ᠨᠢᠭᠡ ᠭᠣᠣᠯ ᠰᠢᠵᠢᠮ᠎ᠢ ᠲᠤᠭᠤᠰᠢᠲᠠᠢ ᠨᠠᠢ᠌ᠳᠠᠪᠤᠷᠢᠵᠢᠭᠤᠯᠤᠨ᠎ᠠ   -   ᠵᠢᠷᠭᠤᠭ᠋ᠠᠨ ᠦᠭᠦᠯᠡᠪᠦᠷᠢ ᠦᠭᠡᠨ᠎ᠤ ᠪᠣᠳᠠᠲᠤ ᠶᠠᠪᠤᠳᠠᠯ ᠪᠠ ᠶᠣᠰᠣ ᠤᠴᠢᠷ
ᠰᠡᠳᠬᠢᠯ ᠵᠶ᠋ᠡᠨ ᠨᠢᠭᠡᠳᠬᠡᠨ ᠬᠦᠴᠦᠨ ᠵᠶ᠋ᠡᠨ ᠬᠠᠮᠲᠤᠳᠬᠠᠵᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠤᠶ᠎ᠠ — 《ᠵᠢᠷᠭᠤᠭ᠋ᠠᠨ ᠦᠭᠦᠯᠡᠪᠦᠷᠢ ᠦᠭᠡᠨ᠎ᠤ ᠪᠣᠳᠠᠲᠤ ᠶᠠᠪᠤᠳᠠᠯ ᠪᠠ ᠶᠣᠰᠣ ᠤᠴᠢᠷ》᠄ ᠥᠪᠥᠷ ᠮᠣᠩᠭᠣᠯ ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠪᠣᠯᠣᠭᠰᠠᠨ᠎ᠤ ᠵᠢᠱ᠌ᠢᠶᠡᠴᠢ᠎ᠨᠢ ᠨᠠᠮ᠎ᠤᠨ ᠦᠭᠡ ᠵᠢ ᠰᠣᠨᠣᠰᠤᠭᠰᠠᠨ᠎ᠳᠤ ᠪᠣᠢ (ᠭᠤᠷᠪᠠ)
ᠨᠡᠶ᠋ᠢᠲᠡᠯᠡᠭᠰᠡᠨ ᠴᠠᠭ᠄ 2025-05-22


      《ᠵᠢᠷᠭᠤᠭ᠋ᠠᠨ ᠥᠭᠦᠯᠡᠪᠦᠷᠢ ᠦᠭᠡᠨ᠎ᠤ ᠪᠣᠳᠠᠲᠤ ᠶᠠᠪᠤᠳᠠᠯ ᠪᠠ ᠶᠣᠰᠣ ᠤᠴᠢᠷ 》  ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠦᠵᠢ ᠰᠦᠨ ᠱᠣᠣ ᠴᠧᠩ ᠵᠣᠬᠢᠶᠠᠯ ᠂  ᠶᠠᠷᠢᠶᠠᠨ᠎ᠳᠤ᠎ᠪᠠᠨ ᠳ᠋ᠦᠩᠨᠡᠵᠦ ᠲᠣᠳᠣᠷᠬᠠᠢ᠌ᠯᠠᠨ ᠲᠠᠢ᠌ᠯᠪᠤᠷᠢᠯᠠᠭᠰᠠᠨ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠮᠲᠤ ᠵᠢᠨ ᠰᠡᠳᠬᠢᠯ᠎ᠤᠨ ᠳᠠᠭᠤᠨ ᠪᠣᠯᠣᠨ᠎ᠠ


       ᠥᠪᠥᠷ ᠮᠣᠩᠭᠣᠯ ᠣᠷᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠠᠮᠤᠭ᠎ᠤᠨ ᠡᠷᠲᠡ ᠨᠠᠮ᠎ᠤᠨ ᠵᠣᠬᠢᠶᠠᠨ ᠪᠠᠢ᠌ᠭᠤᠯᠤᠯᠲᠠ ᠵᠢ ᠪᠠᠢ᠌ᠭᠤᠯᠤᠭᠰᠠᠨ ᠦᠨᠳᠦᠰᠦᠲᠡᠨ᠎ᠤ ᠭᠠᠵᠠᠷ ᠣᠷᠣᠨ ᠪᠣᠯᠣᠨ᠎ᠠ

       ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠰᠢᠭᠤᠳ ᠤᠳᠤᠷᠢᠳᠤᠯᠭ᠎ᠠ ᠳᠣᠣᠷ᠎ᠠ ᠪᠠᠢ᠌ᠭᠤᠯᠤᠭᠳᠠᠭᠰᠠᠨ ᠶᠤᠮ

       ᠥᠪᠥᠷ ᠮᠣᠩᠭᠣᠯ ᠪᠣᠯ ᠨᠠᠮ᠎ᠤᠨ ᠲᠥᠪ ᠬᠣᠷᠢᠶᠠᠨ᠎ᠤ ᠳᠡᠮᠵᠢᠯᠭᠡ ᠳᠣᠣᠷ᠎ᠠ ᠬᠥᠭᠵᠢᠭᠰᠡᠨ ᠶᠤᠮ

       ᠥᠪᠥᠷ ᠮᠣᠩᠭᠣᠯ᠎ᠤᠨ ᠠᠵᠢᠯ᠎ᠤᠨ ᠳᠤᠮᠳᠠ ᠢᠯᠡᠷᠡᠭᠰᠡᠨ  ᠬᠦᠨᠳᠦ  ᠶᠡᠬᠡ ᠬᠡᠯᠪᠡᠷᠢᠯ ᠵᠥᠷᠢᠶ᠎ᠡ ᠵᠢ ᠴᠥᠮ ᠨᠠᠮ᠎ᠤᠨ ᠲᠥᠪ ᠬᠣᠷᠢᠶᠠᠨ᠎ᠠᠴᠠ ᠬᠠᠪᠰᠤᠷᠤᠨ ᠵᠠᠯᠠᠷᠠᠭᠤᠯᠤᠭᠰᠠᠨ ᠶᠤᠮ

       ᠥᠪᠥᠷ ᠮᠣᠩᠭᠣᠯ᠎ᠤᠨ ᠰᠢᠨ᠎ᠡ ᠴᠠᠭ ᠦᠶ᠎ᠡ ᠵᠢᠨ ᠬᠥᠭᠵᠢᠯᠲᠡ ᠵᠢᠨ ᠠᠮᠵᠢᠯᠲᠠ ᠪᠦᠲᠦᠮᠵᠢ ᠵᠢ ᠪᠣᠯ ᠶᠡᠷᠦᠩᠬᠡᠢ ᠱᠦᠵᠢ ᠰᠢ ᠵᠢᠨ ᠫᠢᠩ᠎ᠤᠨ ᠳᠣᠲᠣᠨᠣ ᠬᠠᠯᠠᠮᠵᠢᠯᠠᠯ ᠪᠠ ᠵᠢᠯᠣᠭᠣᠳᠤᠯᠭ᠎ᠠ ᠳᠣᠣᠷ᠎ᠠ ᠣᠯᠣᠭᠰᠠᠨ ᠶᠤᠮ

       ᠥᠪᠥᠷ ᠮᠣᠩᠭᠣᠯ ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠪᠣᠯᠣᠭᠰᠠᠨ᠎ᠤ ᠵᠢᠱ᠌ᠢᠶᠡᠴᠢ᠎ᠨᠢ ᠨᠠᠮ᠎ᠤᠨ ᠦᠭᠡ ᠵᠢ ᠰᠣᠨᠣᠰᠤᠭᠰᠠᠨ᠎ᠳᠤ ᠪᠣᠢ


0508赢得模范自治区的崇高荣誉.png


2017 ᠣᠨ᠎ᠤ 8 ᠳ᠋ᠤᠭ᠋ᠠᠷ ᠰᠠᠷ᠎ᠠ᠎ᠳᠤ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠠᠢ᠌ᠭᠤᠯᠤᠭᠳᠠᠭᠰᠠᠨ 70 ᠵᠢᠯ᠎ᠤᠨ ᠤᠢ ᠵᠢ ᠪᠡᠯᠭᠡᠯᠡᠬᠦ᠎ᠳᠤ ᠪᠡᠯᠡᠭᠯᠡᠭᠰᠡᠨ ᠪᠢᠴᠢᠭᠡᠰᠦ᠎ᠲᠠᠢ ᠪᠠᠶᠠᠷ᠎ᠤᠨ ᠢᠯᠡᠷᠬᠡᠢ᠌ᠯᠡᠯ 


ᠰᠡᠳᠬᠢᠯ ᠵᠶ᠋ᠡᠨ ᠨᠢᠭᠡᠳᠬᠡᠨ ᠬᠦᠴᠦᠨ ᠵᠶ᠋ᠡᠨ ᠬᠠᠮᠲᠤᠳᠬᠠᠵᠤ

ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠤᠶ᠎ᠠ



   ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠰᠠᠢ᠌ᠲᠤᠷ ᠪᠦᠲᠦᠭᠡᠨ ᠪᠠᠶ᠋ᠢᠭᠤᠯᠬᠤ ᠪᠣᠯ ᠶᠡᠷᠦᠩᠬᠡᠢ ᠱᠦᠵᠢ ᠰᠢ ᠵᠢᠨ ᠫᠢᠩ᠎ᠤᠨ  ᠥᠪᠥᠷ ᠮᠣᠩᠭᠣᠯ᠎ᠳᠤ  ᠲᠠᠯᠪᠢᠭᠰᠠᠨ ᠢᠮᠠᠭᠲᠠ ᠵᠢᠨ  ᠱᠠᠭ᠋ᠠᠷᠳᠠᠯᠭ᠎ᠠ ᠪᠣᠯᠣᠨ᠎ᠠ ᠃  ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ  ᠨᠠᠭ᠋ᠠᠰᠢ᠂  ᠶᠡᠷᠦᠩᠬᠡᠢ ᠱᠦᠵᠢ ᠰᠢ ᠵᠢᠨ ᠫᠢᠩ  ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠰᠠᠢ᠌ᠲᠤᠷ ᠪᠦᠲᠦᠭᠡᠨ ᠪᠠᠶ᠋ᠢᠭᠤᠯᠬᠤ ᠲᠤᠬᠠᠢ  ᠣᠯᠠᠨᠲᠠ  ᠲᠣᠳᠣᠷᠬᠠᠢ ᠱᠠᠭ᠋ᠠᠷᠳᠠᠯᠭ᠎ᠠ ᠳᠤᠷᠠᠳᠴᠤ ᠂  ᠥᠪᠥᠷ ᠮᠣᠩᠭᠣᠯ᠎ᠤᠨ 《ᠦᠨᠳᠦᠰᠦᠲᠡᠨ᠎ᠨᠦᠭᠦᠳ᠎ᠤᠨ ᠠᠷᠠᠳ ᠲᠦᠮᠡᠨ ᠢᠮᠠᠭᠲᠠ ᠨᠠᠮ᠎ᠳᠤ᠎ᠪᠠᠨ ᠦᠨᠡᠨᠴᠢ᠂  ᠨᠠᠮ᠎ᠤᠨ ᠲᠥᠪ ᠬᠣᠷᠢᠶ᠎ᠠ᠎ᠳᠤ᠎ᠪᠠᠨ ᠰᠢᠳᠤᠷᠭᠤ ᠪᠠᠢ᠌ᠵᠤ᠂  ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢ ᠭᠥᠷᠳᠡᠭᠰᠡᠨ ᠪᠥᠭᠡᠳ ᠣᠷᠳᠣ ᠬᠤᠭᠤᠴᠠᠭ᠎ᠠ᠎ᠪᠠᠷ ᠬᠠᠢ᠌ᠷᠠᠯᠠᠨ  ᠬᠠᠮᠠᠭ᠋ᠠᠯᠠᠪᠠ 》  ᠬᠡᠮᠡᠨ  ᠵᠢᠭ᠋ᠠᠵᠤ ᠭᠠᠷᠭ᠋ᠠᠭᠰᠠᠨ ᠪᠥᠭᠡᠳ ᠥᠪᠥᠷ ᠮᠣᠩᠭᠣᠯ᠎ᠤᠨ ᠺᠠᠳ᠋ᠷ ᠣᠯᠠᠨ ᠲᠦᠮᠡᠨ᠎ᠳᠤ 《ᠢᠷᠠᠭᠤ ᠠᠯᠳᠠᠷ ᠵᠶ᠋ᠠᠨ ᠬᠤᠪᠢ ᠳᠠᠬᠢᠨ ᠨᠠᠨᠳᠢᠩᠨᠠᠵᠤ ᠂  ᠡᠭᠦᠷᠭᠡ ᠬᠠᠷᠢᠭᠤᠴᠠᠯᠭ᠎ᠠ  ᠡᠭᠦᠷᠭᠡᠯᠡᠬᠦ᠎ᠪᠠᠨ ᠴᠢᠩᠭ᠋ᠠᠳᠬᠠᠬᠤ ᠬᠡᠷᠡᠭᠲᠡᠢ》 ᠂ 《ᠰᠢᠨ᠎ᠡ ᠴᠠᠭ ᠦᠶ᠎ᠡ᠎ᠳᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ ᠵᠶ᠋ᠠᠨ  ᠦᠷᠭᠦᠯᠵᠢᠯᠡᠨ ᠪᠠᠲᠤᠯᠠᠬᠤ ᠬᠡᠷᠡᠭᠲᠡᠢ》 ᠭᠡᠵᠦ ᠨᠠᠢ᠌ᠳᠠᠭᠰᠠᠨ ᠪᠠᠢ᠌ᠨ᠎ᠠ ᠃ 

  2022 ᠣᠨ᠎ᠤ 11  ᠳ᠋ᠦ᠍ᠭᠡᠷ  ᠰᠠᠷ᠎ᠠ᠎ᠳᠤ ᠂  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ  ᠲᠤᠭᠤᠰᠢᠯᠠᠭᠤᠯᠬᠤ᠎ᠪᠠᠨ  ᠶᠡᠷᠦᠩᠬᠡᠢ ᠱᠦᠵᠢ ᠰᠢ ᠵᠢᠨ ᠫᠢᠩ᠎ᠤᠨ  ᠥᠪᠥᠷ ᠮᠣᠩᠭᠣᠯ᠎ᠳᠤ  ᠲᠤᠰᠢᠶᠠᠭᠰᠠᠨ  ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠎ᠯᠤᠭ᠎ᠠ  ᠤᠶᠠᠯᠳᠤᠭᠤᠯᠵᠤ ᠂  ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠲᠦᠭᠡᠨ  ᠪᠠᠢ᠌ᠭᠤᠯᠤᠨ᠎ᠠ  ᠭᠡᠵᠦ ᠲᠣᠳᠣᠷᠬᠠᠢ  ᠳᠤᠷᠠᠳᠤᠨ ᠭᠠᠷᠭ᠋ᠠᠪᠠ᠃ 2023 ᠣᠨ᠎ᠤ 3  ᠳ᠋ᠤᠭ᠋ᠠᠷ  ᠰᠠᠷ᠎ᠠ ᠵᠢᠨ 14᠎ᠤ ᠡᠳᠦᠷ ᠬᠤᠷᠠᠯᠳᠤᠭᠰᠠᠨ ᠪᠥᠬᠥ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ  ᠲᠤᠭᠤᠰᠢᠯᠠᠭᠤᠯᠬᠤ  ᠺᠠᠳ᠋ᠷᠴᠤᠳ᠎ᠤᠨ ᠶᠡᠬᠡ  ᠬᠤᠷᠠᠯᠳᠤᠭ᠋ᠠᠨ ᠵᠶ᠋ᠠᠷ  ᠬᠠᠷᠠᠯᠲᠠ᠎ᠪᠠᠨ ᠤᠯᠠᠮ ᠨᠢᠭᠡ ᠠᠯᠬᠤᠮ ᠲᠣᠳᠣᠷᠬᠠᠢ᠌ᠯᠠᠪᠠ ᠃ 2023 ᠣᠨ᠎ᠤ 7  ᠳ᠋ᠤᠭ᠋ᠠᠷ  ᠰᠠᠷ᠎ᠠ᠎ᠳᠤ ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠦᠲᠦᠭᠡᠨ ᠪᠠᠶ᠋ᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠲᠣᠭᠲᠠᠭ᠋ᠠᠯ》᠎ᠢ ᠠᠷᠪᠠᠨ ᠨᠢᠭᠡᠳᠦᠭᠡᠷ ᠬᠤᠭᠤᠴᠠᠭ᠋ᠠᠨ᠎ᠤ ᠨᠠᠮ᠎ᠤᠨ ᠬᠣᠷᠢᠶ᠎ᠠ ᠵᠢᠨ ᠵᠢᠷᠭᠤᠳᠤᠭ᠋ᠠᠷ ᠪᠥᠬᠥᠳᠡ ᠬᠤᠷᠠᠯ ᠵᠶ᠋ᠠᠷ ᠬᠢᠨᠠᠨ ᠵᠥᠪᠯᠡᠵᠦ ᠪᠠᠲᠤᠯᠠᠭ᠋ᠠᠳ ᠂ 《  ᠳᠣᠯᠣᠭ᠋ᠠᠨ ᠲᠠᠯ᠎ᠠ᠎ᠪᠠᠷ  ᠵᠢᠱ᠌ᠢᠶᠡᠴᠢ ᠪᠣᠯᠬᠤ》 ᠵᠢ  ᠳᠤᠷᠠᠳᠤᠨ ᠭᠠᠷᠭ᠋ᠠᠭᠰᠠᠨ ᠪᠥᠭᠡᠳ ᠪᠣᠳᠠᠲᠠᠢ ᠪᠠᠢ᠌ᠷᠢᠯᠠᠭᠤᠯᠤᠯᠲᠠ ᠬᠢᠵᠦ ᠂  ᠲᠣᠳᠣᠷᠬᠠᠢ ᠱᠠᠭ᠋ᠠᠷᠳᠠᠯᠭ᠎ᠠ ᠳᠤᠷᠠᠳᠪᠠ ᠃ 

   ᠨᠠᠮ᠎ᠤᠨ ᠠᠴᠢ᠎ᠳᠤ ᠲᠠᠯᠠᠷᠬᠠᠨ  ᠨᠠᠮ᠎ᠤᠨ ᠦᠭᠡ ᠵᠢ  ᠰᠣᠨᠣᠰᠴᠤ᠂  ᠶᠡᠷᠦᠩᠬᠡᠢ ᠱᠦᠵᠢ ᠰᠢ ᠵᠢᠨ ᠫᠢᠩ᠎ᠢ ᠴᠢᠩᠭ᠎ᠠ  ᠲᠠᠭ᠋ᠠᠵᠤ ᠰᠢᠨ᠎ᠡ ᠠᠶᠠᠨ᠎ᠳᠤ  ᠡᠷᠡᠮᠡᠬᠡᠢ᠌ᠯᠡᠨ  ᠤᠷᠤᠭᠰᠢᠯᠠᠬᠤ ᠲᠠᠯ᠎ᠠ᠎ᠪᠠᠷ ᠵᠢᠱ᠌ᠢᠶᠡᠴᠢ  ᠪᠣᠯᠣᠨ᠎ᠠ᠃  ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠵᠤ ᠂  ᠨᠠᠮ᠎ᠤᠨ ᠠᠴᠢ᠎ᠳᠤ ᠲᠠᠯᠠᠷᠬᠠᠨ  ᠨᠠᠮ᠎ᠤᠨ ᠦᠭᠡ ᠵᠢ ᠰᠣᠨᠣᠰᠴᠤ ᠂  ᠶᠡᠷᠦᠩᠬᠡᠢ ᠱᠦᠵᠢ ᠰᠢ ᠵᠢᠨ ᠫᠢᠩ᠎ᠢ ᠴᠢᠩᠭ᠎ᠠ ᠳᠠᠭ᠋ᠠᠵᠤ  ᠰᠢᠨ᠎ᠡ ᠠᠶᠠᠨ᠎ᠳᠤ ᠡᠷᠡᠮᠡᠬᠡᠢ᠌ᠯᠡᠨ  ᠤᠷᠤᠭᠰᠢᠯᠠᠬᠤ ᠪᠣᠯ ᠥᠪᠥᠷ ᠮᠣᠩᠭᠣᠯ᠎ᠤᠨ ᠠᠵᠢᠯ᠎ᠢ ᠰᠠᠢ᠌ᠲᠤᠷ ᠬᠢᠬᠦ ᠵᠢᠨ ᠦᠨᠳᠦᠰᠦᠨ ᠤᠯᠤᠰ ᠲᠦᠷᠦ ᠵᠢᠨ ᠤᠷᠢᠲᠠᠯ ᠪᠣᠯᠣᠨ᠎ᠠ ᠃  ᠡᠷᠬᠡᠪᠰᠢ ᠨᠠᠮ᠎ᠳᠤ᠎ᠪᠠᠨ ᠦᠨᠡᠨᠴᠢ᠂  ᠨᠠᠮ᠎ᠤᠨ ᠲᠥᠪ ᠬᠣᠷᠢᠶ᠎ᠠ᠎ᠳᠤ᠎ᠪᠠᠨ ᠰᠢᠳᠤᠷᠭᠤ ᠪᠠᠢ᠌ᠬᠤ ᠬᠤᠪᠢᠰᠬᠠᠯᠲᠤ ᠤᠳᠤᠮᠰᠢᠯ᠎ᠢ ᠤᠯᠠᠮᠵᠢᠯᠠᠨ ᠵᠠᠯᠭ᠋ᠠᠮᠵᠢᠯᠠᠵᠤ ᠂  ᠥᠷᠭᠡᠨ ᠣᠯᠠᠨ ᠨᠠᠮ᠎ᠤᠨ ᠭᠡᠰᠢᠭᠦᠨ ᠂  ᠺᠠᠳ᠋ᠷ ᠂  ᠣᠯᠠᠨ ᠲᠦᠮᠡᠨ᠎ᠢ  ᠬᠦᠮᠦᠵᠢᠭᠦᠯᠵᠤ  ᠬᠥᠲᠥᠯᠥᠨ ᠵᠢᠯᠤᠭᠣᠳᠴᠤ ᠪᠠᠢ᠌ᠭ᠋ᠠᠳ 《ᠬᠣᠶᠠᠷ᠎ᠢ  ᠲᠣᠭᠲᠠᠭ᠋ᠠᠭᠰᠠᠨ 》᠎ᠤ  ᠰᠢᠢ᠍ᠳᠪᠦᠷᠢᠯᠡᠭᠴᠢ  ᠴᠢᠨᠠᠷᠲᠠᠢ  ᠠᠴᠢ ᠬᠣᠯᠪᠣᠭᠳᠠᠯ᠎ᠢ ᠨᠡᠩ ᠭᠦᠨᠵᠡᠭᠡᠢ ᠣᠢ᠌ᠯᠠᠭ᠋ᠠᠭᠤᠯᠵᠤ ᠂  ᠨᠡᠩ ᠤᠬᠠᠮᠰᠠᠷ᠎ᠠᠴᠠ᠎ᠪᠠᠨ 《ᠳᠥᠷᠪᠡᠨ ᠤᠬᠠᠮᠰᠠᠷ》᠎ᠢ ᠴᠢᠩᠭ᠋ᠠᠳᠬᠠᠨ᠂ 《ᠳᠥᠷᠪᠡᠨ ᠢᠲᠡᠭᠡᠯ》 ᠵᠶ᠋ᠡᠨ ᠪᠠᠲᠤᠳᠬᠠᠵᠤ ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ ᠂  ᠰᠢ ᠵᠢᠨ ᠫᠢᠩ  ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶ᠎ᠠ ᠎ᠯᠤᠭ᠎ᠠ  ᠢᠮᠠᠭᠲᠠ ᠳᠡᠭᠡᠳᠦ ᠬᠡᠮᠵᠢᠶ᠎ᠡ᠎ᠪᠠᠷ ᠨᠢᠭᠡᠳᠦᠯᠲᠡᠢ ᠪᠠᠢ᠌ᠵᠤ ᠂  ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠪᠦᠬᠦᠨ᠎ᠢ ᠡᠷᠬᠡᠪᠰᠢ ᠡᠷᠡᠰ ᠰᠢᠭᠤᠷᠬᠠᠢ ᠂  ᠲᠡᠷᠡ ᠶᠣᠰᠣᠭ᠋ᠠᠷ᠎ᠨᠢ ᠬᠡᠷᠡᠭᠵᠢᠭᠦᠯᠬᠦ ᠵᠢᠨ ᠬᠠᠮᠲᠤ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠪᠦᠲᠦᠭᠡᠯᠴᠢ  ᠴᠢᠨᠠᠷᠲᠠᠢ᠎ᠪᠠᠷ  ᠲᠤᠭᠤᠰᠢᠯᠠᠭᠤᠯᠤᠨ  ᠨᠠᠢ᠌ᠳᠠᠪᠤᠷᠢᠵᠢᠭᠤᠯᠵᠤ ᠂  ᠬᠠᠢ᠌ᠨ ᠰᠦᠪᠡᠭᠴᠢᠯᠡᠵᠦ ᠰᠢᠨ᠎ᠡ ᠵᠢ ᠡᠭᠦᠳᠬᠦ ᠳᠤᠮᠳᠠ ᠨᠠᠮ᠎ᠤᠨ ᠦᠨᠳᠦᠰᠦᠲᠡᠨ᠎ᠤ  ᠲᠤᠬᠠᠢ  ᠤᠨᠤᠯ ᠂  ᠦᠨᠳᠦᠰᠦᠲᠡᠨ᠎ᠤ  ᠲᠤᠬᠠᠢ  ᠲᠦᠷᠦ ᠵᠢᠨ ᠪᠣᠳᠣᠯᠭ᠎ᠠ ᠂  ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠦᠢ᠍ᠯᠡᠳᠦᠯᠭᠡ᠎ᠳᠤ ᠨᠡᠩ ᠲᠦᠭᠡᠮᠡᠯ ᠠᠴᠢ ᠬᠣᠯᠪᠣᠭᠳᠠᠯ᠎ᠲᠠᠢ ᠲᠤᠷᠰᠢᠯᠭ᠎ᠠ ᠵᠢ  ᠬᠠᠩᠭ᠋ᠠᠨ᠎ᠠ᠃ 

   ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ  ᠪᠠᠲᠤ ᠴᠣᠭᠴᠠᠯᠠᠬᠤ  ᠲᠠᠯ᠎ᠠ᠎ᠪᠠᠷ ᠵᠢᠱ᠌ᠢᠶᠡᠴᠢ  ᠪᠣᠯᠣᠨ᠎ᠠ᠃  ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ  ᠪᠦᠲᠦᠭᠡᠨ  ᠪᠠᠢ᠌ᠭᠤᠯᠵᠤ ᠂  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ  ᠪᠠᠲᠤ ᠴᠣᠭᠴᠠᠯᠠᠬᠤ  ᠪᠣᠯ ᠡᠯ᠎ᠡ ᠵᠦᠢ᠍ᠯ᠎ᠤᠨ ᠠᠵᠢᠯ᠎ᠤᠨ ᠭᠣᠣᠯ  ᠰᠢᠵᠢᠮ  ᠪᠣᠯᠣᠨ᠎ᠠ ᠃  ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ  ᠨᠠᠭ᠋ᠠᠰᠢ᠂  ᠶᠡᠷᠦᠩᠬᠡᠢ ᠱᠦᠵᠢ ᠰᠢ ᠵᠢᠨ ᠫᠢᠩ  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ  ᠠᠩᠬᠠᠨ᠎ᠤ ᠡᠭᠦᠳᠦᠯᠲᠡ ᠵᠢᠨ ᠴᠢᠨᠠᠷᠲᠠᠢ ᠴᠢᠬᠤᠯᠠ ᠶᠡᠬᠡ ᠨᠤᠲᠠᠯᠠᠯᠲᠠ ᠵᠢ ᠪᠦᠲᠦᠭᠡᠯᠴᠢ᠎ᠪᠠᠷ ᠳᠤᠷᠠᠳᠤᠨ ᠭᠠᠷᠭ᠋ᠠᠭᠰᠠᠨ ᠪᠥᠭᠡᠳ ᠲᠡᠭᠦᠨ᠎ᠢ ᠰᠢᠨ᠎ᠡ ᠴᠠᠭ ᠦᠶ᠎ᠡ᠎ᠳᠠᠬᠢ  ᠨᠠᠮ᠎ᠤᠨ ᠦᠨᠳᠦᠰᠦᠲᠡᠨ᠎ᠤ  ᠲᠤᠬᠠᠢ  ᠠᠵᠢᠯ᠎ᠤᠨ ᠭᠣᠣᠯ  ᠰᠢᠵᠢᠮ  ᠪᠣᠯᠭ᠋ᠠᠨ ᠲᠣᠭᠲᠠᠭ᠋ᠠᠵᠠᠢ ᠃  ᠪᠢᠳᠡ ᠡᠷᠬᠡᠪᠰᠢ ᠶᠡᠷᠦᠩᠬᠡᠢ ᠱᠦᠵᠢ ᠰᠢ ᠵᠢᠨ ᠫᠢᠩ᠎ᠤᠨ  ᠦᠨᠳᠦᠰᠦᠲᠡᠨ᠎ᠤ  ᠲᠤᠬᠠᠢ  ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠴᠢᠬᠤᠯᠠ ᠦᠵᠡᠯ ᠰᠠᠨᠠᠭ᠎ᠠ ᠂  ᠶᠡᠷᠦᠩᠬᠡᠢ ᠱᠦᠵᠢ ᠰᠢ ᠵᠢᠨ ᠫᠢᠩ᠎ᠤᠨ  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ  ᠪᠠᠲᠤ ᠴᠣᠭᠴᠠᠯᠠᠬᠤ  ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠨ  ᠲᠤᠭᠤᠰᠢᠯᠠᠭᠤᠯᠵᠤ᠂  ᠨᠡᠢ᠌ᠲᠡᠯᠢᠭ ᠴᠢᠨᠠᠷ  ᠪᠠ  ᠵᠥᠷᠢᠶᠡᠲᠦ ᠴᠢᠨᠠᠷ ᠂  ᠳᠤᠮᠳᠠᠳᠤ ᠵᠢᠨ  ᠦᠨᠳᠦᠰᠦᠲᠡᠨ᠎ᠤ ᠬᠠᠮᠲᠤ ᠵᠢᠨ  ᠴᠣᠭᠴᠠ ᠵᠢᠨ  ᠤᠬᠠᠮᠰᠠᠷ  ᠪᠠ  ᠦᠨᠳᠦᠰᠦᠲᠡᠨ᠎ᠨᠦᠭᠦᠳ᠎ᠤᠨ  ᠤᠬᠠᠮᠰᠠᠷ ᠂  ᠳᠤᠮᠳᠠᠳᠤ ᠵᠢᠨ  ᠰᠣᠶᠣᠯ  ᠪᠠ  ᠦᠨᠳᠦᠰᠦᠲᠡᠨ᠎ᠨᠦᠭᠦᠳ᠎ᠤᠨ  ᠰᠣᠶᠣᠯ ᠂  ᠪᠣᠳᠠᠰ᠎ᠤᠨ ᠪᠠ  ᠣᠶᠤᠨ᠎ᠤ ᠬᠠᠷᠢᠴᠠᠭ᠎ᠠ ᠵᠢ  ᠵᠥᠪ  ᠡᠵᠡᠮᠰᠢᠨ᠂  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ  ᠪᠠᠲᠤ ᠴᠣᠭᠴᠠᠯᠠᠬᠤ ᠵᠢ ᠡᠯ᠎ᠡ ᠵᠦᠢ᠍ᠯ᠎ᠤᠨ ᠠᠵᠢᠯ᠎ᠤᠨ ᠳᠤᠮᠳᠠ᠎ᠪᠠᠨ  ᠲᠤᠭᠤᠰᠢᠯᠠᠭᠤᠯᠵᠤ᠂  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢ  ᠪᠠᠲᠤ ᠴᠣᠭᠴᠠᠯᠠᠬᠤ  ᠤᠨᠤᠯ᠎ᠤᠨ ᠰᠤᠳᠤᠯᠭ᠋ᠠᠨ ᠪᠠ ᠤᠬᠠᠭᠤᠯᠭ᠎ᠠ ᠬᠥᠮᠦᠵᠢᠯ᠎ᠢ ᠭᠦᠨᠵᠡᠭᠡᠢ᠌ᠷᠡᠭᠦᠯᠦᠨ ᠂  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠤ ᠪᠠᠢ᠌ᠭᠤᠯᠤᠯᠲᠠ ᠵᠢ ᠠᠬᠢᠭᠤᠯᠵᠤ ᠂  ᠦᠨᠳᠦᠰᠦᠲᠡᠨ᠎ᠨᠦᠭᠦᠳ᠎ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ ᠲᠦᠯᠬᠢᠨ ᠠᠬᠢᠭᠤᠯᠵᠤ᠂  ᠡᠯ᠎ᠡ ᠵᠦᠢ᠍ᠯ᠎ᠤᠨ ᠠᠵᠢᠯ ᠵᠶ᠋ᠠᠨ  ᠬᠡᠯᠪᠡᠷᠢ᠎ᠲᠠᠢ ᠰᠡᠳᠬᠢᠯᠭᠡ᠎ᠲᠠᠢ ᠪᠦᠲᠦᠮᠵᠢᠲᠡᠢ᠎ᠪᠠᠷ᠂  ᠤᠷᠳᠤ ᠬᠤᠭᠤᠴᠠᠭ᠎ᠠ᠎ᠪᠠᠷ ᠴᠢᠷᠮᠠᠢ᠌ᠨ ᠰᠠᠢ᠌ᠲᠤᠷ ᠬᠢᠵᠦ ᠂  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠭᠰᠠᠨ ᠵᠢᠱ᠌ᠢᠶᠡᠴᠢ  ᠣᠷᠣᠨ᠎ᠢ ᠪᠦᠬᠦ ᠲᠠᠯ᠎ᠠ᠎ᠪᠠᠷ  ᠡᠭᠦᠳᠦᠨ ᠪᠠᠢ᠌ᠭᠤᠯᠤᠨ᠎ᠠ᠃ 

   ᠦᠨᠳᠦᠰᠦᠲᠡᠨ᠎ᠤ ᠭᠠᠵᠠᠷ ᠣᠷᠣᠨ᠎ᠳᠤ ᠳᠤᠮᠳᠠᠳᠤ ᠤᠯᠤᠰ᠎ᠤᠨ ᠮᠠᠶᠢᠭ᠎ᠤᠨ  ᠣᠳᠣᠬᠢᠴᠢᠯᠠᠯᠲᠠ ᠵᠢᠨ  ᠪᠦᠲᠦᠭᠡᠨ ᠪᠠᠢ᠌ᠭᠤᠯᠤᠯᠲᠠ ᠵᠢ ᠠᠬᠢᠭᠤᠯᠬᠤ  ᠲᠠᠯ᠎ᠠ᠎ᠪᠠᠷ  ᠵᠢᠱ᠌ᠢᠶᠡᠴᠢ  ᠪᠣᠯᠣᠨ᠎ᠠ᠃  ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠵᠤ ᠂  ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠪᠣᠯ  ᠪᠢᠳᠡᠨ᠎ᠤ ᠭᠣᠣᠯ ᠡᠭᠦᠷᠭᠡ ᠪᠣᠯᠣᠨ᠎ᠠ ᠃  ᠥᠪᠥᠷ ᠮᠣᠩᠭᠣᠯ᠎ᠤᠨ ᠠᠵᠢᠯ᠎ᠢ ᠤᠬᠠᠮᠰᠠᠷ᠎ᠠᠴᠠ᠎ᠪᠠᠨ ᠨᠠᠮ  ᠪᠠ  ᠤᠯᠤᠰ᠎ᠤᠨ ᠠᠵᠢᠯ᠎ᠤᠨ ᠶᠡᠬᠡ ᠲᠠᠯ᠎ᠠ᠎ᠳᠤ ᠲᠠᠯᠪᠢᠵᠤ  ᠲᠤᠩᠭ᠋ᠠᠨ  ᠪᠣᠳᠣᠯᠬᠢᠯᠠᠬᠤ ᠪᠠ  ᠤᠬᠠᠭ᠋ᠠᠯᠠᠨ ᠲᠦᠯᠦᠪᠯᠡᠵᠦ᠂  ᠭᠠᠵᠠᠷ ᠣᠷᠣᠨ᠎ᠤ  ᠬᠠᠷᠢᠴᠠᠭᠤᠯᠤᠭᠰᠠᠨ  ᠳᠠᠪᠠᠭᠤᠯᠢᠭ ᠵᠶ᠋ᠠᠨ  ᠪᠠᠳᠠᠷᠠᠭᠤᠯᠬᠤ ᠵᠢ  ᠤᠯᠤᠰ᠎ᠤᠨ ᠬᠥᠭᠵᠢᠯᠲᠡ ᠵᠢᠨ ᠶᠡᠬᠡ ᠲᠠᠯ᠎ᠠ᠎ᠳᠤ ᠦᠢ᠍ᠯᠡᠴᠢᠯᠡᠨ ᠪᠠᠲᠤᠯᠠᠬᠤ᠎ᠯᠤᠭ᠎ᠠ  ᠨᠢᠭᠲᠠ ᠤᠶᠠᠯᠳᠤᠭᠤᠯᠵᠤ ᠂  ᠶᠡᠷᠦᠩᠬᠡᠢ ᠱᠦᠵᠢ ᠰᠢ ᠵᠢᠨ ᠫᠢᠩ᠎ᠤᠨ  ᠥᠪᠥᠷ ᠮᠣᠩᠭᠣᠯ᠎ᠳᠤ ᠱᠠᠭ᠋ᠠᠷᠳᠠᠭᠰᠠᠨ 《ᠰᠢᠨ᠎ᠡ ᠵᠠᠮ ᠨᠡᠭᠡᠭᠡᠬᠦ》 ᠪᠠᠢ᠌ᠯᠳᠤᠬᠤ ᠪᠣᠳᠣᠯᠭ᠎ᠠ ᠵᠢᠨ ᠬᠠᠷᠠᠯᠲᠠ ᠵᠢ ᠪᠠᠲᠤ ᠡᠵᠡᠮᠰᠢᠵᠦ ᠂  ᠴᠢᠨᠠᠷ ᠰᠠᠢ᠌ᠲᠠᠢ ᠬᠥᠭᠵᠢᠯᠲᠡ ᠵᠢ ᠬᠢᠵᠠᠭ᠋ᠠᠷᠯᠠᠵᠤ ᠪᠠᠢ᠌ᠭ᠎ᠠ  ᠲᠦᠭᠵᠢᠷᠡᠯ  ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ ᠂  ᠠᠵᠤ ᠠᠬᠤᠢ ᠵᠢᠨ ᠪᠠᠢ᠌ᠷᠢᠰᠢᠯ᠎ᠢ  ᠰᠢᠯᠢᠳᠡᠭᠵᠢᠭᠦᠯᠦᠨ᠂  ᠡᠬᠢ ᠪᠠᠶᠠᠯᠢᠭ  ᠠᠷᠪᠢᠯᠠᠬᠤ ᠵᠢ ᠴᠢᠩᠭ᠋ᠠᠳᠬᠠᠵᠤ ᠂  ᠬᠡᠷᠡᠭᠯᠡᠭᠡ ᠂  ᠪᠠᠷᠠᠭ᠋ᠠᠨ᠎ᠤ ᠭᠦᠢ᠍ᠯᠭᠡᠭᠡ ᠂  ᠤᠯᠤᠰ᠎ᠤᠨ  ᠦᠮᠴᠢᠯᠡᠯᠲᠦ  ᠠᠵᠤ ᠠᠬᠤᠢ᠌ᠯᠠᠯ᠎ᠤᠨ ᠲᠠᠯ᠎ᠠ᠎ᠪᠠᠷ᠎ᠬᠢ  ᠳᠤᠲᠠᠭᠤᠳᠠᠯ ᠵᠶ᠋ᠠᠨ  ᠨᠥᠬᠥᠪᠦᠷᠢᠯᠡᠵᠦ ᠂  ᠰᠢᠨ᠎ᠡ ᠡᠨᠧᠷᠭᠢ ᠵᠢᠨ ᠠᠵᠤ ᠦᠢ᠍ᠯᠡᠰ ᠂  ᠬᠣᠪᠣᠷ  ᠰᠢᠷᠤᠢ ᠪᠠ  ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠠᠵᠤ ᠦᠢ᠍ᠯᠡᠰ ᠂  ᠲᠠᠷᠢᠶᠠᠯᠠᠩ ᠮᠠᠯ ᠠᠵᠤ ᠠᠬᠤᠢ ᠵᠡᠷᠭᠡ ᠵᠢᠨ  ᠳᠠᠪᠠᠭᠤᠯᠢᠭ ᠵᠶ᠋ᠠᠨ ᠤᠷᠲᠤᠳᠬᠠᠨ᠂  ᠠᠮᠤᠷ ᠲᠦᠪᠰᠢᠨ᠎ᠤ  ᠬᠢᠷᠢ  ᠲᠦᠪᠰᠢᠨ ᠵᠶ᠋ᠠᠨ  ᠳᠡᠭᠡᠭᠰᠢᠯᠡᠭᠦᠯᠵᠦ ᠂  ᠶᠡᠷᠦᠩᠬᠡᠢ ᠱᠦᠵᠢ ᠰᠢ ᠵᠢᠨ ᠫᠢᠩ᠎ᠤᠨ  ᠥᠪᠥᠷ ᠮᠣᠩᠭᠣᠯ᠎ᠳᠤ ᠲᠤᠰᠢᠶᠠᠭᠰᠠᠨ 《ᠲᠠᠪᠤᠨ ᠶᠡᠬᠡ ᠡᠭᠦᠷᠭᠡ》 ᠵᠢ  ᠨᠠᠢ᠌ᠳᠠᠪᠤᠷᠢᠵᠢᠭᠤᠯᠤᠨ᠂  ᠤᠯᠤᠰ᠎ᠤᠨ ᠠᠮᠢ ᠠᠬᠤᠢ ᠵᠢᠨ ᠠᠮᠤᠷ ᠲᠦᠪᠰᠢᠨ ᠂  ᠡᠨᠧᠷᠭᠢ ᠵᠢᠨ ᠠᠮᠤᠷ ᠲᠦᠪᠰᠢᠨ ᠂  ᠠᠮᠤ ᠪᠤᠳᠠᠭ᠋ᠠᠨ᠎ᠤ ᠠᠮᠤᠷ ᠲᠦᠪᠰᠢᠨ ᠂  ᠠᠵᠤ ᠦᠢ᠍ᠯᠡᠰ᠎ᠤᠨ ᠠᠮᠤᠷ ᠲᠦᠪᠰᠢᠨ ᠂  ᠬᠢᠯᠢ ᠬᠢᠵᠠᠭ᠋ᠠᠷ᠎ᠤᠨ ᠠᠮᠤᠷ ᠲᠦᠪᠰᠢᠨ᠎ᠢ ᠬᠠᠮᠠᠭ᠋ᠠᠯᠠᠬᠤ᠎ᠳᠤ ᠢᠯᠡᠭᠦᠬᠡᠨ ᠬᠤᠪᠢ ᠨᠡᠮᠡᠷᠢ ᠦᠵᠡᠭᠦᠯᠵᠦ ᠂  ᠪᠠᠷᠠᠭᠤᠨ ᠬᠡᠰᠡᠭ᠎ᠤᠨ ᠭᠠᠵᠠᠷ ᠣᠷᠣᠨ᠎ᠢ  ᠶᠡᠬᠡ᠎ᠪᠠᠷ  ᠨᠡᠭᠡᠭᠡᠨ ᠬᠥᠭᠵᠢᠭᠦᠯᠬᠦ ᠂  ᠵᠡᠭᠦᠨ ᠬᠣᠢ᠌ᠲᠤ ᠣᠷᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠂  ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢ ᠬᠠᠮᠠᠭ᠋ᠠᠯᠠᠬᠤ ᠪᠠ ᠴᠢᠨᠠᠷ ᠰᠠᠢ᠌ᠲᠠᠢ ᠬᠥᠭᠵᠢᠭᠦᠯᠬᠦ ᠂  ᠦᠨᠳᠦᠰᠦᠲᠡᠨ᠎ᠤ ᠭᠠᠵᠠᠷ ᠣᠷᠣᠨ᠎ᠤ ᠬᠥᠭᠵᠢᠯᠲᠡ᠎ᠪᠠᠨ ᠲᠦᠷᠭᠡᠳᠬᠡᠬᠦ ᠵᠢ ᠳᠡᠮᠵᠢᠬᠦ ᠂  ᠬᠢᠯᠢ ᠬᠢᠵᠠᠭ᠋ᠠᠷ ᠣᠷᠣᠨ᠎ᠤ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠬᠤ ᠵᠡᠷᠭᠡ ᠴᠢᠬᠤᠯᠠ ᠶᠡᠬᠡ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠬᠦ  ᠲᠠᠯ᠎ᠠ᠎ᠪᠠᠷ  ᠨᠡᠩ ᠶᠡᠬᠡ ᠦᠢ᠍ᠯᠡᠳᠦᠯ ᠪᠠᠳᠠᠷᠠᠭᠤᠯᠤᠨ᠎ᠠ ᠃ 

   ᠬᠢᠯᠢ ᠬᠢᠵᠠᠭ᠋ᠠᠷ᠎ᠤᠨ ᠦᠨᠳᠦᠰᠦᠲᠡᠨ᠎ᠤ ᠭᠠᠵᠠᠷ ᠣᠷᠣᠨ᠎ᠤ  ᠬᠠᠮᠲᠤ᠎ᠪᠠᠷ ᠴᠢᠨᠡᠭᠡᠯᠢᠭᠵᠢᠬᠦ ᠵᠠᠮ᠎ᠳᠤ  ᠵᠢᠱ᠌ᠢᠶᠡᠴᠢ  ᠪᠣᠯᠣᠨ᠎ᠠ᠃  ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠵᠤ ᠂ ᠬᠠᠮᠲᠤ᠎ᠪᠠᠷ  ᠴᠢᠨᠡᠭᠡᠯᠢᠭᠵᠢᠬᠦ ᠪᠣᠯ ᠪᠢᠳᠡᠨ᠎ᠤ ᠭᠤᠢ᠌ᠪᠢᠰᠢ ᠦᠭᠡᠢ  ᠪᠠᠷᠢᠮᠲᠠᠯᠠᠬᠤ  ᠬᠥᠭᠵᠢᠯᠲᠡ ᠵᠢᠨ ᠬᠠᠷᠠᠯᠲᠠ ᠪᠣᠯᠣᠨ᠎ᠠ ᠃  ᠠᠷᠠᠳ ᠲᠦᠮᠡᠨ ᠵᠶ᠋ᠡᠷ ᠭᠣᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠭᠦᠨᠵᠡᠭᠡᠢ ᠦᠢ᠍ᠯᠡᠳᠦᠯᠭᠡᠵᠢᠭᠦᠯᠵᠦ ᠂  ᠬᠥᠭᠵᠢᠯᠲᠡ ᠵᠢᠨ ᠳᠤᠮᠳᠠ ᠠᠷᠠᠳ᠎ᠤᠨ ᠠᠮᠢᠳᠤᠷᠠᠯ᠎ᠢ ᠪᠠᠲᠤᠯᠠᠨ ᠰᠠᠢ᠌ᠵᠢᠷᠠᠭᠤᠯᠬᠤ᠎ᠪᠠᠨ  ᠪᠠᠷᠢᠮᠲᠠᠯᠠᠵᠤ ᠂  ᠰᠤᠷᠭ᠋ᠠᠨ ᠬᠥᠮᠦᠵᠢᠯ ᠂ ᠡᠮᠴᠢᠯᠡᠭᠡ᠂  ᠨᠠᠰᠤᠵᠢᠯ᠎ᠤᠨ ᠠᠰᠠᠷᠠᠮᠵᠢ ᠂  ᠣᠷᠣᠯᠭ᠎ᠠ ᠵᠢᠨ  ᠬᠤᠪᠢᠶᠠᠷᠢᠯᠠᠯ  ᠵᠡᠷᠭᠡ ᠭᠣᠣᠯᠳᠠᠯᠭ᠎ᠠ᠎ᠳᠤ ᠠᠩᠬᠠᠷᠤᠯ ᠵᠶ᠋ᠠᠨ  ᠲᠥᠪᠯᠡᠷᠡᠭᠦᠯᠦᠨ᠂  ᠤᠯᠠᠨ ᠲᠦᠮᠡᠨ᠎ᠤ  ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ  ᠪᠠᠢ᠌ᠭ᠎ᠠ  ᠠᠰᠠᠭᠤᠳᠠᠯ᠎ᠢ ᠰᠠᠢ᠌ᠲᠤᠷ ᠰᠢᠢ᠍ᠳᠪᠦᠷᠢᠯᠡᠵᠦ ᠂  ᠠᠷᠠᠳ᠎ᠤᠨ ᠠᠮᠢᠳᠤᠷᠠᠯ᠎ᠤᠨ ᠳᠤᠲᠠᠭᠤᠳᠠᠯ᠎ᠢ  ᠨᠦᠬᠦᠪᠦᠷᠢᠯᠡᠨ᠂  ᠠᠷᠠᠳ᠎ᠤᠨ ᠠᠮᠢᠳᠤᠷᠠᠯ᠎ᠤᠨ ᠪᠤᠶᠠᠨ ᠵᠢᠷᠭ᠋ᠠᠯ᠎ᠢ ᠨᠡᠮᠡᠭᠳᠡᠭᠦᠯᠵᠦ ᠂  ᠴᠢᠨᠠᠷ ᠰᠠᠢ᠌ᠲᠠᠢ ᠬᠥᠭᠵᠢᠯᠲᠡ ᠵᠢᠨ ᠦᠷ᠎ᠡ ᠪᠦᠲᠦᠭᠡᠯ᠎ᠢ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠴᠢᠨᠠᠷ  ᠴᠢᠨᠰᠠᠭ᠎ᠠ᠎ᠲᠠᠢ  ᠠᠮᠢᠳᠤᠷᠠᠯ  ᠲᠡᠢ᠌ᠰᠢ  ᠲᠠᠰᠤᠷᠠᠯᠲᠠ ᠦᠭᠡᠢ  ᠤᠯᠠᠷᠢᠭᠤᠯᠵᠤ᠂  ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠳᠤ ᠬᠠᠮᠲᠤ᠎ᠪᠠᠷ ᠴᠢᠨᠡᠭᠡᠯᠢᠭᠵᠢᠬᠦ ᠵᠢ ᠠᠬᠢᠭᠤᠯᠬᠤ  ᠠᠵᠢᠯ ᠶᠠᠭ  ᠳᠡᠷᠭᠡᠳᠡ᠎ᠨᠢ  ᠶᠠᠪᠤᠭᠳᠠᠵᠤ  ᠪᠠᠢ᠌ᠬᠤ ᠵᠢ ᠦᠨᠡᠨ ᠬᠦ᠌  ᠮᠡᠳᠡᠷᠡᠭᠦᠯᠦᠨ᠎ᠡ᠃ 

   ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ  ᠬᠢᠯᠢ ᠬᠢᠵᠠᠭ᠋ᠠᠷ ᠣᠷᠣᠨ᠎ᠢ ᠲᠣᠭᠲᠠᠪᠤᠷᠢᠵᠢᠭᠤᠯᠵᠤ ᠬᠢᠯᠢ ᠬᠢᠵᠠᠭ᠋ᠠᠷ ᠣᠷᠣᠨ᠎ᠢ ᠪᠡᠬᠢᠵᠢᠭᠦᠯᠬᠦ  ᠲᠠᠯ᠎ᠠ᠎ᠪᠠᠷ  ᠵᠢᠱ᠌ᠢᠶᠡᠴᠢ  ᠪᠣᠯᠣᠨ᠎ᠠ᠃  ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠵᠤ ᠂  ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠬᠢᠯᠢ ᠬᠢᠵᠠᠭ᠋ᠠᠷ ᠣᠷᠣᠨ᠎ᠢ ᠲᠣᠭᠲᠠᠪᠤᠷᠢᠵᠢᠭᠤᠯᠵᠤ ᠬᠢᠯᠢ ᠬᠢᠵᠠᠭ᠋ᠠᠷ ᠣᠷᠣᠨ᠎ᠢ ᠪᠡᠬᠢᠵᠢᠭᠦᠯᠬᠦ ᠪᠣᠯ ᠥᠪᠥᠷ ᠮᠣᠩᠭᠣᠯ᠎ᠤᠨ ᠵᠠᠢ᠌ᠯᠠᠭᠤᠯᠵᠤ ᠪᠣᠯᠣᠰᠢ ᠦᠭᠡᠢ ᠤᠯᠤᠰ ᠲᠦᠷᠦ ᠵᠢᠨ ᠬᠠᠷᠢᠭᠤᠴᠠᠯᠭ᠎ᠠ  ᠪᠣᠯᠣᠨ᠎ᠠ᠃  ᠤᠯᠤᠰ᠎ᠤᠨ ᠠᠮᠤᠷ ᠲᠦᠪᠰᠢᠨ ᠎ᠨᠢ  ᠤᠯᠤᠰ᠎ᠢ  ᠠᠮᠤᠷᠵᠢᠭᠤᠯᠵᠤ ᠲᠥᠷᠥ ᠵᠢ  ᠲᠥᠪᠰᠢᠷᠡᠭᠦᠯᠬᠦ ᠵᠢᠨ ᠴᠢᠬᠤᠯᠠ ᠰᠠᠭᠤᠷᠢ ᠮᠥᠨ ᠃  ᠤᠯᠤᠰ᠎ᠤᠨ ᠠᠮᠤᠷ ᠲᠦᠪᠰᠢᠨ᠎ᠢ ᠬᠠᠮᠠᠭ᠋ᠠᠯᠠᠬᠤ ᠪᠣᠯ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠦᠨᠳᠦᠰᠦᠨ ᠠᠰᠢᠭ ᠲᠤᠰᠠ  ᠪᠣᠯᠣᠨ᠎ᠠ᠃  ᠥᠪᠥᠷ ᠮᠣᠩᠭᠣᠯ᠎ᠤᠨ ᠦᠨᠳᠦᠰᠦᠲᠡᠨ᠎ᠤ ᠠᠰᠠᠭᠤᠳᠠᠯ ᠂  ᠬᠢᠯᠢ ᠬᠢᠵᠠᠭ᠋ᠠᠷ᠎ᠤᠨ ᠠᠰᠠᠭᠤᠳᠠᠯ ᠂  ᠬᠥᠭᠵᠢᠯᠲᠡ ᠵᠢᠨ ᠠᠰᠠᠭᠤᠳᠠᠯ ᠬᠠᠷᠢᠯᠴᠠᠨ ᠰᠣᠯᠪᠢᠴᠠᠵᠤ ᠂  ᠪᠦᠬᠦ ᠤᠯᠤᠰ᠎ᠤᠨ ᠨᠡᠢ᠌ᠲᠡᠯᠢᠭ ᠴᠢᠨᠠᠷᠲᠠᠢ ᠠᠰᠠᠭᠤᠳᠠᠯ  ᠪᠠ  ᠣᠷᠣᠨ ᠪᠦᠰᠡ ᠵᠢᠨ ᠣᠨᠴᠠᠭ᠋ᠠᠢ ᠠᠰᠠᠭᠤᠳᠠᠯ ᠬᠠᠷᠢᠯᠴᠠᠨ ᠳᠠᠪᠬᠤᠴᠠᠵᠤ ᠂  ᠳᠣᠲᠣᠭ᠋ᠠᠳᠤ ᠵᠢᠨ ᠠᠰᠠᠭᠤᠳᠠᠯ  ᠪᠠ  ᠭᠠᠳᠠᠭ᠋ᠠᠳᠤ ᠵᠢᠨ ᠬᠠᠷᠰᠢᠯᠠᠯ ᠬᠠᠷᠢᠯᠴᠠᠨ ᠬᠡᠯᠪᠡᠯᠵᠡᠵᠦ ᠪᠠᠢ᠌ᠭ᠎ᠠ ᠤᠴᠢᠷ᠎ᠠᠴᠠ ᠡᠷᠬᠡᠪᠰᠢ ᠪᠤᠳᠤᠯᠢᠶᠠᠨᠲᠠᠢ ᠵᠥᠷᠢᠴᠡᠯ᠎ᠢ ᠰᠠᠢ᠌ᠲᠤᠷ  ᠰᠢᠢ᠍ᠳᠪᠦᠷᠢᠯᠡᠨ᠂  ᠬᠥᠭᠵᠢᠯᠲᠡ᠎ᠪᠠᠷ ᠠᠮᠤᠷ ᠲᠦᠪᠰᠢᠨ᠎ᠢ ᠠᠬᠢᠭᠤᠯᠵᠤ ᠂  ᠠᠮᠤᠷ ᠲᠦᠪᠰᠢᠨ ᠵᠶ᠋ᠡᠷ ᠬᠥᠭᠵᠢᠯᠲᠡ ᠵᠢ ᠪᠠᠲᠤᠯᠠᠵᠤ ᠂  ᠰᠢᠨ᠎ᠡ ᠠᠮᠤᠷ ᠲᠦᠪᠰᠢᠨ ᠲᠣᠭᠲᠠᠭᠤᠨ᠎ᠤ ᠪᠠᠢ᠌ᠷᠢᠰᠢᠯ ᠵᠶ᠋ᠠᠷ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ  ᠪᠠᠲᠤᠯᠠᠨ᠂ ᠡᠯ᠎ᠡ ᠦᠨᠳᠦᠰᠦᠲᠡᠨ᠎ᠤ  ᠥᠪᠡᠷᠲᠡᠭᠡᠨ ᠵᠠᠰᠠᠬᠤ ᠣᠷᠣᠨ᠎ᠳᠤ ᠦᠯᠢᠭᠡᠷ ᠵᠢᠱ᠌ᠢᠶ᠎ᠡ  ᠬᠠᠩᠭ᠋ᠠᠨ᠎ᠠ᠃  ᠤᠯᠤᠰ᠎ᠤᠨ ᠶᠡᠷᠦᠩᠬᠡᠢ ᠴᠣᠭᠴᠠ ᠵᠢᠨ ᠠᠮᠤᠷ ᠲᠦᠪᠰᠢᠨ᠎ᠤ ᠦᠵᠡᠯᠲᠡ ᠵᠢ ᠡᠷᠡᠰ ᠭᠤᠢ᠌ᠪᠢᠰᠢ ᠦᠭᠡᠢ  ᠲᠤᠭᠤᠰᠢᠯᠠᠭᠤᠯᠵᠤ᠂  ᠤᠯᠤᠰ᠎ᠤᠨ ᠠᠮᠤᠷ ᠲᠦᠪᠰᠢᠨ᠎ᠤ  ᠲᠣᠭᠲᠠᠯᠴᠠᠭ᠎ᠠ  ᠪᠠ ᠴᠢᠳᠠᠪᠤᠷᠢ ᠵᠢᠨ ᠣᠳᠣᠬᠢᠴᠢᠯᠠᠯᠲᠠ ᠵᠢ ᠲᠦᠷᠭᠡᠳᠬᠡᠨ ᠠᠬᠢᠭᠤᠯᠵᠤ ᠂  ᠬᠢᠯᠢ ᠬᠢᠵᠠᠭ᠋ᠠᠷ  ᠣᠷᠣᠨ᠎ᠢ ᠬᠦᠴᠦᠷᠬᠡᠭᠵᠢᠭᠦᠯᠬᠦ ᠂  ᠬᠢᠯᠢ ᠬᠢᠵᠠᠭ᠋ᠠᠷ  ᠣᠷᠣᠨ᠎ᠢ ᠠᠮᠤᠷᠵᠢᠭᠤᠯᠬᠤ ᠂  ᠬᠢᠯᠢ ᠬᠢᠵᠠᠭ᠋ᠠᠷ  ᠣᠷᠣᠨ᠎ᠢ ᠪᠡᠬᠢᠵᠢᠭᠦᠯᠬᠦ ᠂  ᠬᠢᠯᠢ ᠬᠢᠵᠠᠭ᠋ᠠᠷ  ᠣᠷᠣᠨ᠎ᠢ ᠪᠠᠶᠠᠵᠢᠭᠤᠯᠬᠤ ᠂  ᠬᠢᠯᠢ ᠬᠢᠵᠠᠭ᠋ᠠᠷ  ᠣᠷᠣᠨ᠎ᠢ ᠡᠶ᠎ᠡ ᠨᠠᠢ᠌ᠷᠲᠠᠢ  ᠪᠣᠯᠭ᠋ᠠᠨ  ᠨᠢᠭᠡ ᠴᠣᠭᠴᠠᠵᠢᠭᠤᠯᠤᠨ ᠠᠬᠢᠭᠤᠯᠬᠤ ᠵᠢ  ᠪᠠᠷᠢᠮᠲᠠᠯᠠᠨ ᠂  ᠬᠢᠯᠢ ᠬᠢᠵᠠᠭ᠋ᠠᠷ ᠣᠷᠣᠨ᠎ᠤ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠵᠤ ᠂  ᠦᠨᠳᠦᠰᠦᠨ ᠱᠠᠲᠤᠨ᠎ᠤ ᠵᠠᠰᠠᠯᠲᠠ ᠵᠢᠨ  ᠲᠣᠭᠲᠠᠯᠴᠠᠭ᠎ᠠ  ᠪᠠ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢᠨ ᠬᠢᠷᠢ  ᠲᠦᠪᠰᠢᠨ᠎ᠢ  ᠬᠦᠴᠦᠯᠡᠨ ᠳᠡᠭᠡᠭᠰᠢᠯᠡᠭᠦᠯᠵᠦ ᠂  ᠬᠢᠯᠢ ᠬᠢᠵᠠᠭ᠋ᠠᠷ  ᠣᠷᠣᠨ᠎ᠤ ᠴᠡᠴᠡᠭᠯᠡᠯ ᠬᠥᠭᠵᠢᠯ᠂  ᠬᠢᠯᠢ ᠵᠢᠨ ᠠᠷᠠᠳ᠎ᠤᠨ ᠪᠦᠯᠬᠦᠮᠳᠡᠯ ᠵᠢᠷᠭ᠋ᠠᠯ ᠂  ᠬᠢᠯᠢ ᠵᠢᠨ ᠬᠠᠮᠠᠭ᠋ᠠᠯᠠᠯᠲᠠ ᠵᠢᠨ ᠠᠮᠤᠷ ᠲᠣᠭᠲᠠᠭᠤᠨ᠎ᠢ  ᠠᠬᠢᠭᠤᠯᠤᠨ ᠂  ᠡᠬᠡ ᠤᠯᠤᠰ᠎ᠤᠨ 《ᠤᠮᠠᠷᠠᠲᠤ ᠵᠢᠨ ᠬᠠᠭ᠋ᠠᠯᠭ᠎ᠠ 》 ᠂  ᠨᠡᠢ᠌ᠰᠯᠡᠯ᠎ᠤᠨ 《  ᠬᠠᠮᠠᠭ᠋ᠠᠯᠠᠯᠲᠠ ᠵᠢᠨ  ᠭᠣᠣᠯ》᠎ᠢ ᠡᠷᠡᠰ  ᠰᠠᠢ᠌ᠲᠤᠷ  ᠰᠠᠬᠢᠨ᠎ᠠ ᠃ 


2.jpg


   ᠮᠠᠯᠴᠢᠳ ᠪᠣᠯᠣᠨ ᠬᠢᠯᠢ ᠵᠢᠨ ᠬᠠᠮᠠᠭ᠋ᠠᠯᠠᠯᠲᠠ ᠵᠢᠨ ᠪᠠᠢ᠌ᠯᠳᠤᠭᠴᠢᠳ ᠬᠠᠮᠲᠤᠷᠠᠨ ᠬᠢᠯᠢ ᠬᠢᠵᠠᠭ᠋ᠠᠷ᠎ᠢ  ᠴᠠᠭᠳᠠᠨ ᠬᠠᠮᠠᠭ᠋ᠠᠯᠠᠵᠤ ᠪᠠᠢ᠌ᠭ᠎ᠠ᠎ᠨᠢ


   ᠬᠢᠯᠢ ᠬᠢᠵᠠᠭ᠋ᠠᠷ ᠣᠷᠣᠨ᠎ᠳᠤ  ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠣᠣᠰ ᠣᠷᠴᠢᠯ᠎ᠢ ᠬᠣᠯᠪᠣᠨ ᠨᠡᠪᠲᠡᠷᠡᠭᠦᠯᠬᠦ  ᠲᠠᠯ᠎ᠠ᠎ᠪᠠᠷ ᠵᠢᠱ᠌ᠢᠶᠡᠴᠢ  ᠪᠣᠯᠣᠨ᠎ᠠ᠃  ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠵᠤ ᠂  ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠣᠣᠰ ᠣᠷᠴᠢᠯ᠎ᠢ  ᠬᠣᠯᠪᠣᠨ  ᠨᠡᠪᠲᠡᠷᠡᠭᠦᠯᠬᠦ ᠪᠣᠯ ᠥᠪᠥᠷ ᠮᠣᠩᠭᠣᠯ᠎ᠤᠨ ᠰᠢᠨ᠎ᠡ ᠬᠥᠭᠵᠢᠯᠲᠡ ᠵᠢᠨ ᠪᠠᠢ᠌ᠷᠢᠰᠢᠯ᠎ᠳᠤ ᠦᠢ᠍ᠯᠡᠴᠢᠯᠡᠬᠦ ᠪᠠ ᠠᠭᠤᠰᠤᠯᠴᠠᠬᠤ ᠂  ᠬᠥᠭᠵᠢᠯᠲᠡ ᠵᠢᠨ ᠰᠢᠨ᠎ᠡ ᠣᠷᠣᠨ ᠵᠠᠢ ᠵᠢ ᠥᠷᠭᠡᠳᠬᠡᠬᠦ ᠵᠢᠨ ᠵᠠᠢ᠌ᠯᠠᠰᠢ ᠦᠭᠡᠢ ᠱᠠᠭ᠋ᠠᠷᠳᠠᠯᠭ᠎ᠠ ᠪᠣᠯᠣᠨ᠎ᠠ ᠃  ᠨᠡᠭᠡᠭᠡᠯᠲᠡ  ᠬᠢᠬᠦ ᠵᠢ ᠪᠦᠬᠦ ᠲᠠᠯ᠎ᠠ᠎ᠪᠠᠷ ᠥᠷᠭᠡᠳᠬᠡᠬᠦ ᠎ᠨᠢ  ᠮᠠᠨ᠎ᠤ ᠤᠯᠤᠰ᠎ᠤᠨ ᠠᠵᠤ ᠠᠬᠤᠢ ᠵᠢᠨ ᠬᠥᠭᠵᠢᠯᠲᠡ ᠵᠢᠨ ᠴᠢᠬᠤᠯᠠ ᠡᠷᠳᠡᠨᠢ ᠮᠥᠨ ᠃  ᠦᠵᠡᠯ ᠰᠠᠨᠠᠭ᠋ᠠᠨ᠎ᠤ ᠶᠡᠬᠡ ᠴᠢᠯᠦᠭᠡᠯᠡᠯᠲᠡ ᠪᠠ ᠦᠵᠡᠯᠲᠡ ᠵᠢᠨ ᠶᠡᠬᠡ ᠰᠢᠨᠡᠴᠢᠯᠡᠯᠲᠡ ᠵᠢ ᠠᠬᠢᠭᠤᠯᠵᠤ ᠂ ᠡᠵᠡᠩᠨᠡᠨ ᠬᠤᠳᠠᠯᠳᠤᠭ᠋ᠠᠯᠠᠬᠤ  ᠣᠷᠴᠢᠨ  ᠨᠦᠬᠦᠴᠡᠯ᠎ᠢ ᠪᠦᠬᠦ ᠲᠠᠯ᠎ᠠ᠎ᠪᠠᠷ ᠰᠢᠯᠢᠳᠡᠭᠵᠢᠭᠦᠯᠦᠨ᠂  ᠤᠯᠤᠰ᠎ᠤᠨ ᠭᠠᠳᠠᠭ᠋ᠠᠳᠤ ᠨᠡᠭᠡᠭᠡᠯᠲᠡ  ᠬᠢᠬᠦ  ᠪᠠᠢ᠌ᠯᠳᠤᠬᠤ ᠪᠣᠳᠣᠯᠭ᠎ᠠ᠎ᠳᠤ ᠰᠠᠨᠠᠭ᠋ᠠᠴᠢᠯᠠᠭ᠎ᠠ᠎ᠠᠴᠠ᠎ᠪᠠᠨ ᠦᠢ᠍ᠯᠡᠴᠢᠯᠡᠵᠦ ᠂  ᠣᠯᠠᠨ ᠤᠯᠤᠰ ᠎ᠯᠤᠭ᠎ᠠ ᠵᠢᠨ  ᠰᠣᠯᠢᠯᠴᠠᠭ᠎ᠠ ᠬᠠᠮᠲᠤᠷᠠᠯᠴᠠᠭ᠎ᠠ ᠪᠠ ᠤᠯᠤᠰ᠎ᠤᠨ ᠳᠣᠲᠣᠭ᠋ᠠᠳᠤ᠎ᠳᠠᠬᠢ  ᠣᠷᠣᠨ ᠪᠦᠰᠡ ᠵᠢᠨ  ᠬᠠᠮᠲᠤᠷᠠᠯᠴᠠᠭ᠋ᠠᠨ᠎ᠤ  ᠬᠦᠷᠢᠶ᠎ᠡ ᠴᠠᠷᠠᠭ᠎ᠠ ᠵᠢ ᠢᠳᠡᠪᠬᠢᠲᠡᠢ ᠥᠷᠭᠡᠳᠬᠡᠨ ᠂  ᠨᠡᠭᠡᠭᠡᠯᠲᠡ  ᠬᠢᠬᠦ  ᠲᠠᠰ ᠳᠠᠪᠬᠤᠷᠭ᠎ᠠ ᠪᠠ ᠬᠢᠷᠢ  ᠲᠦᠪᠰᠢᠨ ᠵᠶ᠋ᠡᠨ  ᠬᠦᠴᠦᠯᠡᠨ ᠳᠡᠭᠡᠭᠰᠢᠯᠡᠭᠦᠯᠵᠦ ᠂  ᠥᠪᠥᠷ ᠮᠣᠩᠭᠣᠯ ᠵᠶ᠋ᠡᠨ  ᠳᠣᠲᠣᠭ᠋ᠠᠳᠤ ᠭᠠᠳᠠᠭ᠋ᠠᠳᠤ ᠵᠢ ᠬᠣᠯᠪᠣᠭᠰᠠᠨ ᠂  ᠡᠷᠬᠢᠨ ᠲᠣᠭᠣᠷᠢᠨ᠎ᠢ ᠨᠥᠯᠥᠭᠡᠯᠡᠭᠰᠡᠨ ᠂  ᠡᠬᠢ ᠪᠠᠶᠠᠯᠢᠭ᠎ᠢ  ᠬᠤᠷᠢᠶᠠᠵᠤ ᠲᠦᠪᠯᠡᠷᠡᠭᠦᠯᠬᠦ ᠪᠠ ᠬᠤᠪᠢᠶᠠᠵᠤ ᠲᠠᠷᠬᠠᠭ᠋ᠠᠭᠰᠠᠨ᠂  ᠬᠦᠴᠦᠨ ᠵᠦᠢ᠍ᠯ᠎ᠢ ᠠᠭᠤᠰᠤᠯᠴᠠᠭᠤᠯᠤᠨ ᠨᠡᠪᠲᠡᠷᠡᠯᠴᠡᠭᠦᠯᠦᠭᠰᠡᠨ ᠪᠥᠬᠥ ᠣᠷᠣᠨ ᠪᠦᠰᠡ ᠵᠢᠨ  ᠨᠡᠭᠡᠭᠡᠯᠲᠡᠲᠦ  ᠲᠠᠪᠴᠠᠩ ᠪᠣᠯᠭ᠋ᠠᠨ ᠪᠠᠢ᠌ᠭᠤᠯᠵᠤ ᠂  ᠤᠯᠤᠰ᠎ᠤᠨ ᠳᠣᠲᠣᠭ᠋ᠠᠳᠤ  ᠭᠠᠳᠠᠭ᠋ᠠᠳᠤ ᠵᠢᠨ  ᠬᠣᠣᠰ ᠣᠷᠴᠢᠯ᠎ᠢ  ᠬᠣᠯᠪᠣᠨ  ᠨᠡᠪᠲᠡᠷᠡᠭᠦᠯᠬᠦ᠎ᠳᠤ ᠨᠠᠩ ᠶᠡᠬᠡ ᠦᠢ᠍ᠯᠡᠳᠦᠯ  ᠦᠵᠡᠭᠦᠯᠦᠨ᠎ᠡ᠃ 

   ᠰᠢᠨ᠎ᠡ ᠰᠤᠷᠲᠠᠯ ᠲᠥᠪ  ᠣᠪᠣᠷ᠎ᠢ ᠪᠠᠳᠠᠷᠠᠭᠤᠯᠬᠤ ᠲᠠᠯ᠎ᠠ᠎ᠪᠠᠷ ᠵᠢᠱ᠌ᠢᠶᠡᠴᠢ  ᠪᠣᠯᠣᠨ᠎ᠠ᠃  ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠵᠤ ᠂  ᠰᠢᠨ᠎ᠡ ᠰᠤᠷᠲᠠᠯ ᠲᠥᠪ  ᠣᠪᠣᠷ᠎ᠢ ᠪᠠᠳᠠᠷᠠᠭᠤᠯᠬᠤ ᠪᠣᠯ ᠮᠠᠨ᠎ᠤ ᠡᠯ᠎ᠡ ᠵᠦᠢ᠍ᠯ᠎ᠤᠨ  ᠠᠵᠢᠯ  ᠦᠢ᠍ᠯᠡᠰ᠎ᠤᠨ ᠬᠥᠭᠵᠢᠯᠲᠡ ᠵᠢᠨ ᠴᠢᠬᠤᠯᠠ ᠪᠠᠲᠤᠯᠠᠭ᠎ᠠ ᠪᠣᠯᠣᠨ᠎ᠠ ᠃  ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ ᠡᠭᠦᠷᠢᠳᠡ ᠵᠣᠭᠰᠣᠰᠢ ᠦᠭᠡᠢ ᠶᠠᠪᠤᠭᠳᠠᠨ᠎ᠠ ᠂  ᠨᠠᠮ᠎ᠤᠨ ᠥᠪᠡᠷ ᠪᠡᠶ᠎ᠡ ᠵᠢᠨ  ᠬᠤᠪᠢᠰᠬᠠᠯ ᠡᠭᠦᠷᠢᠳᠡ ᠵᠣᠭᠰᠣᠰᠢ ᠦᠭᠡᠢ ᠶᠠᠪᠤᠭᠳᠠᠨ᠎ᠠ ᠃  ᠪᠦᠬᠦ ᠲᠠᠯ᠎ᠠ᠎ᠪᠠᠷ  ᠨᠠᠮ᠎ᠢ ᠴᠢᠩᠭ᠎ᠠ ᠵᠠᠰᠠᠬᠤ ᠪᠠᠢ᠌ᠯᠳᠤᠬᠤ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠭᠦᠨᠵᠡᠭᠡᠢ᠌ᠷᠡᠭᠦᠯᠦᠨ ᠨᠠᠢ᠌ᠳᠠᠪᠤᠷᠢᠵᠢᠭᠤᠯᠵᠤ ᠂ ᠪᠤᠲᠠᠲᠠᠢ ᠠᠵᠢᠯᠯᠠᠬᠤ ᠵᠢ  ᠡᠷᠬᠢᠮᠯᠡᠬᠦ ᠰᠤᠷᠲᠠᠯ ᠵᠶ᠋ᠠᠨ  ᠶᠡᠬᠡ᠎ᠪᠠᠷ  ᠪᠠᠳᠠᠷᠠᠭᠤᠯᠵᠤ᠂  ᠠᠷᠢᠭᠤᠨ ᠴᠢᠬᠡᠴᠢ ᠰᠤᠷᠲᠠᠯ᠎ᠢ  ᠪᠠᠳᠠᠷᠠᠭᠤᠯᠤᠨ᠂  ᠠᠷᠪᠢᠴᠢ ᠪᠣᠷᠣᠭᠵᠢᠭᠤᠨ ᠰᠤᠷᠲᠠᠯ᠎ᠢ ᠪᠤᠢ ᠪᠣᠯᠭ᠋ᠠᠵᠤ ᠂  ᠨᠠᠮ᠎ᠤᠨ ᠰᠢᠯᠢᠳᠡᠭ ᠤᠯᠠᠮᠵᠢᠯᠠᠯ ᠪᠠ ᠰᠤᠷᠲᠠᠯ᠎ᠢ  ᠵᠠᠯᠭ᠋ᠠᠮᠵᠢᠯᠠᠨ  ᠪᠠᠳᠠᠷᠠᠭᠤᠯᠵᠤ ᠂  ᠥᠪᠥᠷ ᠮᠣᠩᠭᠣᠯ᠎ᠤᠨ ᠰᠠᠢ᠌ᠨ ᠰᠠᠢ᠌ᠬᠠᠨ ᠳᠦᠷᠢ ᠲᠥᠷᠬᠦ ᠵᠢ ᠪᠦᠬᠦ ᠲᠠᠯ᠎ᠠ᠎ᠪᠠᠷ ᠪᠤᠢ ᠪᠣᠯᠭ᠋ᠠᠬᠤ ᠪᠠ ᠳᠡᠯᠭᠡᠨ ᠦᠵᠡᠭᠦᠯᠵᠦ ᠂  ᠡᠪᠳᠡᠬᠦ  ᠪᠠ  ᠪᠠᠶ᠋ᠢᠭᠤᠯᠬᠤ ᠵᠢ  ᠵᠡᠷᠭᠡ᠎ᠪᠠᠷ ᠴᠢᠬᠤᠯᠠᠴᠢᠯᠠᠵᠤ᠂  ᠶᠡᠷᠦᠩᠬᠡᠢ᠌ᠯᠡᠭᠰᠡᠨ ᠠᠷᠭ᠎ᠠ ᠪᠣᠳᠣᠯᠭ᠎ᠠ ᠵᠢ ᠬᠡᠷᠡᠭᠵᠢᠭᠦᠯᠵᠦ᠂  ᠰᠤᠷᠲᠠᠯ᠎ᠤᠨ ᠠᠰᠠᠭᠤᠳᠠᠯ ᠪᠠ ᠢᠯᠵᠢᠷᠡᠯ᠎ᠤᠨ ᠠᠰᠠᠭᠤᠳᠠᠯ᠎ᠢ ᠰᠢᠰᠲ᠋ᠧᠮ᠎ᠲᠠᠢ ᠵᠠᠰᠠᠬᠤ ᠵᠢ  ᠪᠠᠷᠢᠮᠲᠠᠯᠠᠨ᠂  ᠤᠳᠤᠷᠢᠳᠬᠤ ᠺᠠᠳ᠋ᠷᠴᠤᠳ᠎ᠢ ᠬᠥᠮᠥᠵᠢᠭᠦᠯᠦᠨ ᠬᠥᠲᠥᠯᠥᠨ ᠵᠢᠯᠤᠭᠣᠳᠴᠤ ᠪᠠᠢ᠌ᠭ᠋ᠠᠳ ᠵᠥᠪ ᠡᠷᠬᠡ ᠵᠢᠨ ᠦᠵᠡᠯᠲᠡ ᠵᠢ ᠪᠠᠲᠤ ᠪᠤᠢ ᠪᠣᠯᠭ᠋ᠠᠵᠤ ᠂  ᠣᠨᠴᠠ ᠡᠷᠬᠡ ᠵᠢᠨ ᠦᠵᠡᠯ ᠰᠠᠨᠠᠭ᠎ᠠ ᠪᠠ ᠣᠨᠴᠠ ᠡᠷᠬᠡ ᠵᠢᠨ ᠦᠢ᠍ᠯᠡ ᠠᠵᠢᠯᠯᠠᠭ᠎ᠠ ᠵᠢ ᠬᠦᠴᠦᠯᠡᠨ  ᠠᠷᠢᠯᠭ᠋ᠠᠨ᠎ᠠ᠃  ᠲᠥᠪ ᠪᠤᠰᠤ ᠰᠤᠷᠲᠠᠯ ᠪᠠ  ᠢᠯᠵᠢᠷᠡᠯ᠎ᠤᠨ  ᠬᠠᠷᠢᠯᠴᠠᠨ ᠦᠨᠭᠭᠡᠨ  ᠲᠠᠯ᠎ᠠ ᠪᠠ ᠳᠣᠲᠣᠷ᠎ᠠ  ᠲᠠᠯ᠎ᠠ  ᠪᠣᠯᠬᠤ᠂  ᠦᠨᠳᠦᠰᠦ  ᠪᠠ  ᠭᠠᠷᠤᠯ ᠨᠢᠭᠡᠲᠡᠢ  ᠪᠠᠢ᠌ᠬᠤ  ᠣᠨᠴᠠᠯᠢᠭ᠎ᠢ ᠡᠵᠡᠮᠳᠡᠵᠦ ᠂ ᠰᠤᠷᠲᠠᠯ ᠪᠠ  ᠢᠯᠵᠢᠷᠡᠯ᠎ᠢ ᠬᠠᠮᠲᠤ᠎ᠳᠤ᠎ᠨᠢ  ᠪᠠᠢ᠌ᠴᠠᠭ᠋ᠠᠬᠤ ᠲᠣᠭᠲᠠᠴᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ ᠃  ᠨᠡᠭᠦᠷᠡᠰᠦᠨ᠎ᠤ ᠡᠬᠢ ᠪᠠᠶᠠᠯᠢᠭ᠎ᠤᠨ ᠬᠦᠷᠢᠶᠡᠨ᠎ᠳᠠᠬᠢ  ᠲᠣᠭᠲᠠᠭ᠋ᠠᠯ ᠬᠠᠤᠯᠢ᠎ᠠᠴᠠ  ᠵᠥᠷᠢᠴᠡᠭᠰᠡᠨ ᠠᠰᠠᠭᠤᠳᠠᠯ᠎ᠤᠨ ᠪᠠᠢ᠌ᠩᠭᠤᠰᠢᠭᠰᠠᠨ ᠵᠠᠰᠠᠯᠲᠠ ᠵᠢ ᠭᠦᠨᠵᠡᠭᠡᠢ ᠠᠬᠢᠭᠤᠯᠵᠤ ᠂ 《  ᠢᠯᠵᠢᠷᠡᠬᠦ᠎ᠠᠴᠠ ᠵᠢᠷᠦᠬᠡᠰᠢᠶᠡᠬᠦ ᠢᠯᠵᠢᠷᠡᠵᠦ ᠪᠣᠯᠬᠤ ᠦᠭᠡᠢ ᠢᠯᠵᠢᠷᠡᠬᠦ ᠵᠢ ᠪᠣᠳᠣᠬᠤ ᠦᠭᠡᠢ 》 ᠲᠣᠭᠲᠠᠴᠠ ᠵᠢᠨ ᠪᠠᠢ᠌ᠭᠤᠯᠤᠯᠲᠠ ᠵᠢ ᠨᠢᠭᠡ ᠴᠣᠭᠴᠠᠵᠢᠭᠤᠯᠤᠨ ᠠᠬᠢᠭᠤᠯᠬᠤ᠎ᠪᠠᠨ ᠪᠠᠷᠢᠮᠲᠠᠯᠠᠵᠤ᠂  ᠥᠷᠭᠡᠨ ᠣᠯᠠᠨ ᠺᠠᠳ᠋ᠷ ᠣᠯᠠᠨ ᠲᠦᠮᠡᠨ᠎ᠤ ᠬᠡᠵᠢᠶᠡᠳᠡ ᠴᠠᠯᠠᠭ᠋ᠠᠢ᠌ᠷᠠᠬᠤ ᠦᠭᠡᠢ  ᠵᠣᠷᠢᠭ  ᠰᠠᠨᠠᠭ᠋ᠠᠨ᠎ᠤ ᠳᠦᠷᠰᠦ ᠪᠠᠢ᠌ᠳᠠᠯ ᠂  ᠴᠤᠴᠠᠯᠲᠠ ᠦᠭᠡᠢ ᠲᠡᠮᠡᠴᠡᠬᠦ ᠳᠦᠷᠢ ᠲᠥᠷᠬᠦ᠎ᠪᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠦᠢ᠍ᠯᠡᠳᠦᠯᠭᠡ᠎ᠳᠤ ᠣᠷᠣᠯᠴᠠᠬᠤ ᠵᠢ ᠎ᠨᠢ  ᠠᠬᠢᠭᠤᠯᠵᠤ ᠂  ᠰᠠᠢ᠌ᠨ ᠰᠤᠷᠲᠠᠯ ᠰᠠᠢ᠌ᠨ ᠳᠦᠷᠢ ᠲᠥᠷᠬᠦ᠎ᠪᠠᠷ ᠰᠢᠨ᠎ᠡ ᠠᠶᠠᠨ ᠵᠠᠮ᠎ᠳᠤ  ᠡᠷᠡᠮᠡᠬᠡᠢ᠌ᠯᠡᠨ  ᠤᠷᠤᠭᠰᠢᠯᠠᠵᠤ ᠂  ᠰᠢᠨ᠎ᠡ ᠴᠠᠭ ᠦᠶ᠎ᠡ᠎ᠳᠤ ᠭᠠᠪᠢᠶ᠎ᠠ  ᠵᠢᠳᠬᠦᠯ ᠭᠠᠷᠭ᠋ᠠᠬᠤ ᠵᠢ  ᠲᠦᠯᠬᠢᠨ  ᠠᠬᠢᠭᠤᠯᠤᠨ᠎ᠠ᠃ 


3.jpg


  2021 ᠣᠨ᠎ᠤ 6  ᠳ᠋ᠤᠭ᠋ᠠᠷ  ᠰᠠᠷ᠎ᠠ ᠵᠢᠨ 23᠎ᠤ  ᠡᠳᠦᠷ ᠂ 《  ᠨᠠᠮ ᠵᠶ᠋ᠠᠨ ᠡᠭᠦᠷᠢᠳᠡ ᠳᠠᠭ᠋ᠠᠨ᠎ᠠ 》 —  ᠳᠤᠮᠳᠠᠳᠤ ᠤᠯᠤᠰ᠎ᠤᠨ ᠡᠪ ᠬᠠᠮᠲᠤ ᠨᠠᠮ ᠪᠠᠢ᠌ᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ (  ᠬᠥᠬᠡᠬᠣᠲᠠ ᠣᠷᠣᠨ )᠎ᠤ ᠤᠯᠠᠨ ᠲᠦᠮᠡᠨᠴᠢ ᠴᠢᠨᠠᠷᠲᠠᠢ ᠰᠣᠶᠣᠯ᠎ᠤᠨ ᠠᠵᠢᠯᠯᠠᠭ᠎ᠠ ᠬᠥᠬᠡᠬᠣᠲᠠ ᠵᠢᠨ ᠦᠨᠳᠦᠰᠦᠲᠡᠨ᠎ᠤ ᠪᠦᠯᠬᠦᠮᠳᠡᠯ᠎ᠤᠨ  ᠪᠣᠣ ᠳ᠋ᠢᠩ  ᠠᠭᠤᠳᠠᠮ ᠲᠠᠯᠠᠪᠠᠢ᠎ᠳᠤ  ᠶᠠᠪᠤᠭᠳᠠᠪᠠ 


   ᠥᠨᠥᠳᠥᠷ ᠪᠢᠳᠡ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠬᠠᠷᠠᠯᠲᠠ ᠵᠢ ᠪᠡᠶᠡᠯᠡᠭᠦᠯᠬᠦ᠎ᠳᠤ ᠲᠡᠦᠬᠡ ᠵᠢᠨ ᠠᠯᠢ ᠴᠤ᠌ ᠦᠶ᠎ᠡ᠎ᠠᠴᠠ ᠢᠯᠡᠭᠦᠦ ᠣᠶ᠋ᠢᠷᠠᠳᠴᠤ ᠂  ᠨᠡᠩ ᠢᠯᠡᠭᠦᠦ ᠢᠲᠡᠭᠡᠯ ᠵᠣᠷᠢᠭ ᠪᠠ  ᠬᠦᠴᠦᠨ ᠴᠢᠳᠠᠯ᠎ᠲᠠᠢ ᠪᠣᠯᠤᠭᠰᠠᠨ ᠪᠠᠢ᠌ᠨ᠎ᠠ ᠂  ᠡᠭᠦᠨ᠎ᠤ  ᠬᠠᠮᠲᠤ  ᠡᠷᠬᠡᠪᠰᠢ ᠨᠡᠩ ᠬᠠᠲᠠᠭᠤ  ᠪᠡᠷᠬᠡᠰᠢᠶᠡᠯᠲᠡᠢ᠂  ᠨᠡᠩ ᠰᠢᠷᠭ᠋ᠠᠭᠤ ᠬᠠᠲᠠᠭᠤᠵᠢᠯᠲᠠᠢ ᠴᠢᠷᠮᠠᠢ᠌ᠯᠭ᠎ᠠ ᠭᠠᠷᠭ᠋ᠠᠬᠤ᠎ᠪᠠᠷ ᠪᠡᠯᠡᠳᠬᠡᠬᠦ ᠬᠡᠷᠡᠭᠲᠡᠢ ᠃ 《  ᠮᠣᠩᠭᠣᠯ ᠮᠣᠷᠢᠨ᠎ᠤ ᠵᠣᠷᠢᠭ ᠰᠠᠨᠠᠭ᠎ᠠ 》  ᠪᠠ 《  ᠤᠮᠠᠷᠠᠲᠤ ᠵᠢᠨ ᠭᠤᠷᠪᠠᠨ ᠣᠷᠣᠨ᠎ᠤ ᠵᠣᠷᠢᠭ ᠰᠠᠨᠠᠭ᠎ᠠ 》 ᠵᠢ ᠶᠡᠬᠡ᠎ᠪᠠᠷ  ᠪᠠᠳᠠᠷᠠᠭᠤᠯᠵᠤ ᠂ ᠡᠷᠡᠯᠬᠡᠭᠯᠡᠨ ᠲᠡᠮᠡᠴᠡᠵᠦ ᠡᠷᠡᠮᠡᠬᠡᠢ᠌ᠯᠡᠨ  ᠤᠷᠤᠭᠰᠢᠯᠠᠵᠤ ᠂  ᠶᠡᠷᠦᠩᠬᠡᠢ ᠱᠦᠵᠢ ᠰᠢ ᠵᠢᠨ ᠫᠢᠩ᠎ᠤᠨ  ᠥᠪᠥᠷ ᠮᠣᠩᠭᠣᠯ᠎ᠳᠤ ᠲᠤᠰᠢᠶᠠᠭᠰᠠᠨ 《  ᠲᠠᠪᠤᠨ ᠶᠡᠬᠡ ᠡᠭᠦᠷᠭᠡ 》  ᠪᠠ  ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠬᠣᠶᠠᠷ ᠶᠡᠬᠡ ᠶᠠᠪᠤᠳᠠᠯ᠎ᠤᠨ ᠲᠠᠯ᠎ᠠ᠎ᠳᠤ  ᠲᠠᠰᠤᠷᠠᠯᠳᠡ ᠦᠭᠡᠢ ᠰᠢᠨ᠎ᠡ ᠦᠷ᠎ᠡ ᠪᠦᠲᠦᠮᠵᠢ ᠣᠯᠬᠤ ᠵᠢ  ᠠᠬᠢᠭᠤᠯᠤᠨ᠎ᠠ᠃  ᠣᠷᠣᠨ  ᠳᠠᠶᠠᠭ᠋ᠠᠷ᠎ᠢ ᠳᠠᠢ᠌ᠴᠢᠯᠠᠵᠤ ᠪᠠᠢ᠌ᠭ᠋ᠠᠳ  ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ᠎ᠳᠤ  ᠰᠢᠨ᠎ᠡ ᠵᠠᠮ᠎ᠢ ᠨᠡᠭᠡᠭᠡᠬᠦ ᠪᠠ  ᠥᠪᠥᠷ ᠮᠣᠩᠭᠣᠯ᠎ᠤᠨ ᠠᠵᠤ ᠠᠬᠤᠢ ᠵᠢᠨ ᠶᠡᠷᠦᠩᠬᠡᠢ ᠬᠡᠮᠵᠢᠶ᠎ᠡ ᠵᠢ ᠪᠦᠬᠦ ᠤᠯᠤᠰ᠎ᠤᠨ ᠳᠤᠮᠳᠠ ᠤᠷᠤᠰᠬᠠᠯ᠎ᠳᠤ ᠣᠷᠣᠭᠤᠯᠬᠤ ᠵᠢᠨ ᠲᠣᠭᠤᠷᠢᠨ᠎ᠳᠤ  ᠠᠵᠢᠯ ᠵᠶ᠋ᠠᠨ ᠰᠠᠢ᠌ᠲᠤᠷ ᠬᠢᠵᠦ ᠂  ᠪᠣᠳᠠᠲᠠᠢ ᠠᠵᠢᠯᠯᠠᠵᠤ ᠬᠠᠷᠢᠭᠤᠴᠠᠯᠭ᠎ᠠ  ᠡᠭᠦᠷᠭᠡᠯᠡᠵᠦ ᠪᠠᠢ᠌ᠭ᠋ᠠᠳ  ᠳᠤᠮᠳᠠᠳᠤ ᠤᠯᠤᠰ᠎ᠤᠨ ᠮᠠᠶᠢᠭ᠎ᠤᠨ  ᠣᠳᠣᠬᠢᠴᠢᠯᠠᠯᠲᠠ ᠵᠢᠨ  ᠥᠪᠥᠷ ᠮᠣᠩᠭᠣᠯ᠎ᠤᠨ ᠦᠢ᠍ᠯᠡᠳᠦᠯᠭᠡ᠎ᠳᠤ  ᠬᠢᠷᠢ ᠲᠡᠩᠴᠡᠭᠰᠡᠨ ᠬᠠᠷᠢᠭᠤᠯᠲᠠ ᠵᠢᠨ ᠬᠠᠭᠤᠳᠠᠰᠤ ᠵᠢ  ᠪᠢᠴᠢᠭᠯᠡᠨ᠎ᠡ᠃ 


ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ