ᠢᠯᠡ ᠵᠠᠰᠠᠭ   -   ᠵᠠᠰᠠᠭ᠎ᠤᠨ ᠤᠷᠳᠤᠨ᠎ᠤ ᠪᠢᠴᠢᠭ ᠮᠠᠲ᠋ᠧᠷᠢᠶᠠᠯ
《ᠤᠯᠠᠭᠠᠨᠬᠠᠳᠠ ᠬᠣᠲᠠ᠎ᠶᠢᠨ ᠰᠦᠩᠱᠠᠨ ᠲᠣᠭᠣᠷᠢᠭ᠋᠎ᠤᠨ ᠪᠧᠢ ᠸᠠ ᠽᠢ ᠬᠡᠰᠡᠭ ᠭᠠᠵᠠᠷ᠎ᠤᠨ ᠭᠠᠵᠠᠷ ᠰᠢᠷᠣᠢ᠎ᠶᠢ ᠲᠠᠲᠠᠪᠤᠷᠢᠯᠠᠨ ᠬᠤᠷᠢᠶᠠᠵᠤ ᠬᠡᠰᠡᠭ᠎ᠢᠶᠡᠷ ᠨᠡᠭᠡᠭᠡᠨ ᠬᠥᠭᠵᠢᠭᠦᠯᠬᠦ ᠲᠥᠰᠥᠯ (2025 ᠣᠨ)》᠎ᠦᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠴᠣᠬᠣᠯᠠᠪᠤᠷᠢ
ᠨᠡᠶ᠋ᠢᠲᠡᠯᠡᠭᠰᠡᠨ ᠴᠠᠭ᠄ 2025-12-11

ᠥᠪᠥᠷ ᠮᠣᠩᠭᠣᠯ᠎ᠤᠨ ᠥᠪᠡᠷᠲᠡᠭᠡᠨ ᠵᠠᠰᠠᠬᠤ

ᠣᠷᠣᠨ᠎ᠤ  ᠠᠷᠠᠳ᠎ᠤᠨ  ᠵᠠᠰᠠᠭ᠎ᠤᠨ  ᠣᠷᠳᠣᠨ

ᠥᠪᠥᠷ ᠵᠠᠰᠠᠭ ᠦᠰᠦᠭ 〔2025〕 150 ᠳ᠋ᠤᠭᠠᠷ ᠲᠣᠭᠠᠲᠤ

 

《ᠤᠯᠠᠭᠠᠨᠬᠠᠳᠠ ᠬᠣᠲᠠ᠎ᠶᠢᠨ ᠰᠦᠩᠱᠠᠨ ᠲᠣᠭᠣᠷᠢᠭ᠋᠎ᠤᠨ ᠪᠧᠢ ᠸᠠ ᠽᠢ ᠬᠡᠰᠡᠭ ᠭᠠᠵᠠᠷ᠎ᠤᠨ ᠭᠠᠵᠠᠷ ᠰᠢᠷᠣᠢ᠎ᠶᠢ

ᠲᠠᠲᠠᠪᠤᠷᠢᠯᠠᠨ ᠬᠤᠷᠢᠶᠠᠵᠤ ᠬᠡᠰᠡᠭ᠎ᠢᠶᠡᠷ ᠨᠡᠭᠡᠭᠡᠨ ᠬᠥᠭᠵᠢᠭᠦᠯᠬᠦ ᠲᠥᠰᠥᠯ (2025 ᠣᠨ)》᠎ᠦᠨ ᠲᠤᠬᠠᠢ 

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠴᠣᠬᠣᠯᠠᠪᠤᠷᠢ

 

ᠤᠯᠠᠭᠠᠨᠬᠠᠳᠠ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠎ᠳᠦ᠄

ᠲᠠᠨ᠎ᠤ ᠬᠣᠲᠠ᠎ᠶᠢᠨ 《ᠤᠯᠠᠭᠠᠨᠬᠠᠳᠠ ᠬᠣᠲᠠ᠎ᠶᠢᠨ ᠰᠦᠩᠱᠠᠨ ᠲᠣᠭᠣᠷᠢᠭ᠋᠎ᠤᠨ ᠪᠧᠢ ᠸᠠ ᠽᠢ ᠬᠡᠰᠡᠭ ᠭᠠᠵᠠᠷ᠎ᠤᠨ ᠭᠠᠵᠠᠷ ᠰᠢᠷᠣᠢ᠎ᠶᠢ ᠲᠠᠲᠠᠪᠤᠷᠢᠯᠠᠨ ᠬᠤᠷᠢᠶᠠᠵᠤ ᠬᠡᠰᠡᠭ᠎ᠢᠶᠡᠷ ᠨᠡᠭᠡᠭᠡᠨ ᠬᠥᠭᠵᠢᠭᠦᠯᠬᠦ ᠲᠥᠰᠥᠯ (2025 ᠣᠨ)᠎ᠤᠨ ᠲᠤᠬᠠᠢ ᠡᠰᠢᠯᠡᠯᠲᠡ》 (ᠤᠯᠠᠭᠠᠨᠬᠠᠳᠠ ᠵᠠᠰᠠᠭ ᠮᠡᠳᠡᠭᠦᠯᠦᠯᠲᠡ 〔2025〕 119 ᠳ᠋ᠦ᠍ᠭᠡᠷ ᠲᠣᠭᠠᠲᠤ)᠎ᠶᠢ ᠬᠦᠯᠢᠶᠡᠨ ᠠᠪᠴᠤ ᠣᠢᠯᠠᠭᠠᠯ᠎ᠠ᠃ ᠡᠳᠦᠭᠡ ᠳᠣᠣᠷᠠᠬᠢ ᠮᠡᠲᠦ ᠴᠣᠬᠣᠯᠠᠪᠤᠷᠢᠯᠠᠪᠠ᠄

ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶᠢᠨ ᠡᠬᠢ ᠪᠠᠶᠠᠯᠢᠭ᠋᠎ᠤᠨ ᠲᠢᠩᠬᠢᠮ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠢᠭᠤᠯᠵᠤ ᠨᠤᠲᠠᠯᠠᠭᠤᠯᠬᠤ ᠪᠠ ᠬᠢᠨᠠᠨ ᠪᠠᠢᠴᠠᠭᠠᠯᠭᠠᠭᠠᠳ᠂ 《ᠤᠯᠠᠭᠠᠨᠬᠠᠳᠠ ᠬᠣᠲᠠ᠎ᠶᠢᠨ ᠰᠦᠩᠱᠠᠨ ᠲᠣᠭᠣᠷᠢᠭ᠋᠎ᠤᠨ ᠪᠧᠢ ᠸᠠ ᠽᠢ ᠬᠡᠰᠡᠭ ᠭᠠᠵᠠᠷ᠎ᠤᠨ ᠭᠠᠵᠠᠷ ᠰᠢᠷᠣᠢ᠎ᠶᠢ ᠲᠠᠲᠠᠪᠤᠷᠢᠯᠠᠨ ᠬᠤᠷᠢᠶᠠᠵᠤ ᠬᠡᠰᠡᠭ᠎ᠢᠶᠡᠷ ᠨᠡᠭᠡᠭᠡᠨ ᠬᠥᠭᠵᠢᠭᠦᠯᠬᠦ ᠲᠥᠰᠥᠯ (2025 ᠣᠨ)》 ᠨᠢ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠵᠠᠷ ᠰᠢᠷᠣᠢ᠎ᠶᠢᠨ ᠬᠠᠮᠢᠶᠠᠷᠤᠯᠲᠠ᠎ᠶᠢᠨ ᠬᠠᠤᠯᠢ》᠂ 《〈ᠭᠠᠵᠠᠷ ᠰᠢᠷᠣᠢ᠎ᠶᠢ ᠳᠠᠲᠠᠪᠤᠷᠢᠯᠠᠨ ᠬᠤᠷᠢᠶᠠᠵᠤ ᠬᠡᠰᠡᠭ᠎ᠢᠶᠡᠷ ᠨᠡᠭᠡᠭᠡᠨ ᠬᠥᠭᠵᠢᠭᠦᠯᠬᠦ ᠪᠠᠷᠢᠮᠵᠢᠶ᠎ᠠ〉᠎ᠶᠢ ᠳᠠᠷᠤᠮᠠᠯᠯᠠᠨ ᠶᠠᠪᠤᠭᠤᠯᠬᠤ ᠲᠤᠬᠠᠢ ᠪᠠᠢᠭᠠᠯᠢ᠎ᠶᠢᠨ ᠡᠬᠢ ᠪᠠᠶᠠᠯᠢᠭ᠋᠎ᠤᠨ ᠶᠠᠮᠤᠨ᠎ᠤ ᠮᠡᠳᠡᠭᠳᠡᠯ》 (ᠪᠠᠢᠭᠠᠯᠢ ᠡᠬᠢ ᠲᠣᠭᠲᠠᠭᠠᠯ 〔2023〕 7 ᠳ᠋ᠤᠭᠠᠷ ᠲᠣᠭᠠᠲᠤ) ᠪᠠ 《〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠰᠢᠷᠣᠢ᠎ᠶᠢ ᠳᠠᠲᠠᠪᠤᠷᠢᠯᠠᠨ ᠬᠤᠷᠢᠶᠠᠵᠤ ᠬᠡᠰᠡᠭ᠎ᠢᠶᠡᠷ ᠨᠡᠭᠡᠭᠡᠨ ᠬᠥᠭᠵᠢᠭᠦᠯᠬᠦ᠎ᠶᠢ ᠬᠡᠷᠡᠭᠵᠢᠭᠦᠯᠬᠦ ᠨᠠᠷᠢᠨ ᠳᠦᠷᠢᠮ〉᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶᠢᠨ ᠡᠬᠢ ᠪᠠᠶᠠᠯᠢᠭ᠋᠎ᠤᠨ ᠲᠢᠩᠬᠢᠮ᠎ᠦᠨ ᠮᠡᠳᠡᠭᠳᠡᠯ》 (ᠥᠪᠥᠷ ᠪᠠᠢᠭᠠᠯᠢ ᠡᠬᠢ ᠦᠰᠦᠭ 〔2025〕 230 ᠳ᠋ᠤᠭᠠᠷ ᠲᠣᠭᠠᠲᠤ)᠎ᠤᠨ ᠱᠠᠭᠠᠷᠳᠠᠯᠭ᠎ᠠ᠎ᠳᠤ ᠨᠡᠢᠴᠡᠵᠦ᠂ ᠤᠯᠤᠰ᠎ᠤᠨ ᠨᠤᠲᠤᠭ ᠳᠡᠪᠢᠰᠬᠡᠷ᠎ᠦᠨ ᠣᠷᠣᠨ ᠵᠠᠢ᠎ᠶᠢᠨ ᠶᠡᠷᠦᠩᠬᠡᠢ ᠲᠥᠯᠦᠪᠵᠢᠭᠦᠯᠭᠡ᠎ᠶᠢᠨ ᠬᠠᠮᠢᠶᠠᠷᠤᠨ ᠡᠵᠡᠮᠳᠡᠬᠦ ᠳᠦᠷᠢᠮ᠎ᠳᠦ ᠨᠡᠢᠴᠡᠵᠦ ᠪᠠᠢᠨ᠎ᠠ᠂ ᠡᠢᠨ ᠬᠦ᠌ 《ᠤᠯᠠᠭᠠᠨᠬᠠᠳᠠ ᠬᠣᠲᠠ᠎ᠶᠢᠨ ᠰᠦᠩᠱᠠᠨ ᠲᠣᠭᠣᠷᠢᠭ᠋᠎ᠤᠨ ᠪᠧᠢ ᠸᠠ ᠽᠢ ᠬᠡᠰᠡᠭ ᠭᠠᠵᠠᠷ᠎ᠤᠨ ᠭᠠᠵᠠᠷ ᠰᠢᠷᠣᠢ᠎ᠶᠢ ᠲᠠᠲᠠᠪᠤᠷᠢᠯᠠᠨ ᠬᠤᠷᠢᠶᠠᠵᠤ ᠬᠡᠰᠡᠭ᠎ᠢᠶᠡᠷ ᠨᠡᠭᠡᠭᠡᠨ ᠬᠥᠭᠵᠢᠭᠦᠯᠬᠦ ᠲᠥᠰᠥᠯ (2025 ᠣᠨ)》᠎ᠢ ᠵᠠᠷᠴᠢᠮ ᠳᠡᠭᠡᠷ᠎ᠡ᠎ᠪᠡᠨ ᠵᠥᠪᠰᠢᠶᠡᠷᠡᠪᠡ᠂ ᠡᠯ᠎ᠡ ᠵᠦᠢᠯ᠎ᠦᠨ ᠠᠵᠢᠯ᠎ᠢᠶᠡᠨ ᠬᠠᠤᠯᠢ ᠲᠣᠭᠲᠠᠭᠠᠯ ᠶᠣᠰᠣᠭᠠᠷ ᠰᠠᠢᠲᠤᠷ ᠬᠢᠲᠦᠭᠡᠢ᠃

 

  2025 ᠣᠨ᠎ᠤ 9 ᠳ᠋ᠦ᠍ᠭᠡᠷ ᠰᠠᠷ᠎ᠠ᠎ᠶᠢᠨ 6᠎ᠦ ᠡᠳᠦᠷ

(ᠲᠤᠰ ᠪᠢᠴᠢᠭ ᠮᠠᠲᠧᠷᠢᠶᠠᠯ᠎ᠢ ᠢᠯᠡ ᠨᠡᠢᠲᠡᠯᠡᠨ᠎ᠡ)

 

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ