ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ
ᠥᠪᠥᠷ ᠵᠠᠰᠠᠭ ᠦᠰᠦᠭ 〔2025〕 205 ᠳ᠋ᠤᠭᠠᠷ ᠲᠣᠭᠠᠲᠤ
ᠥᠪᠡᠷᠲᠡᠭᠡᠨ ᠵᠠᠰᠠᠬᠤ ᠣᠷᠣᠨ᠎ᠦ 《ᠲᠦᠭᠡᠮᠡᠯ ᠬᠠᠢᠷ᠎ᠠ᠎ᠶᠢᠨ ᠨᠢᠭᠡ ᠡᠳᠦᠷ᠎ᠦᠨ ᠬᠠᠨᠳᠢᠪᠯᠡᠯ》᠎ᠦᠨ ᠠᠵᠢᠯᠯᠠᠭᠠᠨ᠎ᠤ
ᠰᠢᠯᠢᠳᠡᠭ ᠵᠣᠬᠢᠶᠠᠨ ᠪᠠᠢᠭᠤᠯᠤᠯᠲᠠ ᠨᠢᠭᠡᠴᠢ᠎ᠶᠢ ᠰᠠᠢᠰᠢᠶᠠᠨ ᠬᠥᠬᠢᠭᠦᠯᠬᠦ ᠲᠤᠬᠠᠢ ᠥᠪᠥᠷ ᠮᠣᠩᠭᠣᠯ᠎ᠤᠨ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠡᠯᠡᠯ
ᠡᠯ᠎ᠡ ᠠᠢᠮᠠᠭ᠎ᠤᠨ ᠵᠠᠬᠢᠷᠭ᠎ᠠ᠂ ᠬᠤᠲᠠ᠎ᠶᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ᠌ ᠠᠵᠤ ᠠᠬᠤᠢᠯᠠᠯ᠂ ᠠᠵᠢᠯ ᠦᠢᠯᠡᠰ᠎ᠦᠨ ᠨᠢᠭᠡᠴᠢ᠎ᠳᠦ᠄
《ᠲᠦᠭᠡᠮᠡᠯ ᠬᠠᠢᠷ᠎ᠠ᠎ᠶᠢᠨ ᠨᠢᠭᠡ ᠡᠳᠦᠷ᠎ᠦᠨ ᠬᠠᠨᠳᠢᠪᠯᠡᠯ》 ᠪᠣᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠰᠡᠳᠦᠭᠰᠡᠨ ᠨᠢᠭᠡ ᠵᠦᠢᠯ᠎ᠦᠨ ᠨᠡᠢᠲᠡ᠎ᠶᠢᠨ ᠠᠰᠠᠷᠠᠮᠵᠢ᠎ᠶᠢᠨ ᠠᠵᠢᠯᠯᠠᠭ᠎ᠠ ᠪᠣᠯᠣᠨ᠎ᠠ᠂ 2006 ᠣᠨ᠎ᠠᠴᠠ ᠡᠬᠢᠯᠡᠵᠦ ᠬᠡᠷᠡᠭᠵᠢᠭᠦᠯᠦᠭᠰᠡᠨ᠎ᠡᠴᠡ ᠨᠠᠭᠠᠰᠢ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ᠎ᠶᠢᠨ ᠬᠢᠨ ᠠᠷᠠᠳ ᠲᠦᠮᠡᠨ᠎ᠳᠤ ᠦᠢᠯᠡᠴᠢᠯᠡᠬᠦ ᠤᠭ ᠰᠠᠨᠠᠭ᠎ᠠ᠎ᠪᠠᠨ ᠢᠮᠠᠭᠲᠠ ᠪᠠᠲᠤ ᠰᠠᠬᠢᠵᠤ᠂ ᠤᠷᠢᠶᠠᠯᠠᠭ᠎ᠠ᠎ᠶᠢ ᠢᠳᠡᠪᠬᠢᠲᠡᠢ ᠳᠠᠭᠠᠵᠤ᠂ 《ᠨᠢᠭᠡ ᠡᠳᠦᠷ᠎ᠦᠨ ᠴᠠᠯᠢᠩ᠎ᠢᠶᠠᠨ ᠬᠠᠨᠳᠢᠪᠯᠡᠵᠤ᠂ ᠨᠢᠭᠡ ᠬᠤᠪᠢ ᠬᠠᠯᠠᠭᠤᠨ ᠬᠠᠢᠷ᠎ᠠ᠎ᠶᠢ ᠳᠠᠮᠵᠢᠭᠤᠯᠬᠤ》 ᠪᠣᠳᠠᠲᠤ ᠠᠵᠢᠯᠯᠠᠭᠠᠪᠡᠷᠢᠶᠠᠨ᠂ ᠺᠠᠳ᠋ᠷ ᠠᠵᠢᠯᠲᠠᠨ ᠠᠵᠢᠯᠴᠢᠳ᠎ᠢ ᠥᠷᠭᠡᠨ᠎ᠢᠶᠡᠷ ᠲᠠᠢᠴᠢᠯᠠᠨ ᠬᠠᠢᠷ᠎ᠠ ᠬᠠᠯᠠᠮᠵᠢ᠎ᠶᠢᠨ ᠬᠠᠨᠳᠢᠪᠯᠡᠯ᠎ᠳᠤ ᠣᠷᠣᠯᠴᠠᠭᠤᠯᠤᠭᠠᠳ ᠪᠥᠬᠦ ᠣᠷᠣᠨ ᠨᠡᠢᠲᠡ 21.28 ᠳ᠋ᠦᠩᠰᠢᠭᠤᠷ ᠲᠥᠭᠥᠷᠢᠭ᠎ᠦᠨ ᠪᠡᠯᠡ ᠮᠥᠩᠭᠥ ᠴᠤᠭᠯᠠᠭᠤᠯᠵᠤ᠂ ᠤᠯᠠᠮ ᠲᠦᠮᠡᠨ᠎ᠦ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠢᠭ᠎ᠠ ᠵᠦᠢᠯ᠎ᠳᠤ ᠠᠩᠬᠠᠷᠤᠯ᠎ᠢᠶᠠᠨ ᠲᠥᠪᠯᠡᠷᠡᠭᠦᠯᠦᠨ᠂ ᠬᠦᠨᠳᠦ ᠶᠡᠬᠡ ᠭᠠᠮᠰᠢᠭ᠋᠎ᠲᠤ ᠠᠪᠤᠷᠠᠨ ᠲᠤᠰᠠᠯᠠᠬᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ᠂ ᠬᠥᠳᠡᠭᠡ ᠲᠤᠰᠬᠤᠨ᠎ᠢ ᠬᠥᠭᠵᠢᠭᠦᠯᠦᠨ ᠮᠠᠨᠳᠤᠭᠤᠯᠬᠤ᠂ ᠬᠥᠮᠥᠯᠢᠭ ᠠᠪᠤᠷᠠᠨ ᠲᠤᠰᠠᠯᠠᠯᠲᠠ ᠬᠢᠬᠦ ᠵᠡᠷᠭᠡ ᠲᠠᠯ᠎ᠠ᠎ᠳᠦ ᠴᠢᠬᠤᠯᠠ ᠦᠢᠯᠡᠳᠦᠯ᠎ᠢᠶᠡᠨ ᠪᠠᠳᠠᠷᠠᠭᠤᠯᠵᠤ᠂ ᠨᠠᠮ ᠪᠠ ᠵᠠᠰᠠᠭ᠎ᠤᠨ ᠣᠷᠳᠣᠨ᠎ᠤ ᠬᠠᠢᠷ᠎ᠠ ᠬᠠᠯᠠᠮᠵᠢ᠂ ᠺᠠᠳ᠋ᠷ ᠠᠵᠢᠯᠲᠠᠨ ᠠᠵᠢᠯᠴᠢᠨ᠎ᠤ ᠬᠠᠢᠷ᠎ᠠ ᠬᠠᠯᠠᠮᠵᠢ᠎ᠶᠢ ᠠᠷᠠᠳ ᠲᠦᠮᠡᠨ᠎ᠦ ᠳᠡᠷᠭᠡᠳᠡ ᠬᠦᠷᠭᠡᠵᠦ ᠨᠢᠭᠡᠨᠲᠡ ᠪᠥᠬᠦ ᠣᠷᠣᠨ᠎ᠤ ᠦᠨᠳᠦᠰᠦᠲᠡᠨ ᠨᠦ᠍ᠭᠦᠳ᠎ᠦᠨ ᠺᠠᠳ᠋ᠷ ᠣᠯᠠᠨ ᠲᠦᠮᠡᠨ᠎ᠦ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠂ ᠥᠭᠡᠳᠡᠯᠡᠨ ᠳᠠᠪᠰᠢᠬᠤ ᠢᠳᠡᠪᠬᠢ ᠬᠦᠴᠦᠨ᠎ᠢ ᠪᠠᠳᠠᠷᠠᠭᠤᠯᠬᠤ᠂ ᠠᠰᠠᠷᠠᠩᠭᠤᠢ ᠡᠷᠬᠢᠮ ᠳᠡᠭᠡᠳᠦ ᠰᠢᠨ᠎ᠡ ᠬᠡᠪ ᠰᠤᠷᠲᠠᠯ᠎ᠢ ᠬᠥᠲᠥᠯᠥᠨ ᠳᠠᠭᠠᠭᠤᠯᠬᠤ᠂ ᠨᠡᠢᠭᠡᠮ᠎ᠦᠨ ᠪᠣᠯᠪᠠᠰᠤᠨ᠎ᠤ ᠦᠢᠯᠡᠳᠦᠯᠭᠡ᠎ᠶᠢ ᠠᠬᠢᠭᠤᠯᠬᠤ ᠴᠢᠬᠤᠯᠠ ᠠᠴᠢᠶᠠᠯᠠᠪᠤᠷᠢ ᠪᠣᠯᠪᠠ ᠃
ᠨᠡᠢᠭᠡᠮ ᠳᠠᠶᠠᠭᠠᠷ᠎ᠦᠨ 《ᠲᠦᠭᠡᠮᠡᠯ ᠬᠠᠢᠷ᠎ᠠ᠎ᠶᠢᠨ ᠨᠢᠭᠡ ᠡᠳᠦᠷ᠎ᠦᠨ ᠬᠠᠨᠳᠢᠪᠯᠡᠯ》᠎ᠤᠨ ᠠᠵᠢᠯᠯᠠᠭ᠎ᠠ᠎ᠳᠦ ᠣᠷᠤᠯᠴᠠᠬᠤ ᠬᠠᠯᠠᠭᠤᠨ ᠰᠡᠳᠬᠢᠯᠭᠡ᠎ᠶᠢ ᠨᠢ ᠤᠯᠠᠮ ᠨᠢᠭᠡ ᠠᠯᠬᠤᠮ ᠬᠥᠭᠵᠢᠭᠡᠵᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠲᠦᠭᠡᠮᠡᠯ ᠬᠠᠢᠷ᠎ᠠ᠎ᠪᠠᠷ ᠬᠤᠪᠢ ᠨᠡᠮᠡᠷᠢ ᠦᠵᠡᠭᠦᠯᠬᠦ ᠬᠦᠴᠦᠷᠬᠡᠭ ᠶᠡᠬᠡ ᠨᠡᠢᠯᠡᠯ ᠬᠦᠴᠦᠨ᠎ᠢ ᠨᠢᠭ᠍ᠲᠠᠷᠠᠭᠤᠯᠬᠤ᠎ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ 2022 — 2024 ᠣᠨ ᠪᠣᠯᠲᠠᠯᠠᠬᠢ 《ᠲᠦᠭᠡᠮᠡᠯ ᠬᠠᠢᠷ᠎ᠠ᠎ᠶᠢᠨ ᠨᠢᠭᠡ ᠡᠳᠦᠷ᠎ᠦᠨ ᠬᠠᠨᠳᠢᠪᠯᠡᠯ》᠎ᠤᠨ ᠠᠵᠢᠯᠯᠠᠭ᠎ᠠ ᠳᠤᠮᠳᠠ ᠡᠷᠴᠢᠮ ᠲᠠᠢ ᠵᠣᠬᠢᠶᠠᠨ ᠪᠠᠢᠭᠤᠯᠤᠭᠰᠠᠨ᠂ ᠦᠷ᠎ᠡ ᠪᠥᠲᠦᠮᠵᠢ᠎ᠪᠠᠷ ᠢᠯᠡᠷᠬᠡᠢ᠂ ᠵᠢᠱ᠌ᠢᠶ᠎ᠡ ᠦᠵᠡᠭᠦᠯᠬᠦ ᠦᠢᠯᠡᠳᠦᠯ᠎ᠢᠶᠡᠷ ᠲᠣᠪᠣᠢᠮ᠎ᠠ ᠪᠠᠢᠭ᠎ᠠ ᠬᠦᠬᠡᠬᠤᠲᠠ᠎ᠶᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠡᠷᠭᠡ 63 ᠰᠢᠯᠢᠳᠡᠭ ᠵᠣᠬᠢᠶᠠᠨ ᠪᠠᠢᠭᠤᠯᠤᠯᠲᠠ ᠨᠢᠭᠡᠴᠢ᠎ᠶᠢ ᠨᠡᠪᠲᠡᠷᠡᠭᠦᠯᠦᠨ ᠮᠡᠳᠡᠭᠡᠯᠡᠵᠦ ᠰᠠᠢᠰᠢᠶᠠᠨ ᠬᠥᠬᠢᠭᠦᠯᠪᠡ᠃
ᠰᠠᠢᠰᠢᠶᠠᠭᠳᠠᠨ ᠬᠥᠬᠢᠭᠦᠯᠦᠭᠳᠡᠭᠰᠡᠨ ᠰᠢᠯᠢᠳᠡᠭ ᠵᠣᠬᠢᠶᠠᠨ ᠪᠠᠢᠭᠤᠯᠤᠯᠲᠠ ᠨᠢᠭᠡᠴᠢ ᠢᠷᠠᠭᠤ ᠠᠯᠳᠠᠷ᠎ᠢᠶᠠᠨ ᠨᠠᠨᠳᠢᠩᠨᠠᠨ᠂ ᠴᠤᠴᠠᠯᠲᠠ ᠦᠭᠡᠢ ᠴᠢᠷᠮᠠᠢᠵᠤ᠂ ᠵᠢᠱ᠌ᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ᠎ᠢᠶᠠᠨ ᠭᠦᠢᠴᠡᠳ ᠪᠠᠳᠠᠷᠠᠭᠤᠯᠵᠤ᠂ ᠤᠯᠠᠮ ᠨᠢᠭᠡ ᠠᠯᠬᠤᠮ ᠵᠣᠬᠢᠶᠠᠨ ᠪᠠᠢᠭᠤᠯᠬᠤ ᠠᠷᠭ᠎ᠠ ᠬᠡᠯᠪᠡᠷᠢ᠎ᠳᠤ᠎ᠪᠡᠨ ᠰᠢᠨ᠎ᠡ᠎ᠶᠢ ᠡᠭᠦᠳᠴᠦ᠂ ᠣᠷᠣᠯᠴᠠᠬᠤ ᠠᠷᠭ᠎ᠠ ᠵᠠᠮ᠎ᠢᠶᠠᠨ ᠥᠷᠭᠡᠳᠬᠡᠵᠦ᠂ ᠨᠡᠩ ᠤᠯᠠᠨ ᠨᠡᠢᠭᠡᠮ᠎ᠦᠨ ᠬᠦᠴᠦᠨ᠎ᠢ ᠳᠠᠢᠴᠢᠯᠠᠨ 《ᠲᠦᠭᠡᠮᠡᠯ ᠬᠠᠢᠷ᠎ᠠ᠎ᠶᠢᠨ ᠨᠢᠭᠡ ᠡᠳᠦᠷ᠎ᠦᠨ ᠬᠠᠨᠳᠢᠪᠯᠡᠯ》᠎ᠤᠨ ᠠᠵᠢᠯᠯᠠᠭ᠎ᠠ᠎ᠳᠤ ᠣᠷᠣᠯᠴᠠᠭᠤᠯᠵᠤ᠂ ᠤᠮᠠᠷᠠᠲᠤ ᠬᠢᠵᠠᠭᠠᠷ᠎ᠤᠨ ᠬᠥᠮᠥᠯᠢᠭ ᠨᠡᠢᠲᠡ᠎ᠶᠢᠨ ᠠᠰᠠᠷᠠᠮᠵᠢ᠎ᠶᠢᠨ ᠬᠦᠴᠦᠨ᠎ᠢ ᠦᠷᠭᠦᠯᠵᠢᠯᠡᠨ ᠪᠤᠵᠠᠭᠠᠢᠷᠠᠭᠤᠯᠬᠤ᠎ᠶᠢ ᠬᠦᠰᠡᠵᠦ ᠪᠠᠢᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠨᠢ ᠰᠠᠢᠰᠢᠶᠠᠭᠳᠠᠨ ᠬᠥᠬᠢᠭᠦᠯᠦᠭᠳᠡᠭᠰᠡᠨ ᠨᠢᠭᠡᠴᠢ᠎ᠪᠡᠷ ᠬᠡᠪ ᠳᠠᠭᠤᠷᠢᠶᠠᠯ ᠪᠤᠯᠭᠠᠵᠤ᠂ ᠠᠷᠠᠳ᠎ᠤᠨ ᠠᠮᠢᠳᠤᠷᠠᠯ᠎ᠢ ᠪᠠᠲᠤᠯᠠᠬᠤ᠂ ᠡᠶ᠎ᠡ ᠵᠣᠬᠢᠴᠠᠯ᠎ᠢ ᠠᠬᠢᠭᠤᠯᠬᠤ᠂ ᠣᠯᠠᠨ ᠲᠦᠮᠡᠨ᠎ᠤ ᠠᠮᠢ ᠨᠠᠰᠤ ᠡᠷᠡᠭᠦᠯ ᠮᠡᠨᠳᠦ᠎ᠶᠢᠨ ᠠᠮᠤᠷ ᠲᠦᠪᠰᠢᠨ᠎ᠢ ᠬᠠᠮᠠᠭᠠᠯᠠᠬᠤ ᠲᠠᠯ᠎ᠠ᠎ᠪᠠᠷ ᠬᠢ 《ᠲᠦᠭᠡᠮᠡᠯ ᠬᠠᠢᠷ᠎ᠠ᠎ᠶᠢᠨ ᠨᠢᠭᠡ ᠡᠳᠦᠷ᠎ᠦᠨ ᠬᠠᠨᠳᠢᠪᠯᠡᠯ》᠎ᠤᠨ ᠠᠵᠢᠯᠯᠠᠭ᠎ᠠ᠎ᠶᠢᠨ ᠴᠢᠬᠤᠯᠠ ᠠᠴᠢ ᠬᠣᠯᠪᠣᠭᠳᠠᠯ᠎ᠢ ᠭᠦᠨᠵᠡᠭᠡᠢ ᠲᠠᠨᠢᠵᠤ᠂ ᠪᠥᠬᠦ ᠣᠷᠣᠨ᠎ᠤ ᠬᠥᠮᠥᠯᠢᠭ ᠨᠡᠢᠲᠡ᠎ᠶᠢᠨ ᠠᠰᠠᠷᠠᠮᠵᠢ᠎ᠶᠢᠨ ᠦᠢᠯᠡᠰ᠎ᠤᠨ ᠬᠥᠭᠵᠢᠯᠲᠡ᠎ᠶᠢᠨ ᠶᠡᠬᠡ ᠲᠠᠯ᠎ᠠ᠎ᠳᠤ ᠰᠠᠨᠠᠭᠠᠴᠢᠯᠠᠭ᠎ᠠ᠎ᠡᠴᠡ᠎ᠪᠡᠨ ᠠᠭᠤᠰᠤᠯᠴᠠᠵᠤ᠂ ᠺᠠᠳ᠋ᠷ ᠠᠵᠢᠯᠲᠠᠨ ᠠᠵᠢᠯᠴᠢᠨ᠎ᠢ ᠢᠳᠡᠪᠬᠢᠲᠡᠢ᠎ᠪᠡᠷ ᠵᠣᠬᠢᠶᠠᠨ ᠪᠠᠢᠭᠤᠯᠤᠨ ᠲᠠᠢᠴᠢᠯᠠᠵᠤ ᠪᠠᠢᠭᠠᠳ ᠬᠠᠨᠳᠢᠪᠯᠡᠬᠤ ᠠᠵᠢᠯᠯᠠᠭ᠎ᠠ᠎ᠳᠤ ᠣᠷᠣᠯᠴᠠᠭᠤᠯᠬᠤ ᠬᠡᠷᠡᠭᠲᠡᠢ᠃ ᠡᠯ᠎ᠡ ᠱᠠᠲᠤᠨ᠎ᠤ ᠤᠯᠠᠭᠠᠨ ᠵᠠᠭᠠᠯᠮᠠᠢᠲᠠᠨ᠎ᠤ ᠨᠡᠢᠭᠡᠮᠯᠢᠭ ᠨᠢ 《ᠰᠠᠢᠨ ᠳᠤᠷ᠎ᠠ ᠵᠢᠨ ᠪᠠᠢᠬᠤ᠂ ᠢᠯᠡ ᠪᠣᠯᠭᠠᠬᠤ᠂ ᠲᠣᠳᠣ᠌ ᠪᠠᠢᠯᠭᠠᠬᠤ》 ᠵᠠᠷᠴᠢᠮ᠎ᠢ ᠢᠮᠠᠭᠲᠠ ᠪᠠᠲᠤ ᠰᠠᠬᠢᠵᠤ᠂ ᠪᠡᠯᠡ ᠮᠥᠩᠭᠥ ᠴᠤᠭᠯᠠᠭᠤᠯᠬᠤ ᠵᠠᠭᠪᠤᠷ᠎ᠲᠤ ᠰᠢᠨ᠎ᠡ ᠶ᠋ᠢ ᠡᠭᠦᠳᠦᠨ᠂ ᠪᠡᠯᠡ ᠮᠥᠩᠭᠥᠨ᠎ᠦ ᠬᠡᠷᠡᠭᠯᠡᠯᠲᠡ ᠶ᠋ᠢ ᠵᠢᠷᠤᠮᠵᠢᠭᠤᠯᠵᠤ᠂ ᠨᠢᠭᠦᠯᠡᠰᠦᠩᠭᠦᠢ᠎ᠶᠢᠨ ᠦᠢᠯᠡᠰ᠎ᠲᠦ ᠬᠡᠷᠡᠭᠯᠡᠬᠦ ᠵᠣᠭᠣᠰ ᠨᠢᠭᠡᠪᠦᠷᠢ ᠶ᠋ᠢ ᠬᠦᠴᠢᠷᠳᠡᠯᠲᠡᠢ ᠣᠯᠠᠨ ᠲᠦᠮᠡᠨ᠎ᠳᠦ ᠣᠨᠣᠴᠠᠲᠠᠢ᠎ᠪᠠᠷ ᠠᠰᠢᠭ᠋ ᠬᠦᠷᠲᠡᠭᠡᠬᠦ ᠶ᠋ᠢ ᠦᠨᠡᠨ ᠬᠦ᠌ ᠪᠠᠲᠤᠯᠠᠵᠤ᠂ ᠰᠠᠢᠨ ᠶᠠᠪᠤᠳᠠᠯ ᠨᠢᠭᠦᠯᠡᠰᠦᠩᠭᠦᠢ ᠦᠢᠯᠡᠰ᠎ᠢ ᠦᠨᠡᠨ ᠬᠦ᠌ ᠤᠯᠠᠨ ᠲᠦᠮᠡᠨ᠎ᠤ ᠰᠡᠳᠬᠢᠯ᠎ᠳᠤ ᠨᠢ ᠬᠦᠷᠭᠡᠵᠦ᠂ ᠪᠦᠬᠦ ᠣᠷᠣᠨ᠎ᠤ ᠤᠯᠠᠭᠠᠨ ᠵᠠᠭᠠᠯᠮᠠᠢᠲᠠᠨ᠎ᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠤᠯᠠᠮ ᠨᠢᠭᠡ ᠠᠯᠬᠤᠮ ᠠᠬᠢᠭᠤᠯᠬᠤ᠎ᠳᠤ ᠨᠡᠩ ᠶᠡᠬᠡ ᠬᠤᠪᠢ ᠨᠡᠮᠡᠷᠢ᠎ᠪᠡᠨ ᠦᠵᠡᠭᠦᠯᠰᠦᠭᠡᠢ᠃
ᠳᠠᠭᠠᠯᠳᠤᠭᠤᠯᠤᠯ᠄ ᠥᠪᠡᠷᠲᠡᠭᠡᠨ ᠵᠠᠰᠠᠬᠤ ᠣᠷᠣᠨ᠎ᠤ 《ᠲᠦᠭᠡᠮᠡᠯ ᠬᠠᠢᠷ᠎ᠠ᠎ᠶᠢᠨ ᠨᠢᠭᠡ ᠡᠳᠦᠷ᠎ᠦᠨ ᠬᠠᠨᠳᠢᠪᠯᠡᠯ》 ᠤᠨ ᠠᠵᠢᠯᠯᠠᠭ᠎ᠠ᠎ᠶᠢᠨ ᠰᠢᠯᠢᠳᠡᠭ ᠵᠣᠬᠢᠶᠠᠨ ᠪᠠᠢᠭᠤᠯᠤᠯᠲᠠ ᠨᠢᠭᠡᠴᠢ᠎ᠶᠢᠨ ᠨᠡᠷᠡᠰ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ
2025 ᠣᠨ᠎ᠤ 11 ᠳ᠋ᠦ᠍ᠭᠡᠷ ᠰᠠᠷ᠎ᠠ᠎ᠶᠢᠨ 25᠎ᠤ ᠡᠳᠦᠷ
(ᠲᠤᠰ ᠪᠢᠴᠢᠭ ᠮᠠᠲᠧᠷᠢᠶᠡᠯᠢ ᠢᠯᠡ ᠨᠡᠢᠲᠡᠯᠡᠨ᠎ᠡ)
ᠳᠠᠭᠠᠯᠳᠤᠭᠤᠯᠤᠯ
ᠥᠪᠡᠷᠲᠡᠭᠡᠨ ᠵᠠᠰᠠᠬᠤ ᠣᠷᠣᠨ᠎ᠤ 《ᠲᠦᠭᠡᠮᠡᠯ ᠬᠠᠢᠷ᠎ᠠ᠎ᠶᠢᠨ ᠨᠢᠭᠡ ᠡᠳᠦᠷ᠎ᠦᠨ ᠬᠠᠨᠳᠢᠪᠯᠡᠯ》᠎ᠦᠨ
ᠠᠵᠢᠯᠯᠠᠭ᠎ᠠ᠎ᠶᠢᠨ ᠰᠢᠯᠢᠳᠡᠭ ᠵᠣᠬᠢᠶᠠᠨ ᠪᠠᠢᠭᠤᠯᠤᠯᠲᠠ ᠨᠢᠭᠡᠴᠢ᠎ᠶᠢᠨ ᠨᠡᠷᠡᠰ
ᠬᠦᠬᠡᠬᠣᠲᠠ᠎ᠶᠢᠨ ᠠᠷᠠᠳ᠎ᠤᠨ ᠶᠠᠪᠤᠳᠠᠯ᠎ᠤᠨ ᠲᠣᠪᠴᠢᠶ᠎ᠠ
ᠬᠦᠬᠡᠬᠣᠲᠠ᠎ᠶᠢᠨ ᠵᠠᠮ ᠬᠠᠷᠢᠯᠴᠠᠭᠠᠨ᠎ᠤ ᠪᠡᠯᠡ ᠣᠷᠣᠭᠤᠯᠤᠯᠲᠠ᠎ᠶᠢᠨ ᠪᠦᠲᠦᠭᠡᠨ ᠪᠠᠢᠭᠤᠯᠤᠯᠲᠠ᠎ᠶᠢᠨ ᠪᠦᠯᠦᠭᠯᠡᠯ᠎ᠦᠨ ᠬᠢᠵᠠᠭᠠᠷᠲᠤ ᠺᠤᠮᠫᠠᠨᠢ
ᠤᠯᠤᠰ᠎ᠤᠨ ᠭᠠᠢᠯᠢ᠎ᠶᠢᠨ ᠶᠠᠪᠤᠳᠠᠯ᠎ᠤᠨ ᠶᠡᠷᠦᠩᠬᠡᠢ ᠲᠣᠪᠴᠢᠶᠠᠨ᠎ᠤ ᠬᠦᠬᠡᠬᠣᠲᠠ᠎ᠶᠢᠨ ᠰᠢᠨ᠎ᠡ ᠬᠣᠲᠠ ᠲᠣᠭᠣᠷᠢᠭ᠋᠎ᠤᠨ ᠭᠠᠢᠯᠢ᠎ᠶᠢᠨ ᠶᠠᠪᠤᠳᠠᠯ᠎ᠤᠨ ᠲᠣᠪᠴᠢᠶ᠎ᠠ
ᠪᠤᠭᠤᠲᠤ ᠬᠣᠲᠠ᠎ᠶᠢᠨ ᠭᠣᠣᠯ ᠡᠮᠨᠡᠯᠭᠡ᠎ᠶᠢᠨ ᠬᠣᠷᠢᠶ᠎ᠠ
ᠪᠤᠭᠤᠲᠤ᠎ᠶᠢᠨ ᠬᠥᠩᠭᠡᠨ ᠠᠵᠤ ᠦᠢᠯᠡᠳᠪᠦᠷᠢ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠠᠵᠢᠯᠴᠢᠨ᠎ᠤ ᠡᠪᠯᠡᠯ᠎ᠦᠨ ᠺᠣᠮᠢᠰ
ᠬᠥᠨᠳᠡᠯᠡᠨ ᠲᠣᠭᠣᠷᠢᠭ᠋᠎ᠤᠨ ᠰᠤᠷᠭᠠᠨ ᠬᠥᠮᠦᠵᠢᠯ᠎ᠦᠨ ᠲᠣᠪᠴᠢᠶ᠎ᠠ
ᠬᠥᠯᠥᠨ ᠪᠣᠢᠷ ᠬᠣᠲᠠ᠎ᠶᠢᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ
ᠬᠥᠯᠥᠨ ᠪᠣᠢᠷ᠎ᠤᠨ ᠠᠲᠠᠷ ᠬᠠᠭᠠᠯᠪᠤᠷᠢᠯᠠᠯᠲᠠ᠎ᠶᠢᠨ ᠪᠦᠯᠦᠭᠯᠡᠯ᠎ᠦᠨ ᠬᠢᠵᠠᠭᠠᠷᠲᠤ ᠺᠤᠮᠫᠠᠨᠢ᠎ᠶᠢᠨ ᠠᠵᠢᠯᠴᠢᠨ᠎ᠤ ᠡᠪᠯᠡᠯ
ᠠᠷᠤᠨ ᠬᠣᠰᠢᠭᠤᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ
ᠬᠢᠩᠭᠠᠨ ᠠᠢᠮᠠᠭ᠎ᠤᠨ ᠠᠷᠠᠳ᠎ᠤᠨ ᠡᠮᠨᠡᠯᠭᠡ᠎ᠶᠢᠨ ᠬᠣᠷᠢᠶ᠎ᠠ
ᠬᠢᠩᠭᠠᠨ ᠠᠢᠮᠠᠭ᠎ᠤᠨ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠣᠪᠴᠢᠶ᠎ᠠ
ᠬᠢᠩᠭᠠᠨ ᠠᠢᠮᠠᠭ᠎ᠤᠨ ᠪᠠᠢ ᠯᠠᠩ ᠣᠢ ᠰᠢᠭᠤᠢ᠎ᠶᠢᠨ ᠲᠣᠪᠴᠢᠶ᠎ᠠ
ᠲᠦᠩᠯᠢᠶᠣᠣ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠭᠡᠷ
ᠲᠦᠩᠯᠢᠶᠣᠣ ᠬᠣᠲᠠ᠎ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ
ᠲᠦᠩᠯᠢᠶᠣᠣ ᠬᠣᠲᠠ᠎ᠶᠢᠨ ᠠᠷᠠᠳ᠎ᠤᠨ ᠡᠮᠨᠡᠯᠭᠡ᠎ᠶᠢᠨ ᠬᠣᠷᠢᠶ᠎ᠠ
ᠨᠠᠢ᠍ᠮᠠᠨ ᠬᠣᠰᠢᠭᠤᠨ᠎ᠤ ᠨᠢᠭᠡᠳᠦᠭᠡᠷ ᠳᠤᠮᠳᠠᠳᠤ ᠰᠤᠷᠭᠠᠭᠤᠯᠢ
ᠤᠯᠠᠭᠠᠨᠬᠠᠳᠠ ᠬᠣᠲᠠ᠎ᠶᠢᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ
ᠤᠯᠠᠭᠠᠨᠬᠠᠳᠠ᠎ᠶᠢᠨ ᠳᠠ ᠵᠢᠩ ᠽᠢ ᠠᠭᠤᠷᠬᠠᠢ᠎ᠶᠢᠨ ᠦᠢᠯᠡᠰ᠎ᠦᠨ ᠬᠢᠵᠠᠭᠠᠷᠲᠤ ᠺᠤᠮᠫᠠᠨᠢ
ᠶᠤᠸᠠᠨ ᠪᠤᠤ ᠱᠠᠨ ᠲᠣᠭᠣᠷᠢᠭ᠋᠎ᠤᠨ ᠰᠤᠷᠭᠠᠨ ᠬᠥᠮᠦᠵᠢᠯ᠎ᠦᠨ ᠲᠣᠪᠴᠢᠶ᠎ᠠ
ᠰᠢᠯᠢ᠎ᠶᠢᠨ ᠭᠣᠣᠯ ᠠᠢᠮᠠᠭ᠎ᠤᠨ ᠮᠣᠩᠭᠣᠯ ᠠᠨᠠᠭᠠᠬᠤ ᠤᠬᠠᠭᠠᠨ᠎ᠤ ᠡᠮᠨᠡᠯᠭᠡ᠎ᠶᠢᠨ ᠬᠣᠷᠢᠶ᠎ᠠ
ᠰᠢᠯᠢ᠎ᠶᠢᠨ ᠭᠣᠣᠯ᠎ᠤᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠡᠪᠯᠡᠯ᠎ᠦᠨ ᠬᠣᠷᠢᠶ᠎ᠠ
ᠰᠢᠯᠢ᠎ᠶᠢᠨ ᠭᠣᠣᠯ ᠠᠢᠮᠠᠭ᠎ᠤᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ
ᠤᠯᠠᠭᠠᠨᠴᠠᠪ ᠬᠣᠲᠠ᠎ᠶᠢᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ
ᠤᠯᠠᠭᠠᠨᠴᠠᠪ᠎ᠤᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠠᠵᠢᠯᠴᠢᠨ᠎ᠤ ᠡᠪᠯᠡᠯ᠎ᠦᠨ ᠺᠣᠮᠢᠰ
ᠳᠥᠷᠪᠡᠳ ᠬᠣᠰᠢᠭᠤᠨ᠎ᠤ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ
ᠣᠷᠳᠣᠰ ᠬᠣᠲᠠ᠎ᠶᠢᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ
ᠣᠷᠳᠣᠰ ᠬᠣᠲᠠ᠎ᠶᠢᠨ ᠭᠣᠣᠯᠳᠠᠯᠭᠠᠲᠤ ᠡᠮᠨᠡᠯᠭᠡ᠎ᠶᠢᠨ ᠬᠣᠷᠢᠶ᠎ᠠ
ᠣᠷᠳᠣᠰ ᠬᠣᠲᠠ᠎ᠶᠢᠨ ᠨᠢᠭᠡᠳᠦᠭᠡᠷ ᠳᠤᠮᠳᠠᠳᠤ ᠰᠤᠷᠭᠠᠭᠤᠯᠢ
ᠤᠯᠤᠰ᠎ᠤᠨ ᠡᠨᠧᠷᠬᠢ᠎ᠶᠢᠨ ᠰᠢᠨ ᠱᠥᠸᠧ ᠲᠡᠮᠦᠷ ᠵᠠᠮ᠎ᠤᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ
ᠪᠠᠶᠠᠨᠨᠠᠭᠤᠷ ᠬᠣᠲᠠ᠎ᠶᠢᠨ ᠡᠮᠨᠡᠯᠭᠡ᠎ᠶᠢᠨ ᠬᠣᠷᠢᠶ᠎ᠠ
ᠪᠣᠷᠣᠳᠣᠬᠣᠢ ᠳᠡᠭᠡᠳᠦ ᠰᠤᠷᠭᠠᠭᠤᠯᠢ᠎ᠶᠢᠨ ᠠᠵᠢᠯᠴᠢᠨ᠎ᠤ ᠡᠪᠯᠡᠯ᠎ᠦᠨ ᠺᠣᠮᠢᠰ
ᠥᠪᠥᠷ ᠮᠣᠩᠭᠣᠯ᠎ᠤᠨ ᠴᠠᠬᠢᠯᠭᠠᠨ ᠬᠦᠴᠦᠨ (ᠪᠦᠯᠦᠭᠯᠡᠯ)᠎ᠤ ᠬᠢᠵᠠᠭᠠᠷᠲᠤ ᠬᠠᠷᠢᠭᠤᠴᠠᠯᠭᠠᠲᠤ ᠺᠤᠮᠫᠠᠨᠢ᠎ᠶᠢᠨ ᠪᠠᠶᠠᠨᠨᠠᠭᠤᠷ᠎ᠤᠨ ᠴᠠᠬᠢᠯᠭᠠᠨ ᠬᠠᠩᠭᠠᠬᠤ ᠬᠤᠪᠢᠶᠠᠷᠢ ᠺᠤᠮᠫᠠᠨᠢ᠎ᠶᠢᠨ ᠠᠵᠢᠯᠴᠢᠨ᠎ᠤ ᠡᠪᠯᠡᠯ᠎ᠦᠨ ᠺᠣᠮᠢᠰ
ᠦᠬᠠᠢ ᠬᠣᠲᠠ᠎ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ
ᠦᠬᠠᠢ ᠬᠣᠲᠠ᠎ᠶᠢᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ
ᠥᠪᠥᠷ ᠮᠣᠩᠭᠣᠯ᠎ᠤᠨ ᠴᠠᠬᠢᠯᠭᠠᠨ ᠬᠦᠴᠦᠨ (ᠪᠦᠯᠦᠭᠯᠡᠯ)᠎ᠤ ᠬᠢᠵᠠᠭᠠᠷᠲᠤ ᠬᠠᠷᠢᠭᠤᠴᠠᠯᠭᠠᠲᠤ ᠺᠤᠮᠫᠠᠨᠢ᠎ᠶᠢᠨ ᠠᠯᠠᠱᠠ᠎ᠶᠢᠨ ᠴᠠᠬᠢᠯᠭᠠᠨ ᠬᠠᠩᠭᠠᠬᠤ ᠬᠤᠪᠢᠶᠠᠷᠢ ᠺᠤᠮᠫᠠᠨᠢ
ᠠᠯᠠᠱᠠ ᠵᠡᠭᠦᠨ ᠬᠣᠰᠢᠭᠤᠨ᠎ᠤ ᠬᠣᠲᠠ ᠬᠥᠳᠡᠭᠡ᠎ᠶᠢᠨ ᠤᠰᠤᠨ᠎ᠤ ᠶᠠᠪᠤᠳᠠᠯ᠎ᠤᠨ ᠬᠢᠵᠠᠭᠠᠷᠲᠤ ᠺᠤᠮᠫᠠᠨᠢ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠯᠪᠠᠨ ᠲᠢᠩᠬᠢᠮ᠎ᠦᠨ ᠡᠳ᠋᠎ᠦᠨ ᠶᠠᠪᠤᠳᠠᠯ᠎ᠤᠨ ᠬᠢᠨᠠᠨ ᠪᠤᠳᠤᠬᠤ ᠭᠠᠵᠠᠷ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠦᠨ ᠪᠠᠢᠭᠤᠯᠭ᠎ᠠ᠎ᠶᠢᠨ ᠨᠠᠮ᠎ᠤᠨ ᠬᠣᠷᠢᠶ᠎ᠠ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠰᠢᠭᠤᠳ ᠬᠠᠷᠢᠶ᠎ᠠ ᠪᠠᠢᠭᠤᠯᠭ᠎ᠠ᠎ᠶᠢᠨ ᠠᠵᠢᠯ᠎ᠤᠨ ᠬᠣᠷᠢᠶᠠᠨ᠎ᠤ ᠤᠬᠠᠭᠤᠯᠬᠤ ᠬᠡᠯᠲᠡᠰ
ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠦᠨ ᠶᠡᠷᠦᠩᠬᠡᠢᠯᠡᠭᠰᠡᠨ ᠪᠠᠲᠤᠯᠠᠭ᠎ᠠ᠎ᠶᠢᠨ ᠲᠥᠪ
ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶᠢ ᠬᠠᠮᠠᠭᠠᠯᠠᠬᠤ ᠲᠢᠩᠬᠢᠮ᠎ᠦᠨ ᠨᠢᠰᠬᠡᠯ᠎ᠦᠨ ᠪᠠᠭᠤᠳᠠᠯ᠎ᠤᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ
ᠥᠪᠡᠷᠲᠡᠭᠡᠨ ᠵᠠᠰᠠᠬᠤ ᠣᠷᠣᠨ᠎ᠤ ᠶᠡᠬᠡ ᠬᠢᠩᠭᠠᠨ ᠳᠠᠪᠠᠭᠠᠨ᠎ᠤ ᠣᠢ ᠰᠢᠭᠤᠢ᠎ᠶᠢᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ
ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶᠢᠨ ᠡᠬᠢ ᠪᠠᠶᠠᠯᠢᠭ᠋᠎ᠤᠨ ᠲᠢᠩᠬᠢᠮ᠎ᠦᠨ ᠪᠠᠢᠭᠤᠯᠭ᠎ᠠ᠎ᠶᠢᠨ ᠨᠠᠮ᠎ᠤᠨ ᠬᠣᠷᠢᠶ᠎ᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠦᠨ ᠪᠠᠢᠭᠤᠯᠭ᠎ᠠ᠎ᠶᠢᠨ ᠨᠠᠮ᠎ᠤᠨ ᠬᠣᠷᠢᠶ᠎ᠠ
ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠎ᠦᠨ ᠪᠠᠢᠭᠤᠯᠭ᠎ᠠ᠎ᠶᠢᠨ ᠨᠠᠮ᠎ᠤᠨ ᠬᠣᠷᠢᠶ᠎ᠠ
ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ᠎ᠦᠨ ᠪᠠᠢᠭᠤᠯᠭ᠎ᠠ᠎ᠶᠢᠨ ᠨᠠᠮ᠎ᠤᠨ ᠬᠣᠷᠢᠶ᠎ᠠ
ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠎ᠦᠨ ᠶᠡᠷᠦᠩᠬᠡᠢᠯᠡᠭᠰᠡᠨ ᠪᠠᠲᠤᠯᠠᠭ᠎ᠠ᠎ᠶᠢᠨ ᠲᠥᠪ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠯᠤᠰ᠎ᠤᠨ ᠥᠮᠴᠢᠯᠡᠯᠲᠦ ᠡᠳ᠋ ᠬᠥᠷᠥᠩᠭᠡ᠎ᠶᠢᠨ ᠬᠢᠨᠠᠯᠲᠠ ᠬᠠᠮᠢᠶᠠᠷᠤᠯᠲᠠ᠎ᠶᠢᠨ ᠵᠥᠪᠯᠡᠯ᠎ᠦᠨ ᠪᠠᠢᠭᠤᠯᠭ᠎ᠠ᠎ᠶᠢᠨ ᠨᠠᠮ᠎ᠤᠨ ᠬᠣᠷᠢᠶ᠎ᠠ
ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶᠠᠨ᠎ᠤ ᠪᠠᠢᠭᠤᠯᠭ᠎ᠠ᠎ᠶᠢᠨ ᠨᠠᠮ᠎ᠤᠨ ᠬᠣᠷᠢᠶ᠎ᠠ
ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶᠢᠨ ᠲᠠᠮᠢᠷ᠎ᠤᠨ ᠲᠣᠪᠴᠢᠶᠠᠨ᠎ᠤ ᠠᠵᠢᠯᠴᠢᠨ᠎ᠤ ᠡᠪᠯᠡᠯ᠎ᠦᠨ ᠺᠣᠮᠢᠰ
ᠥᠪᠡᠷᠲᠡᠭᠡᠨ ᠵᠠᠰᠠᠬᠤ ᠣᠷᠣᠨ᠎ᠤ ᠣᠢ ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠶᠠᠨ᠎ᠤ ᠶᠡᠷᠦᠩᠬᠡᠢᠯᠡᠭᠰᠡᠨ ᠪᠠᠲᠤᠯᠠᠭ᠎ᠠ᠎ᠶᠢᠨ ᠲᠥᠪ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠣᠷᠢᠶᠠᠨ᠎ᠤ ᠪᠠᠢᠭᠤᠯᠭ᠎ᠠ᠎ᠶᠢᠨ ᠨᠠᠮ᠎ᠤᠨ ᠬᠣᠷᠢᠶ᠎ᠠ
ᠤᠯᠤᠰ᠎ᠤᠨ ᠠᠭᠤᠷᠬᠠᠢ᠎ᠶᠢᠨ ᠠᠮᠤᠷ ᠲᠦᠪᠰᠢᠨ᠎ᠦ ᠬᠢᠨᠠᠨ ᠪᠠᠢᠴᠠᠭᠠᠬᠤ ᠲᠣᠪᠴᠢᠶᠠᠨ᠎ᠤ ᠥᠪᠥᠷ ᠮᠣᠩᠭᠣᠯ᠎ᠤᠨ ᠲᠣᠪᠴᠢᠶᠠᠨ᠎ᠤ ᠪᠠᠢᠭᠤᠯᠭ᠎ᠠ᠎ᠶᠢᠨ ᠦᠢᠯᠡᠴᠢᠯᠡᠭᠡ᠎ᠶᠢᠨ ᠲᠥᠪ
ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠶᠢᠨ ᠠᠵᠢᠯᠴᠢᠨ᠎ᠤ ᠡᠪᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠮᠨᠡᠯᠭᠡ᠎ᠶᠢᠨ ᠬᠣᠷᠢᠶᠠᠨ᠎ᠤ ᠨᠠᠮ᠎ᠤᠨ ᠬᠣᠷᠢᠶᠠᠨ᠎ᠤ ᠠᠯᠪᠠᠨ ᠭᠡᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠶᠤᠨ ᠮᠡᠳᠡᠷᠡᠯ᠎ᠦᠨ ᠡᠷᠡᠭᠦᠯ ᠬᠠᠮᠠᠭᠠᠯᠠᠯ᠎ᠤᠨ ᠲᠥᠪ
ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠦᠨ ᠳᠠᠮᠵᠢᠭᠤᠯᠭ᠎ᠠ ᠬᠠᠷᠪᠤᠯᠲᠠ᠎ᠶᠢᠨ ᠲᠥᠪ
ᠥᠪᠥᠷ ᠮᠣᠩᠭᠣᠯ᠎ᠤᠨ ᠦᠵᠡᠰᠭᠦᠯᠡᠩ᠎ᠦᠨ ᠣᠷᠳᠣᠨ
ᠥᠪᠥᠷ ᠮᠣᠩᠭᠣᠯ᠎ᠤᠨ ᠠᠵᠢᠯᠴᠢᠨ᠎ᠤ ᠰᠤᠪᠢᠯᠠᠯᠲᠠ᠎ᠶᠢᠨ ᠬᠦᠷᠢᠶᠡᠯᠡᠩ
ᠬᠦᠬᠡᠬᠣᠲᠠ᠎ᠶᠢᠨ ᠨᠢᠭᠡᠳᠦᠭᠡᠷ ᠭᠢᠨᠳᠠᠨ
ᠬᠦᠬᠡᠬᠣᠲᠠ᠎ᠶᠢᠨ ᠭᠤᠷᠪᠠᠳᠤᠭᠠᠷ ᠭᠢᠨᠳᠠᠨ
ᠥᠪᠥᠷ ᠮᠣᠩᠭᠣᠯ᠎ᠤᠨ ᠵᠠᠮ ᠬᠠᠷᠢᠯᠴᠠᠭᠠᠨ᠎ᠤ ᠪᠡᠯᠡ ᠣᠷᠤᠭᠤᠯᠤᠯᠲᠠ (ᠪᠦᠯᠦᠭᠯᠡᠯ)᠎ᠶᠢᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ᠎ᠶᠢᠨ ᠠᠵᠢᠯᠴᠢᠨ᠎ᠤ ᠡᠪᠯᠡᠯ
ᠥᠪᠥᠷ ᠮᠣᠩᠭᠣᠯ᠎ᠤᠨ ᠼᠠᠢ ᠰᠢᠨ ᠪᠡᠯᠡ ᠣᠷᠣᠭᠤᠯᠤᠯᠲᠠ᠎ᠶᠢᠨ ᠪᠦᠯᠦᠭᠯᠡᠯ᠎ᠦᠨ ᠬᠢᠵᠠᠭᠠᠷᠲᠤ ᠺᠤᠮᠫᠠᠨᠢ