ᠥᠪᠥᠷ ᠮᠣᠩᠭᠣᠯ᠎ᠤᠨ ᠥᠪᠡᠷᠲᠡᠭᠡᠨ ᠵᠠᠰᠠᠬᠤ
ᠣᠷᠣᠨ᠎ᠤ ᠠᠷᠠᠳ᠎ᠤᠨ ᠵᠠᠰᠠᠭ᠎ᠤᠨ ᠣᠷᠳᠣᠨ
ᠥᠪᠥᠷ ᠵᠠᠰᠠᠭ ᠦᠰᠦᠭ 〔2025〕 159 ᠳ᠋ᠦ᠍ᠭᠡᠷ ᠲᠣᠭᠠᠲᠤ
《 ᠤᠯᠠᠭᠠᠨᠴᠠᠪ ᠬᠣᠲᠠ᠎ᠶᠢᠨ ᠵᠢᠨᠢᠩ ᠲᠣᠭᠣᠷᠢᠭ᠋᠎ᠤᠨ ᠭᠠᠵᠠᠷ ᠰᠢᠷᠣᠢ᠎ᠶᠢ ᠲᠠᠲᠠᠪᠤᠷᠢᠯᠠᠨ ᠬᠤᠷᠢᠶᠠᠵᠤ ᠬᠡᠰᠡᠭ᠎ᠢᠶᠡᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ᠎ᠶᠢᠨ ᠲᠥᠰᠥᠯ
(2022 – 2024 ᠣᠨ)》᠎ᠦᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠴᠣᠬᠣᠯᠠᠪᠤᠷᠢ
ᠤᠯᠠᠭᠠᠨᠴᠠᠪ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠎ᠳᠦ᠄
ᠲᠠᠨ᠎ᠤ ᠬᠣᠲᠠ᠎ᠶᠢᠨ 《〈ᠤᠯᠠᠭᠠᠨᠴᠠᠪ ᠬᠣᠲᠠ᠎ᠶᠢᠨ ᠵᠢᠨᠢᠩ ᠲᠣᠭᠣᠷᠢᠭ᠋᠎ᠤᠨ ᠭᠠᠵᠠᠷ ᠰᠢᠷᠣᠢ᠎ᠶᠢ ᠲᠠᠲᠠᠪᠤᠷᠢᠯᠠᠨ ᠬᠤᠷᠢᠶᠠᠵᠤ ᠬᠡᠰᠡᠭ᠎ᠢᠶᠡᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ᠎ᠶᠢᠨ ᠲᠥᠰᠥᠯ (2022 – 2024 ᠣᠨ)〉᠎ᠢ ᠬᠢᠨᠠᠨ ᠬᠠᠷᠭᠤᠭᠤᠯᠵᠤ ᠵᠥᠪᠰᠢᠶᠡᠷᠡᠭᠦᠯᠬᠦ ᠲᠤᠬᠠᠢ ᠡᠰᠢᠯᠡᠯᠲᠡ》 (ᠤᠯᠠᠭᠠᠨᠴᠠᠪ ᠵᠠᠰᠠᠭ ᠮᠡᠳᠡᠭᠦᠯᠦᠯᠲᠡ 〔2025〕 75 ᠳ᠋ᠤᠭᠠᠷ ᠲᠣᠭᠠᠲᠤ)᠎ᠶᠢ ᠬᠦᠯᠢᠶᠡᠨ ᠠᠪᠴᠤ ᠣᠢᠯᠠᠭᠠᠯ᠎ᠠ᠃ ᠡᠳᠦᠭᠡ ᠳᠣᠣᠷᠠᠬᠢ ᠮᠡᠲᠦ ᠴᠣᠬᠣᠯᠠᠪᠤᠷᠢᠯᠠᠪᠠ᠄
ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶᠢᠨ ᠡᠬᠢ ᠪᠠᠶᠠᠯᠢᠭ᠋᠎ᠤᠨ ᠲᠢᠩᠬᠢᠮ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠢᠭᠤᠯᠵᠤ ᠨᠤᠲᠠᠯᠠᠭᠤᠯᠬᠤ ᠪᠠ ᠬᠢᠨᠠᠨ ᠪᠠᠢᠴᠠᠭᠠᠯᠭᠠᠭᠠᠳ᠂ 《 ᠤᠯᠠᠭᠠᠨᠴᠠᠪ ᠬᠣᠲᠠ᠎ᠶᠢᠨ ᠵᠢᠨᠢᠩ ᠲᠣᠭᠣᠷᠢᠭ᠋᠎ᠤᠨ ᠭᠠᠵᠠᠷ ᠰᠢᠷᠣᠢ᠎ᠶᠢ ᠲᠠᠲᠠᠪᠤᠷᠢᠯᠠᠨ ᠬᠤᠷᠢᠶᠠᠵᠤ ᠬᠡᠰᠡᠭ᠎ᠢᠶᠡᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ᠎ᠶᠢᠨ ᠲᠥᠰᠥᠯ (2022 – 2024 ᠣᠨ)》 ᠨᠢ 《 ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠵᠠᠷ ᠰᠢᠷᠣᠢ᠎ᠶᠢᠨ ᠬᠠᠮᠢᠶᠠᠷᠤᠯᠲᠠ᠎ᠶᠢᠨ ᠬᠠᠤᠯᠢ》᠂ 《〈ᠭᠠᠵᠠᠷ ᠰᠢᠷᠣᠢ᠎ᠶᠢ ᠲᠠᠲᠠᠪᠤᠷᠢᠯᠠᠨ ᠬᠤᠷᠢᠶᠠᠵᠤ ᠬᠡᠰᠡᠭ᠎ᠢᠶᠡᠷ ᠨᠡᠭᠡᠭᠡᠨ ᠬᠥᠭᠵᠢᠭᠦᠯᠬᠦ ᠪᠠᠷᠢᠮᠵᠢᠶ᠎ᠠ〉᠎ᠶᠢ ᠳᠠᠷᠤᠮᠠᠯᠯᠠᠨ ᠶᠠᠪᠤᠭᠤᠯᠬᠤ ᠲᠤᠬᠠᠢ ᠪᠠᠢᠭᠠᠯᠢ᠎ᠶᠢᠨ ᠡᠬᠢ ᠪᠠᠶᠠᠯᠢᠭ᠋᠎ᠤᠨ ᠶᠠᠮᠤᠨ᠎ᠤ ᠮᠡᠳᠡᠭᠳᠡᠯ》 ( ᠪᠠᠢᠭᠠᠯᠢ ᠡᠬᠢ ᠲᠣᠭᠲᠠᠭᠠᠯ 〔2023〕 7 ᠳ᠋ᠤᠭᠠᠷ ᠲᠣᠭᠠᠲᠤ) ᠪᠠ 《〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠰᠢᠷᠣᠢ᠎ᠶᠢ ᠲᠠᠲᠠᠪᠤᠷᠢᠯᠠᠨ ᠬᠤᠷᠢᠶᠠᠵᠤ ᠬᠡᠰᠡᠭ᠎ᠢᠶᠡᠷ ᠨᠡᠭᠡᠭᠡᠨ ᠬᠥᠭᠵᠢᠭᠦᠯᠬᠦ᠎ᠶᠢ ᠬᠡᠷᠡᠭᠵᠢᠭᠦᠯᠬᠦ ᠨᠠᠷᠢᠨ ᠳᠦᠷᠢᠮ〉᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶᠢᠨ ᠡᠬᠢ ᠪᠠᠶᠠᠯᠢᠭ᠋᠎ᠤᠨ ᠲᠢᠩᠬᠢᠮ᠎ᠦᠨ ᠮᠡᠳᠡᠭᠳᠡᠯ》 ( ᠥᠪᠥᠷ ᠪᠠᠢᠭᠠᠯᠢ ᠡᠬᠢ ᠦᠰᠦᠭ 〔2025〕 230 ᠳ᠋ᠤᠭᠠᠷ ᠲᠣᠭᠠᠲᠤ)᠎ᠦᠨ ᠱᠠᠭᠠᠷᠳᠠᠯᠭ᠎ᠠ᠎ᠳᠤ ᠨᠡᠢᠴᠡᠵᠦ᠂ ᠤᠯᠤᠰ᠎ᠤᠨ ᠨᠤᠲᠤᠭ ᠳᠡᠪᠢᠰᠬᠡᠷ᠎ᠦᠨ ᠣᠷᠣᠨ ᠵᠠᠢ᠎ᠶᠢᠨ ᠶᠡᠷᠦᠩᠬᠡᠢ ᠲᠥᠯᠦᠪᠵᠢᠭᠦᠯᠭᠡ᠎ᠶᠢᠨ ᠬᠠᠮᠢᠶᠠᠷᠤᠨ ᠡᠵᠡᠮᠳᠡᠬᠦ ᠳᠦᠷᠢᠮ᠎ᠳᠦ ᠨᠡᠢᠴᠡᠵᠦ ᠪᠠᠢᠨ᠎ᠠ᠂ ᠡᠢᠨ ᠬᠦ᠌ 《ᠤᠯᠠᠭᠠᠨᠴᠠᠪ ᠬᠣᠲᠠ᠎ᠶᠢᠨ ᠵᠢᠨᠢᠩ ᠲᠣᠭᠣᠷᠢᠭ᠋᠎ᠤᠨ ᠭᠠᠵᠠᠷ ᠰᠢᠷᠣᠢ᠎ᠶᠢ ᠲᠠᠲᠠᠪᠤᠷᠢᠯᠠᠨ ᠬᠤᠷᠢᠶᠠᠵᠤ ᠬᠡᠰᠡᠭ᠎ᠢᠶᠡᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ᠎ᠶᠢᠨ ᠲᠥᠰᠥᠯ (2022 – 2024 ᠣᠨ)》᠎ᠢ ᠵᠠᠷᠴᠢᠮ ᠳᠡᠭᠡᠷ᠎ᠡ᠎ᠪᠡᠨ ᠵᠥᠪᠰᠢᠶᠡᠷᠡᠪᠡ᠂ ᠡᠯ᠎ᠡ ᠵᠦᠢᠯ᠎ᠦᠨ ᠠᠵᠢᠯ᠎ᠢᠶᠡᠨ ᠬᠠᠤᠯᠢ ᠲᠣᠭᠲᠠᠭᠠᠯ ᠶᠣᠰᠣᠭᠠᠷ ᠰᠠᠢᠲᠤᠷ ᠬᠢᠲᠦᠭᠡᠢ᠃
2025 ᠣᠨ᠎ᠤ 9 ᠳ᠋ᠦ᠍ᠭᠡᠷ ᠰᠠᠷ᠎ᠠ᠎ᠶᠢᠨ 25᠎ᠦ ᠡᠳᠦᠷ
( ᠲᠤᠰ ᠪᠢᠴᠢᠭ ᠮᠠᠲᠧᠷᠢᠶᠠᠯ᠎ᠢ ᠢᠯᠡ ᠨᠡᠢᠲᠡᠯᠡᠨ᠎ᠡ)