ᠢᠯᠡ ᠵᠠᠰᠠᠭ   -   ᠳᠡᠳ᠋ ᠲᠡᠷᠢᠭᠦᠯᠡᠭ᠌ᠴᠢ
ᠲᠠᠩ ᠢ
ᠨᠡᠶ᠋ᠢᠲᠡᠯᠡᠭᠰᠡᠨ ᠴᠠᠭ᠄ 2025-07-25

 

ᠳᠡᠳ᠋ ᠲᠡᠷᠢᠭᠦᠯᠡᠭᠴᠢ     ᠲᠠᠩ ᠢ

ᠠᠵᠢᠯ᠎ᠤᠨ ᠬᠤᠪᠢᠶᠠᠷᠢ᠄

ᠲᠡᠷᠢᠭᠦᠯᠡᠭᠴᠢ᠎ᠶᠢ ᠬᠠᠪᠰᠤᠷᠴᠤ ᠰᠤᠷᠭᠠᠨ ᠬᠥᠮᠥᠵᠢᠯ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡ᠂ ᠲᠣᠮᠣ᠌ ᠳ᠋ᠠᠢᠲ᠋ᠠ ᠵᠡᠷᠭᠡ ᠲᠠᠯ᠎ᠠ᠎ᠶᠢᠨ ᠠᠵᠢᠯ᠎ᠤᠳ᠎ᠢ ᠬᠠᠷᠢᠭᠤᠴᠠᠨ᠎ᠠ᠃

ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠥᠵᠢᠯ᠎ᠦᠨ ᠲᠢᠩᠬᠢᠮ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠪᠠ ᠳ᠋ᠠᠢᠲ᠋ᠠ᠎ᠶᠢᠨ ᠬᠠᠮᠢᠶᠠᠷᠤᠯᠲᠠ᠎ᠶᠢᠨ ᠲᠣᠪᠴᠢᠶ᠎ᠠ᠎ᠶᠢ ᠬᠤᠪᠢᠳᠠᠨ ᠬᠠᠮᠢᠶᠠᠷᠤᠨ᠎ᠠ᠃

ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ᠂ ᠡᠮᠡᠭᠲᠡᠢᠴᠦᠳ᠎ᠦᠨ ᠬᠣᠯᠪᠣᠭᠠᠲᠤ ᠬᠤᠷᠠᠯ ᠲᠠᠢ ᠬᠠᠷᠢᠴᠠᠨ᠎ᠠ᠃

ᠲᠡᠷᠢᠭᠦᠯᠡᠭᠴᠢ᠎ᠶᠢᠨ ᠲᠤᠰᠢᠶᠠᠭᠰᠠᠨ ᠪᠤᠰᠤᠳ ᠠᠵᠢᠯ᠎ᠤᠳ᠎ᠢ ᠪᠡᠶᠡᠯᠡᠭᠦᠯᠦᠨ᠎ᠡ᠃

 

ᠲᠣᠪᠴᠢ ᠨᠠᠮᠲᠠᠷ᠄

ᠲᠠᠩ ᠢ᠂ ᠡᠷᠡᠭᠲᠡᠢ᠂ ᠬᠢᠲᠠᠳ ᠦᠨᠳᠦᠰᠦᠲᠡᠨ᠂ 1975 ᠣᠨ᠎ᠤ 2 ᠳ᠋ᠤᠭᠠᠷ ᠰᠠᠷ᠎ᠠ᠎ᠳᠤ ᠲᠥᠷᠥᠵᠡᠢ᠂ ᠴᠥᠩᠴᠢᠩ ᠬᠣᠲᠠ᠎ᠶᠢᠨ ᠨᠠᠮ᠎ᠤᠨ ᠬᠣᠷᠢᠶ᠎ᠠ᠎ᠶᠢᠨ ᠨᠠᠮ᠎ᠤᠨ ᠰᠤᠷᠭᠠᠭᠤᠯᠢ᠎ᠶᠢᠨ ᠠᠰᠫᠢᠷᠠᠨᠲ᠂ ᠣᠯᠠᠨ ᠨᠡᠢᠲᠡ᠎ᠶᠢᠨ ᠬᠠᠮᠢᠶᠠᠷᠤᠯᠲᠠ᠎ᠶᠢᠨ ᠮᠠᠰᠲ᠋ᠧᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠰᠢᠭᠦᠨ᠃

ᠣᠳᠣ᠌ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ᠂ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠬᠦᠨ᠂ ᠤᠯᠠᠭᠠᠨᠬᠠᠳᠠ ᠬᠣᠲᠠ᠎ᠶᠢᠨ ᠨᠠᠮ᠎ᠤᠨ ᠬᠣᠷᠢᠶ᠎ᠠ᠎ᠶᠢᠨ ᠱᠦᠵᠢ᠎ᠶᠢᠨ ᠲᠤᠰᠢᠶᠠᠯ᠎ᠳᠤ ᠪᠣᠢ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ