ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ
ᠥᠪᠥᠷ ᠵᠠᠰᠠᠭ ᠦᠰᠦᠭ 〔2025〕 177 ᠳ᠋ᠤᠭᠠᠷ ᠲᠣᠭᠠᠲᠤ
《ᠬᠦᠬᠡᠬᠤᠲᠠ᠎ᠶᠢᠨ ᠬᠣᠲᠣᠩ ᠠᠷᠠᠳ᠎ᠤᠨ ᠲᠣᠭᠣᠷᠢᠭ᠋᠎ᠤᠨ ᠤᠯᠠᠨ ᠤᠯᠤᠰ᠎ᠤᠨ ᠡᠨᠧᠷᠬᠢ᠎ᠶᠢᠨ ᠤᠷᠢᠳᠠᠴᠢ
ᠶᠡᠷᠦᠩᠬᠡᠢᠯᠡᠭᠰᠡᠨ ᠦᠢᠯᠡᠴᠢᠯᠡᠭᠡᠨ᠎ᠦ ᠲᠣᠭᠣᠷᠢᠭ᠋᠎ᠤᠨ ᠭᠠᠵᠠᠷ ᠰᠢᠷᠣᠢ᠎ᠶᠢ ᠲᠠᠲᠠᠪᠤᠷᠢᠯᠠᠨ ᠬᠤᠷᠢᠶᠠᠵᠤ
ᠬᠡᠰᠡᠭ᠎ᠢᠶᠡᠷ ᠨᠡᠭᠡᠭᠡᠨ ᠬᠥᠭᠵᠢᠭᠦᠯᠬᠦ ᠲᠥᠰᠥᠯ (2025ᠣᠨ)》᠎ᠤᠨ ᠲᠤᠬᠠᠢ ᠥᠪᠥᠷ ᠮᠣᠩᠭᠣᠯ᠎ᠤᠨ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠴᠣᠬᠣᠯᠠᠪᠤᠷᠢ
ᠬᠥᠬᠡᠬᠤᠲᠠ᠎ᠶᠢᠨ ᠠᠷᠠᠳ᠎ᠤᠨ ᠵᠠᠰᠠᠭ᠎ᠤᠨ ᠣᠷᠳᠣᠨ᠎ᠳᠤ᠄
ᠲᠠᠨ᠎ᠤ ᠬᠤᠲᠠ᠎ᠶᠢᠨ 《ᠬᠦᠬᠡᠬᠤᠲᠠ᠎ᠶᠢᠨ ᠬᠣᠲᠣᠩ ᠠᠷᠠᠳ᠎ᠤᠨ ᠲᠣᠭᠣᠷᠢᠭ᠋᠎ᠤᠨ ᠤᠯᠠᠨ ᠤᠯᠤᠰ᠎ᠤᠨ ᠡᠨᠧᠷᠬᠢ᠎ᠶᠢᠨ ᠤᠷᠢᠳᠠᠴᠢ ᠶᠡᠷᠦᠩᠬᠡᠢᠯᠡᠭᠰᠡᠨ ᠦᠢᠯᠡᠴᠢᠯᠡᠭᠡᠨ᠎ᠦ ᠲᠣᠭᠣᠷᠢᠭ᠋᠎ᠤᠨ ᠭᠠᠵᠠᠷ ᠰᠢᠷᠣᠢ᠎ᠶᠢ ᠲᠠᠲᠠᠪᠤᠷᠢᠯᠠᠨ ᠬᠤᠷᠢᠶᠠᠵᠤ ᠬᠡᠰᠡᠭ᠎ᠢᠶᠡᠷ ᠨᠡᠭᠡᠭᠡᠨ ᠬᠥᠭᠵᠢᠭᠦᠯᠬᠦ ᠲᠥᠰᠥᠯ᠎ᠢ ᠬᠢᠨᠠᠨ ᠬᠠᠷᠭᠤᠭᠤᠯᠵᠤ ᠵᠥᠪᠰᠢᠶᠡᠷᠡᠭᠦᠯᠬᠦ ᠲᠤᠬᠠᠢ ᠡᠰᠢᠯᠡᠯᠲᠡ》 (ᠬᠦᠬᠡᠬᠤᠲᠠ ᠵᠠᠰᠠᠭ ᠲᠠᠷᠬᠠᠭᠠᠭᠰᠠᠨ 〔2025〕 154 ᠳ᠋ᠦ᠍ᠭᠡᠷ ᠲᠣᠭᠠᠲᠤ)᠎ᠶᠢ ᠬᠦᠯᠢᠶᠡᠨ ᠠᠪᠴᠤ ᠣᠢᠯᠠᠭᠠᠯ᠎ᠠ᠃ ᠡᠳᠦᠭᠡ ᠳᠣᠣᠷᠠᠬᠢ ᠮᠡᠲᠦ ᠴᠣᠬᠣᠯᠠᠪᠤᠷᠢᠯᠠᠪᠠ᠄
ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶᠢᠨ ᠡᠬᠢ ᠪᠠᠶᠠᠯᠢᠭ᠋᠎ᠤᠨ ᠲᠢᠩᠬᠢᠮ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠢᠭᠤᠯᠵᠤ ᠨᠤᠲᠠᠯᠠᠭᠤᠯᠬᠤ ᠪᠠ ᠬᠢᠨᠠᠨ ᠪᠠᠢᠴᠠᠭᠠᠯᠭᠠᠭᠠᠳ᠂ 《ᠬᠦᠬᠡᠬᠤᠲᠠ᠎ᠶᠢᠨ ᠬᠣᠲᠣᠩ ᠠᠷᠠᠳ᠎ᠤᠨ ᠲᠣᠭᠣᠷᠢᠭ᠋᠎ᠤᠨ ᠤᠯᠠᠨ ᠤᠯᠤᠰ᠎ᠤᠨ ᠡᠨᠧᠷᠬᠢ᠎ᠶᠢᠨ ᠤᠷᠢᠳᠠᠴᠢ ᠶᠡᠷᠦᠩᠬᠡᠢᠯᠡᠭᠰᠡᠨ ᠦᠢᠯᠡᠴᠢᠯᠡᠭᠡᠨ᠎ᠦ ᠲᠣᠭᠣᠷᠢᠭ᠋᠎ᠤᠨ ᠭᠠᠵᠠᠷ ᠰᠢᠷᠣᠢ᠎ᠶᠢ ᠲᠠᠲᠠᠪᠤᠷᠢᠯᠠᠨ ᠬᠤᠷᠢᠶᠠᠵᠤ ᠬᠡᠰᠡᠭ᠎ᠢᠶᠡᠷ ᠨᠡᠭᠡᠭᠡᠨ ᠬᠥᠭᠵᠢᠭᠦᠯᠬᠦ ᠲᠥᠰᠥᠯ (2025ᠣᠨ)》 ᠨᠢ 《ᠪᠦᠭᠦᠳᠡ ᠨᠠᠢᠷᠠᠮᠳᠠᠬᠤ ᠲᠤᠮᠳᠠᠳᠤ ᠠᠷᠠᠳ ᠤᠯᠤᠰ᠎ᠤᠨ ᠭᠠᠵᠠᠷ ᠰᠢᠷᠣᠢ᠎ᠶᠢᠨ ᠬᠠᠮᠢᠶᠠᠷᠤᠯᠲᠠ᠎ᠶᠢᠨ ᠬᠠᠤᠯᠢ》᠂ 《〈ᠭᠠᠵᠠᠷ ᠰᠢᠷᠣᠢ᠎ᠶᠢ ᠲᠠᠲᠠᠪᠤᠷᠢᠯᠠᠨ ᠬᠤᠷᠢᠶᠠᠵᠤ ᠬᠡᠰᠡᠭ᠎ᠢᠶᠡᠷ ᠨᠡᠭᠡᠭᠡᠨ ᠬᠥᠭᠵᠢᠭᠦᠯᠬᠦ ᠪᠠᠷᠢᠮᠵᠢᠶ᠎ᠠ〉᠎ᠶᠢ ᠳᠠᠷᠤᠮᠠᠯᠯᠠᠨ ᠶᠠᠪᠤᠭᠤᠯᠬᠤ ᠲᠤᠬᠠᠢ ᠪᠠᠢᠭᠠᠯᠢ᠎ᠶᠢᠨ ᠡᠬᠢ ᠪᠠᠶᠠᠯᠢᠭ᠋᠎ᠤᠨ ᠶᠠᠮᠤᠨ᠎ᠤ ᠮᠡᠳᠡᠭᠳᠡᠯ》 (ᠪᠠᠢᠭᠠᠯᠢ ᠡᠬᠢ ᠲᠣᠭᠲᠠᠭᠠᠯ 〔2023〕 7 ᠳ᠋ᠤᠭᠠᠷ ᠲᠣᠭᠠᠲᠤ) ᠪᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠰᠢᠷᠣᠢ᠎ᠶᠢ ᠲᠠᠲᠠᠪᠤᠷᠢᠯᠠᠨ ᠬᠤᠷᠢᠶᠠᠵᠤ ᠬᠡᠰᠡᠭ᠎ᠢᠶᠡᠷ ᠨᠡᠭᠡᠭᠡᠨ ᠬᠥᠭᠵᠢᠭᠦᠯᠬᠦ᠎ᠶᠢ ᠬᠡᠷᠡᠭᠵᠢᠭᠦᠯᠬᠦ ᠨᠠᠷᠢᠨ ᠳᠦᠷᠢᠮ〉᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶᠢᠨ ᠡᠬᠢ ᠪᠠᠶᠠᠯᠢᠭ᠋᠎ᠤᠨ ᠲᠢᠩᠬᠢᠮ᠎ᠦᠨ ᠮᠡᠳᠡᠭᠳᠡᠯ》 (ᠥᠪᠥᠷ ᠪᠠᠢᠭᠠᠯᠢ ᠡᠬᠢ ᠦᠰᠦᠭ 〔2025〕 230 ᠳ᠋ᠤᠭᠠᠷ ᠲᠣᠭᠠᠲᠤ)᠎ᠦᠨ ᠱᠠᠭᠠᠷᠳᠠᠯᠭ᠎ᠠ᠎ᠳᠤ ᠨᠡᠢᠴᠡᠵᠦ᠂ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ᠎ᠶᠢᠨ ᠶᠡᠷᠦᠩᠬᠡᠢ ᠲᠥᠯᠦᠪᠵᠢᠭᠦᠯᠭᠡ᠎ᠶᠢᠨ ᠬᠠᠮᠢᠶᠠᠷᠤᠨ ᠡᠵᠡᠮᠳᠡᠬᠦ ᠳᠦᠷᠢᠮ᠎ᠳᠦ ᠨᠡᠢᠴᠡᠵᠦ ᠪᠠᠢᠨ᠎ᠠ᠂ ᠡᠢᠨ ᠬᠦ᠌ 《ᠬᠦᠬᠡᠬᠤᠲᠠ᠎ᠶᠢᠨ ᠬᠣᠲᠣᠩ ᠠᠷᠠᠳ᠎ᠤᠨ ᠲᠣᠭᠣᠷᠢᠭ᠋᠎ᠤᠨ ᠤᠯᠠᠨ ᠤᠯᠤᠰ᠎ᠤᠨ ᠡᠨᠧᠷᠬᠢ᠎ᠶᠢᠨ ᠤᠷᠢᠳᠠᠴᠢ ᠶᠡᠷᠦᠩᠬᠡᠢᠯᠡᠭᠰᠡᠨ ᠦᠢᠯᠡᠴᠢᠯᠡᠭᠡᠨ᠎ᠦ ᠲᠣᠭᠣᠷᠢᠭ᠋᠎ᠤᠨ ᠭᠠᠵᠠᠷ ᠰᠢᠷᠣᠢ᠎ᠶᠢ ᠲᠠᠲᠠᠪᠤᠷᠢᠯᠠᠨ ᠬᠤᠷᠢᠶᠠᠵᠤ ᠬᠡᠰᠡᠭ᠎ᠢᠶᠡᠷ ᠨᠡᠭᠡᠭᠡᠨ ᠬᠥᠭᠵᠢᠭᠦᠯᠬᠦ ᠲᠥᠰᠥᠯ (2025ᠣᠨ)》᠎ᠢ ᠵᠠᠷᠴᠢᠮ ᠳᠡᠭᠡᠷ᠎ᠡ᠎ᠪᠡᠨ ᠵᠥᠪᠰᠢᠶᠡᠷᠡᠪᠡ᠂ ᠡᠯ᠎ᠡ ᠵᠦᠢᠯ᠎ᠦᠨ ᠠᠵᠢᠯ᠎ᠢᠶᠠᠨ ᠬᠠᠤᠯᠢ ᠲᠣᠭᠲᠠᠭᠠᠯ ᠶᠣᠰᠣᠭᠠᠷ ᠰᠠᠢᠲᠤᠷ ᠬᠢᠲᠦᠭᠡᠢ᠃
2025 ᠣᠨ᠎ᠤ 11 ᠳ᠋ᠦ᠍ᠭᠡᠷ ᠰᠠᠷ᠎ᠠ᠎ᠶᠢᠨ 7᠎ᠦ ᠡᠳᠦᠷ
(ᠲᠤᠰ ᠪᠢᠴᠢᠭ ᠮᠠᠲᠧᠷᠢᠶᠠᠯ᠎ᠢ ᠢᠯᠡ ᠨᠡᠢᠲᠡᠯᠡᠨ᠎ᠡ)