ᠎ᠲᠠᠢ᠎ᠪᠠᠷ ᠬᠦᠴᠦᠯᠡᠨ ᠥᠷᠨᠢᠭᠦᠯᠪᠡ᠃ ᠪᠠᠭ᠋ᠠᠷᠢᠨ ᠵᠡᠭᠦᠨ ᠬᠤᠰᠢᠭᠤ ᠯᠢᠶᠣᠤ ᠵᠢᠨ  ᠳᠡᠭᠡᠳᠦ ᠨᠡᠶ᠋ᠢᠰᠯᠡᠯ᠎ᠤᠨ ᠮᠦᠽᠧᠢ᠎ᠳᠤ 《ᠠᠨᠠᠷ᠎ᠤᠨ ᠴᠡᠴᠡᠭ ᠳᠡᠭᠡᠳᠦ ᠨᠡᠶ᠋ᠢᠰᠯᠡᠯ᠎ᠳᠤ ᠳᠡᠯᠭᠡᠷᠡᠪᠡᠢ》 ᠳᠤᠮᠳᠠᠳᠤ ᠵᠢᠨ  ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ ᠤᠷᠠᠨ ᠪᠢᠴᠢᠯᠭᠡ ᠤᠷᠠᠨ ᠵᠢᠷᠤᠭ ᠭᠡᠷᠡᠯ ᠵᠢᠷᠤᠭ᠎ᠤᠨ ᠦᠵᠡᠰᠬᠦᠯᠡᠩ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠪᠠᠭ᠋ᠠᠷᠢᠨ ᠵᠡᠭᠦᠨ ᠬᠤᠰᠢᠭᠤᠨ᠎ᠤ ᠦᠨᠳᠦᠰᠦᠲᠡᠨ᠎ᠨᠦᠭᠦᠳ᠎ᠤᠨ ᠬᠥᠪᠡᠭᠦᠳ ᠥᠬᠢᠳ᠎ᠤᠨ ᠪᠦᠯᠬᠦᠮᠳᠡᠯ ᠲᠡᠮᠡᠴᠡᠯ ᠵᠶ᠋ᠠᠷ ᠪᠢᠷ ᠪᠣᠯᠭ᠋ᠠᠵᠤ᠂ 《ᠳᠤᠮᠳᠠᠳᠤ ᠵᠢᠨ ᠦᠨᠳᠦᠰᠦᠲᠡᠨ ᠨᠢᠭᠡ ᠭᠡᠷ᠎ᠤᠨ ᠬᠥᠮᠥᠨ ᠮᠡᠲᠦ ᠳᠣᠲᠣᠨᠣ᠂ ᠰᠡᠳᠬᠢᠯ ᠨᠢᠭᠡᠳᠦᠨ ᠳᠤᠮᠳᠠᠳᠤ ᠵᠢᠨ ᠵᠡᠭᠦᠳᠦ ᠵᠢ ᠬᠠᠮᠲᠤᠪᠠᠷ ᠲᠡᠷᠭᠡᠯᠰᠢᠭᠦᠯᠬᠦ》 ᠠᠮᠢᠳᠤᠯᠢᠭ ᠦᠢ᠍ᠯᠡᠳᠦᠯᠭᠡ ᠵᠢ ᠳᠡᠯᠭᠡᠨ ᠦᠵᠡᠭᠦᠯᠪᠡ᠃


ᠢᠷᠡᠯᠲᠡ᠄ ᠤᠯᠠᠭ᠋ᠠᠨᠬᠠᠳᠠ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ