ᠥᠪᠥᠷ ᠮᠣᠩᠭᠣᠯ᠎ᠤᠨ ᠥᠪᠡᠷᠲᠡᠭᠡᠨ ᠵᠠᠰᠠᠬᠤ
ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ᠋
276 ᠳ᠋ᠤᠭᠠᠷ ᠲᠣᠭᠠᠲᠤ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ᠎ᠤᠨ ᠨᠡᠷ᠎ᠡ᠎ᠶᠢᠨ ᠬᠠᠮᠢᠶᠠᠷᠤᠯᠲᠠ᠎ᠶᠢᠨ ᠲᠣᠭᠲᠠᠭᠠᠯ》᠎ᠢ ᠨᠢᠭᠡᠨᠲᠡ 2025 ᠣᠨ᠎ᠤ 10 ᠳ᠋ᠤᠭᠠᠷ ᠰᠠᠷ᠎ᠠ᠎ᠶᠢᠨ 13᠎ᠦ ᠡᠳᠦᠷ᠎ᠦᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ 30 ᠳ᠋ᠤᠭᠠᠷ ᠤᠳᠠᠭᠠᠨ᠎ᠤ ᠪᠠᠢᠩᠭᠤ᠎ᠶᠢᠨ ᠬᠤᠷᠠᠯ᠎ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠨᠡᠢᠲᠡᠯᠡᠪᠡ᠂ 2026 ᠣᠨ᠎ᠤ 1 ᠳ᠋ᠦ᠍ᠭᠡᠷ ᠰᠠᠷ᠎ᠠ᠎ᠶᠢᠨ 1᠎ᠦ ᠡᠳᠦᠷ᠎ᠡᠴᠡ ᠡᠬᠢᠯᠡᠵᠦ ᠬᠡᠷᠡᠭᠵᠢᠭᠦᠯᠦᠨ᠎ᠡ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠣᠣ ᠭᠠᠩ
2025 ᠣᠨ᠎ᠤ 10 ᠳ᠋ᠤᠭᠠᠷ ᠰᠠᠷ᠎ᠠ᠎ᠶᠢᠨ 24᠎ᠦ ᠡᠳᠦᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ᠎ᠤᠨ ᠨᠡᠷ᠎ᠡ᠎ᠶᠢᠨ ᠬᠠᠮᠢᠶᠠᠷᠤᠯᠲᠠ᠎ᠶᠢᠨ ᠲᠣᠭᠲᠠᠭᠠᠯ
ᠨᠢᠭᠡᠳᠦᠭᠡᠷ ᠵᠦᠢᠯ ᠭᠠᠵᠠᠷ᠎ᠤᠨ ᠨᠡᠷ᠎ᠡ᠎ᠶᠢᠨ ᠬᠠᠮᠢᠶᠠᠷᠤᠯᠲᠠ᠎ᠶᠢ ᠴᠢᠩᠭᠠᠳᠬᠠᠨ ᠵᠢᠷᠤᠮᠵᠢᠭᠤᠯᠵᠤ᠂ ᠠᠵᠤ ᠠᠬᠤᠢ ᠨᠡᠢᠭᠡᠮ᠎ᠦᠨ ᠬᠥᠭᠵᠢᠯᠲᠡ᠂ ᠠᠷᠠᠳ᠎ᠤᠨ ᠠᠮᠢᠳᠤᠷᠠᠯ ᠪᠠ ᠭᠠᠳᠠᠭᠠᠳᠤ ᠬᠠᠷᠢᠯᠴᠠᠭᠠᠨ᠎ᠤ ᠬᠡᠷᠡᠭᠴᠡᠭᠡ᠎ᠳᠦ ᠵᠣᠬᠢᠴᠠᠭᠤᠯᠤᠨ᠂ ᠳᠤᠮᠳᠠᠳᠤ᠎ᠶᠢᠨ ᠰᠢᠯᠢᠳᠡᠭ ᠰᠣᠶᠣᠯ᠎ᠢ ᠤᠯᠠᠮᠵᠢᠯᠠᠨ ᠬᠥᠭᠵᠢᠭᠦᠯᠬᠦ᠎ᠶᠢᠨ ᠲᠤᠰᠠᠳᠠ᠂ 《ᠭᠠᠵᠠᠷ᠎ᠤᠨ ᠨᠡᠷ᠎ᠡ᠎ᠶᠢᠨ ᠬᠠᠮᠢᠶᠠᠷᠤᠯᠲᠠ᠎ᠶᠢᠨ ᠳᠦᠷᠢᠮ 》 ᠵᠡᠷᠭᠡ ᠬᠣᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠵᠤ᠂ ᠲᠣᠰ ᠲᠣᠭᠲᠠᠭᠠᠯ᠎ᠢ ᠲᠣᠭᠲᠠᠭᠠᠪᠠ᠃
ᠬᠣᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭᠠᠨ᠎ᠤ ᠣᠷᠣᠨ ᠬᠡᠪᠴᠢᠶᠡᠨ᠎ᠳᠡᠬᠢ ᠭᠠᠵᠠᠷ᠎ᠤᠨ ᠨᠡᠷ᠎ᠡ᠎ᠶᠢᠨ ᠨᠡᠷᠡᠢᠳᠬᠦ᠂ ᠬᠠᠯᠠᠬᠤ᠂ ᠬᠡᠷᠡᠭᠯᠡᠬᠦ᠂ ᠲᠡᠮᠳᠡᠭ ᠪᠠᠢᠷᠢᠯᠠᠭᠤᠯᠬᠤ᠂ ᠰᠣᠶᠣᠯ᠎ᠤᠨ ᠬᠠᠮᠠᠭᠠᠯᠠᠯᠲᠠ ᠵᠢᠴᠢ ᠬᠠᠮᠢᠶ᠎ᠠ ᠪᠦᠬᠦᠢ ᠬᠠᠮᠢᠶᠠᠷᠤᠯᠲᠠ᠎ᠶᠢᠨ ᠠᠵᠢᠯᠯᠠᠭ᠎ᠠ᠎ᠳᠤ ᠲᠣᠰ ᠲᠣᠭᠲᠠᠭᠠᠯ᠎ᠢ ᠲᠣᠬᠢᠷᠠᠭᠤᠯᠤᠨ ᠬᠡᠷᠡᠭᠯᠡᠨ᠎ᠡ᠃
ᠭᠤᠷᠪᠠᠳᠤᠭᠠᠷ ᠵᠦᠢᠯ ᠲᠤᠰ ᠲᠣᠭᠲᠠᠭᠠᠯ᠎ᠳᠤ ᠬᠡᠯᠡᠵᠦ ᠪᠠᠢᠭ᠎ᠠ ᠭᠠᠵᠠᠷ᠎ᠤᠨ ᠨᠡᠷᠡᠳᠦ ᠳᠣᠣᠷᠠᠬᠢ ᠵᠦᠢᠯ ᠪᠠᠭᠲᠠᠨ᠎ᠠ᠄
(ᠨᠢᠭᠡ) ᠪᠠᠢᠭᠠᠯᠢ᠎ᠶᠢᠨ ᠭᠠᠵᠠᠷ ᠵᠦᠢ᠎ᠶᠢᠨ ᠪᠣᠳᠠᠲᠤ ᠴᠣᠭᠴᠠ᠎ᠶᠢᠨ ᠨᠡᠷᠡᠢᠳᠦᠯ;
(ᠬᠣᠶᠠᠷ) ᠵᠠᠰᠠᠭ ᠵᠠᠬᠢᠷᠭᠠᠨ᠎ᠤ ᠣᠷᠣᠨ᠎ᠤ ᠬᠤᠪᠢᠶᠠᠷᠢᠯᠠᠯ᠎ᠤᠨ ᠨᠡᠷᠡᠢᠳᠦᠯ;
(ᠭᠤᠷᠪᠠ) ᠭᠠᠴᠠᠭ᠎ᠠ ᠲᠤᠰᠬᠤᠨ᠎ᠤ ᠠᠷᠠᠳ᠎ᠤᠨ ᠵᠥᠪᠯᠡᠯ᠂ ᠰᠠᠭᠤᠭᠠᠯᠢ ᠠᠷᠠᠳ᠎ᠤᠨ ᠵᠥᠪᠯᠡᠯ᠎ᠦᠨ ᠪᠠᠢᠭ᠎ᠠ ᠭᠠᠵᠠᠷ᠎ᠤᠨ ᠨᠡᠷᠡᠢᠳᠦᠯ᠂ ᠠᠢᠯ ᠲᠣᠰᠬᠣᠨ᠎ᠤ ᠨᠡᠷᠡᠢᠳᠦᠯ;
(ᠳᠥᠷᠪᠡ) ᠬᠤᠳᠠ᠎ᠶᠢᠨ ᠴᠡᠴᠡᠷᠯᠢᠭ᠂ ᠪᠠᠢᠭᠠᠯᠢ᠎ᠶᠢᠨ ᠬᠠᠮᠠᠭᠠᠯᠠᠯᠲᠠ᠎ᠶᠢᠨ ᠭᠠᠵᠠᠷ᠎ᠤᠨ ᠨᠡᠷᠡᠢᠳᠦᠯ;
(ᠲᠠᠪᠤ) ᠵᠡᠭᠡᠯᠢ᠂ ᠵᠠᠮ᠂ ᠭᠤᠳᠤᠮᠵᠢ᠂ ᠵᠢᠮ᠎ᠤᠨ ᠨᠡᠷᠡᠢᠳᠦᠯ;
(ᠵᠢᠷᠭᠤᠭ᠎ᠠ) ᠴᠢᠬᠤᠯᠠ ᠭᠠᠵᠠᠷ ᠵᠦᠢ᠎ᠶᠢᠨ ᠣᠷᠣᠨ ᠪᠠᠢᠷᠢᠰᠢᠯ᠎ᠤᠨ ᠠᠴᠢ ᠬᠣᠯᠪᠣᠭᠳᠠᠯ᠎ᠲᠠᠢ ᠣᠷᠣᠨ ᠰᠠᠭᠤᠴᠠ᠎ᠶᠢᠨ ᠲᠣᠭᠣᠷᠢᠭ᠋᠂ ᠠᠰᠠᠷ᠎ᠤᠨ ᠨᠡᠷᠡᠢᠳᠦᠯ;
(ᠲᠤᠯᠤᠭ᠎ᠠ) ᠴᠢᠬᠤᠯᠠ ᠭᠠᠵᠠᠷ ᠵᠦᠢ᠎ᠶᠢᠨ ᠣᠷᠣᠨ ᠪᠠᠢᠷᠢᠰᠢᠯ᠎ᠤᠨ ᠠᠴᠢ ᠬᠣᠯᠪᠣᠭᠳᠠᠯ᠎ᠲᠠᠢ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ ᠠᠰᠢᠭ᠍ᠯᠠᠯᠲᠠ᠂ ᠴᠠᠬᠢᠯᠭᠠᠨ ᠬᠦᠴᠦᠨ᠂ ᠴᠢᠮᠡᠭᠡ ᠬᠣᠯᠪᠣᠭ᠎ᠠ᠂ ᠴᠠᠭ ᠠᠭᠤᠷ ᠵᠡᠷᠭᠡ ᠪᠡᠯᠡᠳᠬᠡᠮᠵᠢ᠎ᠶᠢᠨ ᠨᠡᠷᠡᠢᠳᠦᠯ;
(ᠨᠠᠢ᠍ᠮᠠ) ᠭᠠᠵᠠᠷ ᠵᠦᠢ᠎ᠶᠢᠨ ᠴᠢᠬᠤᠯᠠ ᠣᠷᠣᠨ ᠪᠠᠢᠷᠢᠰᠢᠯ᠎ᠤᠨ ᠠᠴᠢ ᠬᠣᠯᠪᠣᠭᠳᠠᠯ᠎ᠲᠠᠢ ᠪᠤᠰᠤᠳ ᠭᠠᠵᠠᠷ ᠵᠦᠢ᠎ᠶᠢᠨ ᠪᠣᠳᠠᠲᠤ ᠴᠣᠭᠴᠠ᠎ᠶᠢᠨ ᠨᠡᠷᠡᠢᠳᠦᠯ᠃
ᠳᠥᠷᠪᠡᠳᠦᠭᠡᠷ ᠵᠦᠢᠯ ᠭᠠᠵᠠᠷ᠎ᠤᠨ ᠨᠡᠷ᠎ᠡ᠎ᠶᠢᠨ ᠬᠠᠮᠢᠶᠠᠷᠤᠯᠲᠠ᠎ᠳᠤ ᠨᠠᠮ᠎ᠤᠨ ᠤᠳᠤᠷᠢᠳᠤᠯᠭ᠎ᠠ᠎ᠶᠢ ᠪᠠᠷᠢᠮᠲᠠᠯᠠᠨ ᠴᠢᠩᠭᠠᠳᠬᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠣᠣᠯ ᠰᠢᠵᠢᠮ ᠪᠣᠯᠭᠠᠵᠤ᠂ ᠲᠦᠷᠦ᠎ᠶᠢᠨ ᠡᠷᠬᠡ ᠮᠡᠳᠡᠯ ᠪᠠ ᠦᠨᠳᠦᠰᠦᠲᠡᠨ᠎ᠦ ᠪᠦᠯᠬᠦᠮᠳᠡᠯ᠎ᠢ ᠬᠠᠮᠠᠭᠠᠯᠠᠬᠤ᠎ᠳᠤ ᠠᠰᠢᠭ᠍ᠲᠠᠢ᠂ ᠨᠡᠢᠭᠡᠮ ᠵᠢᠷᠤᠮ᠎ᠤᠨ ᠭᠣᠣᠯᠯᠠᠭ᠍ᠴᠢ ᠥᠷᠲᠡᠭ᠎ᠦᠨ ᠦᠵᠡᠯᠲᠡ᠎ᠶᠢ ᠪᠠᠳᠠᠷᠠᠭᠤᠯᠬᠤ᠎ᠳᠤ ᠠᠰᠢᠭ᠍ᠲᠠᠢ᠂ ᠤᠯᠤᠰ᠎ᠤᠨ ᠵᠠᠰᠠᠯᠲᠠ᠎ᠶᠢᠨ ᠲᠣᠭᠲᠠᠯᠴᠠᠭ᠎ᠠ ᠪᠠ ᠵᠠᠰᠠᠯᠲᠠ᠎ᠶᠢᠨ ᠴᠢᠳᠠᠪᠤᠷᠢ᠎ᠶᠢᠨ ᠣᠳᠣᠬᠢᠴᠢᠯᠠᠯᠲᠠ᠎ᠶᠢ ᠠᠬᠢᠭᠤᠯᠬᠤ᠎ᠳᠤ ᠠᠰᠢᠭ᠍ᠲᠠᠢ᠂ ᠳᠤᠮᠳᠠᠳᠤ᠎ᠶᠢᠨ ᠰᠢᠯᠢᠳᠡᠭ ᠰᠣᠶᠣᠯ᠎ᠢ ᠤᠯᠠᠮᠵᠢᠯᠠᠨ ᠵᠠᠯᠭᠠᠮᠵᠢᠯᠠᠵᠤ ᠬᠥᠭᠵᠢᠭᠦᠯᠬᠦ᠎ᠳᠦ ᠠᠰᠢᠭ᠍ᠲᠠᠢ ᠪᠠᠢᠯᠭᠠᠬᠤ ᠬᠡᠷᠡᠭᠲᠡᠢ᠃
ᠲᠠᠪᠤᠳᠤᠭᠠᠷ ᠵᠦᠢᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠨᠢ ᠭᠠᠵᠠᠷ᠎ᠤᠨ ᠨᠡᠷ᠎ᠡ᠎ᠶᠢᠨ ᠬᠠᠮᠢᠶᠠᠷᠤᠯᠲᠠ᠎ᠶᠢᠨ ᠠᠵᠢᠯ᠎ᠤᠨ ᠵᠣᠬᠢᠴᠠᠭᠤᠯᠬᠤ ᠲᠣᠭᠲᠠᠴᠠ᠎ᠶᠢ ᠪᠠᠢᠭᠤᠯᠤᠨ ᠪᠦᠷᠢᠨᠰᠢᠭᠦᠯᠵᠦ᠂ ᠭᠠᠵᠠᠷ᠎ᠤᠨ ᠨᠡᠷ᠎ᠡ᠎ᠶᠢᠨ ᠬᠠᠮᠢᠶᠠᠷᠤᠯᠲᠠ᠎ᠶᠢᠨ ᠠᠵᠢᠯ᠎ᠢ ᠵᠢᠯᠤᠭᠣᠳᠴᠤ᠂ ᠰᠢᠮᠳᠠᠭᠤᠯᠤᠨ᠂ ᠬᠢᠨᠠᠯᠲᠠ ᠲᠠᠯᠪᠢᠵᠤ᠂ ᠭᠠᠵᠠᠷ᠎ᠤᠨ ᠨᠡᠷ᠎ᠡ᠎ᠶᠢᠨ ᠬᠠᠮᠢᠶᠠᠷᠤᠯᠲᠠ᠎ᠶᠢᠨ ᠠᠵᠢᠯ᠎ᠳᠡᠬᠢ ᠴᠢᠬᠤᠯᠠ ᠶᠡᠬᠡ ᠠᠰᠠᠭᠤᠳᠠᠯ᠎ᠢ ᠵᠣᠬᠢᠴᠠᠭᠤᠯᠤᠨ ᠰᠢᠢᠳᠪᠦᠷᠢᠯᠡᠵᠦ᠂ ᠭᠠᠵᠠᠷ᠎ᠤᠨ ᠨᠡᠷ᠎ᠡ᠎ᠶᠢᠨ ᠬᠠᠮᠢᠶᠠᠷᠤᠯᠲᠠ᠎ᠶᠢᠨ ᠡᠩᠨᠡᠭᠡᠨ᠎ᠤ ᠪᠠᠢᠭᠤᠯᠤᠯᠲᠠ᠎ᠶᠢ ᠴᠢᠩᠭᠠᠳᠬᠠᠨ᠂ ᠭᠠᠵᠠᠷ᠎ᠤᠨ ᠨᠡᠷ᠎ᠡ᠎ᠶᠢᠨ ᠬᠠᠮᠢᠶᠠᠷᠤᠯᠲᠠ᠎ᠶᠢᠨ ᠠᠵᠢᠯ᠎ᠳᠦ ᠬᠡᠷᠡᠭᠰᠡᠬᠦ ᠵᠠᠷᠤᠳᠠᠯ᠎ᠢ ᠲᠤᠰ ᠱᠠᠲᠤᠨ᠎ᠤ ᠡᠳ᠋᠎ᠦᠨ ᠵᠠᠰᠠᠭ᠎ᠤᠨ ᠲᠥᠰᠥᠪ᠎ᠲᠤ᠎ᠪᠠᠨ ᠵᠢᠭ᠍ᠰᠠᠭᠠᠨ ᠣᠷᠣᠭᠤᠯᠬᠤ ᠬᠡᠷᠡᠭᠲᠡᠢ᠃
ᠰᠤᠮᠤ ᠰᠢᠶᠠᠩ ᠪᠠᠯᠭᠠᠰᠤ᠎ᠶᠢᠨ ᠠᠷᠠᠳ᠎ᠤᠨ ᠵᠠᠰᠠᠭ᠎ᠤᠨ ᠣᠷᠳᠣᠨ᠂ ᠵᠡᠭᠡᠯᠢ ᠭᠤᠳᠤᠮᠵᠢ᠎ᠶᠢᠨ ᠬᠡᠷᠡᠭ ᠡᠷᠬᠢᠯᠡᠬᠦ ᠭᠠᠵᠠᠷ ᠬᠣᠯᠪᠣᠭᠳᠠᠯ ᠪᠦᠬᠦᠢ ᠰᠠᠯᠠᠭ᠎ᠠ ᠮᠥᠴᠢᠷ᠎ᠢ ᠬᠠᠮᠵᠢᠨ ᠲᠣᠰ ᠬᠠᠷᠢᠶ᠎ᠠ ᠣᠷᠣᠨ᠎ᠤ᠎ᠪᠠᠨ ᠳᠣᠲᠣᠷᠠᠬᠢ ᠭᠠᠵᠠᠷ᠎ᠤᠨ ᠨᠡᠷ᠎ᠡ᠎ᠶᠢᠨ ᠬᠠᠮᠢᠶᠠᠷᠤᠯᠲᠠ᠎ᠶᠢᠨ ᠬᠠᠮᠢᠶ᠎ᠠ ᠪᠦᠬᠦᠢ ᠠᠵᠢᠯ᠎ᠢ ᠰᠠᠢᠲᠤᠷ ᠬᠢᠬᠦ ᠬᠡᠷᠡᠭᠲᠡᠢ᠃
ᠵᠢᠷᠭᠤᠳᠤᠭᠠᠷ ᠵᠦᠢᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠲᠤᠰ ᠵᠠᠰᠠᠭ ᠵᠠᠬᠢᠷᠭᠠᠨ᠎ᠤ ᠣᠷᠣᠨ ᠬᠡᠪᠴᠢᠶᠡᠨ᠎ᠤ᠎ᠪᠡᠨ ᠭᠠᠵᠠᠷ᠎ᠤᠨ ᠨᠡᠷ᠎ᠡ᠎ᠶᠢᠨ ᠬᠠᠮᠢᠶᠠᠷᠤᠯᠲᠠ᠎ᠶᠢᠨ ᠠᠵᠢᠯ᠎ᠢ ᠬᠠᠷᠢᠭᠤᠴᠠᠨ᠎ᠠ᠃
ᠬᠣᠰᠢᠭᠤ ᠰᠢᠶᠠᠨ᠎ᠤ ᠱᠠᠲᠤᠨ᠎ᠡᠴᠡ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠰᠤᠷᠭᠠᠨ ᠬᠥᠮᠦᠵᠢᠯ᠂ ᠦᠨᠳᠦᠰᠦᠲᠡᠨ᠎ᠦ ᠬᠡᠷᠡᠭ ᠡᠷᠬᠢᠯᠡᠬᠦ᠂ ᠳᠣᠲᠣᠭᠠᠳᠤ᠎ᠶᠢ ᠬᠠᠮᠠᠭᠠᠯᠠᠬᠤ᠂ ᠪᠠᠢᠭᠠᠯᠢ᠎ᠶᠢᠨ ᠡᠬᠢ ᠪᠠᠶᠠᠯᠢᠭ᠋᠂ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ᠎ᠤ ᠵᠠᠰᠠᠭ ᠵᠠᠬᠢᠷᠭᠠᠨ᠂ ᠰᠣᠶᠣᠯ ᠪᠠ ᠵᠢᠭᠤᠯᠴᠢᠯᠠᠯ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠂ ᠣᠶ ᠰᠢᠭᠤᠢ ᠪᠠ ᠨᠤᠲᠤᠭ ᠪᠡᠯᠴᠢᠭᠡᠷ ᠵᠡᠷᠭᠡ ᠰᠠᠯᠠᠭ᠎ᠠ ᠮᠥᠴᠢᠷ᠎ᠦᠳ ᠲᠣᠰ ᠲᠣᠰ᠎ᠤᠨ ᠡᠭᠦᠷᠭᠡ ᠬᠠᠷᠢᠭᠤᠴᠠᠯᠭ᠎ᠠ᠎ᠶᠢᠨ᠎ᠢᠶᠡᠨ ᠶᠣᠰᠣᠭᠠᠷ ᠭᠠᠵᠠᠷ᠎ᠤᠨ ᠨᠡᠷ᠎ᠡ᠎ᠶᠢᠨ ᠬᠠᠮᠢᠶᠠᠷᠤᠯᠲᠠ᠎ᠶᠢᠨ ᠬᠠᠮᠢᠶ᠎ᠠ ᠪᠦᠬᠦᠢ ᠠᠵᠢᠯ᠎ᠢ ᠰᠠᠢᠲᠤᠷ ᠬᠢᠬᠦ ᠬᠡᠷᠡᠭᠲᠡᠢ᠃
ᠳᠣᠯᠣᠳᠤᠭᠠᠷ ᠵᠦᠢᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠨᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠲᠤᠰ ᠵᠠᠰᠠᠭ ᠵᠠᠬᠢᠷᠭᠠᠨ᠎ᠤ ᠣᠷᠣᠨ ᠬᠡᠪᠴᠢᠶᠡᠨ ᠤ᠎ᠪᠠᠨ ᠭᠠᠵᠠᠷ᠎ᠤᠨ ᠨᠡᠷ᠎ᠡ᠎ᠶᠢᠨ ᠲᠥᠰᠥᠯ᠎ᠢ ᠨᠠᠢᠷᠠᠭᠤᠯᠤᠨ ᠵᠣᠬᠢᠶᠠᠵᠤ᠂ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠢᠶᠠᠷ ᠵᠥᠪᠰᠢᠶᠡᠷᠡᠭᠦᠯᠦᠭᠰᠡᠨ᠎ᠤ ᠲᠠᠷᠠᠭ᠎ᠠ ᠵᠣᠬᠢᠶᠠᠨ ᠪᠠᠢᠭᠤᠯᠤᠨ ᠬᠡᠷᠡᠭᠵᠢᠭᠦᠯᠦᠨ᠎ᠡ᠃
ᠭᠠᠵᠠᠷ᠎ᠤᠨ ᠨᠡᠷ᠎ᠡ᠎ᠶᠢᠨ ᠲᠥᠰᠥᠯ᠎ᠢ ᠨᠠᠢᠷᠠᠭᠤᠯᠤᠨ ᠵᠣᠬᠢᠶᠠᠬᠤ᠎ᠳᠦ ᠭᠠᠵᠠᠷ᠎ᠤᠨ ᠨᠡᠷ᠎ᠡ᠎ᠶᠢ ᠨᠡᠷᠡᠢᠳᠬᠦ᠎ᠪᠡᠷ ᠭᠣᠣᠯᠳᠠᠯᠭ᠎ᠠ ᠪᠣᠯᠭᠠᠨ᠂ ᠭᠠᠵᠠᠷ᠎ᠤᠨ ᠨᠡᠷ᠎ᠡ᠎ᠶᠢᠨ ᠲᠡᠮᠳᠡᠭ ᠪᠠᠢᠷᠢᠯᠠᠭᠤᠯᠬᠤ᠂ ᠭᠠᠵᠠᠷ᠎ᠤᠨ ᠨᠡᠷ᠎ᠡ᠎ᠶᠢᠨ ᠰᠣᠶᠣᠯ᠎ᠤᠨ ᠬᠠᠮᠠᠭᠠᠯᠠᠯᠲᠠ ᠵᠡᠷᠭᠡ ᠠᠭᠤᠯᠭ᠎ᠠ᠎ᠶᠢ ᠨᠢᠭᠡᠳᠦᠯᠲᠡᠢ ᠲᠥᠯᠥᠪᠵᠢᠭᠦᠯᠵᠦ᠂ ᠤᠯᠤᠰ᠎ᠤᠨ ᠨᠤᠲᠤᠭ ᠳᠡᠪᠢᠰᠬᠡᠷ᠎ᠦᠨ ᠣᠷᠣᠨ ᠵᠠᠢ᠎ᠶᠢᠨ ᠲᠥᠯᠦᠪᠵᠢᠭᠦᠯᠭᠡ ᠵᠡᠷᠭᠡ ᠬᠠᠮᠢᠶ᠎ᠠ ᠪᠦᠬᠦᠢ ᠲᠥᠯᠦᠪᠵᠢᠭᠦᠯᠭᠡ ᠯᠦ᠍ᠭᠡ ᠵᠣᠯᠭᠠᠭᠤᠯᠬᠤ᠎ᠶᠢᠨ ᠬᠠᠮᠲᠤ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤ᠎ᠶᠢᠨ ᠠᠷᠠᠳ᠎ᠤᠨ ᠵᠠᠰᠠᠭ᠎ᠤᠨ ᠣᠷᠳᠣᠨ᠂ ᠵᠡᠭᠡᠯᠢ ᠭᠤᠳᠤᠮᠵᠢ᠎ᠶᠢᠨ ᠬᠡᠷᠡᠭ ᠡᠷᠬᠢᠯᠡᠬᠦ ᠭᠠᠵᠠᠷ᠂ ᠲᠤᠰᠬᠠᠢ ᠮᠡᠷᠭᠡᠵᠢᠯᠲᠡᠨ ᠵᠢᠴᠢ ᠨᠡᠢᠭᠡᠮ ᠨᠡᠢᠳᠡ᠎ᠶᠢᠨ ᠰᠠᠨᠠᠯ᠎ᠢ ᠬᠤᠷᠢᠶᠠᠬᠤ ᠬᠡᠷᠡᠭᠲᠡᠢ᠃
ᠬᠠᠤᠯᠢ ᠶᠣᠰᠣᠭᠠᠷ ᠵᠥᠪᠰᠢᠶᠡᠷᠡᠭᠦᠯᠦᠭᠰᠡᠨ ᠭᠠᠵᠠᠷ᠎ᠤᠨ ᠨᠡᠷ᠎ᠡ᠎ᠶᠢᠨ ᠲᠥᠰᠥᠯ᠎ᠢ ᠳᠤᠷ᠎ᠠ᠎ᠪᠠᠷ᠎ᠢᠶᠠᠨ ᠬᠤᠪᠢᠷᠠᠭᠠᠵᠤ ᠪᠣᠯᠬᠤ ᠦᠭᠡᠢ; ᠦᠨᠡᠬᠡᠷ ᠬᠤᠪᠢᠷᠠᠭᠠᠬᠤ ᠴᠢᠬᠤᠯᠠᠲᠠᠢ ᠪᠠᠢᠪᠠᠯ᠂ ᠲᠣᠭᠲᠠᠭᠰᠠᠨ ᠳᠡᠰ ᠳᠠᠷᠠᠭᠠᠯᠠᠯ ᠶᠣᠰᠣᠭᠠᠷ ᠲᠡᠬᠢᠵᠦ ᠳᠡᠭᠡᠭᠰᠢ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ᠃
ᠨᠠᠢ᠍ᠮᠠᠳᠤᠭᠠᠷ ᠵᠦᠢᠯ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠤᠯᠤᠰ᠎ᠠᠴᠠ ᠠᠰᠲᠠᠭᠠᠨ ᠲᠣᠭᠲᠠᠭᠠᠯ᠎ᠲᠠᠢ᠎ᠠᠴᠠ ᠭᠠᠳᠠᠨ᠎ᠠ᠂ ᠪᠠᠢᠭᠠᠯᠢ᠎ᠶᠢᠨ ᠭᠠᠵᠠᠷ ᠵᠦᠢ᠎ᠶᠢᠨ ᠪᠣᠳᠠᠲᠤ ᠴᠣᠭᠴᠠ᠎ᠶᠢ ᠨᠡᠷᠡᠢᠳᠬᠦ᠂ ᠨᠡᠷ᠎ᠡ᠎ᠶᠢ ᠨᠢ ᠬᠠᠯᠠᠬᠤ᠎ᠳᠤ ᠳᠣᠣᠷ᠎ᠠ ᠵᠢᠭ᠍ᠰᠠᠭᠠᠭᠰᠠᠨ ᠲᠣᠭᠲᠠᠭᠠᠯ᠎ᠢ ᠵᠢᠷᠤᠮᠯᠠᠬᠤ ᠬᠡᠷᠡᠭᠲᠡᠢ᠄
(ᠨᠢᠭᠡ) ᠥᠪᠡᠷᠲᠡᠭᠡᠨ ᠵᠠᠰᠠᠬᠤ ᠣᠷᠣᠨ᠎ᠤ ᠳᠣᠲᠣᠷᠠᠬᠢ ᠬᠣᠶᠠᠷ᠎ᠡᠴᠡ ᠳᠡᠭᠡᠭᠰᠢ ᠠᠢᠮᠠᠭ᠂ ᠲᠣᠭᠣᠷᠢᠭ᠋ ᠪᠠᠢᠭᠤᠯᠤᠭᠰᠠᠨ ᠬᠣᠲᠠ᠎ᠳᠤ ᠬᠣᠯᠪᠣᠭᠳᠠᠬᠤ ᠪᠠᠢᠭᠠᠯᠢ᠎ᠶᠢᠨ ᠭᠠᠵᠠᠷ ᠵᠦᠢ᠎ᠶᠢᠨ ᠪᠣᠳᠠᠲᠤ ᠴᠣᠭᠴᠠ᠎ᠶᠢ ᠨᠡᠷᠡᠢᠳᠬᠦ᠂ ᠨᠡᠷ᠎ᠡ᠎ᠶᠢ ᠨᠢ ᠬᠠᠯᠠᠬᠤ᠎ᠳᠤ᠂ ᠬᠠᠮᠢᠶ᠎ᠠ ᠪᠦᠬᠦᠢ ᠠᠢᠮᠠᠭ᠎ᠤᠨ ᠵᠠᠬᠢᠷᠭ᠎ᠠ᠂ ᠲᠣᠭᠣᠷᠢᠭ᠋ ᠪᠠᠢᠭᠤᠯᠤᠭᠰᠠᠨ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠎ᠡᠴᠡ ᠬᠣᠯᠪᠤᠭᠠᠯᠠᠨ ᠭᠤᠶᠤᠴᠢᠯᠠᠯ ᠳᠤᠷᠠᠳᠴᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠢᠶᠡᠷ ᠬᠢᠨᠠᠨ ᠬᠠᠷᠭᠤᠭᠤᠯᠤᠭᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠵᠥᠪᠰᠢᠶᠡᠷᠡᠭᠦᠯᠦᠨ᠎ᠡ ;
(ᠬᠣᠶᠠᠷ) ᠠᠢᠮᠠᠭ᠂ ᠲᠣᠭᠣᠷᠢᠭ᠋ ᠪᠠᠢᠭᠤᠯᠤᠭᠰᠠᠨ ᠬᠣᠲᠠ᠎ᠶᠢᠨ ᠳᠣᠲᠣᠷᠠᠬᠢ ᠬᠣᠶᠠᠷ᠎ᠡᠴᠡ ᠳᠡᠭᠡᠭᠰᠢ ᠬᠣᠰᠢᠭᠤ ᠰᠢᠶᠠᠨ (ᠬᠣᠲᠠ᠂ ᠲᠣᠭᠣᠷᠢᠭ᠋)᠎ᠳᠤ ᠬᠣᠯᠪᠣᠭᠳᠠᠬᠤ ᠪᠠᠢᠭᠠᠯᠢ᠎ᠶᠢᠨ ᠭᠠᠵᠠᠷ ᠵᠦᠢ᠎ᠶᠢᠨ ᠪᠣᠳᠠᠲᠤ ᠴᠣᠭᠴᠠ᠎ᠶᠢ ᠨᠡᠷᠡᠢᠳᠬᠦ᠂ ᠨᠡᠷ᠎ᠡ᠎ᠶᠢ ᠨᠢ ᠬᠠᠯᠠᠬᠤ᠎ᠳᠤ᠂ ᠬᠠᠮᠢᠶ᠎ᠠ ᠪᠦᠬᠦᠢ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠡᠴᠡ ᠬᠣᠯᠪᠤᠭᠠᠯᠠᠨ ᠭᠤᠶᠤᠴᠢᠯᠠᠯ ᠳᠤᠷᠠᠳᠴᠤ᠂ ᠠᠢᠮᠠᠭ᠎ᠤᠨ ᠵᠠᠬᠢᠷᠭ᠎ᠠ᠂ ᠲᠣᠭᠣᠷᠢᠭ᠋ ᠪᠠᠢᠭᠤᠯᠤᠭᠰᠠᠨ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠢᠶᠡᠷ ᠬᠢᠨᠠᠨ ᠬᠠᠷᠭᠤᠭᠤᠯᠤᠭᠰᠠᠨ᠎ᠤ ᠳᠠᠷᠠᠭ᠎ᠠ᠂ ᠠᠢᠮᠠᠭ᠎ᠤᠨ ᠵᠠᠬᠢᠷᠭ᠎ᠠ᠂ ᠲᠣᠭᠣᠷᠢᠭ᠋ ᠪᠠᠢᠭᠤᠯᠤᠭᠰᠠᠨ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠵᠥᠪᠰᠢᠶᠡᠷᠡᠭᠦᠯᠦᠨ᠎ᠡ ;
(ᠭᠤᠷᠪᠠ) ᠬᠣᠰᠢᠭᠤ ᠰᠢᠶᠠᠨ (ᠬᠣᠲᠠ᠂ ᠲᠣᠭᠣᠷᠢᠭ᠋)᠎ᠤ ᠳᠣᠲᠣᠷᠠᠬᠢ ᠪᠠᠢᠭᠠᠯᠢ᠎ᠶᠢᠨ ᠭᠠᠵᠠᠷ ᠵᠦᠢ᠎ᠶᠢᠨ ᠪᠣᠳᠠᠲᠤ ᠴᠣᠭᠴᠠ᠎ᠶᠢ ᠨᠡᠷᠡᠢᠳᠬᠦ᠂ ᠨᠡᠷ᠎ᠡ᠎ᠶᠢ ᠨᠢ ᠬᠠᠯᠠᠬᠤ᠎ᠳᠤ᠂ ᠪᠠᠢᠭ᠎ᠠ ᠭᠠᠵᠠᠷ᠎ᠤᠨ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠡᠴᠡ ᠭᠤᠶᠤᠴᠢᠯᠠᠯ ᠳᠤᠷᠠᠳᠴᠤ᠂ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠵᠥᠪᠰᠢᠶᠡᠷᠡᠭᠦᠯᠦᠨ᠎ᠡ᠃
ᠶᠢᠰᠦᠳᠦᠭᠡᠷ ᠵᠦᠢᠯ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠤᠯᠤᠰ᠎ᠡᠴᠡ ᠠᠰᠲᠠᠭᠠᠨ ᠲᠣᠭᠲᠠᠭᠠᠯ᠎ᠲᠠᠢ᠎ᠠᠴᠠ ᠭᠠᠳᠠᠨ᠎ᠠ᠂ ᠭᠠᠴᠠᠭ᠎ᠠ ᠲᠣᠰᠬᠣᠨ᠎ᠤ ᠠᠷᠠᠳ᠎ᠤᠨ ᠵᠥᠪᠯᠡᠯ᠂ ᠰᠠᠭᠤᠭᠠᠯᠢ ᠠᠷᠠᠳ᠎ᠤᠨ ᠵᠥᠪᠯᠡᠯ᠎ᠦᠨ ᠪᠠᠢᠭ᠎ᠠ ᠭᠠᠵᠠᠷ ᠪᠠ ᠠᠢᠯ ᠲᠣᠰᠬᠣᠨ᠎ᠢ ᠨᠡᠷᠡᠢᠳᠬᠦ᠂ ᠨᠡᠷ᠎ᠡ᠎ᠶᠢ ᠨᠢ ᠬᠠᠯᠠᠬᠤ᠎ᠳᠤ᠂ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠢᠶᠡᠷ ᠬᠢᠨᠠᠨ ᠬᠠᠷᠭᠤᠭᠤᠯᠤᠭᠰᠠᠨ᠎ᠤ ᠳᠠᠷᠠᠭ᠎ᠠ᠂ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠵᠥᠪᠰᠢᠶᠡᠷᠡᠭᠦᠯᠦᠨ᠎ᠡ᠃
ᠠᠷᠪᠠᠳᠤᠭᠠᠷ ᠵᠦᠢᠯ ᠵᠡᠭᠡᠯᠢ᠂ ᠵᠠᠮ᠂ ᠭᠤᠳᠤᠮᠵᠢ᠂ ᠵᠢᠮ᠎ᠢ ᠨᠡᠷᠡᠢᠳᠬᠦ᠂ ᠨᠡᠷ᠎ᠡ᠎ᠶᠢ ᠨᠢ ᠬᠠᠯᠠᠬᠤ᠎ᠳᠤ ᠳᠣᠣᠷ᠎ᠠ ᠵᠢᠭ᠍ᠰᠠᠭᠠᠭᠰᠠᠨ ᠲᠣᠭᠲᠠᠭᠠᠯ᠎ᠢ ᠵᠢᠷᠤᠮᠯᠠᠬᠤ ᠬᠡᠷᠡᠭᠲᠡᠢ᠄
(ᠨᠢᠭᠡ) ᠬᠣᠰᠢᠭᠤ ᠰᠢᠶᠠᠨ (ᠬᠣᠲᠠ)᠎ᠤ ᠳᠣᠲᠣᠷᠠᠬᠢ ᠵᠡᠭᠡᠯᠢ᠂ ᠵᠠᠮ᠂ ᠭᠤᠳᠤᠮᠵᠢ᠂ ᠵᠢᠮ᠎ᠤᠨ ᠨᠡᠷᠡᠢᠳᠦᠯ᠎ᠢ ᠪᠣᠯ ᠬᠣᠰᠢᠭᠤ ᠰᠢᠶᠠᠨ (ᠬᠣᠲᠠ)᠎ᠤ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠢᠶᠡᠷ ᠬᠢᠨᠠᠨ ᠬᠠᠷᠭᠤᠭᠤᠯᠤᠭᠰᠠᠨ᠎ᠤ ᠳᠠᠷᠠᠭ᠎ᠠ᠂ ᠬᠣᠰᠢᠭᠤ ᠰᠢᠶᠠᠨ (ᠬᠣᠲᠠ)᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠵᠥᠪᠰᠢᠶᠡᠷᠡᠭᠦᠯᠦᠨ᠎ᠡ ;
(ᠬᠣᠶᠠᠷ) ᠬᠤᠳᠠ᠎ᠶᠢᠨ ᠬᠠᠷᠢᠶ᠎ᠠ᠎ᠳᠠᠬᠢ ᠵᠡᠭᠡᠯᠢ᠂ ᠵᠠᠮ᠂ ᠭᠤᠳᠤᠮᠵᠢ᠂ ᠵᠢᠮ᠎ᠤᠨ ᠨᠡᠷᠡᠢᠳᠦᠯ᠎ᠢ ᠪᠣᠯ ᠲᠣᠭᠣᠷᠢᠭ᠋ ᠪᠠᠢᠭᠤᠯᠤᠭᠰᠠᠨ ᠬᠤᠳᠠ᠎ᠶᠢᠨ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠢᠶᠡᠷ ᠬᠢᠨᠠᠨ ᠬᠠᠷᠭᠤᠭᠤᠯᠤᠭᠰᠠᠨ᠎ᠤ ᠲᠠᠷᠠᠭ᠎ᠠ᠂ ᠲᠣᠭᠣᠷᠢᠭ᠋ ᠪᠠᠢᠭᠤᠯᠤᠭᠰᠠᠨ ᠬᠤᠳᠠ᠎ᠶᠢᠨ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠵᠥᠪᠰᠢᠶᠡᠷᠡᠭᠦᠯᠦᠨ᠎ᠡ᠃
ᠠᠷᠪᠠᠨ ᠨᠢᠭᠡᠳᠦᠭᠡᠷ ᠵᠦᠢᠯ ᠴᠢᠬᠤᠯᠠ ᠭᠠᠵᠠᠷ ᠵᠦᠢ᠎ᠶᠢᠨ ᠣᠷᠣᠨ ᠪᠠᠢᠷᠢᠰᠢᠯ᠎ᠤᠨ ᠠᠴᠢ ᠬᠣᠯᠪᠣᠭᠳᠠᠯ᠎ᠲᠠᠢ ᠣᠷᠣᠨ ᠰᠠᠭᠤᠴᠠ᠎ᠶᠢᠨ ᠲᠣᠭᠣᠷᠢᠭ᠋᠂ ᠠᠰᠠᠷ᠎ᠢ ᠨᠡᠷᠡᠢᠳᠬᠦ᠂ ᠨᠡᠷ᠎ᠡ᠎ᠶᠢ ᠨᠢ ᠬᠠᠯᠠᠬᠤ᠎ᠳᠤ᠂ ᠠᠢᠮᠠᠭ᠎ᠤᠨ ᠵᠠᠬᠢᠷᠭ᠎ᠠ᠂ ᠲᠣᠭᠣᠷᠢᠭ᠋ ᠪᠠᠢᠭᠤᠯᠤᠭᠰᠠᠨ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠎ᠤ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠰᠠᠯᠠᠭ᠎ᠠ ᠮᠥᠴᠢᠷ ᠵᠢᠴᠢ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠰᠠᠯᠠᠭ᠎ᠠ ᠮᠥᠴᠢᠷ᠎ᠡᠴᠡ ᠠᠳᠠᠯᠢ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠦᠨ ᠰᠠᠨᠠᠯ᠎ᠢ ᠬᠤᠷᠢᠶᠠᠭᠰᠠᠨ᠎ᠤ ᠳᠠᠷᠠᠭ᠎ᠠ ᠵᠥᠪᠰᠢᠶᠡᠷᠡᠨ᠎ᠡ᠃
ᠠᠷᠪᠠᠨ ᠬᠣᠶᠠᠳᠤᠭᠠᠷ ᠵᠦᠢᠯ ᠴᠢᠬᠤᠯᠠ ᠭᠠᠵᠠᠷ ᠵᠦᠢ᠎ᠶᠢᠨ ᠣᠷᠣᠨ ᠪᠠᠢᠷᠢᠰᠢᠯ᠎ᠤᠨ ᠠᠴᠢ ᠬᠣᠯᠪᠣᠭᠳᠠᠯ᠎ᠲᠠᠢ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ ᠠᠰᠢᠭ᠍ᠯᠠᠯᠲᠠ᠂ ᠴᠠᠬᠢᠯᠭᠠᠨ ᠬᠦᠴᠦᠨ᠂ ᠴᠢᠮᠡᠭᠡ ᠬᠣᠯᠪᠣᠭ᠎ᠠ᠂ ᠴᠠᠭ ᠠᠭᠤᠷ᠎ᠤᠨ ᠵᠡᠷᠭᠡ ᠪᠡᠯᠡᠳᠬᠡᠮᠵᠢ᠎ᠶᠢ ᠨᠡᠷᠡᠢᠳᠬᠦ᠂ ᠨᠡᠷ᠎ᠡ᠎ᠶᠢ ᠨᠢ ᠬᠠᠯᠠᠬᠤ᠎ᠳᠤ᠂ ᠪᠠᠢᠳᠠᠯ᠎ᠢᠶᠠᠨ ᠦᠨᠳᠦᠰᠦᠯᠡᠨ ᠪᠠᠢᠭ᠎ᠠ ᠭᠠᠵᠠᠷ᠎ᠤᠨ ᠬᠠᠮᠢᠶ᠎ᠠ ᠪᠦᠬᠦᠢ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠰᠠᠨᠠᠯ᠎ᠢ ᠬᠤᠷᠢᠶᠠᠵᠤ᠂ ᠬᠣᠯᠪᠣᠭᠳᠠᠯ ᠪᠦᠬᠦᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠢᠶᠡᠷ ᠵᠥᠪᠰᠢᠶᠡᠷᠡᠭᠦᠯᠬᠦ ᠬᠡᠷᠡᠭᠲᠡᠢ᠃
ᠠᠷᠪᠠᠨ ᠭᠤᠷᠪᠠᠳᠤᠭᠠᠷ ᠵᠦᠢᠯ ᠭᠠᠵᠠᠷ᠎ᠤᠨ ᠨᠡᠷ᠎ᠡ᠎ᠶᠢ ᠬᠠᠷᠢᠴᠠᠩᠭᠤᠢ᠎ᠪᠠᠷ ᠲᠣᠭᠲᠠᠭᠤᠨ ᠪᠠᠢᠯᠭᠠᠬᠤ ᠬᠡᠷᠡᠭᠲᠡᠢ᠃ ᠵᠥᠪᠰᠢᠶᠡᠷᠡᠭᠦᠯᠦᠭᠰᠡᠨ ᠦᠭᠡᠢ ᠪᠣᠯ᠂ ᠶᠠᠮᠠᠷᠪᠠ ᠵᠣᠬᠢᠶᠠᠨ ᠪᠠᠢᠭᠤᠯᠤᠯᠲᠠ ᠪᠠ ᠬᠤᠪᠢ ᠬᠥᠮᠥᠨ ᠭᠡᠳ ᠭᠠᠵᠠᠷ᠎ᠤᠨ ᠨᠡᠷ᠎ᠡ᠎ᠶᠢ ᠨᠡᠷᠡᠢᠳᠬᠦ ᠪᠠ ᠨᠡᠷ᠎ᠡ᠎ᠶᠢ ᠨᠢ ᠬᠠᠯᠠᠬᠤ᠎ᠪᠠᠷ ᠳᠤᠷ᠎ᠠ᠎ᠪᠠᠷ᠎ᠢᠶᠠᠨ ᠲᠣᠭᠲᠠᠭᠠᠵᠤ ᠪᠣᠯᠬᠤ ᠦᠭᠡᠢ᠃
ᠠᠷᠪᠠᠨ ᠳᠥᠷᠪᠡᠳᠦᠭᠡᠷ ᠵᠦᠢᠯ ᠬᠠᠤᠯᠢ ᠶᠣᠰᠣᠭᠠᠷ ᠵᠥᠪᠰᠢᠶᠡᠷᠡᠭᠦᠯᠦᠭᠰᠡᠨ ᠭᠠᠵᠠᠷ᠎ᠤᠨ ᠨᠡᠷ᠎ᠡ ᠪᠣᠯ ᠪᠠᠷᠢᠮᠵᠢᠶᠠᠲᠤ ᠭᠠᠵᠠᠷ᠎ᠤᠨ ᠨᠡᠷ᠎ᠡ ᠪᠣᠯᠣᠨ᠎ᠠ᠃ ᠪᠠᠷᠢᠮᠵᠢᠶᠠᠲᠤ ᠭᠠᠵᠠᠷ᠎ᠤᠨ ᠨᠡᠷ᠎ᠡ ᠨᠢ ᠭᠠᠵᠠᠷ᠎ᠤᠨ ᠨᠡᠷᠡᠳᠤ ᠬᠡᠷᠡᠭᠯᠡᠬᠦ ᠦᠰᠦᠭ᠎ᠦᠨ ᠳᠠᠭᠤᠳᠠᠯᠭ᠎ᠠ᠎ᠶᠢ ᠬᠢᠨᠠᠨ ᠲᠣᠭᠲᠠᠭᠠᠬᠤ ᠵᠢᠷᠤᠮᠵᠢᠯ ᠪᠠ ᠴᠥᠭᠡᠨ ᠲᠣᠭᠠᠲᠤ ᠦᠨᠳᠦᠰᠦᠲᠡᠨ᠎ᠦ ᠬᠡᠯᠡᠨ᠎ᠦ ᠭᠠᠵᠠᠷ᠎ᠤᠨ ᠨᠡᠷ᠎ᠡ᠂ ᠭᠠᠳᠠᠭᠠᠳᠤ ᠬᠡᠯᠡᠨ᠎ᠦ ᠭᠠᠵᠠᠷ᠎ᠤᠨ ᠨᠡᠷ᠎ᠡ᠎ᠶᠢ ᠬᠢᠲᠠᠳ ᠦᠰᠦᠭ᠎ᠢᠶᠡᠷ ᠣᠷᠴᠢᠭᠤᠯᠤᠨ ᠪᠢᠴᠢᠬᠦ ᠵᠡᠷᠭᠡ ᠵᠢᠷᠤᠮᠵᠢᠯᠳᠤ ᠨᠡᠢᠴᠡᠭᠰᠡᠨ ᠪᠠᠢᠬᠤ ᠬᠡᠷᠡᠭᠲᠡᠢ᠂ ᠴᠥᠭᠡᠨ ᠬᠡᠷᠡᠭᠯᠡᠭᠳᠡᠬᠦ ᠥᠰᠦᠭ᠂ ᠤᠯᠠᠨ ᠳᠠᠭᠤᠳᠠᠯᠭᠠᠲᠤ ᠦᠰᠦᠭ ᠪᠠ ᠠᠮᠠᠷᠬᠠᠨ ᠰᠠᠯᠪᠤᠷᠢ ᠤᠳᠬ᠎ᠠ ᠡᠭᠦᠰᠬᠦ ᠦᠰᠦᠭ᠎ᠢ ᠬᠡᠷᠡᠭᠯᠡᠬᠦ᠎ᠡᠴᠡ ᠵᠠᠢᠯᠠᠰᠬᠢᠬᠤ ᠬᠡᠷᠡᠭᠲᠡᠢ᠃
ᠴᠥᠭᠡᠨ ᠲᠣᠭᠠᠲᠤ ᠦᠨᠳᠦᠰᠦᠲᠡᠨ᠎ᠦ ᠬᠡᠯᠡᠨ᠎ᠦ ᠭᠠᠵᠠᠷ᠎ᠤᠨ ᠨᠡᠷ᠎ᠡ᠎ᠶᠢ ᠷᠣᠮᠠ ᠴᠠᠭᠠᠨ ᠲᠣᠯᠣᠭᠠᠢ᠎ᠪᠠᠷ ᠠᠪᠢᠶᠠᠴᠢᠯᠠᠨ ᠪᠢᠴᠢᠬᠦ᠎ᠳᠦ 《ᠬᠢᠲᠠᠳ ᠬᠡᠯᠡᠨ᠎ᠦ ᠠᠪᠢᠶ᠎ᠠ ᠲᠡᠮᠳᠡᠭᠯᠡᠬᠦ ᠲᠥᠰᠥᠯ》᠂ 《ᠴᠥᠭᠡᠨ ᠲᠣᠭᠠᠲᠤ ᠦᠨᠳᠦᠰᠦᠲᠡᠨ᠎ᠦ ᠬᠡᠯᠡᠨ᠎ᠦ ᠭᠠᠵᠠᠷ᠎ᠤᠨ ᠨᠡᠷ᠎ᠡ᠎ᠶᠢ ᠬᠢᠲᠠᠳ ᠬᠡᠯᠡᠨ᠎ᠦ ᠠᠪᠢᠶᠠᠨ᠎ᠤ ᠦᠰᠦᠭ᠎ᠤᠨ ᠴᠠᠭᠠᠨ ᠲᠣᠯᠣᠭᠠᠢ᠎ᠪᠠᠷ ᠠᠪᠢᠶᠠᠴᠢᠯᠠᠨ ᠣᠷᠴᠢᠭᠤᠯᠵᠤ ᠪᠠᠭᠤᠯᠭᠠᠵᠤ ᠪᠢᠴᠢᠬᠦ ᠠᠷᠭ᠎ᠠ》᠎ᠪᠠᠷ ᠠᠪᠢᠶᠠᠴᠢᠯᠠᠨ ᠪᠢᠴᠢᠨ᠎ᠡ᠃
ᠠᠷᠪᠠᠨ ᠲᠠᠪᠤᠳᠤᠭᠠᠷ ᠵᠦᠢᠯ ᠭᠠᠵᠠᠷ᠎ᠤᠨ ᠨᠡᠷ᠎ᠡ᠎ᠶᠢᠨ ᠲᠡᠮᠳᠡᠭᠲᠦ ᠪᠠᠷᠢᠮᠵᠢᠶᠠᠲᠤ ᠭᠠᠵᠠᠷ᠎ᠤᠨ ᠨᠡᠷ᠎ᠡ᠎ᠶᠢ ᠬᠡᠷᠡᠭᠯᠡᠬᠦ ᠬᠡᠷᠡᠭᠲᠡᠢ᠃ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠤᠯᠤᠰ᠎ᠠᠴᠠ ᠠᠰᠲᠠᠭᠠᠨ ᠲᠣᠭᠲᠠᠭᠠᠯ᠎ᠲᠠᠢ ᠪᠠᠢᠬᠤ᠎ᠡᠴᠡ ᠭᠠᠳᠠᠨ᠎ᠠ᠂ ᠳᠣᠣᠷ᠎ᠠ ᠵᠢᠭ᠍ᠰᠠᠭᠠᠭᠰᠠᠨ ᠲᠣᠭᠲᠠᠭᠠᠯ ᠶᠣᠰᠣᠭᠠᠷ ᠭᠠᠵᠠᠷ᠎ᠤᠨ ᠨᠡᠷ᠎ᠡ᠎ᠶᠢᠨ ᠲᠡᠮᠳᠡᠭ᠎ᠤᠨ ᠪᠠᠢᠷᠢᠯᠠᠭᠤᠯᠬᠤ᠂ ᠬᠠᠮᠠᠭᠠᠯᠠᠬᠤ ᠪᠠ ᠬᠠᠮᠢᠶᠠᠷᠬᠤ ᠠᠵᠢᠯ᠎ᠢ ᠰᠠᠢᠲᠤᠷ ᠬᠢᠬᠦ ᠬᠡᠷᠡᠭᠲᠡᠢ᠄
(ᠨᠢᠭᠡ) ᠪᠠᠢᠭᠠᠯᠢ᠎ᠶᠢᠨ ᠭᠠᠵᠠᠷ ᠵᠦᠢ᠎ᠶᠢᠨ ᠪᠣᠳᠠᠲᠤ ᠴᠣᠭᠴᠠ᠎ᠶᠢᠨ ᠭᠠᠵᠠᠷ᠎ᠤᠨ ᠨᠡᠷ᠎ᠡ᠎ᠶᠢᠨ ᠲᠡᠮᠳᠡᠭ᠎ᠢ ᠭᠠᠵᠠᠷ᠎ᠤᠨ ᠨᠡᠷ᠎ᠡ᠎ᠶᠢᠨ ᠲᠡᠮᠳᠡᠭ ᠪᠠᠢᠷᠢᠯᠠᠭᠤᠯᠤᠭᠰᠠᠨ ᠰᠠᠯᠠᠭ᠎ᠠ ᠮᠥᠴᠢᠷ ᠪᠤᠶᠤ ᠨᠢᠭᠡᠴᠢ᠎ᠡᠴᠡ ᠬᠠᠷᠢᠭᠤᠴᠠᠨ᠎ᠠ;
(ᠬᠣᠶᠠᠷ) ᠵᠡᠭᠡᠯᠢ᠂ ᠵᠠᠮ᠂ ᠭᠤᠳᠤᠮᠵᠢ᠂ ᠵᠢᠮ᠎ᠤᠨ ᠭᠠᠵᠠᠷ᠎ᠤᠨ ᠨᠡᠷ᠎ᠡ᠎ᠶᠢᠨ ᠲᠡᠮᠳᠡᠭ᠎ᠢ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠢᠭᠠᠨ ᠲᠣᠭᠲᠠᠭᠠᠭᠰᠠᠨ ᠰᠠᠯᠠᠭ᠎ᠠ ᠮᠥᠴᠢᠷ᠎ᠡᠴᠡ ᠬᠠᠷᠢᠭᠤᠴᠠᠬᠤ᠎ᠶᠢᠨ ᠬᠠᠮᠲᠤ᠂ ᠭᠠᠵᠠᠷ᠎ᠤᠨ ᠨᠡᠷ᠎ᠡ᠎ᠶᠢᠨ ᠲᠡᠮᠳᠡᠭ᠎ᠢ ᠪᠠᠢᠷᠢᠯᠠᠭᠤᠯᠬᠤ᠎ᠡᠴᠡ ᠡᠮᠦᠨ᠎ᠡ ᠠᠳᠠᠯᠢ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠦᠨ ᠰᠠᠨᠠᠯ᠎ᠢ ᠬᠤᠷᠢᠶᠠᠬᠤ ᠬᠡᠷᠡᠭᠲᠡᠢ;
(ᠭᠤᠷᠪᠠ) ᠭᠠᠴᠠᠭ᠎ᠠ ᠲᠣᠰᠬᠣᠨ᠎ᠤ ᠠᠷᠠᠳ᠎ᠤᠨ ᠵᠥᠪᠯᠡᠯ᠂ ᠰᠠᠭᠤᠭᠠᠯᠢ ᠠᠷᠠᠳ᠎ᠤᠨ ᠵᠥᠪᠯᠡᠯ᠎ᠤᠨ ᠪᠠᠢᠭ᠎ᠠ ᠭᠠᠵᠠᠷ ᠪᠠ ᠠᠢᠯ ᠲᠣᠰᠬᠣᠨ᠎ᠤ ᠭᠠᠵᠠᠷ᠎ᠤᠨ ᠨᠡᠷ᠎ᠡ᠎ᠶᠢᠨ ᠲᠡᠮᠳᠡᠭ᠎ᠢ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠡᠴᠡ ᠬᠠᠷᠢᠭᠤᠴᠠᠨ᠎ᠠ;
(ᠳᠥᠷᠪᠡ) ᠴᠢᠬᠤᠯᠠ ᠭᠠᠵᠠᠷ ᠵᠦᠢ᠎ᠶᠢᠨ ᠣᠷᠣᠨ ᠪᠠᠢᠷᠢᠰᠢᠯ᠎ᠤᠨ ᠠᠴᠢ ᠬᠣᠯᠪᠣᠭᠳᠠᠯ᠎ᠲᠠᠢ ᠣᠷᠣᠨ ᠰᠠᠭᠤᠴᠠ᠎ᠶᠢᠨ ᠲᠣᠭᠣᠷᠢᠭ᠋᠂ ᠠᠰᠠᠷ᠎ᠤᠨ ᠭᠠᠵᠠᠷ᠎ᠤᠨ ᠨᠡᠷ᠎ᠡ᠎ᠶᠢᠨ ᠲᠡᠮᠳᠡᠭ᠎ᠢ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠂ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ ᠵᠡᠷᠭᠡ ᠰᠠᠯᠠᠭ᠎ᠠ ᠮᠥᠴᠢᠷ᠎ᠡᠴᠡ ᠬᠠᠷᠢᠭᠤᠴᠠᠨ᠎ᠠ ;
(ᠲᠠᠪᠤ) ᠪᠤᠰᠤᠳ ᠭᠠᠵᠠᠷ᠎ᠤᠨ ᠨᠡᠷ᠎ᠡ᠎ᠶᠢᠨ ᠲᠡᠮᠳᠡᠭ᠎ᠢ ᠠᠢᠮᠠᠭ᠎ᠤᠨ ᠵᠠᠬᠢᠷᠭ᠎ᠠ᠂ ᠲᠣᠭᠣᠷᠢᠭ᠋ ᠪᠠᠢᠭᠤᠯᠤᠭᠰᠠᠨ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ᠃
ᠠᠷᠪᠠᠨ ᠵᠢᠷᠭᠤᠳᠤᠭᠠᠷ ᠵᠦᠢᠯ ᠴᠢᠬᠤᠯᠠ ᠭᠠᠵᠠᠷ ᠵᠦᠢ᠎ᠶᠢᠨ ᠣᠷᠣᠨ ᠪᠠᠢᠷᠢᠰᠢᠯ᠎ᠤᠨ ᠠᠴᠢ ᠬᠣᠯᠪᠣᠭᠳᠠᠯ᠎ᠲᠠᠢ ᠣᠷᠣᠨ ᠰᠠᠭᠤᠴᠠ᠎ᠶᠢᠨ ᠲᠣᠭᠣᠷᠢᠭ᠋᠎ᠤᠨ ᠠᠰᠠᠷ᠎ᠤᠨ ᠡᠭᠦᠳᠡᠨ (ᠠᠰᠠᠷ)᠎ᠤ ᠫᠠᠢᠰᠠ᠎ᠶᠢᠨ ᠳ᠋ᠤᠭᠠᠷ᠎ᠢ ᠠᠢᠮᠠᠭ᠎ᠤᠨ ᠵᠠᠬᠢᠷᠭ᠎ᠠ᠂ ᠲᠣᠭᠣᠷᠢᠭ᠋ ᠪᠠᠢᠭᠤᠯᠤᠭᠰᠠᠨ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠡᠴᠡ ᠬᠣᠯᠪᠣᠭᠳᠠᠯ ᠪᠦᠬᠦᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ ᠵᠣᠬᠢᠶᠠᠨ ᠪᠠᠢᠭᠤᠯᠵᠤ ᠡᠮᠬᠢᠯᠡᠨ ᠵᠢᠭ᠍ᠰᠠᠭᠠᠬᠤ ᠬᠡᠷᠡᠭᠲᠡᠢ᠃
ᠠᠷᠪᠠᠨ ᠳᠣᠯᠣᠳᠤᠭᠠᠷ ᠵᠦᠢᠯ ᠭᠠᠵᠠᠷ᠎ᠤᠨ ᠨᠡᠷ᠎ᠡ᠎ᠶᠢᠨ ᠲᠡᠮᠳᠡᠭᠲᠦ ᠳᠣᠣᠷ᠎ᠠ ᠵᠢᠭ᠍ᠰᠠᠭᠠᠭᠰᠠᠨ ᠪᠠᠢᠳᠠᠯ᠎ᠤᠨ ᠨᠢᠭᠡ ᠨᠢ ᠪᠠᠢᠪᠠᠯ᠂ ᠭᠠᠵᠠᠷ᠎ᠤᠨ ᠨᠡᠷ᠎ᠡ᠎ᠶᠢᠨ ᠲᠡᠮᠳᠡᠭ᠎ᠢ ᠪᠠᠢᠷᠢᠯᠠᠭᠤᠯᠬᠤ᠂ ᠬᠠᠮᠠᠭᠠᠯᠠᠬᠤ ᠪᠠ ᠬᠠᠮᠢᠶᠠᠷᠬᠤ ᠨᠢᠭᠡᠴᠢ ᠨᠢ ᠴᠠᠭ ᠲᠤᠬᠠᠢ᠎ᠳᠤ ᠨᠢ ᠵᠠᠯᠠᠷᠠᠭᠤᠯᠬᠤ᠂ ᠬᠠᠮᠠᠭᠠᠯᠠᠬᠤ ᠪᠤᠶᠤ ᠰᠢᠨᠡᠳᠬᠡᠬᠦ ᠬᠡᠷᠡᠭᠲᠡᠢ᠄
(ᠨᠢᠭᠡ) ᠪᠠᠷᠢᠮᠵᠢᠶᠠᠲᠤ ᠭᠠᠵᠠᠷ᠎ᠤᠨ ᠨᠡᠷ᠎ᠡ ᠪᠤᠶᠤ ᠶᠠᠩᠵᠤ᠎ᠶᠢ ᠬᠡᠷᠡᠭᠯᠡᠭᠰᠡᠨ ᠦᠭᠡᠢ᠂ ᠲᠡᠮᠳᠡᠭᠯᠡᠵᠦ ᠪᠢᠴᠢᠭᠰᠡᠨ ᠪᠤᠶᠤ ᠠᠪᠢᠶᠠᠴᠢᠯᠠᠨ ᠪᠢᠴᠢᠭᠰᠡᠨ ᠨᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠣᠭᠲᠠᠭᠠᠯ᠎ᠳᠦ ᠨᠡᠢᠴᠡᠬᠦ ᠦᠭᠡᠢ;
(ᠬᠣᠶᠠᠷ) ᠬᠡᠪᠯᠡᠯ᠎ᠦᠨ ᠨᠢᠭᠤᠷ ᠨᠢ ᠥᠩᠭᠡ ᠨᠢ ᠤᠨᠠᠭᠰᠠᠨ ᠪᠤᠶᠤ ᠪᠠᠯᠠᠯᠤᠭᠳᠠᠨ ᠵᠠᠰᠠᠭᠳᠠᠭᠰᠠᠨ᠂ ᠬᠠᠯᠬᠠᠯᠠᠭᠳᠠᠭᠰᠠᠨ᠂ ᠪᠢᠴᠢᠯᠭᠡ ᠨᠢ ᠪᠠᠯᠠᠷᠠᠭᠰᠠᠨ᠂ ᠳᠤᠲᠠᠭᠤ ᠳᠣᠷᠭᠣᠨ ᠪᠣᠯᠤᠭᠰᠠᠨ;
(ᠭᠤᠷᠪᠠ) ᠡᠪᠳᠡᠷᠡᠵᠦ ᠡᠯᠡᠭᠳᠡᠭᠰᠡᠨ᠂ ᠭᠭᠢᠷᠲᠦᠵᠦ ᠰᠦᠢᠳᠦᠭᠰᠡᠨ ᠪᠤᠶᠤ ᠠᠮᠤᠷ ᠲᠦᠪᠰᠢᠨ ᠪᠤᠰᠤ ᠲᠠᠯᠳᠡ ᠭᠡᠮ ᠣᠷᠣᠰᠢᠵᠤ ᠪᠠᠢᠬᠤ;
(ᠳᠥᠷᠪᠡ) ᠣᠷᠣᠨ ᠪᠠᠢᠷᠢ᠎ᠶᠢ ᠪᠤᠷᠤᠭᠤ ᠵᠢᠭᠠᠭᠰᠠᠨ ᠪᠤᠶᠤ ᠪᠠᠢᠷᠢᠯᠠᠭᠤᠯᠵᠤ ᠲᠠᠯᠪᠢᠭ᠍ᠰᠠᠨ ᠣᠷᠣᠨ ᠪᠠᠢᠷᠢ ᠨᠢ ᠵᠣᠬᠢᠰ ᠦᠭᠡᠢ;
(ᠲᠠᠪᠤ) ᠭᠠᠵᠠᠷ᠎ᠤᠨ ᠨᠡᠷ᠎ᠡ᠎ᠶᠢ ᠬᠠᠯᠠᠭᠰᠠᠨ ᠪᠣᠯᠪᠠᠴᠤ ᠭᠠᠵᠠᠷ᠎ᠤᠨ ᠨᠡᠷ᠎ᠡ᠎ᠶᠢᠨ ᠲᠡᠮᠳᠡᠭ᠎ᠢ ᠨᠢ ᠡᠰᠡ ᠬᠤᠪᠢᠷᠠᠭᠤᠯᠤᠭᠰᠠᠨ;
(ᠵᠢᠷᠭᠤᠭ᠎ᠠ) ᠴᠠᠭ ᠲᠤᠬᠠᠢ᠎ᠳᠤ ᠨᠢ ᠵᠠᠯᠠᠷᠠᠭᠤᠯᠬᠤ᠂ ᠬᠠᠮᠠᠭᠠᠯᠠᠬᠤ ᠪᠤᠶᠤ ᠰᠢᠨᠡᠳᠬᠡᠬᠦ ᠴᠢᠬᠤᠯᠠᠲᠠᠢ ᠪᠤᠰᠤᠳ ᠪᠠᠢᠳᠠᠯ᠃
ᠠᠷᠪᠠᠨ ᠨᠠᠢ᠍ᠮᠠᠳᠤᠭᠠᠷ ᠵᠦᠢᠯ ᠶᠠᠮᠠᠷᠪᠠ ᠵᠣᠬᠢᠶᠠᠨ ᠪᠠᠢᠭᠤᠯᠤᠯᠲᠠ ᠪᠠ ᠬᠤᠪᠢ ᠬᠥᠮᠥᠨ ᠭᠡᠳ ᠭᠠᠵᠠᠷ᠎ᠤᠨ ᠨᠡᠷ᠎ᠡ᠎ᠶᠢᠨ ᠲᠡᠮᠳᠡᠭ᠎ᠢ ᠳᠤᠷ᠎ᠠ᠎ᠪᠠᠷ᠎ᠢᠶᠠᠨ ᠪᠠᠢᠷᠢᠯᠠᠭᠤᠯᠵᠤ᠂ ᠨᠤᠷᠠᠭᠠᠵᠤ᠂ ᠰᠢᠯᠵᠢᠭᠦᠯᠵᠦ᠂ ᠪᠠᠯᠠᠯᠤᠨ ᠵᠠᠰᠠᠵᠤ᠂ ᠬᠠᠯᠬᠠᠯᠠᠵᠤ᠂ ᠡᠪᠳᠡᠨ ᠰᠦᠢᠳᠬᠡᠵᠦ ᠪᠣᠯᠬᠤ ᠦᠭᠡᠢ᠃
ᠪᠠᠷᠢᠯᠭ᠎ᠠ ᠪᠠᠷᠢᠬᠤ ᠵᠡᠷᠭᠡ ᠰᠢᠯᠲᠠᠭᠠᠨ᠎ᠠᠴᠠ ᠪᠣᠯᠵᠤ ᠭᠠᠵᠠᠷ᠎ᠤᠨ ᠨᠡᠷ᠎ᠡ᠎ᠶᠢᠨ ᠲᠡᠮᠳᠡᠭ᠎ᠢ ᠦᠨᠡᠬᠡᠷ ᠨᠤᠷᠠᠭᠠᠬᠤ᠂ ᠰᠢᠯᠵᠢᠭᠦᠯᠬᠦ ᠴᠢᠬᠤᠯᠠᠲᠠᠢ ᠪᠠᠢᠪᠠᠯ᠂ ᠭᠠᠵᠠᠷ᠎ᠤᠨ ᠨᠡᠷ᠎ᠡ᠎ᠶᠢᠨ ᠲᠡᠮᠳᠡᠭ ᠪᠠᠢᠷᠢᠯᠠᠭᠤᠯᠤᠭᠰᠠᠨ ᠰᠠᠯᠠᠭ᠎ᠠ ᠮᠥᠴᠢᠷ ᠪᠤᠶᠤ ᠨᠢᠭᠡᠴᠢ᠎ᠶᠢᠨ ᠰᠠᠨᠠᠯ᠎ᠢ ᠤᠷᠢᠳ᠎ᠢᠶᠠᠷ ᠬᠤᠷᠢᠶᠠᠬᠤ᠎ᠶᠢᠨ ᠬᠠᠮᠲᠤ᠂ ᠪᠠᠷᠢᠯᠭ᠎ᠠ ᠳᠠᠭᠤᠰᠴᠤ ᠰᠢᠯᠭᠠᠨ ᠬᠤᠷᠢᠶᠠᠬᠤ᠎ᠠᠴᠠ ᠡᠮᠦᠨ᠎ᠡ ᠤᠤᠯ᠎ᠤᠨ ᠪᠠᠢᠳᠠᠯ᠎ᠢ ᠨᠢ ᠰᠡᠷᠭᠦᠭᠡᠵᠦ ᠥᠭᠬᠦ ᠬᠡᠷᠡᠭᠲᠡᠢ; ᠤᠤᠯ᠎ᠤᠨ ᠪᠠᠢᠳᠠᠯ᠎ᠢ ᠨᠢ ᠰᠡᠷᠭᠦᠭᠡᠬᠦ᠎ᠶᠢᠨ ᠠᠷᠭ᠎ᠠ ᠦᠭᠡᠢ ᠪᠠᠢᠪᠠᠯ᠂ ᠭᠠᠵᠠᠷ᠎ᠤᠨ ᠨᠡᠷ᠎ᠡ᠎ᠶᠢᠨ ᠲᠡᠮᠳᠡᠭ ᠪᠠᠢᠷᠢᠯᠠᠭᠤᠯᠤᠭᠰᠠᠨ ᠰᠠᠯᠠᠭ᠎ᠠ ᠮᠥᠴᠢᠷ ᠪᠤᠶᠤ ᠨᠢᠭᠡᠴᠢ᠎ᠲᠠᠢ ᠵᠥᠪᠳᠡᠯᠴᠡᠵᠦ᠂ ᠭᠠᠵᠠᠷ᠎ᠤᠨ ᠨᠡᠷ᠎ᠡ᠎ᠶᠢᠨ ᠲᠡᠮᠳᠡᠭ᠎ᠢ ᠳᠠᠬᠢᠵᠤ ᠪᠠᠢᠷᠢᠯᠠᠭᠤᠯᠬᠤ ᠬᠡᠷᠡᠭᠲᠡᠢ᠃
ᠭᠠᠵᠠᠷ᠎ᠤᠨ ᠨᠡᠷ᠎ᠡ᠎ᠶᠢ ᠬᠠᠯᠠᠭᠰᠠᠨ᠂ ᠬᠠᠰᠤᠭᠰᠠᠨ ᠪᠠᠢᠪᠠᠯ᠂ ᠤᠤᠯ᠎ᠤᠨ ᠭᠠᠵᠠᠷ᠎ᠤᠨ ᠨᠡᠷ᠎ᠡ᠎ᠶᠢᠨ ᠲᠡᠮᠳᠡᠭ ᠪᠠᠢᠷᠢᠯᠠᠭᠤᠯᠤᠭᠰᠠᠨ ᠰᠠᠯᠠᠭ᠎ᠠ ᠮᠥᠴᠢᠷ ᠪᠤᠶᠤ ᠨᠢᠭᠡᠴᠢ ᠨᠢ ᠵᠥᠪᠰᠢᠶᠡᠷᠡᠭᠰᠡᠨ ᠲᠣᠭᠲᠠᠭᠠᠯ᠎ᠢ ᠭᠠᠷᠭᠠᠭᠰᠠᠨ ᠪᠤᠶᠤ ᠣᠯᠣᠭᠰᠠᠨ ᠡᠳᠦᠷ᠎ᠡᠴᠡ ᠡᠬᠢᠯᠡᠵᠦ ᠵᠢᠷᠠᠨ ᠡᠳᠦᠷ᠎ᠦᠨ ᠳᠣᠲᠣᠷ᠎ᠠ ᠤᠤᠯ ᠭᠠᠵᠠᠷ᠎ᠤᠨ ᠨᠡᠷ᠎ᠡ᠎ᠶᠢᠨ ᠲᠡᠮᠳᠡᠭ᠎ᠢ ᠨᠢ ᠰᠣᠯᠢᠬᠤ ᠪᠤᠶᠤ ᠠᠪᠴᠤ ᠬᠠᠶᠠᠬᠤ ᠬᠡᠷᠡᠭᠲᠡᠢ᠃
ᠠᠷᠪᠠ ᠶᠢᠰᠦᠳᠦᠭᠡᠷ ᠵᠦᠢᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ ᠨᠢ ᠭᠠᠵᠠᠷ᠎ᠤᠨ ᠨᠡᠷ᠎ᠡ᠎ᠶᠢᠨ ᠰᠣᠶᠣᠯ᠎ᠤᠨ ᠬᠠᠮᠠᠭᠠᠯᠠᠯᠲᠠ᠎ᠶᠢ ᠴᠢᠩᠭᠠᠳᠬᠠᠨ᠂ ᠲᠤᠰ ᠭᠠᠵᠠᠷ ᠣᠷᠣᠨ᠎ᠤ ᠭᠠᠵᠠᠷ᠎ᠤᠨ ᠨᠡᠷ᠎ᠡ᠎ᠶᠢᠨ ᠰᠣᠶᠣᠯ᠎ᠤᠨ ᠡᠬᠢ ᠪᠠᠶᠠᠯᠢᠭ᠋᠎ᠢ ᠰᠤᠳᠤᠯᠬᠤ᠂ ᠤᠯᠠᠮᠵᠢᠯᠠᠨ ᠵᠠᠯᠭᠠᠮᠵᠢᠯᠠᠬᠤ ᠪᠠ ᠵᠦᠢ ᠵᠣᠬᠢᠰᠲᠠᠢ ᠠᠰᠢᠭ᠍ᠯᠠᠬᠤ ᠠᠵᠢᠯ᠎ᠢ ᠵᠣᠬᠢᠶᠠᠨ ᠪᠠᠢᠭᠤᠯᠵᠤ᠂ ᠭᠠᠵᠠᠷ᠎ᠤᠨ ᠨᠡᠷ᠎ᠡ᠎ᠶᠢᠨ ᠰᠣᠶᠣᠯ᠎ᠤᠨ ᠨᠡᠢᠳᠡ᠎ᠶᠢᠨ ᠠᠰᠠᠷᠠᠮᠵᠢ᠎ᠶᠢᠨ ᠤᠬᠠᠭᠤᠯᠭ᠎ᠠ᠎ᠶᠢ ᠥᠷᠨᠢᠭᠦᠯᠬᠦ ᠬᠡᠷᠡᠭᠲᠡᠢ᠃
ᠶᠡᠬᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ᠎ᠤ ᠰᠤᠳᠤᠯᠤᠯ᠎ᠤᠨ ᠪᠠᠢᠭᠤᠯᠤᠮᠵᠢ᠂ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ᠂ ᠨᠡᠢᠭᠡᠮ᠎ᠦᠨ ᠵᠣᠬᠢᠶᠠᠨ ᠪᠠᠢᠭᠤᠯᠤᠯᠲᠠ ᠪᠠ ᠬᠤᠪᠢ ᠬᠥᠮᠥᠨ᠎ᠦ ᠭᠠᠵᠠᠷ᠎ᠤᠨ ᠨᠡᠷ᠎ᠡ᠎ᠶᠢᠨ ᠰᠣᠶᠣᠯ᠎ᠢ ᠬᠠᠮᠠᠭᠠᠯᠠᠬᠤ᠂ ᠰᠤᠳᠤᠯᠬᠤ ᠪᠠ ᠲᠣᠳᠣᠷᠬᠠᠢᠯᠠᠨ ᠲᠠᠢᠯᠪᠤᠷᠢᠯᠠᠬᠤ᠎ᠳᠤ ᠣᠷᠣᠯᠴᠠᠬᠤ ᠪᠠ ᠭᠠᠵᠠᠷ᠎ᠤᠨ ᠨᠡᠷ᠎ᠡ᠎ᠶᠢᠨ ᠰᠣᠶᠣᠯ᠎ᠤᠨ ᠪᠦᠲᠦᠭᠡᠭᠳᠡᠬᠦᠨ ᠨᠡᠭᠡᠭᠡᠨ ᠬᠥᠭᠵᠢᠭᠦᠯᠬᠦ᠎ᠶᠢ ᠨᠢ ᠵᠣᠷᠢᠭ᠍ᠵᠢᠭᠤᠯᠵᠤ᠂ ᠭᠠᠵᠠᠷ᠎ᠤᠨ ᠨᠡᠷ᠎ᠡ᠎ᠶᠢᠨ ᠰᠣᠶᠣᠯ᠎ᠢ ᠲᠦᠭᠡᠮᠡᠯᠵᠢᠭᠦᠯᠬᠦ ᠪᠠ ᠤᠯᠠᠮᠵᠢᠯᠠᠨ ᠵᠠᠯᠭᠠᠮᠵᠢᠯᠠᠵᠤ ᠰᠢᠨ᠎ᠡ᠎ᠶᠢ ᠡᠭᠦᠳᠬᠦ᠎ᠶᠢ ᠠᠬᠢᠭᠤᠯᠤᠨ᠎ᠠ᠃
ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠰᠡᠳᠬᠦᠯ᠂ ᠰᠦᠯᠵᠢᠶ᠎ᠡ ᠵᠡᠷᠭᠡ ᠰᠣᠨᠢᠨ ᠮᠡᠳᠡᠭᠡᠨ᠎ᠦ ᠵᠠᠭᠤᠴᠢᠯᠠᠭᠤᠷ᠎ᠤᠨ ᠭᠠᠵᠠᠷ᠎ᠤᠨ ᠨᠡᠷ᠎ᠡ᠎ᠶᠢᠨ ᠰᠣᠶᠣᠯ᠎ᠤᠨ ᠨᠡᠶ᠋ᠢᠲᠡ᠎ᠶᠢᠨ ᠠᠰᠠᠷᠠᠮᠵᠢ᠎ᠶᠢᠨ ᠤᠬᠠᠭᠤᠯᠭ᠎ᠠ ᠥᠷᠨᠢᠭᠦᠯᠬᠦ᠎ᠶᠢ ᠵᠣᠷᠢᠭ᠍ᠵᠢᠭᠤᠯᠤᠨ᠎ᠠ᠃
ᠮᠦᠽᠧᠢ᠂ ᠨᠣᠮ᠎ᠤᠨ ᠰᠠᠩ᠂ ᠰᠣᠶᠣᠯ᠎ᠤᠨ ᠣᠷᠳᠣᠨ ᠵᠡᠷᠭᠡ ᠤᠯᠠᠨ ᠨᠡᠢᠳᠡ᠎ᠶᠢᠨ ᠰᠣᠶᠣᠯ᠎ᠤᠨ ᠪᠡᠯᠡᠳᠬᠡᠮᠵᠢ᠎ᠳᠤ ᠭᠠᠵᠠᠷ᠎ᠤᠨ ᠨᠡᠷ᠎ᠡ᠎ᠶᠢᠨ ᠰᠣᠶᠣᠯ᠎ᠢ ᠳᠡᠯᠭᠡᠨ ᠦᠵᠡᠭᠦᠯᠬᠦ ᠪᠠ ᠤᠯᠠᠮᠵᠢᠯᠠᠨ ᠳᠡᠯᠭᠡᠷᠡᠭᠦᠯᠬᠦ᠎ᠶᠢ ᠵᠣᠷᠢᠭ᠍ᠵᠢᠭᠤᠯᠤᠨ᠎ᠠ᠃
ᠬᠣᠷᠢᠳᠤᠭᠠᠷ ᠵᠦᠢᠯ ᠬᠣᠰᠢᠭᠤ ᠰᠢᠶᠠᠨ᠎ᠤ ᠱᠠᠲᠤᠨ᠎ᠡᠴᠡ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠨᠢ ᠲᠣᠰ ᠵᠠᠰᠠᠭ ᠵᠠᠬᠢᠷᠭᠠᠨ᠎ᠤ ᠣᠷᠣᠨ ᠬᠡᠪᠴᠢᠶᠡᠨ᠎ᠤ᠎ᠪᠠᠨ ᠲᠡᠦᠬᠡ ᠰᠣᠶᠣᠯ᠎ᠤᠨ ᠴᠢᠬᠤᠯᠠ ᠦᠨ᠎ᠡ ᠥᠷᠲᠡᠭ᠎ᠲᠠᠢ᠂ ᠳᠤᠮᠳᠠᠳᠤ᠎ᠶᠢᠨ ᠲᠡᠦᠬᠡ ᠰᠣᠶᠣᠯ᠎ᠤᠨ ᠤᠯᠪᠠᠭ᠎ᠠ᠎ᠶᠢ ᠢᠯᠡᠷᠡᠭᠦᠯᠦᠭᠰᠡᠨ ᠪᠠ ᠤᠮᠠᠷᠠᠲᠤ ᠬᠢᠵᠠᠭᠠᠷ᠎ᠤᠨ ᠰᠣᠶᠣᠯ᠎ᠢ ᠢᠯᠡ ᠲᠣᠳᠣ᠌ ᠬᠠᠷᠠᠭᠤᠯᠤᠭᠰᠠᠨ ᠭᠠᠵᠠᠷ᠎ᠤᠨ ᠨᠡᠷᠡᠳᠤ ᠨᠡᠢᠳᠡᠮ ᠪᠠᠢᠴᠠᠭᠠᠯᠲᠠ ᠬᠢᠵᠦ᠂ ᠴᠤᠭᠯᠠᠭᠤᠯᠬᠤ᠂ ᠲᠡᠮᠳᠡᠭᠯᠡᠬᠦ᠂ ᠪᠦᠷᠢᠳᠬᠡᠬᠦ ᠵᠡᠷᠭᠡ ᠠᠵᠢᠯ᠎ᠢ ᠰᠠᠢᠲᠤᠷ ᠬᠢᠵᠦ᠂ ᠨᠥᠬᠥᠴᠡᠯ᠎ᠳᠦ ᠨᠡᠢᠴᠡᠭᠰᠡᠨ ᠲᠡᠦᠬᠡᠨ ᠭᠠᠵᠠᠷ᠎ᠤᠨ ᠨᠡᠷ᠎ᠡ᠂ ᠬᠤᠪᠢᠰᠬᠠᠯ᠎ᠤᠨ ᠭᠠᠵᠠᠷ᠎ᠤᠨ ᠨᠡᠷ᠎ᠡ᠂ ᠭᠠᠵᠠᠷ᠎ᠤᠨ ᠨᠡᠷ᠎ᠡ᠎ᠶᠢᠨ ᠰᠣᠶᠣᠯ᠎ᠤᠨ ᠥᠪ ᠬᠥᠷᠥᠩᠭᠡ᠎ᠶᠢᠨ ᠲᠥᠷᠥᠯ᠎ᠦᠨ ᠭᠠᠵᠠᠷ᠎ᠤᠨ ᠨᠡᠷ᠎ᠡ ᠵᠡᠷᠭᠡ᠎ᠶᠢ ᠭᠠᠵᠠᠷ᠎ᠤᠨ ᠨᠡᠷ᠎ᠡ᠎ᠶᠢᠨ ᠬᠠᠮᠠᠭᠠᠯᠠᠯᠲᠠ᠎ᠶᠢᠨ ᠨᠡᠷᠡᠰ᠎ᠦᠨ ᠵᠢᠭ᠍ᠰᠠᠭᠠᠯᠲᠠ᠎ᠳᠤ ᠵᠢᠭ᠍ᠰᠠᠭᠠᠨ ᠣᠷᠣᠭᠤᠯᠬᠤ᠎ᠶᠢᠨ ᠬᠠᠮᠲᠤ ᠨᠡᠢᠭᠡᠮ᠎ᠳᠦ ᠨᠡᠢᠲᠡᠯᠡᠨ᠎ᠡ᠃
ᠬᠣᠷᠢᠨ ᠨᠢᠭᠡᠳᠦᠭᠡᠷ ᠵᠦᠢᠯ ᠭᠠᠵᠠᠷ᠎ᠤᠨ ᠨᠡᠷ᠎ᠡ᠎ᠶᠢᠨ ᠬᠠᠮᠠᠭᠠᠯᠠᠯᠲᠠ᠎ᠶᠢᠨ ᠨᠡᠷᠡᠰ᠎ᠤᠨ ᠵᠢᠭ᠍ᠰᠠᠭᠠᠯᠲᠠ᠎ᠳᠦ ᠵᠢᠭ᠍ᠰᠠᠭᠠᠨ ᠣᠷᠣᠭᠤᠯᠤᠭᠰᠠᠨ ᠭᠠᠵᠠᠷ᠎ᠤᠨ ᠨᠡᠷ᠎ᠡ᠎ᠶᠢ ᠦᠨᠡᠨ ᠬᠦ᠌ ᠬᠠᠯᠠᠬᠤ ᠴᠢᠬᠤᠯᠠᠲᠠᠢ ᠪᠣᠯ᠂ ᠪᠠᠢᠭ᠎ᠠ ᠭᠠᠵᠠᠷ᠎ᠤᠨ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠨᠢ ᠵᠣᠬᠢᠴᠠᠩᠭᠤᠢ ᠬᠠᠮᠠᠭᠠᠯᠠᠬᠤ ᠠᠷᠭ᠎ᠠ ᠬᠡᠮᠵᠢᠶ᠎ᠡ᠎ᠶᠢ ᠤᠷᠢᠳ᠎ᠢᠶᠠᠷ ᠲᠣᠭᠲᠠᠭᠠᠬᠤ ᠬᠡᠷᠡᠭᠲᠡᠢ᠃
ᠭᠠᠵᠠᠷ᠎ᠤᠨ ᠨᠡᠷ᠎ᠡ᠎ᠶᠢᠨ ᠬᠠᠮᠠᠭᠠᠯᠠᠯᠲᠠ᠎ᠶᠢᠨ ᠨᠡᠷᠡᠰ᠎ᠦᠨ ᠵᠢᠭ᠍ᠰᠠᠭᠠᠯᠲᠠ᠎ᠳᠠᠬᠢ ᠥᠩᠭᠡᠷᠡᠭᠰᠡᠨ᠎ᠳᠦ ᠬᠡᠷᠡᠭᠯᠡᠵᠦ ᠪᠠᠢᠭᠰᠠᠨ ᠪᠣᠯᠪᠠᠴᠤ ᠨᠢᠭᠡᠨᠲᠡ ᠬᠡᠷᠡᠭᠯᠡᠬᠦ᠎ᠪᠡᠨ ᠪᠣᠯᠢᠭ᠍ᠰᠠᠨ ᠭᠠᠵᠠᠷ᠎ᠤᠨ ᠨᠡᠷ᠎ᠡ᠎ᠶᠢ ᠪᠣᠯ ᠭᠠᠵᠠᠷ ᠵᠦᠢ᠎ᠶᠢᠨ ᠪᠣᠳᠠᠲᠤ ᠴᠣᠭᠴᠠ᠎ᠶᠢ ᠤᠭ ᠭᠠᠵᠠᠷ᠎ᠲᠤ ᠨᠢ ᠳᠠᠬᠢᠨ ᠪᠠᠶ᠋ᠢᠭᠤᠯᠬᠤ᠂ ᠨᠡᠭᠦᠯᠭᠡᠭᠰᠡᠨᠦ ᠳᠠᠷᠠᠭ᠎ᠠ ᠨᠡᠷᠡᠢᠳᠬᠦ᠎ᠳᠦ ᠤᠷᠢᠳ᠎ᠢᠶᠠᠷ ᠬᠡᠷᠡᠭᠯᠡᠵᠦ᠂ ᠡᠰᠡᠬᠦᠯ᠎ᠡ ᠭᠠᠵᠠᠷ᠎ᠤᠨ ᠨᠡᠷ᠎ᠡ᠎ᠶᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ᠎ᠳᠤ ᠠᠰᠢᠭ᠍ᠲᠠᠢ ᠪᠠᠢᠯᠭᠠᠬᠤ᠂ ᠨᠤᠲᠤᠭ ᠪᠦᠰᠡ᠎ᠪᠠᠷ ᠣᠢᠷᠠᠬᠠᠨ ᠪᠠᠢᠯᠭᠠᠬᠤ ᠵᠠᠷᠴᠢᠮ ᠶᠣᠰᠣᠭᠠᠷ ᠭᠠᠵᠠᠷ᠎ᠤᠨ ᠨᠡᠷ᠎ᠡ᠎ᠶᠢ ᠨᠡᠷᠡᠢᠳᠬᠦ᠂ ᠬᠠᠯᠠᠬᠤ᠎ᠳᠤ ᠡᠬᠢᠯᠡᠭᠦᠯᠦᠨ ᠬᠡᠷᠡᠭᠯᠡᠨ᠎ᠡ᠃
ᠬᠣᠷᠢᠨ ᠬᠣᠶᠠᠳᠤᠭᠠᠷ ᠵᠦᠢᠯ ᠬᠣᠰᠢᠭᠤ ᠰᠢᠶᠠᠨ᠎ᠤ ᠱᠠᠲᠤᠨ᠎ᠡᠴᠡ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠨᠢ ᠭᠠᠵᠠᠷ᠎ᠤᠨ ᠨᠡᠷ᠎ᠡ᠎ᠶᠢᠨ ᠭᠠᠵᠠᠷ ᠵᠦᠢ᠎ᠶᠢᠨ ᠲᠡᠮᠳᠡᠭ᠎ᠤᠨ ᠴᠢᠳᠠᠮᠵᠢ᠎ᠶᠢ ᠪᠠᠳᠠᠷᠠᠭᠤᠯᠵᠤ᠂ ᠬᠥᠳᠡᠭᠡ ᠲᠣᠰᠬᠣᠨ᠎ᠤ ᠠᠵᠤ ᠦᠢᠯᠡᠰ᠎ᠦᠨ ᠨᠠᠷᠠᠲᠤ ᠲᠡᠮᠳᠡᠭ᠎ᠦᠨ ᠤᠬᠠᠭᠤᠯᠭ᠎ᠠ᠎ᠳᠤ ᠭᠠᠵᠠᠷ᠎ᠤᠨ ᠨᠡᠷ᠎ᠡ᠎ᠶᠢᠨ ᠡᠯᠧᠮᠧᠨ᠋ᠲ᠎ᠢ ᠠᠭᠤᠰᠬᠠᠬᠤ᠎ᠶᠢ ᠵᠣᠷᠢᠭ᠍ᠵᠢᠭᠤᠯᠤᠨ ᠳᠡᠮᠵᠢᠵᠦ᠂ ᠲᠣᠰ ᠭᠠᠵᠠᠷ ᠣᠷᠣᠨ᠎ᠤ ᠴᠢᠨᠠᠷ ᠰᠠᠢᠲᠠᠢ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ᠋ ᠰᠢᠮ᠎ᠡ᠂ ᠵᠢᠭᠤᠯᠴᠢᠯᠠᠯ᠎ᠤᠨ ᠦᠢᠯᠡᠴᠢᠯᠡᠭᠡᠨ᠎ᠦ ᠡᠬᠢ ᠪᠠᠶᠠᠯᠢᠭ᠋ ᠵᠡᠷᠭᠡ᠎ᠶᠢ ᠤᠬᠠᠭᠤᠯᠤᠨ ᠳᠡᠯᠭᠡᠷᠡᠭᠦᠯᠬᠦ᠎ᠳᠦ ᠬᠦᠴᠦᠨ ᠨᠡᠮᠡᠷᠢᠯᠡᠬᠦ ᠬᠡᠷᠡᠭᠲᠡᠢ᠃
ᠬᠣᠷᠢᠨ ᠭᠤᠷᠪᠠᠳᠤᠭᠠᠷ ᠵᠦᠢᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠂ ᠣᠷᠣᠨ ᠰᠠᠭᠤᠴᠠ ᠪᠠ ᠬᠤᠳᠠ ᠬᠥᠳᠡᠭᠡ᠎ᠶᠢᠨ ᠪᠦᠲᠦᠭᠡᠨ ᠪᠠᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠰᠠᠯᠠᠭ᠎ᠠ ᠮᠥᠴᠢᠷ ᠨᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠭᠠᠵᠠᠷ᠎ᠤᠨ ᠨᠡᠷ᠎ᠡ᠎ᠶᠢᠨ ᠲᠠᠨᠭᠰᠠ ᠡᠪᠬᠡᠮᠡᠯ᠎ᠤᠨ ᠬᠠᠮᠢᠶᠠᠷᠤᠯᠲᠠ᠎ᠪᠠᠨ ᠴᠢᠩᠭᠠᠳᠬᠠᠵᠤ᠂ ᠭᠠᠵᠠᠷ᠎ᠤᠨ ᠨᠡᠷ᠎ᠡ᠎ᠶᠢᠨ ᠲᠠᠨᠭᠰᠠ ᠡᠪᠬᠡᠮᠡᠯ᠎ᠢ ᠲᠤᠰ ᠨᠢᠭᠡᠴᠢ᠎ᠶᠢᠨ ᠲᠠᠨᠭᠰᠠ ᠡᠪᠬᠡᠮᠡᠯ᠎ᠤᠨ ᠪᠥᠬᠥ ᠡᠪᠬᠡᠮᠡᠯ᠎ᠳᠦ ᠣᠷᠣᠭᠤᠯᠵᠤ ᠵᠢᠷᠤᠮᠵᠢᠭᠤᠯᠤᠨ ᠬᠠᠮᠢᠶᠠᠷᠬᠤ ᠬᠡᠷᠡᠭᠲᠡᠢ᠃
ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠨᠢ ᠤᠯᠤᠰ᠎ᠤᠨ ᠭᠠᠵᠠᠷ᠎ᠤᠨ ᠨᠡᠷ᠎ᠡ᠎ᠶᠢᠨ ᠨᠡᠢᠳᠡᠮ ᠪᠠᠢᠴᠠᠭᠠᠯᠲᠠ᠎ᠶᠢᠨ ᠳ᠋ᠠᠢᠲ᠋ᠠ᠎ᠶᠢᠨ ᠦᠷ᠎ᠡ ᠪᠦᠲᠦᠭᠡᠯ᠎ᠢ ᠴᠠᠭ ᠲᠤᠬᠠᠢ᠎ᠳᠦ ᠨᠢ ᠡᠮᠬᠢᠯᠡᠨ ᠲᠠᠨᠭᠰᠠ ᠡᠪᠬᠡᠮᠡᠯ᠎ᠳᠦ ᠣᠷᠣᠭᠤᠯᠬᠤ᠎ᠶᠢᠨ ᠬᠠᠮᠲᠤ᠂ ᠵᠢᠷᠤᠭ᠂ ᠲᠡᠮᠳᠡᠭᠯᠡᠯ᠂ ᠲᠣᠯᠢ᠂ ᠣᠢᠯᠠᠯᠭ᠎ᠠ ᠵᠡᠷᠭᠡ᠎ᠶᠢ ᠨᠠᠢᠷᠠᠭᠤᠯᠬᠤ ᠬᠡᠷᠡᠭᠲᠡᠢ᠃
ᠬᠣᠷᠢᠨ ᠳᠥᠷᠪᠡᠳᠦᠭᠡᠷ ᠵᠦᠢᠯ ᠬᠣᠰᠢᠭᠤ ᠰᠢᠶᠠᠨ᠎ᠤ ᠱᠠᠲᠤᠨ᠎ᠡᠴᠡ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠪᠣᠯ ᠭᠠᠵᠠᠷ᠎ᠤᠨ ᠨᠡᠷ᠎ᠡ᠎ᠶᠢᠨ ᠳ᠋ᠠᠢᠲ᠋ᠠ᠎ᠶᠢᠨ ᠳ᠋ᠠᠢᠲ᠋ᠠ᠎ᠶᠢᠨ ᠢᠷᠡᠯᠲᠡ᠎ᠶᠢᠨ ᠰᠠᠯᠠᠭ᠎ᠠ ᠮᠥᠴᠢᠷ ᠪᠠᠢᠵᠤ᠂ ᠭᠠᠵᠠᠷ᠎ᠤᠨ ᠨᠡᠷ᠎ᠡ᠎ᠶᠢᠨ ᠳ᠋ᠠᠢᠲ᠋ᠠ᠎ᠶᠢᠨ ᠪᠠᠷᠢᠮᠵᠢᠶ᠎ᠠ᠎ᠶᠢ ᠨᠢᠭᠡᠳᠦᠯᠲᠡᠢ ᠪᠣᠯᠭᠠᠬᠤ᠎ᠶᠢ ᠬᠠᠷᠢᠭᠤᠴᠠᠵᠤ᠂ ᠤᠯᠤᠰ᠎ᠤᠨ ᠭᠠᠵᠠᠷ᠎ᠤᠨ ᠨᠡᠷ᠎ᠡ᠎ᠶᠢᠨ ᠮᠡᠳᠡᠭᠡ ᠵᠠᠩᠭᠢ᠎ᠶᠢᠨ ᠬᠥᠮᠥᠷᠭᠡ᠎ᠳᠡᠬᠢ ᠲᠣᠰ ᠵᠠᠰᠠᠭ ᠵᠠᠬᠢᠷᠭᠠᠨ᠎ᠤ ᠣᠷᠣᠨ ᠬᠡᠪᠴᠢᠶᠡᠨ᠎ᠤ ᠳᠣᠲᠣᠷᠠᠬᠢ ᠭᠠᠵᠠᠷ᠎ᠤᠨ ᠨᠡᠷ᠎ᠡ᠎ᠶᠢᠨ ᠮᠡᠳᠡᠭᠡ ᠵᠠᠩᠭᠢ᠎ᠶᠢᠨ ᠳ᠋ᠠᠢᠲ᠋ᠠ᠎ᠶᠢ ᠴᠠᠭ ᠲᠤᠬᠠᠢ᠎ᠳᠤ ᠨᠢ ᠰᠢᠨᠡᠳᠬᠡᠬᠦ ᠪᠠ ᠬᠠᠮᠠᠭᠠᠯᠠᠵᠤ᠂ ᠭᠠᠵᠠᠷ᠎ᠤᠨ ᠨᠡᠷ᠎ᠡ᠎ᠶᠢᠨ ᠮᠡᠳᠡᠭᠡ ᠵᠠᠩᠭᠢ᠎ᠶᠢᠨ ᠦᠨᠡᠨ ᠪᠣᠳᠠᠲᠠᠢ ᠣᠨᠣᠪᠴᠢᠲᠠᠢ ᠪᠠᠢᠬᠤ᠎ᠶᠢ ᠪᠠᠲᠤᠯᠠᠬᠤ ᠬᠡᠷᠡᠭᠲᠡᠢ᠃
ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠨᠢ ᠭᠠᠵᠠᠷ᠎ᠤᠨ ᠨᠡᠷ᠎ᠡ᠎ᠶᠢᠨ ᠳ᠋ᠠᠢᠲ᠋ᠠ᠎ᠶᠢ ᠬᠡᠷᠡᠭᠯᠡᠬᠦ᠎ᠳᠤ᠎ᠪᠠᠨ ᠪᠠᠷᠢᠮᠵᠢᠶᠠᠲᠤ ᠭᠠᠵᠠᠷ᠎ᠤᠨ ᠨᠡᠷ᠎ᠡ᠎ᠶᠢᠨ ᠳ᠋ᠠᠢᠲ᠋ᠠ᠎ᠶᠢ ᠡᠩ ᠲᠡᠷᠢᠭᠦᠨ᠎ᠳᠦ ᠰᠢᠯᠵᠢᠭᠦᠯᠦᠨ ᠬᠡᠷᠡᠭᠯᠡᠬᠦ ᠬᠡᠷᠡᠭᠲᠡᠢ᠃
ᠬᠣᠷᠢᠨ ᠲᠠᠪᠤᠳᠤᠭᠠᠷ ᠵᠦᠢᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠪᠠ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ ᠨᠢ ᠭᠠᠵᠠᠷ᠎ᠤᠨ ᠨᠡᠷ᠎ᠡ᠎ᠶᠢ ᠨᠡᠷᠡᠢᠳᠬᠦ᠂ ᠨᠡᠷ᠎ᠡ᠎ᠶᠢ ᠨᠢ ᠬᠠᠯᠠᠬᠤ᠂ ᠬᠡᠷᠡᠭᠯᠡᠬᠦ᠂ ᠲᠡᠮᠳᠡᠭ ᠪᠠᠢᠷᠢᠯᠠᠭᠤᠯᠬᠤ᠂ ᠰᠣᠶᠣᠯ᠎ᠤᠨ ᠬᠠᠮᠠᠭᠠᠯᠠᠯᠲᠠ᠎ᠳᠦ ᠬᠢᠨᠠᠯᠲᠠ ᠲᠠᠯᠪᠢᠵᠤ ᠪᠠᠢᠴᠠᠭᠠᠬᠤ᠎ᠪᠠᠨ ᠬᠠᠤᠯᠢ ᠶᠣᠰᠣᠭᠠᠷ ᠴᠢᠩᠭᠠᠳᠬᠠᠬᠤ ᠬᠡᠷᠡᠭᠲᠡᠢ᠃
ᠬᠣᠷᠢᠨ ᠵᠢᠷᠭᠤᠳᠤᠭᠠᠷ ᠵᠦᠢᠯ ᠲᠤᠰ ᠲᠣᠭᠲᠠᠭᠠᠯ᠎ᠢ ᠵᠥᠷᠢᠴᠡᠭᠰᠡᠨ ᠦᠢᠯᠡ ᠠᠵᠢᠯᠯᠠᠭ᠎ᠠ᠎ᠳᠤ ᠬᠣᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠎ᠳᠤ ᠨᠢᠭᠡᠨᠲᠡ ᠪᠣᠳᠠᠲᠠᠢ ᠰᠢᠢᠳᠬᠡᠨ ᠲᠣᠷᠭᠠᠬᠤ ᠲᠣᠭᠲᠠᠭᠠᠯ ᠭᠠᠷᠭᠠᠭᠰᠠᠨ ᠪᠠᠢᠪᠠᠯ᠂ ᠲᠡᠷᠡ ᠬᠦ᠌ ᠲᠣᠭᠲᠠᠭᠠᠯ᠎ᠢᠶᠠᠷ ᠬᠡᠷᠡᠭᠵᠢᠭᠦᠯᠦᠨ᠎ᠡ᠃
ᠬᠣᠷᠢᠨ ᠳᠣᠯᠣᠳᠤᠭᠠᠷ ᠵᠦᠢᠯ ᠭᠠᠵᠠᠷ᠎ᠤᠨ ᠨᠡᠷ᠎ᠡ᠎ᠶᠢᠨ ᠬᠠᠮᠢᠶᠠᠷᠤᠯᠲᠠ᠎ᠶᠢᠨ ᠠᠵᠢᠯ᠎ᠤᠨ ᠶᠠᠪᠤᠴᠠ᠎ᠳᠤ ᠲᠤᠰᠢᠶᠠᠯ ᠬᠠᠷᠢᠭᠤᠴᠠᠯᠭ᠎ᠠ᠎ᠪᠠᠨ ᠣᠮᠲᠣᠭᠠᠢᠯᠠᠭᠰᠠᠨ᠂ ᠡᠷᠬᠡ ᠲᠤᠰᠢᠶᠠᠯ᠎ᠢᠶᠠᠨ ᠳᠤᠷ᠎ᠠ᠎ᠪᠠᠷ᠎ᠢᠶᠠᠨ ᠬᠡᠷᠡᠭᠯᠡᠭᠰᠡᠨ᠂ ᠬᠤᠪᠢ᠎ᠶᠢᠨ ᠨᠠᠢᠷ ᠲᠠᠯ᠎ᠠ ᠬᠠᠷᠠᠵᠤ ᠬᠠᠤᠯᠢ ᠶᠣᠰᠣ᠌᠎ᠶᠢ ᠵᠥᠷᠢᠴᠡᠭᠰᠡᠨ ᠪᠠᠢᠪᠠᠯ᠂ ᠰᠢᠭᠤᠳ ᠬᠠᠷᠢᠭᠤᠴᠠᠵᠤ ᠪᠠᠢᠭ᠎ᠠ ᠭᠣᠣᠯᠴᠢᠯᠠᠨ ᠬᠠᠮᠢᠶᠠᠷᠬᠤ ᠠᠵᠢᠯᠲᠠᠨ ᠪᠠ ᠪᠤᠰᠤᠳ ᠰᠢᠭᠤᠳ ᠬᠠᠷᠢᠭᠤᠴᠠᠯᠭ᠎ᠠ᠎ᠲᠠᠢ ᠬᠥᠮᠥᠨ᠎ᠳᠦ ᠬᠠᠤᠯᠢ ᠶᠣᠰᠣᠭᠠᠷ ᠰᠢᠢᠳᠬᠡᠯ ᠥᠭᠭᠦᠨ᠎ᠡ; ᠶᠠᠯᠠᠳᠤ ᠬᠦᠷᠦᠭᠰᠡᠨ ᠪᠠᠢᠪᠠᠯ᠂ ᠬᠠᠤᠯᠢ ᠶᠣᠰᠣᠭᠠᠷ ᠡᠷᠡᠭᠦᠦ᠎ᠶᠢᠨ ᠬᠠᠷᠢᠭᠤᠴᠠᠯᠭ᠎ᠠ ᠨᠡᠬᠡᠮᠵᠢᠯᠡᠨ᠎ᠡ᠃
ᠬᠣᠷᠢᠨ ᠨᠠᠢ᠍ᠮᠠᠳᠤᠭᠠᠷ ᠵᠦᠢᠯ ᠲᠤᠰ ᠲᠣᠭᠲᠠᠭᠠᠯ᠎ᠢ 2026 ᠣᠨ᠎ᠤ 1 ᠳ᠋ᠦ᠍ᠭᠡᠷ ᠰᠠᠷ᠎ᠠ᠎ᠶᠢᠨ 1᠎ᠦ ᠡᠳᠦᠷ᠎ᠡᠴᠡ ᠡᠬᠢᠯᠡᠵᠦ ᠬᠡᠷᠡᠭᠵᠢᠭᠦᠯᠦᠨ᠎ᠡ᠃ 2014 ᠣᠨ᠎ᠤ 11 ᠳ᠋ᠦ᠍ᠭᠡᠷ ᠰᠠᠷ᠎ᠠ᠎ᠶᠢᠨ 24᠎ᠦ ᠡᠳᠦᠷ᠎ᠦᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠢᠯᠡ ᠨᠡᠢᠲᠡᠯᠡᠭᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ᠎ᠤᠨ ᠨᠡᠷ᠎ᠡ᠎ᠶᠢᠨ ᠬᠠᠮᠢᠶᠠᠷᠤᠯᠲᠠ᠎ᠶᠢᠨ ᠲᠣᠭᠲᠠᠭᠠᠯ 》 (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ᠋ 207 ᠳ᠋ᠤᠭᠠᠷ ᠲᠣᠭᠠᠲᠤ)᠎ᠢ ᠬᠠᠮᠲᠤ᠎ᠳᠤ ᠨᠢ ᠬᠦᠴᠦᠨ ᠦᠭᠡᠢ ᠪᠣᠯᠭᠠᠨ᠎ᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2025 ᠣᠨ᠎ᠤ 11 ᠳ᠋ᠦ᠍ᠭᠡᠷ ᠰᠠᠷ᠎ᠠ᠎ᠶᠢᠨ 1 99᠎ᠤ ᠡᠳᠦᠷ ᠳᠠᠷᠤᠮᠠᠯᠯᠠᠨ ᠲᠠᠷᠬᠠᠭᠠᠪᠠ