ᠨᠢᠭᠡ ᠭᠣᠣᠯ ᠰᠢᠵᠢᠮ᠎ᠢ ᠲᠤᠭᠤᠰᠢᠲᠠᠢ ᠨᠠᠢ᠌ᠳᠠᠪᠤᠷᠢᠵᠢᠭᠤᠯᠤᠨ᠎ᠠ   -   ᠵᠢᠷᠭᠤᠭ᠋ᠠᠨ ᠦᠭᠦᠯᠡᠪᠦᠷᠢ ᠦᠭᠡᠨ᠎ᠤ ᠪᠣᠳᠠᠲᠤ ᠶᠠᠪᠤᠳᠠᠯ ᠪᠠ ᠶᠣᠰᠣ ᠤᠴᠢᠷ
《ᠵᠢᠷᠭᠤᠭ᠋ᠠᠨ ᠦᠭᠦᠯᠡᠪᠦᠷᠢ ᠦᠭᠡᠨ᠎ᠤ ᠪᠣᠳᠠᠲᠤ ᠶᠠᠪᠤᠳᠠᠯ ᠪᠠ ᠶᠣᠰᠣ ᠤᠴᠢᠷ》᠄ ᠥᠪᠥᠷ ᠮᠣᠩᠭᠣᠯ᠎ᠤᠨ ᠠᠵᠢᠯ᠎ᠤᠨ ᠳᠤᠮᠳᠠ ᠢᠯᠡᠷᠡᠭᠰᠡᠨ ᠬᠦᠨᠳᠦ ᠶᠡᠬᠡ ᠬᠡᠯᠪᠡᠷᠢᠯ ᠵᠥᠷᠢᠶ᠎ᠡ ᠵᠢ ᠴᠥᠮ ᠨᠠᠮ᠎ᠤᠨ ᠲᠥᠪ ᠬᠣᠷᠢᠶᠠᠨ᠎ᠠᠴᠠ ᠬᠠᠪᠰᠤᠷᠤᠨ ᠵᠠᠯᠠᠷᠠᠭᠤᠯᠤᠭᠰᠠᠨ ᠶᠤᠮ (ᠬᠣᠶᠠᠷ)
ᠨᠡᠶ᠋ᠢᠲᠡᠯᠡᠭᠰᠡᠨ ᠴᠠᠭ᠄ 2025-05-08


      《ᠵᠢᠷᠭᠤᠭ᠋ᠠᠨ ᠥᠭᠦᠯᠡᠪᠦᠷᠢ ᠦᠭᠡᠨ᠎ᠤ ᠪᠣᠳᠠᠲᠤ ᠶᠠᠪᠤᠳᠠᠯ ᠪᠠ ᠶᠣᠰᠣ ᠤᠴᠢᠷ》 ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠦᠵᠢ ᠰᠦᠨ ᠱᠣᠣ ᠴᠧᠩ ᠵᠣᠬᠢᠶᠠᠯ᠂ ᠶᠠᠷᠢᠶᠠᠨ᠎ᠳᠤ᠎ᠪᠠᠨ ᠳ᠋ᠦᠩᠨᠡᠵᠦ ᠲᠣᠳᠣᠷᠬᠠᠢ᠌ᠯᠠᠨ ᠲᠠᠢ᠌ᠯᠪᠤᠷᠢᠯᠠᠭᠰᠠᠨ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠮᠲᠤ ᠵᠢᠨ ᠰᠡᠳᠬᠢᠯ᠎ᠤᠨ ᠳᠠᠭᠤᠨ ᠪᠣᠯᠣᠨ᠎ᠠ

      ᠥᠪᠥᠷ ᠮᠣᠩᠭᠣᠯ ᠣᠷᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠠᠮᠤᠭ᠎ᠤᠨ ᠡᠷᠲᠡ ᠨᠠᠮ᠎ᠤᠨ ᠵᠣᠬᠢᠶᠠᠨ ᠪᠠᠢ᠌ᠭᠤᠯᠤᠯᠲᠠ ᠵᠢ ᠪᠠᠢ᠌ᠭᠤᠯᠤᠭᠰᠠᠨ ᠦᠨᠳᠦᠰᠦᠲᠡᠨ᠎ᠤ ᠭᠠᠵᠠᠷ ᠣᠷᠣᠨ ᠪᠣᠯᠣᠨ᠎ᠠ

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠰᠢᠭᠤᠳ ᠤᠳᠤᠷᠢᠳᠤᠯᠭ᠎ᠠ ᠳᠣᠣᠷ᠎ᠠ ᠪᠠᠢ᠌ᠭᠤᠯᠤᠭᠳᠠᠭᠰᠠᠨ ᠶᠤᠮ

      ᠥᠪᠥᠷ ᠮᠣᠩᠭᠣᠯ ᠪᠣᠯ ᠨᠠᠮ᠎ᠤᠨ ᠲᠥᠪ ᠬᠣᠷᠢᠶᠠᠨ᠎ᠤ ᠳᠡᠮᠵᠢᠯᠭᠡ ᠳᠣᠣᠷ᠎ᠠ ᠬᠥᠭᠵᠢᠭᠰᠡᠨ ᠶᠤᠮ

      ᠥᠪᠥᠷ ᠮᠣᠩᠭᠣᠯ᠎ᠤᠨ ᠠᠵᠢᠯ᠎ᠤᠨ ᠳᠤᠮᠳᠠ ᠢᠯᠡᠷᠡᠭᠰᠡᠨ ᠬᠦᠨᠳᠦ ᠶᠡᠬᠡ ᠬᠡᠯᠪᠡᠷᠢᠯ ᠵᠥᠷᠢᠶ᠎ᠡ ᠵᠢ ᠴᠥᠮ ᠨᠠᠮ᠎ᠤᠨ ᠲᠥᠪ ᠬᠣᠷᠢᠶᠠᠨ᠎ᠠᠴᠠ ᠬᠠᠪᠰᠤᠷᠤᠨ ᠵᠠᠯᠠᠷᠠᠭᠤᠯᠤᠭᠰᠠᠨ ᠶᠤᠮ

      ᠥᠪᠥᠷ ᠮᠣᠩᠭᠣᠯ᠎ᠤᠨ ᠰᠢᠨ᠎ᠡ ᠴᠠᠭ ᠦᠶ᠎ᠡ ᠵᠢᠨ ᠬᠥᠭᠵᠢᠯᠲᠡ ᠵᠢᠨ ᠠᠮᠵᠢᠯᠲᠠ ᠪᠦᠲᠦᠮᠵᠢ ᠵᠢ ᠪᠣᠯ ᠶᠡᠷᠦᠩᠬᠡᠢ ᠱᠦᠵᠢ ᠰᠢ ᠵᠢᠨ ᠫᠢᠩ᠎ᠤᠨ ᠳᠣᠲᠣᠨᠣ ᠬᠠᠯᠠᠮᠵᠢᠯᠠᠯ ᠪᠠ ᠵᠢᠯᠣᠭᠣᠳᠤᠯᠭ᠎ᠠ ᠳᠣᠣᠷ᠎ᠠ ᠣᠯᠣᠭᠰᠠᠨ ᠶᠤᠮ

      ᠥᠪᠥᠷ ᠮᠣᠩᠭᠣᠯ ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠪᠣᠯᠣᠭᠰᠠᠨ᠎ᠤ ᠵᠢᠱ᠌ᠢᠶᠡᠴᠢ᠎ᠨᠢ ᠨᠠᠮ᠎ᠤᠨ ᠦᠭᠡ ᠵᠢ ᠰᠣᠨᠣᠰᠤᠭᠰᠠᠨ᠎ᠳᠤ ᠪᠣᠢ


ᠥᠪᠥᠷ ᠮᠣᠩᠭᠣᠯ᠎ᠤᠨ ᠠᠵᠢᠯ᠎ᠤᠨ ᠳᠤᠮᠳᠠ ᠢᠯᠡᠷᠡᠭᠰᠡᠨ ᠬᠦᠨᠳᠦ ᠶᠡᠬᠡ ᠬᠡᠯᠪᠡᠷᠢᠯ ᠵᠥᠷᠢᠶ᠎ᠡ ᠵᠢ 

ᠴᠥᠮ ᠨᠠᠮ᠎ᠤᠨ ᠲᠥᠪ ᠬᠣᠷᠢᠶᠠᠨ᠎ᠠᠴᠠ ᠬᠠᠪᠰᠤᠷᠤᠨ ᠵᠠᠯᠠᠷᠠᠭᠤᠯᠤᠭᠰᠠᠨ ᠶᠤᠮ (ᠬᠣᠶᠠᠷ)


  《ᠰᠣᠶᠣᠯ᠎ᠤᠨ ᠶᠡᠬᠡ ᠬᠤᠪᠢᠰᠬᠠᠯ》᠎ᠤᠨ ᠬᠤᠭᠤᠴᠠᠭ᠋ᠠᠨ᠎ᠳᠤ᠂ ᠯᠢᠨ ᠪᠢᠶᠣᠣ᠂ ᠵᠢᠶᠠᠩ ᠴᠢᠩ ᠬᠣᠶᠠᠷ ᠬᠤᠪᠢᠰᠬᠠᠯ᠎ᠤᠨ ᠡᠰᠡᠷᠭᠦᠦ ᠪᠦᠯᠦᠭ ᠥᠪᠥᠷ ᠮᠣᠩᠭᠣᠯ᠎ᠳᠤ ᠶᠡᠬᠡ ᠬᠡᠮᠵᠢᠶᠡᠨ᠎ᠤ ᠲᠦᠷᠦ ᠵᠢ ᠲᠦᠢ᠍ᠪᠡᠭᠡᠵᠦ ᠲᠦᠮᠡᠨ᠎ᠢ ᠭᠠᠰᠠᠯᠭ᠋ᠠᠭᠰᠠᠨ ᠶᠠᠯᠠᠲᠤ ᠠᠵᠢᠯᠯᠠᠭ᠎ᠠ ᠬᠢᠵᠡᠢ᠃ 《ᠤᠯᠠᠭ᠋ᠠᠨᠬᠦᠦ ᠵᠢᠨ ᠨᠠᠮ᠎ᠢ ᠡᠰᠡᠷᠭᠦᠴᠡᠵᠦ ᠤᠯᠤᠰ᠎ᠠᠴᠠ ᠤᠷᠪᠠᠭᠰᠠᠨ ᠪᠦᠯᠦᠭᠯᠡᠯ》᠂ 《ᠥᠪᠥᠷ ᠮᠣᠩᠭᠣᠯ᠎ᠤᠨ ᠬᠣᠶᠠᠳᠤᠭ᠋ᠠᠷ ᠰᠠᠷ᠎ᠠ ᠵᠢᠨ ᠰᠥᠷᠭᠡᠦ ᠤᠷᠤᠰᠬᠠᠯ》᠂ 《ᠰᠢᠨ᠎ᠡ ᠥᠪᠥᠷ ᠠᠷᠠᠳ᠎ᠤᠨ ᠨᠠᠮ》 ᠵᠡᠷᠭᠡ ᠬᠢᠯᠢᠰ ᠬᠤᠳᠠᠯ ᠪᠤᠷᠤᠭᠤ ᠬᠡᠷᠡᠭ᠎ᠢ ᠵᠣᠬᠢᠶᠠᠵᠤ᠂ ᠦᠯᠡᠮᠵᠢ ᠤᠯᠠᠨ ᠺᠠᠳ᠋ᠷ᠂ ᠤᠯᠠᠨ ᠲᠦᠮᠡᠨ ᠬᠢᠯᠢᠰᠳᠡᠵᠦ᠂ ᠨᠠᠮ ᠪᠠ ᠵᠠᠰᠠᠭ᠎ᠤᠨ ᠣᠷᠳᠣᠨ᠎ᠤ ᠠᠵᠢᠯ᠂ ᠨᠡᠢ᠌ᠭᠡᠮ᠎ᠤᠨ ᠡᠮᠬᠢ ᠲᠢᠭᠯᠢᠮ ᠪᠠ ᠦᠨᠳᠦᠰᠦᠲᠡᠨ᠎ᠤ ᠪᠦᠯᠬᠦᠮᠳᠡᠯ ᠯᠤᠲᠤ ᠶᠡᠬᠡ ᠡᠪᠳᠡᠯᠡᠭᠡ᠎ᠳᠤ ᠤᠴᠠᠷᠠᠵᠤ᠂ ᠥᠪᠥᠷ ᠮᠣᠩᠭᠣᠯ᠎ᠤᠨ ᠡᠯ᠎ᠡ ᠵᠦᠢ᠍ᠯ᠎ᠤᠨ ᠠᠵᠢᠯ ᠦᠢ᠍ᠯᠡᠰ᠎ᠲᠤ ᠬᠦᠨᠳᠦ ᠨᠣᠴᠢᠲᠠᠢ ᠬᠣᠬᠢᠷᠠᠯ ᠪᠣᠯᠪᠠ᠃ 

  《ᠲᠦᠷᠪᠡᠨ ᠬᠥᠮᠥᠨ᠎ᠤ ᠪᠦᠯᠦᠭ》᠎ᠢ ᠪᠤᠳᠠ ᠨᠢᠷᠭᠡᠭᠰᠡᠨ᠎ᠤ ᠲᠠᠷᠠᠭ᠎ᠠ᠂ ᠨᠠᠮ᠎ᠤᠨ ᠲᠥᠪ ᠬᠣᠷᠢᠶᠠᠨ᠎ᠤ ᠪᠠᠢ᠌ᠷᠢᠯᠠᠭᠤᠯᠤᠯᠲᠠ ᠶᠣᠰᠣᠭ᠋ᠠᠷ᠂ ᠥᠪᠥᠷ ᠮᠣᠩᠭᠣᠯ ᠬᠢᠯᠢᠰ ᠬᠤᠳᠠᠯ ᠪᠤᠷᠤᠭᠤ ᠬᠡᠷᠡᠭ᠎ᠤᠳ᠎ᠲᠤ ᠴᠠᠭ᠋ᠠᠳᠬᠠᠬᠤ ᠠᠵᠢᠯ᠎ᠢ ᠥᠷᠨᠢᠭᠦᠯᠪᠡ᠃ 

  1978 ᠣᠨ᠎ᠤ 4 ᠳ᠋ᠦ᠍ᠭᠡᠷ ᠰᠠᠷ᠎ᠠ ᠵᠢᠨ 20᠎ᠤ ᠡᠳᠦᠷ᠂ ᠨᠠᠮ᠎ᠤᠨ ᠲᠥᠪ ᠬᠣᠷᠢᠶᠠᠨ᠎ᠠᠴᠠ ᠥᠪᠥᠷ ᠮᠣᠩᠭᠣᠯ᠎ᠤᠨ ᠲᠦᠷᠦ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠭᠰᠠᠨ ᠪᠠᠢ᠌ᠳᠠᠯ ᠪᠠ ᠠᠰᠠᠭᠤᠳᠠᠯ᠎ᠤᠨ ᠲᠤᠬᠠᠢ ᠬᠠᠷᠢᠭᠤ ᠮᠡᠳᠡᠭᠦᠯᠦᠯᠲᠡ ᠵᠢ ᠰᠣᠨᠣᠰᠴᠤ᠂ 《ᠰᠢᠨ᠎ᠡ ᠥᠪᠥᠷ ᠠᠷᠠᠳ᠎ᠤᠨ ᠨᠠᠮ》᠎ᠤᠨ ᠲᠡᠦᠬᠡ ᠵᠢᠨ ᠪᠤᠷᠤᠭᠤ ᠬᠡᠷᠡᠭ᠎ᠢ ᠲᠤᠢ᠌ᠯᠪᠤᠷᠢᠲᠠᠢ ᠠᠷᠢᠯᠭ᠋ᠠᠬᠤ ᠴᠢᠬᠤᠯᠠ ᠴᠣᠬᠣᠯᠠᠪᠤᠷᠢ ᠭᠠᠷᠭ᠋ᠠᠨ᠂ ᠡᠯ᠎ᠡ ᠭᠠᠵᠠᠷ᠎ᠤᠨ᠎ᠬᠢᠨ᠎ᠢ ᠦᠵᠡᠯ ᠰᠠᠨᠠᠭ᠎ᠠ᠎ᠪᠠᠨ ᠨᠢᠭᠡᠳᠬᠡᠵᠦ᠂ ᠲᠦᠷᠦ ᠵᠢᠨ ᠪᠣᠳᠣᠯᠭ᠎ᠠ᠎ᠪᠠᠨ ᠨᠢᠭᠡᠳᠬᠡᠨ᠂ 《ᠰᠢᠨ᠎ᠡ ᠥᠪᠥᠷ ᠠᠷᠠᠳ᠎ᠤᠨ ᠨᠠᠮ》᠎ᠤᠨ ᠦᠯᠡᠳᠡᠭᠳᠡᠯ ᠠᠰᠠᠭᠤᠳᠠᠯ᠎ᠢ ᠬᠠᠮᠲᠤ᠎ᠪᠠᠷ ᠰᠠᠢ᠌ᠲᠤᠷ ᠰᠢᠢ᠍ᠳᠪᠦᠷᠢᠯᠡᠬᠦ ᠬᠡᠷᠡᠭᠲᠡᠢ ᠭᠡᠵᠦ ᠱᠠᠭ᠋ᠠᠷᠳᠠᠪᠠ᠃ 

   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠨᠠᠮ᠎ᠤᠨ ᠲᠥᠪ ᠬᠣᠷᠢᠶᠠᠨ᠎ᠤ 《4 · 20》᠎ᠤ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ 7 ᠳ᠋ᠤᠭ᠋ᠠᠷ ᠰᠠᠷ᠎ᠠ ᠵᠢᠨ 7᠎ᠤ ᠡᠳᠦᠷ ᠰᠢᠭᠤᠳ ᠬᠠᠷᠢᠶ᠎ᠠ ᠪᠠᠢ᠌ᠭᠤᠯᠭ᠎ᠠ ᠵᠢᠨ ᠺᠠᠳ᠋ᠷ ᠠᠵᠢᠯᠲᠠᠨ ᠠᠵᠢᠯᠴᠢᠨ᠎ᠤ ᠶᠡᠬᠡ ᠬᠤᠷᠠᠯ᠎ᠢ ᠬᠤᠷᠠᠯᠳᠤᠭᠤᠯᠵᠤ᠂ 《ᠰᠢᠨ᠎ᠡ ᠥᠪᠥᠷ ᠠᠷᠠᠳ᠎ᠤᠨ ᠨᠠᠮ》᠎ᠤᠨ ᠲᠡᠦᠬᠡ ᠵᠢᠨ ᠪᠤᠷᠤᠭᠤ ᠬᠡᠷᠡᠭ᠎ᠢ ᠲᠤᠢ᠌ᠯᠪᠤᠷᠢᠲᠠᠢ ᠴᠠᠭ᠋ᠠᠳᠬᠠᠵᠤ ᠥᠭᠴᠡᠢ᠃ 1979 ᠣᠨ᠎ᠤ 1 ᠳ᠋ᠦ᠍ᠭᠡᠷ ᠰᠠᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠠᠴᠠ ᠨᠠᠮ᠎ᠤᠨ ᠲᠥᠪ ᠬᠣᠷᠢᠶ᠎ᠠ᠎ᠳᠤ 《〈ᠤᠯᠠᠭ᠋ᠠᠨᠬᠦᠦ ᠵᠢᠨ ᠨᠠᠮ᠎ᠢ ᠡᠰᠡᠷᠭᠦᠴᠡᠵᠦ ᠤᠯᠤᠰ᠎ᠠᠴᠠ ᠤᠷᠪᠠᠭᠰᠠᠨ ᠪᠦᠯᠦᠭᠯᠡᠯ〉 ᠪᠠ 〈ᠥᠪᠥᠷ ᠮᠣᠩᠭᠣᠯ᠎ᠤᠨ ᠬᠣᠶᠠᠳᠤᠭ᠋ᠠᠷ ᠰᠠᠷ᠎ᠠ ᠵᠢᠨ ᠰᠥᠷᠭᠡᠦ ᠤᠷᠤᠰᠬᠠᠯ〉᠎ᠤᠨ ᠬᠢᠯᠢᠰ ᠬᠤᠳᠠᠯ ᠪᠤᠷᠤᠭᠤ ᠬᠡᠷᠡᠭ᠎ᠢ ᠲᠤᠢ᠌ᠯᠪᠤᠷᠢᠲᠠᠢ ᠲᠦᠯᠬᠢᠨ ᠤᠨᠠᠭ᠋ᠠᠬᠤ ᠲᠤᠬᠠᠢ ᠵᠢᠭ᠋ᠠᠪᠤᠷᠢ ᠠᠪᠬᠤ ᠮᠡᠳᠡᠭᠦᠯᠦᠯᠲᠡ》 ᠬᠢᠪᠡ᠃ 1 ᠳ᠋ᠦ᠍ᠭᠡᠷ ᠰᠠᠷ᠎ᠠ ᠵᠢᠨ 21᠎ᠤ ᠡᠳᠦᠷ᠂ ᠨᠠᠮ᠎ᠤᠨ ᠲᠥᠪ ᠬᠣᠷᠢᠶ᠎ᠠ ᠡᠨᠡ ᠬᠦ᠌ ᠮᠡᠳᠡᠭᠦᠯᠦᠯᠲᠡ ᠵᠢ ᠵᠥᠪᠰᠢᠶᠡᠷᠡᠵᠦ᠂ ᠡᠨᠡ ᠬᠣᠶᠠᠷ ᠶᠡᠬᠡ ᠬᠢᠯᠢᠰ ᠬᠤᠳᠠᠯ ᠪᠤᠷᠤᠭᠤ ᠬᠡᠷᠡᠭ᠎ᠢ ᠲᠤᠢ᠌ᠯᠪᠤᠷᠢᠲᠠᠢ ᠲᠦᠯᠬᠢᠨ ᠤᠨᠠᠭ᠋ᠠᠵᠤ᠂ ᠬᠣᠬᠢᠷᠠᠯ ᠠᠮᠰᠠᠭᠰᠠᠨ ᠨᠥᠬᠥᠳ᠎ᠤᠨ ᠬᠢᠯᠢᠰ᠎ᠢ ᠴᠠᠭ᠋ᠠᠳᠬᠠᠵᠤ᠂ ᠨᠡᠷ᠎ᠡ ᠲᠦᠷᠦ ᠵᠢ᠎ᠨᠢ ᠰᠡᠷᠭᠦᠭᠡᠵᠦ ᠥᠭᠬᠦ ᠵᠢ ᠱᠠᠭ᠋ᠠᠷᠳᠠᠭᠰᠠᠨ ᠪᠥᠭᠡᠳ 《ᠰᠣᠶᠣᠯ᠎ᠤᠨ ᠶᠡᠬᠡ ᠬᠤᠪᠢᠰᠬᠠᠯ》᠎ᠠᠴᠠ ᠡᠮᠦᠨᠡᠬᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠰᠬᠠᠯ ᠪᠠ ᠪᠦᠲᠦᠭᠡᠨ ᠪᠠᠢ᠌ᠭᠤᠯᠤᠯᠲᠠ ᠵᠢᠨ ᠠᠮᠵᠢᠯᠲᠠ ᠪᠦᠲᠦᠮᠵᠢ ᠵᠢ ᠪᠦᠬᠦ ᠲᠠᠯ᠎ᠠ᠎ᠪᠠᠷ ᠨᠤᠲᠠᠯᠠᠵᠤ᠂ ᠪᠠᠰᠠ ᠥᠪᠥᠷ ᠮᠣᠩᠭᠣᠯ᠎ᠤᠨ ᠡᠯ᠎ᠡ ᠵᠦᠢ᠍ᠯ᠎ᠤᠨ ᠦᠢ᠍ᠯᠡᠳᠪᠦᠷᠢᠯᠡᠯ ᠪᠦᠲᠦᠭᠡᠨ ᠪᠠᠢ᠌ᠭᠤᠯᠤᠯᠲᠠ ᠵᠢᠨ ᠦᠢ᠍ᠯᠡᠰ᠎ᠤᠨ ᠬᠥᠭᠵᠢᠯᠲᠡ᠎ᠳᠤ ᠴᠢᠭᠯᠡᠯ᠎ᠢ ᠲᠣᠳᠣᠷᠬᠠᠢ ᠵᠢᠭ᠋ᠠᠵᠤ ᠥᠭᠴᠡᠢ᠃ 


0508内蒙古工作中出现的重大偏差都是党中央帮助纠正的(二).png


  《ᠲᠦᠷᠪᠡᠨ ᠬᠥᠮᠥᠨ᠎ᠤ ᠪᠦᠯᠦᠭ》᠎ᠢ ᠪᠤᠳᠠ ᠨᠢᠷᠭᠡᠭᠰᠡᠨ᠎ᠢ ᠪᠡᠯᠭᠡᠯᠡᠬᠦ ᠬᠥᠬᠡᠬᠣᠲᠠ᠎ᠳᠠᠬᠢ ᠴᠤᠭᠯᠠᠭ᠋ᠠᠨ 

   ᠨᠠᠮ᠎ᠤᠨ ᠲᠥᠪ ᠬᠣᠷᠢᠶᠠᠨ᠎ᠤ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠦᠨᠳᠦᠰᠦᠯᠡᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ 1979 ᠣᠨ᠎ᠤ 1 ᠳ᠋ᠦ᠍ᠭᠡᠷ ᠰᠠᠷ᠎ᠠ ᠵᠢᠨ 23᠎ᠤ ᠡᠳᠦᠷ ᠪᠦᠬᠦ ᠣᠷᠣᠨ᠎ᠤ ᠤᠲᠠᠰᠤᠲᠤ ᠷᠠᠳᠢᠣ᠋ ᠶᠡᠬᠡ ᠬᠤᠷᠠᠯ ᠬᠤᠷᠠᠯᠳᠤᠭᠤᠯᠵᠤ᠂ ᠲᠥᠪ ᠴᠢᠩᠭ᠎ᠠ᠎ᠪᠠᠷ ᠨᠡᠢ᠌ᠲᠡᠯᠡᠬᠦ᠎ᠳᠤ᠎ᠪᠠᠨ᠄ 《ᠰᠣᠶᠣᠯ᠎ᠤᠨ ᠶᠡᠬᠡ ᠬᠤᠪᠢᠰᠬᠠᠯ》᠎ᠠᠴᠠ ᠨᠠᠭ᠋ᠠᠰᠢ᠂ ᠬᠤᠪᠢᠰᠬᠠᠯ᠎ᠤᠨ ᠡᠰᠡᠷᠭᠦᠦ ᠯᠢᠨ ᠪᠢᠶᠣᠣ᠂ ᠵᠢᠶᠠᠩ ᠴᠢᠩ᠎ᠤᠨ ᠪᠦᠯᠦᠭᠯᠡᠯ ᠠᠯᠢ ᠤᠯᠠᠨ ᠬᠢᠯᠢᠰ ᠬᠤᠳᠠᠯ ᠪᠤᠷᠤᠭᠤ ᠬᠡᠷᠡᠭ᠎ᠢ ᠵᠣᠬᠢᠶᠠᠪᠠ᠂ ᠥᠪᠥᠷ ᠮᠣᠩᠭᠣᠯ᠎ᠳᠤ ᠪᠦᠬᠦ ᠣᠷᠣᠨ᠎ᠯᠤᠭ᠎ᠠ ᠬᠣᠯᠪᠣᠭᠳᠠᠭᠰᠠᠨ᠂ ᠨᠥᠯᠥᠭᠡ᠎ᠪᠠᠷ ᠬᠠᠮᠤᠭ᠎ᠤᠨ ᠶᠡᠬᠡ᠂ ᠬᠣᠣᠷ ᠬᠥᠨᠥᠭᠡᠯ ᠵᠶ᠋ᠡᠷ ᠬᠠᠮᠤᠭ᠎ᠤᠨ ᠬᠡᠴᠡᠭᠦᠦ᠎ᠨᠢ 《ᠤᠯᠠᠭ᠋ᠠᠨᠬᠦᠦ ᠵᠢᠨ ᠨᠠᠮ᠎ᠢ ᠡᠰᠡᠷᠭᠦᠴᠡᠵᠦ ᠤᠯᠤᠰ᠎ᠠᠴᠠ ᠤᠷᠪᠠᠭᠰᠠᠨ ᠪᠦᠯᠦᠭᠯᠡᠯ》᠂ 《ᠥᠪᠥᠷ ᠮᠣᠩᠭᠣᠯ᠎ᠤᠨ ᠬᠣᠶᠠᠳᠤᠭ᠋ᠠᠷ ᠰᠠᠷ᠎ᠠ ᠵᠢᠨ ᠰᠥᠷᠭᠡᠦ ᠤᠷᠤᠰᠬᠠᠯ》 ᠪᠠ 《ᠰᠢᠨ᠎ᠡ ᠥᠪᠥᠷ ᠠᠷᠠᠳ᠎ᠤᠨ ᠨᠠᠮ》 ᠭᠡᠬᠦ ᠭᠤᠷᠪᠠᠨ ᠶᠡᠬᠡ ᠬᠢᠯᠢᠰ ᠬᠤᠳᠠᠯ ᠪᠤᠷᠤᠭᠤ ᠬᠡᠷᠡᠭ ᠪᠣᠯᠣᠨ᠎ᠠ᠂ ᠲᠡᠷᠡ᠎ᠨᠢ ᠥᠪᠥᠷ ᠮᠣᠩᠭᠣᠯ᠎ᠤᠨ ᠲᠡᠦᠬᠡ ᠵᠢᠨ ᠵᠥᠪ ᠪᠤᠷᠤᠭᠤ ᠵᠢ ᠦᠨᠳᠦᠰᠦᠨ᠎ᠠᠴᠠ᠎ᠨᠢ ᠲᠣᠩᠭᠣᠷᠠᠭᠤᠯᠤᠭᠰᠠᠨ ᠪᠣᠯᠬᠣᠷ ᠲᠤᠢ᠌ᠯᠪᠤᠷᠢᠲᠠᠢ ᠴᠠᠭ᠋ᠠᠳᠬᠠᠵᠤ ᠥᠭᠬᠦ ᠬᠡᠷᠡᠭᠲᠡᠢ ᠭᠡᠵᠡᠢ᠃ 

   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠨᠠᠮ᠎ᠤᠨ ᠲᠥᠪ ᠬᠣᠷᠢᠶᠠᠨ᠎ᠤ ᠵᠥᠪ ᠣᠨᠣᠪᠴᠢᠲᠠᠶ ᠤᠳᠤᠷᠢᠳᠤᠯᠭ᠎ᠠ ᠪᠠ ᠬᠦᠴᠦᠲᠡᠢ ᠳᠡᠮᠵᠢᠯᠭᠡ ᠳᠣᠣᠷ᠎ᠠ᠂ 《ᠰᠣᠶᠣᠯ᠎ᠤᠨ ᠶᠡᠬᠡ ᠬᠤᠪᠢᠰᠬᠠᠯ》᠎ᠤᠨ ᠬᠤᠭᠤᠴᠠᠭ᠋ᠠᠨ᠎ᠳᠠᠬᠢ ᠬᠢᠯᠢᠰ ᠬᠤᠳᠠᠯ ᠪᠤᠷᠤᠭᠤ ᠬᠡᠷᠡᠭ ᠵᠢᠴᠢ 《ᠰᠣᠶᠣᠯ᠎ᠤᠨ ᠶᠡᠬᠡ ᠬᠤᠪᠢᠰᠬᠠᠯ》᠎ᠠᠴᠠ ᠡᠮᠦᠨᠡᠬᠢ 《ᠵᠡᠭᠦᠨ》᠎ᠤ ᠬᠡᠯᠪᠡᠷᠢᠯ ᠳᠣᠣᠷ᠎ᠠ ᠡᠭᠦᠰᠦᠭᠰᠡᠨ ᠲᠡᠦᠬᠡ ᠵᠢᠨ ᠪᠤᠷᠤᠭᠤ ᠬᠡᠷᠡᠭ᠎ᠢ ᠨᠢᠭᠡᠳ ᠨᠢᠭᠡ᠎ᠪᠠᠷ ᠢᠯᠭ᠋ᠠᠨ ᠴᠠᠭ᠋ᠠᠳᠬᠠᠵᠤ᠂ ᠨᠠᠮ᠎ᠤᠨ ᠺᠠᠳ᠋ᠷ᠎ᠤᠨ ᠲᠥᠷᠥ ᠵᠢᠨ ᠪᠣᠳᠣᠯᠭ᠎ᠠ᠂ ᠦᠨᠳᠦᠰᠦᠲᠡᠨ᠎ᠤ ᠲᠥᠷᠥ ᠵᠢᠨ ᠪᠣᠳᠣᠯᠭ᠎ᠠ᠂ ᠨᠢᠭᠡᠳᠦᠮᠡᠯ ᠹᠷᠣᠨᠲ᠎ᠤᠨ ᠲᠥᠷᠥ ᠵᠢᠨ ᠪᠣᠳᠣᠯᠭ᠎ᠠ᠂ ᠰᠡᠬᠡᠭᠡᠲᠡᠨ᠎ᠤ ᠲᠥᠷᠥ ᠵᠢᠨ ᠪᠣᠳᠣᠯᠭ᠎ᠠ᠂ ᠮᠠᠯᠵᠢᠬᠤ ᠲᠠᠷᠢᠶᠠᠯᠠᠬᠤ ᠣᠷᠣᠨ᠎ᠤ ᠠᠵᠤ ᠠᠬᠤᠢ ᠵᠢᠨ ᠲᠥᠷᠥ ᠵᠢᠨ ᠪᠣᠳᠣᠯᠭ᠎ᠠ ᠵᠢ ᠦᠨᠡᠨ᠎ᠢ ᠪᠠᠷᠢᠮᠲᠠᠯᠠᠨ ᠨᠠᠢ᠌ᠳᠠᠪᠤᠷᠢᠵᠢᠭᠤᠯᠵᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠨᠡᠢ᠌ᠭᠡᠮ ᠵᠢᠷᠤᠮ᠎ᠢ ᠪᠦᠲᠦᠭᠡᠨ ᠪᠠᠶ᠋ᠢᠭᠤᠯᠬᠤ ᠢᠳᠡᠪᠬᠢᠵᠢᠯ᠎ᠢ᠎ᠨᠢ ᠲᠤᠢ᠌ᠯ᠎ᠤᠨ ᠶᠡᠬᠡ᠎ᠪᠠᠷ ᠳᠠᠶ᠋ᠢᠴᠢᠯᠠᠵᠤ᠂ 《ᠵᠡᠭᠦᠨ》᠎ᠤ ᠬᠡᠯᠪᠡᠷᠢᠯ᠎ᠤᠨ ᠪᠦᠬᠦ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠳᠤ ᠤᠴᠠᠷᠠᠭᠤᠯᠤᠭᠰᠠᠨ ᠡᠳ᠋ ᠪᠣᠳᠠᠰ᠎ᠤᠨ ᠬᠣᠬᠢᠷᠠᠯ᠎ᠢ ᠨᠥᠬᠥᠪᠦᠷᠢᠯᠡᠵᠦ᠂ ᠤᠶᠤᠨ ᠰᠠᠨᠠᠭ᠋ᠠᠨ᠎ᠤ ᠰᠢᠷᠬ᠎ᠠ ᠵᠢ ᠡᠮᠨᠡᠨ ᠵᠠᠰᠠᠵᠤ᠂ ᠥᠪᠥᠷ ᠮᠣᠩᠭᠣᠯ᠎ᠤᠨ ᠲᠦᠪᠰᠢᠷᠡᠨ ᠪᠦᠯᠬᠦᠮᠳᠡᠭᠰᠡᠨ ᠤᠯᠤᠰ ᠲᠦᠷᠦ ᠵᠢᠨ ᠪᠠᠢ᠌ᠳᠠᠯ᠎ᠢ ᠪᠡᠬᠢᠵᠢᠭᠦᠯᠦᠨ ᠬᠥᠭᠵᠢᠭᠦᠯᠦᠭᠡᠳ᠂ ᠪᠦᠬᠦ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠦᠷᠢᠶᠡᠯᠡᠯ᠎ᠢ ᠣᠯᠵᠤ᠂ ᠥᠪᠥᠷ ᠮᠣᠩᠭᠣᠯ᠎ᠤᠨ ᠡᠯ᠎ᠡ ᠵᠦᠢ᠍ᠯ᠎ᠤᠨ ᠠᠵᠢᠯ ᠦᠢ᠍ᠯᠡᠰ ᠳᠠᠬᠢᠨᠲᠠ ᠵᠥᠪ ᠵᠠᠮ᠎ᠳᠤ᠎ᠪᠠᠨ ᠣᠷᠣᠵᠤ᠂ ᠥᠭᠡᠷᠡᠴᠢᠯᠡᠯᠲᠡ ᠨᠡᠭᠡᠭᠡᠯᠲᠡ ᠵᠢᠨ ᠲᠡᠦᠬᠡᠨ ᠶᠡᠬᠡ ᠤᠷᠤᠰᠬᠠᠯ᠎ᠢ ᠤᠭᠲᠤᠨ ᠠᠪᠴᠢᠷᠠᠪᠠ᠃ 


ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ