ᠢᠯᠡ ᠵᠠᠰᠠᠭ   -   ᠵᠠᠰᠠᠭ᠎ᠤᠨ ᠤᠷᠳᠤᠨ᠎ᠤ ᠪᠢᠴᠢᠭ ᠮᠠᠲ᠋ᠧᠷᠢᠶᠠᠯ
《 ᠪᠤᠭᠤᠲᠤ ᠬᠣᠲᠠ᠎ᠶᠢᠨ ᠵᠢᠦᠶᠦᠸᠠᠨ ᠲᠣᠭᠣᠷᠢᠭ᠋᠎ᠤᠨ ᠭᠠᠵᠠᠷ ᠰᠢᠷᠣᠢ᠎ᠶᠢ ᠲᠠᠲᠠᠪᠤᠷᠢᠯᠠᠨ ᠬᠤᠷᠢᠶᠠᠵᠤ ᠬᠡᠰᠡᠭ᠎ᠢᠶᠡᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ᠎ᠶᠢᠨ ᠲᠥᠰᠥᠯ (2022-2024 ᠣᠨ)》᠎ᠦᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠴᠣᠬᠣᠯᠠᠪᠤᠷᠢ
ᠨᠡᠶ᠋ᠢᠲᠡᠯᠡᠭᠰᠡᠨ ᠴᠠᠭ᠄ 2025-12-01

ᠥᠪᠥᠷ ᠮᠣᠩᠭᠣᠯ᠎ᠤᠨ ᠥᠪᠡᠷᠲᠡᠭᠡᠨ ᠵᠠᠰᠠᠬᠤ 

ᠣᠷᠣᠨ᠎ᠤ ᠠᠷᠠᠳ᠎ᠤᠨ ᠵᠠᠰᠠᠭ᠎ᠤᠨ ᠣᠷᠳᠣᠨ

ᠥᠪᠥᠷ ᠵᠠᠰᠠᠭ ᠦᠰᠦᠭ 〔2025〕 130 ᠳ᠋ᠤᠭᠠᠷ ᠲᠣᠭᠠᠲᠤ

 

《 ᠪᠤᠭᠤᠲᠤ ᠬᠣᠲᠠ᠎ᠶᠢᠨ ᠵᠢᠦᠶᠦᠸᠠᠨ ᠲᠣᠭᠣᠷᠢᠭ᠋᠎ᠤᠨ ᠭᠠᠵᠠᠷ ᠰᠢᠷᠣᠢ᠎ᠶᠢ ᠲᠠᠲᠠᠪᠤᠷᠢᠯᠠᠨ ᠬᠤᠷᠢᠶᠠᠵᠤ ᠬᠡᠰᠡᠭ᠎ᠢᠶᠡᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ᠎ᠶᠢᠨ

ᠲᠥᠰᠥᠯ (2022-2024 ᠣᠨ)》᠎ᠦᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠴᠣᠬᠣᠯᠠᠪᠤᠷᠢ

 

ᠪᠤᠭᠤᠲᠤ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠎ᠳᠦ᠄

ᠲᠠᠨ᠎ᠤ ᠬᠣᠲᠠ᠎ᠶᠢᠨ 《〈ᠪᠤᠭᠤᠲᠤ ᠬᠣᠲᠠ᠎ᠶᠢᠨ ᠵᠢᠦᠶᠦᠸᠠᠨ ᠲᠣᠭᠤᠷᠢᠭ᠎ᠤᠨ ᠭᠠᠵᠠᠷ ᠰᠢᠷᠤᠢ᠎ᠶᠢ ᠲᠠᠲᠠᠪᠤᠷᠢᠯᠠᠨ ᠬᠤᠷᠢᠶᠠᠵᠤ ᠬᠡᠰᠡᠭ᠎ᠢᠶᠠᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ᠎ᠶᠢᠨ ᠲᠦᠰᠦᠯ (2022-2024 ᠣᠨ)〉᠎ᠢ ᠬᠢᠨᠠᠨ ᠬᠠᠷᠭᠤᠭᠤᠯᠵᠤ ᠵᠥᠪᠰᠢᠶᠡᠷᠡᠭᠦᠯᠬᠦ ᠲᠤᠬᠠᠢ ᠡᠰᠢᠯᠡᠯᠲᠡ》 (ᠪᠤᠭᠤᠲᠤ ᠵᠠᠰᠠᠭ ᠮᠡᠳᠡᠭᠦᠯᠦᠯᠲᠡ 〔2025〕 88 ᠳ᠋ᠤᠭᠠᠷ ᠲᠣᠭᠠᠲᠤ)᠎ᠶᠢ ᠬᠦᠯᠢᠶᠡᠨ ᠠᠪᠴᠤ ᠣᠢᠯᠠᠭᠠᠯ᠎ᠠ᠃ ᠡᠳᠦᠭᠡ ᠳᠣᠣᠷᠠᠬᠢ ᠮᠡᠲᠦ ᠴᠣᠬᠣᠯᠠᠪᠤᠷᠢᠯᠠᠪᠠ᠄

ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶᠢᠨ ᠡᠬᠢ ᠪᠠᠶᠠᠯᠢᠭ᠋᠎ᠤᠨ ᠲᠢᠩᠬᠢᠮ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠢᠭᠤᠯᠵᠤ ᠬᠢᠨᠠᠨ ᠪᠠᠢᠴᠠᠭᠠᠯᠭᠠᠬᠤ ᠪᠠ ᠨᠤᠲᠠᠯᠠᠭᠤᠯᠤᠭᠠᠳ᠂ 《 ᠪᠤᠭᠤᠲᠤ ᠬᠣᠲᠠ᠎ᠶᠢᠨ ᠵᠢᠦᠶᠦᠸᠠᠨ ᠲᠣᠭᠣᠷᠢᠭ᠋᠎ᠤᠨ ᠭᠠᠵᠠᠷ ᠰᠢᠷᠣᠢ᠎ᠶᠢ ᠲᠠᠲᠠᠪᠤᠷᠢᠯᠠᠨ ᠬᠤᠷᠢᠶᠠᠵᠤ ᠬᠡᠰᠡᠭ᠎ᠢᠶᠡᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ᠎ᠶᠢᠨ ᠲᠥᠰᠥᠯ (2022-2024 ᠣᠨ)》 ᠨᠢ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠵᠠᠷ ᠰᠢᠷᠣᠢ᠎ᠶᠢᠨ ᠬᠠᠮᠢᠶᠠᠷᠤᠯᠲᠠ᠎ᠶᠢᠨ ᠬᠠᠤᠯᠢ》᠂ 《〈ᠭᠠᠵᠠᠷ ᠰᠢᠷᠣᠢ᠎ᠶᠢ ᠲᠠᠲᠠᠪᠤᠷᠢᠯᠠᠨ ᠬᠤᠷᠢᠶᠠᠵᠤ ᠬᠡᠰᠡᠭ᠎ᠢᠶᠡᠷ ᠨᠡᠭᠡᠭᠡᠨ ᠬᠥᠭᠵᠢᠭᠦᠯᠬᠦ ᠪᠠᠷᠢᠮᠵᠢᠶ᠎ᠠ〉᠎ᠶᠢ ᠳᠠᠷᠤᠮᠠᠯᠯᠠᠨ ᠶᠠᠪᠤᠭᠤᠯᠬᠤ ᠲᠤᠬᠠᠢ ᠪᠠᠢᠭᠠᠯᠢ᠎ᠶᠢᠨ ᠡᠬᠢ ᠪᠠᠶᠠᠯᠢᠭ᠋᠎ᠤᠨ ᠶᠠᠮᠤᠨ᠎ᠤ ᠮᠡᠳᠡᠭᠳᠡᠯ》 (ᠪᠠᠢᠭᠠᠯᠢ ᠡᠬᠢ ᠲᠣᠭᠲᠠᠭᠠᠯ 〔2023〕 7 ᠳ᠋ᠤᠭᠠᠷ ᠲᠣᠭᠠᠲᠤ) ᠪᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠰᠢᠷᠣᠢ᠎ᠶᠢ ᠲᠠᠲᠠᠪᠤᠷᠢᠯᠠᠨ ᠬᠤᠷᠢᠶᠠᠵᠤ ᠬᠡᠰᠡᠭ᠎ᠢᠶᠡᠷ ᠨᠡᠭᠡᠭᠡᠨ ᠬᠥᠭᠵᠢᠭᠦᠯᠬᠦ᠎ᠶᠢ ᠬᠡᠷᠡᠭᠵᠢᠭᠦᠯᠬᠦ ᠨᠠᠷᠢᠨ ᠳᠦᠷᠢᠮ》 (ᠥᠪᠥᠷ ᠪᠠᠢᠭᠠᠯᠢ ᠡᠬᠢ ᠦᠰᠦᠭ 〔2025〕 230 ᠳ᠋ᠤᠭᠠᠷ ᠲᠣᠭᠠᠲᠤ)᠎ᠤᠨ ᠱᠠᠭᠠᠷᠳᠠᠯᠭ᠎ᠠ᠎ᠳᠤ ᠨᠡᠢᠴᠡᠵᠦ᠂ ᠤᠯᠤᠰ᠎ᠤᠨ ᠨᠤᠲᠤᠭ ᠳᠡᠪᠢᠰᠬᠡᠷ᠎ᠦᠨ ᠣᠷᠣᠨ ᠵᠠᠢ᠎ᠶᠢᠨ ᠶᠡᠷᠦᠩᠬᠡᠢ ᠲᠥᠯᠦᠪᠵᠢᠭᠦᠯᠭᠡ᠎ᠶᠢᠨ ᠬᠠᠮᠢᠶᠠᠷᠤᠨ ᠡᠵᠡᠮᠳᠡᠬᠦ ᠳᠦᠷᠢᠮ᠎ᠳᠦ ᠨᠡᠢᠴᠡᠵᠦ ᠪᠠᠢᠨ᠎ᠠ᠂ ᠡᠢᠨ ᠬᠦ᠌ 《ᠪᠤᠭᠤᠲᠤ ᠬᠣᠲᠠ᠎ᠶᠢᠨ ᠵᠢᠦᠶᠦᠸᠠᠨ ᠲᠣᠭᠣᠷᠢᠭ᠋᠎ᠤᠨ ᠭᠠᠵᠠᠷ ᠰᠢᠷᠣᠢ᠎ᠶᠢ ᠲᠠᠲᠠᠪᠤᠷᠢᠯᠠᠨ ᠬᠤᠷᠢᠶᠠᠵᠤ ᠬᠡᠰᠡᠭ᠎ᠢᠶᠡᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ᠎ᠶᠢᠨ ᠲᠥᠰᠥᠯ (2022-2024 ᠣᠨ)》᠎ᠢ ᠵᠠᠷᠴᠢᠮ ᠳᠡᠭᠡᠷ᠎ᠡ᠎ᠪᠡᠨ ᠵᠥᠪᠰᠢᠶᠡᠷᠡᠪᠡ᠂ ᠡᠯ᠎ᠡ ᠵᠦᠢᠯ᠎ᠦᠨ ᠠᠵᠢᠯ᠎ᠢᠶᠡᠨ ᠬᠠᠤᠯᠢ ᠲᠣᠭᠲᠠᠭᠠᠯ ᠶᠣᠰᠣᠭᠠᠷ ᠰᠠᠢᠲᠤᠷ ᠬᠢᠲᠦᠭᠡᠢ᠃

 

  2025 ᠣᠨ᠎ᠤ 8 ᠳ᠋ᠤᠭᠠᠷ ᠰᠠᠷ᠎ᠠ᠎ᠶᠢᠨ 5᠎ᠦ ᠡᠳᠦᠷ

(ᠲᠤᠰ ᠪᠢᠴᠢᠭ ᠮᠠᠲᠧᠷᠢᠶᠠᠯ᠎ᠢ ᠢᠯᠡ ᠨᠡᠢᠲᠡᠯᠡᠨ᠎ᠡ)

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ