ᠨᠢᠭᠡ ᠭᠣᠣᠯ ᠰᠢᠵᠢᠮ᠎ᠢ ᠲᠤᠭᠤᠰᠢᠲᠠᠢ ᠨᠠᠢ᠌ᠳᠠᠪᠤᠷᠢᠵᠢᠭᠤᠯᠤᠨ᠎ᠠ   -   ᠵᠢᠷᠭᠤᠭ᠋ᠠᠨ ᠦᠭᠦᠯᠡᠪᠦᠷᠢ ᠦᠭᠡᠨ᠎ᠤ ᠪᠣᠳᠠᠲᠤ ᠶᠠᠪᠤᠳᠠᠯ ᠪᠠ ᠶᠣᠰᠣ ᠤᠴᠢᠷ
ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢ ᠬᠥᠷᠲᠡᠪᠡ — 《ᠵᠢᠷᠭᠤᠭ᠋ᠠᠨ ᠦᠭᠦᠯᠡᠪᠦᠷᠢ ᠦᠭᠡᠨ᠎ᠤ ᠪᠣᠳᠠᠲᠤ ᠶᠠᠪᠤᠳᠠᠯ ᠪᠠ ᠶᠣᠰᠣ ᠤᠴᠢᠷ》᠄ ᠥᠪᠥᠷ ᠮᠣᠩᠭᠣᠯ ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠪᠣᠯᠣᠭᠰᠠᠨ᠎ᠤ ᠵᠢᠱ᠌ᠢᠶᠡᠴᠢ᠎ᠨᠢ ᠨᠠᠮ᠎ᠤᠨ ᠦᠭᠡ ᠵᠢ ᠰᠣᠨᠣᠰᠤᠭᠰᠠᠨ᠎ᠳᠤ ᠪᠣᠢ (ᠨᠢᠭᠡ)
ᠨᠡᠶ᠋ᠢᠲᠡᠯᠡᠭᠰᠡᠨ ᠴᠠᠭ᠄ 2025-05-08


      《ᠵᠢᠷᠭᠤᠭ᠋ᠠᠨ ᠥᠭᠦᠯᠡᠪᠦᠷᠢ ᠦᠭᠡᠨ᠎ᠤ ᠪᠣᠳᠠᠲᠤ ᠶᠠᠪᠤᠳᠠᠯ ᠪᠠ ᠶᠣᠰᠣ ᠤᠴᠢᠷ》 ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠦᠵᠢ ᠰᠦᠨ ᠱᠣᠣ ᠴᠧᠩ ᠵᠣᠬᠢᠶᠠᠯ᠂ ᠶᠠᠷᠢᠶᠠᠨ᠎ᠳᠤ᠎ᠪᠠᠨ ᠳ᠋ᠦᠩᠨᠡᠵᠦ ᠲᠣᠳᠣᠷᠬᠠᠢ᠌ᠯᠠᠨ ᠲᠠᠢ᠌ᠯᠪᠤᠷᠢᠯᠠᠭᠰᠠᠨ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠮᠲᠤ ᠵᠢᠨ ᠰᠡᠳᠬᠢᠯ᠎ᠤᠨ ᠳᠠᠭᠤᠨ ᠪᠣᠯᠣᠨ᠎ᠠ

      ᠥᠪᠥᠷ ᠮᠣᠩᠭᠣᠯ ᠣᠷᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠠᠮᠤᠭ᠎ᠤᠨ ᠡᠷᠲᠡ ᠨᠠᠮ᠎ᠤᠨ ᠵᠣᠬᠢᠶᠠᠨ ᠪᠠᠢ᠌ᠭᠤᠯᠤᠯᠲᠠ ᠵᠢ ᠪᠠᠢ᠌ᠭᠤᠯᠤᠭᠰᠠᠨ ᠦᠨᠳᠦᠰᠦᠲᠡᠨ᠎ᠤ ᠭᠠᠵᠠᠷ ᠣᠷᠣᠨ ᠪᠣᠯᠣᠨ᠎ᠠ

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠰᠢᠭᠤᠳ ᠤᠳᠤᠷᠢᠳᠤᠯᠭ᠎ᠠ ᠳᠣᠣᠷ᠎ᠠ ᠪᠠᠢ᠌ᠭᠤᠯᠤᠭᠳᠠᠭᠰᠠᠨ ᠶᠤᠮ

      ᠥᠪᠥᠷ ᠮᠣᠩᠭᠣᠯ ᠪᠣᠯ ᠨᠠᠮ᠎ᠤᠨ ᠲᠥᠪ ᠬᠣᠷᠢᠶᠠᠨ᠎ᠤ ᠳᠡᠮᠵᠢᠯᠭᠡ ᠳᠣᠣᠷ᠎ᠠ ᠬᠥᠭᠵᠢᠭᠰᠡᠨ ᠶᠤᠮ

      ᠥᠪᠥᠷ ᠮᠣᠩᠭᠣᠯ᠎ᠤᠨ ᠠᠵᠢᠯ᠎ᠤᠨ ᠳᠤᠮᠳᠠ ᠢᠯᠡᠷᠡᠭᠰᠡᠨ ᠬᠦᠨᠳᠦ ᠶᠡᠬᠡ ᠬᠡᠯᠪᠡᠷᠢᠯ ᠵᠥᠷᠢᠶ᠎ᠡ ᠵᠢ ᠴᠥᠮ ᠨᠠᠮ᠎ᠤᠨ ᠲᠥᠪ ᠬᠣᠷᠢᠶᠠᠨ᠎ᠠᠴᠠ ᠬᠠᠪᠰᠤᠷᠤᠨ ᠵᠠᠯᠠᠷᠠᠭᠤᠯᠤᠭᠰᠠᠨ ᠶᠤᠮ

      ᠥᠪᠥᠷ ᠮᠣᠩᠭᠣᠯ᠎ᠤᠨ ᠰᠢᠨ᠎ᠡ ᠴᠠᠭ ᠦᠶ᠎ᠡ ᠵᠢᠨ ᠬᠥᠭᠵᠢᠯᠲᠡ ᠵᠢᠨ ᠠᠮᠵᠢᠯᠲᠠ ᠪᠦᠲᠦᠮᠵᠢ ᠵᠢ ᠪᠣᠯ ᠶᠡᠷᠦᠩᠬᠡᠢ ᠱᠦᠵᠢ ᠰᠢ ᠵᠢᠨ ᠫᠢᠩ᠎ᠤᠨ ᠳᠣᠲᠣᠨᠣ ᠬᠠᠯᠠᠮᠵᠢᠯᠠᠯ ᠪᠠ ᠵᠢᠯᠣᠭᠣᠳᠤᠯᠭ᠎ᠠ ᠳᠣᠣᠷ᠎ᠠ ᠣᠯᠣᠭᠰᠠᠨ ᠶᠤᠮ

      ᠥᠪᠥᠷ ᠮᠣᠩᠭᠣᠯ ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠪᠣᠯᠣᠭᠰᠠᠨ᠎ᠤ ᠵᠢᠱ᠌ᠢᠶᠡᠴᠢ᠎ᠨᠢ ᠨᠠᠮ᠎ᠤᠨ ᠦᠭᠡ ᠵᠢ ᠰᠣᠨᠣᠰᠤᠭᠰᠠᠨ᠎ᠳᠤ ᠪᠣᠢ


0508赢得模范自治区的崇高荣誉.png


  2017 ᠣᠨ᠎ᠤ 8 ᠳ᠋ᠤᠭ᠋ᠠᠷ ᠰᠠᠷ᠎ᠠ᠎ᠳᠤ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠠᠢ᠌ᠭᠤᠯᠤᠭᠳᠠᠭᠰᠠᠨ 70 ᠵᠢᠯ᠎ᠤᠨ ᠤᠢ ᠵᠢ ᠪᠡᠯᠭᠡᠯᠡᠬᠦ᠎ᠳᠤ ᠪᠡᠯᠡᠭᠯᠡᠭᠰᠡᠨ ᠪᠢᠴᠢᠭᠡᠰᠦ᠎ᠲᠠᠢ ᠪᠠᠶᠠᠷ᠎ᠤᠨ ᠢᠯᠡᠷᠬᠡᠢ᠌ᠯᠡᠯ 


ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠢᠮᠠᠭᠲᠠ ᠨᠠᠮ᠎ᠳᠤ᠎ᠪᠠᠨ ᠦᠨᠡᠨᠴᠢ᠎ᠪᠠᠷ ᠬᠠᠨᠳᠤᠵᠤ᠂ 

ᠨᠠᠮ᠎ᠤᠨ ᠠᠴᠢ᠎ᠳᠤ ᠲᠠᠯᠠᠷᠬᠠᠨ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ᠎ᠲᠠᠭᠠᠨ ᠤᠷᠤᠭᠰᠢᠯᠠᠨ᠎ᠠ


   ᠬᠤᠪᠢᠰᠬᠠᠯ᠂ ᠪᠦᠲᠦᠭᠡᠨ ᠪᠠᠢ᠌ᠭᠤᠯᠤᠯᠲᠠ᠂ ᠥᠭᠡᠷᠡᠴᠢᠯᠡᠯᠲᠡ᠎ᠪᠠᠷ ᠳᠡᠮᠵᠢᠨ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ ᠢᠮᠠᠭᠲᠠ ᠨᠠᠮ᠎ᠳᠤ᠎ᠪᠠᠨ ᠦᠨᠡᠨᠴᠢ᠎ᠪᠠᠷ ᠬᠠᠨᠳᠤᠵᠤ᠂ ᠨᠠᠮ᠎ᠤᠨ ᠠᠴᠢ᠎ᠳᠤ ᠲᠠᠯᠠᠷᠬᠠᠨ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ᠎ᠲᠠᠭᠠᠨ ᠤᠷᠤᠭᠰᠢᠯᠠᠵᠤ᠂ ᠶᠣᠰᠣ ᠤᠴᠢᠷ᠎ᠢ ᠣᠢ᠌ᠯᠠᠭ᠋ᠠᠬᠤ᠂ ᠶᠡᠬᠡ ᠲᠠᠯ᠎ᠠ ᠵᠢ ᠬᠠᠷᠠᠭ᠋ᠠᠯᠵᠠᠬᠤ᠂ ᠬᠡᠪ ᠰᠤᠷᠲᠠᠯ᠎ᠢ ᠡᠷᠬᠢᠮᠯᠡᠬᠦ᠂ ᠨᠡᠮᠡᠷᠢ ᠦᠵᠡᠭᠦᠯᠬᠦ᠎ᠪᠠᠷ ᠴᠢᠷᠮᠠᠢ᠌ᠬᠤ᠂ ᠬᠠᠷᠢᠭᠤᠴᠠᠯᠭ᠎ᠠ ᠵᠣᠷᠢᠭᠲᠠᠢ ᠡᠭᠦᠷᠭᠡᠯᠡᠬᠦ ᠭᠦᠨ ᠭᠦᠨᠵᠡᠭᠡᠢ ᠬᠠᠮᠲᠤ ᠵᠢᠨ ᠲᠠᠨᠢᠯᠲᠠ ᠪᠠ ᠡᠷᠬᠢᠮ ᠴᠢᠨᠠᠷ᠎ᠢ ᠪᠦᠷᠢᠯᠳᠦᠭᠦᠯᠦᠨ ᠪᠠᠲᠤᠯᠠᠵᠤ᠂ ᠪᠦᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠲᠡᠨ᠎ᠤ ᠲᠤᠬᠠᠢ ᠠᠵᠢᠯ᠎ᠤᠨ ᠲᠡᠦᠬᠡᠨ ᠳᠡᠭᠡᠷᠡᠬᠢ ᠠᠯᠢ ᠤᠯᠠᠨ 《ᠨᠢᠭᠡᠳᠦᠭᠡᠷ》᠎ᠢ ᠡᠭᠦᠳᠴᠦ᠂ ᠬᠣᠪᠣᠷ ᠨᠠᠨᠳᠢᠨ ᠲᠤᠷᠰᠢᠯᠭ᠎ᠠ ᠬᠤᠷᠠᠮᠳᠤᠭᠤᠯᠤᠭ᠋ᠠᠳ ᠮᠠᠨ᠎ᠤ ᠤᠯᠤᠰ᠎ᠤᠨ ᠬᠤᠪᠢᠰᠬᠠᠯ᠂ ᠪᠦᠲᠦᠭᠡᠨ ᠪᠠᠢ᠌ᠭᠤᠯᠤᠯᠲᠠ ᠪᠠ ᠥᠭᠡᠷᠡᠴᠢᠯᠡᠯᠲᠡ ᠵᠢᠨ ᠦᠢ᠍ᠯᠡᠰ᠎ᠲᠤ ᠲᠡᠦᠬᠡᠲᠦ ᠴᠢᠨᠠᠷᠲᠠᠢ ᠬᠤᠪᠢ ᠨᠡᠮᠡᠷᠢ ᠦᠵᠡᠭᠦᠯᠵᠦ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢ ᠣᠯᠣᠭᠰᠠᠨ ᠪᠥᠭᠡᠳ ᠢᠮᠠᠭᠲᠠ ᠬᠠᠢ᠌ᠷᠠᠯᠠᠨ ᠬᠠᠮᠠᠭ᠋ᠠᠯᠠᠵᠤ ᠢᠷᠡᠪᠡ᠃ 

ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢ ᠬᠦᠷᠲᠡᠪᠡ

   ᠰᠢᠨ᠎ᠡ ᠠᠷᠠᠳᠴᠢᠯᠠᠭᠰᠠᠨ ᠬᠤᠪᠢᠰᠬᠠᠯ᠎ᠤᠨ ᠦᠶ᠎ᠡ᠎ᠳᠤ᠂ ᠨᠠᠮ᠎ᠳᠤ ᠲᠤᠯᠭ᠋ᠠᠷᠠᠵᠤ ᠪᠠᠢ᠌ᠭᠰᠠᠨ ᠭᠣᠣᠯ ᠡᠭᠦᠷᠭᠡ ᠪᠣᠯ᠄ ᠡᠵᠡᠷᠬᠡᠭ ᠲᠦᠷᠢᠮᠡᠬᠡᠢ ᠶᠣᠰᠣ᠂ ᠹᠧᠣᠳᠠᠯ ᠶᠣᠰᠣ᠂ ᠨᠣᠶᠠᠨᠴᠢ ᠬᠥᠷᠥᠩᠭᠡᠲᠦ ᠶᠣᠰᠣ ᠵᠢ ᠡᠰᠡᠷᠭᠦᠴᠡᠵᠦ᠂ ᠦᠨᠳᠦᠰᠦᠲᠡᠨ᠎ᠤ ᠲᠤᠰᠠᠭ᠋ᠠᠷ ᠲᠣᠭᠲᠠᠨᠢᠯ᠂ ᠠᠷᠠᠳ ᠲᠦᠮᠡᠨ᠎ᠤ ᠴᠢᠯᠦᠭᠡᠯᠡᠯᠲᠡ ᠵᠢ ᠲᠡᠮᠡᠴᠡᠨ ᠣᠯᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ᠎ᠳᠤ ᠨᠡᠢ᠌ᠭᠡᠮ᠎ᠤᠨ ᠦᠨᠳᠦᠰᠦᠨ ᠨᠥᠬᠥᠴᠡᠯ᠎ᠢ ᠪᠦᠷᠢᠯᠳᠦᠭᠦᠯᠵᠦ ᠥᠭᠬᠦ ᠶᠠᠪᠤᠳᠠᠯ ᠪᠣᠯᠣᠨ᠎ᠠ᠃ ᠨᠠᠮ᠎ᠠᠴᠠ ᠥᠪᠥᠷ ᠮᠣᠩᠭᠣᠯ᠎ᠤᠨ ᠠᠩᠬᠠᠨ᠎ᠤ ᠪᠦᠯᠦᠭ ᠡᠪ ᠬᠠᠮᠲᠤᠴᠤᠳ᠎ᠢ ᠬᠥᠮᠥᠵᠢᠭᠦᠯᠵᠦ᠂ ᠬᠢᠯᠢ ᠬᠢᠵᠠᠭ᠋ᠠᠷ᠎ᠤᠨ ᠦᠨᠳᠦᠰᠦᠲᠡᠨ᠎ᠤ ᠭᠠᠵᠠᠷ ᠣᠷᠣᠨ᠎ᠳᠠᠬᠢ ᠠᠩᠬᠠᠨ᠎ᠤ ᠪᠦᠯᠦᠭ ᠨᠠᠮ᠎ᠤᠨ ᠵᠣᠬᠢᠶᠠᠨ ᠪᠠᠢ᠌ᠭᠤᠯᠤᠯᠲᠠ ᠵᠢ ᠡᠭᠦᠳᠦᠨ ᠪᠠᠢ᠌ᠭᠤᠯᠤᠭᠰᠠᠨ᠎ᠠᠴᠠ ᠡᠬᠢᠯᠡᠨ᠂ ᠥᠪᠥᠷ ᠮᠣᠩᠭᠣᠯ ᠣᠷᠣᠨ᠎ᠤ ᠲᠡᠷᠢᠭᠦᠨ᠎ᠤ ᠬᠥᠮᠥᠰ ᠬᠦᠰᠡᠯᠡᠩ ᠢᠲᠡᠭᠡᠯ ᠪᠢᠰᠢᠷᠡᠯ ᠵᠶ᠋ᠡᠨ ᠪᠠᠲᠤᠳᠬᠠᠵᠤ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠤᠮᠳᠠᠳᠤ ᠤᠯᠤᠰ᠎ᠤᠨ ᠡᠪ ᠬᠠᠮᠲᠤ ᠨᠠᠮ᠎ᠢ ᠡᠷᠡᠰ ᠳᠠᠭ᠋ᠠᠵᠤ ᠬᠤᠪᠢᠰᠬᠠᠯᠲᠤ ᠲᠡᠮᠡᠴᠡᠯ ᠬᠢᠬᠦ ᠵᠠᠮ ᠵᠶ᠋ᠠᠷ ᠵᠠᠮᠨᠠᠭᠰᠠᠨ ᠪᠠᠢ᠌ᠨ᠎ᠠ᠃ ᠶᠡᠬᠡ ᠬᠤᠪᠢᠰᠬᠠᠯ᠂ ᠭᠠᠵᠠᠷ ᠰᠢᠷᠣᠢ ᠵᠢᠨ ᠬᠤᠪᠢᠰᠬᠠᠯᠲᠤ ᠳᠠᠶ᠋ᠢᠨ᠂ ᠶᠠᠫᠤᠨ᠎ᠢ ᠡᠰᠡᠷᠭᠦᠴᠡᠬᠦ ᠪᠦᠬᠦ ᠦᠨᠳᠦᠰᠦᠲᠡᠨ᠎ᠤ ᠳᠠᠶ᠋ᠢᠨ ᠪᠠ ᠴᠢᠯᠦᠭᠡᠯᠡᠬᠦ ᠳᠠᠶ᠋ᠢᠨ᠎ᠢ ᠥᠩᠭᠡᠷᠡᠭᠡᠭᠡᠳ᠂ ᠤᠯᠤᠰ᠎ᠤᠨ ᠬᠤᠪᠢ ᠵᠠᠶᠠᠭ᠎ᠠ᠂ ᠦᠨᠳᠦᠰᠦᠲᠡᠨ᠎ᠤ ᠢᠷᠡᠭᠡᠳᠦᠢ᠎ᠯᠦᠭᠡ ᠬᠣᠯᠪᠣᠭᠳᠠᠬᠤ ᠵᠠᠩᠭᠢᠯᠠᠭ᠎ᠠ ᠵᠢᠨ ᠴᠠᠭ ᠮᠥᠴᠡ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠬᠠᠨᠳᠤᠰᠢ ᠵᠢ ᠠᠳᠬᠤᠵᠤ᠂ ᠪᠠᠢ᠌ᠳᠠᠯ᠎ᠢ ᠡᠵᠡᠮᠳᠡᠨ᠂ ᠰᠢᠭᠤᠳ ᠤᠳᠤᠷᠢᠳᠴᠤ ᠪᠠᠢ᠌ᠭ᠋ᠠᠳ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠢ ᠪᠠᠢ᠌ᠭᠤᠯᠤᠭᠰᠠᠨ ᠪᠠᠢ᠌ᠨ᠎ᠠ᠃ 


0508赢得模范自治区的崇高荣誉2.png


  1948 ᠣᠨ᠎ᠤ 10 ᠳ᠋ᠤᠭ᠋ᠠᠷ ᠰᠠᠷ᠎ᠠ᠎ᠳᠤ᠂ ᠥᠪᠥᠷ ᠮᠣᠩᠭᠣᠯ᠎ᠤᠨ ᠠᠷᠠᠳ᠎ᠤᠨ ᠴᠢᠯᠦᠭᠡᠯᠡᠬᠦ ᠴᠡᠷᠢᠭ᠎ᠤᠨ ᠮᠣᠷᠢᠲᠤ ᠴᠡᠷᠢᠭ᠎ᠤᠨ ᠨᠢᠭᠡᠳᠦᠭᠡᠷ ᠳ᠋ᠢᠸᠢᠽᠢ ᠯᠢᠶᠣᠤ ᠱᠧᠨ᠎ᠤ ᠳᠠᠢ᠌ᠯᠠᠯᠳᠤᠭ᠋ᠠᠨ᠎ᠤ ᠾᠧᠢ ᠱᠠᠨ᠎ᠤ ᠬᠣᠷᠢᠭᠯᠠᠯᠲᠠ ᠵᠢᠨ ᠳᠠᠢ᠌ᠯᠠᠯᠳᠤᠭ᠋ᠠᠨ᠎ᠳᠤ ᠪᠠᠭ᠋ᠠᠲᠤᠷᠯᠢᠭ ᠵᠶ᠋ᠠᠷ ᠤᠷᠤᠭᠰᠢᠯᠠᠨ ᠳᠠᠭ᠋ᠠᠷᠢᠵᠤ ᠪᠠᠢ᠌ᠭ᠎ᠠ᠎ᠨᠢ

   ᠡᠨᠡ ᠦᠶ᠎ᠡ᠎ᠳᠤ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠭᠠᠭᠴᠠ ᠬᠦ᠌ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠣᠣᠷ᠎ᠠ᠂ ᠭᠠᠭᠴᠠ ᠬᠦ᠌ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠯᠦᠭᠡ ᠬᠠᠮᠲᠤ᠎ᠪᠠᠷ ᠲᠡᠮᠡᠴᠡᠨ᠂ ᠴᠢᠯᠦᠭᠡᠯᠡᠯᠲᠡ ᠵᠢ ᠬᠠᠮᠲᠤ᠎ᠪᠠᠷ ᠬᠥᠭᠡᠭᠡᠴᠡᠯᠳᠦᠪᠡᠰᠦ ᠥᠪᠥᠷ ᠮᠣᠩᠭᠣᠯ ᠰᠠᠶᠢ ᠬᠦᠰᠡᠯ ᠢᠷᠡᠭᠡᠳᠦᠢ᠎ᠲᠠᠢ ᠪᠠᠢ᠌ᠬᠤ ᠪᠣᠯᠣᠨ᠎ᠠ ᠭᠡᠳᠡᠭ᠎ᠢ ᠭᠦᠨᠵᠡᠭᠡᠢ ᠲᠠᠨᠢᠵᠤ ᠣᠯᠵᠠᠢ᠃ ᠲᠡᠷᠡ ᠦᠶᠡᠰ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠴᠢᠭᠯᠡᠯᠲᠡ ᠲᠦᠷᠦ ᠵᠢᠨ ᠪᠣᠳᠣᠯᠭ᠎ᠠ ᠵᠢ ᠡᠷᠡᠰ ᠲᠤᠭᠤᠰᠢᠯᠠᠭᠤᠯᠤᠨ ᠬᠡᠷᠡᠭᠵᠢᠭᠦᠯᠵᠦ᠂ ᠴᠢᠯᠦᠭᠡᠯᠡᠭᠳᠡᠭᠰᠡᠨ ᠣᠷᠣᠨ᠎ᠳᠤ ᠠᠷᠠᠳᠴᠢᠯᠠᠭᠰᠠᠨ ᠥᠭᠡᠷᠡᠴᠢᠯᠡᠯᠲᠡ᠂ ᠨᠡᠢ᠌ᠭᠡᠮ᠎ᠤᠨ ᠥᠭᠡᠷᠡᠴᠢᠯᠡᠯᠲᠡ ᠬᠢᠵᠦ᠂ ᠠᠷᠠᠳ ᠤᠯᠠᠨ ᠢᠳᠡᠵᠦ ᠡᠮᠦᠰᠬᠦ᠎ᠪᠠᠨ ᠠᠷᠪᠢᠯᠠᠨ᠂ ᠶᠡᠬᠡ ᠬᠡᠮᠵᠢᠶᠡᠨ᠎ᠤ ᠠᠮᠤ ᠪᠤᠳᠠᠭ᠎ᠠ᠂ ᠦᠬᠡᠷ᠂ ᠮᠣᠷᠢ᠂ ᠬᠣᠨᠢ ᠵᠢ ᠡᠮᠦᠨ᠎ᠡ ᠹᠷᠣᠨᠲ᠎ᠲᠤ ᠬᠦᠷᠭᠡᠵᠦ᠂ ᠬᠥᠮᠥᠨ᠎ᠤ ᠬᠦᠴᠦ ᠪᠠ ᠪᠣᠳᠠᠰ᠎ᠤᠨ ᠬᠦᠴᠦ᠎ᠪᠠᠷ ᠵᠶ᠋ᠠᠨ ᠴᠢᠯᠦᠭᠡᠯᠡᠬᠦ ᠲᠠᠢ᠍ᠢ᠍ᠨ᠎ᠢ ᠲᠠᠰᠤᠷᠠᠯᠲᠠ ᠦᠭᠡᠢ ᠳᠡᠮᠵᠢᠪᠡ; ᠮᠣᠷᠢᠲᠤ ᠴᠡᠷᠢᠭ᠎ᠤᠨ᠎ᠬᠢᠨ ᠨᠠᠮ᠎ᠤᠨ ᠵᠢᠯᠣᠭᠣᠳᠤᠯᠭ᠎ᠠ ᠵᠢ ᠲᠡᠭ᠋ᠠᠵᠦ᠂ ᠵᠡᠭᠦᠨ ᠬᠣᠢ᠌ᠲᠤ ᠣᠷᠣᠨ᠎ᠤ ᠲᠡᠢ᠍ᠢ᠍ᠠ᠎ᠤ ᠲᠠᠯᠠᠪᠤᠷ ᠪᠠ ᠤᠮᠠᠷᠠᠲᠤ ᠣᠷᠣᠨ᠎ᠤ ᠲᠡᠢ᠍ᠢ᠍ᠠ᠎ᠤ ᠲᠠᠯᠠᠪᠤᠷ᠎ᠤᠨ ᠳᠠᠭ᠋ᠠᠷᠢᠯᠲᠠ ᠵᠢᠨ ᠪᠠᠢ᠌ᠯᠳᠤᠭ᠋ᠠᠨ ᠪᠠ ᠪᠠᠢ᠌ᠯᠳᠤᠬᠤ ᠪᠣᠳᠣᠯᠭ᠎ᠠ ᠵᠢᠨ ᠰᠢᠢ᠍ᠳᠪᠦᠷᠢᠲᠦ ᠪᠠᠢ᠌ᠯᠳᠤᠭ᠋ᠠᠨ᠎ᠳᠤ ᠢᠳᠡᠪᠬᠢᠲᠡᠢ ᠣᠷᠣᠯᠴᠠᠵᠤ᠂ ᠪᠦᠬᠦ ᠤᠯᠤᠰ᠎ᠤᠨ ᠠᠷᠠᠳ ᠲᠦᠮᠡᠨ᠎ᠯᠦᠭᠡ ᠬᠠᠮᠲᠤ᠎ᠪᠠᠷ ᠴᠢᠯᠦᠭᠡᠯᠡᠬᠦ ᠲᠡᠢ᠍ᠢ᠍ᠠ᠎ᠤ ᠠᠭᠤᠤ ᠶᠡᠬᠡ ᠢᠯᠠᠯᠲᠠ ᠵᠢ ᠲᠡᠮᠡᠴᠡᠨ ᠣᠯᠪᠠ᠃ 


0508赢得模范自治区的崇高荣誉3.png


   ᠨᠡᠢ᠌ᠭᠡᠮ ᠵᠢᠷᠤᠮᠲᠤ ᠬᠤᠪᠢᠰᠬᠠᠯ ᠪᠠ ᠪᠦᠲᠦᠭᠡᠨ ᠪᠠᠢ᠌ᠭᠤᠯᠤᠯᠲᠠ ᠵᠢᠨ ᠴᠠᠭ ᠦᠶ᠎ᠡ᠎ᠳᠤ᠂ ᠨᠠᠮ᠎ᠳᠤ ᠲᠤᠯᠭ᠋ᠠᠷᠠᠵᠤ ᠪᠠᠢ᠌ᠭᠰᠠᠨ ᠭᠣᠣᠯ ᠡᠭᠦᠷᠭᠡ ᠪᠣᠯ᠄ ᠰᠢᠨ᠎ᠡ ᠠᠷᠠᠳᠴᠢᠯᠠᠭᠰᠠᠨ ᠶᠣᠰᠣᠨ᠎ᠠᠴᠠ ᠨᠡᠢ᠌ᠭᠡᠮ ᠵᠢᠷᠤᠮ᠎ᠳᠤ ᠰᠢᠯᠵᠢᠬᠦ ᠬᠤᠪᠢᠷᠠᠯᠲᠠ ᠵᠢ ᠪᠡᠶᠡᠯᠡᠭᠦᠯᠵᠦ᠂ ᠨᠡᠢ᠌ᠭᠡᠮ ᠵᠢᠷᠤᠮᠲᠤ ᠬᠤᠪᠢᠰᠬᠠᠯ ᠬᠢᠵᠦ᠂ ᠨᠡᠢ᠌ᠭᠡᠮ ᠵᠢᠷᠤᠮᠲᠤ ᠪᠦᠲᠦᠭᠡᠨ ᠪᠠᠢ᠌ᠭᠤᠯᠤᠯᠲᠠ ᠵᠢ ᠠᠬᠢᠭᠤᠯᠤᠨ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ᠎ᠳᠤ ᠦᠨᠳᠦᠰᠦᠨ ᠤᠯᠤᠰ ᠲᠦᠷᠦ ᠵᠢᠨ ᠤᠷᠢᠲᠠᠯ ᠪᠠ ᠪᠠᠢ᠌ᠭᠤᠯᠤᠯ᠎ᠤᠨ ᠰᠠᠭᠤᠷᠢ ᠵᠢ ᠲᠠᠯᠪᠢᠵᠤ ᠥᠭᠬᠦ ᠶᠠᠪᠤᠳᠠᠯ ᠪᠣᠯᠣᠨ᠎ᠠ᠃ ᠨᠠᠮ᠎ᠤᠨ ᠭᠣᠣᠯ ᠪᠣᠯᠬᠤ ᠡᠭᠦᠷᠭᠡ ᠵᠢᠨ ᠲᠣᠭᠣᠷᠢᠨ᠎ᠳᠤ᠂ ᠥᠪᠥᠷ ᠮᠣᠩᠭᠣᠯ᠎ᠤᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠪᠠ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ ᠡᠷᠡᠰ ᠭᠤᠢ᠌ᠪᠢᠰᠢ ᠦᠭᠡᠢ᠎ᠪᠠᠷ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠲᠠᠭ᠋ᠠᠵᠦ᠂ ᠰᠢᠨ᠎ᠡ ᠨᠡᠢ᠌ᠭᠡᠮ᠎ᠢ ᠪᠦᠯᠬᠦᠮᠳᠡᠨ ᠪᠦᠲᠦᠭᠡᠨ ᠪᠠᠢ᠌ᠭᠤᠯᠵᠤ ᠢᠷᠡᠪᠡ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠨᠠᠮ᠎ᠤᠨ ᠲᠥᠪ ᠬᠣᠷᠢᠶᠠᠨ᠎ᠤ ᠤᠳᠤᠷᠢᠳᠤᠯᠭ᠎ᠠ ᠳᠣᠣᠷ᠎ᠠ᠂ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠵᠢ ᠠᠮᠵᠢᠯᠲᠠ᠎ᠲᠠᠢ ᠦᠢ᠍ᠯᠡᠳᠦᠯᠭᠡᠵᠢᠭᠦᠯᠵᠦ᠂ ᠠᠷᠠᠳᠴᠢᠯᠠᠭᠰᠠᠨ ᠥᠭᠡᠷᠡᠴᠢᠯᠡᠯᠲᠡ ᠪᠠ ᠨᠡᠢ᠌ᠭᠡᠮ ᠵᠢᠷᠤᠮᠲᠤ ᠥᠭᠡᠷᠡᠴᠢᠯᠡᠯᠲᠡ ᠰᠢᠨᠡᠴᠢᠯᠡᠯᠲᠡ ᠵᠢ ᠪᠦᠲᠦᠭᠡᠯᠴᠢ᠎ᠪᠠᠷ ᠪᠡᠶᠡᠯᠡᠭᠦᠯᠦᠨ᠂ ᠠᠵᠤ ᠠᠬᠤᠢ ᠨᠡᠢ᠌ᠭᠡᠮ᠎ᠤᠨ ᠲᠦᠷᠭᠡᠨ ᠬᠥᠭᠵᠢᠬᠦ ᠵᠢ ᠪᠡᠶᠡᠯᠡᠭᠦᠯᠦᠭᠰᠡᠨ ᠵᠶ᠋ᠡᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠦᠷᠰᠦ ᠪᠠᠢ᠌ᠳᠠᠯ᠎ᠳᠤ ᠦᠨᠳᠦᠰᠦᠨ ᠴᠢᠨᠠᠷᠲᠠᠢ ᠬᠤᠪᠢᠷᠠᠯᠲᠠ ᠭᠠᠷᠴᠤ᠂ ᠬᠢᠯᠢ ᠬᠢᠵᠠᠭ᠋ᠠᠷ᠎ᠤᠨ ᠦᠨᠳᠦᠰᠦᠲᠡᠨ᠎ᠤ ᠣᠷᠣᠨ᠎ᠤ ᠠᠵᠤ ᠠᠬᠤᠢ ᠨᠡᠢ᠌ᠭᠡᠮ᠎ᠤᠨ ᠬᠥᠭᠵᠢᠯᠲᠡ᠎ᠳᠤ ᠲᠤᠷᠰᠢᠯᠭ᠎ᠠ ᠬᠠᠩᠭ᠋ᠠᠨ᠂ ᠦᠯᠢᠭᠡᠷ ᠳᠠᠭᠤᠷᠢᠶᠠᠯ ᠪᠣᠯᠤᠭᠰᠠᠨ ᠪᠠᠢ᠌ᠨ᠎ᠠ᠃ 

   ᠥᠪᠥᠷ ᠮᠣᠩᠭᠣᠯ᠎ᠤᠨ ᠠᠷᠠᠳ ᠲᠦᠮᠡᠨ ᠶᠣᠰᠣ ᠤᠴᠢᠷ᠎ᠢ ᠣᠢ᠌ᠯᠠᠭ᠋ᠠᠵᠤ᠂ 《ᠬᠠᠮᠤᠭ᠎ᠤᠨ ᠰᠠᠢ᠌ᠨ ᠪᠡᠯᠴᠢᠭᠡᠷ ᠨᠤᠲᠤᠭ ᠵᠶ᠋ᠠᠨ ᠰᠠᠨᠰᠠᠷ᠎ᠤᠨ ᠦᠢ᠍ᠯᠡᠰ᠎ᠲᠤ ᠵᠣᠷᠢᠭᠤᠯᠬᠤ》 ᠢᠷᠠᠭᠤ ᠭᠠᠢ᠌ᠬᠠᠮᠰᠢᠭᠲᠤ ᠬᠠᠭᠤᠳᠠᠰᠤ ᠵᠢ ᠪᠢᠴᠢᠭᠯᠡᠵᠡᠢ᠃ 1958 ᠣᠨ᠎ᠳᠤ᠂ ᠨᠠᠮ᠎ᠤᠨ ᠲᠥᠪ ᠬᠣᠷᠢᠶᠠᠨ᠎ᠠᠴᠠ ᠡᠵᠡᠨ᠎ᠡ ᠬᠣᠰᠢᠭᠤᠨ᠎ᠳᠤ ᠮᠠᠨ᠎ᠤ ᠤᠯᠤᠰ᠎ᠤᠨ ᠠᠩᠬᠠᠳᠠᠭᠴᠢ ᠶᠡᠷᠦᠩᠬᠡᠢ᠌ᠯᠡᠭᠰᠡᠨ ᠵᠠᠯᠠᠭᠤᠷᠲᠤ ᠰᠤᠮᠤ ᠵᠢᠨ ᠲᠤᠷᠰᠢᠯᠲᠠ ᠵᠢᠨ ᠬᠠᠷᠪᠤᠯᠲᠠ ᠵᠢᠨ ᠲᠠᠯᠠᠪᠠᠢ — ᠳ᠋ᠦᠩᠹᠧᠩ ᠰᠠᠨᠰᠠᠷ ᠠᠶᠠᠯᠠᠯ᠎ᠤᠨ ᠰᠠᠭᠤᠷᠢᠨ ᠭᠠᠵᠠᠷ ᠪᠠᠶ᠋ᠢᠭᠤᠯᠬᠤ ᠵᠢ ᠵᠢᠩᠬᠢᠨᠢ᠎ᠪᠠᠷ ᠵᠥᠪᠰᠢᠶᠡᠷᠡᠪᠡ᠃ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠦᠢ᠍ᠯᠡᠰ᠎ᠢ ᠳᠡᠮᠵᠢᠬᠦ ᠵᠢᠨ ᠲᠥᠯᠥᠭᠡ᠂ ᠡᠵᠡᠨ᠎ᠡ ᠬᠣᠰᠢᠭᠤᠨ᠎ᠤ 300 ᠭᠠᠷᠤᠢ ᠡᠷᠤᠬᠡ ᠵᠢᠨ 1400 ᠭᠠᠷᠤᠢ ᠮᠠᠯᠴᠢᠳ ᠰᠠᠨᠠᠭ᠋ᠠᠴᠢᠯᠠᠭ᠎ᠠ᠎ᠠᠴᠠ᠎ᠪᠠᠨ ᠬᠦᠴᠢᠷᠳᠡᠯ᠎ᠢ ᠢᠯᠠᠨ ᠳᠠᠪᠠᠵᠤ᠂ 140 ᠺᠢᠯᠣᠮᠧᠲᠷ᠎ᠤᠨ ᠴᠠᠭ᠋ᠠᠨ᠎ᠠ ᠨᠡᠭᠦᠵᠦ ᠭᠡᠷ ᠣᠷᠣᠨ ᠵᠶ᠋ᠠᠨ ᠳᠠᠬᠢᠨᠲᠠ ᠪᠠᠢ᠌ᠭᠤᠯᠵᠠᠢ᠃ ᠲᠡᠭᠦᠨ᠎ᠠᠴᠠ ᠬᠣᠢ᠌ᠰᠢᠬᠢ ᠠᠷᠪᠠᠭ᠋ᠠᠳ ᠵᠢᠯ᠎ᠳᠤ᠂ ᠡᠳᠡᠭᠡᠷ ᠮᠠᠯᠴᠢᠳ ᠪᠡᠯᠴᠢᠭᠡᠷ ᠨᠤᠲᠤᠭ ᠵᠶ᠋ᠠᠨ ᠭᠤᠷᠪᠠᠨᠲᠠ ᠨᠡᠭᠦᠯᠭᠡᠵᠦ᠂ 《ᠭᠡᠷ ᠵᠶ᠋ᠡᠨ ᠣᠭᠣᠷᠴᠤ ᠤᠯᠤᠰ ᠵᠶ᠋ᠠᠨ ᠬᠠᠷᠠᠭ᠋ᠠᠯᠵᠠᠭᠰᠠᠨ》 ᠰᠡᠳᠬᠢᠯ ᠬᠥᠳᠡᠯᠭᠡᠮ᠎ᠡ ᠦᠯᠢᠭᠡᠷ᠎ᠢ ᠪᠢᠴᠢᠭᠯᠡᠭᠰᠡᠨ ᠪᠠᠢ᠌ᠨ᠎ᠠ᠃ 


0508赢得模范自治区的崇高荣誉4.png


0508赢得模范自治区的崇高荣誉5.png

  1958 ᠣᠨ᠎ᠤ 5 ᠳ᠋ᠤᠭ᠋ᠠᠷ ᠰᠠᠷ᠎ᠠ᠎ᠳᠤ᠂ ᠡᠵᠡᠨ᠎ᠡ ᠬᠣᠰᠢᠭᠤᠨ᠎ᠤ ᠮᠠᠯᠴᠢᠳ ᠤᠤᠯ᠎ᠤᠨ ᠨᠤᠲᠤᠭ᠎ᠠᠴᠠ᠎ᠪᠠᠨ ᠨᠡᠭᠦᠵᠦ ᠪᠠᠢ᠌ᠭ᠎ᠠ᠎ᠨᠢ 

   ᠳᠥᠷᠪᠡᠳ ᠬᠣᠰᠢᠭᠤᠨ᠎ᠤ ᠠᠮᠤᠭᠤᠯᠠᠩ ᠲᠠᠯ᠎ᠠ ᠨᠤᠲᠤᠭ᠎ᠲᠤ ᠪᠠᠢ᠌ᠭ᠎ᠠ ᠰᠠᠨᠰᠠᠷ ᠠᠶᠠᠯᠠᠯ᠎ᠤᠨ ᠪᠠᠭᠤᠯᠲᠠ ᠵᠢᠨ ᠲᠠᠯᠠᠪᠠᠢ ᠵᠢ 1999 ᠣᠨ᠎ᠠᠴᠠ ᠡᠬᠢᠯᠡᠨ ᠪᠠᠢ᠌ᠭᠤᠯᠪᠠ᠂ 1999 ᠣᠨ᠎ᠠᠴᠠ 2016 ᠣᠨ ᠪᠣᠯᠲᠠᠯ᠎ᠠ᠂ ᠬᠤᠪᠢᠯᠭ᠋ᠠᠨ ᠣᠩᠭᠣᠴᠠ ᠨᠢᠭᠡᠳᠦᠭᠡᠷ᠎ᠠᠴᠠ ᠬᠤᠪᠢᠯᠭ᠋ᠠᠨ ᠣᠩᠭᠣᠴᠠ ᠠᠷᠪᠠᠨ ᠨᠢᠭᠡᠳᠦᠭᠡᠷ ᠬᠦᠷᠲᠡᠯᠡᠬᠢ ᠨᠢᠰᠬᠦ ᠣᠩᠭᠣᠴᠠ ᠴᠥᠮ ᠡᠨᠳᠡ ᠠᠮᠤᠷ ᠲᠦᠪᠰᠢᠨ ᠵᠶ᠋ᠡᠷ ᠭᠠᠵᠠᠷᠳᠠᠪᠠ᠃ ᠡᠵᠡᠨ᠎ᠡ ᠬᠣᠰᠢᠭᠤᠨ᠎ᠳᠤ ᠪᠠᠢ᠌ᠭ᠎ᠠ ᠳ᠋ᠦᠩᠹᠧᠩ ᠪᠠᠭᠤᠯᠲᠠ ᠵᠢᠨ ᠲᠠᠯᠠᠪᠠᠢ ᠵᠢ 2016 ᠣᠨ᠎ᠠᠴᠠ ᠡᠬᠢᠯᠡᠨ ᠬᠡᠷᠡᠭᠯᠡᠪᠡ᠂ 2021 - 2023 ᠣᠨ᠎ᠳᠤ᠂ ᠬᠤᠪᠢᠯᠭ᠋ᠠᠨ ᠣᠩᠭᠣᠴᠠ ᠠᠷᠪᠠᠨ ᠬᠣᠶᠠᠳᠤᠭ᠋ᠠᠷ᠎ᠠᠴᠠ ᠬᠤᠪᠢᠯᠭ᠋ᠠᠨ ᠣᠩᠭᠣᠴᠠ ᠠᠷᠪᠠᠨ ᠵᠢᠷᠭᠤᠳᠤᠭ᠋ᠠᠷ ᠬᠥᠮᠥᠨ ᠰᠠᠭᠤᠯᠭ᠋ᠠᠭᠰᠠᠨ ᠨᠢᠰᠬᠦ ᠣᠩᠭᠣᠴᠠ ᠴᠥᠮ ᠡᠨᠳᠡ ᠠᠮᠤᠷ ᠲᠦᠪᠰᠢᠨ ᠭᠠᠵᠠᠷᠳᠠᠵᠠᠢ᠃ 2003 ᠣᠨ᠎ᠤ 11 ᠳ᠋ᠦ᠍ᠭᠡᠷ ᠰᠠᠷ᠎ᠠ᠎ᠳᠤ᠂ ᠳᠤᠮᠳᠠᠳᠤ ᠤᠯᠤᠰ᠎ᠤᠨ ᠠᠷᠠᠳ᠎ᠤᠨ ᠴᠢᠯᠦᠭᠡᠯᠡᠬᠦ ᠴᠡᠷᠢᠭ᠎ᠤᠨ ᠶᠡᠷᠦᠩᠬᠡᠢ ᠲᠣᠨᠣᠭᠯᠠᠯ᠎ᠤᠨ ᠬᠡᠯᠲᠡᠰ᠂ ᠳᠤᠮᠳᠠᠳᠤ ᠤᠯᠤᠰ᠎ᠤᠨ ᠬᠥᠮᠥᠨ ᠰᠠᠭᠤᠯᠭ᠋ᠠᠭᠰᠠᠨ ᠰᠠᠨᠰᠠᠷ ᠠᠶᠠᠯᠠᠯ᠎ᠤᠨ ᠢᠨᠵᠧᠨᠧᠷᠢᠩ᠎ᠤᠨ ᠵᠢᠯᠤᠭᠣᠳᠬᠤ ᠭᠠᠵᠠᠷ᠎ᠠᠴᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠳᠤ 《ᠨᠢᠰᠬᠦ ᠣᠩᠭᠣᠴᠠ ᠵᠢ ᠥᠪᠥᠷ ᠮᠣᠩᠭᠣᠯ᠎ᠠᠴᠠ ᠬᠠᠷᠪᠤᠵᠤ ᠰᠠᠨᠰᠠᠷᠴᠢᠳ ᠥᠪᠥᠷ ᠮᠣᠩᠭᠣᠯ᠎ᠳᠤ ᠭᠠᠵᠠᠷᠳᠠᠪᠠᠢ》 ᠬᠡᠮᠡᠬᠦ ᠬᠡᠮᠡᠷᠯᠢᠭ ᠲᠤᠭ ᠪᠡᠯᠡᠭᠯᠡᠵᠦ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠡᠬᠡ ᠤᠯᠤᠰ᠎ᠤᠨ ᠰᠠᠨᠰᠠᠷ ᠠᠶᠠᠯᠠᠯ᠎ᠤᠨ ᠦᠢ᠍ᠯᠡᠰ᠎ᠲᠤ ᠦᠵᠡᠭᠦᠯᠦᠭᠰᠡᠨ ᠴᠢᠬᠤᠯᠠ ᠶᠡᠬᠡ ᠬᠤᠪᠢ ᠨᠡᠮᠡᠷᠢ᠎ᠳᠤ ᠲᠠᠯᠠᠷᠬᠠᠪᠠ᠃ 


0508赢得模范自治区的崇高荣誉6.png


  2003 ᠣᠨ᠎ᠤ 11 ᠳ᠋ᠦ᠍ᠭᠡᠷ ᠰᠠᠷ᠎ᠠ᠎ᠳᠤ ᠳᠤᠮᠳᠠᠳᠤ ᠤᠯᠤᠰ᠎ᠤᠨ ᠠᠷᠠᠳ᠎ᠤᠨ ᠴᠢᠯᠦᠭᠡᠯᠡᠬᠦ ᠴᠡᠷᠢᠭ᠎ᠤᠨ ᠶᠡᠷᠦᠩᠬᠡᠢ ᠲᠣᠨᠣᠭᠯᠠᠯ᠎ᠤᠨ ᠬᠡᠯᠲᠡᠰ᠂ ᠳᠤᠮᠳᠠᠳᠤ ᠤᠯᠤᠰ᠎ᠤᠨ ᠬᠥᠮᠥᠨ ᠰᠠᠭᠤᠯᠭ᠋ᠠᠭᠰᠠᠨ ᠰᠠᠨᠰᠠᠷ ᠠᠶᠠᠯᠠᠯ᠎ᠤᠨ ᠢᠨᠵᠧᠨᠧᠷᠢᠩ᠎ᠤᠨ ᠵᠢᠯᠤᠭᠣᠳᠬᠤ ᠭᠠᠵᠠᠷ᠎ᠠᠴᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠳᠤ ᠪᠡᠯᠡᠭᠯᠡᠭᠰᠡᠨ ᠬᠡᠮᠡᠷᠯᠢᠭ ᠲᠤᠭ 

   ᠥᠪᠥᠷ ᠮᠣᠩᠭᠣᠯ᠎ᠤᠨ ᠠᠷᠠᠳ ᠲᠦᠮᠡᠨ ᠠᠭᠤᠤ ᠬᠠᠢ᠌ᠷ᠎ᠠ᠎ᠪᠠᠷ ᠵᠶ᠋ᠡᠨ 《ᠭᠤᠷᠪᠠᠨ ᠮᠢᠩᠭ᠋ᠠᠨ ᠥᠨᠥᠴᠢᠨ ᠬᠡᠦᠬᠡᠳ᠎ᠢ ᠦᠷᠡᠴᠢᠯᠡᠨ ᠳᠡᠵᠢᠭᠡᠭᠰᠡᠨ》 ᠲᠡᠦᠬᠡ ᠵᠢᠨ ᠰᠠᠢ᠌ᠬᠠᠨ ᠳᠠᠭᠤᠷᠢᠰᠬᠠᠯ᠎ᠢ ᠪᠢᠴᠢᠭᠯᠡᠵᠡᠢ᠃ 1959 ᠣᠨ᠎ᠠᠴᠠ 1961 ᠣᠨ ᠪᠣᠯᠲᠠᠯ᠎ᠠ᠂ ᠪᠦᠬᠦ ᠤᠯᠤᠰ᠎ᠲᠤ ᠬᠦᠨᠳᠦ ᠨᠣᠴᠢᠲᠠᠢ ᠠᠵᠤ ᠠᠬᠤᠢ ᠵᠢᠨ ᠬᠦᠴᠢᠷᠳᠡᠯ ᠲᠤᠯᠭ᠋ᠠᠷᠠᠵᠤ᠂ ᠱᠠᠩᠬᠠᠢ᠂ ᠵᠢᠶᠠᠩᠰᠤ᠂ ᠠᠨᠾᠦ᠋ᠢ ᠵᠡᠷᠭᠡ ᠭᠠᠵᠠᠷ᠎ᠤᠨ ᠵᠠᠰᠠᠭ᠎ᠤᠨ ᠣᠷᠳᠣᠨ᠎ᠤ ᠦᠷᠡᠴᠢᠯᠡᠨ ᠲᠡᠵᠢᠭᠡᠭᠰᠡᠨ ᠬᠡᠳᠦᠨ ᠮᠢᠩᠭ᠋ᠠᠨ ᠥᠨᠥᠴᠢᠨ ᠬᠡᠦᠬᠡᠳ᠎ᠤᠨ ᠠᠮᠤ ᠪᠤᠳᠠᠭ᠎ᠠ ᠬᠦᠷᠦᠯᠴᠡᠬᠦ ᠦᠭᠡᠢ᠎ᠠᠴᠠ ᠪᠣᠯᠵᠤ᠂ ᠰᠢᠮ᠎ᠡ ᠲᠡᠵᠢᠭᠡᠯ ᠳᠤᠲᠠᠭᠳᠠᠬᠤ ᠪᠠᠢ᠌ᠳᠠᠯ᠎ᠲᠠᠢ ᠪᠣᠯᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠨᠠᠮ᠎ᠤᠨ ᠲᠦᠯᠦᠭᠡ ᠰᠠᠨᠠᠭ᠋ᠠᠰᠢᠷᠠᠨ᠂ ᠠᠷᠠᠳ᠎ᠤᠨ ᠬᠦᠴᠢᠷᠳᠡᠯ᠎ᠢ ᠲᠠᠢ᠌ᠯᠬᠤ ᠬᠠᠷᠢᠭᠤᠴᠠᠯᠭ᠎ᠠ ᠵᠢ ᠡᠭᠦᠷᠭᠡᠯᠡᠨ᠂ ᠡᠮᠦᠨᠡᠲᠦ ᠣᠷᠣᠨ᠎ᠤ ᠥᠨᠥᠴᠢᠨ ᠬᠡᠦᠬᠡᠳ᠎ᠢ ᠬᠦᠯᠢᠶᠡᠨ ᠠᠪᠴᠤ ᠲᠥᠪᠬᠢᠨᠡᠭᠦᠯᠬᠦ ᠰᠢᠢ᠍ᠳᠪᠦᠷᠢ ᠭᠠᠷᠭ᠋ᠠᠪᠠ᠃ 1960 ᠣᠨ᠎ᠠᠴᠠ 1963 ᠣᠨ ᠪᠣᠯᠲᠠᠯ᠎ᠠ᠂ ᠥᠪᠥᠷ ᠮᠣᠩᠭᠣᠯ ᠤᠷᠢᠳ ᠬᠣᠵᠢᠳ 3000 ᠰᠢᠬᠠᠮ ᠥᠨᠥᠴᠢᠨ ᠬᠡᠦᠬᠡᠳ᠎ᠢ ᠲᠣᠰᠴᠤ ᠠᠪᠤᠪᠠ᠂ ᠡᠳᠡᠭᠡᠷ ᠥᠨᠥᠴᠢᠨ ᠬᠡᠦᠬᠡᠳ᠎ᠢ 《ᠤᠯᠤᠰ᠎ᠤᠨ ᠬᠡᠦᠬᠡᠳ》 ᠬᠡᠮᠡᠨ ᠨᠡᠷᠡᠯᠡᠵᠡᠢ᠃ ᠲᠤᠬᠠᠢ ᠵᠢᠨ ᠦᠶ᠎ᠡ ᠵᠢᠨ ᠥᠪᠥᠷ ᠮᠣᠩᠭᠣᠯ ᠬᠡᠳᠦᠢ᠌ᠪᠡᠷ ᠠᠵᠤ ᠠᠬᠤᠢ ᠵᠢᠨ ᠬᠦᠴᠢᠷᠳᠡᠯ᠎ᠤᠨ ᠬᠠᠲᠠᠭᠤ ᠰᠢᠯᠭ᠋ᠠᠯᠲᠠ᠎ᠳᠤ ᠲᠤᠯᠭ᠋ᠠᠷᠠᠵᠤ ᠪᠠᠢ᠌ᠭᠰᠠᠨ ᠴᠦ᠍᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠤᠯᠠᠨ ᠲᠦᠮᠡᠨ ᠰᠠᠨᠠᠭ᠋ᠠᠴᠢᠯᠠᠭ᠎ᠠ᠎ᠠᠴᠠ᠎ᠪᠠᠨ ᠡᠨᠡ ᠬᠦ᠌ ᠬᠠᠷᠢᠭᠤᠴᠠᠯᠭ᠎ᠠ ᠵᠢ ᠡᠭᠦᠷᠭᠡᠯᠡᠪᠡ᠃ 1961 ᠣᠨ᠎ᠳᠤ᠂ ᠠᠷᠪᠠ ᠶᠢᠰᠦᠬᠡᠨ ᠨᠠᠰᠤᠲᠠᠢ ᠤᠯᠠᠭ᠋ᠠᠨᠴᠠᠪ ᠠᠢ᠌ᠮᠠᠭ (ᠤᠳᠤ ᠵᠢᠨ ᠤᠯᠠᠭ᠋ᠠᠨᠴᠠᠪ ᠬᠤᠳᠠ)᠎ᠤᠨ ᠳᠥᠷᠪᠡᠳ ᠬᠣᠰᠢᠭᠤᠨ᠎ᠤ ᠨᠣᠮᠣᠬᠠᠨ ᠰᠤᠮᠤᠨ᠎ᠤ ᠮᠠᠯᠴᠢᠨ ᠳᠦᠭᠦᠢ᠌ᠮ᠎ᠠ ᠳᠥᠷᠪᠡᠳ ᠬᠣᠰᠢᠭᠤᠨ᠎ᠤ ᠡᠷᠡᠭᠦᠯᠵᠢᠯ᠎ᠤᠨ ᠦᠷᠳᠡᠭᠡ᠎ᠳᠤ ᠬᠤᠪᠢᠶᠠᠭᠳᠠᠵᠤ᠂ ᠬᠣᠰᠢᠭᠤᠨ᠎ᠤ᠎ᠪᠠᠨ ᠰᠠᠶᠢᠬᠠᠨ ᠲᠣᠰᠴᠤ ᠠᠪᠤᠭᠰᠠᠨ 《ᠤᠯᠤᠰ᠎ᠤᠨ ᠬᠡᠦᠬᠡᠳ》᠎ᠢ ᠦᠷᠡᠴᠢᠯᠡᠨ ᠲᠡᠵᠢᠭᠡᠵᠡᠢ᠃ 2019 ᠣᠨ᠎ᠤ 9 ᠳ᠋ᠦ᠍ᠭᠡᠷ ᠰᠠᠷ᠎ᠠ᠎ᠳᠤ᠂ 28 《ᠤᠯᠤᠰ᠎ᠤᠨ ᠬᠡᠦᠬᠡᠳ》᠎ᠢ ᠥᠰᠬᠡᠨ ᠬᠥᠮᠥᠵᠢᠭᠦᠯᠦᠭᠰᠡᠨ ᠳᠦᠭᠦᠢ᠌ᠮ᠎ᠠ 《ᠠᠷᠠᠳ᠎ᠤᠨ ᠵᠢᠱ᠌ᠢᠶᠡᠴᠢ》 ᠬᠡᠮᠡᠬᠦ ᠤᠯᠤᠰ᠎ᠤᠨ ᠢᠷᠠᠭᠤ ᠠᠯᠳᠠᠷ᠎ᠤᠨ ᠴᠣᠯᠠ ᠬᠦᠷᠳᠡᠪᠡ᠃ 


0508赢得模范自治区的崇高荣誉7.png


   ᠳᠦᠭᠦᠢ᠌ᠮ᠎ᠠ ᠪᠠ ᠲᠡᠭᠦᠨ᠎ᠤ ᠠᠰᠠᠷᠠᠨ ᠲᠡᠵᠢᠭᠡᠭᠰᠡᠨ 《ᠤᠯᠤᠰ᠎ᠤᠨ ᠬᠡᠦᠬᠡᠳ》 

  

   ᠨᠠᠮ᠎ᠤᠨ ᠲᠥᠪ ᠬᠣᠷᠢᠶᠠᠨ᠎ᠠᠴᠠ ᠥᠪᠥᠷ ᠮᠣᠩᠭᠣᠯ᠎ᠤᠨ ᠠᠵᠤ ᠠᠬᠤᠢ ᠨᠡᠢ᠌ᠭᠡᠮ᠎ᠤᠨ ᠪᠦᠲᠦᠭᠡᠨ ᠪᠠᠢ᠌ᠭᠤᠯᠤᠯᠲᠠ ᠪᠠ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠦᠢ᠍ᠯᠡᠰ᠎ᠲᠤ ᠣᠯᠣᠭᠰᠠᠨ ᠠᠮᠵᠢᠯᠲᠠ ᠵᠢ ᠭᠦᠢ᠍ᠴᠡᠳ ᠨᠤᠲᠠᠯᠠᠵᠤ᠂ ᠵᠧᠦ ᠧᠨ ᠯᠠᠢ ᠥᠪᠥᠷ ᠮᠣᠩᠭᠣᠯ᠎ᠢ ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠭᠡᠵᠦ ᠮᠠᠭᠲᠠᠨ ᠰᠠᠢ᠌ᠰᠢᠶᠠᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠠᠢ᠌ᠭᠤᠯᠤᠭᠳᠠᠭᠰᠠᠨ 5 ᠵᠢᠯ᠎ᠤᠨ ᠤᠢ ᠵᠢᠨ ᠲᠠᠰᠢᠷᠠᠮ ᠵᠶ᠋ᠠᠷ᠂ ᠵᠧᠦ ᠧᠨ ᠯᠠᠢ ᠴᠠᠬᠢᠯᠭ᠋ᠠᠨ ᠴᠢᠮᠡᠭᠡ ᠶᠠᠪᠤᠭᠤᠯᠤᠨ ᠪᠠᠶᠠᠷ ᠬᠦᠷᠭᠡᠬᠦ᠎ᠳᠤ᠎ᠪᠠᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠦᠨᠢ ᠡᠭᠦᠷᠢᠳᠡ ᠮᠠᠨ᠎ᠤ ᠤᠯᠤᠰ᠎ᠤᠨ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠰᠠᠢ᠌ᠨ ᠳᠠᠭᠤᠷᠢᠶᠠᠯ ᠪᠣᠯᠳᠤᠭ᠋ᠠᠢ ᠭᠡᠵᠦ ᠬᠦᠰᠡᠪᠡ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠠᠢ᠌ᠭᠤᠯᠤᠭᠳᠠᠭᠰᠠᠨ 10 ᠵᠢᠯ᠎ᠤᠨ ᠣᠶ ᠵᠢᠨ ᠲᠠᠰᠢᠷᠠᠮ ᠵᠶ᠋ᠠᠷ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶᠠᠷ᠎ᠤᠨ ᠴᠠᠬᠢᠯᠭ᠋ᠠᠨ ᠴᠢᠮᠡᠭᠡ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠨᠢᠭᠡᠨᠲᠡ ᠮᠠᠨ᠎ᠤ ᠤᠯᠤᠰ᠎ᠤᠨ ᠡᠯ᠎ᠡ ᠦᠨᠳᠦᠰᠦᠲᠡᠨ᠎ᠤ ᠥᠪᠡᠷᠲᠡᠭᠡᠨ ᠵᠠᠰᠠᠬᠤ ᠭᠠᠵᠠᠷ᠎ᠤᠨ ᠰᠠᠢ᠌ᠨ ᠳᠠᠭᠤᠷᠢᠶᠠᠯ ᠪᠣᠯᠵᠠᠢ ᠬᠡᠮᠡᠨ ᠵᠢᠭ᠋ᠠᠵᠤ ᠭᠠᠷᠭ᠋ᠠᠵᠠᠢ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠠᠢ᠌ᠭᠤᠯᠤᠭᠳᠠᠭᠰᠠᠨ 30 ᠵᠢᠯ᠎ᠤᠨ ᠤᠢ ᠵᠢᠨ ᠲᠠᠰᠢᠷᠠᠮ ᠵᠶ᠋ᠡᠷ᠂ ᠲᠥᠪ᠎ᠤᠨ ᠲᠥᠯᠥᠭᠡᠯᠡᠭᠴᠢᠳ᠎ᠤᠨ ᠪᠦᠯᠬᠦᠮ᠎ᠤᠨ ᠳᠠᠷᠤᠭ᠎ᠠ ᠴᠧᠨ ᠰᠢ ᠯᠢᠶᠠᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢ᠌ᠭᠤᠯᠤᠭᠳᠠᠭᠰᠠᠨ ᠪᠠ ᠬᠥᠭᠵᠢᠭᠰᠡᠨ᠎ᠨᠢ ᠮᠠᠨ᠎ᠤ ᠨᠠᠮ᠎ᠤᠨ ᠪᠦᠬᠦ ᠤᠯᠤᠰ᠎ᠲᠤ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠲᠦᠷᠦ ᠵᠢᠨ ᠪᠣᠳᠣᠯᠭ᠎ᠠ ᠵᠢ ᠬᠡᠷᠡᠭᠵᠢᠭᠦᠯᠬᠦ᠎ᠳᠤ ᠮᠠᠰᠢ ᠰᠠᠢ᠌ᠨ ᠲᠤᠷᠰᠢᠯᠭ᠎ᠠ ᠬᠠᠩᠭ᠋ᠠᠪᠠ; ᠡᠬᠡ ᠤᠯᠤᠰ᠎ᠤᠨ ᠨᠢᠭᠡᠳᠦᠯ᠎ᠢ ᠬᠠᠮᠠᠭ᠋ᠠᠯᠠᠬᠤ᠂ ᠳᠤᠮᠳᠠᠳᠤ ᠵᠢᠨ ᠦᠨᠳᠦᠰᠦᠲᠡᠨ᠎ᠤ ᠶᠡᠬᠡ ᠪᠦᠯᠬᠦᠮᠳᠡᠯ᠎ᠢ ᠴᠢᠩᠭ᠋ᠠᠳᠬᠠᠬᠤ᠂ ᠮᠠᠨ᠎ᠤ ᠤᠯᠤᠰ᠎ᠤᠨ ᠬᠢᠯᠢ ᠵᠢᠨ ᠬᠠᠮᠠᠭ᠋ᠠᠯᠠᠯᠲᠠ ᠵᠢ ᠬᠠᠮᠠᠭ᠋ᠠᠯᠠᠬᠤ᠎ᠳᠤ ᠴᠢᠬᠤᠯᠠ ᠦᠢ᠍ᠯᠡᠳᠦᠯ ᠦᠵᠡᠭᠦᠯᠪᠡ ᠭᠡᠵᠦ ᠵᠢᠭ᠋ᠠᠵᠤ ᠭᠠᠷᠭ᠋ᠠᠪᠠ᠃ 


ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ