ᠨᠢᠭᠡ ᠭᠣᠣᠯ ᠰᠢᠵᠢᠮ᠎ᠢ ᠲᠤᠭᠤᠰᠢᠲᠠᠢ ᠨᠠᠢ᠌ᠳᠠᠪᠤᠷᠢᠵᠢᠭᠤᠯᠤᠨ᠎ᠠ   -   ᠵᠢᠷᠭᠤᠭ᠋ᠠᠨ ᠦᠭᠦᠯᠡᠪᠦᠷᠢ ᠦᠭᠡᠨ᠎ᠤ ᠪᠣᠳᠠᠲᠤ ᠶᠠᠪᠤᠳᠠᠯ ᠪᠠ ᠶᠣᠰᠣ ᠤᠴᠢᠷ
ᠳᠤᠮᠳᠠᠳᠤ ᠤᠯᠤᠰ᠎ᠤᠨ ᠡᠪ ᠬᠠᠮᠲᠤ ᠨᠠᠮ ᠥᠪᠥᠷ ᠮᠣᠩᠭᠣᠯ ᠣᠷᠣᠨ᠎ᠳᠤ ᠨᠠᠮ᠎ᠤᠨ ᠵᠣᠬᠢᠶᠠᠨ ᠪᠠᠢ᠌ᠭᠤᠯᠤᠯᠲᠠ ᠪᠠᠢ᠌ᠭᠤᠯᠤᠭᠰᠠᠨ᠎ᠨᠢ —— 《ᠵᠢᠷᠭᠤᠭ᠋ᠠᠨ ᠥᠭᠦᠯᠡᠪᠦᠷᠢ ᠦᠭᠡᠨ᠎ᠤ ᠪᠣᠳᠠᠲᠤ ᠶᠠᠪᠤᠳᠠᠯ ᠪᠠ ᠶᠣᠰᠣ ᠤᠴᠢᠷ》᠄ ᠥᠪᠥᠷ ᠮᠣᠩᠭᠣᠯ ᠣᠷᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠠᠮᠤᠭ᠎ᠤᠨ ᠡᠷᠲᠡ ᠨᠠᠮ᠎ᠤᠨ ᠵᠣᠬᠢᠶᠠᠨ ᠪᠠᠢ᠌ᠭᠤᠯᠤᠯᠲᠠ ᠵᠢ ᠪᠠᠢ᠌ᠭᠤᠯᠤᠭᠰᠠᠨ ᠦᠨᠳᠦᠰᠦᠲᠡᠨ᠎ᠤ ᠭᠠᠵᠠᠷ ᠣᠷᠣᠨ ᠪᠣᠯᠣᠨ᠎ᠠ (ᠬᠣᠶᠠᠷ)
ᠨᠡᠶ᠋ᠢᠲᠡᠯᠡᠭᠰᠡᠨ ᠴᠠᠭ᠄ 2025-05-08



《ᠵᠢᠷᠭᠤᠭ᠋ᠠᠨ ᠥᠭᠦᠯᠡᠪᠦᠷᠢ ᠦᠭᠡᠨ᠎ᠤ ᠪᠣᠳᠠᠲᠤ ᠶᠠᠪᠤᠳᠠᠯ ᠪᠠ ᠶᠣᠰᠣ ᠤᠴᠢᠷ》 ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠦᠵᠢ ᠰᠦᠨ ᠱᠤᠤ ᠴᠸᠩ ᠵᠣᠬᠢᠶᠠᠯ᠂ ᠶᠠᠷᠢᠶᠠᠨ᠎ᠳᠤ᠎ᠪᠠᠨ ᠳ᠋ᠦᠩᠨᠡᠵᠦ ᠲᠣᠳᠣᠷᠬᠠᠢ᠌ᠯᠠᠨ ᠲᠠᠢ᠌ᠯᠪᠤᠷᠢᠯᠠᠭᠰᠠᠨ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠮᠲᠤ ᠵᠢᠨ ᠰᠡᠳᠬᠢᠯ᠎ᠤᠨ ᠳᠠᠭᠤᠨ ᠪᠣᠯᠣᠨ᠎ᠠ

ᠥᠪᠥᠷ ᠮᠣᠩᠭᠣᠯ ᠣᠷᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠠᠮᠤᠭ᠎ᠤᠨ ᠡᠷᠲᠡ ᠨᠠᠮ᠎ᠤᠨ ᠵᠣᠬᠢᠶᠠᠨ ᠪᠠᠢ᠌ᠭᠤᠯᠤᠯᠲᠠ ᠵᠢ  ᠪᠠᠢ᠌ᠭᠤᠯᠤᠭᠰᠠᠨ ᠦᠨᠳᠦᠰᠦᠲᠡᠨ᠎ᠤ ᠭᠠᠵᠠᠷ ᠣᠷᠣᠨ ᠪᠣᠯᠣᠨ᠎ᠠ

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ  ᠬᠣᠷᠢᠶᠠᠨ᠎ᠤ  ᠰᠢᠭᠤᠳ ᠤᠳᠤᠷᠢᠳᠤᠯᠭ᠎ᠠ ᠳᠣᠣᠷ᠎ᠠ ᠪᠠᠢ᠌ᠭᠤᠯᠤᠭᠳᠠᠭᠰᠠᠨ ᠶᠤᠮ

ᠥᠪᠥᠷ ᠮᠣᠩᠭᠣᠯ ᠪᠣᠯ ᠨᠠᠮ᠎ᠤᠨ ᠲᠥᠪ  ᠬᠣᠷᠢᠶᠠᠨ᠎ᠤ  ᠳᠡᠮᠵᠢᠯᠭᠡ ᠳᠣᠣᠷ᠎ᠠ ᠬᠥᠭᠵᠢᠭᠰᠡᠨ ᠶᠤᠮ

ᠥᠪᠥᠷ ᠮᠣᠩᠭᠣᠯ᠎ᠤᠨ ᠠᠵᠢᠯ᠎ᠤᠨ ᠳᠤᠮᠳᠠ ᠢᠯᠡᠷᠡᠭᠰᠡᠨ ᠴᠢᠬᠤᠯᠠ ᠶᠡᠬᠡ ᠬᠡᠯᠪᠡᠷᠢᠯ ᠵᠥᠷᠢᠶ᠎ᠡ ᠵᠢ  ᠴᠥᠮ ᠨᠠᠮ᠎ᠤᠨ ᠲᠥᠪ  ᠬᠣᠷᠢᠶᠠᠨ᠎ᠠᠴᠠ  ᠬᠠᠪᠰᠤᠷᠤᠨ ᠵᠠᠯᠠᠷᠠᠭᠤᠯᠤᠭᠰᠠᠨ ᠶᠤᠮ

ᠥᠪᠥᠷ ᠮᠣᠩᠭᠣᠯ᠎ᠤᠨ ᠰᠢᠨ᠎ᠡ ᠴᠠᠭ ᠦᠶ᠎ᠡ ᠵᠢᠨ ᠬᠥᠭᠵᠢᠯᠲᠡ ᠵᠢᠨ ᠠᠮᠵᠢᠯᠲᠠ ᠪᠦᠲᠦᠮᠵᠢ ᠵᠢ ᠪᠣᠯ ᠶᠡᠷᠦᠩᠬᠡᠢ ᠱᠦᠵᠢ ᠰᠢ ᠵᠢᠨ ᠫᠢᠩ᠎ᠤᠨ ᠳᠣᠲᠣᠨᠣ ᠬᠠᠯᠠᠮᠵᠢᠯᠠᠯ ᠪᠠ ᠵᠢᠯᠣᠭᠣᠳᠤᠯᠭ᠎ᠠ ᠳᠣᠣᠷ᠎ᠠ ᠣᠯᠣᠭᠰᠠᠨ ᠶᠤᠮ

ᠥᠪᠥᠷ ᠮᠣᠩᠭᠣᠯ ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠪᠣᠯᠤᠭᠰᠠᠨ᠎ᠤ ᠵᠢᠱ᠌ᠢᠶᠡᠴᠢ᠎ᠨᠢ ᠨᠠᠮ᠎ᠤᠨ ᠦᠭᠡ ᠵᠢ ᠰᠣᠨᠣᠰᠤᠭᠰᠠᠨ᠎ᠳᠤ ᠪᠤᠢ 


 

ᠥᠪᠥᠷ  ᠮᠣᠩᠭᠣᠯ  ᠣᠷᠣᠨ  ᠪᠣᠯ  ᠳᠤᠮᠳᠠᠳᠤ  ᠤᠯᠤᠰ᠎ᠤᠨ  ᠡᠪ  ᠬᠠᠮᠲᠤ  ᠨᠠᠮ᠎ᠤᠨ  ᠬᠠᠮᠤᠭ᠎ᠤᠨ 

ᠡᠷᠲᠡ  ᠨᠠᠮ᠎ᠤᠨ  ᠵᠣᠬᠢᠶᠠᠨ  ᠪᠠᠢ᠌ᠭᠤᠯᠤᠯᠲᠠ ᠵᠢ ᠪᠠᠢ᠌ᠭᠤᠯᠤᠭᠰᠠᠨ  ᠦᠨᠳᠦᠰᠦᠲᠡᠨ᠎ᠤ  ᠭᠠᠵᠠᠷ  ᠣᠷᠣᠨ  ᠪᠣᠯᠣᠨ᠎ᠠ

      (  ᠬᠣᠶᠠᠷ)  ᠳᠤᠮᠳᠠᠳᠤ ᠤᠯᠤᠰ᠎ᠤᠨ ᠡᠪ ᠬᠠᠮᠲᠤ ᠨᠠᠮ ᠥᠪᠥᠷ ᠮᠣᠩᠭᠣᠯ ᠣᠷᠣᠨ᠎ᠳᠤ ᠨᠠᠮ᠎ᠤᠨ ᠵᠣᠬᠢᠶᠠᠨ ᠪᠠᠢ᠌ᠭᠤᠯᠤᠯᠲᠠ ᠪᠠᠢ᠌ᠭᠤᠯᠤᠭᠰᠠᠨ᠎ᠨᠢ

 

 

      1925 ᠣᠨ᠎ᠤ ᠳᠤᠮᠳᠠᠳᠤ ᠤᠯᠤᠰ᠎ᠲᠤ᠂ ᠶᠡᠬᠡ ᠬᠤᠪᠢᠰᠬᠠᠯ ᠰᠦᠷ ᠳᠠᠯᠠᠢ᠌ᠴᠠᠲᠠᠢ ᠥᠷᠨᠢᠵᠦ᠂ ᠤᠮᠠᠷᠠᠲᠤ ᠵᠢᠨ ᠴᠡᠷᠢᠭ᠎ᠤᠨ ᠡᠷᠬᠡᠲᠡᠨ᠎ᠤ ᠲᠡᠷᠰᠯᠡᠭᠦᠦ ᠨᠣᠶᠠᠷᠬᠠᠯ᠎ᠨᠢ  ᠬᠤᠪᠢᠰᠬᠠᠯ᠎ᠤᠨ ᠬᠦᠴᠦᠨ᠎ᠤ ᠳᠠᠭ᠋ᠠᠷᠢᠯᠲᠠ᠎ᠳᠤ  ᠨᠤᠷᠠᠮᠠᠷ  ᠪᠣᠯᠪᠠ ᠃ ᠲᠡᠷᠡ ᠵᠢᠯ᠎ᠤᠨ ᠬᠠᠪᠤᠷ᠂ ᠳᠤᠮᠳᠠᠳᠤ ᠤᠯᠤᠰ᠎ᠤᠨ ᠡᠪ ᠬᠠᠮᠲᠤ ᠨᠠᠮ ᠥᠪᠥᠷ ᠮᠣᠩᠭᠣᠯ ᠣᠷᠣᠨ᠎ᠳᠤ ᠬᠢᠯᠢ ᠬᠢᠵᠠᠭ᠋ᠠᠷ᠎ᠤᠨ ᠦᠨᠳᠦᠰᠦᠲᠡᠨ᠎ᠤ ᠣᠷᠣᠨ᠎ᠤ ᠠᠩᠬᠠᠳᠠᠭᠴᠢ ᠨᠠᠮ᠎ᠤᠨ ᠵᠣᠬᠢᠶᠠᠨ ᠪᠠᠢ᠌ᠭᠤᠯᠤᠯᠲᠠ ᠵᠢ ᠪᠠᠢ᠌ᠭᠤᠯᠪᠠ᠃

       ᠭᠣᠮᠢᠨᠳᠠᠩ᠎ᠤᠨ ᠠᠩᠬᠠᠳᠤᠭ᠋ᠠᠷ ᠶᠡᠬᠡ ᠬᠤᠷᠠᠯ ᠬᠤᠷᠠᠯᠳᠤᠭᠰᠠᠨ᠎ᠤ ᠲᠠᠷᠠᠭ᠎ᠠ᠂ ᠭᠣᠮᠢᠨᠳᠠᠩ ᠡᠪ ᠬᠠᠮᠲᠤ ᠨᠠᠮ ᠬᠠᠮᠲᠤᠷᠠᠨ ᠡᠵᠡᠷᠬᠡᠭ ᠲᠦᠷᠢᠮᠡᠬᠡᠢ᠌ᠲᠡᠨ᠎ᠢ ᠡᠰᠡᠷᠭᠦᠴᠡᠬᠦ ᠹᠧᠣᠳᠠᠯ᠎ᠢ ᠡᠰᠡᠷᠭᠦᠴᠡᠬᠦ ᠨᠢᠭᠡᠳᠦᠮᠡᠯ ᠹᠷᠣᠨᠲ᠎ᠢ ᠪᠠᠢ᠌ᠭᠤᠯᠵᠠᠢ᠃ 1925 ᠣᠨ᠎ᠤ ᠡᠬᠢ᠎ᠪᠠᠷ᠂ ᠰᠦᠨ ᠵᠦᠩ ᠱᠠᠨ ᠠᠪᠤᠭ᠋ᠠᠢ ᠤᠮᠠᠷᠠᠰᠢ ᠮᠣᠷᠳᠠᠬᠤ ᠪᠠ  ᠭᠣᠮᠢᠨᠳᠠᠩ ᠡᠪ ᠬᠠᠮᠲᠤ ᠨᠠᠮ ᠬᠠᠮᠲᠤᠷᠠᠨ ᠢᠷᠭᠡᠨ᠎ᠤ ᠬᠤᠷᠠᠯ᠎ᠢ ᠱᠠᠭ᠋ᠠᠷᠳᠠᠨ ᠪᠦᠲᠦᠭᠡᠬᠦ ᠬᠤᠷᠠᠯ᠎ᠤᠨ ᠪᠦᠬᠦ ᠤᠯᠤᠰ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠢ ᠬᠤᠷᠠᠯᠳᠤᠭᠤᠯᠵᠤ ᠪᠠᠢ᠌ᠭᠰᠠᠨ ᠦᠶ᠎ᠡ ᠳᠣᠬᠢᠶᠠᠵᠤ᠂ ᠭᠣᠮᠢᠨᠳᠠᠩ ᠤᠮᠠᠷᠠᠲᠤ ᠣᠷᠣᠨ᠎ᠳᠤ ᠨᠠᠮ᠎ᠤᠨ ᠵᠣᠬᠢᠶᠠᠨ ᠪᠠᠢ᠌ᠭᠤᠯᠤᠯᠲᠠ ᠪᠠᠶ᠋ᠢᠭᠤᠯᠬᠤ ᠭᠡᠵᠦ ᠪᠠᠢ᠌ᠵᠠᠢ᠃ ᠤᠮᠠᠷᠠᠲᠤ ᠣᠷᠣᠨ᠎ᠳᠤ ᠭᠣᠮᠢᠨᠳᠠᠩ ᠡᠪ ᠬᠠᠮᠲᠤ ᠨᠠᠮ᠎ᠤᠨ ᠬᠠᠮᠲᠤᠷᠠᠨ ᠠᠵᠢᠯᠯᠠᠬᠤ ᠶᠠᠪᠤᠳᠠᠯ᠎ᠢ ᠪᠡᠶᠡᠯᠡᠭᠦᠯᠦᠨ᠂ ᠢᠷᠭᠡᠨ᠎ᠤ ᠬᠤᠪᠢᠰᠬᠠᠯᠲᠤ ᠬᠥᠳᠡᠯᠭᠡᠭᠡᠨ᠎ᠤ ᠤᠳᠤᠷᠢᠳᠤᠯᠭ᠎ᠠ ᠵᠢ ᠴᠢᠩᠭ᠋ᠠᠳᠬᠠᠬᠤ ᠵᠢᠨ ᠲᠥᠯᠥᠭᠡ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠮᠠᠷᠠᠲᠤ ᠵᠢᠨ ᠨᠠᠮ᠎ᠤᠨ ᠵᠣᠬᠢᠶᠠᠨ ᠪᠠᠢ᠌ᠭᠤᠯᠤᠯᠲᠠ᠎ᠨᠢ  ᠿᠧ ᠾᠧ ᠂ ᠴᠠᠬᠠᠷ᠂ ᠰᠦᠢ ᠶᠤᠸᠠᠨ ᠭᠤᠷᠪᠠᠨ ᠲᠤᠰᠬᠠᠢ ᠣᠷᠣᠨ ᠵᠢᠴᠢ ᠪᠤᠭᠤᠲᠤ᠎ᠳᠤ ᠭᠣᠮᠢᠨᠳᠠᠩ᠎ᠢ ᠬᠠᠪᠰᠤᠷᠤᠨ ᠵᠣᠬᠢᠶᠠᠨ ᠪᠠᠢ᠌ᠭᠤᠯᠤᠯᠲᠠ ᠵᠢᠨ ᠪᠠᠢ᠌ᠭᠤᠯᠤᠮᠵᠢ ᠪᠠᠶ᠋ᠢᠭᠤᠯᠬᠤ ᠵᠢᠨ ᠬᠠᠮᠲᠤ᠂  ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠵᠢᠯ᠎ᠤᠨ ᠪᠠᠢ᠌ᠭᠤᠯᠤᠮᠵᠢ ᠵᠢ ᠪᠠᠢ᠌ᠭᠤᠯᠵᠤ᠂ ᠬᠤᠪᠢᠰᠬᠠᠯ᠎ᠤᠨ ᠠᠵᠢᠯ᠎ᠢ ᠥᠷᠨᠢᠭᠦᠯᠵᠦ᠂ ᠬᠤᠪᠢᠰᠬᠠᠯᠲᠤ ᠬᠥᠳᠡᠯᠭᠡᠭᠡᠨ᠎ᠢ ᠳᠠᠢ᠌ᠴᠢᠯᠠᠬᠤ᠎ᠪᠠᠷ ᠲᠣᠭᠲᠠᠪᠠ᠃

      1925 ᠣᠨ᠎ᠤ 3᠎ᠠᠴᠠ 5 ᠳ᠋ᠤᠭ᠋ᠠᠷ ᠰᠠᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ ᠴᠧᠩᠳᠧ᠂ ᠴᠢᠭᠤᠯᠤᠯᠲᠤ ᠬᠠᠭ᠋ᠠᠯᠭ᠎ᠠ᠂ ᠭᠦᠢ ᠰᠦᠢ (ᠤᠳᠤ ᠵᠢᠨ ᠬᠥᠬᠡᠬᠣᠲᠠ) ᠵᠢᠴᠢ ᠪᠤᠭᠤᠲᠤ ᠳᠦᠷᠪᠡᠨ ᠬᠤᠲᠠ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ  ᠿᠧ ᠾᠧ ᠵᠢᠨ  ᠲᠤᠰᠬᠠᠢ ᠣᠷᠣᠨ᠎ᠤ  ᠠᠵᠢᠯᠯᠠᠬᠤ  ᠬᠣᠷᠢᠶ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠴᠠᠬᠠᠷ᠎ᠤᠨ ᠲᠤᠰᠬᠠᠢ ᠣᠷᠣᠨ᠎ᠤ  ᠠᠵᠢᠯᠯᠠᠬᠤ  ᠬᠣᠷᠢᠶ᠎ᠠ  ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠦᠢ ᠶᠤᠸᠠᠨ᠎ᠤ ᠲᠤᠰᠬᠠᠢ ᠣᠷᠣᠨ᠎ᠤ  ᠠᠵᠢᠯᠯᠠᠬᠤ  ᠬᠣᠷᠢᠶ᠎ᠠ ᠪᠠ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠤᠭᠤᠲᠤ ᠵᠢᠨ  ᠠᠵᠢᠯᠯᠠᠬᠤ  ᠬᠣᠷᠢᠶ᠎ᠠ ᠵᠢ ᠲᠤᠰ ᠲᠤᠰ ᠪᠠᠢ᠌ᠭᠤᠯᠪᠠ᠃

640.png

       ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠦᠢ ᠶᠤᠸᠠᠨ᠎ᠤ ᠲᠤᠰᠬᠠᠢ ᠣᠷᠣᠨ᠎ᠤ  ᠠᠵᠢᠯᠯᠠᠬᠤ  ᠬᠣᠷᠢᠶ᠎ᠠ ᠵᠢᠨ  ᠪᠠᠢ᠌ᠭᠰᠠᠨ  ᠭᠠᠵᠠᠷ᠎ᠤᠨ ᠬᠠᠭᠤᠴᠢᠨ ᠪᠠᠭᠤᠷᠢ — ᠴᠣᠷᠵᠢ ᠵᠤᠤ

640 (2).png

       ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠤᠭᠤᠲᠤ ᠵᠢᠨ  ᠠᠵᠢᠯᠯᠠᠬᠤ  ᠬᠣᠷᠢᠶ᠎ᠠ ᠵᠢᠨ  ᠪᠠᠢ᠌ᠭᠰᠠᠨ  ᠭᠠᠵᠠᠷ᠎ᠤᠨ ᠬᠠᠭᠤᠴᠢᠨ ᠪᠠᠭᠤᠷᠢ — ᠪᠤᠭᠤᠲᠤ ᠰᠦᠮ᠎ᠡ      


ᠳᠤᠮᠳᠠᠳᠤ ᠤᠯᠤᠰ᠎ᠤᠨ ᠡᠪ ᠬᠠᠮᠲᠤ ᠨᠠᠮ᠎ᠤᠨ  ᠿᠧ ᠾᠧ ᠵᠢᠨ  ᠲᠤᠰᠬᠠᠢ ᠣᠷᠣᠨ᠎ᠤ  ᠠᠵᠢᠯᠯᠠᠬᠤ  ᠬᠣᠷᠢᠶᠠᠨ᠎ᠤ ᠬᠠᠷᠢᠭᠤᠴᠠᠯᠭ᠋ᠠᠲᠠᠨ ᠪᠣᠯ ᠴᠧᠨ ᠵᠢᠩ ᠬᠤ᠌᠂ ᠳ᠋ᠦ᠋ ᠵᠧᠨ ᠱᠧᠩ ᠪᠣᠯᠣᠨ᠎ᠠ᠃ ᠠᠵᠢᠯᠯᠠᠬᠤ  ᠬᠣᠷᠢᠶ᠎ᠠ᠎ᠨᠢ  ᠢᠷᠭᠡᠨ᠎ᠤ ᠬᠤᠪᠢᠰᠬᠠᠯ ᠪᠠ ᠠᠷᠠᠳᠴᠢᠯᠠᠭᠰᠠᠨ ᠬᠤᠪᠢᠰᠬᠠᠯ᠎ᠤᠨ ᠦᠵᠡᠯ ᠰᠠᠨᠠᠭ᠎ᠠ ᠵᠢ ᠤᠬᠠᠭᠤᠯᠬᠤ᠂ ᠨᠠᠮ ᠪᠠᠢ᠌ᠭᠤᠯᠬᠤ ᠡᠪᠯᠡᠯ ᠪᠠᠶ᠋ᠢᠭᠤᠯᠬᠤ᠂ ᠰᠤᠷᠤᠭᠴᠢᠳ᠎ᠤᠨ ᠬᠥᠳᠡᠯᠭᠡᠭᠡᠨ᠎ᠢ ᠳᠠᠢ᠌ᠴᠢᠯᠠᠬᠤ ᠵᠡᠷᠭᠡ ᠲᠠᠯ᠎ᠠ᠎ᠪᠠᠷ ᠮᠠᠰᠢ ᠶᠡᠬᠡ ᠭᠠᠪᠢᠶ᠎ᠠ ᠵᠢᠳᠬᠦᠯ ᠭᠠᠷᠭ᠋ᠠᠭᠰᠠᠨ  ᠶᠤᠮ᠃ ᠠᠵᠢᠯᠯᠠᠬᠤ  ᠬᠣᠷᠢᠶ᠎ᠠ  ᠪᠠᠢ᠌ᠭᠤᠯᠤᠭᠳᠠᠭᠰᠠᠨ ᠲᠤᠬᠠᠢ ᠵᠢᠨ ᠵᠢᠯ᠎ᠳᠤ᠎ᠪᠠᠨ  ᠳᠤᠮᠳᠠᠳᠤ ᠪᠠᠭ᠎ᠠ ᠰᠤᠷᠭ᠋ᠠᠭᠤᠯᠢ᠂ ᠪᠠᠭᠰᠢ ᠵᠢᠨ ᠰᠤᠷᠭ᠋ᠠᠭᠤᠯᠢ ᠵᠢᠨ ᠮᠢᠩᠭ᠎ᠠ ᠰᠢᠬᠠᠮ ᠰᠤᠷᠤᠭᠴᠢᠳ᠎ᠢ ᠵᠣᠬᠢᠶᠠᠨ ᠪᠠᠢ᠌ᠭᠤᠯᠵᠤ ᠲᠠᠪᠤᠨ ᠰᠠᠷ᠎ᠠ ᠵᠢᠨ ᠲᠦᠷᠪᠡᠨ᠎ᠤ ᠬᠥᠳᠡᠯᠭᠡᠭᠡᠨ᠎ᠢ ᠳᠤᠷᠠᠰᠬᠠᠬᠤ ᠶᠡᠬᠡ ᠬᠤᠷᠠᠯ᠎ᠢ ᠬᠤᠷᠠᠯᠳᠤᠭᠤᠯᠤᠭᠰᠠᠨ ᠪᠥᠭᠡᠳ  ᠰᠦᠷᠲᠦ ᠵᠢᠭᠰᠠᠭ᠋ᠠᠯ ᠶᠠᠪᠤᠭᠤᠯᠵᠤ᠂ ᠡᠵᠡᠷᠬᠡᠭ ᠲᠦᠷᠢᠮᠡᠬᠡᠢ᠌ᠲᠡᠨ᠎ᠢ ᠡᠰᠡᠷᠭᠦᠴᠡᠬᠦ ᠹᠧᠣᠳᠠᠯ᠎ᠢ ᠡᠰᠡᠷᠭᠦᠴᠡᠬᠦ ᠬᠤᠪᠢᠰᠬᠠᠯ᠎ᠤᠨ ᠬᠥᠲᠥᠯᠪᠦᠷᠢ ᠵᠢ ᠤᠬᠠᠭᠤᠯᠤᠨ᠂ ᠵᠠᠯᠠᠭᠤ ᠰᠤᠷᠤᠭᠴᠢᠳ᠎ᠤᠨ ᠬᠤᠪᠢᠰᠬᠠᠯᠲᠤ ᠬᠠᠯᠠᠭᠤᠨ ᠰᠡᠳᠬᠢᠯᠭᠡ ᠵᠢ ᠲᠤᠢ᠌ᠯ᠎ᠤᠨ ᠶᠡᠬᠡ᠎ᠪᠠᠷ ᠬᠥᠭᠵᠢᠭᠡᠪᠡ᠃ ᠠᠵᠢᠯᠯᠠᠬᠤ  ᠬᠣᠷᠢᠶ᠎ᠠ᠎ᠨᠢ  ᠪᠠᠰᠠ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠮᠠᠷᠠᠲᠤ ᠵᠢᠨ ᠨᠠᠮ᠎ᠤᠨ ᠵᠣᠬᠢᠶᠠᠨ ᠪᠠᠢ᠌ᠭᠤᠯᠤᠯᠲᠠ ᠪᠠ ᠯᠢ ᠳ᠋ᠡ ᠵᠤᠤ ᠵᠢᠨ ᠵᠢᠭ᠋ᠠᠪᠤᠷᠢ ᠵᠢ ᠦᠨᠳᠦᠰᠦᠯᠡᠨ᠂ ᠿᠧ ᠾᠧ ᠵᠢᠨ ᠰᠤᠷᠤᠭᠴᠢᠳ᠎ᠤᠨ ᠬᠣᠯᠪᠣᠭ᠋ᠠᠲᠤ ᠬᠤᠷᠠᠯ᠎ᠢ ᠪᠠᠢ᠌ᠭᠤᠯᠵᠤ᠂ ᠡᠯ᠎ᠡ ᠰᠤᠷᠭ᠋ᠠᠭᠤᠯᠢ ᠵᠢᠨ ᠰᠤᠷᠤᠭᠴᠢᠳ᠂ ᠡᠯ᠎ᠡ ᠡᠲᠡᠭᠡᠳ᠎ᠤᠨ ᠬᠥᠮᠥᠰ᠎ᠢ ᠵᠣᠬᠢᠶᠠᠨ ᠪᠠᠢ᠌ᠭᠤᠯᠵᠤ  ᠴᠤᠭᠯᠠᠭ᠋ᠠᠨ᠂ ᠰᠦᠷᠲᠦ ᠵᠢᠭᠰᠠᠭ᠋ᠠᠯ ᠵᠢᠴᠢ ᠬᠠᠨᠳᠢᠪ ᠴᠤᠭᠯᠠᠭᠤᠯᠬᠤ ᠠᠵᠢᠯᠯᠠᠭ᠎ᠠ᠎ᠳᠤ ᠣᠷᠣᠯᠴᠠᠭᠤᠯᠪᠠ᠃ 1926 ᠣᠨ᠎ᠳᠤ᠂ ᠰᠦᠨ ᠵᠦᠩ ᠱᠠᠨ᠎ᠤ ᠨᠠᠰᠤ ᠨᠥᠭᠴᠢᠭᠰᠡᠨ ᠨᠢᠭᠡ ᠵᠢᠯ᠎ᠤᠨ ᠤᠢ ᠵᠢ ᠳᠤᠷᠠᠰᠬᠠᠬᠤ ᠵᠢᠨ ᠲᠥᠯᠥᠭᠡ᠂ ᠠᠵᠢᠯᠯᠠᠬᠤ  ᠬᠣᠷᠢᠶᠠᠨ᠎ᠠᠴᠠ ᠰᠤᠷᠭ᠋ᠠᠭᠤᠯᠢ ᠵᠢᠨ ᠪᠠᠭᠰᠢ ᠰᠤᠷᠤᠭᠴᠢᠳ᠎ᠢ ᠲᠠᠢ᠍ᠢ᠍ᠴᠢᠯᠠᠨ ᠭᠠᠰᠢᠭᠤᠳᠠᠯ᠎ᠤᠨ ᠶᠡᠬᠡ ᠬᠤᠷᠠᠯ ᠬᠢᠭᠰᠡᠨ  ᠪᠠ ᠳᠤᠷᠠᠰᠬᠠᠬᠤ ᠠᠵᠢᠯᠯᠠᠭ᠎ᠠ ᠥᠷᠨᠢᠭᠦᠯᠪᠡ᠃


640 (3).png

       ᠴᠧᠨ ᠵᠢᠩ ᠬᠤ᠌ (1901 — 1933)᠂ ᠪᠤᠷᠤᠭᠤᠯᠠᠭᠰᠠᠨ ᠨᠡᠷ᠎ᠡ ᠯᠢ ᠲᠢᠶᠸ ᠷᠠᠨ ᠭᠡᠳᠡᠭ᠂ ᠤᠳᠤ ᠵᠢᠨ ᠯᠢᠶᠣᠤᠨᠢᠩ ᠮᠤᠵᠢ ᠵᠢᠨ ᠵᠢᠶᠠᠨᠫᠢᠩ ᠰᠢᠶᠠᠨ᠎ᠤ ᠬᠥᠮᠥᠨ᠃ 1923 ᠣᠨ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠳᠤ ᠡᠯᠰᠡᠭᠳᠡᠪᠡ ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ  ᠿᠧ ᠾᠧ ᠵᠢᠨ  ᠲᠤᠰᠬᠠᠢ ᠣᠷᠣᠨ᠎ᠤ  ᠠᠵᠢᠯᠯᠠᠬᠤ  ᠬᠣᠷᠢᠶᠠᠨ᠎ᠤ ᠬᠠᠷᠢᠭᠤᠴᠠᠯᠭ᠋ᠠᠲᠠᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠲᠤᠰᠬᠠᠢ  ᠬᠣᠷᠢᠶᠠᠨ᠎ᠤ ᠱᠦᠵᠢ ᠵᠢᠨ  ᠲᠤᠰᠢᠶᠠᠯ  ᠡᠭᠦᠷᠭᠡᠯᠡᠵᠦ  ᠪᠠᠢ᠌ᠵᠠᠢ᠃ 1933 ᠣᠨ᠎ᠤ 5 ᠰᠠᠷ᠎ᠠ᠎ᠳᠤ ᠪᠡᠶ᠎ᠡ ᠦᠷᠡᠭᠳᠡᠵᠡᠢ᠃


       ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠴᠠᠬᠠᠷ᠎ᠤᠨ  ᠠᠵᠢᠯᠯᠠᠬᠤ  ᠬᠣᠷᠢᠶᠠᠨ᠎ᠤ ᠬᠠᠷᠢᠭᠤᠴᠠᠯᠭ᠋ᠠᠲᠠᠨ ᠪᠣᠯ ᠵᠠᠩ ᠯᠢᠶᠠᠩ ᠬᠠᠨ᠂ ᠶᠠᠩ ᠬᠣᠩ ᠲᠤᠤ ᠪᠣᠯᠣᠨ᠎ᠠ᠃ 1926 ᠣᠨ᠎ᠤ ᠨᠠᠮᠤᠷ᠂ ᠵᠥᠪᠯᠡᠯᠲᠦ᠎ᠠᠴᠠ ᠤᠯᠤᠰ᠎ᠲᠤ᠎ᠪᠠᠨ ᠪᠤᠴᠠᠵᠤ ᠢᠷᠡᠭᠰᠡᠨ ᠳ᠋ᠦᠸᠸ ᠰᠦᠩ ᠨᠢᠶᠠᠨ ᠠᠵᠢᠯᠯᠠᠬᠤ  ᠬᠣᠷᠢᠶᠠᠨ᠎ᠤ  ᠬᠠᠷᠢᠭᠤᠴᠠᠯᠭ᠋ᠠᠲᠠᠨ᠎ᠤ ᠲᠤᠰᠢᠶᠠᠯ᠎ᠢ ᠡᠭᠦᠷᠭᠡᠯᠡᠪᠡ᠃ ᠠᠵᠢᠯᠯᠠᠬᠤ ᠬᠣᠷᠢᠶ᠎ᠠ᠎ᠨᠢ ᠬᠤᠳᠠ᠂ ᠬᠥᠳᠡᠭᠡ ᠲᠣᠰᠬᠣᠨ ᠪᠠ ᠮᠠᠯᠵᠢᠬᠤ ᠣᠷᠣᠨ᠎ᠳᠤ ᠬᠠᠨᠳᠤᠭᠤᠯᠤᠨ ᠠᠵᠢᠯ ᠵᠶ᠋ᠠᠨ ᠥᠷᠨᠢᠭᠦᠯᠵᠦ  ᠪᠠᠢ᠌ᠪᠠ ᠃ ᠠᠵᠢᠯᠯᠠᠬᠤ ᠬᠣᠷᠢᠶᠠᠨ᠎ᠤ ᠬᠠᠷᠢᠭᠤᠴᠠᠯᠭ᠋ᠠᠲᠠᠨ᠎ᠨᠢ  ᠨᠡᠢ᠌ᠭᠡᠮ᠎ᠤᠨ ᠡᠯ᠎ᠡ ᠡᠲᠡᠭᠡᠳ᠎ᠤᠨ᠎ᠬᠢᠨ᠎ᠯᠦᠭᠡ  ᠢᠳᠡᠪᠬᠢᠲᠡᠢ ᠬᠠᠷᠢᠯᠴᠠᠵᠤ ᠂ 《ᠮᠣᠩᠭᠣᠯ᠎ᠤᠨ ᠲᠠᠷᠢᠶᠠᠯᠠᠩ ᠠᠷᠠᠳ》 ᠵᠡᠷᠭᠡ ᠬᠤᠪᠢᠰᠬᠠᠯᠲᠤ ᠰᠡᠳᠬᠦᠯ᠎ᠢ ᠵᠣᠬᠢᠶᠠᠨ ᠪᠠᠢ᠌ᠭᠤᠯᠤᠨ ᠲᠠᠷᠬᠠᠭ᠋ᠠᠵᠤ᠂ ᠨᠢᠭᠡ ᠪᠦᠯᠦᠭ ᠳᠠᠪᠰᠢᠩᠭᠤᠢ ᠵᠠᠯᠠᠭᠤᠴᠤᠳ᠎ᠤᠨ ᠬᠤᠪᠢᠰᠬᠠᠯ᠎ᠳᠤ ᠣᠷᠣᠯᠴᠠᠬᠤ ᠵᠢ ᠨᠥᠯᠥᠭᠡᠯᠡᠵᠦ᠂ ᠬᠣᠵᠢᠮ᠎ᠤᠨ ᠴᠢᠭᠤᠯᠤᠯᠲᠤ ᠬᠠᠭ᠋ᠠᠯᠭ᠎ᠠ᠎ᠪᠠᠷ ᠴᠢᠬᠤᠯᠠ ᠰᠠᠭᠤᠷᠢᠨ ᠭᠠᠵᠠᠷ ᠪᠣᠯᠭ᠋ᠠᠭᠰᠠᠨ  ᠥᠪᠥᠷ ᠮᠣᠩᠭᠣᠯ ᠣᠷᠣᠨ᠎ᠤ ᠬᠤᠪᠢᠰᠬᠠᠯ᠎ᠤᠨ ᠠᠵᠢᠯ᠎ᠢ ᠥᠷᠨᠢᠭᠦᠯᠬᠦ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠮᠠᠷᠠᠲᠤ ᠣᠷᠣᠨ᠎ᠤ ᠭᠦᠢ᠍ᠴᠡᠳᠬᠡᠬᠦ ᠬᠣᠷᠢᠶ᠎ᠠ ᠪᠠ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠴᠢᠭᠤᠯᠤᠯᠲᠤ ᠬᠠᠭ᠋ᠠᠯᠭ᠎ᠠ ᠵᠢᠨ ᠣᠷᠣᠨ ᠨᠤᠲᠤᠭ᠎ᠤᠨ ᠭᠦᠢ᠍ᠴᠡᠳᠬᠡᠬᠦ ᠬᠣᠷᠢᠶ᠎ᠠ᠎ᠨᠢ ᠪᠠᠲᠤ ᠰᠠᠢ᠌ᠨ ᠵᠣᠬᠢᠶᠠᠨ ᠪᠠᠢ᠌ᠭᠤᠯᠤᠯᠲᠠ ᠵᠢᠨ ᠰᠠᠭᠤᠷᠢ ᠪᠠ ᠤᠯᠠᠨ ᠲᠦᠮᠡᠨ᠎ᠤ ᠰᠠᠭᠤᠷᠢ ᠵᠢ ᠲᠠᠯᠪᠢᠭᠰᠠᠨ ᠪᠠᠢ᠌ᠨ᠎ᠠ᠃


640 (4).png

       ᠳ᠋ᠦᠸᠸ ᠰᠦᠩ ᠨᠢᠶᠠᠨ (1905 — 1927)᠂ ᠤᠳᠤ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠬᠥᠮᠥᠨ᠃ 1924 ᠣᠨ᠎ᠳᠤ ᠳᠤᠮᠳᠠᠳᠤ ᠤᠯᠤᠰ᠎ᠤᠨ ᠨᠡᠢ᠌ᠭᠡᠮ ᠵᠢᠷᠤᠮᠲᠤ ᠵᠠᠯᠠᠭᠤᠴᠤᠳ᠎ᠤᠨ ᠡᠪᠯᠡᠯ᠎ᠤᠨ ᠭᠡᠰᠢᠭᠦᠨ ᠪᠠᠢ᠌ᠭᠰᠠᠨ᠎ᠠᠴᠠ᠎ᠪᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠰᠢᠭᠦᠨ ᠪᠣᠯᠵᠤ᠂ 1925 ᠣᠨ᠎ᠤ 10 ᠳ᠋ᠤᠭ᠋ᠠᠷ ᠰᠠᠷ᠎ᠠ᠎ᠳᠤ ᠮᠣᠰᠺᠸᠠ᠎ᠳᠠᠬᠢ ᠵᠥᠩ ᠱᠠᠨ ᠶᠡᠬᠡ ᠰᠤᠷᠭ᠋ᠠᠭᠤᠯᠢ᠎ᠳᠤ ᠰᠤᠷᠤᠯᠴᠠᠪᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠴᠠᠬᠠᠷ᠎ᠤᠨ ᠲᠤᠰᠬᠠᠢ ᠣᠷᠣᠨ᠎ᠤ  ᠠᠵᠢᠯᠯᠠᠬᠤ  ᠬᠣᠷᠢᠶᠠᠨ᠎ᠤ ᠬᠠᠷᠢᠭᠤᠴᠠᠯᠭ᠋ᠠᠲᠠᠨ᠎ᠤ  ᠲᠤᠰᠢᠶᠠᠯ᠎ᠢ  ᠡᠭᠦᠷᠭᠡᠯᠡᠵᠦ  ᠪᠠᠢ᠌ᠭᠰᠠᠨ  ᠪᠠ  ᠨᠠᠮ᠎ᠤᠨ ᠲᠠᠪᠤᠳᠤᠭ᠋ᠠᠷ  ᠶᠡᠬᠡ ᠬᠤᠷᠠᠯ᠎ᠤᠨ  ᠲᠥᠯᠥᠭᠡᠯᠡᠭᠴᠢ ᠪᠠᠢ᠌ᠪᠠ ᠃ 1927 ᠣᠨ᠎ᠤ 8 ᠳ᠋ᠤᠭ᠋ᠠᠷ ᠰᠠᠷ᠎ᠠ᠎ᠳᠤ ᠴᠢᠭᠤᠯᠤᠯᠲᠤ ᠬᠠᠭ᠋ᠠᠯᠭ᠎ᠠ᠎ᠳᠤ ᠪᠡᠶ᠎ᠡ ᠦᠷᠡᠭᠳᠡᠪᠡ᠃


ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠦᠢ ᠶᠤᠸᠠᠨ᠎ᠤ  ᠠᠵᠢᠯᠯᠠᠬᠤ  ᠬᠣᠷᠢᠶᠠᠨ᠎ᠤ ᠬᠠᠷᠢᠭᠤᠴᠠᠯᠭ᠋ᠠᠲᠠᠨ ᠪᠣᠯ ᠵᠠᠶᠠᠭ᠋ᠠᠲᠠᠢ ᠪᠣᠯᠣᠨ᠎ᠠ᠃  ᠠᠵᠢᠯᠯᠠᠬᠤ  ᠬᠣᠷᠢᠶ᠎ᠠ ᠰᠦᠢ ᠶᠤᠸᠠᠨ᠎ᠤ ᠡᠯ᠎ᠡ ᠡᠲᠡᠭᠡᠳ᠎ᠤᠨ᠎ᠬᠢᠨ᠎ᠢ ᠤᠳᠤᠷᠢᠳᠤᠨ ᠲᠠᠪᠤᠨ ᠰᠠᠷ᠎ᠠ ᠵᠢᠨ ᠭᠤᠴᠢᠨ᠎ᠤ ᠬᠥᠳᠡᠯᠭᠡᠭᠡᠨ᠎ᠢ ᠢᠳᠡᠪᠬᠢᠲᠡᠢ ᠳᠡᠮᠵᠢᠭᠰᠡᠨ ᠪᠥᠭᠡᠳ ᠳᠡᠮᠵᠢᠬᠦ ᠠᠵᠢᠯᠯᠠᠭ᠎ᠠ᠎ᠪᠠᠨ ᠪᠤᠭᠤᠲᠤ᠂ ᠦᠶᠤᠸᠠᠨ᠂ ᠯᠢᠨ ᠾᠧ ᠵᠡᠷᠭᠡ ᠭᠠᠵᠠᠷ᠎ᠲᠤ ᠬᠦᠷᠲᠡᠯ᠎ᠡ ᠥᠷᠭᠡᠳᠬᠡᠵᠦ᠂ ᠡᠯ᠎ᠡ ᠭᠠᠵᠠᠷ᠎ᠤᠨ ᠠᠷᠠᠳ ᠤᠯᠠᠨ᠎ᠳᠤ ᠤᠯᠤᠰ ᠵᠶ᠋ᠠᠨ ᠬᠠᠢ᠌ᠷᠠᠯᠠᠬᠤ ᠦᠵᠡᠯ᠎ᠤᠨ ᠬᠥᠮᠦᠵᠢᠯ᠎ᠢ ᠭᠦᠨ ᠬᠦᠷᠲᠡᠭᠡᠵᠦ᠂ ᠦᠨᠳᠦᠰᠦᠲᠡᠨ᠎ᠨᠦᠭᠦᠳ᠎ᠤᠨ  ᠤᠯᠠᠨ ᠲᠦᠮᠡᠨ᠎ᠤ ᠰᠡᠭᠡᠭᠡᠷᠡᠬᠦ ᠵᠢ ᠠᠬᠢᠭᠤᠯᠤᠭᠰᠠᠨ ᠪᠠᠢ᠌ᠨ᠎ᠠ᠃ 1926 ᠣᠨ᠎ᠳᠤ᠂ ᠥᠪᠥᠷ ᠮᠣᠩᠭᠣᠯ ᠣᠷᠣᠨ᠎ᠳᠠᠬᠢ ᠮᠠᠯᠴᠢᠨ ᠲᠠᠷᠢᠶᠠᠴᠢᠳ᠎ᠤᠨ ᠬᠥᠳᠡᠯᠭᠡᠭᠡᠨ᠎ᠤ ᠡᠳᠦᠷ ᠢᠷᠡᠬᠦᠶ᠎ᠡ ᠥᠷᠨᠢᠨ  ᠬᠥᠭᠵᠢᠬᠦ ᠵᠢ ᠳᠠᠭ᠋ᠠᠯᠳᠤᠨ᠂  ᠠᠵᠢᠯᠯᠠᠬᠤ  ᠬᠣᠷᠢᠶ᠎ᠠ ᠭᠦᠢ ᠰᠦᠢ᠎ᠪᠠᠷ ᠲᠥᠪ ᠪᠣᠯᠭ᠋ᠠᠨ᠂ ᠵᠡᠭᠦᠨᠰᠢ᠎ᠪᠠᠨ  ᠹᠸᠩᠵᠸᠨ᠂ ᠪᠠᠷᠠᠭᠤᠨᠰᠢ ᠰᠠᠷᠠᠴᠢ ᠬᠦᠷᠲᠡᠯᠡᠬᠢ ᠬᠥᠳᠡᠭᠡ ᠲᠣᠰᠬᠣᠨ᠎ᠳᠤ ᠡᠯ᠎ᠡ ᠱᠠᠲᠤᠨ᠎ᠤ ᠲᠠᠷᠢᠶᠠᠴᠢᠨ᠎ᠤ ᠡᠪᠯᠡᠯ᠎ᠢ ᠪᠠᠢ᠌ᠭᠤᠯᠵᠤ᠂ ᠲᠦᠷᠢᠶᠡᠰᠦ ᠬᠥᠩᠭᠡᠯᠡᠬᠦ᠂ ᠮᠥᠯᠵᠢᠯ᠎ᠢ ᠡᠰᠡᠷᠭᠦᠴᠡᠬᠦ ᠲᠡᠮᠡᠴᠡᠯ ᠶᠠᠪᠤᠭᠤᠯᠪᠠ᠃ ᠠᠵᠢᠯ᠎ᠤᠨ ᠬᠣᠷᠢᠶ᠎ᠠ᠎ᠨᠢ ᠡᠪ ᠬᠠᠮᠲᠤ ᠨᠠᠮ᠎ᠤᠨ ᠭᠡᠰᠢᠭᠦᠳ ᠪᠠ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠭᠡᠰᠢᠭᠦᠳ᠎ᠢ ᠢᠳᠡᠪᠬᠢᠲᠡᠢ ᠡᠯᠰᠡᠵᠦ᠂ ᠨᠠᠮ ᠡᠪᠯᠡᠯ᠎ᠤᠨ ᠵᠣᠬᠢᠶᠠᠨ ᠪᠠᠢ᠌ᠭᠤᠯᠤᠯᠲᠠ ᠵᠢ ᠪᠠᠢ᠌ᠭᠤᠯᠵᠤ᠂ ᠰᠠᠷᠠᠴᠢ ᠰᠢᠶᠠᠨ᠂ ᠬᠣᠷᠢᠨᠭᠡᠷ ᠰᠢᠶᠠᠨ᠂ ᠦᠴᠦᠸᠠᠨ ᠰᠢᠶᠠᠨ᠂ ᠭᠦᠢ ᠰᠦᠢ ᠰᠢᠶᠠᠨ᠂ ᠲᠦᠮᠡᠳ ᠬᠣᠰᠢᠭᠤ ᠵᠡᠷᠭᠡ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠠᠪᠤᠨ ᠬᠣᠰᠢᠭᠤ ᠰᠢᠶᠠᠨ᠎ᠤ  ᠠᠵᠢᠯᠯᠠᠬᠤ  ᠬᠣᠷᠢᠶ᠎ᠠ ᠵᠢ ᠤᠳᠤᠷᠢᠳᠤᠨ ᠪᠠᠢ᠌ᠭᠤᠯᠪᠠ᠃


640 (5).png

       ᠵᠠᠶᠠᠭ᠋ᠠᠲᠠᠢ (1901-1968)᠂ ᠤᠳᠤ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠲᠦᠮᠡᠳ ᠵᠡᠭᠦᠨ ᠬᠣᠰᠢᠭᠤᠨ᠎ᠤ ᠬᠥᠮᠥᠨ᠃ 1923 ᠣᠨ᠎ᠳᠤ ᠳᠤᠮᠳᠠᠳᠤ ᠤᠯᠤᠰ᠎ᠤᠨ ᠨᠡᠢ᠌ᠭᠡᠮ ᠵᠢᠷᠤᠮᠲᠤ ᠵᠠᠯᠠᠭᠤᠴᠤᠳ᠎ᠤᠨ ᠡᠪᠯᠡᠯ᠎ᠳᠤ ᠡᠯᠰᠡᠭᠳᠡᠵᠦ ᠂ ᠰᠡᠭᠦᠯᠡᠷ᠎ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠰᠢᠭᠦᠨ ᠪᠣᠯᠪᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠦᠢ ᠶᠤᠸᠠᠨ᠎ᠤ ᠲᠤᠰᠬᠠᠢ ᠣᠷᠣᠨ᠎ᠤ  ᠠᠵᠢᠯᠯᠠᠬᠤ  ᠬᠣᠷᠢᠶᠠᠨ᠎ᠤ ᠬᠠᠷᠢᠭᠤᠴᠠᠯᠭ᠋ᠠᠲᠠᠨ ᠪᠠᠢ᠌ᠵᠠᠢ᠃


       ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠤᠭᠤᠲᠤ ᠵᠢᠨ  ᠠᠵᠢᠯᠯᠠᠬᠤ  ᠬᠤᠷᠢᠶᠠᠨ᠎ᠤ ᠬᠠᠷᠢᠭᠤᠴᠠᠯᠭ᠋ᠠᠲᠠᠨ  ᠪᠣᠯ  ᠯᠢ ᠢᠦᠢ ᡁᠢ ᠪᠣᠯᠤᠨ᠎ᠠ᠃ ᠯᠢ ᠢᠦᠢ ᡁᠢ ᠭᠡᠷᠡᠯ ᠵᠢᠷᠤᠭ᠎ᠤᠨ ᠭᠠᠵᠠᠷ ᠡᠷᠬᠢᠯᠡᠬᠦ᠎ᠪᠠᠷ ᠬᠠᠯᠬᠠᠪᠴᠢ  ᠪᠣᠯᠭ᠋ᠠᠨ ᠂  ᠣᠯᠠᠨ ᠬᠥᠮᠥᠰ᠎ᠲᠠᠢ ᠨᠥᠬᠥᠷᠯᠡᠨ ᠨᠠᠢ᠌ᠵᠠᠯᠠᠵᠤ ᠂ ᠣᠯᠠᠨ ᠲᠦᠮᠡᠨ ᠎ᠲᠠᠢ  ᠬᠠᠷᠢᠯᠴᠠᠵᠤ᠂ ᠮᠠᠷᠺᠰ᠎ᠤᠨ ᠦᠵᠡᠯ᠎ᠤᠨ ᠰᠤᠷᠤᠯᠴᠠᠬᠤ  ᠪᠠᠭ᠎ᠢ ᠵᠣᠬᠢᠶᠠᠨ  ᠪᠠᠢ᠌ᠭᠤᠯᠤᠭ᠋ᠠᠳ  ᠬᠡᠪᠢᠰ᠎ᠤᠨ ᠦᠢ᠍ᠯᠡᠳᠪᠦᠷᠢ᠂ ᠲᠡᠮᠦᠷ᠎ᠤᠨ ᠦᠢ᠍ᠯᠡᠳᠪᠦᠷᠢ᠂ ᠰᠢᠪᠠᠷ ᠮᠣᠳᠣᠨ᠎ᠤ ᠦᠢ᠍ᠯᠡᠳᠪᠦᠷᠢ᠂ ᠰᠢᠬᠢᠷ ᠡᠪᠡᠰᠦᠨ᠎ᠤ ᠳᠡᠯᠭᠡᠭᠦᠷ ᠵᠡᠷᠭᠡ ᠵᠢᠨ 50 ᠭᠠᠷᠤᠶ ᠠᠵᠢᠯᠴᠢᠳ᠎ᠢ  ᠳᠠᠲᠠᠨ  ᠰᠤᠷᠤᠯᠴᠠᠯᠭ᠎ᠠ᠎ᠳᠤ ᠣᠷᠣᠯᠴᠠᠭᠤᠯᠵᠤ᠂  ᠠᠭ᠋ᠠᠵᠢᠮ ᠵᠶ᠋ᠠᠷ 30 ᠭᠠᠷᠤᠶ ᠵᠠᠯᠠᠭᠤᠴᠤᠳ᠎ᠢ  ᠨᠠᠮ᠂ ᠡᠪᠯᠡᠯ᠎ᠳᠤ ᠡᠯᠰᠡᠪᠡ ᠃  ᠠᠵᠢᠯᠯᠠᠬᠤ  ᠬᠤᠷᠢᠶ᠎ᠠ᠎ᠨᠢ ᠪᠠᠰᠠ ᠰᠦᠢ ᠶᠤᠸᠠᠨ ᠮᠤᠵᠢ ᠵᠢᠨ ᠪᠠᠷᠠᠭᠤᠨ ᠬᠡᠰᠡᠭ᠎ᠤᠨ ᠭᠠᠵᠠᠷ ᠣᠷᠣᠨ᠎ᠳᠠᠬᠢ  ᠬᠠᠮᠤᠭ᠎ᠤᠨ ᠲᠤᠮᠤ  ᠬᠡᠪᠴᠢᠶᠡᠨ᠎ᠤ  ᠠᠷᠠᠳ᠎ᠤᠨ ᠵᠣᠬᠢᠶᠠᠨ ᠪᠠᠢ᠌ᠭᠤᠯᠤᠯᠲᠠ ᠪᠣᠯᠬᠤ 《ᠭᠧ ᠯᠤᠤ ᠬᠣᠢ》 ᠵᠢᠨ ᠤᠯᠠᠨ ᠲᠦᠮᠡᠨ᠎ᠯᠦᠭᠡ  ᠪᠦᠯᠬᠦᠮᠳᠡᠬᠦ  ᠲᠡᠳᠡᠨ᠎ᠢ  ᠲᠠᠲᠠᠬᠤ  ᠠᠵᠢᠯ ᠬᠢᠪᠡ᠃ 1925 ᠣᠨ᠎ᠤ 9 ᠳ᠋ᠦ᠍ᠭᠡᠷ ᠰᠠᠷ᠎ᠠ᠎ᠳᠤ᠂  ᠠᠵᠢᠯᠯᠠᠬᠤ  ᠬᠤᠷᠢᠶ᠎ᠠ᠎ᠨᠢ ᠰᠢᠭᠤᠢ᠌ᠲᠤ ᠭᠤᠤ ᠵᠢᠨ ᠨᠡᠭᠦᠷᠡᠰᠦᠨ ᠠᠭᠤᠷᠬᠠᠢ ᠵᠢᠨ 1000 ᠭᠠᠷᠤᠢ ᠠᠵᠢᠯᠴᠢᠳ᠎ᠢ ᠤᠳᠤᠷᠢᠳᠤᠨ ᠠᠵᠢᠯ  ᠬᠠᠶᠠᠵᠤ  ᠢᠯᠠᠯᠲᠠ  ᠣᠯᠣᠭ᠋ᠠᠳ  ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠤᠯ ᠣᠷᠣᠨ᠎ᠳᠠᠬᠢ ᠨᠥᠯᠥᠭᠡ᠎ᠪᠠᠨ  ᠥᠷᠭᠡᠳᠬᠡᠪᠡ᠃


6.png

       ᠯᠢ ᠢᠤᠢ ᡁᠢ (1901 - 1927)᠂ ᠥᠨᠥ ᠵᠢᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠤᠲᠠ ᠵᠢᠨ ᠲᠣᠭᠲᠠᠬᠤ ᠰᠢᠶᠠᠨ᠎ᠤ ᠬᠥᠮᠦᠨ᠃ 1924 ᠣᠨ᠎ᠳᠤ ᠳᠤᠮᠳᠠᠳᠤ ᠤᠯᠤᠰ᠎ᠤᠨ ᠨᠡᠶ᠋ᠢᠭᠡᠮ ᠵᠢᠷᠤᠮᠲᠤ ᠵᠠᠯᠠᠭᠤᠴᠤᠳ᠎ᠤᠨ ᠡᠪᠯᠡᠯ᠎ᠤᠨ ᠭᠡᠰᠢᠭᠦᠨ᠎ᠠᠴᠠ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠰᠢᠭᠦᠨ ᠪᠣᠯᠪᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠤᠭᠤᠲᠤ ᠵᠢᠨ  ᠠᠵᠢᠯᠯᠠᠬᠤ  ᠬᠣᠷᠢᠶᠠᠨ᠎ᠤ ᠬᠠᠷᠢᠭᠤᠴᠠᠯᠭ᠋ᠠᠲᠠᠨ  ᠪᠠᠢ᠌ᠪᠠ ᠃ 1927 ᠣᠨ᠎ᠤ 10 ᠳ᠋ᠤᠭ᠋ᠠᠷ ᠰᠠᠷ᠎ᠠ᠎ᠳᠤ ᠶᠡᠭᠡ ᠵᠤᠤ ᠠᠶ᠋ᠢᠮᠠᠭ᠎ᠤᠨ ᠦᠦᠰᠢᠨ  ᠬᠤᠰᠢᠭᠤᠨ᠎ᠠ  ᠤᠷᠪᠠᠭᠴᠢ᠎ᠳᠤ ᠬᠣᠣᠷᠯᠠᠭᠳᠠᠪᠠ᠃



       ᠶᠡᠭᠡ ᠬᠤᠪᠢᠰᠬᠠᠯ ᠦᠷᠨᠢᠨ ᠬᠦᠭᠵᠢᠬᠦ ᠵᠢ ᠳᠠᠭ᠋ᠠᠯᠳᠤᠨ᠂ ᠦᠪᠦᠷ ᠮᠤᠩᠭᠤᠯ ᠤᠷᠤᠨ᠎ᠳᠤ  ᠪᠤᠰᠤᠳ ᠨᠠᠮ᠎ᠤᠨ ᠵᠤᠭᠢᠶᠠᠨ ᠪᠠᠢ᠌ᠭᠤᠯᠤᠯᠳᠠ ᠴᠦ᠍ ᠵᠠᠯᠭ᠋ᠠᠭ᠎ᠠ᠎ᠪᠠᠷ ᠪᠠᠢ᠌ᠭᠤᠯᠤᠭᠳᠠᠪᠠ᠃ ᠳᠤᠮᠳᠠᠲᠦ ᠤᠯᠤᠰ᠎ᠤᠨ ᠡᠪ ᠬᠠᠮᠲᠦ ᠨᠠᠮ᠎ᠤᠨ ᠰᠦᠢ ᠶᠤᠸᠠᠨ᠎ᠤ ᠲᠤᠰᠬᠠᠢ  ᠣᠷᠣᠨ᠎ᠤ  ᠠᠵᠢᠯᠯᠠᠬᠤ  ᠬᠤᠷᠢᠶ᠎ᠠ᠎ᠨᠢ ᠹᠧᠩ ᠢᠤᠢ ᠰᠢᠶᠠᠩ᠎ᠤᠨ ᠪᠤᠭᠤᠳᠤ᠎ᠳᠤ ᠡᠭᠦᠰᠭᠡᠨ ᠪᠠᠢ᠌ᠭᠤᠯᠤᠭᠰᠠᠨ ᠪᠠᠷᠠᠭᠤᠨ ᠬᠤᠶ᠋ᠢᠳᠤ ᠵᠢᠨ ᠠᠷᠠᠳ᠎ᠤᠨ ᠰᠤᠨᠢᠨ᠎ᠤ ᠬᠤᠷᠢᠶ᠎ᠠ᠎ᠳᠤ ᠳᠤᠮᠳᠠᠲᠦ ᠤᠯᠤᠰ᠎ᠤᠨ ᠡᠪ ᠬᠠᠮᠲᠦ ᠨᠠᠮ᠎ᠤᠨ 《ᠪᠠᠷᠠᠭᠤᠨ ᠬᠣᠢ᠌ᠲᠤ ᠵᠢᠨ ᠠᠷᠠᠳ᠎ᠤᠨ ᠰᠤᠨᠢᠨ》᠎ᠤ ᠡᠭᠦᠷ᠎ᠢ  ᠪᠠᠢ᠌ᠭᠤᠯᠵᠠᠢ ᠂ ᠳᠤᠰ ᠡᠭᠦᠷ᠎ᠨᠢ ᠰᠤᠨᠢᠨ᠎ᠢ ᠠᠰᠢᠭᠯᠠᠨ ᠶᠠᠷᠢᠶ᠎ᠠ ᠬᠡᠯᠡᠯᠴᠡᠬᠡᠨ᠎ᠤ ᠵᠢᠭᠰᠠᠭ᠋ᠠᠯ᠎ᠤᠨ ᠭᠠᠵᠠᠷ᠎ᠢ ᠡᠵᠡᠯᠡᠵᠦ᠂ ᠬᠤᠪᠢᠰᠬᠠᠯ᠎ᠤᠨ ᠦᠵᠡᠯ ᠰᠠᠨᠠᠭ᠎ᠠ ᠵᠢ ᠤᠬᠠᠭᠤᠯᠪᠠ᠃ 1926 ᠣᠨ᠎ᠤ ᠬᠠᠪᠤᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠮᠠᠷᠠᠲᠤ ᠮᠠᠨᠵᠤ ᠵᠢᠨ ᠣᠷᠣᠨ ᠨᠤᠲᠤᠭ᠎ᠤᠨ ᠭᠦᠢ᠍ᠴᠡᠳᠬᠡᠬᠦ ᠬᠣᠷᠢᠶ᠎ᠠ ᠪᠠᠢ᠌ᠭᠤᠯᠤᠭᠳᠠᠵᠤ᠂ ᠳᠠᠷᠠᠭ᠎ᠠ᠎ᠨᠢ ᠵᠥᠩ ᠳ᠋ᠦᠩ ᠲᠡᠮᠦᠷ ᠵᠠᠮ ᠳᠠᠭ᠋ᠠᠤ ᠵᠢᠨ ᠮᠠᠨᠵᠤᠤᠷ᠂ ᠬᠠᠶ᠋ᠢᠯᠠᠷ᠂ ᠪᠤᠭᠤᠲᠤ ᠵᠡᠷᠭᠡ ᠵᠢ ᠪᠠᠭᠲᠠᠭ᠋ᠠᠭᠰᠠᠨ ᠡᠯ᠎ᠡ  ᠥᠷᠲᠡᠭᠡᠨ᠎ᠳᠤ ᠨᠠᠮ᠎ᠤᠨ ᠡᠭᠦᠷ  ᠪᠠᠢ᠌ᠭᠤᠯᠤᠭᠳᠠᠨ ᠂ ᠨᠠᠮ᠎ᠤᠨ  ᠭᠡᠰᠢᠭᠦᠳ  ᠡᠯᠰᠡᠵᠦ᠂ 1927 ᠣᠨ᠎ᠤ ᠡᠬᠢᠨ ᠪᠣᠯᠬᠤ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠮᠠᠷᠠᠲᠤ ᠮᠠᠨᠵᠤ ᠵᠢᠨ ᠣᠷᠣᠨ ᠨᠤᠲᠤᠭ᠎ᠤᠨ ᠭᠦᠢ᠍ᠴᠡᠳᠬᠡᠬᠦ ᠬᠤᠷᠢᠶ᠎ᠠ ᠵᠢᠨ ᠬᠠᠷᠢᠶ᠎ᠠ ᠣᠷᠣᠨ᠎ᠳᠠᠬᠢ  ᠡᠪ ᠬᠠᠮᠲᠤ ᠨᠠᠮ᠎ᠤᠨ ᠭᠡᠰᠢᠭᠦᠨ 130 ᠭᠠᠷᠤᠶ  ᠪᠣᠯᠵᠠᠢ ᠃ 1926 ᠤᠨ᠎ᠤ 9 ᠳ᠋ᠦ᠍ᠭᠡᠷ ᠰᠠᠷ᠎ᠠ᠎ᠳᠤ᠂ ᠳᠤᠮᠳᠠᠲᠦ ᠤᠯᠤᠰ᠎ᠤᠨ ᠡᠪ ᠬᠠᠮᠲᠦ ᠨᠠᠮ᠎ᠤᠨ ᠤᠮᠠᠷᠠᠲᠦ ᠤᠷᠤᠨ᠎ᠤ ᠭᠦᠢ᠍ᠴᠡᠳᠬᠡᠬᠦ ᠬᠤᠷᠢᠶ᠎ᠠ᠎ᠨᠢ ᠳᠤᠮᠳᠠᠲᠦ ᠤᠯᠤᠰ᠎ᠤᠨ ᠡᠪ ᠬᠠᠮᠲᠦ ᠨᠠᠮ᠎ᠤᠨ  ᠰᠦᠢ ᠶᠤᠸᠠᠨ᠎ᠤ ᠲᠤᠰᠬᠠᠢ ᠣᠷᠣᠨ᠎ᠤ  ᠤᠷᠤᠨ ᠨᠤᠲᠤᠭ᠎ᠤᠨ ᠬᠡᠷᠡᠭᠵᠢᠬᠦᠯᠬᠦ ᠬᠤᠷᠢᠶ᠎ᠠ ᠵᠢ ᠪᠠᠢ᠌ᠭᠤᠯᠬᠤ᠎ᠪᠠᠷ ᠲᠤᠭᠲᠠᠪᠠ᠃ ᠳᠤᠮᠳᠠᠲᠦ ᠤᠯᠤᠰ᠎ᠤᠨ ᠡᠪ ᠬᠠᠮᠲᠦ ᠨᠠᠮ᠎ᠤᠨ  ᠰᠦᠢ ᠶᠤᠸᠠᠨ᠎ᠤ ᠲᠤᠰᠬᠠᠢ ᠣᠷᠣᠨ᠎ᠤ  ᠣᠷᠣᠨ  ᠨᠤᠲᠤᠭ᠎ᠤᠨ ᠬᠡᠷᠡᠭᠵᠢᠭᠦᠯᠬᠦ ᠬᠤᠷᠢᠶ᠎ᠠ᠎ᠳᠤ  ᠬᠠᠷᠢᠶᠠᠯᠠᠭᠳᠠᠬᠤ  ᠳᠤᠮᠳᠠᠲᠦ ᠤᠯᠤᠰ᠎ᠤᠨ ᠡᠪ ᠬᠠᠮᠲᠦ ᠨᠠᠮ᠎ᠤᠨ ᠭᠦᠢ ᠰᠦᠢ ᠰᠢᠶᠠᠨ᠎ᠤ ᠬᠤᠷᠢᠶ᠎ᠠ ᠪᠠ ᠳᠤᠮᠳᠠᠳᠤ ᠤᠯᠤᠰ᠎ᠤᠨ ᠡᠪ ᠬᠠᠮᠲᠦ ᠨᠠᠮ᠎ᠤᠨ ᠭᠦᠢ ᠰᠦᠢ ᠰᠢᠶᠠᠨ᠎ᠤ ᠪᠠᠷᠠᠭᠤᠨ ᠤᠷᠤᠨ᠎ᠤ ᠬᠤᠷᠢᠶ᠎ᠠ ᠵᠢ ᠪᠠᠢ᠌ᠭᠤᠯᠪᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ  ᠰᠦᠢ ᠶᠤᠸᠠᠨ᠎ᠤ ᠲᠤᠰᠬᠠᠢ ᠣᠷᠣᠨ᠎ᠤ  ᠣᠷᠣᠨ ᠨᠤᠲᠤᠭ᠎ᠤᠨ ᠬᠡᠷᠡᠭᠵᠢᠭᠦᠯᠬᠦ ᠬᠤᠷᠢᠶ᠎ᠠ᠎ᠨᠢ ᠭᠦᠢ ᠰᠦᠢ ᠬᠤᠳᠠ᠎ᠳᠠᠬᠢ ᠡᠯ᠎ᠡ ᠱᠠᠲᠦᠨ᠎ᠤ ᠨᠠᠮ᠎ᠤᠨ ᠵᠤᠭᠢᠶᠠᠨ ᠪᠠᠢ᠌ᠭᠤᠯᠤᠯᠳᠠ ᠵᠢ  ᠤᠳᠤᠷᠢᠳᠴᠤ  ᠪᠠᠢ᠌ᠭᠰᠠᠨ᠎ᠠᠴᠠ ᠭᠠᠳᠠᠨ᠎ᠠ᠂  ᠬᠠᠷᠢᠶᠠᠨ᠎ᠳᠤ ᠎ᠨᠢ  ᠪᠠᠰᠠ ᠪᠣᠳᠠᠴᠢ ᠵᠡᠷᠭᠡ ᠬᠦᠳᠡᠭᠡ ᠲᠤᠰᠬᠤᠨ᠎ᠤ ᠨᠠᠮ᠎ᠤᠨ ᠡᠭᠦᠷ 16  ᠪᠠᠢ᠌ᠪᠠ ᠃ ᠳᠤᠮᠳᠠᠲᠦ ᠤᠯᠤᠰ᠎ᠤᠨ ᠡᠪ ᠬᠠᠮᠲᠦ ᠨᠠᠮ᠎ᠤᠨ  ᠰᠦᠢ ᠶᠤᠸᠠᠨ᠎ᠤ ᠲᠤᠰᠬᠠᠢ ᠣᠷᠣᠨ᠎ᠤ  ᠣᠷᠣᠨ ᠨᠤᠲᠤᠭ᠎ᠤᠨ ᠬᠡᠷᠡᠭᠵᠢᠭᠦᠯᠬᠦ ᠬᠤᠷᠢᠶ᠎ᠠ᠎ᠨᠢ ᠰᠦᠢ ᠶᠤᠸᠠᠨ ᠤᠷᠤᠨ᠎ᠤ ᠠᠷᠠᠳ ᠲᠦᠮᠡᠨ᠎ᠢ ᠤᠲᠤᠷᠢᠲᠤᠨ ᠬᠤᠪᠢᠰᠬᠠᠯᠲᠦ ᠬᠦᠳᠡᠯᠭᠡᠭᠡᠨ᠎ᠢ ᠦᠷᠭᠡᠨ ᠵᠶ᠋ᠠᠷ ᠦᠷᠨᠢᠭᠦᠯᠵᠦ᠂ ᠨᠠᠮ ᠡᠪᠯᠡᠯ᠎ᠤᠨ ᠵᠤᠭᠢᠶᠠᠨ ᠪᠠᠢ᠌ᠭᠤᠯᠤᠯᠳᠠ ᠵᠢ ᠬᠦᠭᠵᠢᠭᠦᠯᠦᠨ᠂ ᠲᠠᠷᠢᠶᠠᠴᠢᠳ᠎ᠤᠨ ᠨᠡᠶ᠋ᠢᠭᠡᠮᠯᠢᠭ᠎ᠢ  ᠪᠠᠢ᠌ᠭᠤᠯᠵᠦ᠂ ᠲᠡᠮᠦᠷ ᠵᠠᠮ᠎ᠤᠨ ᠠᠵᠢᠯᠴᠢᠳ᠎ᠤᠨ  ᠲᠡᠮᠡᠴᠡᠯ᠎ᠢ  ᠲᠠᠶ᠋ᠢᠴᠢᠯᠠᠨ  ᠬᠥᠳᠡᠯᠭᠡᠵᠦ ᠂ ᠹᠧᠩ ᠢᠤᠢ ᠰᠢᠶᠠᠩ᠎ᠤᠨ ᠢᠷᠭᠡᠨ᠎ᠤ ᠴᠡᠷᠢᠭ᠎ᠢ ᠳᠡᠮᠵᠢᠵᠦ᠂ ᠴᠡᠷᠢᠭ᠎ᠤᠨ ᠡᠷᠬᠡᠳᠡᠨ᠎ᠤ ᠨᠤᠶᠠᠷᠬᠠᠯ ᠪᠠ ᠳᠠᠷᠤᠯᠠᠯ᠎ᠢ ᠡᠰᠡᠷᠭᠦᠴᠡᠪᠡ᠃

       ᠶᠡᠷᠥᠩᠬᠡᠢ᠎ᠳᠤ᠎ᠨᠢ ᠠᠪᠴᠤ ᠦᠵᠡᠪᠡᠯ᠂ ᠥᠪᠥᠷ ᠮᠣᠩᠭᠤᠯ  ᠣᠷᠣᠨ᠎ᠤ  ᠠᠩᠬᠠᠨ᠎ᠤ ᠦᠶ᠎ᠡ ᠵᠢᠨ ᠨᠠᠮ᠎ᠤᠨ ᠵᠣᠬᠢᠶᠠᠨ ᠪᠠᠢ᠌ᠭᠤᠯᠤᠯᠲᠠ  ᠪᠠᠢ᠌ᠭᠤᠯᠤᠭᠳᠠᠭᠰᠠᠨ᠎ᠨᠢ ᠳᠣᠣᠷᠠᠬᠢ ᠮᠡᠲᠦ ᠣᠨᠴᠠᠯᠢᠭ ᠎ᠲᠠᠢ ᠄ ᠨᠢᠭᠡ᠎ᠳᠤ ᠠᠩᠬᠠᠨ᠎ᠤ ᠦᠶ᠎ᠡ ᠵᠢᠨ ᠨᠠᠮ᠎ᠤᠨ ᠵᠣᠬᠢᠶᠠᠨ ᠪᠠᠢ᠌ᠭᠤᠯᠤᠯᠲᠠ ᠵᠢ  ᠪᠣᠯ  ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠮᠠᠷᠠᠲᠤ  ᠣᠷᠣᠨ᠎ᠤ  ᠨᠠᠮ᠎ᠤᠨ ᠵᠣᠬᠢᠶᠠᠨ ᠪᠠᠢ᠌ᠭᠤᠯᠤᠯᠲᠠ ᠪᠠ ᠯᠢ ᠳ᠋ᠠ ᠵᠣᠣ ᠬᠦᠮᠦᠨ ᠲᠣᠮᠢᠯᠠᠨ ᠵᠣᠬᠢᠶᠠᠨ ᠪᠠᠢ᠌ᠭᠤᠯᠪᠠ; ᠬᠤᠶᠠᠷ᠎ᠲᠤ ᠠᠩᠬᠠᠨ᠎ᠤ ᠦᠶ᠎ᠡ ᠵᠢᠨ ᠮᠠᠰᠢ ᠤᠯᠠᠨ ᠨᠠᠮ᠎ᠤᠨ  ᠭᠡᠰᠢᠭᠦᠳ ᠪᠣᠯ  ᠪᠡᠭᠡᠵᠢᠩ᠎ᠳᠤ ᠡᠪ ᠬᠠᠮᠲᠤ ᠨᠠᠮ᠎ᠳᠤ  ᠡᠯᠰᠡᠭᠳᠡᠭᠰᠡᠨ᠎ᠤ ᠲᠠᠷᠠᠭ᠎ᠠ᠂  ᠥᠪᠡᠷ  ᠥᠪᠡᠷ᠎ᠤᠨ  ᠭᠠᠵᠠᠷ  ᠨᠤᠲᠤᠭ᠎ᠲᠤ᠎ᠪᠠᠨ ᠪᠤᠴᠠᠵᠤ ᠨᠠᠮ᠎ᠤᠨ  ᠭᠡᠰᠢᠭᠦᠨ᠎ᠢ  ᠡᠯᠰᠡᠵᠦ  ᠡᠬᠢᠯᠡᠭᠰᠡᠨ  ᠪᠥᠭᠡᠳ  ᠨᠠᠮ᠎ᠤᠨ  ᠵᠣᠬᠢᠶᠠᠨ ᠪᠠᠶ᠋ᠢᠭᠤᠯᠤᠯᠲᠠ ᠪᠠᠶ᠋ᠢᠭᠤᠯᠵᠠᠢ; ᠭᠤᠷᠪᠠ᠎ᠳᠤ ᠰᠡᠬᠡᠭᠡᠲᠡᠨ ᠵᠠᠯᠠᠭᠤᠴᠤᠳ ᠳᠤᠮᠳᠠ᠎ᠠᠴᠠ ᠨᠠᠮ᠎ᠤᠨ ᠭᠡᠰᠢᠭᠦᠨ ᠡᠯᠰᠡᠵᠦ᠂  ᠨᠠᠮ᠎ᠤᠨ  ᠵᠣᠬᠢᠶᠠᠨ ᠪᠠᠶ᠋ᠢᠭᠤᠯᠤᠯᠲᠠ ᠪᠠᠢ᠌ᠭᠤᠯᠪᠠ; ᠳᠥᠷᠪᠡ᠎ᠳᠤ ᠠᠵᠤ ᠦᠢ᠍ᠯᠡᠰ᠎ᠤᠨ ᠠᠵᠢᠯᠴᠢᠨ  ᠬᠢᠭᠡᠳ  ᠲᠠᠷᠢᠶᠠᠴᠢᠨ ᠮᠠᠯᠴᠢᠳ᠎ᠤᠨ ᠳᠤᠮᠳᠠ ᠠᠵᠢᠯ ᠥᠷᠨᠢᠭᠦᠯᠬᠦ ᠵᠢ ᠴᠢᠬᠤᠯᠠᠴᠢᠯᠠᠵᠤ᠂  ᠨᠠᠮ᠎ᠤᠨ  ᠵᠣᠬᠢᠶᠠᠨ ᠪᠠᠶ᠋ᠢᠭᠤᠯᠤᠯᠲᠠ ᠪᠠᠢ᠌ᠭᠤᠯᠪᠠ; ᠲᠦᠷᠪᠡᠨ  ᠠᠵᠢᠯᠯᠠᠬᠤ  ᠬᠤᠷᠢᠶ᠎ᠠ ᠪᠠᠢ᠌ᠭᠤᠯᠤᠭᠳᠠᠭᠰᠠᠨ᠎ᠠᠴᠠ ᠳᠤᠮᠳᠠᠲᠦ ᠤᠯᠤᠰ᠎ᠤᠨ ᠡᠪ ᠬᠠᠮᠲᠦ ᠨᠠᠮ᠎ᠤᠨ  ᠰᠦᠢ ᠶᠤᠸᠠᠨ᠎ᠤ ᠲᠤᠰᠬᠠᠢ ᠣᠷᠣᠨ᠎ᠤ  ᠣᠷᠣᠨ ᠨᠤᠲᠤᠭ᠎ᠤᠨ ᠬᠡᠷᠡᠭᠵᠢᠭᠦᠯᠬᠦ ᠬᠤᠷᠢᠶ᠎ᠠ ᠪᠠᠢ᠌ᠭᠤᠯᠤᠭᠳᠠᠬᠤ ᠬᠦᠷᠲᠡᠯ᠎ᠡ᠂ ᠦᠪᠦᠷ ᠮᠤᠩᠭᠤᠯ ᠤᠷᠤᠨ᠎ᠤ ᠨᠠᠮ᠎ᠤᠨ ᠵᠤᠭᠢᠶᠠᠨ ᠪᠠᠶ᠋ᠢᠭᠤᠯᠤᠯᠳᠠ ᠵᠢᠨ  ᠴᠣᠭᠴᠠᠯᠠᠯᠲᠠ  ᠪᠠ ᠬᠤᠪᠢᠰᠬᠠᠯ᠎ᠤᠨ ᠭᠦᠳᠡᠯᠭᠡᠭᠡᠨ ᠠᠭ᠋ᠠᠵᠢᠮ ᠵᠶ᠋ᠠᠷ  ᠥᠷᠨᠢᠯᠲᠡ ᠎ᠲᠠᠢ  ᠪᠣᠯᠪᠠ ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠤᠯ ᠣᠷᠣᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠪᠠᠢ᠌ᠭᠤᠯᠤᠭᠳᠠᠭᠰᠠᠨ᠎ᠨᠢ ᠥᠪᠥᠷ ᠮᠣᠩᠭᠤᠯ᠎ᠤᠨ ᠲᠡᠦᠬᠡᠨ᠎ᠳᠤ ᠤᠷᠢᠳ ᠡᠮᠦᠨ᠎ᠡ ᠭᠠᠷᠤᠭ᠎ᠠ ᠦᠭᠡᠢ ᠶᠡᠭᠡ ᠶᠠᠪᠤᠳᠠᠯ ᠪᠠᠢ᠌ᠵᠤ᠂ ᠥᠪᠥᠷ ᠮᠣᠩᠭᠤᠯ ᠣᠷᠣᠨ᠎ᠤ ᠬᠤᠪᠢᠰᠬᠠᠯ᠎ᠤᠨ ᠦᠢ᠍ᠯᠡᠰ᠎ᠤᠨ ᠬᠥᠭᠵᠢᠯᠲᠡ᠎ᠳᠤ ᠠᠯᠤᠰ ᠬᠡᠲᠦ ᠵᠢᠨ ᠲᠡᠦᠬᠡᠲᠦ ᠠᠴᠢ ᠬᠤᠯᠪᠣᠭᠳᠠᠯ᠎ᠲᠠᠢ ᠶᠤᠮ᠃

       ᠨᠢᠭᠡᠳᠦᠭᠡᠷ᠎ᠲᠤ᠂ ᠥᠪᠥᠷ ᠮᠣᠩᠭᠤᠯ ᠣᠷᠣᠨ᠎ᠤ ᠬᠤᠪᠢᠰᠬᠠᠯ ᠡᠭᠦᠨ᠎ᠠᠴᠠ ᠬᠣᠢ᠌ᠰᠢ  ᠨᠠᠢ᠌ᠳᠠᠪᠤᠷᠢᠲᠠᠢ  ᠵᠣᠬᠢᠶᠠᠨ ᠪᠠᠢ᠌ᠭᠤᠯᠤᠭᠴᠢ ᠪᠠ ᠤᠳᠤᠷᠢᠳᠤᠭᠴᠢ᠎ᠲᠠᠢ ᠪᠣᠯᠪᠠ᠃  ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠤᠯ ᠣᠷᠣᠨ᠎ᠤ  ᠨᠠᠮ᠎ᠤᠨ ᠵᠣᠬᠢᠶᠠᠨ ᠪᠠᠢ᠌ᠭᠤᠯᠤᠯᠲᠠ ᠪᠠᠢ᠌ᠭᠤᠯᠤᠭᠳᠠᠭᠰᠠᠨ᠎ᠨᠢ ᠥᠪᠥᠷ ᠮᠣᠩᠭᠤᠯ ᠣᠷᠣᠨ᠎ᠤ ᠠᠷᠠᠳ ᠲᠦᠮᠡᠨ᠎ᠤ ᠴᠢᠯᠥᠭᠡᠯᠡᠯᠲᠡ ᠵᠢᠨ ᠬᠥᠳᠡᠯᠭᠡᠭᠡᠨ ᠰᠢᠭᠤᠳ ᠤᠳᠤᠷᠢᠳᠬᠤ ᠬᠦᠴᠦᠨ᠎ᠲᠠᠢ ᠪᠣᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠰᠢᠢ᠍ᠳᠪᠦᠷᠢᠲᠦ ᠪᠤᠳᠤᠯᠭ᠎ᠠ ᠪᠠᠢ᠌ᠷᠢᠯᠠᠭᠤᠯᠤᠯᠲᠠ ᠵᠢ ᠥᠪᠥᠷ ᠮᠣᠩᠭᠤᠯ ᠣᠷᠣᠨ᠎ᠳᠤ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠣᠬᠢᠶᠠᠨ ᠪᠠᠢ᠌ᠭᠤᠯᠤᠯᠲᠠ ᠵᠢᠨ ᠰᠠᠭᠤᠷᠢ᠎ᠲᠠᠢ ᠪᠣᠯᠭ᠋ᠠᠭᠰᠠᠨ ᠪᠠᠢ᠌ᠨ᠎ᠠ᠃ ᠨᠠᠮ᠎ᠤᠨ ᠵᠤᠬᠢᠶᠠᠨ ᠪᠠᠢ᠌ᠭᠤᠯᠤᠯᠳᠠ ᠦᠪᠦᠷ ᠮᠤᠩᠭᠤᠯ ᠤᠷᠤᠨ᠎ᠳᠤ ᠪᠠᠢ᠌ᠭᠤᠯᠤᠭᠳᠠᠮᠠᠭᠴᠠ᠎ᠪᠠᠨ  ᠬᠦᠨ ᠦᠨᠳᠤᠰᠤᠯᠠᠵᠤ᠂  ᠡᠪ  ᠬᠠᠮᠲᠤ  ᠨᠠᠮ  ᠴᠤ᠌  ᠢᠩᠭᠢᠭᠡᠳ  ᠦᠪᠦᠷ ᠮᠤᠩᠭᠤᠯ᠎ᠤᠨ ᠦᠨᠳᠤᠰᠤᠳᠠᠨ᠎ᠨᠦᠭᠦᠳ᠎ᠤᠨ ᠠᠷᠠᠳ ᠲᠦᠮᠡᠨ᠎ᠤ ᠪᠠᠳᠤ ᠴᠢᠩᠭ᠎ᠠ ᠤᠳᠤᠷᠢᠳᠤᠯᠭ᠎ᠠ᠂ ᠦᠨᠳᠤᠷ ᠮᠠᠨᠳᠤᠭᠤᠯᠤᠭᠰᠠᠨ ᠲᠤᠭ᠂ ᠭᠡᠭᠡᠨ ᠰᠠᠷᠠᠭᠤᠯ ᠵᠢᠯᠤᠭᠤᠳᠤᠯᠭ᠎ᠠ ᠪᠤᠯᠵᠠᠢ᠃

    ᠬᠤᠶᠠᠳᠤᠭ᠋ᠠᠷ᠎ᠲᠤ᠂ ᠦᠪᠦᠷ ᠮᠤᠩᠭᠤᠯ ᠤᠷᠤᠨ᠎ᠤ ᠠᠷᠠᠳ ᠲᠦᠮᠡᠨ᠎ᠤ ᠴᠢᠯᠦᠭᠡᠯᠡᠯᠲᠡ  ᠪᠠ  ᠨᠠᠮ᠎ᠤᠨ ᠤᠳᠤᠷᠢᠳᠤᠭᠰᠠᠨ ᠪᠦᠬᠦ ᠤᠯᠤᠰ᠎ᠤᠨ ᠬᠤᠪᠢᠰᠬᠠᠯ  ᠢᠩᠭᠢᠭᠡᠳ  ᠨᠢᠭᠲᠠ ᠬᠣᠯᠪᠣᠯᠳᠤᠪᠠ᠃ ᠳᠤᠮᠳᠠᠳᠤ ᠤᠯᠤᠰ᠎ᠤᠨ ᠡᠪ ᠬᠠᠮᠲᠤ ᠨᠠᠮ ᠪᠠᠢ᠌ᠭᠤᠯᠤᠭᠳᠠᠮᠠᠭᠴᠠ ᠦᠨᠳᠦᠰᠦᠲᠡᠨ᠎ᠤ ᠲᠤᠰᠠᠭ᠋ᠠᠷ ᠲᠣᠭᠲᠠᠨᠢᠯ᠂ ᠠᠷᠠᠳ ᠲᠦᠮᠡᠨ᠎ᠤ ᠴᠢᠯᠥᠭᠡᠯᠡᠯᠲᠡ ᠵᠢ ᠲᠡᠮᠡᠴᠡᠨ ᠤᠯᠬᠤ ᠪᠠ ᠤᠯᠤᠰ ᠣᠷᠣᠨ᠎ᠤ ᠪᠠᠶᠠᠨ ᠬᠦᠴᠦᠷᠬᠡᠭ᠂ ᠠᠷᠠᠳ ᠲᠦᠮᠡᠨ᠎ᠤ ᠵᠣᠯ ᠵᠢᠷᠭ᠋ᠠᠯ᠎ᠢ ᠪᠡᠶᠡᠯᠡᠭᠦᠯᠬᠦ  ᠬᠤᠶᠠᠷ ᠶᠡᠭᠡ ᠲᠡᠦᠬᠡᠨ ᠡᠭᠦᠷᠭᠡ ᠵᠢ ᠡᠭᠦᠷᠭᠡᠯᠡᠪᠡ᠃ ᠲᠤᠮᠳᠠᠳᠤ ᠤᠯᠤᠰ᠎ᠤᠨ ᠡᠪ ᠬᠠᠮᠳᠤ ᠨᠠᠮ ᠦᠪᠦᠷ ᠮᠤᠩᠭᠤᠯ ᠤᠷᠤᠨ᠎ᠳᠤ  ᠨᠠᠮ᠎ᠤᠨ ᠭᠡᠰᠢᠭᠦᠨ ᠡᠯᠰᠡᠵᠦ᠂ ᠦᠪᠦᠷ ᠮᠤᠩᠭᠤᠯ ᠤᠷᠤᠨ᠎ᠳᠤ ᠨᠠᠮ᠎ᠤᠨ ᠵᠤᠬᠢᠶᠠᠨ ᠪᠠᠢ᠌ᠭᠤᠯᠤᠯᠳᠠ ᠪᠠᠢ᠌ᠭᠤᠯᠵᠤ᠂ ᠦᠪᠦᠷ ᠮᠤᠩᠭᠤᠯ ᠤᠷᠤᠨ᠎ᠤ ᠬᠤᠪᠢᠰᠬᠠᠯᠲᠤ ᠲᠡᠮᠡᠴᠡᠯ᠎ᠢ ᠤᠳᠤᠷᠢᠳᠤᠭᠰᠠᠨ᠎ᠨᠢ ᠦᠪᠦᠷ ᠮᠤᠩᠭᠤᠯ ᠤᠷᠤᠨ᠎ᠢ ᠨᠠᠮ᠎ᠤᠨ ᠤᠳᠤᠷᠢᠳᠤᠯᠭ᠎ᠠ ᠲᠤᠤᠷᠠᠬᠢ ᠲᠤᠮᠳᠠᠳᠤ ᠤᠯᠤᠰ᠎ᠤᠨ ᠬᠤᠪᠢᠰᠬᠠᠯ᠎ᠤᠨ ᠰᠠᠯᠵᠤ ᠪᠤᠯᠤᠰᠢ ᠦᠭᠡᠢ ᠨᠢᠭᠡᠨ ᠬᠡᠰᠡᠭ ᠪᠤᠯᠭ᠋ᠠᠵᠤ᠂ ᠦᠪᠦᠷ ᠮᠤᠩᠭᠤᠯ᠎ᠤᠨ ᠦᠨᠳᠦᠰᠦᠳᠡᠨ᠎ᠨᠦᠭᠦᠳ᠎ᠤᠨ ᠠᠷᠠᠳ ᠲᠦᠮᠡᠨ ᠲᠤᠮᠳᠠᠳᠤ ᠤᠯᠤᠰ᠎ᠤᠨ ᠡᠪ ᠬᠠᠮᠳᠤ ᠨᠠᠮ᠎ᠢ ᠰᠠᠯᠤᠯ ᠦᠭᠡᠢ ᠲᠠᠭ᠋ᠠᠵᠤ ᠬᠤᠪᠢᠰᠬᠠᠯᠲᠤ ᠲᠡᠮᠡᠴᠡᠯ ᠥᠷᠨᠢᠭᠦᠯᠬᠦ ᠵᠠᠮ ᠵᠶ᠋ᠠᠷ ᠵᠠᠮᠨᠠᠨ᠂ ᠨᠠᠮ᠎ᠤᠨ ᠦᠭᠡ ᠵᠢ ᠰᠤᠨᠤᠰᠴᠤ ᠨᠠᠮ ᠵᠶ᠋ᠠᠨ ᠲᠠᠭ᠋ᠠᠬᠤ ᠢᠷᠠᠭᠤ ᠠᠯᠳᠠᠷᠲᠤ ᠤᠯᠠᠮᠵᠢᠯᠠᠯ᠎ᠢ ᠡᠬᠢᠯᠡᠨ ᠪᠦᠷᠢᠯᠳᠦᠬᠦᠯᠪᠡ᠃

       ᠭᠤᠷᠪᠠᠳᠤᠭ᠋ᠠᠷ᠎ᠲᠤ᠂  ᠡᠪ  ᠬᠠᠮᠲᠤ  ᠨᠠᠮ ᠥᠪᠥᠷ ᠮᠣᠩᠭᠣᠯ᠎ᠳᠤ ᠬᠢᠯᠢ ᠬᠢᠵᠠᠭ᠋ᠠᠷ᠎ᠤᠨ ᠦᠨᠳᠦᠰᠦᠲᠡᠨ᠎ᠤ ᠭᠠᠵᠠᠷ ᠣᠷᠣᠨ᠎ᠤ ᠠᠩᠬᠠᠳᠠᠭᠴᠢ ᠪᠦᠯᠦᠭ ᠨᠠᠮ᠎ᠤᠨ ᠵᠣᠬᠢᠶᠠᠨ ᠪᠠᠢ᠌ᠭᠤᠯᠤᠯᠲᠠ ᠵᠢ ᠪᠠᠢ᠌ᠭᠤᠯᠤᠭᠰᠠᠨ᠎ᠨᠢ ᠥᠪᠥᠷ ᠮᠣᠩᠭᠣᠯ ᠣᠷᠣᠨ᠎ᠤ ᠬᠤᠪᠢᠰᠬᠠᠯ᠎ᠤᠨ ᠠᠬᠢᠴᠠ ᠵᠢ ᠲᠦᠷᠭᠡᠳᠬᠡᠪᠡ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠿᠧ ᠾᠧ᠂ ᠴᠠᠬᠠᠷ᠂ ᠰᠦᠢ ᠶᠤᠸᠠᠨ᠂ ᠪᠤᠭᠤᠲᠤ ᠵᠡᠷᠭᠡ ᠳᠥᠷᠪᠡᠨ ᠠᠵᠢᠯ᠎ᠤᠨ ᠬᠤᠷᠢᠶ᠎ᠠ ᠵᠢ ᠪᠠᠢ᠌ᠭᠤᠯᠬᠤ᠎ᠪᠠᠷ ᠤᠷᠢᠳᠠᠯ ᠪᠣᠯᠭ᠋ᠠᠵᠤ᠂ ᠨᠠᠮ᠎ᠠᠴᠠ ᠥᠪᠥᠷ ᠮᠣᠩᠭᠤᠯ ᠣᠷᠣᠨ᠎ᠳᠠᠬᠢ  ᠠᠵᠢᠯ᠎ᠤᠨ ᠡᠷᠴᠢᠮ ᠵᠶ᠋ᠠᠨ ᠲᠠᠰᠤᠷᠠᠯᠲᠠ ᠦᠭᠡᠢ ᠴᠢᠩᠭ᠋ᠠᠷᠠᠭᠤᠯᠤᠨ᠂  ᠵᠠᠯᠭ᠋ᠠᠭ᠎ᠠ  ᠵᠠᠯᠭ᠋ᠠᠭ᠎ᠠ᠎ᠪᠠᠷ  ᠨᠠᠮ᠎ᠤᠨ ᠵᠣᠬᠢᠶᠠᠨ ᠪᠠᠢ᠌ᠭᠤᠯᠤᠯᠲᠠ ᠵᠢ  ᠣᠯᠠᠨ  ᠪᠠᠢ᠌ᠭᠤᠯᠪᠠ᠃ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠠᠵᠢᠯ ᠵᠶ᠋ᠠᠨ  ᠥᠷᠨᠢᠭᠦᠯᠬᠦ ᠵᠢ  ᠳᠠᠭ᠋ᠠᠯᠳᠤᠨ  ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠤᠪᠢᠰᠬᠠᠯ᠎ᠤᠨ ᠬᠠᠯᠠᠭᠤᠨ ᠰᠡᠳᠬᠢᠯᠭᠡ ᠲᠦᠢ᠍ᠯ᠎ᠤᠨ ᠶᠡᠭᠡ᠎ᠪᠠᠷ  ᠣᠷᠭᠢᠯᠤᠨ  ᠪᠠᠳᠠᠷᠠᠵᠤ ᠂  ᠡᠪ  ᠬᠠᠮᠲᠤ  ᠨᠠᠮ ᠥᠪᠥᠷ ᠮᠣᠩᠭᠤᠯ ᠣᠷᠣᠨ᠎ᠳᠤ ᠰᠦᠷ ᠳᠠᠯᠠᠶ᠋ᠢᠴᠠᠲᠠᠶ ᠬᠤᠪᠢᠰᠬᠠᠯᠲᠤ ᠲᠡᠮᠡᠴᠡᠯ ᠥᠷᠨᠢᠭᠦᠯᠬᠦ᠂ ᠴᠢᠨᠠᠭᠰᠢᠯᠠᠪᠠᠯ ᠨᠠᠮ᠎ᠤᠨ ᠤᠳᠤᠷᠢᠳᠤᠯᠭ᠎ᠠ ᠳᠤᠤᠷ᠎ᠠ ᠮᠤᠵᠢ ᠵᠢᠨ  ᠳᠡᠰ᠎ᠤᠨ  ᠠᠩᠬᠠᠳᠠᠭᠴᠢ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ᠎ᠢ ᠪᠠᠢ᠌ᠭᠤᠯᠬᠤ᠎ᠳᠤ ᠵᠣᠬᠢᠶᠠᠨ ᠪᠠᠢ᠌ᠭᠤᠯᠤᠯᠲᠠ ᠵᠢᠨ ᠰᠠᠭᠤᠷᠢ ᠪᠠ ᠣᠯᠠᠨ ᠲᠦᠮᠡᠨ᠎ᠤ ᠰᠠᠭᠤᠷᠢ ᠵᠢ ᠠᠩᠬ᠎ᠠ ᠠᠯᠬᠤᠮ ᠲᠠᠯᠪᠢᠵᠤ᠂ ᠥᠪᠥᠷ ᠮᠣᠩᠭᠤᠯ᠎ᠤᠨ ᠣᠷᠣᠨ᠎ᠤ ᠬᠤᠪᠢᠰᠬᠠᠯ᠎ᠤᠨ ᠠᠬᠢᠴᠠ ᠵᠢ ᠲᠦᠷᠭᠡᠳᠬᠡᠪᠡ᠃

      1927 ᠣᠨ᠎ᠳᠤ᠂ ᠭᠣᠮᠢᠨᠳᠠᠩ᠎ᠤᠨ ᠲᠡᠷᠰᠯᠡᠭᠦᠴᠦᠳ 《ᠲᠦᠷᠪᠡᠡ ᠰᠠᠷ᠎ᠠ ᠵᠢᠨ ᠠᠷᠪᠠᠨ ᠬᠣᠶᠠᠷ》᠎ᠤᠨ ᠬᠤᠪᠢᠰᠬᠠᠯ᠎ᠤᠨ ᠡᠰᠡᠷᠭᠦᠦ ᠲᠦᠷᠦ ᠵᠢᠨ ᠬᠤᠪᠢᠰᠤᠯ ᠭᠠᠷᠭ᠋ᠠᠵᠤ᠂ ᠶᠡᠬᠡ ᠬᠤᠪᠢᠰᠬᠠᠯ  ᠥᠷᠨᠢᠯᠲᠡ᠎ᠠᠴᠠ᠎ᠪᠠᠨ ᠢᠯᠠᠭᠳᠠᠯ᠎ᠳᠤ ᠤᠴᠠᠷᠠᠵᠤ᠂ ᠥᠪᠥᠷ ᠮᠣᠩᠭᠣᠯ ᠣᠷᠣᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠬᠦᠨᠳᠦ ᠨᠣᠴᠢᠲᠠᠢ ᠡᠪᠳᠡᠯᠡᠭᠡ᠎ᠳᠤ ᠤᠴᠠᠷᠠᠪᠠ᠃ 《8·7》᠎ᠤ ᠬᠤᠷᠠᠯᠳᠤᠭ᠋ᠠᠨ᠎ᠤ ᠳᠠᠷᠠᠭ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠪᠠ ᠥᠪᠥᠷ ᠮᠣᠩᠭᠣᠯ ᠣᠷᠣᠨ᠎ᠯᠤᠭ᠎ᠠ ᠣᠶ᠋ᠢᠷᠠᠯᠴᠠᠭ᠎ᠠ ᠪᠠᠢ᠌ᠭ᠎ᠠ ᠬᠡᠰᠡᠭ ᠨᠠᠮ᠎ᠤᠨ ᠵᠣᠬᠢᠶᠠᠨ ᠪᠠᠢ᠌ᠭᠤᠯᠤᠯᠲᠠ᠎ᠨᠤᠭᠤᠳ 《8·7》᠎ᠤ ᠬᠤᠷᠠᠯᠳᠤᠭ᠋ᠠᠨ᠎ᠤ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ᠂ ᠥᠪᠥᠷ ᠮᠣᠩᠭᠣᠯ ᠣᠷᠣᠨ᠎ᠳᠤ ᠭᠠᠵᠠᠷ ᠰᠢᠷᠣᠢ ᠵᠢᠨ ᠬᠤᠪᠢᠰᠬᠠᠯ ᠥᠷᠨᠢᠭᠦᠯᠬᠦ ᠵᠢᠯᠣᠭᠣᠳᠤᠯᠭ᠎ᠠ ᠵᠢᠨ ᠴᠢᠭᠯᠡᠯᠲᠡ ᠵᠢ ᠲᠣᠭᠲᠠᠭ᠋ᠠᠵᠤ᠂ ᠥᠪᠥᠷ ᠮᠣᠩᠭᠣᠯ ᠣᠷᠣᠨ᠎ᠳᠤ ᠣᠯᠠᠨᠲᠠ ᠺᠠᠳ᠋ᠷ ᠲᠣᠮᠢᠯᠠᠵᠤ᠂ ᠥᠪᠥᠷ ᠮᠣᠩᠭᠣᠯ ᠣᠷᠣᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢ ᠰᠡᠷᠭᠦᠭᠡᠵᠦ  ᠳᠠᠬᠢᠨᠲᠠ  ᠪᠠᠢ᠌ᠭᠤᠯᠵᠠᠢ᠃ ᠨᠠᠮ᠎ᠤᠨ ᠤᠳᠤᠷᠢᠳᠤᠯᠭ᠎ᠠ ᠳᠣᠣᠷ᠎ᠠ᠂ ᠥᠪᠥᠷ ᠮᠣᠩᠭᠣᠯ ᠣᠷᠣᠨ᠎ᠤ ᠥᠷᠭᠡᠨ ᠤᠯᠠᠨ ᠡᠪ ᠬᠠᠮᠲᠤ ᠨᠠᠮ᠎ᠤᠨ ᠭᠡᠰᠢᠭᠦᠳ ᠪᠠ ᠬᠤᠪᠢᠰᠬᠠᠯᠲᠤ ᠤᠯᠠᠨ ᠲᠦᠮᠡᠨ ᠯᠢ ᠳ᠋ᠡ ᠵᠤᠤ ᠵᠡᠷᠭᠡ ᠬᠤᠪᠢᠰᠬᠠᠯ᠎ᠤᠨ ᠬᠤᠰᠢᠭᠤᠴᠢᠳ᠎ᠤᠨ ᠤᠯᠠ ᠮᠥᠷ᠎ᠢ ᠳᠠᠭ᠋ᠠᠵᠤ᠂  ᠨᠤᠭᠤᠷᠠᠯ  ᠪᠦᠳᠦᠷᠢᠯ᠎ᠳᠤ  ᠣᠨᠴᠠᠷᠠᠭᠰᠠᠨ  ᠴᠤ᠌  ᠬᠦᠰᠡᠯᠡᠩ ᠵᠶ᠋ᠡᠨ ᠪᠠᠷᠢᠮᠳᠠᠯᠠᠨ᠂ ᠦᠷᠡᠭᠳᠡᠯ  ᠰᠦᠢ᠍ᠲᠦᠯ᠎ᠠᠴᠠ ᠠᠶᠤᠬᠤ ᠦᠭᠡᠢ᠎ᠪᠠᠷ  ᠡᠮᠦᠨᠡᠬᠢ ᠎ᠨᠢ  ᠦᠷᠡᠭᠳᠡᠪᠡᠯ  ᠬᠣᠢ᠌ᠨᠠᠬᠢ ᠎ᠨᠢ  ᠵᠠᠯᠭ᠋ᠠᠭ᠋ᠠᠳ  ᠤᠷᠤᠭᠰᠢᠯᠠᠵᠤ ᠂ ᠨᠤᠭᠤᠷᠠᠰᠢ ᠦᠭᠡᠢ ᠲᠡᠮᠡᠴᠡᠨ᠂  ᠡᠯᠳᠡᠪ  ᠵᠦᠢ᠍ᠯ᠎ᠤᠨ ᠬᠦᠴᠢᠷ ᠪᠡᠷᠬᠡᠰᠢᠶᠡᠯ ᠬᠠᠷᠰᠢ ᠰᠠᠭ᠋ᠠᠳ᠎ᠢ ᠢᠯᠠᠨ ᠳᠠᠪᠠᠵᠤ᠂ ᠦᠨᠳᠦᠰᠦᠲᠡᠨ᠎ᠤ ᠴᠢᠯᠦᠭᠡᠯᠡᠯᠲᠡ ᠵᠢᠨ ᠬᠦᠷᠳᠦ ᠵᠢ ᠲᠦᠯᠬᠢᠨ ᠤᠷᠤᠭᠰᠢᠯᠠᠭᠤᠯᠪᠠ᠃ 1927 ᠣᠨ᠎ᠤ 10 ᠳ᠋ᠤᠭ᠋ᠠᠷ ᠰᠠᠷ᠎ᠠ᠎ᠠᠴᠠ 1936 ᠣᠨ᠎ᠤ 10 ᠳ᠋ᠤᠭ᠋ᠠᠷ ᠰᠠᠷ᠎ᠠ᠎ᠳᠤ᠂ ᠥᠪᠥᠷ ᠮᠣᠩᠭᠣᠯ ᠣᠷᠣᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠲᠠᠰᠤᠷᠠᠯᠲᠠ ᠦᠭᠡᠢ ᠪᠠᠢ᠌ᠭᠤᠯᠤᠭᠳᠠᠨ  ᠰᠡᠷᠭᠦᠵᠡᠢ ᠂  ᠲᠡᠭᠦᠨ᠎ᠳᠤ  ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠦᠢ ᠶᠤᠸᠠᠨ᠎ᠤ ᠲᠤᠰᠬᠠᠢ ᠡᠭᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠲᠤᠰᠬᠠᠢ ᠡᠭᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠠᠷᠠᠭᠤᠨ ᠮᠣᠩᠭᠣᠯ᠎ᠤᠨ  ᠠᠵᠢᠯᠯᠠᠬᠤ  ᠬᠣᠷᠢᠶ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠦᠩᠯᠢᠶᠣᠣ ᠵᠢᠨ ᠲᠤᠰᠬᠠᠢ ᠡᠭᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠲᠤᠰᠬᠠᠢ ᠬᠣᠷᠢᠶ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠦᠢ  ᠶᠤᠸᠠᠨ ᠣᠷᠣᠨ᠎ᠤ ᠲᠤᠰᠬᠠᠢ ᠬᠣᠷᠢᠶ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠠᠷᠠᠭᠤᠨ ᠬᠣᠢ᠌ᠲᠤ ᠵᠢᠨ ᠲᠤᠰᠬᠠᠢ ᠬᠣᠷᠢᠶ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠦᠢ ᠰᠦᠢ ᠲᠥᠪ ᠰᠢᠶᠠᠨ᠎ᠤ ᠬᠣᠷᠢᠶ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠦᠢ ᠶᠤᠸᠠᠨ ᠮᠤᠵᠢ ᠵᠢᠨ ᠲᠤᠰᠬᠠᠢ ᠬᠣᠷᠢᠶ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠦᠦᠰᠢᠨ ᠬᠣᠰᠢᠭᠤᠨ᠎ᠤ  ᠠᠵᠢᠯᠯᠠᠬᠤ  ᠬᠣᠷᠢᠶ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠦᠢ ᠶᠤᠸᠠᠨ ᠮᠤᠵᠢ ᠵᠢᠨ  ᠠᠵᠢᠯᠯᠠᠬᠤ  ᠬᠣᠷᠢᠶ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠠᠭ᠋ᠠᠯᠪᠤᠷᠢᠯᠠᠯᠲᠠ ᠵᠢᠨ ᠣᠷᠣᠨ᠎ᠤ  ᠠᠵᠢᠯᠯᠠᠬᠤ  ᠬᠣᠷᠢᠶ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠣᠲᠣᠭ ᠬᠤᠰᠢᠭᠤᠨ᠎ᠤ  ᠠᠵᠢᠯᠯᠠᠬᠤ  ᠬᠣᠷᠢᠶ᠎ᠠ ᠵᠡᠷᠭᠡ ᠪᠠᠢ᠌ᠪᠠ᠃ ᠥᠪᠥᠷ ᠮᠣᠩᠭᠣᠯ ᠣᠷᠣᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠭᠠᠰᠢᠭᠤᠨ ᠵᠤᠪᠠᠯᠠᠩ᠎ᠤᠨ ᠰᠢᠯᠭ᠋ᠠᠯᠲᠠ᠎ᠳᠤ ᠢᠳᠡᠷᠡᠭᠦᠨ ᠵᠶ᠋ᠡᠷ ᠦᠰᠦᠨ ᠪᠣᠢ᠌ᠵᠢᠵᠤ᠂ ᠥᠪᠥᠷ ᠮᠣᠩᠭᠣᠯ ᠣᠷᠣᠨ᠎ᠤ ᠬᠤᠪᠢᠰᠬᠠᠯ᠎ᠤᠨ ᠬᠥᠳᠡᠯᠭᠡᠭᠡᠨ᠎ᠢ ᠵᠣᠬᠢᠶᠠᠨ ᠪᠠᠶ᠋ᠢᠭᠤᠯᠬᠤ ᠪᠠ ᠤᠳᠤᠷᠢᠳᠬᠤ ᠡᠭᠦᠷᠭᠡ ᠵᠢ  ᠡᠷᠡᠰ  ᠰᠢᠭᠤᠷᠬᠠᠢ᠎ᠪᠠᠷ  ᠡᠭᠦᠷᠭᠡᠯᠡᠪᠡ᠃


7.jpeg

       ᠭᠠᠵᠠᠷ ᠰᠢᠷᠣᠢ ᠵᠢᠨ ᠬᠤᠪᠢᠰᠬᠠᠯᠲᠤ ᠲᠠᠢ᠍ᠢ᠍ᠨ᠎ᠤ ᠦᠶ᠎ᠡ ᠵᠢᠨ ᠥᠪᠥᠷ ᠮᠣᠩᠭᠣᠯ ᠣᠷᠣᠨ᠎ᠤ ᠨᠠᠮ᠎ᠤᠨ ᠵᠣᠬᠢᠶᠠᠨ ᠪᠠᠢ᠌ᠭᠤᠯᠤᠯᠲᠠ (ᠬᠡᠰᠡᠭ) ᠵᠢᠨ ᠪᠠᠢ᠌ᠳᠠᠯ᠎ᠤᠨ ᠬᠦᠰᠦᠨᠦᠭᠲᠦ

       ᠲᠠᠢ᠌ᠯᠪᠤᠷᠢ᠄ 1931 ᠣᠨ᠎ᠤ ᠵᠤᠨ᠂ ᠸᠠᠩ ᠷᠦᠧᠧ ᠹᠧᠢ᠂ ᠵᠢᠢ ᠾᠧ ᠵᠡᠷᠭᠡ ᠬᠥᠮᠥᠰ ᠮᠣᠰᠺᠸᠠ᠎ᠠᠴᠠ ᠤᠯᠤᠰ᠎ᠲᠤ᠎ᠪᠠᠨ ᠪᠤᠴᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠠᠷᠠᠭᠤᠨ ᠬᠣᠢ᠌ᠲᠤ ᠵᠢᠨ ᠲᠤᠰᠬᠠᠢ ᠬᠣᠷᠢᠶ᠎ᠠ ᠵᠢ ᠪᠠᠢ᠌ᠭᠤᠯᠵᠤ᠂ ᠸᠠᠩ ᠷᠦᠧᠧ ᠹᠧᠢ ᠱᠦᠵᠢ ᠵᠢᠨ ᠲᠤᠰᠢᠶᠠᠯ᠎ᠢ  ᠬᠠᠷᠢᠭᠤᠴᠠᠪᠠ ᠂ ᠠᠵᠢᠯ᠎ᠤᠨ ᠬᠡᠪᠴᠢᠶ᠎ᠡ᠎ᠨᠢ ᠰᠦᠢ ᠶᠤᠸᠠᠨ᠂ ᠱᠠᠨ ᠰᠢ᠂ ᠱᠠᠨᠰᠢ᠂ ᠭᠠᠨᠰᠤ᠂ ᠨᠢᠩᠰᠢᠶᠠ ᠪᠣᠯᠣᠨ᠎ᠠ᠃ ᠸᠠᠩ ᠷᠦᠧᠧ ᠹᠧᠢ ᠭᠣᠣᠯᠳᠠᠭᠤ ᠥᠪᠥᠷ ᠮᠣᠩᠭᠣᠯ ᠣᠷᠣᠨ᠎ᠳᠤ ᠠᠵᠢᠯᠯᠠᠭ᠎ᠠ ᠬᠢᠵᠦ ᠪᠠᠢ᠌ᠭᠰᠠᠨ ᠤᠴᠢᠷ᠎ᠠᠴᠠ ᠲᠤᠰ ᠬᠦᠰᠦᠨᠦᠭᠲᠦ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠠᠷᠠᠭᠤᠨ ᠬᠣᠢ᠌ᠲᠤ ᠵᠢᠨ ᠲᠤᠰᠬᠠᠢ ᠬᠣᠷᠢᠶ᠎ᠠ ᠵᠢ  ᠵᠢᠭᠰᠠᠭ᠋ᠠᠵᠤ  ᠲᠠᠯᠪᠢᠭᠰᠠᠨ  ᠪᠠᠢ᠌ᠨ᠎ᠠ ᠃



       ᠬᠠᠲᠠᠭᠤ  ᠪᠡᠷᠬᠡᠰᠢᠶᠡᠯᠲᠡᠢ  ᠲᠠᠢ᠍ᠢ᠍ᠨ᠎ᠤ ᠣᠨ ᠵᠢᠯ᠎ᠤᠳ᠎ᠲᠤ᠂ ᠥᠪᠥᠷ ᠮᠣᠩᠭᠣᠯ ᠣᠷᠣᠨ᠎ᠤ ᠬᠤᠪᠢᠰᠬᠠᠯ᠎ᠤᠨ ᠣᠴᠢ ᠶᠡᠷᠦ᠎ᠠᠴᠠ ᠤᠨᠲᠠᠷᠠᠭᠰᠠᠨ ᠦᠭᠡᠢ ᠮᠥᠷᠲᠡᠭᠡᠨ ᠤᠯᠠᠮ᠎ᠠᠴᠠ ᠤᠯᠠᠮ ᠪᠠᠳᠠᠷᠠᠨ ᠬᠥᠭᠵᠢᠵᠦ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ  ᠤᠳᠤᠷᠢᠳᠤᠭᠰᠠᠨ ᠵᠶ᠋ᠠᠷ  ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠬᠦᠴᠢᠷ ᠪᠡᠷᠬᠡᠰᠢᠶᠡᠯ᠎ᠤᠳ᠎ᠢ ᠢᠯᠠᠨ ᠳᠠᠪᠠᠵᠤ᠂ ᠤᠯᠠᠨ ᠢᠯᠠᠯᠲᠠ ᠵᠢ  ᠲᠡᠮᠡᠴᠡᠨ  ᠣᠯᠪᠠ᠃ 《ᠶᠢᠰᠦᠨ ᠰᠠᠷ᠎ᠠ ᠵᠢᠨ ᠠᠷᠪᠠᠨ ᠨᠠᠢ᠍ᠮᠠᠨ》᠎ᠤ ᠬᠡᠷᠡᠭ ᠬᠤᠪᠢᠰᠤᠯ᠎ᠤᠨ ᠲᠠᠷᠠᠭ᠎ᠠ᠂ ᠤᠯᠤᠰ ᠣᠷᠣᠨ ᠪᠠ ᠦᠨᠳᠦᠰᠦᠲᠡᠨ᠎ᠤ ᠮᠥᠬᠦᠵᠦ ᠰᠦᠨᠦᠬᠦ ᠵᠠᠩᠭᠢᠯᠠᠭ᠎ᠠ ᠵᠢᠨ ᠦᠶ᠎ᠡ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ ᠶᠠᠫᠤᠨ᠎ᠢ ᠡᠰᠡᠷᠭᠦᠴᠡᠨ ᠤᠯᠤᠰ ᠵᠶ᠋ᠠᠨ ᠠᠪᠤᠷᠠᠬᠤ ᠲᠡᠦᠬᠡᠨ ᠬᠦᠨᠳᠦ ᠡᠭᠦᠷᠭᠡ ᠵᠢ ᠡᠷᠡᠰ ᠰᠢᠭᠤᠷᠬᠠᠢ᠎ᠪᠠᠷ ᠡᠭᠦᠷᠭᠡᠯᠡᠵᠦ᠂ ᠶᠠᠫᠤᠨ᠎ᠢ ᠡᠰᠡᠷᠭᠦᠴᠡᠨ ᠤᠯᠤᠰ ᠵᠶ᠋ᠠᠨ ᠠᠪᠤᠷᠠᠬᠤ ᠬᠠᠮᠤᠭ᠎ᠤᠨ ᠡᠮᠦᠨ᠎ᠡ ᠡᠩᠨᠡᠭᠡᠨ᠎ᠳᠤ ᠵᠣᠭᠰᠤᠪᠠ᠃ ᠥᠪᠥᠷ ᠮᠣᠩᠭᠣᠯ ᠣᠷᠣᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠥᠪᠥᠷ ᠮᠣᠩᠭᠣᠯ᠎ᠤᠨ ᠡᠯ᠎ᠡ ᠦᠨᠳᠦᠰᠦᠲᠡᠨ ᠡᠯ᠎ᠡ ᠡᠲᠡᠭᠡᠳ᠎ᠤᠨ ᠠᠷᠠᠳ ᠲᠦᠮᠡᠨ᠎ᠢ ᠤᠳᠤᠷᠢᠳᠤᠨ ᠪᠦᠯᠬᠦᠮᠳᠡᠭᠦᠯᠵᠦ᠂ ᠪᠦᠬᠦ ᠤᠯᠤᠰ᠎ᠤᠨ ᠠᠷᠠᠳ ᠲᠦᠮᠡᠨ᠎ᠯᠦᠭᠡ ᠬᠠᠮᠲᠤ᠎ᠪᠠᠷ ᠶᠠᠫᠤᠨ᠎ᠤ ᠡᠵᠡᠷᠬᠡᠭ ᠲᠦᠷᠢᠮᠡᠬᠡᠢ᠌ᠲᠡᠨ᠎ᠤ ᠲᠦᠷᠢᠮᠡᠬᠡᠢ᠌ᠯᠡᠯ᠎ᠢ ᠡᠰᠡᠷᠭᠦᠴᠡᠬᠦ ᠰᠦᠷ ᠳᠠᠯᠠᠢ᠌ᠴᠠᠲᠠᠢ ᠲᠡᠮᠡᠴᠡᠯ᠎ᠢ ᠥᠷᠨᠢᠭᠦᠯᠪᠡ᠃ ᠪᠦᠬᠦ ᠦᠨᠳᠦᠰᠦᠲᠡᠨ ᠵᠶ᠋ᠡᠷ ᠵᠶ᠋ᠡᠨ  ᠶᠠᠫᠤᠨ᠎ᠢ ᠡᠰᠡᠷᠭᠦᠴᠡᠬᠦ ᠳᠠᠢ᠍ᠢ᠍ᠨ ᠡᠭᠦᠰᠦᠭᠰᠡᠨ᠎ᠤ ᠳᠠᠷᠠᠭ᠎ᠠ᠂ ᠶᠠᠫᠤᠨ᠎ᠤ ᠲᠦᠷᠢᠮᠡᠬᠡᠢ᠌ᠯᠡᠭᠴᠢᠳ ᠥᠪᠥᠷ ᠮᠣᠩᠭᠣᠯ᠎ᠤᠨ ᠶᠡᠬᠡᠩᠬᠢ ᠬᠡᠰᠡᠭ ᠭᠠᠵᠠᠷ ᠣᠷᠣᠨ᠎ᠢ ᠲᠦᠷᠢᠮᠡᠬᠡᠢ᠌ᠯᠡᠨ ᠡᠵᠡᠯᠡᠪᠡ᠂ ᠳᠤᠮᠳᠠᠳᠤ ᠤᠯᠤᠰ᠎ᠤᠨ ᠡᠪ ᠬᠠᠮᠲᠤ ᠨᠠᠮ᠎ᠠᠴᠠ  ᠥᠪᠥᠷ ᠮᠣᠩᠭᠣᠯ ᠣᠷᠣᠨ᠎ᠤ ᠦᠨᠳᠦᠰᠦᠲᠡᠨ᠎ᠨᠦᠭᠦᠳ ᠶᠠᠫᠤᠨ᠎ᠢ ᠡᠰᠡᠷᠭᠦᠴᠡᠬᠦ ᠳᠠᠢ᠍ᠢ᠍ᠨ ᠥᠷᠨᠢᠭᠦᠯᠬᠦ ᠶᠠᠪᠤᠳᠠᠯ᠎ᠢ ᠥᠪᠥᠷ ᠮᠣᠩᠭᠣᠯ ᠣᠷᠣᠨ᠎ᠳᠤ  ᠠᠵᠢᠯ ᠵᠶ᠋ᠠᠨ ᠥᠷᠨᠢᠭᠦᠯᠬᠦ ᠵᠢᠨ ᠲᠡᠷᠢᠭᠦᠨ ᠴᠢᠬᠤᠯᠠ ᠡᠭᠦᠷᠭᠡ ᠪᠣᠯᠭ᠋ᠠᠪᠠ᠃ ᠨᠠᠮ᠎ᠤᠨ ᠲᠥᠪ ᠬᠣᠷᠢᠶ᠎ᠠ ᠬᠢᠭᠡᠳ ᠮᠠᠤ ᠽᠧ ᠳ᠋ᠦᠩ᠎ᠤᠨ ᠰᠢᠭᠤᠳ ᠪᠠᠢ᠌ᠷᠢᠯᠠᠭᠤᠯᠤᠯᠲᠠ᠎ᠪᠠᠷ ᠂ ᠨᠠᠢ᠍ᠮᠠᠳᠤᠭ᠋ᠠᠷ ᠵᠠᠮ᠎ᠤᠨ ᠴᠡᠷᠢᠭ ᠭᠣᠣᠯ ᠬᠦᠴᠦᠨ  ᠪᠣᠯᠬᠤ  ᠴᠡᠷᠢᠭ ᠠᠩᠭᠢ᠎ᠪᠠᠨ ᠲᠣᠮᠢᠯᠠᠨ ᠳᠠᠯᠠᠨ ᠬᠠᠷ᠎ᠠ  ᠠᠭᠤᠯᠠᠨ᠎ᠳᠠᠬᠢ  ᠶᠠᠫᠤᠨ᠎ᠢ ᠡᠰᠡᠷᠭᠦᠴᠡᠬᠦ ᠫᠠᠷᠲ᠋ᠢᠽᠠᠨ᠎ᠤ ᠰᠠᠭᠤᠷᠢᠨ  ᠭᠠᠵᠠᠷ᠎ᠢ ᠪᠠᠢ᠌ᠭᠤᠯᠵᠤ᠂ ᠶᠠᠫᠤᠨ᠎ᠤ ᠲᠦᠷᠢᠮᠡᠬᠡᠢ᠌ᠯᠡᠭᠴᠢᠳ᠎ᠤᠨ ᠪᠠᠷᠠᠭᠤᠨᠰᠢ ᠣᠷᠣᠵᠤ ᠡᠮᠦᠨᠡᠰᠢ ᠳᠠᠢ᠌ᠯᠠᠬᠤ ᠭᠣᠷᠢᠳᠠᠯᠭ᠎ᠠ ᠵᠢ ᠪᠦᠲᠦᠮᠵᠢᠲᠡᠶ ᠬᠣᠷᠢᠭᠯᠠᠨ ᠵᠣᠭᠰᠣᠭ᠋ᠠᠪᠠ᠃ ᠳᠤᠮᠳᠠᠳᠤ ᠤᠯᠤᠰ᠎ᠤᠨ ᠡᠪ ᠬᠠᠮᠲᠤ ᠨᠠᠮ ᠦᠨᠳᠦᠰᠦᠲᠡᠨ᠎ᠤ ᠺᠠᠳ᠋ᠷᠴᠤᠳ᠎ᠢ ᠶᠡᠬᠡ᠎ᠪᠠᠷ ᠬᠥᠮᠥᠵᠢᠭᠦᠯᠵᠦ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠳᠤ ᠲᠦᠰᠢᠭᠯᠡᠨ᠂ ᠶᠠᠫᠤᠨ᠎ᠢ ᠡᠰᠡᠷᠭᠦᠴᠡᠬᠦ ᠠᠯᠢᠪᠠ ᠬᠦᠴᠦᠨ᠎ᠯᠦᠭᠡ ᠪᠦᠯᠬᠦᠮᠳᠡᠨ  ᠳᠠᠭ᠋ᠠᠭᠤᠯᠵᠤ ᠂ ᠥᠪᠥᠷ ᠮᠣᠩᠭᠣᠯ᠎ᠤᠨ ᠥᠷᠭᠡᠨ ᠠᠭᠤᠳᠠᠮ ᠭᠠᠵᠠᠷ ᠣᠷᠣᠨ᠎ᠳᠤ ᠶᠠᠫᠤᠨ᠎ᠢ ᠡᠰᠡᠷᠭᠦᠴᠡᠬᠦ ᠲᠡᠮᠡᠴᠡᠯ᠎ᠢ ᠥᠷᠭᠡᠨ ᠭᠦᠨᠵᠡᠭᠡᠢ ᠥᠷᠨᠢᠭᠦᠯᠵᠦ᠂ ᠶᠠᠫᠤᠨ᠎ᠤ ᠲᠦᠷᠢᠮᠡᠬᠡᠢ᠌ᠯᠡᠭᠴᠢᠳ᠎ᠲᠤ ᠬᠦᠨᠳᠦ ᠴᠣᠬᠢᠯᠲᠠ ᠥᠭᠪᠡ᠃ ᠭᠠᠳᠠᠭ᠋ᠠᠳᠤ ᠵᠢᠨ ᠲᠦᠷᠢᠮᠡᠬᠡᠢ᠌ᠯᠡᠯ᠎ᠢ ᠡᠰᠡᠷᠭᠦᠴᠡᠬᠦ ᠲᠡᠮᠡᠴᠡᠯ᠎ᠤᠨ ᠳᠤᠮᠳᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ ᠣᠷᠣᠨ᠎ᠤ ᠨᠠᠮ᠎ᠤᠨ ᠵᠣᠬᠢᠶᠠᠨ ᠪᠠᠢ᠌ᠭᠤᠯᠤᠯᠲᠠ  ᠤᠯᠠᠮ ᠵᠶ᠋ᠠᠷ ᠬᠥᠭᠵᠢᠨ ᠪᠤᠵᠠᠭ᠋ᠠᠢ᠌ᠷᠠᠪᠠ᠃ ᠴᠢᠯᠦᠭᠡᠯᠡᠬᠦ ᠲᠠᠢ᠍ᠢ᠍ᠨ᠎ᠤ ᠦᠶ᠎ᠡ᠎ᠳᠤ᠂ ᠥᠪᠥᠷ ᠮᠣᠩᠭᠣᠯ ᠣᠷᠣᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠨᠢᠭᠡᠨᠲᠡ ᠪᠦᠬᠦ ᠣᠷᠣᠨ᠎ᠤ ᠡᠯ᠎ᠡ ᠬᠣᠰᠢᠭᠤ ᠰᠢᠶᠠᠨ᠎ᠢ ᠦᠨᠳᠦᠰᠦᠨ᠎ᠳᠤ᠎ᠪᠠᠨ ᠬᠠᠮᠤᠷᠴᠤ᠂ ᠤᠯᠠᠮ ᠬᠦᠴᠦᠷᠬᠡᠭᠵᠢᠨ  ᠪᠤᠵᠠᠭ᠋ᠠᠢ᠌ᠷᠠᠭᠰᠠᠨ  ᠪᠥᠭᠡᠳ  ᠤᠯᠠᠮ ᠪᠠᠲᠤ ᠴᠢᠩᠭ᠎ᠠ ᠬᠦᠴᠦᠨ᠎ᠲᠠᠢ ᠪᠣᠯᠪᠠ᠃ ᠡᠴᠦᠰ᠎ᠲᠤ᠎ᠪᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠣᠣᠷ᠎ᠠ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠪᠦᠬᠦ ᠤᠯᠤᠰ᠎ᠤᠨ ᠠᠷᠠᠳ ᠲᠦᠮᠡᠨ᠎ᠯᠦᠭᠡ ᠬᠠᠮᠲᠤ᠎ᠪᠠᠷ ᠦᠨᠳᠦᠰᠦᠲᠡᠨ᠎ᠤ ᠲᠤᠰᠠᠭ᠋ᠠᠷ ᠲᠣᠭᠲᠠᠨᠢᠯ᠂ ᠠᠷᠠᠳ ᠲᠦᠮᠡᠨ᠎ᠤ ᠴᠢᠯᠦᠭᠡᠯᠡᠯᠲᠡ ᠵᠢᠨ ᠠᠭᠤᠤ ᠶᠡᠬᠡ ᠢᠯᠠᠯᠲᠠ ᠵᠢ ᠣᠯᠪᠠ᠃

       ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ ᠪᠠᠢ᠌ᠭᠤᠯᠤᠭᠳᠠᠭᠰᠠᠨ᠎ᠤ ᠲᠡᠷᠡᠭ᠎ᠠ᠂  ᠡᠪ  ᠬᠠᠮᠲᠤ  ᠨᠠᠮ ᠪᠦᠬᠦ ᠤᠯᠤᠰ᠎ᠤᠨ ᠬᠡᠪᠴᠢᠶᠡᠨ᠎ᠳᠠᠬᠢ ᠲᠥᠷᠥ ᠪᠠᠷᠢᠭᠴᠢ ᠨᠠᠮ ᠪᠣᠯᠵᠠᠢ᠃ ᠥᠪᠥᠷ ᠮᠣᠩᠭᠣᠯ ᠣᠷᠣᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ  ᠴᠣᠭᠴᠠᠯᠠᠯᠲᠠ ᠵᠢ  ᠨᠠᠮ᠎ᠤᠨ ᠪᠠᠢ᠌ᠭᠤᠯᠤᠯᠲᠠ ᠵᠢᠨ ᠠᠭᠤᠤ ᠶᠡᠬᠡ ᠢᠨᠵᠧᠨᠧᠷᠢᠩ ᠎ᠯᠦᠭᠡ  ᠨᠢᠭᠲᠠ ᠤᠶᠠᠯᠳᠤᠭᠤᠯᠤᠨ᠂ ᠡᠯ᠎ᠡ ᠲᠡᠦᠬᠡᠨ ᠴᠠᠭ ᠦᠶ᠎ᠡ᠎ᠳᠠᠬᠢ ᠨᠠᠮ᠎ᠤᠨ ᠭᠣᠣᠯ  ᠪᠣᠯᠬᠤ  ᠡᠭᠦᠷᠭᠡ ᠎ᠯᠦᠭᠡ  ᠨᠢᠭᠲᠠ ᠤᠶᠠᠯᠳᠤᠭᠤᠯᠤᠨ᠂ ᠴᠠᠭ ᠦᠶ᠎ᠡ᠎ᠲᠠᠢ ᠵᠡᠷᠭᠡ᠎ᠪᠠᠷ ᠤᠷᠤᠭᠰᠢᠯᠠᠵᠤ᠂ ᠡᠳᠦᠷ ᠢᠷᠡᠬᠦᠶ᠎ᠡ ᠳᠠᠪᠰᠢᠨ ᠪᠤᠵᠠᠭ᠋ᠠᠢ᠌ᠷᠠᠪᠠ᠃ ᠨᠠᠮ᠎ᠤᠨ ᠭᠡᠰᠢᠭᠦᠳ᠎ᠤᠨ ᠡᠩᠨᠡᠭᠡ ᠲᠠᠰᠤᠷᠠᠯᠲᠠ ᠦᠭᠡᠢ ᠬᠥᠭᠵᠢᠨ ᠪᠤᠵᠠᠭ᠋ᠠᠢ᠌ᠷᠠᠵᠤ᠂ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠲᠣᠭᠲᠠᠯᠴᠠᠭ᠎ᠠ ᠲᠠᠰᠤᠷᠠᠯᠲᠠ ᠦᠭᠡᠢ ᠬᠥᠭᠵᠢᠨ ᠲᠡᠭᠦᠯᠳᠡᠷᠵᠢᠵᠦ᠂ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠳᠦᠷᠢᠮ ᠲᠠᠰᠤᠷᠠᠯᠲᠠ ᠦᠭᠡᠢ ᠬᠥᠭᠵᠢᠨ ᠪᠡᠬᠢᠵᠢᠵᠦ᠂ ᠥᠪᠥᠷ ᠮᠣᠩᠭᠣᠯ᠎ᠤᠨ ᠡᠯ᠎ᠡ ᠵᠦᠢ᠍ᠯ᠎ᠤᠨ  ᠠᠵᠢᠯ  ᠦᠢ᠍ᠯᠡᠰ᠎ᠤᠨ ᠬᠥᠭᠵᠢᠯᠲᠡ᠎ᠳᠤ ᠵᠣᠬᠢᠶᠠᠨ ᠪᠠᠢ᠌ᠭᠤᠯᠤᠯᠲᠠ ᠵᠢᠨ ᠪᠠᠲᠤ ᠪᠡᠬᠢ ᠰᠠᠭᠤᠷᠢ ᠵᠢ ᠬᠠᠩᠭ᠋ᠠᠵᠠᠢ᠃

       ᠲᠡᠦᠬᠡ ᠭᠡᠷᠡᠴᠢᠯᠡᠭᠰᠡᠨ ᠵᠶ᠋ᠠᠷ ᠂ 100 ᠵᠢᠯ᠎ᠤᠨ ᠲᠤᠷᠰᠢ᠂ ᠥᠪᠥᠷ ᠮᠣᠩᠭᠣᠯ ᠰᠢᠭ᠋ ᠡᠢ᠌ᠮᠦᠷᠬᠦᠦ ᠬᠢᠯᠢ ᠬᠢᠵᠠᠭ᠋ᠠᠷ᠎ᠤᠨ ᠦᠨᠳᠦᠰᠦᠲᠡᠨ᠎ᠤ ᠭᠠᠵᠠᠷ ᠣᠷᠣᠨ᠎ᠳᠤ ᠮᠠᠷᠺᠰ᠎ᠤᠨ ᠦᠵᠡᠯ᠎ᠤᠨ ᠣᠨᠣᠯ ᠵᠶ᠋ᠠᠷ  ᠵᠡᠪᠰᠡᠭᠯᠡᠭᠰᠡᠨ ᠂ ᠢᠮᠠᠭᠲᠠ ᠨᠠᠮ᠎ᠤᠨ ᠲᠥᠪ ᠬᠣᠷᠢᠶ᠎ᠠ᠎ᠯᠤᠭ᠎ᠠ ᠳᠡᠭᠡᠳᠦ ᠬᠡᠮᠵᠢᠶ᠎ᠡ᠎ᠪᠠᠷ ᠨᠢᠭᠡᠳᠦᠯᠲᠡᠢ  ᠪᠠᠢ᠌ᠳᠠᠭ ᠂ ᠪᠦᠬᠦ ᠰᠡᠳᠬᠢᠯ ᠪᠦᠬᠦ ᠵᠣᠷᠢᠭ ᠵᠶ᠋ᠠᠷ ᠵᠶ᠋ᠠᠨ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠳᠤ  ᠦᠢ᠍ᠯᠡᠴᠢᠯᠡᠳᠡᠭ ᠂ ᠡᠯ᠎ᠡ ᠵᠦᠢ᠍ᠯ᠎ᠤᠨ ᠠᠶᠤᠯ ᠲᠦᠭᠰᠢᠭᠦᠷᠢ ᠵᠢᠨ ᠰᠢᠯᠭ᠋ᠠᠯᠲᠠ ᠵᠢ ᠳᠠᠭ᠋ᠠᠭ᠋ᠠᠵᠤ  ᠴᠢᠳᠠᠳᠠᠭ ᠂ ᠪᠦᠬᠦ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠳᠠᠭ᠋ᠠᠭᠤᠯᠤᠨ᠂ ᠪᠦᠬᠦ ᠤᠯᠤᠰ᠎ᠤᠨ ᠠᠷᠠᠳ ᠲᠦᠮᠡᠨ᠎ᠯᠦᠭᠡ ᠬᠠᠮᠲᠤ᠎ᠪᠠᠷ ᠪᠣᠰᠴᠤ  ᠵᠣᠭᠰᠣᠨ ᠂  ᠪᠠᠶᠠᠵᠢᠵᠦ ᠂ ᠬᠦᠴᠦᠷᠬᠡᠭᠵᠢᠬᠦ ᠵᠢᠨ ᠲᠥᠯᠥᠭᠡ ᠴᠢᠷᠮᠠᠢ᠌ᠨ  ᠲᠡᠮᠡᠴᠡᠳᠡᠭ  ᠨᠢᠭᠡᠨ ᠰᠠᠯᠠᠭ᠎ᠠ ᠬᠣᠰᠢᠭᠤᠴᠢ ᠠᠩᠭᠢ ᠵᠢ  ᠶᠠᠭ᠋ᠠᠬᠢᠵᠤ  ᠪᠠᠢ᠌ᠭᠤᠯᠤᠭᠰᠠᠨ ᠭᠡᠬᠦ ᠴᠢᠬᠤᠯᠠ ᠶᠡᠬᠡ ᠰᠡᠳᠦᠪ᠎ᠲᠤ ᠳᠤᠮᠳᠠᠳᠤ ᠤᠯᠤᠰ᠎ᠤᠨ ᠡᠪ ᠬᠠᠮᠲᠤ ᠨᠠᠮ ᠪᠦᠲᠦᠭᠡᠯᠴᠢ᠎ᠪᠠᠷ ᠬᠠᠷᠢᠭᠤᠯᠲᠠ ᠥᠭᠴᠡᠢ᠃


 


ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ