《ᠵᠢᠷᠭᠤᠭ᠋ᠠᠨ ᠥᠭᠦᠯᠡᠪᠦᠷᠢ ᠦᠭᠡᠨ᠎ᠤ ᠪᠣᠳᠠᠲᠤ ᠶᠠᠪᠤᠳᠠᠯ ᠪᠠ ᠶᠣᠰᠣ ᠤᠴᠢᠷ》 ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠦᠵᠢ ᠰᠦᠨ ᠱᠣᠣ ᠴᠧᠩ ᠵᠣᠬᠢᠶᠠᠯ᠂ ᠶᠠᠷᠢᠶᠠᠨ᠎ᠳᠤ᠎ᠪᠠᠨ ᠳ᠋ᠦᠩᠨᠡᠵᠦ ᠲᠣᠳᠣᠷᠬᠠᠢ᠌ᠯᠠᠨ ᠲᠠᠢ᠌ᠯᠪᠤᠷᠢᠯᠠᠭᠰᠠᠨ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠮᠲᠤ ᠵᠢᠨ ᠰᠡᠳᠬᠢᠯ᠎ᠤᠨ ᠳᠠᠭᠤᠨ ᠪᠣᠯᠣᠨ᠎ᠠ
ᠥᠪᠥᠷ ᠮᠣᠩᠭᠣᠯ ᠣᠷᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠠᠮᠤᠭ᠎ᠤᠨ ᠡᠷᠲᠡ ᠨᠠᠮ᠎ᠤᠨ ᠵᠣᠬᠢᠶᠠᠨ ᠪᠠᠢ᠌ᠭᠤᠯᠤᠯᠲᠠ ᠵᠢ ᠪᠠᠢ᠌ᠭᠤᠯᠤᠭᠰᠠᠨ ᠦᠨᠳᠦᠰᠦᠲᠡᠨ᠎ᠤ ᠭᠠᠵᠠᠷ ᠣᠷᠣᠨ ᠪᠣᠯᠣᠨ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠰᠢᠭᠤᠳ ᠤᠳᠤᠷᠢᠳᠤᠯᠭ᠎ᠠ ᠳᠣᠣᠷ᠎ᠠ ᠪᠠᠢ᠌ᠭᠤᠯᠤᠭᠳᠠᠭᠰᠠᠨ ᠶᠤᠮ
ᠥᠪᠥᠷ ᠮᠣᠩᠭᠣᠯ ᠪᠣᠯ ᠨᠠᠮ᠎ᠤᠨ ᠲᠥᠪ ᠬᠣᠷᠢᠶᠠᠨ᠎ᠤ ᠳᠡᠮᠵᠢᠯᠭᠡ ᠳᠣᠣᠷ᠎ᠠ ᠬᠥᠭᠵᠢᠭᠰᠡᠨ ᠶᠤᠮ
ᠥᠪᠥᠷ ᠮᠣᠩᠭᠣᠯ᠎ᠤᠨ ᠠᠵᠢᠯ᠎ᠤᠨ ᠳᠤᠮᠳᠠ ᠢᠯᠡᠷᠡᠭᠰᠡᠨ ᠬᠦᠨᠳᠦ ᠶᠡᠬᠡ ᠬᠡᠯᠪᠡᠷᠢᠯ ᠵᠥᠷᠢᠶ᠎ᠡ ᠵᠢ ᠴᠥᠮ ᠨᠠᠮ᠎ᠤᠨ ᠲᠥᠪ ᠬᠣᠷᠢᠶᠠᠨ᠎ᠠᠴᠠ ᠬᠠᠪᠰᠤᠷᠤᠨ ᠵᠠᠯᠠᠷᠠᠭᠤᠯᠤᠭᠰᠠᠨ ᠶᠤᠮ
ᠥᠪᠥᠷ ᠮᠣᠩᠭᠣᠯ᠎ᠤᠨ ᠰᠢᠨ᠎ᠡ ᠴᠠᠭ ᠦᠶ᠎ᠡ ᠵᠢᠨ ᠬᠥᠭᠵᠢᠯᠲᠡ ᠵᠢᠨ ᠠᠮᠵᠢᠯᠲᠠ ᠪᠦᠲᠦᠮᠵᠢ ᠵᠢ ᠪᠣᠯ ᠶᠡᠷᠦᠩᠬᠡᠢ ᠱᠦᠵᠢ ᠰᠢ ᠵᠢᠨ ᠫᠢᠩ᠎ᠤᠨ ᠳᠣᠲᠣᠨᠣ ᠬᠠᠯᠠᠮᠵᠢᠯᠠᠯ ᠪᠠ ᠵᠢᠯᠣᠭᠣᠳᠤᠯᠭ᠎ᠠ ᠳᠣᠣᠷ᠎ᠠ ᠣᠯᠣᠭᠰᠠᠨ ᠶᠤᠮ
ᠥᠪᠥᠷ ᠮᠣᠩᠭᠣᠯ ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠪᠣᠯᠣᠭᠰᠠᠨ᠎ᠤ ᠵᠢᠱ᠌ᠢᠶᠡᠴᠢ᠎ᠨᠢ ᠨᠠᠮ᠎ᠤᠨ ᠦᠭᠡ ᠵᠢ ᠰᠣᠨᠣᠰᠤᠭᠰᠠᠨ᠎ᠳᠤ ᠪᠣᠢ
ᠥᠪᠥᠷ ᠮᠣᠩᠭᠣᠯ᠎ᠤᠨ ᠠᠵᠢᠯ᠎ᠤᠨ ᠳᠤᠮᠳᠠ ᠢᠯᠡᠷᠡᠭᠰᠡᠨ ᠬᠦᠨᠳᠦ ᠶᠡᠬᠡ ᠬᠡᠯᠪᠡᠷᠢᠯ ᠵᠥᠷᠢᠶ᠎ᠡ ᠵᠢ
ᠴᠥᠮ ᠨᠠᠮ᠎ᠤᠨ ᠲᠥᠪ ᠬᠣᠷᠢᠶᠠᠨ᠎ᠠᠴᠠ ᠬᠠᠪᠰᠤᠷᠤᠨ ᠵᠠᠯᠠᠷᠠᠭᠤᠯᠤᠭᠰᠠᠨ ᠶᠤᠮ (ᠨᠢᠭᠡ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠠᠢ᠌ᠭᠤᠯᠤᠭᠳᠠᠭᠰᠠᠨ᠎ᠠᠴᠠ ᠨᠠᠭ᠋ᠠᠰᠢ᠂ ᠠᠵᠢᠯ᠎ᠤᠨ ᠳᠤᠮᠳᠠ ᠬᠦᠨᠳᠦ ᠶᠡᠬᠡ ᠬᠡᠯᠪᠡᠷᠢᠯ ᠵᠦᠷᠢᠶ᠎ᠠ ᠭᠠᠷᠬᠤ ᠦᠶ᠎ᠡ᠎ᠳᠤ᠂ ᠨᠠᠮ᠎ᠤᠨ ᠲᠥᠪ ᠬᠣᠷᠢᠶᠠᠨ᠎ᠠᠴᠠ ᠴᠠᠭ ᠲᠤᠬᠠᠢᠳᠤᠨᠢ ᠵᠢᠭ᠋ᠠᠨ ᠵᠢᠯᠤᠭᠣᠳᠴᠤ᠂ ᠪᠢᠳᠡᠨ᠎ᠢ ᠬᠠᠪᠰᠤᠷᠴᠦ ᠵᠠᠮ ᠵᠢᠭ᠋ᠠᠨ ᠴᠢᠭᠯᠡᠯ ᠲᠣᠭᠲᠠᠭ᠋ᠠᠵᠤ᠂ ᠬᠡᠯᠪᠡᠷᠢᠯ᠎ᠢ ᠵᠠᠯᠠᠷᠠᠭᠤᠯᠤᠨ ᠴᠢᠭᠯᠡᠯ᠎ᠢ ᠵᠠᠰᠠᠵᠤ ᠪᠠᠢ᠌ᠪᠠ᠂ ᠲᠡᠷᠡᠴᠢᠯᠡᠨ ᠤᠳᠠᠭ᠎ᠠ ᠪᠦᠷᠢ ᠬᠠᠯᠠᠨ ᠰᠠᠢ᠌ᠵᠢᠷᠠᠭᠤᠯᠤᠭᠰᠠᠨ᠎ᠤ ᠳᠠᠷᠠᠭ᠎ᠠ ᠥᠪᠥᠷ ᠮᠣᠩᠭᠣᠯ᠎ᠤᠨ ᠠᠵᠢᠯ᠎ᠳᠤ ᠴᠥᠮ ᠴᠣ᠋ ᠰᠢᠨ᠎ᠡ ᠴᠢᠬᠤᠯᠠ ᠶᠡᠬᠡ ᠲᠠᠪᠰᠢᠯᠳᠠ᠎ᠲᠠᠢ ᠪᠣᠯᠤᠭᠰᠠᠨ ᠪᠠᠢ᠌ᠨ᠎ᠠ᠃ ᠡᠷᠬᠢᠨ ᠬᠠᠷᠠᠬᠤᠶ᠎ᠠ᠂ ᠬᠡᠷᠪᠡ ᠨᠠᠮ᠎ᠤᠨ ᠲᠥᠪ ᠬᠣᠷᠢᠶᠠᠨ᠎ᠤ ᠵᠢᠯᠣᠭᠣᠳᠤᠯᠭ᠎ᠠ ᠪᠠ ᠬᠠᠪᠰᠤᠷᠤᠯᠭ᠎ᠠ ᠪᠠᠢ᠌ᠭᠰᠠᠨ ᠦᠭᠡᠢ ᠪᠣᠯ᠂ ᠥᠪᠥᠷ ᠮᠣᠩᠭᠣᠯ ᠬᠡᠴᠢᠨᠡᠨ ᠤᠯᠠᠨ ᠨᠤᠭᠤᠷᠠᠯ ᠪᠦᠳᠦᠷᠢᠯ ᠪᠠ ᠬᠣᠬᠢᠷᠠᠯ ᠰᠦᠢ᠍ᠳᠦᠯ᠎ᠳᠤ ᠤᠴᠠᠷᠠᠬᠤ ᠵᠢ ᠪᠦᠦ ᠮᠡᠳᠡ᠂ ᠬᠡᠴᠢᠨᠡᠨ ᠤᠯᠠᠨ ᠲᠣᠭᠣᠷᠢᠤ ᠵᠠᠮ ᠵᠠᠮᠨᠠᠵᠤ᠂ ᠬᠡᠴᠢᠨᠡᠨ ᠬᠦᠨᠳᠦ ᠳᠠᠷᠤᠭ᠋ᠠᠰᠤ ᠵᠢ ᠡᠭᠦᠷᠭᠡᠯᠡᠬᠦ ᠵᠢ ᠪᠦᠦ ᠮᠡᠳᠡ᠃
ᠭᠠᠵᠠᠷ ᠰᠢᠷᠤᠢ ᠵᠢᠨ ᠥᠭᠡᠷᠡᠴᠢᠯᠡᠯᠲᠡ ᠵᠢᠨ ᠡᠬᠢᠨ᠎ᠤ ᠦᠶ᠎ᠡ᠎ᠳᠤ ᠬᠡᠰᠡᠭ ᠲᠠᠷᠢᠶᠠᠯᠠᠬᠤ ᠣᠷᠣᠨ᠎ᠳᠠᠬᠢ ᠠᠵᠢᠯ᠎ᠤᠨ ᠬᠡᠯᠪᠡᠷᠢᠯ ᠵᠦᠷᠢᠶ᠎ᠡ ᠵᠢ ᠵᠠᠯᠠᠷᠠᠭᠤᠯᠪᠠ
1947 ᠣᠨ᠎ᠤ 11 ᠳ᠋ᠦ᠍ᠭᠡᠷ ᠰᠠᠷ᠎ᠠ᠂ ᠥᠪᠥᠷ ᠮᠣᠩᠭᠣᠯ᠎ᠤᠨ ᠴᠢᠯᠦᠭᠡᠯᠡᠭᠳᠡᠭᠰᠡᠨ ᠣᠷᠣᠨ ᠵᠶ᠋ᠠᠷ ᠭᠠᠵᠠᠷ ᠰᠢᠷᠣᠢ ᠵᠢᠨ ᠥᠭᠡᠷᠡᠴᠢᠯᠡᠯᠲᠡ ᠵᠢ ᠥᠷᠨᠢᠭᠦᠯᠦᠭᠰᠡᠨ ᠡᠬᠢᠨ᠎ᠤ ᠬᠤᠭᠤᠴᠠᠭ᠋ᠠᠨ᠎ᠳᠤ᠂ ᠵᠢᠷᠤᠮᠯᠠᠬᠤ ᠦᠯᠢᠭᠡᠷ ᠵᠢᠱ᠌ᠢᠶ᠎ᠡ ᠪᠠᠢ᠌ᠭᠰᠠᠨ ᠦᠭᠡᠢ᠂ ᠭᠠᠵᠠᠷ ᠰᠢᠷᠣᠢ ᠵᠢᠨ ᠠᠰᠠᠭᠤᠳᠠᠯ ᠳᠡᠭᠡᠷ᠎ᠡ ᠲᠤᠰᠬᠠᠭᠳᠠᠭᠰᠠᠨ ᠪᠤᠳᠤᠯᠢᠶᠠᠨᠲᠠᠢ ᠬᠠᠷᠢᠴᠠᠭ᠎ᠠ ᠵᠢ ᠣᠨᠣᠪᠴᠢᠲᠠᠶ ᠡᠵᠡᠮᠳᠡᠵᠦ ᠴᠢᠳᠠᠭᠰᠠᠨ ᠦᠭᠡᠢ᠎ᠠᠴᠠ ᠪᠣᠯᠵᠤ᠂ ᠬᠡᠰᠡᠭ ᠭᠠᠵᠠᠷ ᠣᠷᠣᠨ᠎ᠤ ᠭᠠᠵᠠᠷ ᠰᠢᠷᠣᠢ ᠵᠢᠨ ᠥᠭᠡᠷᠡᠴᠢᠯᠡᠯᠲᠡ ᠵᠢᠨ ᠠᠵᠢᠯ᠎ᠳᠤ ᠬᠡᠯᠪᠡᠷᠢᠯ ᠵᠦᠷᠢᠶ᠎ᠠ ᠭᠠᠷᠴᠤ᠂ ᠤᠯᠠᠨ ᠲᠦᠮᠡᠨ᠎ᠤ ᠠᠰᠢᠭ ᠲᠤᠰᠠ ᠬᠣᠬᠢᠷᠠᠯ᠎ᠳᠤ ᠤᠴᠠᠷᠠᠪᠠ᠃ ᠡᠢ᠌ᠮᠦᠷᠬᠦᠦ ᠬᠡᠯᠪᠡᠷᠢᠯ ᠵᠦᠷᠢᠶ᠎ᠡ᠎ᠨᠢ ᠭᠠᠵᠠᠷ ᠰᠢᠷᠤᠢ ᠵᠢᠨ ᠥᠭᠡᠷᠡᠴᠢᠯᠡᠯᠲᠡ ᠵᠢᠨ ᠠᠵᠢᠯ᠎ᠤᠨ ᠡᠷᠡᠭᠦᠯ ᠵᠶ᠋ᠡᠷ ᠬᠥᠭᠵᠢᠬᠦ ᠵᠢ ᠬᠠᠷᠰᠢᠯᠠᠵᠤ᠂ ᠤᠯᠠᠨ ᠲᠦᠮᠡᠨ᠎ᠤ ᠢᠳᠡᠪᠬᠢᠵᠢᠯ᠎ᠢ ᠮᠢᠲᠠᠷᠠᠭᠤᠯᠤᠭᠰᠠᠨ ᠪᠠᠢ᠌ᠨ᠎ᠠ᠃
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠥᠪᠥᠷ ᠮᠣᠩᠭᠣᠯ᠎ᠤᠨ ᠴᠢᠯᠦᠭᠡᠯᠡᠭᠳᠡᠭᠰᠡᠨ ᠣᠷᠣᠨ᠎ᠢ ᠪᠠᠭᠲᠠᠭ᠋ᠠᠭᠰᠠᠨ ᠪᠦᠬᠦ ᠤᠯᠤᠰ᠎ᠤᠨ ᠰᠢᠨ᠎ᠡ ᠴᠢᠯᠦᠭᠡᠯᠡᠭᠳᠡᠭᠰᠡᠨ ᠣᠷᠣᠨ᠎ᠨᠤᠭᠤᠳ᠎ᠤᠨ ᠭᠠᠵᠠᠷ ᠰᠢᠷᠣᠢ ᠵᠢᠨ ᠥᠭᠡᠷᠡᠴᠢᠯᠡᠯᠲᠡ ᠵᠢᠨ ᠠᠵᠢᠯ᠎ᠤᠨ ᠳᠤᠮᠳᠠ ᠢᠯᠡᠷᠡᠭᠰᠡᠨ ᠬᠡᠯᠪᠡᠷᠢᠯ ᠵᠦᠷᠢᠶ᠎ᠡ ᠵᠢ ᠰᠡᠷᠭᠡᠭ ᠵᠶ᠋ᠡᠷ ᠰᠡᠷᠡᠵᠦ ᠮᠡᠳᠡᠭᠡᠳ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠲᠣᠭᠲᠠᠭ᠋ᠠᠭᠰᠠᠨ ᠭᠠᠵᠠᠷ ᠰᠢᠷᠤᠢ ᠵᠢᠨ ᠥᠭᠡᠷᠡᠴᠢᠯᠡᠯᠲᠡ ᠵᠢᠨ ᠶᠡᠷᠦᠩᠬᠡᠢ ᠱᠤᠭᠤᠮ ᠪᠠ ᠶᠡᠷᠦᠩᠬᠡᠢ ᠲᠦᠷᠦ ᠵᠢᠨ ᠪᠣᠳᠣᠯᠭ᠎ᠠ ᠵᠢ ᠡᠷᠡᠰ ᠬᠡᠷᠡᠭᠵᠢᠭᠦᠯᠬᠦ ᠬᠡᠷᠡᠭᠲᠡᠢ᠂ ᠲᠤᠬᠠᠢ᠌ᠯᠠᠪᠠᠯ ᠶᠠᠳᠠᠭᠤ ᠲᠠᠷᠢᠶᠠᠴᠢᠨ᠎ᠳᠤ ᠲᠦᠰᠢᠭᠯᠡᠨ᠂ ᠳᠤᠮᠳᠠ ᠲᠠᠷᠢᠶᠠᠴᠢᠨ᠎ᠲᠠᠢ ᠪᠦᠯᠬᠦᠮᠳᠡᠵᠦ᠂ ᠹᠧᠣᠳᠠᠯ᠎ᠤᠨ ᠮᠥᠯᠵᠢᠯ᠎ᠲᠦ ᠪᠠᠢ᠌ᠭᠤᠯᠤᠯ᠎ᠢ ᠠᠯᠬᠤᠮ ᠲᠠᠷᠠᠭ᠎ᠠ᠎ᠲᠠᠢ᠂ ᠢᠯᠭ᠋ᠠᠭ᠎ᠠ᠎ᠲᠠᠢ᠎ᠪᠠᠷ ᠤᠰᠠᠳᠬᠠᠨ᠂ ᠲᠠᠷᠢᠶᠠᠯᠠᠩ᠎ᠤᠨ ᠦᠢ᠍ᠯᠡᠳᠪᠦᠷᠢᠯᠡᠯ᠎ᠢ ᠬᠥᠭᠵᠢᠭᠦᠯᠬᠦ ᠬᠡᠷᠡᠭᠲᠡᠢ ᠭᠡᠵᠦ ᠱᠠᠭ᠋ᠠᠷᠳᠠᠪᠠ᠃ 1948 ᠣᠨ᠎ᠤ 2 ᠳ᠋ᠤᠭ᠋ᠠᠷ ᠰᠠᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠭᠠᠵᠠᠷ ᠰᠢᠷᠣᠢ ᠵᠢᠨ ᠥᠭᠡᠷᠡᠴᠢᠯᠡᠯᠲᠡ ᠵᠢᠨ ᠠᠵᠢᠯ᠎ᠤᠨ ᠲᠦᠷᠦ ᠵᠢᠨ ᠪᠣᠳᠣᠯᠭ᠎ᠠ᠂ ᠠᠷᠭ᠎ᠠ ᠪᠣᠳᠣᠯᠭ᠎ᠠ ᠵᠢ ᠵᠠᠯᠠᠷᠠᠭᠤᠯᠵᠤ᠂ ᠲᠣᠬᠢᠷᠠᠭᠤᠯᠤᠨ ᠲᠡᠭᠦᠯᠳᠡᠷᠵᠢᠭᠦᠯᠪᠡ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠪᠠ ᠵᠡᠭᠦᠨ ᠬᠣᠢ᠌ᠲᠤ ᠣᠷᠣᠨ᠎ᠤ ᠲᠣᠪᠴᠢᠶ᠎ᠠ ᠵᠢᠨ ᠤᠳᠤᠷᠢᠳᠤᠯᠭ᠎ᠠ ᠳᠣᠣᠷ᠎ᠠ᠂ ᠥᠪᠥᠷ ᠮᠣᠩᠭᠣᠯ᠎ᠤᠨ ᠡᠪ ᠬᠠᠮᠲᠤ ᠨᠠᠮ᠎ᠤᠨ ᠠᠵᠢᠯ᠎ᠤᠨ ᠬᠣᠷᠢᠶ᠎ᠠ ᠨᠠᠮ᠎ᠤᠨ ᠲᠥᠪ ᠬᠣᠷᠢᠶᠠᠨ᠎ᠤ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠭᠠᠵᠠᠷ ᠰᠢᠷᠣᠢ ᠵᠢᠨ ᠥᠭᠡᠷᠡᠴᠢᠯᠡᠯᠲᠡ ᠵᠢᠨ ᠬᠥᠳᠡᠯᠭᠡᠭᠡᠨ᠎ᠢ ᠥᠷᠨᠢᠭᠦᠯᠦᠭᠰᠡᠨ᠎ᠠᠴᠠ ᠨᠠᠭ᠋ᠠᠰᠢ ᠣᠯᠣᠭᠰᠠᠨ ᠲᠤᠷᠰᠢᠯᠭ᠎ᠠ ᠰᠤᠷᠭ᠋ᠠᠮᠵᠢ᠎ᠪᠠᠨ ᠳ᠋ᠦᠩᠨᠡᠵᠦ᠂ ᠥᠪᠥᠷ ᠮᠣᠩᠭᠣᠯ᠎ᠤᠨ ᠴᠢᠯᠦᠭᠡᠯᠡᠭᠳᠡᠭᠰᠡᠨ ᠣᠷᠣᠨ᠎ᠤ ᠬᠥᠳᠡᠭᠡ ᠲᠣᠰᠬᠣᠨ᠎ᠳᠤ ᠭᠠᠵᠠᠷ ᠰᠢᠷᠣᠢ ᠵᠢᠨ ᠥᠭᠡᠷᠡᠴᠢᠯᠡᠯᠲᠡ ᠵᠢᠨ ᠳᠠᠬᠢᠨ ᠪᠠᠢ᠌ᠴᠠᠭ᠋ᠠᠵᠤ ᠬᠡᠯᠪᠡᠷᠢᠯ᠎ᠢ ᠵᠠᠯᠠᠷᠠᠭᠤᠯᠬᠤ ᠠᠵᠢᠯ᠎ᠢ ᠨᠡᠢ᠌ᠳᠡᠮ ᠬᠢᠵᠦ᠂ ᠬᠡᠰᠡᠭ ᠭᠠᠷᠤᠯ ᠪᠦᠷᠢᠯᠳᠦᠭᠦᠨ᠎ᠢ ᠪᠤᠷᠤᠭᠤ᠎ᠪᠠᠷ ᠢᠯᠭ᠋ᠠᠵᠤ ᠲᠣᠭᠲᠠᠭ᠋ᠠᠭᠰᠠᠨ ᠠᠰᠠᠭᠤᠳᠠᠯ᠎ᠢ ᠵᠠᠯᠠᠷᠠᠭᠤᠯᠵᠤ᠂ ᠮᠥᠯᠵᠢᠯ᠎ᠤᠨ ᠬᠡᠮᠵᠢᠶ᠎ᠡ᠎ᠪᠠᠷ ᠠᠩᠭᠢ ᠵᠢ ᠴᠢᠩᠭ᠎ᠠ ᠬᠤᠪᠢᠶᠠᠭᠰᠠᠨ ᠪᠠᠢ᠌ᠨ᠎ᠠ᠃ ᠳᠤᠮᠳᠠ ᠲᠠᠷᠢᠶᠠᠴᠢᠨ᠎ᠤ ᠭᠠᠷᠤᠯ ᠪᠦᠷᠢᠯᠳᠦᠭᠦᠨ᠎ᠢ ᠪᠤᠷᠤᠭᠤ᠎ᠪᠠᠷ ᠢᠯᠭ᠋ᠠᠵᠤ ᠲᠣᠭᠲᠠᠭ᠋ᠠᠭ᠋ᠠᠳ ᠭᠠᠷᠤᠭᠰᠠᠨ ᠬᠣᠬᠢᠷᠠᠯ᠎ᠢ᠎ᠨᠢ ᠨᠥᠬᠥᠪᠦᠷᠢᠯᠡᠵᠦ᠂ ᠵᠦᠢ ᠶᠣᠰᠣᠨ᠎ᠤ ᠠᠰᠢᠭ ᠲᠤᠰᠠ ᠵᠢ᠎ᠨᠢ ᠪᠠᠲᠤᠯᠠᠵᠤ᠂ ᠭᠠᠵᠠᠷ᠎ᠤᠨ ᠡᠵᠡᠨ᠂ ᠪᠠᠶᠠᠨ ᠲᠠᠷᠢᠶᠠᠴᠢᠨ᠎ᠳᠤ ᠴᠢᠬᠤᠯᠠ ᠪᠦᠬᠦᠢ ᠦᠢ᠍ᠯᠡᠳᠪᠦᠷᠢᠯᠡᠯ ᠪᠠ ᠠᠮᠢᠳᠤᠷᠠᠯ᠎ᠤᠨ ᠬᠡᠷᠡᠭᠰᠡᠯ᠎ᠢ᠎ᠨᠢ ᠦᠯᠡᠳᠡᠭᠡᠵᠦ ᠥᠭᠪᠡ; ᠪᠤᠷᠤᠭᠤ᠎ᠪᠠᠷ ᠬᠠᠨᠳᠤᠭᠳᠠᠭᠰᠠᠨ ᠦᠢ᠍ᠯᠡᠳᠪᠦᠷᠢ ᠬᠤᠳᠠᠯᠳᠤᠭ᠋ᠠᠨ᠎ᠤ ᠡᠵᠡᠨ᠎ᠳᠤ ᠨᠥᠬᠥᠪᠦᠷᠢ ᠥᠭᠪᠡ; ᠡᠯ᠎ᠡ ᠭᠠᠵᠠᠷ᠎ᠤᠨ᠎ᠬᠢᠨ᠎ᠤ ᠭᠠᠵᠠᠷ ᠰᠢᠷᠤᠢ ᠵᠢᠨ ᠥᠭᠡᠷᠡᠴᠢᠯᠡᠯᠲᠡ ᠵᠢᠨ ᠬᠥᠳᠡᠯᠭᠡᠭᠡᠨ᠎ᠢ ᠡᠯ᠎ᠡ ᠱᠠᠲᠤᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠤᠳᠤᠷᠢᠳᠤᠯᠭ᠎ᠠ ᠳᠣᠣᠷ᠎ᠠ ᠦᠷᠨᠢᠭᠦᠯᠬᠦ᠎ᠪᠠᠷ ᠱᠠᠭ᠋ᠠᠷᠳᠠᠪᠠ᠃
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠵᠡᠭᠦᠨ ᠬᠣᠢ᠌ᠲᠤ ᠣᠷᠣᠨ᠎ᠤ ᠲᠣᠪᠴᠢᠶ᠎ᠠ ᠵᠢᠨ ᠵᠥᠪ ᠣᠨᠣᠪᠴᠢᠲᠠᠶ ᠤᠳᠤᠷᠢᠳᠤᠯᠭ᠎ᠠ ᠪᠠ ᠵᠢᠯᠣᠭᠣᠳᠤᠯᠭ᠎ᠠ ᠳᠣᠣᠷ᠎ᠠ᠂ ᠥᠪᠥᠷ ᠮᠣᠩᠭᠣᠯ ᠭᠠᠵᠠᠷ ᠰᠢᠷᠣᠢ ᠵᠢᠨ ᠥᠭᠡᠷᠡᠴᠢᠯᠡᠯᠲᠡ ᠵᠢᠨ ᠠᠵᠢᠯ᠎ᠤᠨ ᠬᠡᠯᠪᠡᠷᠢᠯ ᠵᠥᠷᠢᠶ᠎ᠡ᠎ᠪᠠᠨ ᠴᠠᠭ ᠲᠤᠬᠠᠢᠳᠤᠨᠢ ᠵᠠᠯᠠᠷᠠᠭᠤᠯᠵᠤ᠂ ᠴᠢᠯᠦᠭᠡᠯᠡᠭᠳᠡᠭᠰᠡᠨ ᠣᠷᠣᠨ᠎ᠳᠠᠬᠢ ᠬᠥᠳᠡᠭᠡ ᠲᠣᠰᠬᠣᠨ᠎ᠤ ᠭᠠᠵᠠᠷ ᠰᠢᠷᠣᠢ ᠵᠢᠨ ᠥᠭᠡᠷᠡᠴᠢᠯᠡᠯᠲᠡ ᠵᠢᠨ ᠬᠥᠳᠡᠯᠭᠡᠭᠡᠨ᠎ᠢ ᠲᠥᠯᠥᠪᠯᠡᠭᠡ᠎ᠲᠠᠢ᠂ ᠠᠯᠬᠤᠮ ᠲᠠᠷᠠᠭ᠎ᠠ᠎ᠲᠠᠢ᠎ᠪᠠᠷ ᠵᠥᠪ ᠵᠠᠮ ᠵᠶ᠋ᠠᠷ ᠬᠦᠲᠦᠯᠦᠨ ᠬᠥᠭᠵᠢᠭᠦᠯᠪᠡ᠃ ᠰᠦᠷ ᠳᠠᠯᠠᠢ᠌ᠴᠠᠲᠠᠢ ᠭᠠᠵᠠᠷ ᠰᠢᠷᠣᠢ ᠵᠢᠨ ᠥᠭᠡᠷᠡᠴᠢᠯᠡᠯᠲᠡ ᠵᠢᠨ ᠬᠥᠳᠡᠯᠭᠡᠭᠡᠨ ᠵᠶ᠋ᠡᠷ ᠳᠠᠮᠵᠢᠨ᠂ ᠥᠪᠥᠷ ᠮᠣᠩᠭᠣᠯ᠎ᠤᠨ ᠴᠢᠯᠦᠭᠡᠯᠡᠭᠳᠡᠭᠰᠡᠨ ᠣᠷᠣᠨ᠎ᠳᠠᠬᠢ ᠬᠥᠳᠡᠭᠡ ᠲᠣᠰᠬᠣᠨ᠎ᠤ ᠹᠧᠣᠳᠠᠯ᠎ᠤᠨ ᠭᠠᠵᠠᠷ᠎ᠤᠨ ᠡᠵᠡᠨ ᠠᠩᠭᠢ ᠵᠢᠨ ᠭᠠᠵᠠᠷ ᠰᠢᠷᠣᠢ ᠵᠢᠨ ᠥᠮᠴᠢᠯᠡᠯᠢ ᠬᠦᠴᠦᠨ ᠦᠭᠡᠢ ᠪᠣᠯᠭ᠋ᠠᠵᠤ᠂ ᠭᠠᠵᠠᠷ ᠰᠢᠷᠣᠢ ᠦᠭᠡᠢ ᠪᠤᠶᠤ ᠭᠠᠵᠠᠷ ᠰᠢᠷᠣᠢ᠎ᠪᠠᠷ ᠪᠠᠭ᠎ᠠ ᠪᠠᠢ᠌ᠬᠤ ᠥᠷᠭᠡᠨ ᠤᠯᠠᠨ ᠲᠠᠷᠢᠶᠠᠴᠢᠨ ᠣᠯᠠᠨ ᠲᠦᠮᠡᠨ᠎ᠳᠤ ᠭᠠᠵᠠᠷ ᠰᠢᠷᠣᠢ᠂ ᠭᠡᠷ ᠪᠠᠢ᠌ᠰᠢᠩ ᠵᠡᠷᠭᠡ ᠦᠢ᠍ᠯᠡᠳᠪᠦᠷᠢᠯᠡᠯ ᠠᠮᠢᠳᠤᠷᠠᠯ᠎ᠤᠨ ᠬᠡᠷᠡᠭᠰᠡᠯ᠎ᠢ ᠬᠤᠪᠢᠶᠠᠨ ᠣᠯᠭᠣᠵᠠᠢ᠃ ᠹᠧᠣᠳᠠᠯ᠎ᠤᠨ ᠮᠥᠯᠵᠢᠯ ᠳᠠᠷᠤᠯᠠᠯ᠎ᠠᠴᠠ ᠠᠩᠭᠢᠵᠢᠷᠠᠭᠰᠠᠨ ᠲᠠᠷᠢᠶᠠᠴᠢᠳ ᠮᠠᠩᠨᠠᠢ ᠲᠡᠨᠢᠢ᠍ᠨ ᠪᠠᠶᠠᠷᠯᠠᠵᠤ᠂ ᠤᠷᠢᠳ ᠡᠮᠦᠨ᠎ᠡ ᠭᠠᠷᠤᠭ᠎ᠠ ᠦᠭᠡᠢ ᠬᠠᠯᠠᠭᠤᠨ ᠰᠡᠳᠬᠢᠯᠭᠡ ᠪᠠ ᠡᠷᠴᠢ ᠵᠣᠷᠢᠭ ᠵᠶ᠋ᠠᠨ ᠬᠥᠪᠴᠢᠯᠡᠵᠦ ᠠᠵᠢᠯᠯᠠᠭᠰᠠᠨ ᠵᠶ᠋ᠠᠷ ᠥᠪᠥᠷ ᠮᠣᠩᠭᠣᠯ᠎ᠤᠨ ᠴᠢᠯᠦᠭᠡᠯᠡᠭᠳᠡᠭᠰᠡᠨ ᠣᠷᠣᠨ᠎ᠤ ᠲᠠᠷᠢᠶᠠᠯᠠᠩ ᠦᠢ᠍ᠯᠡᠳᠪᠦᠷᠢᠯᠡᠯ᠎ᠤᠨ ᠬᠢᠷᠢ ᠲᠦᠪᠰᠢᠨ ᠶᠡᠬᠡ᠎ᠪᠠᠷ ᠳᠡᠭᠡᠭᠰᠢᠯᠡᠪᠡ᠃
ᠮᠠᠯᠵᠢᠬᠤ ᠣᠷᠣᠨ᠎ᠤ ᠠᠷᠠᠳᠴᠢᠯᠠᠭᠰᠠᠨ ᠥᠭᠡᠷᠡᠴᠢᠯᠡᠯᠲᠡ ᠵᠢᠨ ᠡᠬᠢᠨ᠎ᠤ ᠦᠶ᠎ᠡ᠎ᠳᠤ ᠬᠡᠰᠡᠭ ᠭᠠᠵᠠᠷ ᠣᠷᠣᠨ᠎ᠳᠠᠬᠢ ᠠᠵᠢᠯ᠎ᠤᠨ ᠬᠡᠯᠪᠡᠷᠢᠯ ᠵᠥᠷᠢᠶ᠎ᠡ ᠵᠢ ᠵᠠᠯᠠᠷᠠᠭᠤᠯᠪᠠ
1947 ᠣᠨ᠎ᠤ 11 ᠳ᠋ᠦ᠍ᠭᠡᠷ ᠰᠠᠷ᠎ᠠ᠂ ᠮᠠᠯᠵᠢᠬᠤ ᠣᠷᠣᠨ᠎ᠤ ᠠᠷᠠᠳᠴᠢᠯᠠᠭᠰᠠᠨ ᠥᠭᠡᠷᠡᠴᠢᠯᠡᠯᠲᠡ ᠵᠢᠨ ᠡᠬᠢᠨ᠎ᠤ ᠦᠶ᠎ᠡ᠎ᠳᠤ᠂ ᠬᠡᠰᠡᠭ ᠭᠠᠵᠠᠷ ᠣᠷᠣᠨ᠎ᠤ ᠪᠣᠳᠠᠲᠠᠢ ᠪᠠᠢ᠌ᠳᠠᠯ᠎ᠢ ᠪᠠᠢ᠌ᠴᠠᠭ᠋ᠠᠨ ᠰᠤᠳᠤᠯᠤᠭᠰᠠᠨ ᠵᠶ᠋ᠠᠷ ᠬᠦᠷᠦᠯᠴᠡᠬᠦ ᠦᠭᠡᠢ᠂ ᠴᠢᠭᠯᠡᠯᠲᠡ ᠲᠦᠷᠦ ᠵᠢᠨ ᠪᠣᠳᠣᠯᠭ᠎ᠠ ᠵᠢ ᠰᠠᠢ᠌ᠲᠤᠷ ᠡᠵᠡᠮᠰᠢᠭᠰᠡᠨ ᠦᠭᠡᠢ᠂ ᠮᠠᠯᠵᠢᠬᠤ ᠣᠷᠣᠨ᠎ᠤ ᠠᠵᠤ ᠠᠬᠤᠢ ᠵᠢᠨ ᠣᠨᠴᠠᠭ᠋ᠠᠶ ᠴᠢᠨᠠᠷ᠎ᠢ ᠲᠣᠳᠣᠷᠬᠠᠢ ᠲᠠᠨᠢᠭᠰᠠᠨ ᠦᠭᠡᠢ᠎ᠠᠴᠠ ᠪᠣᠯᠵᠤ᠂ ᠵᠠᠷᠢᠮ ᠭᠠᠵᠠᠷ ᠣᠷᠣᠨ᠎ᠤ᠎ᠬᠢᠨ ᠲᠠᠷᠢᠶᠠᠯᠠᠬᠤ ᠣᠷᠣᠨ᠎ᠤ ᠭᠠᠵᠠᠷ ᠰᠢᠷᠣᠢ ᠵᠢᠨ ᠥᠭᠡᠷᠡᠴᠢᠯᠡᠯᠲᠡ ᠵᠢᠨ ᠠᠵᠢᠯ᠎ᠤᠨ ᠠᠷᠭ᠎ᠠ ᠬᠢᠳᠡᠯ᠎ᠢ ᠰᠣᠬᠣᠷ ᠪᠠᠯᠠᠢ᠎ᠪᠠᠷ ᠲᠡᠷᠡ ᠬᠡᠪ ᠵᠶ᠋ᠡᠷ᠎ᠨᠢ ᠨᠡᠭᠦᠯᠭᠡᠨ ᠬᠡᠷᠡᠭᠯᠡᠪᠡ᠃ ᠮᠠᠯᠴᠢᠳ᠎ᠤᠨ ᠡᠵᠡᠮᠳᠡᠵᠦ ᠪᠠᠢ᠌ᠭ᠎ᠠ ᠮᠠᠯ ᠤᠨᠤᠭ᠎ᠠ᠂ ᠡᠳ᠋ ᠬᠥᠷᠥᠩᠭᠡ ᠵᠢᠨ ᠲᠣᠭ᠎ᠠ ᠬᠡᠮᠵᠢᠶ᠎ᠡ ᠵᠢ᠎ᠨᠢ ᠦᠨᠳᠦᠰᠦᠯᠡᠨ ᠠᠩᠭᠢ ᠬᠤᠪᠢᠶᠠᠬᠤ ᠦᠶ᠎ᠡ᠎ᠳᠤ᠂ ᠪᠤᠷᠤᠭᠤ᠎ᠪᠠᠷ ᠬᠤᠪᠢᠶᠠᠵᠤ ᠲᠣᠭᠲᠠᠭ᠋ᠠᠬᠤ ᠦᠵᠡᠭᠳᠡᠯ ᠭᠠᠷᠴᠤ᠂ ᠬᠡᠰᠡᠭ ᠦᠨᠳᠦᠰᠦᠨ ᠤᠯᠠᠨ ᠲᠦᠮᠡᠨ᠎ᠢ ᠮᠠᠯ᠎ᠤᠨ ᠡᠵᠡᠨ᠂ ᠪᠠᠶᠠᠨ ᠮᠠᠯᠴᠢᠨ ᠵᠶ᠋ᠠᠷ ᠲᠣᠭᠲᠠᠭ᠋ᠠᠵᠠᠢ᠃ ᠮᠠᠯ ᠤᠨᠤᠭ᠎ᠠ ᠵᠡᠷᠭᠡ ᠡᠳ᠋ ᠬᠥᠷᠥᠩᠭᠡ᠎ᠳᠤ ᠪᠦᠬᠦᠨ᠎ᠢ ᠲᠡᠭᠰᠢ᠎ᠪᠠᠷ ᠬᠤᠪᠢᠶᠠᠷᠢᠯᠠᠬᠤ ᠠᠷᠭ᠎ᠠ ᠵᠢ ᠠᠪᠴᠠᠢ᠃ ᠪᠣᠳᠠᠲᠤ ᠪᠠᠢ᠌ᠳᠠᠯ᠎ᠳᠤ ᠦᠯᠦ ᠨᠡᠢ᠌ᠴᠡᠬᠦ ᠠᠷᠭ᠎ᠠ ᠵᠢ ᠠᠪᠤᠭᠰᠠᠨ᠎ᠠᠴᠠ ᠬᠡᠰᠡᠭ ᠮᠠᠯᠵᠢᠬᠤ ᠣᠷᠣᠨ᠎ᠳᠤ ᠮᠠᠯ ᠤᠨᠤᠭ᠎ᠠ᠎ᠪᠠᠨ ᠠᠯᠠᠵᠤ ᠨᠢᠲᠤᠯᠬᠤ᠂ ᠰᠢᠯᠵᠢᠭᠦᠯᠬᠦ᠂ ᠬᠤᠳᠠᠯᠳᠤᠬᠤ᠂ ᠮᠠᠯ᠎ᠤᠨ ᠲᠣᠭ᠎ᠠ ᠲᠣᠯᠣᠭ᠋ᠠᠢ ᠲᠦᠷᠭᠡᠨ ᠪᠠᠭᠤᠷᠠᠬᠤ ᠠᠰᠠᠭᠤᠳᠠᠯ ᠭᠠᠷᠴᠤ᠂ ᠲᠤᠬᠠᠢ ᠵᠢᠨ ᠭᠠᠵᠠᠷ᠎ᠤᠨ ᠮᠠᠯ ᠠᠵᠤ ᠠᠬᠤᠢ ᠬᠦᠨᠳᠦ ᠨᠣᠴᠢᠲᠠᠢ ᠬᠣᠬᠢᠷᠠᠯ᠎ᠳᠤ ᠤᠴᠠᠷᠠᠪᠠ᠃

ᠮᠠᠯᠴᠢᠳ᠎ᠤᠨ ᠶᠡᠬᠡ ᠬᠤᠷᠠᠯ ᠵᠶ᠋ᠠᠷ ᠠᠷᠠᠳᠴᠢᠯᠠᠭᠰᠠᠨ ᠥᠭᠡᠷᠡᠴᠢᠯᠡᠯᠲᠡ ᠵᠢᠨ ᠲᠦᠷᠦ ᠵᠢᠨ ᠪᠣᠳᠣᠯᠭ᠎ᠠ ᠵᠢ ᠤᠬᠠᠭᠤᠯᠵᠤ ᠪᠠᠢ᠌ᠭ᠎ᠠ᠎ᠨᠢ
ᠡᠨᠡ ᠬᠦ᠌ ᠪᠠᠢ᠌ᠳᠠᠯ᠎ᠳᠤ ᠴᠢᠭᠯᠡᠭᠦᠯᠵᠦ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠵᠡᠭᠦᠨ ᠬᠣᠢ᠌ᠲᠤ ᠣᠷᠣᠨ᠎ᠤ ᠲᠣᠪᠴᠢᠶ᠎ᠠ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ ᠵᠢᠭ᠋ᠠᠪᠤᠷᠢ ᠥᠭᠴᠦ᠂ ᠯᠠᠪᠳᠠᠭᠤᠨ ᠪᠠᠲᠤᠲᠠᠢ᠂ ᠪᠦᠯᠬᠦᠮᠳᠡᠯ᠎ᠲᠠᠢ᠂ ᠪᠣᠯᠭᠣᠮᠵᠢᠲᠠᠢ ᠮᠦᠷᠲᠡᠭᠡᠨ ᠠᠯᠭᠤᠷ ᠠᠭ᠋ᠠᠵᠢᠮ ᠵᠶ᠋ᠠᠷ ᠠᠵᠢᠯ ᠵᠶ᠋ᠠᠨ ᠥᠷᠨᠢᠭᠦᠯᠬᠦ ᠬᠡᠷᠡᠭᠲᠡᠢ ᠭᠡᠵᠦ ᠱᠠᠭ᠋ᠠᠷᠳᠠᠪᠠ᠃ ᠡᠭᠦᠨ᠎ᠤ ᠬᠠᠮᠲᠤ᠂ ᠠᠵᠢᠯᠯᠠᠬᠤ ᠳᠤᠭᠤᠢ᠌ᠯᠠᠩ ᠲᠣᠮᠢᠯᠠᠨ ᠬᠡᠰᠡᠭ ᠮᠠᠯᠵᠢᠬᠤ ᠣᠷᠣᠨ᠎ᠳᠤ ᠭᠠᠷᠤᠭᠰᠠᠨ ᠠᠰᠠᠭᠤᠳᠠᠯ᠎ᠢ ᠴᠠᠭ ᠲᠤᠬᠠᠢᠳᠤᠨᠢ ᠪᠠᠢ᠌ᠴᠠᠭ᠋ᠠᠨ ᠵᠠᠯᠠᠷᠠᠭᠤᠯᠬᠤ ᠬᠡᠷᠡᠭᠲᠡᠢ ᠭᠡᠵᠦ ᠱᠠᠭ᠋ᠠᠷᠳᠠᠪᠠ᠃ ᠵᠡᠭᠦᠨ ᠬᠣᠢ᠌ᠲᠤ ᠣᠷᠣᠨ᠎ᠤ ᠲᠣᠪᠴᠢᠶ᠎ᠠ᠎ᠠᠴᠠ 《ᠳᠤᠮᠳᠠᠳᠤ ᠤᠯᠤᠰ᠎ᠤᠨ ᠭᠠᠵᠠᠷ ᠰᠢᠷᠣᠢ ᠵᠢᠨ ᠬᠠᠤᠯᠢ ᠵᠢᠨ ᠬᠦᠲᠦᠯᠪᠦᠷᠢ》 ᠵᠢᠨ ᠵᠣᠷᠢᠭ ᠰᠠᠨᠠᠭ᠎ᠠ ᠵᠢ ᠬᠡᠷᠡᠭᠯᠡᠵᠦ ᠪᠣᠯᠣᠨ᠎ᠠ᠂ ᠭᠡᠪᠡᠴᠦ ᠥᠪᠥᠷ ᠮᠣᠩᠭᠣᠯ ᠣᠷᠣᠨ᠎ᠤ ᠪᠤᠲᠠᠲᠠᠢ ᠪᠠᠢ᠌ᠳᠠᠯ᠎ᠢ ᠦᠨᠳᠦᠰᠦᠯᠡᠬᠦ ᠬᠡᠷᠡᠭᠲᠡᠢ᠂ ᠲᠡᠮᠡᠴᠡᠯ᠎ᠤᠨ ᠬᠡᠯᠪᠡᠷᠢ ᠵᠢ ᠲᠡᠷᠡ ᠬᠡᠪ ᠵᠶ᠋ᠡᠷ᠎ᠨᠢ ᠨᠡᠭᠦᠯᠭᠡᠨ ᠬᠡᠷᠡᠭᠯᠡᠵᠦ ᠪᠣᠯᠬᠤ ᠦᠭᠡᠢ ᠭᠡᠵᠦ ᠵᠢᠭ᠋ᠠᠵᠤ ᠭᠠᠷᠭ᠋ᠠᠪᠠ᠃
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠵᠡᠭᠦᠨ ᠬᠣᠢ᠌ᠲᠤ ᠣᠷᠣᠨ᠎ᠤ ᠲᠣᠪᠴᠢᠶ᠎ᠠ ᠵᠢᠨ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠦᠨᠳᠦᠰᠦᠯᠡᠨ᠂ ᠥᠪᠥᠷ ᠮᠣᠩᠭᠣᠯ ᠬᠡᠯᠪᠡᠷᠢᠯ᠎ᠢ ᠵᠠᠯᠠᠷᠠᠭᠤᠯᠬᠤ ᠠᠵᠢᠯ ᠵᠶ᠋ᠡᠨ ᠭᠠᠷᠳᠠᠨ ᠬᠢᠵᠦ᠂ ᠬᠤᠷᠠᠯ ᠬᠤᠷᠠᠯᠳᠤᠭᠤᠯᠵᠤ᠂ ᠣᠯᠠᠨ ᠲᠦᠮᠡᠨ᠎ᠤ ᠠᠵᠢᠯᠯᠠᠬᠤ ᠪᠦᠯᠬᠦᠮ᠎ᠤᠨ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠬᠡᠯᠪᠡᠷᠢᠯ ᠵᠦᠷᠢᠶ᠎ᠠ ᠭᠠᠷᠤᠭᠰᠠᠨ ᠭᠠᠵᠠᠷ ᠣᠷᠣᠨ᠎ᠤ ᠰᠤᠷᠭ᠋ᠠᠮᠵᠢ ᠵᠢ ᠳ᠋ᠦᠩᠨᠡᠵᠦ᠂ ᠪᠠᠢ᠌ᠳᠠᠯ᠎ᠢ ᠲᠣᠭᠲᠠᠪᠤᠷᠢᠵᠢᠭᠤᠯᠬᠤ᠂ ᠮᠠᠯ ᠠᠵᠤ ᠠᠬᠤᠢ ᠵᠢᠨ ᠦᠢ᠍ᠯᠡᠳᠪᠦᠷᠢᠯᠡᠯ᠎ᠢ ᠰᠡᠷᠭᠦᠭᠡᠬᠦ ᠪᠠ ᠬᠥᠭᠵᠢᠭᠦᠯᠬᠦ ᠦᠨᠳᠦᠰᠦᠨ ᠴᠢᠭᠯᠡᠯᠲᠡ ᠵᠢ ᠠᠩᠬ᠎ᠠ ᠠᠯᠬᠤᠮ ᠲᠣᠭᠲᠠᠭ᠋ᠠᠵᠤ᠂ ᠮᠠᠯᠵᠢᠬᠤ ᠣᠷᠣᠨ᠎ᠳᠤ ᠲᠠᠷᠢᠶᠠᠯᠠᠬᠤ ᠣᠷᠣᠨ᠎ᠤ ᠭᠠᠵᠠᠷ ᠰᠢᠷᠤᠢ ᠵᠢᠨ ᠥᠭᠡᠷᠡᠴᠢᠯᠡᠯᠲᠡ ᠵᠢᠨ ᠠᠷᠭ᠎ᠠ ᠵᠢ ᠠᠪᠬᠤ ᠦᠭᠡᠢ᠂ ᠡᠩ᠎ᠤᠨ ᠮᠠᠯ᠎ᠤᠨ ᠡᠵᠡᠨ᠎ᠢ ᠲᠡᠮᠡᠴᠡᠬᠦ ᠦᠭᠡᠢ᠂ ᠮᠠᠯ᠎ᠤᠨ ᠡᠵᠡᠨ᠎ᠤ ᠬᠡᠰᠡᠭ ᠡᠳ᠋ ᠬᠥᠷᠥᠩᠭᠡ ᠵᠢ ᠬᠤᠪᠢᠶᠠᠬᠤ ᠦᠭᠡᠢ᠂ ᠮᠠᠯᠴᠢᠳ᠎ᠤᠨ ᠬᠥᠳᠡᠯᠮᠦᠷᠢ ᠵᠢᠨ ᠣᠷᠣᠯᠭ᠎ᠠ ᠵᠢ ᠨᠡᠮᠡᠭᠳᠡᠭᠦᠯᠬᠦ ᠠᠷᠭ᠎ᠠ᠎ᠪᠠᠷ ᠥᠷᠭᠡᠨ ᠤᠯᠠᠨ ᠶᠠᠳᠠᠭᠤ ᠵᠦᠳᠡᠭᠦᠦ ᠮᠠᠯᠴᠢᠳ᠎ᠤᠨ ᠠᠰᠢᠭ ᠲᠤᠰᠠ ᠵᠢ ᠪᠠᠲᠤᠯᠠᠨ᠎ᠠ ᠭᠡᠵᠦ ᠳᠤᠷᠠᠳᠴᠠᠢ᠃ ᠬᠡᠰᠡᠭ ᠠᠵᠢᠯᠯᠠᠬᠤ ᠪᠦᠯᠬᠦᠮ ᠪᠠ ᠠᠵᠢᠯᠯᠠᠬᠤ ᠠᠩᠭᠢ᠎ᠪᠠᠨ ᠴᠠᠭ ᠲᠤᠬᠠᠢᠳᠤᠨᠢ ᠪᠤᠴᠠᠭ᠋ᠠᠵᠤ᠂ ᠮᠠᠯ᠎ᠤᠨ ᠡᠵᠡᠨ᠎ᠢ ᠲᠡᠮᠡᠴᠡᠬᠦ᠂ ᠮᠠᠯ ᠣᠨᠣᠭ᠎ᠠ ᠵᠢ᠎ᠨᠢ ᠲᠡᠭᠰᠢ᠎ᠪᠠᠷ ᠬᠤᠪᠢᠶᠠᠬᠤ ᠵᠡᠷᠭᠡ ᠦᠢ᠍ᠯᠡ ᠠᠵᠢᠯᠯᠠᠭ᠎ᠠ᠎ᠪᠠᠨ ᠵᠣᠭᠰᠣᠭ᠋ᠠᠵᠤ᠂ ᠬᠡᠰᠡᠭ ᠭᠠᠵᠠᠷ ᠣᠷᠣᠨ᠎ᠤ ᠠᠷᠠᠳᠴᠢᠯᠠᠭᠰᠠᠨ ᠥᠭᠡᠷᠡᠴᠢᠯᠡᠯᠲᠡ ᠵᠢᠨ ᠳᠤᠮᠳᠠᠬᠢ ᠬᠡᠯᠪᠡᠷᠢᠯ ᠵᠥᠷᠢᠶ᠎ᠡ ᠵᠢ ᠬᠣᠷᠢᠭᠯᠠᠨ ᠵᠣᠭᠰᠣᠭ᠋ᠠᠪᠠ᠃

ᠠᠷᠠᠳᠴᠢᠯᠠᠭᠰᠠᠨ ᠥᠭᠡᠷᠡᠴᠢᠯᠡᠯᠲᠡ ᠬᠢᠭᠰᠡᠨ᠎ᠤ ᠳᠠᠷᠠᠭ᠋ᠠᠬᠢ ᠮᠠᠯ ᠠᠵᠤ ᠠᠬᠤᠢ ᠵᠢᠨ ᠦᠢ᠍ᠯᠡᠳᠪᠦᠷᠢᠯᠡᠯ᠎ᠤᠨ ᠪᠠᠢ᠌ᠳᠠᠯ
1948 ᠣᠨ᠎ᠤ 7 ᠳ᠋ᠤᠭ᠋ᠠᠷ ᠰᠠᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠵᠡᠭᠦᠨ ᠬᠣᠢ᠌ᠲᠤ ᠣᠷᠣᠨ᠎ᠤ ᠲᠣᠪᠴᠢᠶ᠎ᠠ ᠬᠠᠷᠪᠢᠨ᠎ᠳᠤ ᠥᠪᠥᠷ ᠮᠣᠩᠭᠣᠯ᠎ᠤᠨ ᠺᠠᠳ᠋ᠷᠴᠤᠳ᠎ᠤᠨ ᠬᠤᠷᠠᠯ᠎ᠢ ᠬᠤᠷᠠᠯᠳᠤᠭᠤᠯᠵᠤ᠂ ᠮᠠᠯᠵᠢᠬᠤ ᠣᠷᠣᠨ᠎ᠤ ᠠᠷᠠᠳᠴᠢᠯᠠᠭᠰᠠᠨ ᠥᠭᠡᠷᠡᠴᠢᠯᠡᠯᠲᠡ ᠵᠢᠨ ᠠᠰᠠᠭᠤᠳᠠᠯ᠎ᠤᠨ ᠲᠣᠭᠣᠷᠢᠨ᠎ᠳᠤ ᠭᠦᠨᠵᠡᠭᠡᠢ ᠰᠤᠳᠤᠯᠤᠨ ᠶᠠᠷᠢᠯᠴᠠᠵᠤ᠂ ᠮᠠᠯ ᠠᠵᠤ ᠠᠬᠤᠢ ᠵᠢᠨ ᠬᠥᠭᠵᠢᠯᠲᠡ ᠵᠢᠨ ᠲᠡᠦᠬᠡ ᠪᠠ ᠪᠣᠳᠠᠲᠤ ᠣᠨᠴᠠᠯᠢᠭᠲᠤ ᠵᠠᠳᠠᠯᠤᠯᠲᠠ ᠬᠢᠵᠦ᠂ ᠠᠷᠠᠳᠴᠢᠯᠠᠭᠰᠠᠨ ᠥᠭᠡᠷᠡᠴᠢᠯᠡᠯᠲᠡ ᠵᠢᠨ ᠡᠭᠦᠷᠭᠡ ᠪᠠ ᠠᠯᠬᠤᠮ ᠲᠠᠷᠠᠭ᠎ᠠ ᠵᠢ ᠤᠯᠠᠮ ᠨᠢᠭᠡ ᠠᠯᠬᠤᠮ ᠲᠣᠳᠣᠷᠬᠠᠢ᠌ᠯᠠᠪᠠ᠃ ᠬᠤᠷᠠᠯ᠎ᠤᠨ ᠲᠠᠷᠠᠭ᠎ᠠ᠂ ᠥᠪᠥᠷ ᠮᠣᠩᠭᠣᠯ ᠮᠠᠯᠵᠢᠬᠤ ᠣᠷᠣᠨ᠎ᠤ ᠠᠩᠭᠢ ᠵᠢᠨ ᠪᠠᠢ᠌ᠳᠠᠯ᠂ ᠠᠵᠤ ᠠᠬᠤᠢ ᠵᠢᠨ ᠣᠨᠴᠠᠯᠢᠭ ᠵᠡᠷᠭᠡ ᠵᠢ ᠨᠠᠷᠢᠨ ᠬᠢᠨᠠᠮᠠᠭ᠋ᠠᠢ ᠪᠠᠢ᠌ᠴᠠᠭ᠋ᠠᠨ ᠰᠤᠳᠤᠯᠵᠤ᠂ ᠪᠣᠳᠠᠲᠤ ᠪᠠᠢ᠌ᠳᠠᠯ᠎ᠳᠤ᠎ᠪᠠᠨ ᠲᠣᠬᠢᠷᠠᠭᠰᠠᠨ ᠪᠣᠳᠠᠲᠠᠢ ᠠᠷᠭ᠎ᠠ ᠵᠢ ᠲᠣᠭᠲᠠᠭ᠋ᠠᠵᠤ᠂ ᠬᠡᠯᠪᠡᠷᠢᠯ ᠵᠦᠷᠢᠶ᠎ᠡ ᠵᠢ ᠵᠠᠯᠠᠷᠠᠭᠤᠯᠤᠭᠰᠠᠨ ᠵᠶ᠋ᠠᠷ ᠮᠠᠯᠵᠢᠬᠤ ᠣᠷᠣᠨ᠎ᠤ ᠠᠷᠠᠳᠴᠢᠯᠠᠭᠰᠠᠨ ᠥᠭᠡᠷᠡᠴᠢᠯᠡᠯᠲᠡ ᠠᠯᠬᠤᠮ ᠠᠯᠬᠤᠮ ᠵᠶ᠋ᠠᠷ ᠡᠷᠡᠭᠦᠯ ᠬᠥᠭᠵᠢᠯᠲᠡ ᠵᠢᠨ ᠵᠠᠮ᠎ᠳᠤ᠎ᠪᠠᠨ ᠣᠷᠣᠭᠰᠠᠨ ᠪᠠᠢ᠌ᠨ᠎ᠠ᠃ ᠠᠷᠠᠳᠴᠢᠯᠠᠭᠰᠠᠨ ᠥᠭᠡᠷᠡᠴᠢᠯᠡᠯᠲᠡ ᠵᠢᠨ ᠠᠬᠢᠬᠤ ᠵᠢ ᠳᠠᠭ᠋ᠠᠯᠳᠤᠨ᠂ ᠹᠧᠣᠳᠠᠯ᠎ᠤᠨ ᠣᠨᠴᠠ ᠡᠷᠬᠡ ᠵᠢ ᠠᠭ᠋ᠠᠵᠢᠮ ᠵᠶ᠋ᠠᠷ ᠬᠦᠴᠦᠨ ᠦᠭᠡᠢ ᠪᠣᠯᠭ᠋ᠠᠵᠤ᠂ ᠥᠷᠭᠡᠨ ᠤᠯᠠᠨ ᠮᠠᠯᠴᠢᠳ ᠢᠯᠠᠩᠭᠤᠶ᠎ᠠ ᠶᠠᠳᠠᠭᠤ ᠵᠦᠳᠡᠭᠦᠦ ᠮᠠᠯᠴᠢᠳ ᠹᠧᠣᠳᠠᠯ᠎ᠤᠨ ᠮᠥᠯᠵᠢᠯ ᠳᠠᠷᠤᠯᠠᠯ᠎ᠠᠴᠠ ᠠᠯᠬᠤᠮ ᠠᠯᠬᠤᠮ ᠵᠶ᠋ᠠᠷ ᠠᠩᠭᠢᠵᠢᠷᠠᠵᠤ᠂ ᠤᠯᠤᠰ ᠲᠦᠷᠦ ᠪᠠ ᠠᠵᠤ ᠠᠬᠤᠢ ᠵᠢᠨ ᠲᠠᠯ᠎ᠠ᠎ᠪᠠᠷ ᠴᠥᠮ ᠴᠢᠯᠦᠭᠡᠯᠡᠭᠳᠡᠨ᠂ ᠠᠮᠢᠳᠤᠷᠠᠯ᠎ᠨᠢ ᠠᠯᠬᠤᠮ ᠠᠯᠬᠤᠮ ᠵᠶ᠋ᠠᠷ ᠰᠠᠢ᠌ᠵᠢᠷᠠᠵᠤ᠂ ᠡᠭᠦᠨ᠎ᠤ ᠤᠯᠠᠮ᠎ᠠᠴᠠ ᠯᠤᠲᠤ ᠶᠡᠬᠡ ᠬᠤᠪᠢᠰᠬᠠᠯ᠎ᠤᠨ ᠬᠠᠯᠠᠭᠤᠨ ᠰᠡᠳᠬᠢᠯᠭᠡ ᠪᠠ ᠦᠢ᠍ᠯᠡᠳᠪᠦᠷᠢᠯᠡᠯ᠎ᠤᠨ ᠢᠳᠡᠪᠬᠢᠵᠢᠯ᠎ᠨᠢ ᠣᠷᠭᠢᠯ᠎ᠤᠨ ᠪᠠᠳᠠᠷᠠᠭᠰᠠᠨ ᠪᠠᠢ᠌ᠨ᠎ᠠ᠃ ᠢᠩᠭᠢᠭᠰᠡᠨ ᠵᠶ᠋ᠡᠷ ᠬᠦᠯᠢᠶᠡᠰᠦᠯᠡᠭᠳᠡᠭᠰᠡᠨ ᠨᠡᠢ᠌ᠭᠡᠮ᠎ᠤᠨ ᠦᠢ᠍ᠯᠡᠳᠪᠦᠷᠢᠯᠡᠯ᠎ᠤᠨ ᠬᠦᠴᠦᠨ᠎ᠢ ᠲᠤᠢ᠌ᠯ᠎ᠤᠨ ᠶᠡᠬᠡ᠎ᠪᠠᠷ ᠴᠢᠯᠦᠭᠡᠯᠡᠵᠦ᠂ ᠮᠠᠯ ᠠᠵᠤ ᠠᠬᠤᠢ ᠵᠢ ᠢᠯᠡᠳᠲᠡ ᠰᠡᠷᠭᠦᠭᠡᠨ ᠬᠥᠭᠵᠢᠭᠦᠯᠦᠭᠰᠡᠨ ᠪᠠᠢ᠌ᠨ᠎ᠠ᠃