ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠠᠷᠠᠳ᠎ᠤᠨ ᠵᠠᠰᠠᠭ᠎ᠤᠨ ᠣᠷᠳᠣᠨ᠎ᠤ ᠪᠢᠴᠢᠭ ᠮᠠᠲᠧᠷᠢᠶᠠᠯ
ᠥᠪᠥᠷ ᠵᠠᠰᠠᠭ ᠲᠠᠷᠬᠠᠭᠠᠭᠰᠠᠨ 〔2025〕 17 ᠳ᠋ᠤᠭᠠᠷ ᠲᠣᠭᠠᠲᠤ
ᠶᠡᠬᠡ ᠬᠢᠩᠭᠠᠨ ᠳᠠᠪᠠᠭᠠᠨ᠎ᠤ ᠣᠢ ᠰᠢᠭᠤᠢ᠎ᠶᠢᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ᠎ᠳᠤ ᠡᠷᠬᠡ ᠣᠯᠭᠣᠵᠤ ᠭᠣᠣᠯᠳᠠᠯᠭ᠎ᠠ ᠪᠣᠯᠬᠤ
ᠤᠯᠤᠰ᠎ᠤᠨ ᠥᠮᠴᠢᠯᠡᠯᠲᠦ ᠰᠢᠭᠤᠢᠲᠤ ᠣᠷᠣᠨ ᠨᠤᠲᠤᠭ ᠪᠡᠯᠴᠢᠭᠡᠷ᠎ᠦᠨ ᠵᠠᠰᠠᠭ ᠵᠠᠬᠢᠷᠭᠠᠨ᠎ᠤ ᠰᠢᠢᠳᠬᠡᠯ ᠲᠣᠷᠭᠠᠭᠤᠯᠢ᠎ᠶᠢᠨ ᠡᠷᠬᠡ᠎ᠶᠢ
ᠬᠡᠷᠡᠭᠵᠢᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭᠠᠯ
ᠡᠯ᠎ᠡ ᠠᠢᠮᠠᠭ᠎ᠤᠨ ᠵᠠᠬᠢᠷᠭ᠎ᠠ᠂ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ᠌ ᠠᠵᠤ ᠠᠬᠤᠢᠯᠠᠯ᠂ ᠠᠵᠢᠯ ᠦᠢᠯᠡᠰ᠎ᠦᠨ ᠨᠢᠭᠡᠴᠢ᠎ᠳᠦ᠄
《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭᠠᠨ᠎ᠤ ᠰᠢᠢᠳᠬᠡᠯ ᠲᠣᠷᠭᠠᠭᠤᠯᠢ᠎ᠶᠢᠨ ᠬᠠᠤᠯᠢ》᠂ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠨᠤᠲᠤᠭ ᠪᠡᠯᠴᠢᠭᠡᠷ᠎ᠦᠨ ᠬᠠᠤᠯᠢ》 ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ᠎ᠤᠨ ᠬᠣᠯᠪᠣᠭᠳᠠᠯ ᠪᠦᠬᠦᠢ ᠲᠣᠭᠲᠠᠭᠠᠯ᠎ᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠶᠡᠬᠡ ᠬᠢᠩᠭᠠᠨ ᠳᠠᠪᠠᠭᠠᠨ᠎ᠤ ᠣᠶ ᠰᠢᠭᠤᠢ᠎ᠶᠢᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ᠎ᠳᠤ ᠡᠷᠬᠡ ᠣᠯᠭᠣᠵᠤ ᠭᠣᠣᠯᠳᠠᠯᠭ᠎ᠠ ᠪᠣᠯᠬᠤ ᠤᠯᠤᠰ᠎ᠤᠨ ᠥᠮᠴᠢᠯᠡᠯᠲᠦ ᠰᠢᠭᠤᠢᠲᠤ ᠣᠷᠣᠨ ᠨᠤᠲᠤᠭ ᠪᠡᠯᠴᠢᠭᠡᠷ᠎ᠦᠨ ᠵᠠᠰᠠᠭ ᠵᠠᠬᠢᠷᠭᠠᠨ᠎ᠤ ᠰᠢᠢᠳᠬᠡᠯ ᠲᠣᠷᠭᠠᠭᠤᠯᠢ᠎ᠶᠢᠨ ᠡᠷᠬᠡ᠎ᠶᠢ ᠬᠡᠷᠡᠭᠵᠢᠭᠦᠯᠬᠦ᠎ᠪᠠᠷ ᠲᠣᠭᠲᠠᠪᠠ᠂ ᠳᠠᠭᠤᠰᠬᠤ ᠡᠳᠦᠷ ᠬᠤᠭᠤᠴᠠᠭ᠎ᠠ ᠨᠢ《ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ᠎ᠳᠤ ᠡᠷᠬᠡ ᠣᠯᠭᠣᠵᠤ ᠣᠶ ᠰᠢᠭᠤᠢ ᠪᠠ ᠨᠤᠲᠤᠭ ᠪᠡᠯᠴᠢᠭᠡᠷ᠎ᠦᠨ ᠵᠠᠰᠠᠭ ᠵᠠᠬᠢᠷᠭᠠᠨ᠎ᠤ ᠰᠢᠢᠳᠬᠡᠯ ᠲᠣᠷᠭᠠᠭᠤᠯᠢ᠎ᠶᠢᠨ ᠡᠷᠬᠡ᠎ᠶᠢ ᠬᠡᠷᠡᠭᠵᠢᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭᠠᠯ》 (ᠥᠪᠥᠷ ᠵᠠᠰᠠᠭ ᠲᠠᠷᠬᠠᠭᠠᠭᠰᠠᠨ 〔2024〕 33 ᠳ᠋ᠤᠭᠠᠷ ᠲᠣᠭᠠᠲᠤ)᠎ᠳᠠᠬᠢ ᠳᠠᠭᠤᠰᠬᠤ ᠡᠳᠦᠷ ᠯᠦ᠍ᠭᠡ ᠠᠳᠠᠯᠢ ᠪᠣᠯᠣᠨ᠎ᠠ᠃
ᠶᠡᠬᠡ ᠬᠢᠩᠭᠠᠨ ᠳᠠᠪᠠᠭᠠᠨ᠎ᠤ ᠣᠶ ᠰᠢᠭᠤᠢ᠎ᠶᠢᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ ᠨᠢ ᠭᠣᠣᠯᠳᠠᠯᠭ᠎ᠠ ᠪᠣᠯᠬᠤ ᠤᠯᠤᠰ᠎ᠤᠨ ᠥᠮᠴᠢᠯᠡᠯᠲᠦ ᠰᠢᠭᠤᠢᠲᠤ ᠣᠷᠣᠨ᠎ᠤ ᠠᠮᠢ ᠠᠬᠤᠢ᠎ᠶᠢᠨ ᠠᠮᠤᠷ ᠲᠦᠪᠰᠢᠨ᠎ᠢ ᠬᠠᠮᠠᠭᠠᠯᠠᠬᠤ ᠴᠢᠬᠤᠯᠠ ᠡᠭᠦᠷᠭᠡ ᠬᠠᠷᠢᠭᠤᠴᠠᠯᠭ᠎ᠠ᠎ᠪᠠᠨ ᠦᠨᠡᠨ ᠬᠦ᠌ ᠡᠭᠦᠷᠭᠡᠯᠡᠵᠦ᠂ ᠣᠷᠣᠨ ᠨᠤᠲᠤᠭ᠎ᠤᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ ᠯᠤᠭ᠎ᠠ ᠬᠠᠮᠵᠢᠯᠴᠠᠬᠤ ᠲᠣᠭᠲᠠᠴᠠ᠎ᠶᠢ ᠪᠠᠢᠭᠤᠯᠤᠨ ᠪᠦᠷᠢᠨᠰᠢᠭᠦᠯᠵᠦ᠂ ᠤᠢ ᠰᠢᠭᠤᠢ ᠨᠤᠲᠤᠭ ᠪᠡᠯᠴᠢᠭᠡᠷ᠎ᠦᠨ ᠡᠬᠢ ᠪᠠᠶᠠᠯᠢᠭ᠋᠎ᠢ ᠡᠪᠳᠡᠭᠰᠡᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠡᠷᠴᠢᠮ᠎ᠢᠶᠡᠨ ᠴᠢᠩᠭᠠᠷᠠᠭᠤᠯᠵᠤ᠂ ᠭᠣᠣᠯᠳᠠᠯᠭ᠎ᠠ ᠪᠣᠯᠬᠤ ᠤᠯᠤᠰ᠎ᠤᠨ ᠥᠮᠴᠢᠯᠡᠯᠲᠦ ᠰᠢᠭᠤᠢᠲᠤ ᠣᠷᠣᠨ᠎ᠤ ᠨᠡᠢᠭᠡᠮ᠎ᠦᠨ ᠲᠣᠭᠲᠠᠭᠤᠨ᠎ᠢ ᠦᠨᠡᠨ ᠬᠦ᠌ ᠪᠠᠲᠤᠯᠠᠬᠤ ᠬᠡᠷᠡᠭᠲᠡᠢ᠃
ᠬᠥᠯᠥᠨ ᠪᠣᠢᠷ ᠬᠣᠲᠠ᠂ ᠬᠢᠩᠭᠠᠨ ᠠᠢᠮᠠᠭ ᠣᠶ ᠰᠢᠭᠤᠢ ᠨᠤᠲᠤᠭ ᠪᠡᠯᠴᠢᠭᠡᠷ᠎ᠦᠨ ᠡᠬᠢ ᠪᠠᠶᠠᠯᠢᠭ᠋᠎ᠢ ᠬᠠᠮᠠᠭᠠᠯᠠᠬᠤ ᠬᠠᠷᠢᠶ᠎ᠠ ᠭᠠᠵᠠᠷ᠎ᠤᠨ ᠬᠠᠷᠢᠭᠤᠴᠠᠯᠭ᠎ᠠ᠎ᠪᠠᠨ ᠰᠠᠢᠲᠤᠷ ᠨᠠᠢᠳᠠᠪᠤᠷᠢᠵᠢᠭᠤᠯᠵᠤ᠂ ᠲᠤᠬᠠᠢ᠎ᠶᠢᠨ ᠭᠠᠵᠠᠷ᠎ᠤᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ᠂ ᠣᠶ ᠰᠢᠭᠤᠢ ᠨᠤᠲᠤᠭ ᠪᠡᠯᠴᠢᠭᠡᠷ ᠵᠡᠷᠭᠡ ᠵᠠᠰᠠᠭ ᠵᠠᠬᠢᠷᠭᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠦᠳ ᠠᠵᠢᠯ᠎ᠤᠨ ᠵᠣᠯᠭᠠᠭᠤᠯᠤᠯᠲᠠ᠎ᠪᠠᠨ ᠤᠯᠠᠮ ᠨᠢᠭᠡ ᠠᠯᠬᠤᠮ ᠴᠢᠩᠭᠠᠳᠬᠠᠵᠤ᠂ ᠭᠣᠣᠯᠳᠠᠯᠭ᠎ᠠ ᠪᠣᠯᠬᠤ ᠤᠯᠤᠰ᠎ᠤᠨ ᠥᠮᠴᠢᠯᠡᠯᠲᠦ ᠰᠢᠭᠤᠢᠲᠤ ᠣᠷᠣᠨ᠎ᠤ ᠣᠶ ᠰᠢᠭᠤᠢ ᠨᠤᠲᠤᠭ ᠪᠡᠯᠴᠢᠭᠡᠷ᠎ᠦᠨ ᠵᠠᠰᠠᠭ ᠵᠠᠬᠢᠷᠭᠠᠨ᠎ᠤ ᠬᠡᠷᠡᠭ᠎ᠢ ᠪᠠᠢᠴᠠᠭᠠᠨ ᠰᠢᠢᠳᠪᠦᠷᠢᠯᠡᠬᠦ ᠠᠵᠢᠯ᠎ᠢ ᠬᠠᠮᠵᠢᠯᠴᠠᠨ ᠰᠠᠢᠲᠤᠷ ᠬᠢᠵᠦ᠂ ᠣᠶ ᠰᠢᠭᠤᠢ ᠨᠤᠲᠤᠭ ᠪᠡᠯᠴᠢᠭᠡᠷ᠎ᠦᠨ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠠᠵᠢᠯ᠎ᠤᠨ ᠡᠮᠬᠢ ᠵᠢᠷᠤᠮ᠎ᠲᠠᠢ ᠥᠷᠨᠢᠬᠦ᠎ᠶᠢ ᠦᠨᠡᠨ ᠬᠦ᠌ ᠪᠠᠲᠤᠯᠠᠬᠤ ᠬᠡᠷᠡᠭᠲᠡᠢ᠃
ᠥᠪᠥᠷ ᠮᠣᠩᠭᠣᠯ᠎ᠤᠨ ᠣᠶ ᠰᠢᠭᠤᠢ᠎ᠶᠢᠨ ᠠᠵᠤ ᠦᠢᠯᠡᠳᠪᠦᠷᠢ᠎ᠶᠢᠨ ᠪᠦᠯᠦᠭᠯᠡᠯ᠎ᠦᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠡᠬᠡ ᠬᠢᠩᠭᠠᠨ ᠳᠠᠪᠠᠭᠠᠨ᠎ᠤ ᠭᠣᠣᠯᠳᠠᠯᠭ᠎ᠠ ᠪᠣᠯᠬᠤ ᠤᠯᠤᠰ᠎ᠤᠨ ᠥᠮᠴᠢᠯᠡᠯᠲᠦ ᠰᠢᠭᠤᠢᠲᠤ ᠣᠷᠣᠨ᠎ᠤ ᠣᠶ ᠰᠢᠭᠤᠢ ᠨᠤᠲᠤᠭ ᠪᠡᠯᠴᠢᠭᠡᠷ᠎ᠢ ᠬᠠᠮᠠᠭᠠᠯᠠᠬᠤ ᠭᠣᠣᠯ ᠴᠣᠭᠴᠠ᠎ᠶᠢᠨ ᠬᠠᠷᠢᠭᠤᠴᠠᠯᠭ᠎ᠠ᠎ᠪᠠᠨ ᠰᠠᠢᠲᠤᠷ ᠨᠠᠢᠳᠠᠪᠤᠷᠢᠵᠢᠭᠤᠯᠵᠤ᠂ ᠣᠶ ᠰᠢᠭᠤᠢ ᠨᠤᠲᠤᠭ ᠪᠡᠯᠴᠢᠭᠡᠷ᠎ᠦᠨ ᠡᠬᠢ ᠪᠠᠶᠠᠯᠢᠭ᠋᠎ᠢ ᠬᠠᠮᠢᠶᠠᠷᠤᠨ ᠬᠠᠮᠠᠭᠠᠯᠠᠬᠤ ᠡᠷᠴᠢᠮ᠎ᠢᠶᠡᠨ ᠴᠢᠩᠭᠠᠷᠠᠭᠤᠯᠤᠨ᠂ ᠣᠶ ᠰᠢᠭᠤᠢ ᠨᠤᠲᠤᠭ ᠪᠡᠯᠴᠢᠭᠡᠷ᠎ᠦᠨ ᠡᠬᠢ ᠪᠠᠶᠠᠯᠢᠭ᠋᠎ᠢ ᠡᠪᠳᠡᠬᠦ ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠶᠢ ᠰᠡᠷᠭᠡᠢᠯᠡᠬᠦ ᠪᠠ ᠬᠣᠷᠢᠭ᠍ᠯᠠᠨ ᠵᠣᠭᠰᠣᠭᠠᠵᠤ᠂ ᠶᠡᠬᠡ ᠬᠢᠩᠭᠠᠨ ᠳᠠᠪᠠᠭᠠᠨ᠎ᠤ ᠣᠶ ᠰᠢᠭᠤᠢ᠎ᠶᠢᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ ᠯᠤᠭ᠎ᠠ ᠬᠠᠮᠵᠢᠯᠴᠠᠨ ᠭᠣᠣᠯᠳᠠᠯᠭ᠎ᠠ ᠪᠣᠯᠬᠤ ᠤᠯᠤᠰ᠎ᠤᠨ ᠥᠮᠴᠢᠯᠡᠯᠲᠦ ᠰᠢᠭᠤᠢᠲᠤ ᠣᠷᠣᠨ᠎ᠤ ᠣᠶ ᠰᠢᠭᠤᠢ ᠨᠤᠲᠤᠭ ᠪᠡᠯᠴᠢᠭᠡᠷ᠎ᠦᠨ ᠵᠠᠰᠠᠭ ᠵᠠᠬᠢᠷᠭᠠᠨ᠎ᠤ ᠬᠡᠷᠡᠭ᠎ᠢ ᠪᠠᠢᠴᠠᠭᠠᠨ ᠰᠢᠢᠳᠪᠦᠷᠢᠯᠡᠬᠦ ᠠᠵᠢᠯ᠎ᠢ ᠰᠠᠢᠲᠤᠷ ᠬᠢᠬᠦ ᠬᠡᠷᠡᠭᠲᠡᠢ᠃
ᠳᠠᠭᠠᠯᠳᠤᠭᠤᠯᠤᠯ᠄ ᠶᠡᠬᠡ ᠬᠢᠩᠭᠠᠨ ᠳᠠᠪᠠᠭᠠᠨ᠎ᠤ ᠣᠶ ᠰᠢᠭᠤᠢ᠎ᠶᠢᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ᠎ᠳᠤ ᠡᠷᠬᠡ ᠣᠯᠭᠣᠵᠤ ᠨᠤᠲᠤᠭ ᠪᠡᠯᠴᠢᠭᠡᠷ᠎ᠦᠨ ᠵᠠᠰᠠᠭ ᠵᠠᠬᠢᠷᠭᠠᠨ᠎ᠤ ᠰᠢᠢᠳᠬᠡᠯ ᠲᠣᠷᠭᠠᠭᠤᠯᠢ᠎ᠶᠢ ᠭᠦᠢᠴᠡᠳᠬᠡᠬᠦ ᠵᠦᠢᠯᠡᠰ᠎ᠦᠨ ᠲᠣᠳᠣᠷᠬᠠᠢ ᠬᠠᠭᠤᠳᠠᠰᠤ
2025 ᠣᠨ᠎ᠤ 8 ᠳ᠋ᠤᠭᠠᠷ ᠰᠠᠷ᠎ᠠ᠎ᠶᠢᠨ 22᠎ᠤᠨ ᠡᠳᠦᠷ
(ᠲᠣᠰ ᠪᠢᠴᠢᠭ ᠮᠠᠲᠧᠷᠢᠶᠠᠯ᠎ᠢ ᠢᠯᠡ ᠨᠡᠢᠲᠡᠯᠡᠨ᠎ᠡ)
ᠨᠢᠭᠡ᠂ ᠨᠤᠲᠤᠭ ᠪᠡᠯᠴᠢᠭᠡᠷ᠎ᠦᠨ ᠬᠡᠷᠡᠭ
ᠳ᠋ᠤᠭᠠᠷ 1.
ᠵᠦᠢᠯᠡᠰ᠎ᠦᠨ ᠨᠡᠷᠡᠢᠳᠦᠯ ᠨᠤᠲᠤᠭ ᠪᠡᠯᠴᠢᠭᠡᠷ᠎ᠢ ᠬᠠᠤᠯᠢ ᠪᠤᠰᠤ᠎ᠪᠠᠷ ᠰᠢᠯᠵᠢᠭᠦᠯᠦᠨ ᠥᠭᠭᠦᠭᠰᠡᠨ ᠦᠢᠯᠡ ᠠᠵᠢᠯᠯᠠᠭ᠎ᠠ
ᠬᠡᠷᠡᠭᠵᠢᠭᠦᠯᠬᠦ ᠦᠨᠳᠦᠰᠦᠯᠡᠯ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠨᠤᠲᠤᠭ ᠪᠡᠯᠴᠢᠭᠡᠷ᠎ᠦᠨ ᠬᠠᠤᠯᠢ》᠎ᠶᠢᠨ ᠵᠢᠷᠠᠨ ᠳᠥᠷᠪᠡᠳᠦᠭᠡᠷ ᠵᠦᠢᠯ᠄ ᠬᠤᠳᠠᠯᠳᠤᠭᠠᠯᠠᠬᠤ ᠪᠤᠶᠤ ᠪᠤᠰᠤᠳ ᠬᠡᠯᠪᠡᠷᠢ᠎ᠪᠡᠷ ᠨᠤᠲᠤᠭ ᠪᠡᠯᠴᠢᠭᠡᠷ᠎ᠢ ᠬᠠᠤᠯᠢ ᠪᠤᠰᠤ᠎ᠪᠠᠷ ᠰᠢᠯᠵᠢᠭᠦᠯᠦᠨ ᠥᠭᠭᠦᠭᠡᠳ ᠶᠠᠯᠠᠳᠤ ᠬᠦᠷᠦᠭᠰᠡᠨ ᠪᠠᠢᠪᠠᠯ᠂ ᠬᠠᠤᠯᠢ ᠶᠣᠰᠣᠭᠠᠷ ᠡᠷᠡᠭᠦᠦ᠎ᠶᠢᠨ ᠬᠠᠷᠢᠭᠤᠴᠠᠯᠭ᠎ᠠ ᠨᠡᠬᠡᠮᠵᠢᠯᠡᠨ᠎ᠡ;ᠡᠷᠡᠭᠦᠦ ᠰᠢᠢᠳᠭᠡᠯᠲᠡ ᠥᠭᠬᠦ ᠬᠡᠮᠵᠢᠶᠡᠨ᠎ᠳᠦ ᠬᠠᠷᠠᠬᠠᠨ ᠬᠥᠷᠥᠭᠡᠳᠦᠢ ᠪᠣᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠨᠤᠲᠤᠭ ᠪᠡᠯᠴᠢᠭᠡᠷ᠎ᠦᠨ ᠵᠠᠰᠠᠭ ᠵᠠᠬᠢᠷᠭᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠡᠷᠬᠡ ᠲᠤᠰᠢᠶᠠᠯ᠎ᠢᠶᠠᠨ ᠦᠨᠳᠦᠰᠦᠯᠡᠨ ᠵᠠᠷᠯᠢᠭ᠍ᠳᠠᠵᠤ ᠪᠠᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠭᠤᠯᠵᠤ᠂ ᠬᠠᠤᠯᠢ᠎ᠡᠴᠡ ᠵᠥᠷᠢᠴᠡᠵᠦ ᠣᠯᠣᠭᠰᠠᠨ ᠠᠰᠢᠭ᠋ ᠣᠷᠣᠯᠭ᠎ᠠ᠎ᠶᠢ ᠨᠢ ᠬᠣᠷᠢᠶᠠᠨ ᠠᠪᠴᠤ᠂ ᠬᠠᠤᠯᠢ᠎ᠡᠴᠡ ᠵᠥᠷᠢᠴᠡᠵᠦ ᠣᠯᠣᠭᠰᠠᠨ ᠠᠰᠢᠭ᠋ ᠣᠷᠣᠯᠭ᠎ᠠ᠎ᠶᠢᠨ ᠨᠢᠭᠡ ᠲᠡᠬᠢᠠ᠎ᠠᠴᠠ ᠳᠡᠭᠡᠭᠰᠢ ᠲᠠᠪᠤᠨ ᠲᠡᠬᠢᠠ᠎ᠠᠴᠠ ᠳᠣᠷᠣᠭ᠍ᠰᠢᠬᠢ ᠵᠣᠭᠣᠰ᠎ᠢᠶᠠᠷ ᠲᠣᠷᠭᠠᠬᠤ᠎ᠪᠠᠷ ᠨᠡᠢᠯᠡᠭᠦᠯᠦᠨ ᠰᠢᠢᠳᠬᠡᠨ᠎ᠡ᠃
ᠤᠤᠯ᠎ᠤᠨ ᠬᠡᠷᠡᠭᠵᠢᠭᠦᠯᠬᠦ ᠭᠣᠣᠯ ᠴᠣᠭᠴᠠ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠰᠤᠮᠤ ᠰᠢᠶᠠᠩ ᠪᠠᠯᠭᠠᠰᠤᠨ᠎ᠤ ᠵᠠᠰᠠᠭ᠎ᠤᠨ ᠣᠷᠳᠣᠨ ᠪᠤᠶᠤ ᠵᠡᠭᠡᠯᠢ ᠭᠤᠳᠤᠮᠵᠢ᠎ᠶᠢᠨ ᠬᠡᠷᠡᠭ ᠡᠷᠬᠢᠯᠡᠬᠦ ᠭᠠᠵᠠᠷ
ᠡᠷᠬᠡ ᠣᠯᠭᠣᠭᠰᠠᠨ᠎ᠤ ᠳᠠᠷᠠᠭᠠᠬᠢ ᠬᠡᠷᠡᠭᠵᠢᠭᠦᠯᠬᠦ ᠭᠣᠣᠯ ᠴᠣᠭᠴᠠ ᠥᠪᠥᠷ ᠮᠣᠩᠭᠣᠯ᠎ᠤᠨ ᠶᠡᠬᠡ ᠬᠢᠩᠭᠠᠨ ᠳᠠᠪᠠᠭᠠᠨ᠎ᠤ ᠣᠶ ᠰᠢᠭᠤᠢ᠎ᠶᠢᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ
ᠳ᠋ᠤᠭᠠᠷ 2.
ᠵᠦᠢᠯᠡᠰ᠎ᠦᠨ ᠨᠡᠷᠡᠢᠳᠦᠯ ᠨᠤᠲᠤᠭ ᠪᠡᠯᠴᠢᠭᠡᠷ᠎ᠢ ᠬᠠᠤᠯᠢ ᠪᠤᠰᠤ᠎ᠪᠠᠷ ᠬᠡᠷᠡᠭᠯᠡᠭᠰᠡᠨ ᠥᠢᠯᠨ ᠠᠵᠢᠯᠯᠠᠭ᠎ᠠ
ᠬᠡᠷᠡᠭᠵᠢᠭᠦᠯᠬᠦ ᠦᠨᠳᠦᠰᠦᠯᠡᠯ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠨᠤᠲᠤᠭ ᠪᠡᠯᠴᠢᠭᠡᠷ᠎ᠦᠨ ᠬᠠᠤᠯᠢ》᠎ᠶᠢᠨ ᠵᠢᠷᠠᠨ ᠲᠠᠪᠤᠳᠤᠭᠠᠷ ᠵᠦᠢᠯ᠄ ᠵᠥᠪᠰᠢᠶᠡᠷᠡᠯ ᠣᠯᠣᠭᠰᠠᠨ ᠦᠭᠡᠢ ᠪᠤᠶᠤ ᠮᠡᠬᠡᠯᠡᠬᠦ ᠠᠷᠭ᠎ᠠ᠎ᠪᠠᠷ ᠵᠥᠪᠰᠢᠶᠡᠷᠡᠯ ᠣᠯᠵᠤ᠂ ᠨᠤᠲᠤᠭ ᠪᠡᠯᠴᠢᠭᠡᠷ᠎ᠢ ᠬᠠᠤᠯᠢ ᠪᠤᠰᠤ᠎ᠪᠠᠷ ᠬᠡᠷᠡᠭᠯᠡᠭᠡᠳ ᠶᠠᠯᠠᠳᠤ ᠬᠦᠷᠦᠭᠰᠡᠨ ᠪᠠᠢᠪᠠᠯ᠂ ᠬᠠᠤᠯᠢ ᠶᠣᠰᠣᠭᠠᠷ ᠡᠷᠡᠭᠦᠦ᠎ᠶᠢᠨ ᠬᠠᠷᠢᠭᠤᠴᠠᠯᠭ᠎ᠠ ᠨᠡᠬᠡᠮᠵᠢᠯᠡᠨ᠎ᠡ; ᠡᠷᠡᠭᠦᠦ ᠰᠢᠢᠳᠭᠡᠯᠲᠡ ᠥᠭᠬᠦ ᠬᠡᠮᠵᠢᠶᠡᠨ᠎ᠳᠦ ᠬᠠᠷᠠᠬᠠᠨ ᠬᠥᠷᠥᠭᠡᠳᠦᠢ ᠪᠣᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠨᠤᠲᠤᠭ ᠪᠡᠯᠴᠢᠭᠡᠷ᠎ᠦᠨ ᠵᠠᠰᠠᠭ ᠵᠠᠬᠢᠷᠭᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠡᠷᠬᠡ ᠲᠤᠰᠢᠶᠠᠯ᠎ᠢᠶᠠᠨ ᠦᠨᠳᠦᠰᠦᠯᠡᠨ ᠬᠠᠤᠯᠢ ᠪᠤᠰᠤ᠎ᠪᠠᠷ ᠬᠡᠷᠡᠭᠯᠡᠭᠰᠡᠨ ᠨᠤᠲᠤᠭ ᠪᠡᠯᠴᠢᠭᠡᠷ᠎ᠢ ᠵᠠᠷᠯᠢᠭ᠍ᠳᠠᠨ ᠪᠤᠴᠠᠭᠠᠯᠭᠠᠵᠤ᠂ ᠨᠤᠲᠤᠭ ᠪᠡᠯᠴᠢᠭᠡᠷ᠎ᠦᠨ ᠬᠠᠮᠠᠭᠠᠯᠠᠯᠲᠠ᠂ ᠪᠦᠲᠦᠭᠡᠨ ᠪᠠᠢᠭᠤᠯᠤᠯᠲᠠ᠂ ᠠᠰᠢᠭ᠍ᠯᠠᠯᠲᠠ᠎ᠶᠢᠨ ᠲᠥᠯᠦᠪᠵᠢᠭᠦᠯᠭᠡ᠎ᠡᠴᠡ ᠵᠥᠷᠢᠴᠡᠵᠦ ᠨᠤᠲᠤᠭ ᠪᠡᠯᠴᠢᠭᠡᠷ᠎ᠢ ᠪᠦᠲᠦᠭᠡᠨ ᠪᠠᠢᠭᠤᠯᠤᠯᠲᠠ᠎ᠳᠤ ᠬᠡᠷᠡᠭᠯᠡᠬᠦ ᠭᠠᠵᠠᠷ ᠪᠣᠯᠭᠠᠵᠤ ᠳᠤᠷ᠎ᠠ᠎ᠪᠠᠷ ᠥᠭᠡᠷᠡᠴᠢᠯᠡᠭᠰᠡᠨ ᠪᠠᠢᠪᠠᠯ᠂ ᠬᠠᠤᠯᠢ ᠪᠤᠰᠤ᠎ᠪᠠᠷ ᠬᠡᠷᠡᠭᠯᠡᠭᠰᠡᠨ ᠨᠤᠲᠤᠭ ᠪᠡᠯᠴᠢᠭᠡᠷ ᠳᠡᠭᠡᠷ᠎ᠡ ᠰᠢᠨ᠎ᠡ᠎ᠪᠡᠷ ᠪᠠᠢᠭᠤᠯᠤᠭᠰᠠᠨ ᠪᠠᠷᠢᠯᠭ᠎ᠠ ᠪᠠ ᠪᠤᠰᠤᠳ ᠪᠡᠯᠡᠳᠬᠡᠮᠵᠢ᠎ᠶᠢ ᠬᠤᠭᠤᠴᠠᠭ᠎ᠠ ᠲᠣᠭᠲᠠᠭᠠᠨ ᠨᠤᠷᠠᠭᠠᠯᠭᠠᠵᠤ᠂ ᠨᠤᠲᠤᠭ ᠪᠡᠯᠴᠢᠭᠡᠷ᠎ᠦᠨ ᠤᠷᠭᠤᠮᠠᠯ᠎ᠤᠨ ᠬᠤᠴᠢᠯᠭ᠎ᠠ᠎ᠶᠢ ᠰᠡᠷᠭᠦᠭᠡᠵᠦ᠂ ᠨᠤᠲᠤᠭ ᠪᠡᠯᠴᠢᠭᠡᠷ᠎ᠢ ᠬᠠᠤᠯᠢ ᠪᠤᠰᠤ᠎ᠪᠠᠷ ᠬᠡᠷᠡᠭᠯᠡᠬᠦ᠎ᠡᠴᠡ ᠡᠮᠦᠨᠡᠬᠢ ᠭᠤᠷᠪᠠᠨ ᠵᠢᠯ᠎ᠦᠨ ᠳᠤᠮᠳᠠᠴᠢ ᠦᠢᠯᠡᠳᠬᠦᠨ᠎ᠦ ᠥᠷᠳᠡᠭ᠎ᠦᠨ ᠵᠢᠷᠭᠤᠭᠠᠨ ᠲᠡᠬᠢᠠ᠎ᠠᠴᠠ ᠳᠡᠭᠡᠭᠰᠢ ᠠᠷᠪᠠᠨ ᠬᠣᠶᠠᠷ ᠲᠡᠬᠢᠠ᠎ᠠᠴᠠ ᠳᠣᠷᠣᠭ᠍ᠰᠢᠬᠢ ᠵᠣᠭᠣᠰ᠎ᠢᠶᠠᠷ ᠲᠣᠷᠭᠠᠬᠤ᠎ᠪᠠᠷ ᠨᠡᠢᠯᠡᠭᠦᠯᠦᠨ ᠰᠢᠢᠳᠬᠡᠨ᠎ᠡ᠃
ᠤᠤᠯ᠎ᠤᠨ ᠬᠡᠷᠡᠭᠵᠢᠭᠦᠯᠬᠦ ᠭᠣᠣᠯ ᠴᠣᠭᠴᠠ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ
ᠡᠷᠬᠡ ᠣᠯᠭᠣᠭᠰᠠᠨ᠎ᠤ ᠳᠠᠷᠠᠭᠠᠬᠢ ᠬᠡᠷᠡᠭᠵᠢᠭᠦᠯᠬᠦ ᠭᠣᠣᠯ ᠴᠣᠭᠴᠠ ᠥᠪᠥᠷ ᠮᠣᠩᠭᠣᠯ᠎ᠤᠨ ᠶᠡᠬᠡ ᠬᠢᠩᠭᠠᠨ ᠳᠠᠪᠠᠭᠠᠨ᠎ᠤ ᠣᠶ ᠰᠢᠭᠤᠢ᠎ᠶᠢᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ
ᠳ᠋ᠤᠭᠠᠷ 3.
ᠵᠦᠢᠯᠡᠰ᠎ᠦᠨ ᠨᠡᠷᠡᠢᠳᠦᠯ ᠨᠤᠲᠤᠭ ᠪᠡᠯᠴᠢᠭᠡᠷ᠎ᠤᠨ ᠬᠡᠷᠡᠭᠯᠡᠬᠦ ᠭᠠᠵᠠᠷ᠎ᠤᠨ ᠰᠢᠨᠵᠢ ᠴᠢᠨᠠᠷ᠎ᠢ ᠳᠤᠷ᠎ᠠ᠎ᠪᠠᠷ ᠬᠤᠪᠢᠷᠠᠭᠤᠯᠤᠭᠰᠠᠨ ᠦᠢᠯᠡ ᠠᠵᠢᠯᠯᠠᠭ᠎ᠠ
ᠬᠡᠷᠡᠭᠵᠢᠭᠦᠯᠬᠦ ᠦᠨᠳᠦᠰᠦᠯᠡᠯ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠨᠤᠲᠤᠭ ᠪᠡᠯᠴᠢᠭᠡᠷ᠎ᠦᠨ ᠬᠠᠤᠯᠢ》᠎ᠶᠢᠨ ᠵᠢᠷᠠᠨ ᠲᠠᠪᠤᠳᠤᠭᠠᠷ ᠵᠦᠢᠯ᠄ ᠵᠥᠪᠰᠢᠶᠡᠷᠡᠯ ᠣᠯᠭᠣᠭᠰᠠᠨ ᠦᠭᠡᠢ ᠪᠤᠶᠤ ᠮᠡᠬᠡᠯᠡᠬᠦ ᠠᠷᠭ᠎ᠠ᠎ᠪᠠᠷ ᠵᠥᠪᠰᠢᠶᠡᠷᠡᠯ ᠣᠯᠵᠤ᠂ ᠨᠤᠲᠤᠭ ᠪᠡᠯᠴᠢᠭᠡᠷ᠎ᠢ ᠬᠠᠤᠯᠢ ᠪᠤᠰᠤ᠎ᠪᠠᠷ ᠬᠡᠷᠡᠭᠯᠡᠭᠡᠳ ᠶᠠᠯᠠᠳᠤ ᠬᠦᠷᠦᠭᠰᠡᠨ ᠪᠠᠢᠪᠠᠯ᠂ ᠬᠠᠤᠯᠢ ᠶᠣᠰᠣᠭᠠᠷ ᠡᠷᠡᠭᠦᠦ᠎ᠶᠢᠨ ᠬᠠᠷᠢᠭᠤᠴᠠᠯᠭ᠎ᠠ ᠨᠡᠬᠡᠮᠵᠢᠯᠡᠨ᠎ᠡ;ᠡᠷᠡᠭᠦᠦ ᠰᠢᠢᠳᠭᠡᠯᠲᠡ ᠥᠭᠬᠦ ᠬᠡᠮᠵᠢᠶᠡᠨ᠎ᠳᠦ ᠬᠠᠷᠠᠬᠠᠨ ᠬᠥᠷᠥᠭᠡᠳᠦᠢ ᠪᠣᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠨᠤᠲᠤᠭ ᠪᠡᠯᠴᠢᠭᠡᠷ᠎ᠦᠨ ᠵᠠᠰᠠᠭ ᠵᠠᠬᠢᠷᠭᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠡᠷᠬᠡ ᠲᠤᠰᠢᠶᠠᠯ᠎ᠢᠶᠠᠨ ᠦᠨᠳᠦᠰᠦᠯᠡᠨ ᠬᠠᠤᠯᠢ ᠪᠤᠰᠤ᠎ᠪᠠᠷ ᠬᠡᠷᠡᠭᠯᠡᠭᠰᠡᠨ ᠨᠤᠲᠤᠭ ᠪᠡᠯᠴᠢᠭᠡᠷ᠎ᠢ ᠵᠠᠷᠯᠢᠭ᠍ᠳᠠᠵᠤ ᠪᠤᠴᠠᠭᠠᠯᠭᠠᠵᠤ᠂ ᠨᠤᠲᠤᠭ ᠪᠡᠯᠴᠢᠭᠡᠷ᠎ᠦᠨ ᠬᠠᠮᠠᠭᠠᠯᠠᠯᠲᠠ᠂ ᠪᠦᠲᠦᠭᠡᠨ ᠪᠠᠢᠭᠤᠯᠤᠯᠲᠠ᠂ ᠠᠰᠢᠭ᠍ᠯᠠᠯᠲᠠ᠎ᠶᠢᠨ ᠲᠥᠯᠦᠪᠵᠢᠭᠦᠯᠭᠡ᠎ᠡᠴᠡ ᠵᠥᠷᠢᠴᠡᠵᠦ ᠨᠤᠲᠤᠭ ᠪᠡᠯᠴᠢᠭᠡᠷ᠎ᠢ ᠪᠦᠲᠦᠭᠡᠨ ᠪᠠᠢᠭᠤᠯᠤᠯᠲᠠ᠎ᠳᠤ ᠬᠡᠷᠡᠭᠯᠡᠬᠦ ᠭᠠᠵᠠᠷ ᠪᠣᠯᠭᠠᠵᠣ᠌ ᠳᠤᠷ᠎ᠠ᠎ᠪᠠᠷ ᠥᠭᠡᠷᠡᠴᠢᠯᠡᠭᠰᠡᠨ ᠪᠠᠢᠪᠠᠯ᠂ ᠬᠠᠤᠯᠢ ᠪᠤᠰᠤ᠎ᠪᠠᠷ ᠬᠡᠷᠡᠭᠯᠡᠭᠰᠡᠨ ᠨᠤᠲᠤᠭ ᠪᠡᠯᠴᠢᠭᠡᠷ ᠳᠡᠭᠡᠷ᠎ᠡ ᠰᠢᠨ᠎ᠡ᠎ᠪᠡᠷ ᠪᠠᠢᠭᠤᠯᠤᠭᠰᠠᠨ ᠪᠠᠷᠢᠯᠭ᠎ᠠ ᠪᠠ ᠪᠤᠰᠤᠳ ᠪᠡᠯᠡᠳᠬᠡᠮᠵᠢ᠎ᠶᠢ ᠬᠤᠭᠤᠴᠠᠭ᠎ᠠ ᠬᠢᠵᠠᠭᠠᠷᠯᠠᠨ ᠨᠤᠷᠠᠭᠠᠯᠭᠠᠵᠤ᠂ ᠨᠤᠲᠤᠭ ᠪᠡᠯᠴᠢᠭᠡᠷ᠎ᠦᠨ ᠤᠷᠭᠤᠮᠠᠯ᠎ᠤᠨ ᠬᠤᠴᠢᠯᠭ᠎ᠠ᠎ᠶᠢ ᠰᠡᠷᠭᠦᠭᠡᠵᠦ᠂ ᠨᠤᠲᠤᠭ ᠪᠡᠯᠴᠢᠭᠡᠷ᠎ᠢ ᠬᠠᠤᠯᠢ ᠪᠤᠰᠤ᠎ᠪᠠᠷ ᠬᠡᠷᠡᠭᠯᠡᠬᠦ᠎ᠡᠴᠡ ᠡᠮᠦᠨᠡᠬᠢ ᠭᠤᠷᠪᠠᠨ ᠵᠢᠯ᠎ᠦᠨ ᠳᠤᠮᠳᠠᠴᠢ ᠦᠢᠯᠡᠳᠬᠦᠨ᠎ᠦ ᠦᠷᠳᠡᠭ᠎ᠦᠨ ᠵᠢᠷᠭᠤᠭᠠᠨ ᠲᠡᠬᠢᠠ᠎ᠠᠴᠠ ᠳᠡᠭᠡᠭᠰᠢ ᠠᠷᠪᠠᠨ ᠬᠣᠶᠠᠷ ᠲᠡᠬᠢᠠ᠎ᠠᠴᠠ ᠳᠣᠷᠣᠭ᠍ᠰᠢᠬᠢ ᠵᠣᠭᠣᠰ᠎ᠢᠶᠠᠷ ᠲᠣᠷᠭᠠᠬᠤ᠎ᠪᠠᠷ ᠨᠡᠢᠯᠡᠭᠦᠯᠦᠨ ᠰᠢᠢᠳᠬᠡᠨ᠎ᠡ᠃
ᠤᠤᠯ᠎ᠤᠨ ᠬᠡᠷᠡᠭᠵᠢᠭᠦᠯᠬᠦ ᠭᠣᠣᠯ ᠴᠣᠭᠴᠠ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ
ᠡᠷᠬᠡ ᠣᠯᠭᠣᠭᠰᠠᠨ᠎ᠤ ᠳᠠᠷᠠᠭᠠᠬᠢ ᠬᠡᠷᠡᠭᠵᠢᠭᠦᠯᠬᠦ ᠭᠣᠣᠯ ᠴᠣᠭᠴᠠ ᠥᠪᠥᠷ ᠮᠣᠩᠭᠣᠯ᠎ᠤᠨ ᠶᠡᠬᠡ ᠬᠢᠩᠭᠠᠨ ᠳᠠᠪᠠᠭᠠᠨ᠎ᠤ ᠣᠶ ᠰᠢᠭᠤᠢ᠎ᠶᠢᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ
ᠳ᠋ᠤᠭᠠᠷ 4.
ᠵᠦᠢᠯᠡᠰ᠎ᠦᠨ ᠨᠡᠷᠡᠢᠳᠦᠯ ᠨᠤᠲᠤᠭ ᠪᠡᠯᠴᠢᠭᠡᠷ᠎ᠢ ᠬᠠᠤᠯᠢ ᠪᠤᠰᠤ᠎ᠪᠠᠷ ᠬᠠᠭᠠᠯᠪᠤᠷᠢᠯᠠᠭᠰᠠᠨ ᠥᠢᠯᠨ ᠠᠵᠢᠯᠯᠠᠭ᠎ᠠ
ᠬᠡᠷᠡᠭᠵᠢᠭᠦᠯᠬᠦ ᠦᠨᠳᠦᠰᠦᠯᠡᠯ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠨᠤᠲᠤᠭ ᠪᠡᠯᠴᠢᠭᠡᠷ᠎ᠦᠨ ᠬᠠᠤᠯᠢ》᠎ᠶᠢᠨ ᠵᠢᠷᠠᠨ ᠵᠢᠷᠭᠤᠳᠤᠭᠠᠷ ᠵᠦᠢᠯ᠄ ᠨᠤᠲᠤᠭ ᠪᠡᠯᠴᠢᠭᠡᠷ᠎ᠢ ᠬᠠᠤᠯᠢ ᠪᠤᠰᠤ᠎ᠪᠠᠷ ᠬᠠᠭᠠᠯᠪᠤᠷᠢᠯᠠᠭᠠᠳ ᠶᠠᠯᠠᠳᠤ ᠬᠦᠷᠦᠭᠰᠡᠨ ᠪᠠᠢᠪᠠᠯ᠂ ᠬᠠᠤᠯᠢ ᠶᠣᠰᠣᠭᠠᠷ ᠡᠷᠡᠭᠦᠦ᠎ᠶᠢᠨ ᠬᠠᠷᠢᠭᠤᠴᠠᠯᠭ᠎ᠠ ᠨᠡᠬᠡᠮᠵᠢᠯᠡᠨ᠎ᠡ; ᠡᠷᠡᠭᠦᠦ ᠰᠢᠢᠳᠭᠡᠯᠲᠡ ᠥᠭᠬᠦ ᠬᠡᠮᠵᠢᠶᠡᠨ᠎ᠳᠦ ᠬᠠᠷᠠᠬᠠᠨ ᠬᠥᠷᠥᠭᠡᠳᠦᠢ ᠪᠣᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠨᠤᠲᠤᠭ ᠪᠡᠯᠴᠢᠭᠡᠷ᠎ᠦᠨ ᠵᠠᠰᠠᠭ ᠵᠠᠬᠢᠷᠭᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠡᠷᠬᠡ ᠲᠤᠰᠢᠶᠠᠯ᠎ᠢᠶᠠᠨ ᠦᠨᠳᠦᠰᠦᠯᠡᠨ ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠶᠢ ᠵᠠᠷᠯᠢᠭ᠍ᠳᠠᠨ ᠵᠣᠭᠰᠣᠭᠠᠵᠤ᠂ ᠬᠤᠭᠤᠴᠠᠭ᠎ᠠ ᠬᠢᠵᠠᠭᠠᠷᠯᠠᠨ ᠤᠷᠭᠤᠮᠠᠯ᠎ᠤᠨ ᠬᠤᠴᠢᠯᠭ᠎ᠠ᠎ᠶᠢ ᠰᠡᠷᠭᠦᠭᠡᠯᠭᠡᠵᠦ᠂ ᠬᠠᠤᠯᠢ ᠪᠤᠰᠤ ᠡᠳ᠋ ᠪᠣᠳᠠᠰ ᠪᠠ ᠬᠠᠤᠯᠢ᠎ᠡᠴᠡ ᠵᠥᠷᠢᠴᠡᠵᠦ ᠣᠯᠣᠭᠰᠠᠨ ᠠᠰᠢᠭ᠋ ᠣᠷᠣᠯᠭ᠎ᠠ᠎ᠶᠢ ᠨᠢ ᠬᠣᠷᠢᠶᠠᠨ ᠠᠪᠴᠤ᠂ ᠬᠠᠤᠯᠢ᠎ᠡᠴᠡ ᠵᠥᠷᠢᠴᠡᠵᠦ ᠣᠯᠣᠭᠰᠠᠨ ᠠᠰᠢᠭ᠋ ᠣᠷᠣᠯᠭ᠎ᠠ᠎ᠶᠢᠨ ᠨᠢᠭᠡ ᠲᠡᠬᠢᠠ᠎ᠠᠴᠠ ᠳᠡᠭᠡᠭᠰᠢ ᠲᠠᠪᠤᠨ ᠲᠡᠬᠢᠠ᠎ᠠᠴᠠ ᠳᠣᠷᠣᠭ᠍ᠰᠢᠬᠢ ᠵᠣᠭᠣᠰ᠎ᠢᠶᠠᠷ ᠲᠣᠷᠭᠠᠬᠤ᠎ᠪᠠᠷ ᠨᠡᠢᠯᠡᠭᠦᠯᠦᠨ ᠰᠢᠢᠳᠭᠡᠨ᠎ᠡ; ᠬᠠᠤᠯᠢ᠎ᠡᠴᠡ ᠵᠥᠷᠢᠴᠡᠵᠦ ᠣᠯᠣᠭᠰᠠᠨ ᠠᠰᠢᠭ᠋ ᠣᠷᠣᠯᠭ᠎ᠠ ᠪᠠᠢᠬᠤ ᠦᠭᠡᠢ ᠪᠣᠯ ᠲᠠᠪᠤᠨ ᠲᠦᠮᠡᠨ ᠲᠥᠭᠥᠷᠢᠭ᠎ᠡᠴᠡ ᠳᠣᠷᠣᠭ᠍ᠰᠢᠬᠢ ᠵᠣᠭᠣᠰ᠎ᠢᠶᠠᠷ ᠲᠣᠷᠭᠠᠬᠤ᠎ᠪᠡᠷ ᠨᠡᠢᠯᠡᠭᠦᠯᠦᠨ ᠰᠢᠢᠳᠬᠡᠨ᠎ᠡ; ᠨᠤᠲᠤᠭ ᠪᠡᠯᠴᠢᠭᠡᠷ᠎ᠦᠨ ᠥᠮᠴᠢᠯᠡᠭᠴᠢ ᠪᠤᠶᠤ ᠬᠡᠷᠡᠭᠯᠡᠭᠴᠢ᠎ᠳᠦ ᠬᠣᠬᠢᠷᠠᠯ ᠤᠴᠠᠷᠠᠭᠤᠯᠤᠭᠰᠠᠨ ᠪᠠᠢᠪᠠᠯ᠂ ᠬᠠᠤᠯᠢ ᠶᠣᠰᠣᠭᠠᠷ ᠲᠥᠯᠥᠪᠦᠷᠢ ᠥᠭᠬᠦ ᠬᠠᠷᠢᠭᠤᠴᠠᠯᠭ᠎ᠠ ᠡᠭᠦᠷᠭᠡᠯᠡᠨ᠎ᠡ᠃
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠨ ᠨᠤᠲᠤᠭ ᠪᠡᠯᠴᠢᠭᠡᠷ᠎ᠢ ᠬᠠᠮᠠᠭᠠᠯᠠᠬᠤ ᠳᠦᠷᠢᠮ》᠎ᠤᠨ ᠭᠤᠴᠢᠨ ᠬᠣᠶᠠᠳᠤᠭᠠᠷ ᠵᠦᠢᠯ᠄ ᠲᠣᠰ ᠳᠦᠷᠢᠮ᠎ᠦᠨ ᠠᠷᠪᠠᠨ ᠲᠠᠪᠤᠳᠤᠭᠠᠷ ᠵᠦᠢᠯ᠎ᠦᠨ ᠲᠣᠭᠲᠠᠭᠠᠯ᠎ᠠᠴᠠ ᠵᠥᠷᠢᠴᠡᠵᠦ᠂ ᠳᠣᠣᠷᠠᠬᠢ ᠦᠢᠯᠡ ᠠᠵᠢᠯᠯᠠᠭ᠎ᠠ᠎ᠶᠢᠨ ᠨᠢᠭᠡ ᠨᠢ ᠣᠷᠣᠰᠢᠵᠤ ᠪᠠᠢᠪᠠᠯ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠨᠤᠲᠤᠭ ᠪᠡᠯᠴᠢᠭᠡᠷ᠎ᠦᠨ ᠬᠢᠨᠠᠯᠲᠠ ᠬᠠᠮᠢᠶᠠᠷᠤᠯᠲᠠ᠎ᠶᠢᠨ ᠪᠠᠢᠭᠤᠯᠤᠮᠵᠢ ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠶᠢ ᠨᠢ ᠵᠠᠷᠯᠢᠭ᠍ᠳᠠᠨ ᠵᠣᠭᠰᠣᠭᠠᠵᠤ᠂ ᠬᠤᠭᠤᠴᠠᠭ᠎ᠠ ᠬᠢᠵᠠᠭᠠᠷᠯᠠᠨ ᠤᠷᠭᠤᠮᠠᠯ᠎ᠤᠨ ᠬᠤᠴᠢᠯᠭ᠎ᠠ᠎ᠶᠢ ᠰᠡᠷᠭᠦᠭᠡᠯᠭᠡᠵᠦ᠂ ᠬᠠᠤᠯᠢ ᠪᠤᠰᠤ ᠡᠳ᠋ ᠪᠣᠳᠠᠰ ᠪᠠ ᠬᠠᠤᠯᠢ᠎ᠠᠴᠠ ᠵᠥᠷᠢᠴᠡᠵᠦ ᠣᠯᠣᠭᠰᠠᠨ ᠠᠰᠢᠭ᠋ ᠣᠷᠣᠯᠭ᠎ᠠ᠎ᠶᠢ ᠨᠢ ᠬᠣᠷᠢᠶᠠᠨ ᠠᠪᠬᠤ᠎ᠶᠢᠨ ᠬᠠᠮᠲᠤ᠂ ᠳᠣᠣᠷᠠᠬᠢ ᠲᠣᠭᠲᠠᠭᠠᠯ ᠶᠣᠰᠣᠭᠠᠷ ᠰᠢᠢᠳᠬᠡᠨ ᠲᠣᠷᠭᠠᠨ᠎ᠠ; ᠨᠤᠲᠤᠭ ᠪᠡᠯᠴᠢᠭᠡᠷ᠎ᠦᠨ ᠥᠮᠴᠢᠯᠡᠭᠴᠢ ᠪᠤᠶᠤ ᠬᠡᠷᠡᠭᠯᠡᠭᠴᠢ᠎ᠳᠦ ᠬᠣᠬᠢᠷᠠᠯ ᠤᠴᠠᠷᠠᠭᠤᠯᠤᠭᠰᠠᠨ ᠪᠠᠢᠪᠠᠯ᠂ ᠬᠠᠤᠯᠢ ᠶᠣᠰᠣᠭᠠᠷ ᠲᠥᠯᠥᠪᠦᠷᠢ ᠥᠭᠬᠦ ᠬᠠᠷᠢᠭᠤᠴᠠᠯᠭ᠎ᠠ ᠡᠭᠦᠷᠭᠡᠯᠡᠨ᠎ᠡ; ᠶᠠᠯᠠᠳᠤ ᠬᠦᠷᠦᠭᠰᠡᠨ ᠪᠠᠢᠪᠠᠯ ᠬᠠᠤᠯᠢ ᠶᠣᠰᠣᠭᠠᠷ ᠡᠷᠡᠭᠦᠦ᠎ᠶᠢᠨ ᠬᠠᠷᠢᠭᠤᠴᠠᠯᠭ᠎ᠠ ᠨᠡᠬᠡᠮᠵᠢᠯᠡᠨ᠎ᠡ᠄ (ᠨᠢᠭᠡ) ᠦᠨᠳᠦᠰᠦᠨ ᠨᠤᠲᠤᠭ ᠪᠡᠯᠴᠢᠭᠡᠷ᠎ᠢ ᠬᠠᠭᠠᠯᠪᠤᠷᠢᠯᠠᠭᠰᠠᠨ ᠪᠠᠢᠪᠠᠯ᠂ ᠬᠠᠤᠯᠢ᠎ᠠᠴᠠ ᠵᠥᠷᠢᠴᠡᠵᠦ ᠣᠯᠣᠭᠰᠠᠨ ᠠᠰᠢᠭ᠋ ᠣᠷᠣᠯᠭ᠎ᠠ᠎ᠶᠢᠨ ᠭᠤᠷᠪᠠᠨ ᠲᠡᠬᠢᠠ᠎ᠠᠴᠠ ᠳᠡᠭᠡᠭᠰᠢ ᠲᠠᠪᠤᠨ ᠲᠡᠬᠢᠠ᠎ᠠᠴᠠ ᠳᠣᠷᠣᠭ᠍ᠰᠢᠬᠢ ᠵᠣᠭᠣᠰ᠎ᠢᠶᠠᠷ ᠲᠣᠷᠭᠠᠨ᠎ᠠ; ᠬᠠᠤᠯᠢ᠎ᠡᠴᠡ ᠵᠥᠷᠢᠴᠡᠵᠦ ᠣᠯᠣᠭᠰᠠᠨ ᠠᠰᠢᠭ᠋ ᠣᠷᠣᠯᠭ᠎ᠠ ᠪᠠᠢᠬᠤ ᠦᠭᠡᠢ ᠪᠣᠯ 5000 ᠲᠥᠭᠥᠷᠢᠭ᠎ᠡᠴᠡ ᠳᠡᠭᠡᠭᠰᠢ 5 ᠲᠦᠮᠡᠨ ᠲᠥᠭᠥᠷᠢᠭ᠎ᠡᠴᠡ ᠳᠣᠷᠣᠭ᠍ᠰᠢᠬᠢ ᠵᠣᠭᠣᠰ᠎ᠢᠶᠠᠷ ᠲᠣᠷᠭᠠᠨ᠎ᠠ᠃
ᠤᠤᠯ᠎ᠤᠨ ᠬᠡᠷᠡᠭᠵᠢᠭᠦᠯᠬᠦ ᠭᠣᠣᠯ ᠴᠣᠭᠴᠠ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ
ᠡᠷᠬᠡ ᠣᠯᠭᠣᠭᠰᠠᠨ᠎ᠤ ᠳᠠᠷᠠᠭᠠᠬᠢ ᠬᠡᠷᠡᠭᠵᠢᠭᠦᠯᠬᠦ ᠭᠣᠣᠯ ᠴᠣᠭᠴᠠ ᠥᠪᠥᠷ ᠮᠣᠩᠭᠣᠯ᠎ᠤᠨ ᠶᠡᠬᠡ ᠬᠢᠩᠭᠠᠨ ᠳᠠᠪᠠᠭᠠᠨ᠎ᠤ ᠣᠶ ᠰᠢᠭᠤᠢ᠎ᠶᠢᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ
ᠳ᠋ᠤᠭᠠᠷ 5.
ᠵᠦᠢᠯᠡᠰ᠎ᠦᠨ ᠨᠡᠷᠡᠢᠳᠦᠯ ᠬᠠᠤᠯᠢ ᠪᠤᠰᠤ᠎ᠪᠠᠷ ᠤᠷᠭᠤᠮᠠᠯ ᠲᠡᠭᠦᠵᠦ ᠮᠠᠯᠲᠠᠬᠤ ᠨᠤᠲᠤᠭ ᠪᠡᠯᠴᠢᠭᠡᠷ᠎ᠢ ᠡᠪᠳᠡᠭᠰᠡᠨ ᠦᠢᠯᠡ ᠠᠵᠢᠯᠯᠠᠭ᠎ᠠ
ᠬᠡᠷᠡᠭᠵᠢᠭᠦᠯᠬᠦ ᠦᠨᠳᠦᠰᠦᠯᠡᠯ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠨᠤᠲᠤᠭ ᠪᠡᠯᠴᠢᠭᠡᠷ᠎ᠦᠨ ᠬᠠᠤᠯᠢ》᠎ᠶᠢᠨ ᠵᠢᠷᠠᠨ ᠳᠣᠯᠣᠳᠤᠭᠠᠷ ᠵᠦᠢᠯ᠄ ᠲᠠᠴᠢᠷ ᠴᠥᠯ᠂ ᠬᠠᠭᠠᠰ ᠲᠠᠴᠢᠷ ᠴᠥᠯ ᠪᠠ ᠬᠦᠨᠳᠦ ᠨᠣᠴᠢᠲᠠᠢ ᠮᠠᠭᠤᠳᠠᠭᠰᠠᠨ᠂ ᠡᠯᠡᠰᠦᠷᠬᠡᠭᠵᠢᠭᠰᠡᠨ᠂ ᠬᠤᠵᠢᠷᠰᠢᠭ᠍ᠰᠠᠨ᠂ ᠬᠠᠢᠷᠬᠠᠭ ᠴᠦᠯᠵᠢᠭᠰᠡᠨ᠂ ᠬᠥᠷᠥᠰᠥ ᠰᠢᠷᠣᠢ ᠢᠳᠡᠭᠳᠡᠭᠰᠡᠨ ᠨᠤᠲᠤᠭ ᠪᠡᠯᠴᠢᠭᠡᠷ᠎ᠲᠦ ᠵᠢᠴᠢ ᠠᠮᠢ ᠠᠬᠤᠢ ᠬᠡᠪᠡᠷᠡᠭ ᠣᠷᠣᠨ᠎ᠤ ᠨᠤᠲᠤᠭ ᠪᠡᠯᠴᠢᠭᠡᠷ ᠳᠡᠭᠡᠷ᠎ᠡ ᠤᠷᠭᠤᠮᠠᠯ ᠲᠡᠭᠦᠵᠦ ᠮᠠᠯᠲᠠᠬᠤ ᠪᠤᠶᠤ ᠨᠤᠲᠤᠭ ᠪᠡᠯᠴᠢᠭᠡᠷ᠎ᠦᠨ ᠤᠷᠭᠤᠮᠠᠯ᠎ᠤᠨ ᠬᠤᠴᠢᠯᠭ᠎ᠠ᠎ᠶᠢ ᠡᠪᠳᠡᠬᠦ ᠪᠤᠰᠤᠳ ᠠᠵᠢᠯᠯᠠᠭ᠎ᠠ ᠬᠢᠭᠰᠡᠨ ᠪᠠᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠨᠤᠲᠤᠭ ᠪᠡᠯᠴᠢᠭᠡᠷ᠎ᠦᠨ ᠵᠠᠰᠠᠭ ᠵᠠᠬᠢᠷᠭᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠡᠷᠬᠡ ᠲᠤᠰᠢᠶᠠᠯ᠎ᠢᠶᠠᠨ ᠦᠨᠳᠦᠰᠦᠯᠡᠨ ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠶᠢ ᠨᠢ ᠵᠠᠷᠯᠢᠭ᠍ᠳᠠᠨ ᠵᠣᠭᠰᠣᠭᠠᠵᠤ᠂ ᠬᠠᠤᠯᠢ ᠪᠤᠰᠤ ᠡᠳ᠋ ᠪᠣᠳᠠᠰ ᠪᠠ ᠬᠠᠤᠯᠢ᠎ᠠᠴᠠ ᠵᠥᠷᠢᠴᠡᠵᠦ ᠣᠯᠣᠭᠰᠠᠨ ᠠᠰᠢᠭ᠋ ᠣᠷᠣᠯᠭ᠎ᠠ᠎ᠶᠢ ᠨᠢ ᠬᠣᠷᠢᠶᠠᠨ ᠠᠪᠴᠤ᠂ ᠬᠠᠤᠯᠢ᠎ᠠᠴᠠ ᠵᠥᠷᠢᠴᠡᠵᠦ ᠣᠯᠣᠭᠰᠠᠨ ᠠᠰᠢᠭ᠋ ᠣᠷᠣᠯᠭ᠎ᠠ᠎ᠶᠢᠨ ᠨᠢᠭᠡ ᠲᠡᠬᠢᠠ᠎ᠠᠴᠠ ᠳᠡᠭᠡᠭᠰᠢ ᠲᠠᠪᠤᠨ ᠲᠡᠬᠢᠠ᠎ᠠᠴᠠ ᠳᠣᠷᠣᠭ᠍ᠰᠢᠬᠢ ᠵᠣᠭᠣᠰ᠎ᠢᠶᠠᠷ ᠲᠣᠷᠭᠠᠬᠤ᠎ᠪᠠᠷ ᠨᠡᠢᠯᠡᠭᠦᠯᠦᠨ ᠰᠢᠢᠳᠬᠡᠵᠦ ᠪᠣᠯᠣᠨ᠎ᠠ; ᠬᠠᠤᠯᠢ᠎ᠠᠴᠠ ᠵᠥᠷᠢᠴᠡᠵᠦ ᠣᠯᠣᠭᠰᠠᠨ ᠠᠰᠢᠭ᠋ ᠣᠷᠣᠯᠭ᠎ᠠ ᠪᠠᠢᠬᠤ ᠦᠭᠡᠢ ᠪᠣᠯ ᠲᠠᠪᠤᠨ ᠲᠦᠮᠡᠨ ᠲᠥᠭᠥᠷᠢᠭ᠎ᠡᠴᠡ ᠳᠣᠷᠣᠭ᠍ᠰᠢᠬᠢ ᠵᠣᠭᠣᠰ᠎ᠢᠶᠠᠷ ᠲᠣᠷᠭᠠᠬᠤ᠎ᠪᠠᠷ ᠨᠡᠢᠯᠡᠭᠦᠯᠦᠨ ᠰᠢᠢᠳᠬᠡᠵᠦ ᠪᠣᠯᠣᠨ᠎ᠠ;ᠨᠤᠲᠤᠭ ᠪᠡᠯᠴᠢᠭᠡᠷ᠎ᠦᠨ ᠥᠮᠴᠢᠯᠡᠭᠴᠢ ᠪᠤᠶᠤ ᠬᠡᠷᠡᠭᠯᠡᠭᠴᠢ᠎ᠳᠦ ᠬᠣᠬᠢᠷᠠᠯ ᠤᠴᠠᠷᠠᠭᠤᠯᠤᠭᠰᠠᠨ ᠪᠠᠢᠪᠠᠯ᠂ ᠬᠠᠤᠯᠢ ᠶᠣᠰᠣᠭᠠᠷ ᠲᠥᠯᠥᠪᠦᠷᠢ ᠥᠭᠬᠦ ᠬᠠᠷᠢᠭᠤᠴᠠᠯᠭ᠎ᠠ ᠡᠭᠦᠷᠭᠡᠯᠡᠨ᠎ᠡ᠃
ᠤᠤᠯ᠎ᠤᠨ ᠬᠡᠷᠡᠭᠵᠢᠭᠦᠯᠬᠦ ᠭᠣᠣᠯ ᠴᠣᠭᠴᠠ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ
ᠡᠷᠬᠡ ᠣᠯᠭᠣᠭᠰᠠᠨ᠎ᠤ ᠳᠠᠷᠠᠭᠠᠬᠢ ᠬᠡᠷᠡᠭᠵᠢᠭᠦᠯᠬᠦ ᠭᠣᠣᠯ ᠴᠣᠭᠴᠠ ᠥᠪᠥᠷ ᠮᠣᠩᠭᠣᠯ᠎ᠤᠨ ᠶᠡᠬᠡ ᠬᠢᠩᠭᠠᠨ ᠳᠠᠪᠠᠭᠠᠨ᠎ᠤ ᠣᠶ ᠰᠢᠭᠤᠢ᠎ᠶᠢᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ
ᠳ᠋ᠤᠭᠠᠷ 6.
ᠵᠦᠢᠯᠡᠰ᠎ᠦᠨ ᠨᠡᠷᠡᠢᠳᠦᠯ ᠬᠠᠤᠯᠢ ᠪᠤᠰᠤ᠎ᠪᠠᠷ ᠰᠢᠷᠣᠢ ᠮᠠᠯᠲᠠᠭᠰᠠᠨ᠂ ᠡᠯᠡᠰᠦᠯᠢᠭ ᠡᠷᠦᠳᠡᠰᠦ ᠴᠢᠯᠠᠭᠤ ᠮᠠᠯᠲᠠᠵᠤ ᠨᠤᠲᠤᠭ ᠪᠡᠯᠴᠢᠭᠡᠷ᠎ᠢ ᠡᠪᠳᠡᠭᠰᠡᠨ ᠦᠢᠯᠡ ᠠᠵᠢᠯᠯᠠᠭ᠎ᠠ
ᠬᠡᠷᠡᠭᠵᠢᠭᠦᠯᠬᠦ ᠦᠨᠳᠦᠰᠦᠯᠡᠯ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠨᠤᠲᠤᠭ ᠪᠡᠯᠴᠢᠭᠡᠷ᠎ᠦᠨ ᠬᠠᠤᠯᠢ》᠎ᠶᠢᠨ ᠵᠢᠷᠠᠨ ᠨᠠᠢ᠍ᠮᠠᠳᠤᠭᠠᠷ ᠵᠦᠢᠯ᠄ ᠵᠥᠪᠰᠢᠶᠡᠷᠡᠭᠦᠯᠦᠭᠰᠡᠨ ᠦᠭᠡᠢ ᠪᠤᠶᠤ ᠲᠣᠭᠲᠠᠭᠰᠠᠨ ᠴᠠᠭ᠂ ᠣᠷᠣᠨ ᠪᠦᠰᠡ ᠪᠠ ᠮᠠᠯᠲᠠᠬᠤ ᠠᠷᠭ᠎ᠠ ᠮᠠᠶᠢᠭ᠋᠎ᠢ ᠵᠢᠷᠤᠮᠯᠠᠬᠤ ᠦᠭᠡᠢ᠎ᠪᠡᠷ ᠨᠤᠲᠤᠭ ᠪᠡᠯᠴᠢᠭᠡᠷ ᠳᠡᠭᠡᠷ᠎ᠡ ᠰᠢᠷᠣᠢ ᠮᠠᠯᠲᠠᠬᠤ᠂ ᠡᠯᠡᠰᠦᠯᠢᠭ ᠡᠷᠦᠳᠡᠰᠦ ᠮᠠᠯᠲᠠᠬᠤ᠂ ᠴᠢᠯᠠᠭᠤ ᠭᠠᠷᠭᠠᠬᠤ ᠵᠡᠷᠭᠡ ᠠᠵᠢᠯᠯᠠᠭ᠎ᠠ ᠬᠢᠭᠰᠡᠨ ᠪᠠᠢᠪᠠᠯ᠂ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠤᠲᠤᠭ ᠪᠡᠯᠴᠢᠭᠡᠷ᠎ᠦᠨ ᠵᠠᠰᠠᠭ ᠵᠠᠬᠢᠷᠭᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠶᠢ ᠨᠢ ᠵᠠᠷᠯᠢᠭ᠍ᠳᠠᠨ ᠵᠣᠭᠰᠣᠭᠠᠵᠤ᠂ ᠬᠤᠭᠤᠴᠠᠭ᠎ᠠ ᠬᠢᠵᠠᠭᠠᠷᠯᠠᠨ ᠤᠷᠭᠤᠮᠠᠯ᠎ᠤᠨ ᠬᠤᠴᠢᠯᠭ᠎ᠠ᠎ᠶᠢ ᠰᠡᠷᠭᠦᠭᠡᠯᠭᠡᠵᠦ᠂ ᠬᠠᠤᠯᠢ ᠪᠤᠰᠤ ᠡᠳ᠋ ᠪᠣᠳᠠᠰ ᠪᠠ ᠬᠠᠤᠯᠢ᠎ᠠᠴᠠ ᠵᠥᠷᠢᠴᠡᠵᠦ ᠣᠯᠣᠭᠰᠠᠨ ᠠᠰᠢᠭ᠋ ᠣᠷᠣᠯᠭ᠎ᠠ᠎ᠶᠢ ᠨᠢ ᠬᠣᠷᠢᠶᠠᠨ ᠠᠪᠬᠤ ᠪᠥᠭᠡᠳ ᠬᠠᠤᠯᠢ᠎ᠠᠴᠠ ᠵᠥᠷᠢᠴᠡᠵᠦ ᠣᠯᠣᠭᠰᠠᠨ ᠠᠰᠢᠭ᠋ ᠣᠷᠣᠯᠭ᠎ᠠ᠎ᠶᠢᠨ ᠨᠢᠭᠡ ᠲᠡᠬᠢᠠ᠎ᠠᠴᠠ ᠳᠡᠭᠡᠭᠰᠢ ᠬᠣᠶᠠᠷ ᠲᠡᠬᠢᠠ᠎ᠠᠴᠠ ᠳᠣᠷᠣᠭ᠍ᠰᠢᠬᠢ ᠵᠣᠭᠣᠰ᠎ᠢᠶᠠᠷ ᠲᠣᠷᠭᠠᠬᠤ᠎ᠪᠠᠷ ᠨᠡᠢᠯᠡᠭᠦᠯᠦᠨ ᠰᠢᠢᠳᠬᠡᠵᠦ ᠪᠣᠯᠣᠨ᠎ᠠ;ᠬᠠᠤᠯᠢ᠎ᠠᠴᠠ ᠵᠥᠷᠢᠴᠡᠵᠦ ᠣᠯᠣᠭᠰᠠᠨ ᠠᠰᠢᠭ᠋ ᠣᠷᠣᠯᠭ᠎ᠠ ᠪᠠᠢᠬᠤ ᠦᠭᠡᠢ ᠪᠣᠯ ᠬᠣᠶᠠᠷ ᠲᠦᠮᠡᠨ ᠲᠥᠭᠥᠷᠢᠭ᠎ᠡᠴᠡ ᠳᠣᠷᠣᠭ᠍ᠰᠢᠬᠢ ᠵᠣᠭᠣᠰ᠎ᠢᠶᠠᠷ ᠲᠣᠷᠭᠠᠬᠤ᠎ᠪᠠᠷ ᠨᠡᠢᠯᠡᠭᠦᠯᠦᠨ ᠰᠢᠢᠳᠬᠡᠵᠦ ᠪᠣᠯᠣᠨ᠎ᠠ;ᠨᠤᠲᠤᠭ ᠪᠡᠯᠴᠢᠭᠡᠷ᠎ᠦᠨ ᠥᠮᠴᠢᠯᠡᠭᠴᠢ ᠪᠤᠶᠤ ᠬᠡᠷᠡᠭᠯᠡᠭᠴᠢ᠎ᠳᠦ ᠬᠣᠬᠢᠷᠠᠯ ᠤᠴᠠᠷᠠᠭᠤᠯᠤᠭᠰᠠᠨ ᠪᠠᠢᠪᠠᠯ᠂ ᠬᠠᠤᠯᠢ ᠶᠣᠰᠣᠭᠠᠷ ᠲᠥᠯᠥᠪᠦᠷᠢ ᠥᠭᠬᠦ ᠬᠠᠷᠢᠭᠤᠴᠠᠯᠭ᠎ᠠ ᠡᠭᠦᠷᠭᠡᠯᠡᠨ᠎ᠡ᠃
ᠤᠤᠯ᠎ᠤᠨ ᠬᠡᠷᠡᠭᠵᠢᠭᠦᠯᠬᠦ ᠭᠣᠣᠯ ᠴᠣᠭᠴᠠ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ
ᠡᠷᠬᠡ ᠣᠯᠭᠣᠭᠰᠠᠨ᠎ᠤ ᠳᠠᠷᠠᠭᠠᠬᠢ ᠬᠡᠷᠡᠭᠵᠢᠭᠦᠯᠬᠦ ᠭᠣᠣᠯ ᠴᠣᠭᠴᠠ ᠥᠪᠥᠷ ᠮᠣᠩᠭᠣᠯ᠎ᠤᠨ ᠶᠡᠬᠡ ᠬᠢᠩᠭᠠᠨ ᠳᠠᠪᠠᠭᠠᠨ᠎ᠤ ᠣᠶ ᠰᠢᠭᠤᠢ᠎ᠶᠢᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ
ᠳ᠋ᠤᠭᠠᠷ 7.
ᠵᠦᠢᠯᠡᠰ᠎ᠦᠨ ᠨᠡᠷᠡᠢᠳᠦᠯ ᠡᠵᠡᠩᠨᠡᠯᠲᠡ᠎ᠶᠢᠨ ᠴᠢᠨᠠᠷᠲᠠᠢ ᠵᠢᠭᠤᠯᠴᠢᠯᠠᠯ᠎ᠤᠨ ᠠᠵᠢᠯᠯᠠᠭ᠎ᠠ᠎ᠶᠢ ᠬᠠᠤᠯᠢ ᠪᠤᠰᠤ᠎ᠪᠠᠷ ᠥᠷᠨᠢᠭᠦᠯᠵᠦ ᠨᠤᠲᠤᠭ ᠪᠡᠯᠴᠢᠭᠡᠷ᠎ᠢ ᠡᠪᠳᠡᠭᠰᠡᠨ ᠦᠢᠯᠡ ᠠᠵᠢᠯᠯᠠᠭ᠎ᠠ
ᠬᠡᠷᠡᠭᠵᠢᠭᠦᠯᠬᠦ ᠦᠨᠳᠦᠰᠦᠯᠡᠯ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠨᠤᠲᠤᠭ ᠪᠡᠯᠴᠢᠭᠡᠷ᠎ᠦᠨ ᠬᠠᠤᠯᠢ》᠎ᠶᠢᠨ ᠵᠢᠷᠠ ᠶᠢᠰᠦᠳᠦᠭᠡᠷ ᠵᠦᠢᠯ᠄ ᠲᠤᠰ ᠬᠠᠤᠯᠢ᠎ᠶᠢᠨ ᠲᠡᠪᠢᠠ ᠬᠣᠶᠠᠳᠤᠭᠠᠷ ᠵᠦᠢᠯ᠎ᠦᠨ ᠲᠣᠭᠲᠠᠭᠠᠯ᠎ᠠᠴᠠ ᠵᠥᠷᠢᠴᠡᠵᠦ᠂ ᠨᠤᠲᠤᠭ ᠪᠡᠯᠴᠢᠭᠡᠷ ᠳᠡᠭᠡᠷ᠎ᠡ ᠡᠵᠡᠩᠨᠡᠯᠲᠡ᠎ᠶᠢᠨ ᠴᠢᠨᠠᠷᠲᠠᠢ ᠵᠢᠭᠤᠯᠴᠢᠯᠠᠯ᠎ᠤᠨ ᠠᠵᠢᠯᠯᠠᠭ᠎ᠠ ᠥᠷᠨᠢᠭᠦᠯᠦᠭᠡᠳ ᠨᠤᠲᠤᠭ ᠪᠡᠯᠴᠢᠭᠡᠷ᠎ᠦᠨ ᠤᠷᠭᠤᠮᠠᠯ᠎ᠤᠨ ᠬᠤᠴᠢᠯᠭ᠎ᠠ᠎ᠶᠢ ᠡᠪᠳᠡᠭᠰᠡᠨ ᠪᠠᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠨᠤᠲᠤᠭ ᠪᠡᠯᠴᠢᠭᠡᠷ᠎ᠦᠨ ᠵᠠᠰᠠᠭ ᠵᠠᠬᠢᠷᠭᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠡᠷᠬᠡ ᠲᠤᠰᠢᠶᠠᠯ᠎ᠢᠶᠠᠨ ᠦᠨᠳᠦᠰᠦᠯᠡᠨ ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠶᠢ ᠨᠢ ᠵᠠᠷᠯᠢᠭ᠍ᠳᠠᠨ ᠵᠣᠭᠰᠣᠭᠠᠵᠤ᠂ ᠬᠤᠭᠤᠴᠠᠭ᠎ᠠ ᠬᠢᠵᠠᠭᠠᠷᠯᠠᠨ ᠤᠷᠭᠤᠮᠠᠯ᠎ᠤᠨ ᠬᠤᠴᠢᠯᠭ᠎ᠠ᠎ᠶᠢ ᠰᠡᠷᠭᠦᠭᠡᠯᠭᠡᠵᠦ᠂ ᠬᠠᠤᠯᠢ᠎ᠠᠴᠠ ᠵᠥᠷᠢᠴᠡᠵᠦ ᠣᠯᠣᠭᠰᠠᠨ ᠠᠰᠢᠭ᠋ ᠣᠷᠣᠯᠭ᠎ᠠ᠎ᠶᠢ ᠨᠢ ᠬᠣᠷᠢᠶᠠᠨ ᠠᠪᠴᠤ᠂ ᠬᠠᠤᠯᠢ᠎ᠠᠴᠠ ᠵᠥᠷᠢᠴᠡᠵᠦ ᠣᠯᠣᠭᠰᠠᠨ ᠠᠰᠢᠭ᠋ ᠣᠷᠣᠯᠭ᠎ᠠ᠎ᠶᠢᠨ ᠨᠢᠭᠡ ᠲᠡᠬᠢᠠ᠎ᠠᠴᠠ ᠳᠡᠭᠡᠭᠰᠢ ᠬᠣᠶᠠᠷ ᠲᠡᠬᠢᠠ᠎ᠠᠴᠠ ᠳᠣᠷᠣᠭ᠍ᠰᠢᠬᠢ ᠵᠣᠭᠣᠰ᠎ᠢᠶᠠᠷ ᠲᠣᠷᠭᠠᠬᠤ᠎ᠪᠠᠷ ᠨᠡᠢᠯᠡᠭᠦᠯᠦᠨ ᠰᠢᠢᠳᠬᠡᠵᠦ ᠪᠣᠯᠣᠨ᠎ᠠ; ᠬᠠᠤᠯᠢ᠎ᠠᠴᠠ ᠵᠥᠷᠢᠴᠡᠵᠦ ᠣᠯᠣᠭᠰᠠᠨ ᠠᠰᠢᠭ᠋ ᠣᠷᠣᠯᠭ᠎ᠠ ᠪᠠᠢᠬᠤ ᠦᠭᠡᠢ ᠪᠣᠯ ᠨᠤᠲᠤᠭ ᠪᠡᠯᠴᠢᠭᠡᠷ ᠡᠪᠳᠡᠭᠳᠡᠬᠦ᠎ᠡᠴᠡ ᠡᠮᠦᠨᠡᠬᠢ ᠭᠤᠷᠪᠠᠨ ᠵᠢᠯ᠎ᠦᠨ ᠳᠤᠮᠳᠠᠴᠢ ᠦᠢᠯᠡᠳᠬᠦᠨ᠎ᠦ ᠦᠷᠳᠡᠭ᠎ᠦᠨ ᠵᠢᠷᠭᠤᠭᠠᠨ ᠲᠡᠬᠢᠠ᠎ᠠᠴᠠ ᠳᠡᠭᠡᠭᠰᠢ ᠠᠷᠪᠠᠨ ᠬᠣᠶᠠᠷ ᠲᠡᠬᠢᠠ᠎ᠠᠴᠠ ᠳᠣᠷᠣᠭ᠍ᠰᠢᠬᠢ ᠵᠣᠭᠣᠰ᠎ᠢᠶᠠᠷ ᠲᠣᠷᠭᠠᠬᠤ᠎ᠪᠠᠷ ᠨᠡᠢᠯᠡᠭᠦᠯᠦᠨ ᠰᠢᠢᠳᠬᠡᠵᠦ ᠪᠣᠯᠣᠨ᠎ᠠ; ᠨᠤᠲᠤᠭ ᠪᠡᠯᠴᠢᠭᠡᠷ᠎ᠦᠨ ᠥᠮᠴᠢᠯᠡᠭᠴᠢ ᠪᠤᠶᠤ ᠬᠡᠷᠡᠭᠯᠡᠭᠴᠢ᠎ᠳᠤ ᠬᠣᠬᠢᠷᠠᠯ ᠤᠴᠠᠷᠠᠭᠤᠯᠤᠭᠰᠠᠨ ᠪᠠᠢᠪᠠᠯ᠂ ᠬᠠᠤᠯᠢ ᠶᠣᠰᠣᠭᠠᠷ ᠲᠥᠯᠥᠪᠦᠷᠢ ᠥᠭᠬᠦ ᠬᠠᠷᠢᠭᠤᠴᠠᠯᠭ᠎ᠠ ᠡᠭᠦᠷᠭᠡᠯᠡᠨ᠎ᠡ᠃
ᠤᠤᠯ᠎ᠤᠨ ᠬᠡᠷᠡᠭᠵᠢᠭᠦᠯᠬᠦ ᠭᠣᠣᠯ ᠴᠣᠭᠴᠠ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠢ ᠰᠢᠭᠤᠢ ᠪᠠ ᠨᠤᠲᠤᠭ ᠪᠡᠯᠴᠢᠭᠡᠷ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠰᠤᠮᠤ ᠰᠢᠶᠠᠩ ᠪᠠᠯᠭᠠᠰᠤᠨ᠎ᠤ ᠠᠷᠠᠳ᠎ᠤᠨ ᠵᠠᠰᠠᠭ᠎ᠤᠨ ᠣᠷᠳᠣᠨ ᠪᠤᠶᠤ ᠵᠡᠭᠡᠯᠢ ᠭᠤᠳᠤᠮᠵᠢ᠎ᠶᠢᠨ ᠬᠡᠷᠡᠭ ᠡᠷᠬᠢᠯᠡᠬᠦ ᠭᠠᠵᠠᠷ
ᠡᠷᠬᠡ ᠣᠯᠭᠣᠭᠰᠠᠨ᠎ᠤ ᠳᠠᠷᠠᠭᠠᠬᠢ ᠬᠡᠷᠡᠭᠵᠢᠭᠦᠯᠬᠦ ᠭᠣᠣᠯ ᠴᠣᠭᠴᠠ ᠥᠪᠥᠷ ᠮᠣᠩᠭᠣᠯ᠎ᠤᠨ ᠶᠡᠬᠡ ᠬᠢᠩᠭᠠᠨ ᠳᠠᠪᠠᠭᠠᠨ᠎ᠤ ᠣᠶ ᠰᠢᠭᠤᠢ᠎ᠶᠢᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ
ᠳ᠋ᠤᠭᠠᠷ 8.
ᠵᠦᠢᠯᠡᠰ᠎ᠦᠨ ᠨᠡᠷᠡᠢᠳᠦᠯ ᠲᠣᠭᠲᠠᠭᠠᠭᠰᠠᠨ ᠠᠶᠠᠯᠠᠯ᠎ᠤᠨ ᠣᠷᠣᠨ ᠪᠦᠰᠡ᠂ ᠵᠠᠮ ᠱᠤᠭᠤᠮ᠎ᠢᠶᠠᠷ ᠠᠶᠠᠯᠠᠭᠰᠠᠨ ᠦᠭᠡᠢ᠎ᠡᠴᠡ ᠪᠣᠯᠵᠤ ᠨᠤᠲᠤᠭ ᠪᠡᠯᠴᠢᠭᠡᠷ᠎ᠢ ᠡᠪᠳᠡᠭᠰᠡᠨ ᠦᠢᠯᠡ ᠠᠵᠢᠯᠯᠠᠭ᠎ᠠ
ᠬᠡᠷᠡᠭᠵᠢᠭᠦᠯᠬᠦ ᠦᠨᠳᠦᠰᠦᠯᠡᠯ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠨᠤᠲᠤᠭ ᠪᠡᠯᠴᠢᠭᠡᠷ᠎ᠦᠨ ᠬᠠᠤᠯᠢ》᠎ᠶᠢᠨ ᠳᠠᠯᠠᠳᠤᠭᠠᠷ ᠵᠦᠢᠯ᠄ ᠠᠶᠤᠯ ᠭᠠᠮᠰᠢᠭ᠋᠎ᠠᠴᠠ ᠠᠪᠤᠷᠠᠬᠤ ᠪᠠ ᠮᠠᠯᠴᠢᠳ᠎ᠤᠨ ᠨᠡᠭᠦᠳᠡᠯ᠎ᠦᠨ ᠪᠤᠰᠤ ᠮᠠᠰᠢᠨ ᠲᠡᠷᠭᠡ᠎ᠶᠢᠨ ᠵᠠᠮ᠎ᠠᠴᠠ ᠰᠠᠯᠵᠤ ᠨᠤᠲᠤᠭ ᠪᠡᠯᠴᠢᠭᠡᠷ᠎ᠢᠶᠡᠷ ᠶᠠᠪᠤᠬᠤ᠎ᠳᠤ᠂ ᠡᠰᠡᠬᠦᠯ᠎ᠡ ᠭᠠᠵᠠᠷ ᠰᠢᠨᠵᠢᠯᠡᠭᠡᠨ᠎ᠦ ᠬᠠᠢᠨ ᠰᠢᠨᠵᠢᠯᠡᠯᠲᠡ᠂ ᠰᠢᠨᠵᠢᠯᠡᠬᠦ ᠤᠬᠠᠭᠠᠨ᠎ᠤ ᠪᠠᠢᠴᠠᠭᠠᠯᠲᠠ ᠵᠡᠷᠭᠡ ᠠᠵᠢᠯᠯᠠᠭ᠎ᠠ᠎ᠶᠢ ᠬᠢᠬᠦ᠎ᠳᠦ᠂ ᠪᠠᠢᠭ᠎ᠠ ᠭᠠᠵᠠᠷ᠎ᠤᠨ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠤᠲᠤᠭ ᠪᠡᠯᠴᠢᠭᠡᠷ᠎ᠦᠨ ᠵᠠᠰᠠᠭ ᠵᠠᠬᠢᠷᠭᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠦ ᠤᠷᠢᠳ᠎ᠢᠶᠠᠷ ᠮᠡᠳᠡᠭᠦᠯᠦᠭᠰᠡᠨ ᠦᠭᠡᠢ ᠪᠤᠶᠤ ᠮᠡᠳᠡᠭᠦᠯᠦᠭᠰᠡᠨ ᠠᠶᠠᠯᠠᠬᠤ ᠭᠠᠵᠠᠷ ᠣᠷᠣᠨ ᠪᠠ ᠠᠶᠠᠯᠠᠬᠤ ᠵᠡᠮ᠎ᠢᠶᠠᠷ ᠨᠤᠲᠤᠭ ᠪᠡᠯᠴᠢᠭᠡᠷ ᠳᠡᠭᠡᠷ᠎ᠡ ᠠᠶᠠᠯᠠᠭᠰᠠᠨ ᠦᠭᠡᠢ᠂ ᠨᠤᠲᠤᠭ ᠪᠡᠯᠴᠢᠭᠡᠷ᠎ᠦᠨ ᠤᠷᠭᠤᠮᠠᠯ᠎ᠤᠨ ᠬᠤᠴᠢᠯᠭ᠎ᠠ᠎ᠶᠢ ᠡᠪᠳᠡᠭᠰᠡᠨ ᠪᠠᠢᠪᠠᠯ᠂ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠤᠲᠤᠭ ᠪᠡᠯᠴᠢᠭᠡᠷ᠎ᠦᠨ ᠵᠠᠰᠠᠭ ᠵᠠᠬᠢᠷᠭᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠶᠢ ᠨᠢ ᠵᠠᠷᠯᠢᠭ᠍ᠳᠠᠨ ᠵᠣᠭᠰᠣᠭᠠᠵᠤ᠂ ᠬᠤᠭᠤᠴᠠᠭ᠎ᠠ ᠬᠢᠵᠠᠭᠠᠷᠯᠠᠨ ᠤᠷᠭᠤᠮᠠᠯ᠎ᠤᠨ ᠬᠤᠴᠢᠯᠭ᠎ᠠ᠎ᠶᠢ ᠰᠡᠷᠭᠦᠭᠡᠯᠭᠡᠵᠦ᠂ ᠨᠤᠲᠤᠭ ᠪᠡᠯᠴᠢᠭᠡᠷ ᠡᠪᠳᠡᠭᠳᠡᠬᠦ ᠡᠴᠡ ᠡᠮᠦᠨᠡᠬᠢ ᠭᠤᠷᠪᠠᠨ ᠵᠢᠯ᠎ᠦᠨ ᠳᠤᠮᠳᠠᠴᠢ ᠦᠢᠯᠡᠳᠬᠦᠨ᠎ᠦ ᠥᠷᠳᠡᠭ᠎ᠦᠨ ᠭᠤᠷᠪᠠᠨ ᠲᠡᠬᠢᠠ᠎ᠠᠴᠠ ᠳᠡᠭᠡᠭᠰᠢ ᠶᠢᠰᠦᠨ ᠲᠡᠬᠢᠠ᠎ᠠᠴᠠ ᠳᠣᠷᠣᠭ᠍ᠰᠢᠬᠢ ᠵᠣᠭᠣᠰ᠎ᠢᠶᠠᠷ ᠲᠣᠷᠭᠠᠬᠤ᠎ᠪᠠᠷ ᠨᠡᠢᠯᠡᠭᠦᠯᠦᠨ ᠰᠢᠢᠳᠬᠡᠵᠦ ᠪᠣᠯᠣᠨ᠎ᠠ;ᠨᠤᠲᠤᠭ ᠪᠡᠯᠴᠢᠭᠡᠷ᠎ᠦᠨ ᠥᠮᠴᠢᠯᠡᠭᠴᠢ ᠪᠤᠶᠤ ᠬᠡᠷᠡᠭᠯᠡᠭᠴᠢ᠎ᠳᠦ ᠬᠣᠬᠢᠷᠠᠯ ᠤᠴᠠᠷᠠᠭᠤᠯᠤᠭᠰᠠᠨ ᠪᠠᠢᠪᠠᠯ᠂ ᠬᠠᠤᠯᠢ ᠶᠣᠰᠣᠭᠠᠷ ᠲᠥᠯᠥᠪᠦᠷᠢ ᠥᠭᠬᠦ ᠬᠠᠷᠢᠭᠤᠴᠠᠯᠭ᠎ᠠ ᠡᠭᠦᠷᠭᠡᠯᠡᠨ᠎ᠡ᠃
ᠤᠤᠯ᠎ᠤᠨ ᠬᠡᠷᠡᠭᠵᠢᠭᠦᠯᠬᠦ ᠭᠣᠣᠯ ᠴᠣᠭᠴᠠ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠢ ᠰᠢᠭᠤᠢ ᠪᠠ ᠨᠤᠲᠤᠭ ᠪᠡᠯᠴᠢᠭᠡᠷ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠰᠤᠮᠤ ᠰᠢᠶᠠᠩ ᠪᠠᠯᠭᠠᠰᠤᠨ᠎ᠤ ᠠᠷᠠᠳ᠎ᠤᠨ ᠵᠠᠰᠠᠭ᠎ᠤᠨ ᠣᠷᠳᠣᠨ ᠪᠤᠶᠤ ᠵᠡᠭᠡᠯᠢ ᠭᠤᠳᠤᠮᠵᠢ᠎ᠶᠢᠨ ᠬᠡᠷᠡᠭ ᠡᠷᠬᠢᠯᠡᠬᠦ ᠭᠠᠵᠠᠷ
ᠡᠷᠬᠡ ᠣᠯᠭᠣᠭᠰᠠᠨ᠎ᠤ ᠳᠠᠷᠠᠭᠠᠬᠢ ᠬᠡᠷᠡᠭᠵᠢᠭᠦᠯᠬᠦ ᠭᠣᠣᠯ ᠴᠣᠭᠴᠠ ᠥᠪᠥᠷ ᠮᠣᠩᠭᠣᠯ᠎ᠤᠨ ᠶᠡᠬᠡ ᠬᠢᠩᠭᠠᠨ ᠳᠠᠪᠠᠭᠠᠨ᠎ᠤ ᠣᠶ ᠰᠢᠭᠤᠢ᠎ᠶᠢᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ
ᠳ᠋ᠤᠭᠠᠷ 9.
ᠵᠦᠢᠯᠡᠰ᠎ᠦᠨ ᠨᠡᠷᠡᠢᠳᠦᠯ ᠬᠠᠤᠯᠢ ᠪᠤᠰᠤ᠎ᠪᠠᠷ ᠨᠤᠲᠤᠭ ᠪᠡᠯᠴᠢᠭᠡᠷ᠎ᠢ ᠲᠦᠷ ᠡᠵᠡᠯᠡᠨ ᠬᠡᠷᠡᠭᠯᠡᠭᠰᠡᠨ ᠥᠢᠯᠨ ᠠᠵᠢᠯᠯᠠᠭ᠎ᠠ
ᠬᠡᠷᠡᠭᠵᠢᠭᠦᠯᠬᠦ ᠦᠨᠳᠦᠰᠦᠯᠡᠯ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠨᠤᠲᠤᠭ ᠪᠡᠯᠴᠢᠭᠡᠷ᠎ᠦᠨ ᠬᠠᠤᠯᠢ》᠎ᠶᠢᠨ ᠲᠡᠯᠡᠠ ᠨᠢᠭᠡᠳᠦᠭᠡᠷ ᠵᠦᠢᠯ᠄ ᠲᠦᠷ ᠴᠠᠭ ᠡᠵᠡᠯᠡᠨ ᠬᠡᠷᠡᠭᠯᠡᠭᠰᠡᠨ ᠨᠤᠲᠤᠭ ᠪᠡᠯᠴᠢᠭᠡᠷ᠎ᠲᠦ ᠡᠭᠦᠷᠢᠳᠡ᠎ᠶᠢᠨ ᠴᠢᠨᠠᠷᠲᠠᠢ ᠭᠡᠷ ᠪᠠᠷᠢᠯᠭ᠎ᠠ᠂ ᠪᠠᠷᠢᠯᠭ᠎ᠠ᠎ᠶᠢᠨ ᠵᠦᠢᠯ᠎ᠢ ᠪᠠᠢᠭᠤᠯᠤᠭᠰᠠᠨ ᠪᠣᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠨᠤᠲᠤᠭ ᠪᠡᠯᠴᠢᠭᠡᠷ᠎ᠦᠨ ᠵᠠᠰᠠᠭ ᠵᠠᠬᠢᠷᠭᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠡᠷᠬᠡ ᠲᠤᠰᠢᠶᠠᠯ᠎ᠢᠶᠠᠨ ᠦᠨᠳᠦᠰᠦᠯᠡᠨ ᠵᠠᠷᠯᠢᠭ᠍ᠳᠠᠵᠤ ᠪᠠᠢᠭᠠᠳ ᠬᠤᠭᠤᠴᠠᠭ᠎ᠠ ᠬᠢᠵᠠᠭᠠᠷᠯᠠᠨ ᠨᠤᠷᠠᠭᠠᠯᠭᠠᠨ᠎ᠠ; ᠬᠤᠭᠤᠴᠠᠭ᠎ᠠ ᠬᠡᠲᠦᠷᠡᠲᠡᠯ᠎ᠡ ᠨᠤᠷᠠᠭᠠᠭᠰᠠᠨ ᠦᠭᠡᠢ ᠪᠠᠢᠪᠠᠯ᠂ ᠬᠠᠤᠯᠢ ᠶᠣᠰᠣᠭᠠᠷ ᠠᠯᠪᠠᠳᠠᠨ ᠨᠤᠷᠠᠭᠠᠯᠭᠠᠨ᠎ᠠ᠂ ᠬᠡᠷᠡᠭᠰᠡᠬᠦ ᠵᠠᠷᠤᠳᠠᠯ᠎ᠢ ᠬᠠᠤᠯᠢ᠎ᠠᠴᠠ ᠵᠥᠷᠢᠴᠡᠭᠰᠡᠳ ᠡᠭᠦᠷᠭᠡᠯᠡᠨ᠎ᠡ᠃
ᠤᠤᠯ᠎ᠤᠨ ᠬᠡᠷᠡᠭᠵᠢᠭᠦᠯᠬᠦ ᠭᠣᠣᠯ ᠴᠣᠭᠴᠠ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ
ᠡᠷᠬᠡ ᠣᠯᠭᠣᠭᠰᠠᠨ᠎ᠤ ᠳᠠᠷᠠᠭᠠᠬᠢ ᠬᠡᠷᠡᠭᠵᠢᠭᠦᠯᠬᠦ ᠭᠣᠣᠯ ᠴᠣᠭᠴᠠ ᠥᠪᠥᠷ ᠮᠣᠩᠭᠣᠯ᠎ᠤᠨ ᠶᠡᠬᠡ ᠬᠢᠩᠭᠠᠨ ᠳᠠᠪᠠᠭᠠᠨ᠎ᠤ ᠣᠶ ᠰᠢᠭᠤᠢ᠎ᠶᠢᠨ ᠳᠣᠲᠣᠭᠠᠳᠤ ᠶ᠋ᠢ ᠬᠠᠮᠠᠭᠠᠯᠠᠬᠤ ᠪᠠᠢᠭᠤᠯᠭ᠎ᠠ
ᠳ᠋ᠤᠭᠠᠷ 10.
ᠵᠦᠢᠯᠡᠰ᠎ᠦᠨ ᠨᠡᠷᠡᠢᠳᠦᠯ ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠢᠯᠭᠠᠬᠤ ᠬᠠᠷᠢᠭᠤᠴᠠᠯᠭ᠎ᠠ᠎ᠶᠢᠨ ᠪᠢᠴᠢᠭ᠎ᠲᠤ ᠭᠠᠷᠤᠨ ᠦᠰᠦᠭ ᠵᠢᠷᠤᠭᠰᠠᠨ ᠦᠭᠡᠢ ᠦᠢᠯᠡ ᠠᠵᠢᠯᠯᠠᠭ᠎ᠠ
ᠬᠡᠷᠡᠭᠵᠢᠭᠦᠯᠬᠦ ᠦᠨᠳᠦᠰᠦᠯᠡᠯ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠤᠲᠤᠭ ᠪᠡᠯᠴᠢᠭᠡᠷ᠎ᠦᠨ ᠬᠠᠮᠢᠶᠠᠷᠤᠯᠲᠠ᠎ᠶᠢᠨ ᠳᠦᠷᠢᠮ》᠎ᠤᠨ ᠳᠥᠴᠢᠨ ᠵᠢᠷᠭᠤᠳᠤᠭᠠᠷ ᠵᠦᠢᠯ᠄ ᠲᠣᠰ ᠳᠦᠷᠢᠮ᠎ᠦᠨ ᠭᠤᠴᠢᠨ ᠨᠢᠭᠡᠳᠦᠭᠡᠷ ᠵᠦᠢᠯ᠎ᠦᠨ ᠲᠣᠭᠲᠠᠭᠠᠯ᠎ᠠᠴᠠ ᠵᠥᠷᠢᠴᠡᠵᠦ᠂ ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠢᠯᠭᠠᠬᠤ ᠬᠠᠷᠢᠭᠤᠴᠠᠯᠭ᠎ᠠ᠎ᠶᠢᠨ ᠪᠢᠴᠢᠭ᠎ᠲᠦ ᠭᠠᠷᠤᠨ ᠥᠰᠥᠭ ᠵᠢᠷᠤᠭᠰᠠᠨ ᠦᠭᠡᠢ ᠪᠠᠢᠪᠠᠯ᠂ ᠨᠤᠲᠤᠭ ᠪᠡᠯᠴᠢᠭᠡᠷ᠎ᠦᠨ ᠬᠢᠨᠠᠯᠲᠠ ᠬᠠᠮᠢᠶᠠᠷᠤᠯᠲᠠ᠎ᠶᠢᠨ ᠪᠠᠢᠭᠤᠯᠤᠮᠵᠢ ᠵᠠᠷᠯᠢᠭ᠍ᠳᠠᠵᠤ ᠪᠠᠢᠭᠠᠳ ᠬᠤᠭᠤᠴᠠᠭ᠎ᠠ ᠬᠢᠵᠠᠭᠠᠷᠯᠠᠨ ᠭᠠᠷᠤᠨ ᠥᠰᠥᠭ ᠵᠢᠷᠤᠭᠤᠯᠤᠨ᠎ᠠ; ᠬᠤᠭᠤᠴᠠᠭ᠎ᠠ ᠬᠡᠲᠦᠷᠡᠲᠡᠯ᠎ᠡ ᠮᠥᠨ ᠬᠦ᠌ ᠭᠠᠷᠤᠨ ᠦᠰᠦᠭ ᠵᠢᠷᠤᠭᠰᠠᠨ ᠦᠭᠡᠢ ᠪᠠᠢᠪᠠᠯ᠂ ᠬᠠᠷᠢᠭᠤᠴᠠᠯᠭ᠎ᠠ ᠲᠠᠶ ᠬᠥᠮᠥᠨ᠎ᠢ 500 ᠲᠥᠭᠥᠷᠢᠭ᠎ᠡᠴᠡ ᠳᠣᠷᠣᠭ᠍ᠰᠢᠬᠢ ᠵᠣᠭᠣᠰ᠎ᠢᠶᠠᠷ ᠲᠣᠷᠭᠠᠨ᠎ᠠ᠃
ᠤᠤᠯ᠎ᠤᠨ ᠬᠡᠷᠡᠭᠵᠢᠭᠦᠯᠬᠦ ᠭᠣᠣᠯ ᠴᠣᠭᠴᠠ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠰᠤᠮᠤ ᠰᠢᠶᠠᠩ ᠪᠠᠯᠭᠠᠰᠤᠨ᠎ᠤ ᠵᠠᠰᠠᠭ᠎ᠤᠨ ᠣᠷᠳᠣᠨ ᠪᠤᠶᠤ ᠵᠡᠭᠡᠯᠢ ᠭᠤᠳᠤᠮᠵᠢ᠎ᠶᠢᠨ ᠬᠡᠷᠡᠭ ᠡᠷᠬᠢᠯᠡᠬᠦ ᠭᠠᠵᠠᠷ
ᠡᠷᠬᠡ ᠣᠯᠭᠣᠭᠰᠠᠨ᠎ᠤ ᠳᠠᠷᠠᠭᠠᠬᠢ ᠬᠡᠷᠡᠭᠵᠢᠭᠦᠯᠬᠦ ᠭᠣᠣᠯ ᠴᠣᠭᠴᠠ ᠥᠪᠥᠷ ᠮᠣᠩᠭᠣᠯ᠎ᠤᠨ ᠶᠡᠬᠡ ᠬᠢᠩᠭᠠᠨ ᠳᠠᠪᠠᠭᠠᠨ᠎ᠤ ᠣᠶ ᠰᠢᠭᠤᠢ᠎ᠶᠢᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ
ᠳ᠋ᠤᠭᠠᠷ 11.
ᠵᠦᠢᠯᠡᠰ᠎ᠦᠨ ᠨᠡᠷᠡᠢᠳᠦᠯ ᠨᠤᠲᠤᠭ ᠪᠡᠯᠴᠢᠭᠡᠷ᠎ᠦᠨ ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ᠎ᠢ ᠬᠡᠷᠡᠭᠵᠢᠭᠦᠯᠦᠭᠰᠡᠨ᠂ ᠵᠢᠵᠢᠭ ᠲᠠᠯᠠᠪᠠᠶ᠎ᠲᠠᠢ ᠲᠠᠷᠢᠮᠠᠯ ᠪᠡᠯᠴᠢᠭᠡᠷ ᠪᠠᠢᠭᠤᠯᠤᠭᠰᠠᠨ ᠵᠢᠴᠢ ᠬᠠᠭᠤᠷᠠᠢ ᠲᠠᠷᠢᠮᠠᠯ ᠪᠡᠯᠴᠢᠭᠡᠷ ᠪᠠᠢᠭᠤᠯᠤᠭᠰᠠᠨ ᠦᠶ᠋ᠯᠡ ᠠᠵᠢᠯᠯᠠᠭ᠎ᠠ
ᠬᠡᠷᠡᠭᠵᠢᠭᠦᠯᠬᠦ ᠦᠨᠳᠦᠰᠦᠯᠡᠯ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠤᠲᠤᠭ ᠪᠡᠯᠴᠢᠭᠡᠷ᠎ᠦᠨ ᠬᠠᠮᠢᠶᠠᠷᠤᠯᠲᠠ᠎ᠶᠢᠨ ᠳᠦᠷᠢᠮ》᠎ᠤᠨ ᠳᠥᠴᠢᠨ ᠨᠠᠢ᠍ᠮᠠᠳᠤᠭᠠᠷ ᠵᠦᠢᠯ᠄ ᠲᠣᠰ ᠳᠦᠷᠢᠮ᠎ᠦᠨ ᠭᠤᠴᠢᠨ ᠭᠤᠷᠪᠠᠳᠤᠭᠠᠷ ᠵᠦᠢᠯ᠂ ᠭᠤᠴᠢᠨ ᠳᠥᠷᠪᠡᠳᠦᠭᠡᠷ ᠵᠦᠢᠯ᠎ᠦᠨ ᠲᠣᠭᠲᠠᠭᠠᠯ᠎ᠠᠴᠠ ᠵᠥᠷᠢᠴᠡᠵᠦ᠂ ᠨᠤᠲᠤᠭ ᠪᠡᠯᠴᠢᠭᠡᠷ᠎ᠦᠨ ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ᠎ᠢ ᠬᠡᠷᠡᠭᠵᠢᠭᠦᠯᠦᠭᠰᠡᠨ᠂ ᠵᠢᠵᠢᠭ ᠲᠠᠯᠠᠪᠠᠶ᠎ᠲᠠᠢ ᠲᠠᠷᠢᠮᠠᠯ ᠪᠡᠯᠴᠢᠭᠡᠷ ᠪᠠᠢᠭᠤᠯᠤᠭᠰᠠᠨ ᠵᠢᠴᠢ ᠬᠠᠭᠤᠷᠠᠢ ᠲᠠᠷᠢᠮᠠᠯ ᠪᠡᠯᠴᠢᠭᠡᠷ ᠪᠠᠢᠭᠤᠯᠤᠭᠰᠠᠨ ᠪᠠᠢᠪᠠᠯ᠂ ᠨᠤᠲᠤᠭ ᠪᠡᠯᠴᠢᠭᠡᠷ᠎ᠦᠨ ᠬᠢᠨᠠᠯᠲᠠ ᠬᠠᠮᠢᠶᠠᠷᠤᠯᠲᠠ᠎ᠶᠢᠨ ᠪᠠᠢᠭᠤᠯᠤᠮᠵᠢ ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠶᠢ ᠨᠢ ᠵᠠᠷᠯᠢᠭ᠍ᠳᠠᠨ ᠵᠣᠭᠰᠣᠭᠠᠵᠤ᠂ ᠬᠤᠭᠤᠴᠠᠭ᠎ᠠ ᠬᠢᠵᠠᠭᠠᠷᠯᠠᠨ ᠤᠷᠭᠤᠮᠠᠯ᠎ᠤᠨ ᠬᠤᠴᠢᠯᠭ᠎ᠠ᠎ᠶᠢ ᠰᠡᠷᠭᠦᠭᠡᠯᠭᠡᠵᠦ᠂ ᠮᠦ᠍ ᠪᠦᠷᠢ᠎ᠶᠢᠨ ᠨᠤᠲᠤᠭ ᠪᠡᠯᠴᠢᠭᠡᠷ᠎ᠢ 200 ᠲᠥᠭᠥᠷᠢᠭ᠎ᠡᠴᠡ ᠳᠡᠭᠡᠭᠰᠢ 2000 ᠲᠥᠭᠥᠷᠢᠭ᠎ᠡᠴᠡ ᠳᠣᠷᠣᠭ᠍ᠰᠢᠬᠢ ᠵᠣᠭᠣᠰ᠎ᠢᠶᠠᠷ ᠲᠣᠷᠭᠠᠬᠤ᠎ᠪᠠᠷ ᠨᠡᠢᠯᠡᠭᠦᠯᠦᠨ ᠰᠢᠢᠳᠬᠡᠵᠦ ᠪᠣᠯᠣᠨ᠎ᠠ᠂ ᠬᠠᠮᠤᠭ᠎ᠤᠨ ᠥᠨᠳᠥᠷ᠎ᠲᠤ ᠪᠠᠨ 5 ᠲᠦᠮᠡᠨ ᠲᠥᠭᠥᠷᠢᠭ᠎ᠡᠴᠡ ᠬᠡᠲᠦᠷᠡᠭᠦᠯᠵᠦ ᠪᠣᠯᠬᠤ ᠥᠬᠡᠶ;ᠨᠤᠲᠤᠭ ᠪᠡᠯᠴᠢᠭᠡᠷ᠎ᠦᠨ ᠥᠮᠴᠢᠯᠡᠭᠴᠢ ᠪᠤᠶᠤ ᠬᠡᠷᠡᠭᠯᠡᠭᠴᠢ᠎ᠳᠦ ᠬᠣᠬᠢᠷᠠᠯ ᠤᠴᠠᠷᠠᠭᠤᠯᠤᠭᠰᠠᠨ ᠪᠠᠢᠪᠠᠯ᠂ ᠬᠠᠤᠯᠢ ᠶᠣᠰᠣᠭᠠᠷ ᠲᠥᠯᠥᠪᠦᠷᠢ ᠥᠭᠬᠦ ᠬᠠᠷᠢᠭᠤᠴᠠᠯᠭ᠎ᠠ ᠡᠭᠦᠷᠭᠡᠯᠡᠨ᠎ᠡ᠃
ᠤᠤᠯ᠎ᠤᠨ ᠬᠡᠷᠡᠭᠵᠢᠭᠦᠯᠬᠦ ᠭᠣᠣᠯ ᠴᠣᠭᠴᠠ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ
ᠡᠷᠬᠡ ᠣᠯᠭᠣᠭᠰᠠᠨ᠎ᠤ ᠳᠠᠷᠠᠭᠠᠬᠢ ᠬᠡᠷᠡᠭᠵᠢᠭᠦᠯᠬᠦ ᠭᠣᠣᠯ ᠴᠣᠭᠴᠠ ᠥᠪᠥᠷ ᠮᠣᠩᠭᠣᠯ᠎ᠤᠨ ᠶᠡᠬᠡ ᠬᠢᠩᠭᠠᠨ ᠳᠠᠪᠠᠭᠠᠨ᠎ᠤ ᠣᠶ ᠰᠢᠭᠤᠢ᠎ᠶᠢᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ
ᠳ᠋ᠤᠭᠠᠷ 12.
ᠵᠦᠢᠯᠡᠰ᠎ᠦᠨ ᠨᠡᠷᠡᠢᠳᠦᠯ ᠦᠰᠦᠯᠢᠭ ᠵᠠᠮᠠᠭ ᠲᠡᠭᠦᠭᠰᠡᠨ᠂ ᠬᠤᠳᠠᠯᠳᠤᠨ ᠠᠪᠤᠭᠰᠠᠨ᠂ ᠡᠳ᠋ᠰᠢᠭᠦᠯᠦᠭᠰᠡᠨ ᠪᠣᠷᠣᠯᠠᠭᠤᠯᠤᠭᠰᠠᠨ ᠪᠠ ᠦᠨᠳᠦᠰᠦ᠎ᠲᠠᠢ ᠬᠡᠭᠡᠷ᠎ᠡ᠎ᠶᠢᠨ ᠵᠡᠭᠡᠷᠭᠡᠨ᠎ᠡ ᠲᠡᠭᠦᠭᠰᠡᠨ᠂ ᠬᠤᠳᠠᠯᠳᠤᠨ ᠠᠪᠤᠭᠰᠠᠨ ᠦᠢᠯᠡ ᠠᠵᠢᠯᠯᠠᠭ᠎ᠠ
ᠬᠡᠷᠡᠭᠵᠢᠭᠦᠯᠬᠦ ᠦᠨᠳᠦᠰᠦᠯᠡᠯ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠤᠲᠤᠭ ᠪᠡᠯᠴᠢᠭᠡᠷ᠎ᠦᠨ ᠬᠠᠮᠢᠶᠠᠷᠤᠯᠲᠠ᠎ᠶᠢᠨ ᠳᠦᠷᠢᠮ》᠎ᠤᠨ ᠳᠥᠴᠢ ᠶᠢᠰᠦᠳᠦᠭᠡᠷ ᠵᠦᠢᠯ᠄ ᠲᠣᠰ ᠳᠦᠷᠢᠮ᠎ᠦᠨ ᠭᠤᠴᠢᠨ ᠵᠢᠷᠭᠤᠳᠤᠭᠠᠷ ᠵᠦᠢᠯ᠎ᠦᠨ ᠨᠢᠭᠡᠳᠦᠭᠡᠷ ᠵᠤᠷᠪᠤᠰ᠂ ᠭᠤᠴᠢᠨ ᠳᠣᠯᠣᠳᠤᠭᠠᠷ ᠵᠦᠢᠯ᠎ᠦᠨ ᠬᠣᠶᠠᠳᠤᠭᠠᠷ ᠵᠤᠷᠪᠤᠰ᠎ᠤᠨ ᠲᠣᠭᠲᠠᠭᠠᠯ᠎ᠠᠴᠠ ᠵᠥᠷᠢᠴᠡᠵᠦ᠂ ᠦᠰᠦᠯᠢᠭ ᠵᠠᠮᠠᠭ ᠲᠡᠭᠦᠭᠰᠡᠨ᠂ ᠬᠤᠳᠠᠯᠳᠤᠨ ᠠᠪᠤᠭᠰᠠᠨ᠂ ᠡᠳ᠋ᠰᠢᠭᠦᠯᠦᠭᠰᠡᠨ ᠪᠣᠷᠣᠯᠠᠭᠤᠯᠤᠭᠰᠠᠨ ᠪᠠ ᠦᠨᠳᠦᠰᠦ᠎ᠲᠠᠢ ᠬᠡᠭᠡᠷ᠎ᠡ᠎ᠶᠢᠨ ᠵᠡᠭᠡᠷᠭᠡᠨ᠎ᠡ ᠲᠡᠭᠦᠭᠰᠡᠨ᠂ ᠬᠤᠳᠠᠯᠳᠤᠨ ᠠᠪᠤᠭᠰᠠᠨ ᠪᠠᠢᠪᠠᠯ᠂ ᠬᠣᠯᠪᠣᠭᠳᠠᠯ ᠪᠦᠬᠦᠢ ᠰᠠᠯᠠᠭ᠎ᠠ ᠮᠥᠴᠢᠷ ᠡᠷᠬᠡ ᠲᠤᠰᠢᠶᠠᠯ᠎ᠢᠶᠠᠨ ᠦᠨᠳᠦᠰᠦᠯᠡᠨ ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠶᠢ ᠨᠢ ᠵᠠᠷᠯᠢᠭ᠍ᠳᠠᠨ ᠵᠣᠭᠰᠣᠭᠠᠵᠤ᠂ ᠬᠠᠤᠯᠢ ᠪᠤᠰᠤ ᠡᠳ᠋ ᠪᠣᠳᠠᠰ ᠪᠠ ᠬᠠᠤᠯᠢ᠎ᠠᠴᠠ ᠵᠥᠷᠢᠴᠡᠵᠦ ᠣᠯᠣᠭᠰᠠᠨ ᠠᠰᠢᠭ᠋ ᠣᠷᠣᠯᠭ᠎ᠠ᠎ᠶᠢ ᠨᠢ ᠬᠣᠷᠢᠶᠠᠨ ᠠᠪᠴᠤ᠂ ᠬᠠᠤᠯᠢ᠎ᠠᠴᠠ ᠵᠥᠷᠢᠴᠡᠵᠦ ᠣᠯᠣᠭᠰᠠᠨ ᠠᠰᠢᠭ᠋ ᠣᠷᠣᠯᠭ᠎ᠠ᠎ᠶᠢᠨ ᠨᠢᠭᠡ ᠳᠠᠬᠢᠨ᠎ᠠᠴᠠ ᠳᠡᠭᠡᠭᠰᠢ ᠲᠠᠪᠤᠨ ᠳᠠᠬᠢᠨ᠎ᠠᠴᠠ ᠳᠣᠷᠣᠭ᠍ᠰᠢᠬᠢ ᠵᠣᠭᠣᠰ᠎ᠢᠶᠠᠷ ᠲᠣᠷᠭᠠᠬᠤ᠎ᠪᠠᠷ ᠨᠡᠢᠯᠡᠭᠦᠯᠦᠨ ᠰᠢᠢᠳᠬᠡᠵᠦ ᠪᠣᠯᠣᠨ᠎ᠠ;ᠬᠠᠤᠯᠢ᠎ᠠᠴᠠ ᠵᠥᠷᠢᠴᠡᠵᠦ ᠣᠯᠣᠭᠰᠠᠨ ᠠᠰᠢᠭ᠋ ᠣᠷᠣᠯᠭ᠎ᠠ ᠪᠠᠢᠬᠤ ᠦᠭᠡᠢ ᠪᠣᠯ 5 ᠲᠦᠮᠡᠨ ᠲᠥᠭᠥᠷᠢᠭ᠎ᠡᠴᠡ ᠳᠣᠷᠣᠭ᠍ᠰᠢᠬᠢ ᠵᠣᠭᠣᠰ᠎ᠢᠶᠠᠷ ᠲᠣᠷᠭᠠᠬᠤ᠎ᠪᠠᠷ ᠨᠡᠢᠯᠡᠭᠦᠯᠦᠨ ᠰᠢᠢᠳᠬᠡᠵᠦ ᠪᠣᠯᠣᠨ᠎ᠠ;ᠨᠤᠲᠤᠭ ᠪᠡᠯᠴᠢᠭᠡᠷ᠎ᠦᠨ ᠥᠮᠴᠢᠯᠡᠭᠴᠢ ᠪᠤᠶᠤ ᠬᠡᠷᠡᠭᠯᠡᠭᠴᠢ᠎ᠳᠦ ᠬᠣᠬᠢᠷᠠᠯ ᠤᠴᠠᠷᠠᠭᠤᠯᠤᠭᠰᠠᠨ ᠪᠠᠢᠪᠠᠯ᠂ ᠬᠠᠤᠯᠢ ᠶᠣᠰᠣᠭᠠᠷ ᠲᠥᠯᠥᠪᠦᠷᠢ ᠥᠭᠬᠦ ᠬᠠᠷᠢᠭᠤᠴᠠᠯᠭ᠎ᠠ ᠡᠭᠦᠷᠭᠡᠯᠡᠨ᠎ᠡ; ᠶᠠᠯᠠᠳᠤ ᠬᠦᠷᠦᠭᠰᠡᠨ ᠪᠠᠢᠪᠠᠯ᠂ ᠬᠠᠤᠯᠢ ᠶᠣᠰᠣᠭᠠᠷ ᠡᠷᠡᠭᠦᠦ᠎ᠶᠢᠨ ᠬᠠᠷᠢᠭᠤᠴᠠᠯᠭ᠎ᠠ ᠨᠡᠬᠡᠮᠵᠢᠯᠡᠨ᠎ᠡ᠃
ᠤᠤᠯ᠎ᠤᠨ ᠬᠡᠷᠡᠭᠵᠢᠭᠦᠯᠬᠦ ᠭᠣᠣᠯ ᠴᠣᠭᠴᠠ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ
ᠡᠷᠬᠡ ᠣᠯᠭᠣᠭᠰᠠᠨ᠎ᠤ ᠳᠠᠷᠠᠭᠠᠬᠢ ᠬᠡᠷᠡᠭᠵᠢᠭᠦᠯᠬᠦ ᠭᠣᠣᠯ ᠴᠣᠭᠴᠠ ᠥᠪᠥᠷ ᠮᠣᠩᠭᠣᠯ᠎ᠤᠨ ᠶᠡᠬᠡ ᠬᠢᠩᠭᠠᠨ ᠳᠠᠪᠠᠭᠠᠨ᠎ᠤ ᠣᠶ ᠰᠢᠭᠤᠢ᠎ᠶᠢᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ
ᠳ᠋ᠤᠭᠠᠷ 13.
ᠵᠦᠢᠯᠡᠰ᠎ᠦᠨ ᠨᠡᠷᠡᠢᠳᠦᠯ ᠦᠨᠳᠦᠰᠦᠨ ᠨᠤᠲᠤᠭ ᠪᠡᠯᠴᠢᠭᠡᠷ᠎ᠦᠨ ᠬᠡᠷᠡᠭᠴᠡᠭᠡ᠎ᠶᠢ ᠳᠤᠷ᠎ᠠ᠎ᠪᠠᠷ ᠬᠤᠪᠢᠷᠠᠭᠤᠯᠤᠭᠰᠠᠨ ᠦᠢᠯᠡ ᠠᠵᠢᠯᠯᠠᠭ᠎ᠠ
ᠬᠡᠷᠡᠭᠵᠢᠭᠦᠯᠬᠦ ᠦᠨᠳᠦᠰᠦᠯᠡᠯ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠨ ᠨᠤᠲᠤᠭ ᠪᠡᠯᠴᠢᠭᠡᠷ᠎ᠢ ᠬᠠᠮᠠᠭᠠᠯᠠᠬᠤ ᠳᠦᠷᠢᠮ》᠎ᠤᠨ ᠭᠤᠴᠢᠨ ᠬᠣᠶᠠᠳᠤᠭᠠᠷ ᠵᠦᠢᠯ᠄ ᠲᠣᠰ ᠳᠦᠷᠢᠮ᠎ᠦᠨ ᠠᠷᠪᠠᠨ ᠲᠠᠪᠤᠳᠤᠭᠠᠷ ᠵᠦᠢᠯ᠎ᠦᠨ ᠲᠣᠭᠲᠠᠭᠠᠯ᠎ᠠᠴᠠ ᠵᠥᠷᠢᠴᠡᠵᠦ᠂ ᠳᠣᠣᠷᠠᠬᠢ ᠦᠢᠯᠡ ᠠᠵᠢᠯᠯᠠᠭ᠎ᠠ᠎ᠶᠢᠨ ᠨᠢᠭᠡ᠎ᠶᠢ ᠬᠢᠭᠰᠡᠨ ᠪᠠᠢᠪᠠᠯ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠨᠤᠲᠤᠭ ᠪᠡᠯᠴᠢᠭᠡᠷ᠎ᠦᠨ ᠬᠢᠨᠠᠯᠲᠠ ᠬᠠᠮᠢᠶᠠᠷᠤᠯᠲᠠ᠎ᠶᠢᠨ ᠪᠠᠢᠭᠤᠯᠤᠮᠵᠢ ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠶᠢ ᠨᠢ ᠵᠠᠷᠯᠢᠭ᠍ᠳᠠᠨ ᠵᠣᠭᠰᠣᠭᠠᠵᠤ᠂ ᠬᠤᠭᠤᠴᠠᠭ᠎ᠠ ᠬᠢᠵᠠᠭᠠᠷᠯᠠᠨ ᠤᠷᠭᠤᠮᠠᠯ᠎ᠤᠨ ᠬᠤᠴᠢᠯᠭ᠎ᠠ᠎ᠶᠢ ᠰᠡᠷᠭᠦᠭᠡᠯᠭᠡᠵᠦ᠂ ᠬᠠᠤᠯᠢ ᠪᠤᠰᠤ ᠡᠳ᠋ ᠪᠣᠳᠠᠰ ᠪᠠ ᠬᠠᠤᠯᠢ᠎ᠠᠴᠠ ᠵᠥᠷᠢᠴᠡᠵᠦ ᠣᠯᠣᠭᠰᠠᠨ ᠠᠰᠢᠭ᠋ ᠣᠷᠣᠯᠭ᠎ᠠ᠎ᠶᠢ ᠨᠢ ᠬᠣᠷᠢᠶᠠᠨ ᠠᠪᠬᠤ᠎ᠶᠢᠨ ᠬᠠᠮᠲᠤ᠂ ᠳᠣᠣᠷᠠᠬᠢ ᠲᠣᠭᠲᠠᠭᠠᠯ ᠶᠣᠰᠣᠭᠠᠷ ᠰᠢᠢᠳᠬᠡᠨ ᠲᠣᠷᠭᠠᠨ᠎ᠠ; ᠨᠤᠲᠤᠭ ᠪᠡᠯᠴᠢᠭᠡᠷ᠎ᠦᠨ ᠥᠮᠴᠢᠯᠡᠭᠴᠢ ᠪᠤᠶᠤ ᠬᠡᠷᠡᠭᠯᠡᠭᠴᠢ᠎ᠳᠦ ᠬᠣᠬᠢᠷᠠᠯ ᠤᠴᠠᠷᠠᠭᠤᠯᠤᠭᠰᠠᠨ ᠪᠠᠢᠪᠠᠯ᠂ ᠬᠠᠤᠯᠢ ᠶᠣᠰᠣᠭᠠᠷ ᠲᠥᠯᠥᠪᠦᠷᠢ ᠥᠭᠬᠦ ᠬᠠᠷᠢᠭᠤᠴᠠᠯᠭ᠎ᠠ ᠡᠭᠦᠷᠭᠡᠯᠡᠨ᠎ᠡ; ᠶᠠᠯᠠᠳᠤ ᠬᠦᠷᠦᠭᠰᠡᠨ ᠪᠠᠢᠪᠠᠯ᠂ ᠬᠠᠤᠯᠢ ᠶᠣᠰᠣᠭᠠᠷ ᠡᠷᠡᠭᠦᠦ᠎ᠶᠢᠨ ᠬᠠᠷᠢᠭᠤᠴᠠᠯᠭ᠎ᠠ ᠨᠡᠬᠡᠮᠵᠢᠯᠡᠨ᠎ᠡ᠄ (ᠬᠣᠶᠠᠷ) ᠦᠨᠳᠦᠰᠦᠨ ᠨᠤᠲᠤᠭ ᠪᠡᠯᠴᠢᠭᠡᠷ᠎ᠦᠨ ᠬᠡᠷᠡᠭᠴᠡᠭᠡ᠎ᠶᠢ ᠳᠤᠷ᠎ᠠ᠎ᠪᠠᠷ ᠬᠤᠪᠢᠷᠠᠭᠤᠯᠤᠭᠰᠠᠨ ᠪᠠᠢᠪᠠᠯ᠂ ᠮᠦ᠍ ᠪᠦᠷᠢ᠎ᠶᠢ 1000 ᠲᠥᠭᠥᠷᠢᠭ᠎ᠡᠴᠡ ᠳᠡᠭᠡᠭᠰᠢ 5000 ᠲᠥᠭᠥᠷᠢᠭ᠎ᠡᠴᠡ ᠳᠣᠷᠣᠭ᠍ᠰᠢᠬᠢ ᠵᠣᠭᠣᠰ᠎ᠢᠶᠠᠷ ᠲᠣᠷᠭᠠᠨ᠎ᠠ᠃
ᠤᠤᠯ᠎ᠤᠨ ᠬᠡᠷᠡᠭᠵᠢᠭᠦᠯᠬᠦ ᠭᠣᠣᠯ ᠴᠣᠭᠴᠠ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ
ᠡᠷᠬᠡ ᠣᠯᠭᠣᠭᠰᠠᠨ᠎ᠤ ᠳᠠᠷᠠᠭᠠᠬᠢ ᠬᠡᠷᠡᠭᠵᠢᠭᠦᠯᠬᠦ ᠭᠣᠣᠯ ᠴᠣᠭᠴᠠ ᠥᠪᠥᠷ ᠮᠣᠩᠭᠣᠯ᠎ᠤᠨ ᠶᠡᠬᠡ ᠬᠢᠩᠭᠠᠨ ᠳᠠᠪᠠᠭᠠᠨ᠎ᠤ ᠣᠶ ᠰᠢᠭᠤᠢ᠎ᠶᠢᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ
ᠳ᠋ᠤᠭᠠᠷ 14.
ᠵᠦᠢᠯᠡᠰ᠎ᠦᠨ ᠨᠡᠷᠡᠢᠳᠦᠯ ᠲᠣᠣᠷ ᠬᠦᠷᠢᠶ᠎ᠡ᠂ ᠬᠥᠮᠥᠨ ᠮᠠᠯ᠎ᠤᠨ ᠢᠳᠡᠬᠦ ᠤᠰᠤᠨ᠎ᠤ ᠪᠡᠯᠡᠳᠬᠡᠮᠵᠢ ᠵᠡᠷᠭᠡ ᠨᠤᠲᠤᠭ ᠪᠡᠯᠴᠢᠭᠡᠷ᠎ᠦᠨ ᠪᠦᠲᠦᠭᠡᠨ ᠪᠠᠢᠭᠤᠯᠤᠯᠲᠠ᠎ᠶᠢᠨ ᠬᠠᠮᠠᠭᠠᠯᠠᠯᠲᠠ᠎ᠶᠢᠨ ᠪᠡᠯᠡᠳᠬᠡᠮᠵᠢ᠎ᠶᠢ ᠬᠣᠬᠢᠷᠠᠭᠤᠯᠤᠨ ᠡᠪᠳᠡᠭᠰᠡᠨ ᠦᠢᠯᠡ ᠠᠵᠢᠯᠯᠠᠭ᠎ᠠ
ᠬᠡᠷᠡᠭᠵᠢᠭᠦᠯᠬᠦ ᠦᠨᠳᠦᠰᠦᠯᠡᠯ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠨ ᠨᠤᠲᠤᠭ ᠪᠡᠯᠴᠢᠭᠡᠷ᠎ᠢ ᠬᠠᠮᠠᠭᠠᠯᠠᠬᠤ ᠳᠦᠷᠢᠮ》᠎ᠤᠨ ᠭᠤᠴᠢᠨ ᠬᠣᠶᠠᠳᠤᠭᠠᠷ ᠵᠦᠢᠯ᠄ ᠲᠣᠰ ᠳᠦᠷᠢᠮ᠎ᠦᠨ ᠠᠷᠪᠠᠨ ᠲᠠᠪᠤᠳᠤᠭᠠᠷ ᠵᠦᠢᠯ᠎ᠦᠨ ᠲᠣᠭᠲᠠᠭᠠᠯ᠎ᠠᠴᠠ ᠵᠥᠷᠢᠴᠡᠵᠦ᠂ ᠳᠣᠣᠷᠠᠬᠢ ᠦᠢᠯᠡ ᠠᠵᠢᠯᠯᠠᠭ᠎ᠠ᠎ᠶᠢᠨ ᠨᠢᠭᠡ᠎ᠶᠢ ᠬᠢᠭᠰᠡᠨ ᠪᠠᠢᠪᠠᠯ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠨᠤᠲᠤᠭ ᠪᠡᠯᠴᠢᠭᠡᠷ᠎ᠦᠨ ᠬᠢᠨᠠᠯᠲᠠ ᠬᠠᠮᠢᠶᠠᠷᠤᠯᠲᠠ᠎ᠶᠢᠨ ᠪᠠᠢᠭᠤᠯᠤᠮᠵᠢ ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠶᠢ ᠨᠢ ᠵᠠᠷᠯᠢᠭ᠍ᠳᠠᠨ ᠵᠣᠭᠰᠣᠭᠠᠵᠤ᠂ ᠬᠤᠭᠤᠴᠠᠭ᠎ᠠ ᠬᠢᠵᠠᠭᠠᠷᠯᠠᠨ ᠤᠷᠭᠤᠮᠠᠯ᠎ᠤᠨ ᠬᠤᠴᠢᠯᠭ᠎ᠠ᠎ᠶᠢ ᠰᠡᠷᠭᠦᠭᠡᠯᠭᠡᠵᠦ᠂ ᠬᠠᠤᠯᠢ ᠪᠤᠰᠤ ᠡᠳ᠋ ᠪᠣᠳᠠᠰ ᠪᠠ ᠬᠠᠤᠯᠢ᠎ᠠᠴᠠ ᠵᠥᠷᠢᠴᠡᠵᠦ ᠣᠯᠣᠭᠰᠠᠨ ᠠᠰᠢᠭ᠋ ᠣᠷᠣᠯᠭ᠎ᠠ᠎ᠶᠢ ᠨᠢ ᠬᠣᠷᠢᠶᠠᠨ ᠠᠪᠬᠤ᠎ᠶᠢᠨ ᠬᠠᠮᠲᠤ᠂ ᠳᠣᠣᠷᠠᠬᠢ ᠲᠣᠭᠲᠠᠭᠠᠯ ᠶᠣᠰᠣᠭᠠᠷ ᠰᠢᠢᠳᠬᠡᠨ ᠲᠣᠷᠭᠠᠨ᠎ᠠ; ᠨᠤᠲᠤᠭ ᠪᠡᠯᠴᠢᠭᠡᠷ᠎ᠦᠨ ᠥᠮᠴᠢᠯᠡᠭᠴᠢ ᠪᠤᠶᠤ ᠬᠡᠷᠡᠭᠯᠡᠭᠴᠢ᠎ᠳᠦ ᠬᠣᠬᠢᠷᠠᠯ ᠤᠴᠠᠷᠠᠭᠤᠯᠤᠭᠰᠠᠨ ᠪᠠᠢᠪᠠᠯ᠂ ᠬᠠᠤᠯᠢ ᠶᠣᠰᠣᠭᠠᠷ ᠲᠥᠯᠥᠪᠦᠷᠢ ᠥᠭᠬᠦ ᠬᠠᠷᠢᠭᠤᠴᠠᠯᠭ᠎ᠠ ᠡᠭᠦᠷᠭᠡᠯᠡᠨ᠎ᠡ; ᠶᠠᠯᠠᠳᠤ ᠬᠦᠷᠦᠭᠰᠡᠨ ᠪᠠᠢᠪᠠᠯ᠂ ᠬᠠᠤᠯᠢ ᠶᠣᠰᠣᠭᠠᠷ ᠡᠷᠡᠭᠦᠦ᠎ᠶᠢᠨ ᠬᠠᠷᠢᠭᠤᠴᠠᠯᠭ᠎ᠠ ᠨᠡᠬᠡᠮᠵᠢᠯᠡᠨ᠎ᠡ᠄ (ᠭᠤᠷᠪᠠ) ᠲᠣᠣᠷ ᠬᠦᠷᠢᠶ᠎ᠡ᠂ ᠬᠥᠮᠥᠨ ᠮᠡᠯ᠎ᠤᠨ ᠢᠳᠡᠬᠦ ᠤᠰᠤᠨ᠎ᠤ ᠪᠡᠯᠡᠳᠬᠡᠮᠵᠢ ᠵᠡᠷᠭᠡ ᠨᠤᠲᠤᠭ ᠪᠡᠯᠴᠢᠭᠡᠷ᠎ᠦᠨ ᠪᠦᠲᠦᠭᠡᠨ ᠪᠠᠢᠭᠤᠯᠤᠯᠲᠠ᠎ᠶᠢᠨ ᠬᠠᠮᠠᠭᠠᠯᠠᠯᠲᠠ᠎ᠶᠢᠨ ᠪᠡᠯᠡᠳᠬᠡᠮᠵᠢ᠎ᠶᠢ ᠬᠣᠬᠢᠷᠠᠭᠤᠯᠤᠨ ᠡᠪᠳᠡᠭᠰᠡᠨ ᠪᠠᠢᠪᠠᠯ᠂ ᠵᠠᠷᠯᠢᠭ᠍ᠳᠠᠵᠤ ᠪᠠᠢᠭᠠᠳ ᠬᠤᠭᠤᠴᠠᠭ᠎ᠠ ᠲᠣᠭᠲᠠᠭᠠᠨ ᠵᠠᠰᠠᠨ ᠰᠡᠯᠪᠢᠭᠦᠯᠵᠦ᠂ ᠪᠣᠳᠠᠲᠠᠢ ᠬᠣᠬᠢᠷᠠᠯ᠎ᠤᠨ ᠭᠤᠷᠪᠠᠨ ᠲᠡᠬᠢᠠ᠎ᠠᠴᠠ ᠳᠣᠷᠣᠭ᠍ᠰᠢᠬᠢ ᠵᠣᠭᠣᠰ᠎ᠢᠶᠠᠷ ᠲᠣᠷᠭᠠᠬᠤ᠎ᠪᠠᠷ ᠨᠡᠢᠯᠡᠭᠦᠯᠦᠨ ᠰᠢᠢᠳᠬᠡᠨ᠎ᠡ᠃
ᠤᠤᠯ᠎ᠤᠨ ᠬᠡᠷᠡᠭᠵᠢᠭᠦᠯᠬᠦ ᠭᠣᠣᠯ ᠴᠣᠭᠴᠠ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ
ᠡᠷᠬᠡ ᠣᠯᠭᠣᠭᠰᠠᠨ᠎ᠤ ᠳᠠᠷᠠᠭᠠᠬᠢ ᠬᠡᠷᠡᠭᠵᠢᠭᠦᠯᠬᠦ ᠭᠣᠣᠯ ᠴᠣᠭᠴᠠ ᠥᠪᠥᠷ ᠮᠣᠩᠭᠣᠯ᠎ᠤᠨ ᠶᠡᠬᠡ ᠬᠢᠩᠭᠠᠨ ᠳᠠᠪᠠᠭᠠᠨ᠎ᠤ ᠣᠶ ᠰᠢᠭᠤᠢ᠎ᠶᠢᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ
ᠳ᠋ᠤᠭᠠᠷ 15.
ᠵᠦᠢᠯᠡᠰ᠎ᠦᠨ ᠨᠡᠷᠡᠢᠳᠦᠯ ᠵᠢᠭᠠᠰᠤᠨ ᠴᠥᠭᠥᠷᠥᠮ ᠮᠠᠯᠲᠠᠭᠰᠠᠨ᠂ ᠭᠤᠤ ᠰᠤᠪᠠᠭ ᠮᠠᠯᠲᠠᠭᠰᠠᠨ᠂ ᠬᠥᠷᠥᠰᠥ ᠤᠷᠭᠤᠮᠠᠯ᠎ᠢ ᠬᠤᠰᠤᠭᠰᠠᠨ᠂ ᠬᠦᠯᠦᠷ᠎ᠡ ᠮᠠᠯᠲᠠᠭᠰᠠᠨ ᠦᠢᠯᠡ ᠠᠵᠢᠯᠯᠠᠭ᠎ᠠ
ᠬᠡᠷᠡᠭᠵᠢᠭᠦᠯᠬᠦ ᠦᠨᠳᠦᠰᠦᠯᠡᠯ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠬᠤ ᠳᠦᠷᠢᠮ》᠎ᠤᠨ ᠭᠤᠴᠢᠨ ᠬᠣᠶᠠᠳᠤᠭᠠᠷ ᠵᠦᠢᠯ᠄ ᠲᠣᠰ ᠳᠦᠷᠢᠮ᠎ᠦᠨ ᠠᠷᠪᠠᠨ ᠲᠠᠪᠤᠳᠤᠭᠠᠷ ᠵᠦᠢᠯ᠎ᠦᠨ ᠲᠣᠭᠲᠠᠭᠠᠯ᠎ᠠᠴᠠ ᠵᠥᠷᠢᠴᠡᠵᠦ᠂ ᠳᠣᠣᠷᠠᠬᠢ ᠦᠢᠯᠡ ᠠᠵᠢᠯᠯᠠᠭ᠎ᠠ᠎ᠶᠢᠨ ᠨᠢᠭᠡ᠎ᠶᠢ ᠬᠢᠭᠰᠡᠨ ᠪᠠᠢᠪᠠᠯ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠨᠤᠲᠤᠭ ᠪᠡᠯᠴᠢᠭᠡᠷ᠎ᠦᠨ ᠬᠢᠨᠠᠯᠲᠠ ᠬᠠᠮᠢᠶᠠᠷᠤᠯᠲᠠ᠎ᠶᠢᠨ ᠪᠠᠢᠭᠤᠯᠤᠮᠵᠢ ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠶᠢ ᠨᠢ ᠵᠠᠷᠯᠢᠭ᠍ᠳᠠᠨ ᠵᠣᠭᠰᠣᠭᠠᠵᠤ᠂ ᠬᠤᠭᠤᠴᠠᠭ᠎ᠠ ᠬᠢᠵᠠᠭᠠᠷᠯᠠᠨ ᠤᠷᠭᠤᠮᠠᠯ᠎ᠤᠨ ᠬᠤᠴᠢᠯᠭ᠎ᠠ᠎ᠶᠢ ᠰᠡᠷᠭᠦᠭᠡᠯᠭᠡᠵᠦ᠂ ᠬᠠᠤᠯᠢ ᠪᠤᠰᠤ ᠡᠳ᠋ ᠪᠣᠳᠠᠰ ᠪᠠ ᠬᠠᠤᠯᠢ᠎ᠠᠴᠠ ᠵᠥᠷᠢᠴᠡᠵᠦ ᠣᠯᠣᠭᠰᠠᠨ ᠠᠰᠢᠭ᠋ ᠣᠷᠣᠯᠭ᠎ᠠ᠎ᠶᠢ ᠨᠢ ᠬᠣᠷᠢᠶᠠᠨ ᠠᠪᠬᠤ᠎ᠶᠢᠨ ᠬᠠᠮᠲᠤ᠂ ᠳᠣᠣᠷᠠᠬᠢ ᠲᠣᠭᠲᠠᠭᠠᠯ ᠶᠣᠰᠣᠭᠠᠷ ᠰᠢᠢᠳᠬᠡᠨ ᠲᠣᠷᠭᠠᠨ᠎ᠠ; ᠨᠤᠲᠤᠭ ᠪᠡᠯᠴᠢᠭᠡᠷ᠎ᠦᠨ ᠥᠮᠴᠢᠯᠡᠭᠴᠢ ᠪᠤᠶᠤ ᠬᠡᠷᠡᠭᠯᠡᠭᠴᠢ᠎ᠳᠦ ᠬᠣᠬᠢᠷᠠᠯ ᠤᠴᠠᠷᠠᠭᠤᠯᠤᠭᠰᠠᠨ ᠪᠠᠢᠪᠠᠯ᠂ ᠬᠠᠤᠯᠢ ᠶᠣᠰᠣᠭᠠᠷ ᠲᠥᠯᠥᠪᠦᠷᠢ ᠥᠭᠬᠦ ᠬᠠᠷᠢᠭᠤᠴᠠᠯᠭ᠎ᠠ ᠡᠭᠦᠷᠭᠡᠯᠡᠨ᠎ᠡ; ᠶᠠᠯᠠᠳᠤ ᠬᠦᠷᠦᠭᠰᠡᠨ ᠪᠠᠢᠪᠠᠯ᠂ ᠬᠠᠤᠯᠢ ᠶᠣᠰᠣᠭᠠᠷ ᠡᠷᠡᠭᠦᠦ᠎ᠶᠢᠨ ᠬᠠᠷᠢᠭᠤᠴᠠᠯᠭ᠎ᠠ ᠨᠡᠬᠡᠮᠵᠢᠯᠡᠨ᠎ᠡ᠄ (ᠳᠥᠷᠪᠡ) ᠵᠢᠭᠠᠰᠤᠨ ᠴᠥᠭᠥᠷᠥᠮ ᠮᠠᠯᠲᠠᠭᠰᠠᠨ᠂ ᠭᠤᠤ ᠰᠤᠪᠠᠭ ᠮᠠᠯᠲᠠᠭᠰᠠᠨ᠂ ᠬᠥᠷᠥᠰᠥ ᠤᠷᠭᠤᠮᠠᠯ ᠬᠤᠰᠤᠭᠰᠠᠨ᠂ ᠬᠦᠯᠦᠷ᠎ᠡ ᠮᠠᠯᠲᠠᠭᠰᠠᠨ ᠪᠠᠢᠪᠠᠯ᠂ ᠮᠦ᠍ ᠪᠦᠷᠢ ᠶᠢ 5000 ᠲᠥᠭᠥᠷᠢᠭ᠎ᠡᠴᠡ ᠳᠡᠭᠡᠭᠰᠢ 1 ᠲᠦᠮᠡᠨ ᠲᠥᠭᠥᠷᠢᠭ᠎ᠡᠴᠡ ᠳᠣᠷᠣᠭ᠍ᠰᠢᠬᠢ ᠵᠣᠭᠣᠰ᠎ᠢᠶᠠᠷ ᠲᠣᠷᠭᠠᠨ᠎ᠠ᠃
ᠤᠤᠯ᠎ᠤᠨ ᠬᠡᠷᠡᠭᠵᠢᠭᠦᠯᠬᠦ ᠭᠣᠣᠯ ᠴᠣᠭᠴᠠ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ
ᠡᠷᠬᠡ ᠣᠯᠭᠣᠭᠰᠠᠨ᠎ᠤ ᠳᠠᠷᠠᠭᠠᠬᠢ ᠬᠡᠷᠡᠭᠵᠢᠭᠦᠯᠬᠦ ᠭᠣᠣᠯ ᠴᠣᠭᠴᠠ ᠥᠪᠥᠷ ᠮᠣᠩᠭᠣᠯ᠎ᠤᠨ ᠶᠡᠬᠡ ᠬᠢᠩᠭᠠᠨ ᠳᠠᠪᠠᠭᠠᠨ᠎ᠤ ᠣᠶ ᠰᠢᠭᠤᠢ᠎ᠶᠢᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ
ᠳ᠋ᠤᠭᠠᠷ 16.
ᠵᠦᠢᠯᠡᠰ᠎ᠦᠨ ᠨᠡᠷᠡᠢᠳᠦᠯ ᠤᠩᠭᠤᠨ ᠪᠣᠰᠬᠠᠭᠰᠠᠨ ᠦᠢᠯᠡ ᠠᠵᠢᠯᠯᠠᠭ᠎ᠠ
ᠬᠡᠷᠡᠭᠵᠢᠭᠦᠯᠬᠦ ᠦᠨᠳᠦᠰᠦᠯᠡᠯ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠨ ᠨᠤᠲᠤᠭ ᠪᠡᠯᠴᠢᠭᠡᠷ᠎ᠢ ᠬᠠᠮᠠᠭᠠᠯᠠᠬᠤ ᠳᠦᠷᠢᠮ》᠎ᠤᠨ ᠭᠤᠴᠢᠨ ᠬᠣᠶᠠᠳᠤᠭᠠᠷ ᠵᠦᠢᠯ᠄ ᠲᠣᠰ ᠳᠦᠷᠢᠮ᠎ᠦᠨ ᠠᠷᠪᠠᠨ ᠲᠠᠪᠤᠳᠤᠭᠠᠷ ᠵᠦᠢᠯ᠎ᠦᠨ ᠲᠣᠭᠲᠠᠭᠠᠯ᠎ᠠᠴᠠ ᠵᠥᠷᠢᠴᠡᠵᠦ᠂ ᠳᠣᠣᠷᠠᠬᠢ ᠦᠢᠯᠡ ᠠᠵᠢᠯᠯᠠᠭ᠎ᠠ᠎ᠶᠢᠨ ᠨᠢᠭᠡ᠎ᠶᠢ ᠬᠢᠭᠰᠡᠨ ᠪᠠᠢᠪᠠᠯ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠨᠤᠲᠤᠭ ᠪᠡᠯᠴᠢᠭᠡᠷ᠎ᠦᠨ ᠬᠢᠨᠠᠯᠲᠠ ᠬᠠᠮᠢᠶᠠᠷᠤᠯᠲᠠ᠎ᠶᠢᠨ ᠪᠠᠢᠭᠤᠯᠤᠮᠵᠢ ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠶᠢ ᠨᠢ ᠵᠠᠷᠯᠢᠭ᠍ᠳᠠᠨ ᠵᠣᠭᠰᠣᠭᠠᠵᠤ᠂ ᠬᠤᠭᠤᠴᠠᠭ᠎ᠠ ᠬᠢᠵᠠᠭᠠᠷᠯᠠᠨ ᠤᠷᠭᠤᠮᠠᠯ᠎ᠤᠨ ᠬᠤᠴᠢᠯᠭ᠎ᠠ᠎ᠶᠢ ᠰᠡᠷᠭᠦᠭᠡᠯᠭᠡᠵᠦ᠂ ᠬᠠᠤᠯᠢ ᠪᠤᠰᠤ ᠡᠳ᠋ ᠪᠣᠳᠠᠰ ᠪᠠ ᠬᠠᠤᠯᠢ᠎ᠠᠴᠠ ᠵᠥᠷᠢᠴᠡᠵᠦ ᠣᠯᠣᠭᠰᠠᠨ ᠠᠰᠢᠭ᠋ ᠣᠷᠣᠯᠭ᠎ᠠ᠎ᠶᠢ ᠨᠢ ᠬᠣᠷᠢᠶᠠᠨ ᠠᠪᠬᠤ᠎ᠶᠢᠨ ᠬᠠᠮᠲᠤ᠂ ᠳᠣᠣᠷᠠᠬᠢ ᠲᠣᠭᠲᠠᠭᠠᠯ ᠶᠣᠰᠣᠭᠠᠷ ᠰᠢᠢᠳᠬᠡᠨ ᠲᠣᠷᠭᠠᠨ᠎ᠠ; ᠨᠤᠲᠤᠭ ᠪᠡᠯᠴᠢᠭᠡᠷ᠎ᠦᠨ ᠥᠮᠴᠢᠯᠡᠭᠴᠢ ᠪᠤᠶᠤ ᠬᠡᠷᠡᠭᠯᠡᠭᠴᠢ᠎ᠳᠦ ᠬᠣᠬᠢᠷᠠᠯ ᠤᠴᠠᠷᠠᠭᠤᠯᠤᠭᠰᠠᠨ ᠪᠠᠢᠪᠠᠯ᠂ ᠬᠠᠤᠯᠢ ᠶᠣᠰᠣᠭᠠᠷ ᠲᠥᠯᠥᠪᠦᠷᠢ ᠥᠭᠬᠦ ᠬᠠᠷᠢᠭᠤᠴᠠᠯᠭ᠎ᠠ ᠡᠭᠦᠷᠭᠡᠯᠡᠨ᠎ᠡ; ᠶᠠᠯᠠᠳᠤ ᠬᠦᠷᠦᠭᠰᠡᠨ ᠪᠠᠢᠪᠠᠯ᠂ ᠬᠠᠤᠯᠢ ᠶᠣᠰᠣᠭᠠᠷ ᠡᠷᠡᠭᠦᠦ᠎ᠶᠢᠨ ᠬᠠᠷᠢᠭᠤᠴᠠᠯᠭ᠎ᠠ ᠨᠡᠬᠡᠮᠵᠢᠯᠡᠨ᠎ᠡ᠄ (ᠲᠠᠪᠤ) ᠣᠩᠭᠣᠨ ᠪᠣᠰᠬᠠᠭᠰᠠᠨ ᠪᠠᠢᠪᠠᠯ᠂ ᠵᠠᠷᠯᠢᠭ᠍ᠳᠠᠵᠤ ᠪᠠᠢᠭᠠᠳ ᠬᠤᠭᠤᠴᠠᠭ᠎ᠠ ᠬᠢᠵᠠᠭᠠᠷᠯᠠᠨ ᠨᠡᠭᠦᠯᠭᠡᠬᠦ᠎ᠶᠢᠨ ᠬᠠᠮᠲᠤ 1000 ᠲᠥᠭᠥᠷᠢᠭ᠎ᠡᠴᠡ ᠳᠡᠭᠡᠭᠰᠢ 2000 ᠲᠥᠭᠥᠷᠢᠭ᠎ᠡᠴᠡ ᠳᠣᠷᠣᠭ᠍ᠰᠢᠬᠢ ᠵᠣᠭᠣᠰ᠎ᠢᠶᠠᠷ ᠲᠣᠷᠭᠠᠨ᠎ᠠ᠃
ᠤᠤᠯ᠎ᠤᠨ ᠬᠡᠷᠡᠭᠵᠢᠭᠦᠯᠬᠦ ᠭᠣᠣᠯ ᠴᠣᠭᠴᠠ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠣᠶ ᠰᠢᠭᠤᠢ ᠨᠤᠲᠤᠭ ᠪᠠ ᠪᠡᠯᠴᠢᠭᠡᠷ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ
ᠡᠷᠬᠡ ᠣᠯᠭᠣᠭᠰᠠᠨ᠎ᠤ ᠳᠠᠷᠠᠭᠠᠬᠢ ᠬᠡᠷᠡᠭᠵᠢᠭᠦᠯᠬᠦ ᠭᠣᠣᠯ ᠴᠣᠭᠴᠠ ᠥᠪᠥᠷ ᠮᠣᠩᠭᠣᠯ᠎ᠤᠨ ᠶᠡᠬᠡ ᠬᠢᠩᠭᠠᠨ ᠳᠠᠪᠠᠭᠠᠨ᠎ᠤ ᠣᠶ ᠰᠢᠭᠤᠢ᠎ᠶᠢᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ
ᠳ᠋ᠤᠭᠠᠷ 17.
ᠵᠦᠢᠯᠡᠰ᠎ᠦᠨ ᠨᠡᠷᠡᠢᠳᠦᠯ ᠳᠤᠷ᠎ᠠ᠎ᠪᠠᠷ ᠬᠤᠳᠳᠤᠭ ᠥᠷᠥᠮᠳᠡᠵᠦ ᠠᠵᠤ ᠦᠢᠯᠡᠳᠪᠦᠷᠢ᠎ᠳᠦ ᠬᠡᠷᠡᠭᠯᠡᠬᠦ ᠤᠰᠤ ᠭᠠᠷᠭᠠᠨ ᠠᠪᠤᠭᠰᠠᠨ᠂ ᠦᠨᠳᠦᠰᠦᠨ ᠨᠤᠲᠤᠭ ᠪᠡᠯᠴᠢᠭᠡᠷ᠎ᠲᠦ ᠬᠠᠲᠠᠭᠤ ᠪᠡᠶᠡᠲᠦ᠂ ᠰᠢᠩᠭᠡᠨ ᠪᠡᠶᠡᠲᠦ᠂ ᠬᠡᠢ ᠪᠡᠶᠡᠲᠦ ᠬᠠᠶᠠᠭᠳᠠᠮᠠᠯ ᠪᠣᠳᠠᠰ ᠪᠠ ᠠᠮᠢᠳᠤᠷᠠᠯ᠎ᠤᠨ ᠬᠣᠭ ᠨᠣᠪᠰᠢ ᠴᠢᠳᠬᠤᠵᠤ ᠭᠠᠳᠠᠭᠰᠢᠯᠠᠭᠤᠯᠤᠭᠰᠠᠨ ᠵᠢᠴᠢ ᠣᠷᠴᠢᠨ ᠲᠣᠭᠣᠷᠢᠨ᠎ᠳᠤ ᠳᠠᠭᠤ ᠱᠤᠤᠭᠢᠶᠠᠨ᠎ᠤ ᠪᠣᠬᠢᠷᠲᠤᠯ᠂ ᠲᠣᠭᠣᠰᠣ᠌ ᠰᠢᠷᠣᠢ᠎ᠶᠢᠨ ᠪᠣᠬᠢᠷᠲᠤᠯ᠂ ᠰᠠᠴᠤᠷᠠᠮᠠᠬᠠᠢ ᠴᠢᠨᠠᠷ᠎ᠲᠤ ᠪᠣᠬᠢᠷᠲᠤᠯ᠂ ᠴᠠᠬᠢᠯᠭᠠᠨ ᠰᠣᠷᠢᠨᠵᠢᠨ ᠳᠣᠯᠭᠢᠶᠠᠨ᠎ᠤ ᠰᠠᠴᠤᠷᠠᠭ᠎ᠤᠨ ᠪᠣᠬᠢᠷᠲᠤᠯ ᠡᠭᠦᠰᠬᠡᠭᠰᠡᠨ ᠦᠢᠯᠡ ᠠᠵᠢᠯᠯᠠᠭ᠎ᠠ
ᠬᠡᠷᠡᠭᠵᠢᠭᠦᠯᠬᠦ ᠦᠨᠳᠦᠰᠦᠯᠡᠯ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠨ ᠨᠤᠲᠤᠭ ᠪᠡᠯᠴᠢᠭᠡᠷ᠎ᠢ ᠬᠠᠮᠠᠭᠠᠯᠠᠬᠤ ᠳᠦᠷᠢᠮ》᠎ᠤᠨ ᠭᠤᠴᠢᠨ ᠭᠤᠷᠪᠠᠳᠤᠭᠠᠷ ᠵᠦᠢᠯ᠄ ᠲᠤᠰ ᠳᠦᠷᠢᠮ᠎ᠦᠨ ᠠᠷᠪᠠᠨ ᠲᠠᠪᠤᠳᠤᠭᠠᠷ ᠵᠦᠢᠯ᠎ᠦᠨ ᠳᠥᠷᠪᠡᠳᠦᠭᠡᠷ ᠵᠤᠷᠪᠤᠰ᠂ ᠳᠣᠯᠣᠳᠤᠭᠠᠷ ᠵᠤᠷᠪᠤᠰ᠎ᠤᠨ ᠲᠣᠭᠲᠠᠭᠠᠯ᠎ᠢ ᠵᠥᠷᠢᠴᠡᠵᠦ᠂ ᠳᠤᠷ᠎ᠠ᠎ᠪᠠᠷ ᠬᠤᠳᠳᠤᠭ ᠥᠷᠥᠮᠳᠡᠵᠦ ᠠᠵᠤ ᠦᠢᠯᠡᠳᠪᠦᠷᠢ᠎ᠳᠦ ᠬᠡᠷᠡᠭᠯᠡᠬᠦ ᠤᠰᠤ ᠭᠠᠷᠭᠠᠨ ᠠᠪᠤᠭᠰᠠᠨ᠂ ᠦᠨᠳᠦᠰᠦᠨ ᠨᠤᠲᠤᠭ ᠪᠡᠯᠴᠢᠭᠡᠷ᠎ᠲᠦ ᠬᠠᠲᠠᠭᠤ ᠪᠡᠶᠡᠲᠦ᠂ ᠰᠢᠩᠭᠡᠨ ᠪᠡᠶᠡᠲᠦ᠂ ᠬᠡᠢ ᠪᠡᠶᠡᠲᠦ ᠬᠠᠶᠠᠭᠳᠠᠮᠠᠯ ᠪᠣᠳᠠᠰ ᠪᠠ ᠠᠮᠢᠳᠤᠷᠠᠯ᠎ᠤᠨ ᠬᠣᠭ ᠨᠣᠪᠰᠢ᠎ᠶᠢ ᠴᠢᠳᠬᠤᠵᠤ ᠭᠠᠳᠠᠭᠰᠢᠯᠠᠭᠤᠯᠤᠭᠰᠠᠨ ᠵᠢᠴᠢ ᠣᠷᠴᠢᠨ ᠲᠣᠭᠣᠷᠢᠨ᠎ᠳᠤ ᠳᠠᠭᠤ ᠱᠤᠤᠭᠢᠶᠠᠨ᠎ᠤ ᠪᠣᠬᠢᠷᠲᠤᠯ᠂ ᠲᠣᠭᠣᠰᠣ᠌ ᠰᠢᠷᠣᠢ᠎ᠶᠢᠨ ᠪᠣᠬᠢᠷᠲᠤᠯ᠂ ᠰᠠᠴᠤᠷᠠᠮᠠᠬᠠᠢ ᠴᠢᠨᠠᠷ᠎ᠲᠤ ᠪᠣᠬᠢᠷᠲᠤᠯ᠂ ᠴᠠᠬᠢᠯᠭᠠᠨ ᠰᠣᠷᠢᠨᠵᠢᠨ ᠳᠣᠯᠭᠢᠶᠠᠨ᠎ᠤ ᠰᠠᠴᠤᠷᠠᠭ᠎ᠤᠨ ᠪᠣᠬᠢᠷᠲᠤᠯ ᠡᠭᠦᠰᠬᠡᠭᠰᠡᠨ ᠪᠠᠢᠪᠠᠯ᠂ ᠨᠤᠲᠤᠭ ᠪᠡᠯᠴᠢᠭᠡᠷ᠎ᠦᠨ ᠬᠢᠨᠠᠯᠲᠠ ᠬᠠᠮᠢᠶᠠᠷᠤᠯᠲᠠ᠎ᠶᠢᠨ ᠪᠠᠢᠭᠤᠯᠤᠮᠵᠢ ᠬᠣᠯᠪᠣᠭᠳᠠᠯ ᠪᠦᠬᠦᠢ ᠰᠠᠯᠠᠭ᠎ᠠ ᠮᠥᠴᠢᠷ ᠯᠦ᠍ᠭᠡ ᠬᠠᠮᠵᠢᠯᠴᠠᠨ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠎ᠤᠨ ᠲᠣᠭᠲᠠᠭᠠᠯ ᠶᠣᠰᠣᠭᠠᠷ ᠰᠢᠢᠳᠬᠡᠨ ᠲᠣᠷᠭᠠᠨ᠎ᠠ; ᠨᠤᠲᠤᠭ ᠪᠡᠯᠴᠢᠭᠡᠷ᠎ᠦᠨ ᠥᠮᠴᠢᠯᠡᠭᠴᠢ ᠪᠤᠶᠤ ᠬᠡᠷᠡᠭᠯᠡᠭᠴᠢ᠎ᠳᠦ ᠬᠣᠬᠢᠷᠠᠯ ᠤᠴᠠᠷᠠᠭᠤᠯᠤᠭᠰᠠᠨ ᠪᠠᠢᠪᠠᠯ᠂ ᠬᠠᠤᠯᠢ ᠶᠣᠰᠣᠭᠠᠷ ᠲᠥᠯᠥᠪᠦᠷᠢ ᠥᠭᠬᠦ ᠬᠠᠷᠢᠭᠤᠴᠠᠯᠭ᠎ᠠ ᠡᠭᠦᠷᠭᠡᠯᠡᠨ᠎ᠡ᠃
ᠤᠤᠯ᠎ᠤᠨ ᠬᠡᠷᠡᠭᠵᠢᠭᠦᠯᠬᠦ ᠭᠣᠣᠯ ᠴᠣᠭᠴᠠ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ
ᠡᠷᠬᠡ ᠣᠯᠭᠣᠭᠰᠠᠨ᠎ᠤ ᠳᠠᠷᠠᠭᠠᠬᠢ ᠬᠡᠷᠡᠭᠵᠢᠭᠦᠯᠬᠦ ᠭᠣᠣᠯ ᠴᠣᠭᠴᠠ ᠥᠪᠥᠷ ᠮᠣᠩᠭᠣᠯ᠎ᠤᠨ ᠶᠡᠬᠡ ᠬᠢᠩᠭᠠᠨ ᠳᠠᠪᠠᠭᠠᠨ᠎ᠤ ᠣᠶ ᠰᠢᠭᠤᠢ᠎ᠶᠢᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ
ᠳ᠋ᠤᠭᠠᠷ 18.
ᠵᠦᠢᠯᠡᠰ᠎ᠦᠨ ᠨᠡᠷᠡᠢᠳᠦᠯ ᠵᠥᠪᠰᠢᠶᠡᠷᠡᠯ ᠣᠯᠣᠭᠰᠠᠨ ᠦᠭᠡᠢ ᠪᠤᠶᠤ ᠮᠡᠬᠡᠯᠡᠬᠦ ᠠᠷᠭ᠎ᠠ ᠪᠠᠷᠢᠯ᠎ᠢᠶᠠᠷ ᠵᠥᠪᠰᠢᠶᠡᠷᠡᠯ ᠣᠯᠵᠤ᠂ ᠦᠨᠳᠦᠰᠦᠨ ᠨᠤᠲᠤᠭ ᠪᠡᠯᠴᠢᠭᠡᠷ᠎ᠢ ᠬᠠᠤᠯᠢ ᠪᠤᠰᠤ᠎ᠪᠠᠷ ᠬᠡᠷᠡᠭᠯᠡᠭᠰᠡᠨ ᠦᠢᠯᠡ ᠠᠵᠢᠯᠯᠠᠭ᠎ᠠ
ᠬᠡᠷᠡᠭᠵᠢᠭᠦᠯᠬᠦ ᠦᠨᠳᠦᠰᠦᠯᠡᠯ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠨ ᠨᠤᠲᠤᠭ ᠪᠡᠯᠴᠢᠭᠡᠷ᠎ᠢ ᠬᠠᠮᠠᠭᠠᠯᠠᠬᠤ ᠳᠦᠷᠢᠮ》᠎ᠤᠨ ᠭᠤᠴᠢᠨ ᠵᠢᠷᠭᠤᠳᠤᠭᠠᠷ ᠵᠦᠢᠯ᠄ ᠲᠤᠰ ᠳᠦᠷᠢᠮ᠎ᠦᠨ ᠲᠣᠭᠲᠠᠭᠠᠯ᠎ᠠᠴᠠ ᠵᠥᠷᠢᠴᠡᠵᠦ᠂ ᠵᠥᠪᠰᠢᠶᠡᠷᠡᠯ ᠣᠯᠣᠭᠰᠠᠨ ᠦᠭᠡᠢ ᠪᠤᠶᠤ ᠮᠡᠬᠡᠯᠡᠬᠦ ᠠᠷᠭ᠎ᠠ ᠪᠠᠷᠢᠯ᠎ᠢᠶᠠᠷ ᠵᠥᠪᠰᠢᠶᠡᠷᠡᠯ ᠣᠯᠵᠤ᠂ ᠦᠨᠳᠦᠰᠦᠨ ᠨᠤᠲᠤᠭ ᠪᠡᠯᠴᠢᠭᠡᠷ᠎ᠢ ᠬᠠᠤᠯᠢ ᠪᠤᠰᠤ᠎ᠪᠠᠷ ᠬᠡᠷᠡᠭᠯᠡᠭᠰᠡᠨ ᠪᠠᠢᠪᠠᠯ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠨᠤᠲᠤᠭ ᠪᠡᠯᠴᠢᠭᠡᠷ᠎ᠤᠨ ᠬᠢᠨᠠᠯᠲᠠ ᠬᠠᠮᠢᠶᠠᠷᠤᠯᠲᠠ᠎ᠶᠢᠨ ᠪᠠᠢᠭᠤᠯᠤᠮᠵᠢ ᠬᠠᠤᠯᠢ ᠪᠤᠰᠤ᠎ᠪᠠᠷ ᠬᠡᠷᠡᠭᠯᠡᠭᠰᠡᠨ ᠦᠨᠳᠦᠰᠦᠨ ᠨᠤᠲᠤᠭ ᠪᠡᠯᠴᠢᠭᠡᠷ᠎ᠢ ᠵᠠᠷᠯᠢᠭ᠍ᠳᠠᠨ ᠪᠤᠴᠠᠭᠠᠯᠭᠠᠵᠤ᠂ ᠬᠠᠤᠯᠢ ᠪᠤᠰᠤ᠎ᠪᠠᠷ ᠬᠡᠷᠡᠭᠯᠡᠭᠰᠡᠨ ᠦᠨᠳᠦᠰᠦᠨ ᠨᠤᠲᠤᠭ ᠪᠡᠯᠴᠢᠭᠡᠷ ᠳᠡᠭᠡᠷ᠎ᠡ ᠰᠢᠨ᠎ᠡ᠎ᠪᠡᠷ ᠪᠠᠢᠭᠤᠯᠤᠭᠰᠠᠨ ᠭᠡᠷ ᠪᠠᠷᠢᠯᠭ᠎ᠠ ᠪᠠ ᠪᠤᠰᠤᠳ ᠪᠡᠯᠡᠳᠬᠡᠮᠵᠢ᠎ᠶᠢ ᠬᠤᠭᠤᠴᠠᠭ᠎ᠠ ᠲᠣᠭᠲᠠᠭᠠᠨ ᠨᠤᠷᠠᠭᠠᠯᠭᠠᠵᠤ᠂ ᠨᠤᠲᠤᠭ ᠪᠡᠯᠴᠢᠭᠡᠷ᠎ᠦᠨ ᠤᠷᠭᠤᠮᠠᠯ᠎ᠤᠨ ᠬᠤᠴᠢᠯᠭ᠎ᠠ᠎ᠶᠢ ᠰᠡᠷᠭᠦᠭᠡᠯᠭᠡᠬᠦ᠎ᠶᠢᠨ ᠬᠠᠮᠲᠤ ᠲᠤᠰ ᠦᠨᠳᠦᠰᠦᠨ ᠨᠤᠲᠤᠭ ᠪᠡᠯᠴᠢᠭᠡᠷ᠎ᠢ ᠬᠠᠤᠯᠢ ᠪᠤᠰᠤ᠎ᠪᠠᠷ ᠬᠡᠷᠡᠭᠯᠡᠬᠦ᠎ᠡᠴᠡ ᠡᠮᠦᠨᠡᠬᠢ ᠭᠤᠷᠪᠠᠨ ᠵᠢᠯ᠎ᠦᠨ ᠳᠤᠮᠳᠠᠴᠢ ᠦᠢᠯᠡᠳᠬᠦᠨ᠎ᠦ ᠦᠷᠲᠡᠭ᠎ᠦᠨ ᠶᠢᠰᠦᠨ ᠳᠠᠬᠢᠨ᠎ᠠᠴᠠ ᠳᠡᠭᠡᠭᠰᠢ ᠠᠷᠪᠠᠨ ᠬᠣᠶᠠᠷ ᠳᠠᠬᠢᠨ᠎ᠠᠴᠠ ᠳᠣᠷᠣᠭ᠍ᠰᠢᠬᠢ ᠵᠣᠭᠣᠰ᠎ᠢᠶᠠᠷ ᠲᠣᠷᠭᠠᠬᠤ᠎ᠪᠠᠷ ᠰᠢᠢᠳᠬᠡᠨ᠎ᠡ; ᠶᠠᠯᠠᠳᠤ ᠬᠦᠷᠦᠭᠰᠡᠨ ᠪᠠᠢᠪᠠᠯ ᠬᠠᠤᠯᠢ ᠶᠣᠰᠣᠭᠠᠷ ᠡᠷᠡᠭᠦᠦ᠎ᠶᠢᠨ ᠬᠠᠷᠢᠭᠤᠴᠠᠯᠭ᠎ᠠ ᠨᠡᠬᠡᠮᠵᠢᠯᠡᠨ᠎ᠡ᠃
ᠤᠤᠯ᠎ᠤᠨ ᠬᠡᠷᠡᠭᠵᠢᠭᠦᠯᠬᠦ ᠭᠣᠣᠯ ᠴᠣᠭᠴᠠ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ
ᠡᠷᠬᠡ ᠣᠯᠭᠣᠭᠰᠠᠨ᠎ᠤ ᠳᠠᠷᠠᠭᠠᠬᠢ ᠬᠡᠷᠡᠭᠵᠢᠭᠦᠯᠬᠦ ᠭᠣᠣᠯ ᠴᠣᠭᠴᠠ ᠥᠪᠥᠷ ᠮᠣᠩᠭᠣᠯ᠎ᠤᠨ ᠶᠡᠬᠡ ᠬᠢᠩᠭᠠᠨ ᠳᠠᠪᠠᠭᠠᠨ᠎ᠤ ᠣᠶ ᠰᠢᠭᠤᠢ᠎ᠶᠢᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ
ᠳ᠋ᠤᠭᠠᠷ 19.
ᠵᠦᠢᠯᠡᠰ᠎ᠦᠨ ᠨᠡᠷᠡᠢᠳᠦᠯ ᠲᠦᠷ ᠴᠠᠭ ᠡᠵᠡᠯᠡᠨ ᠬᠡᠷᠡᠭᠯᠡᠭᠰᠡᠨ ᠦᠨᠳᠦᠰᠦᠨ ᠨᠤᠲᠤᠭ ᠪᠡᠯᠴᠢᠭᠡᠷ ᠳᠡᠭᠡᠷ᠎ᠡ ᠡᠭᠦᠷᠢᠳᠡ᠎ᠶᠢᠨ ᠴᠢᠨᠠᠷᠲᠠᠢ ᠭᠡᠷ ᠪᠠᠷᠢᠯᠭ᠎ᠠ᠂ ᠪᠠᠷᠢᠯᠭ᠎ᠠ᠎ᠶᠢᠨ ᠵᠦᠢᠯ ᠪᠠᠢᠭᠤᠯᠤᠭᠰᠠᠨ ᠪᠤᠶᠤ ᠲᠦᠷ ᠴᠠᠭ ᠡᠵᠡᠯᠡᠨ ᠬᠡᠷᠡᠭᠯᠡᠬᠦ ᠬᠤᠭᠤᠴᠠᠭ᠎ᠠ ᠨᠢ ᠳᠦᠭᠦᠷᠦᠭᠰᠡᠨ ᠪᠠᠢᠲᠠᠯ᠎ᠠ ᠲᠦᠷ ᠴᠠᠭ᠎ᠤᠨ ᠭᠡᠷ ᠪᠠᠷᠢᠯᠭ᠎ᠠ᠂ ᠪᠠᠷᠢᠯᠭ᠎ᠠ᠎ᠶᠢᠨ ᠵᠦᠢᠯ᠎ᠢᠶᠠᠨ ᠨᠤᠷᠠᠭᠠᠭᠰᠠᠨ ᠦᠭᠡᠢ ᠦᠢᠯᠡ ᠠᠵᠢᠯᠯᠠᠭ᠎ᠠ
ᠬᠡᠷᠡᠭᠵᠢᠭᠦᠯᠬᠦ ᠦᠨᠳᠦᠰᠦᠯᠡᠯ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠨ ᠨᠤᠲᠤᠭ ᠪᠡᠯᠴᠢᠭᠡᠷ᠎ᠢ ᠬᠠᠮᠠᠭᠠᠯᠠᠬᠤ ᠳᠦᠷᠢᠮ》᠎ᠤᠨ ᠭᠤᠴᠢᠨ ᠳᠣᠯᠣᠳᠤᠭᠠᠷ ᠵᠦᠢᠯ᠄ ᠲᠣᠰ ᠳᠦᠷᠢᠮ᠎ᠦᠨ ᠠᠷᠪᠠ ᠶᠢᠰᠦᠳᠦᠭᠡᠷ ᠵᠦᠢᠯ᠎ᠦᠨ ᠬᠣᠶᠠᠳᠤᠭᠠᠷ ᠵᠤᠷᠪᠤᠰ᠎ᠤᠨ ᠲᠣᠭᠲᠠᠭᠠᠯ᠎ᠢ ᠵᠥᠷᠢᠴᠡᠵᠦ᠂ ᠲᠦᠷ ᠴᠠᠭ ᠡᠵᠡᠯᠡᠨ ᠬᠡᠷᠡᠭᠯᠡᠭᠰᠡᠨ ᠦᠨᠳᠦᠰᠦᠨ ᠨᠤᠲᠤᠭ ᠪᠡᠯᠴᠢᠭᠡᠷ ᠳᠡᠭᠡᠷ᠎ᠡ ᠡᠭᠦᠷᠢᠳᠡ᠎ᠶᠢᠨ ᠴᠢᠨᠠᠷᠲᠠᠢ ᠭᠡᠷ ᠪᠠᠷᠢᠯᠭ᠎ᠠ᠂ ᠪᠠᠷᠢᠯᠭ᠎ᠠ᠎ᠶᠢᠨ ᠵᠦᠢᠯ ᠪᠠᠢᠭᠤᠯᠤᠭᠰᠠᠨ ᠪᠤᠶᠤ ᠲᠦᠷ ᠴᠠᠭ ᠡᠵᠡᠯᠡᠨ ᠬᠡᠷᠡᠭᠯᠡᠭᠰᠡᠨ ᠬᠤᠭᠤᠴᠠᠭ᠎ᠠ ᠨᠢ ᠳᠦᠭᠦᠷᠦᠭᠰᠡᠨ ᠪᠠᠢᠲᠠᠯ᠎ᠠ ᠲᠦᠷ ᠴᠠᠭ᠎ᠤᠨ ᠭᠡᠷ ᠪᠠᠷᠢᠯᠭ᠎ᠠ᠂ ᠪᠠᠷᠢᠯᠭ᠎ᠠ᠎ᠶᠢᠨ ᠵᠦᠢᠯ᠎ᠢᠶᠡᠨ ᠨᠤᠷᠠᠭᠠᠭᠰᠠᠨ ᠦᠭᠡᠢ ᠪᠠᠢᠪᠠᠯ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠨᠤᠲᠤᠭ ᠪᠡᠯᠴᠢᠭᠡᠷ᠎ᠦᠨ ᠬᠢᠨᠠᠯᠲᠠ ᠬᠠᠮᠢᠶᠠᠷᠤᠯᠲᠠ᠎ᠶᠢᠨ ᠪᠠᠢᠭᠤᠯᠤᠮᠵᠢ ᠵᠠᠷᠯᠢᠭ᠍ᠳᠠᠵᠤ ᠪᠠᠢᠭᠠᠳ ᠬᠤᠭᠤᠴᠠᠭ᠎ᠠ ᠬᠢᠵᠠᠭᠠᠷᠯᠠᠨ ᠨᠤᠷᠠᠭᠠᠯᠭᠠᠨ᠎ᠠ; ᠬᠤᠭᠤᠴᠠᠭ᠎ᠠ ᠬᠡᠲᠦᠷᠡᠲᠡᠯ᠎ᠡ ᠨᠤᠷᠠᠭᠠᠭᠰᠠᠨ ᠦᠭᠡᠢ ᠪᠠᠢᠪᠠᠯ᠂ ᠬᠠᠤᠯᠢ ᠶᠣᠰᠣᠭᠠᠷ ᠠᠯᠪᠠᠳᠠᠨ ᠨᠤᠷᠠᠭᠠᠯᠭᠠᠨ᠎ᠠ᠂ ᠬᠡᠷᠡᠭᠰᠡᠬᠦ ᠵᠠᠷᠤᠳᠠᠯ᠎ᠢ ᠬᠠᠤᠯᠢ᠎ᠠᠴᠠ ᠵᠥᠷᠢᠴᠡᠭᠰᠡᠳ ᠡᠭᠦᠷᠭᠡᠯᠡᠨ᠎ᠡ᠃
ᠤᠤᠯ᠎ᠤᠨ ᠬᠡᠷᠡᠭᠵᠢᠭᠦᠯᠬᠦ ᠭᠣᠣᠯ ᠴᠣᠭᠴᠠ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ
ᠡᠷᠬᠡ ᠣᠯᠭᠣᠭᠰᠠᠨ᠎ᠤ ᠳᠠᠷᠠᠭᠠᠬᠢ ᠬᠡᠷᠡᠭᠵᠢᠭᠦᠯᠬᠦ ᠭᠣᠣᠯ ᠴᠣᠭᠴᠠ ᠥᠪᠥᠷ ᠮᠣᠩᠭᠣᠯ᠎ᠤᠨ ᠶᠡᠬᠡ ᠬᠢᠩᠭᠠᠨ ᠳᠠᠪᠠᠭᠠᠨ᠎ᠤ ᠣᠶ ᠰᠢᠭᠤᠢ᠎ᠶᠢᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ
ᠳ᠋ᠤᠭᠠᠷ 20.
ᠵᠦᠢᠯᠡᠰ᠎ᠦᠨ ᠨᠡᠷᠡᠢᠳᠦᠯ ᠲᠡᠵᠢᠭᠡᠯ ᠡᠪᠡᠰᠦ ᠪᠣᠷᠳᠣᠭᠠᠨ᠎ᠤ ᠰᠠᠭᠤᠷᠢᠨ ᠭᠠᠵᠠᠷ᠎ᠤᠨ ᠪᠦᠲᠦᠭᠡᠨ ᠪᠠᠢᠭᠤᠯᠤᠯᠲᠠ ᠨᠢ ᠦᠨᠳᠦᠰᠦᠨ ᠨᠤᠲᠤᠭ ᠪᠡᠯᠴᠢᠭᠡᠷ᠎ᠦᠨ ᠲᠥᠯᠦᠪᠵᠢᠭᠦᠯᠭᠡ᠎ᠳᠦ ᠦᠯᠦ ᠨᠡᠢᠴᠡᠭᠰᠡᠨ ᠪᠤᠶᠤ ᠲᠡᠵᠢᠭᠡᠯ ᠡᠪᠡᠰᠦ ᠪᠣᠷᠳᠣᠭᠠᠨ᠎ᠤ ᠲᠠᠷᠢᠮᠠᠯ᠎ᠤᠨ ᠲᠦᠷᠦᠯ ᠨᠢ ᠲᠣᠭᠲᠠᠭᠠᠯ᠎ᠳᠤ ᠦᠯᠦ ᠨᠡᠢᠴᠡᠭᠰᠡᠨ ᠦᠢᠯᠡ ᠠᠵᠢᠯᠯᠠᠭ᠎ᠠ
ᠬᠡᠷᠡᠭᠵᠢᠭᠦᠯᠬᠦ ᠦᠨᠳᠦᠰᠦᠯᠡᠯ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠨ ᠨᠤᠲᠤᠭ ᠪᠡᠯᠴᠢᠭᠡᠷ᠎ᠢ ᠬᠠᠮᠠᠭᠠᠯᠠᠬᠤ ᠳᠦᠷᠢᠮ》᠎ᠤᠨ ᠭᠤᠴᠢ ᠶᠢᠰᠦᠳᠦᠭᠡᠷ ᠵᠦᠢᠯ᠄ ᠲᠣᠰ ᠳᠦᠷᠢᠮ᠎ᠦᠨ ᠬᠣᠷᠢᠨ ᠭᠤᠷᠪᠠᠳᠤᠭᠠᠷ ᠵᠦᠢᠯ᠎ᠦᠨ ᠲᠣᠭᠲᠠᠭᠠᠯ᠎ᠢ ᠵᠥᠷᠢᠴᠡᠵᠦ᠂ ᠲᠡᠵᠢᠭᠡᠯ ᠡᠪᠡᠰᠦ ᠪᠣᠷᠳᠣᠭᠠᠨ᠎ᠤ ᠰᠠᠭᠤᠷᠢᠨ ᠭᠠᠵᠠᠷ᠎ᠤᠨ ᠪᠦᠲᠦᠭᠡᠨ ᠪᠠᠢᠭᠤᠯᠤᠯᠲᠠ ᠨᠢ ᠦᠨᠳᠦᠰᠦᠨ ᠨᠤᠲᠤᠭ ᠪᠡᠯᠴᠢᠭᠡᠷ᠎ᠦᠨ ᠲᠥᠯᠦᠪᠵᠢᠭᠦᠯᠭᠡ᠎ᠳᠦ ᠦᠯᠦ ᠨᠡᠢᠴᠡᠭᠰᠡᠨ ᠪᠤᠶᠤ ᠲᠡᠵᠢᠭᠡᠯ ᠡᠪᠡᠰᠦ ᠪᠣᠷᠳᠣᠭᠠᠨ᠎ᠤ ᠲᠠᠷᠢᠮᠠᠯ᠎ᠤᠨ ᠲᠥᠷᠥᠯ ᠨᠢ ᠲᠣᠭᠲᠠᠭᠠᠯ᠎ᠳᠤ ᠦᠯᠦ ᠨᠡᠢᠴᠡᠭᠰᠡᠨ ᠪᠠᠢᠪᠠᠯ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠨᠤᠲᠤᠭ ᠪᠡᠯᠴᠢᠭᠡᠷ᠎ᠦᠨ ᠬᠢᠨᠠᠯᠲᠠ ᠬᠠᠮᠢᠶᠠᠷᠤᠯᠲᠠ᠎ᠶᠢᠨ ᠪᠠᠢᠭᠤᠯᠤᠮᠵᠢ ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠶᠢ ᠨᠢ ᠵᠠᠷᠯᠢᠭ᠍ᠳᠠᠨ ᠵᠣᠭᠰᠣᠭᠠᠵᠤ᠂ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠨ᠎ᠠ; ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠢᠪᠠᠯ᠂ ᠮᠦ᠍ ᠪᠦᠷᠢ᠎ᠶᠢ 200 ᠲᠥᠭᠥᠷᠢᠭ᠎ᠡᠴᠡ ᠳᠡᠭᠡᠭᠰᠢ 500 ᠲᠥᠭᠥᠷᠢᠭ᠎ᠡᠴᠡ ᠳᠣᠷᠣᠭ᠍ᠰᠢᠬᠢ ᠵᠣᠭᠣᠰ᠎ᠢᠶᠠᠷ ᠲᠣᠷᠭᠠᠨ᠎ᠠ᠃
ᠤᠤᠯ᠎ᠤᠨ ᠬᠡᠷᠡᠭᠵᠢᠭᠦᠯᠬᠦ ᠭᠣᠣᠯ ᠴᠣᠭᠴᠠ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ
ᠡᠷᠬᠡ ᠣᠯᠭᠣᠭᠰᠠᠨ᠎ᠤ ᠳᠠᠷᠠᠭᠠᠬᠢ ᠬᠡᠷᠡᠭᠵᠢᠭᠦᠯᠬᠦ ᠭᠣᠣᠯ ᠴᠣᠭᠴᠠ ᠥᠪᠥᠷ ᠮᠣᠩᠭᠣᠯ᠎ᠤᠨ ᠶᠡᠬᠡ ᠬᠢᠩᠭᠠᠨ ᠳᠠᠪᠠᠭᠠᠨ᠎ᠤ ᠣᠶ ᠰᠢᠭᠤᠢ᠎ᠶᠢᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ
ᠳ᠋ᠤᠭᠠᠷ 21.
ᠵᠦᠢᠯᠡᠰ᠎ᠦᠨ ᠨᠡᠷᠡᠢᠳᠦᠯ ᠨᠤᠲᠤᠭ ᠪᠡᠯᠴᠢᠭᠡᠷ᠎ᠦᠨ ᠬᠡᠭᠡᠷ᠎ᠡ᠎ᠶᠢᠨ ᠤᠷᠭᠤᠮᠠᠯ ᠲᠡᠭᠦᠬᠦ᠂ ᠬᠤᠳᠠᠯᠳᠤᠨ ᠠᠪᠬᠤ ᠵᠥᠪᠰᠢᠶᠡᠷᠡᠯ᠎ᠦᠨ ᠦᠨᠡᠮᠯᠡᠯ ᠣᠯᠣᠭᠰᠠᠨ ᠦᠭᠡᠢ ᠪᠤᠶᠤ ᠲᠡᠭᠦᠬᠦ᠂ ᠬᠤᠳᠠᠯᠳᠤᠨ ᠠᠪᠬᠤ ᠵᠥᠪᠰᠢᠶᠡᠷᠡᠯ᠎ᠦᠨ ᠦᠨᠡᠮᠯᠡᠯ᠎ᠦᠨ ᠲᠣᠭᠲᠠᠭᠠᠯ᠎ᠢ ᠦᠯᠦ ᠵᠢᠷᠤᠮᠯᠠᠨ ᠨᠤᠲᠤᠭ ᠪᠡᠯᠴᠢᠭᠡᠷ᠎ᠦᠨ ᠬᠡᠭᠡᠷ᠎ᠡ᠎ᠶᠢᠨ ᠤᠷᠭᠤᠮᠠᠯ᠎ᠢ ᠲᠡᠭᠦᠭᠰᠡᠨ᠂ ᠬᠤᠳᠠᠯᠳᠤᠨ ᠠᠪᠤᠭᠰᠠᠨ ᠦᠢᠯᠡ ᠠᠵᠢᠯᠯᠠᠭ᠎ᠠ
ᠬᠡᠷᠡᠭᠵᠢᠭᠦᠯᠬᠦ ᠦᠨᠳᠦᠰᠦᠯᠡᠯ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠨ ᠨᠤᠲᠤᠭ ᠪᠡᠯᠴᠢᠭᠡᠷ᠎ᠢ ᠬᠠᠮᠠᠭᠠᠯᠠᠬᠤ ᠳᠦᠷᠢᠮ》᠎ᠤᠨ ᠳᠥᠴᠢᠳᠦᠭᠡᠷ ᠵᠦᠢᠯ᠄ ᠲᠤᠰ ᠳᠦᠷᠢᠮ᠎ᠦᠨ ᠬᠣᠷᠢᠨ ᠳᠥᠷᠪᠡᠳᠦᠭᠡᠷ ᠵᠦᠢᠯ᠎ᠦᠨ ᠲᠣᠭᠲᠠᠭᠠᠯ᠎ᠢ ᠵᠥᠷᠢᠴᠡᠵᠦ᠂ ᠨᠤᠲᠤᠭ ᠪᠡᠯᠴᠢᠭᠡᠷ᠎ᠦᠨ ᠬᠡᠭᠡᠷ᠎ᠡ᠎ᠶᠢᠨ ᠤᠷᠭᠤᠮᠠᠯ ᠲᠡᠭᠦᠬᠦ᠂ ᠬᠤᠳᠠᠯᠳᠤᠨ ᠠᠪᠬᠤ ᠵᠥᠪᠰᠢᠶᠡᠷᠡᠯ᠎ᠦᠨ ᠦᠨᠡᠮᠯᠡᠯ ᠣᠯᠣᠭᠰᠠᠨ ᠦᠭᠡᠢ ᠪᠤᠶᠤ ᠲᠡᠭᠦᠬᠦ᠂ ᠬᠤᠳᠠᠯᠳᠤᠨ ᠠᠪᠬᠤ ᠵᠥᠪᠰᠢᠶᠡᠷᠡᠯ᠎ᠦᠨ ᠦᠨᠡᠮᠯᠡᠯ᠎ᠦᠨ ᠲᠣᠭᠲᠠᠭᠠᠯ᠎ᠢ ᠦᠯᠦ ᠵᠢᠷᠤᠮᠯᠠᠨ ᠨᠤᠲᠤᠭ ᠪᠡᠯᠴᠢᠭᠡᠷ᠎ᠦᠨ ᠬᠡᠭᠡᠷ᠎ᠡ᠎ᠶᠢᠨ ᠤᠷᠭᠤᠮᠠᠯ᠎ᠢ ᠲᠡᠭᠦᠭᠰᠡᠨ᠂ ᠬᠤᠳᠠᠯᠳᠤᠨ ᠠᠪᠤᠭᠰᠠᠨ ᠪᠠᠢᠪᠠᠯ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠨᠤᠲᠤᠭ ᠪᠡᠯᠴᠢᠭᠡᠷ᠎ᠤᠨ ᠬᠢᠨᠠᠯᠲᠠ ᠬᠠᠮᠢᠶᠠᠷᠤᠯᠲᠠ᠎ᠶᠢᠨ ᠪᠠᠢᠭᠤᠯᠤᠮᠵᠢ᠎ᠠᠴᠠ ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠶᠢ ᠨᠢ ᠵᠠᠷᠯᠢᠭ᠍ᠳᠠᠨ ᠵᠣᠭᠰᠣᠭᠠᠵᠤ᠂ ᠬᠠᠤᠯᠢ ᠪᠤᠰᠤ ᠡᠳ᠋ ᠪᠣᠳᠠᠰ ᠪᠠ ᠬᠠᠤᠯᠢ ᠡᠴᠡ ᠵᠥᠷᠢᠴᠡᠵᠦ ᠣᠯᠣᠭᠰᠠᠨ ᠠᠰᠢᠭ᠋ ᠣᠷᠣᠯᠭ᠎ᠠ᠎ᠶᠢ ᠨᠢ ᠬᠣᠷᠢᠶᠠᠨ ᠠᠪᠬᠤ᠎ᠶᠢᠨ ᠬᠠᠮᠲᠤ ᠬᠠᠤᠯᠢ᠎ᠡᠴᠡ ᠵᠥᠷᠢᠴᠡᠵᠦ ᠣᠯᠣᠭᠰᠠᠨ ᠠᠰᠢᠭ᠋ ᠣᠷᠣᠯᠭ᠎ᠠ᠎ᠶᠢᠨ ᠭᠤᠷᠪᠠᠨ ᠲᠡᠬᠢᠠ᠎ᠠᠴᠠ ᠳᠡᠭᠡᠭᠰᠢ ᠲᠠᠪᠤᠨ ᠲᠡᠬᠢᠠ᠎ᠠᠴᠠ ᠳᠣᠷᠣᠭ᠍ᠰᠢᠬᠢ ᠵᠣᠭᠣᠰ᠎ᠢᠶᠠᠷ ᠲᠣᠷᠭᠠᠬᠤ᠎ᠪᠠᠷ ᠰᠢᠢᠳᠬᠡᠨ᠎ᠡ; ᠨᠤᠲᠤᠭ ᠪᠡᠯᠴᠢᠭᠡᠷ᠎ᠦᠨ ᠬᠡᠭᠡᠷ᠎ᠡ᠎ᠶᠢᠨ ᠤᠷᠭᠤᠮᠠᠯ ᠲᠡᠭᠦᠬᠦ᠂ ᠬᠤᠳᠠᠯᠳᠤᠨ ᠠᠪᠬᠤ ᠵᠥᠪᠰᠢᠶᠡᠷᠡᠯ᠎ᠦᠨ ᠦᠨᠡᠮᠯᠡᠯ ᠪᠠᠢᠪᠠᠯ᠂ ᠨᠤᠲᠤᠭ ᠪᠡᠯᠴᠢᠭᠡᠷ᠎ᠦᠨ ᠬᠡᠭᠡᠷ᠎ᠡ᠎ᠶᠢᠨ ᠤᠷᠭᠤᠮᠠᠯ ᠲᠡᠭᠦᠬᠦ᠂ ᠬᠤᠳᠠᠯᠳᠤᠨ ᠠᠪᠬᠤ ᠵᠥᠪᠰᠢᠶᠡᠷᠡᠯ᠎ᠦᠨ ᠦᠨᠡᠮᠯᠡᠯ᠎ᠢ ᠬᠣᠷᠢᠶᠠᠨ ᠠᠪᠴᠤ ᠬᠦᠴᠦᠨ ᠦᠭᠡᠢ ᠪᠣᠯᠭᠠᠨ᠎ᠠ; ᠨᠤᠲᠤᠭ ᠪᠡᠯᠴᠢᠭᠡᠷ᠎ᠦᠨ ᠥᠮᠴᠢᠯᠡᠭᠴᠢ ᠪᠤᠶᠤ ᠬᠡᠷᠡᠭᠯᠡᠭᠴᠢ᠎ᠳᠦ ᠬᠣᠬᠢᠷᠠᠯ ᠤᠴᠠᠷᠠᠭᠤᠯᠤᠭᠰᠠᠨ ᠪᠠᠢᠪᠠᠯ᠂ ᠬᠠᠤᠯᠢ ᠶᠣᠰᠣᠭᠠᠷ ᠲᠥᠯᠥᠪᠦᠷᠢ ᠥᠭᠬᠦ ᠬᠠᠷᠢᠭᠤᠴᠠᠯᠭ᠎ᠠ ᠡᠭᠦᠷᠭᠡᠯᠡᠨ᠎ᠡ᠃
ᠤᠤᠯ᠎ᠤᠨ ᠬᠡᠷᠡᠭᠵᠢᠭᠦᠯᠬᠦ ᠭᠣᠣᠯ ᠴᠣᠭᠴᠠ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ
ᠡᠷᠬᠡ ᠣᠯᠭᠣᠭᠰᠠᠨ᠎ᠤ ᠳᠠᠷᠠᠭᠠᠬᠢ ᠬᠡᠷᠡᠭᠵᠢᠭᠦᠯᠬᠦ ᠭᠣᠣᠯ ᠴᠣᠭᠴᠠ ᠥᠪᠥᠷ ᠮᠣᠩᠭᠣᠯ᠎ᠤᠨ ᠶᠡᠬᠡ ᠬᠢᠩᠭᠠᠨ ᠳᠠᠪᠠᠭᠠᠨ᠎ᠤ ᠣᠶ ᠰᠢᠭᠤᠢ᠎ᠶᠢᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ
ᠳ᠋ᠤᠭᠠᠷ 22.
ᠵᠦᠢᠯᠡᠰ᠎ᠦᠨ ᠨᠡᠷᠡᠢᠳᠦᠯ ᠲᠣᠭᠲᠠᠭᠠᠯ᠎ᠢ ᠦᠯᠦ ᠵᠢᠷᠤᠮᠯᠠᠨ ᠡᠪᠡᠰᠦ ᠬᠠᠳᠤᠭᠰᠠᠨ ᠦᠢᠯᠡ ᠠᠵᠢᠯᠯᠠᠭ᠎ᠠ
ᠬᠡᠷᠡᠭᠵᠢᠭᠦᠯᠬᠦ ᠦᠨᠳᠦᠰᠦᠯᠡᠯ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠢᠯᠭᠠᠬᠤ ᠪᠠ ᠪᠡᠯᠴᠢᠭᠡᠷᠯᠡᠭᠦᠯᠬᠦ᠎ᠶᠢ ᠵᠣᠭᠰᠣᠭᠠᠨ ᠪᠡᠯᠴᠢᠭᠡᠷ᠎ᠢ ᠰᠡᠷᠭᠦᠭᠡᠬᠦ ᠳᠦᠷᠢᠮ》᠎ᠤᠨ ᠭᠤᠴᠢᠨ ᠳᠥᠷᠪᠡᠳᠦᠭᠡᠷ ᠵᠦᠢᠯ᠄ ᠲᠣᠰ ᠳᠦᠷᠢᠮ᠎ᠦᠨ ᠠᠷᠪᠠᠨ ᠬᠣᠶᠠᠳᠤᠭᠠᠷ ᠵᠦᠢᠯ᠂ ᠬᠣᠷᠢᠨ ᠲᠠᠪᠤᠳᠤᠭᠠᠷ ᠵᠦᠢᠯ᠎ᠦᠨ ᠲᠣᠭᠲᠠᠭᠠᠯ᠎ᠠᠴᠠ ᠵᠥᠷᠢᠴᠡᠵᠦ᠂ ᠲᠣᠭᠲᠠᠭᠠᠯ᠎ᠢ ᠦᠯᠦ ᠵᠢᠷᠤᠮᠯᠠᠨ ᠡᠪᠡᠰᠦ ᠬᠠᠳᠤᠭᠰᠠᠨ ᠪᠠᠢᠪᠠᠯ᠂ ᠰᠤᠮᠤ ᠰᠢᠶᠠᠩ ᠪᠠᠯᠭᠠᠰᠤᠨ᠎ᠤ ᠠᠷᠠᠳ᠎ᠤᠨ ᠵᠠᠰᠠᠭ᠎ᠤᠨ ᠣᠷᠳᠣᠨ ᠪᠤᠶᠤ ᠵᠡᠭᠡᠯᠢ ᠭᠤᠳᠤᠮᠵᠢ᠎ᠶᠢᠨ ᠬᠡᠷᠡᠭ ᠡᠷᠬᠢᠯᠡᠬᠦ ᠭᠠᠵᠠᠷ᠎ᠠᠴᠠ ᠮᠦ᠍ ᠪᠦᠷᠢ᠎ᠶᠢ 200 ᠲᠥᠭᠥᠷᠢᠭ᠎ᠡᠴᠡ ᠳᠡᠭᠡᠭᠰᠢ 500 ᠲᠥᠭᠥᠷᠢᠭ᠎ᠡᠴᠡ ᠳᠣᠷᠣᠭ᠍ᠰᠢᠬᠢ ᠵᠣᠭᠣᠰ᠎ᠢᠶᠠᠷ ᠲᠣᠷᠭᠠᠨ᠎ᠠ᠃
ᠤᠤᠯ᠎ᠤᠨ ᠬᠡᠷᠡᠭᠵᠢᠭᠦᠯᠬᠦ ᠭᠣᠣᠯ ᠴᠣᠭᠴᠠ ᠰᠤᠮᠤ ᠰᠢᠶᠠᠩ ᠪᠠᠯᠭᠠᠰᠤᠨ᠎ᠤ ᠠᠷᠠᠳ᠎ᠤᠨ ᠵᠠᠰᠠᠭ᠎ᠤᠨ ᠣᠷᠳᠣᠨ ᠪᠤᠶᠤ ᠵᠡᠭᠡᠯᠢ ᠭᠤᠳᠤᠮᠵᠢ᠎ᠶᠢᠨ ᠬᠡᠷᠡᠭ ᠡᠷᠬᠢᠯᠡᠬᠦ ᠭᠠᠵᠠᠷ
ᠡᠷᠬᠡ ᠣᠯᠭᠣᠭᠰᠠᠨ᠎ᠤ ᠳᠠᠷᠠᠭᠠᠬᠢ ᠬᠡᠷᠡᠭᠵᠢᠭᠦᠯᠬᠦ ᠭᠣᠣᠯ ᠴᠣᠭᠴᠠ ᠥᠪᠥᠷ ᠮᠣᠩᠭᠣᠯ᠎ᠤᠨ ᠶᠡᠬᠡ ᠬᠢᠩᠭᠠᠨ ᠳᠠᠪᠠᠭᠠᠨ᠎ᠤ ᠣᠶ ᠰᠢᠭᠤᠢ᠎ᠶᠢᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ
ᠳ᠋ᠤᠭᠠᠷ 23.
ᠵᠦᠢᠯᠡᠰ᠎ᠦᠨ ᠨᠡᠷᠡᠢᠳᠦᠯ ᠪᠡᠯᠴᠢᠭᠡᠷᠯᠡᠭᠦᠯᠬᠦ᠎ᠶᠢ ᠵᠣᠭᠰᠣᠭᠠᠨ ᠪᠡᠯᠴᠢᠭᠡᠷ᠎ᠢ ᠰᠡᠷᠭᠦᠭᠡᠬᠦ ᠲᠡᠮᠳᠡᠭ᠎ᠢ ᠡᠪᠳᠡᠭᠰᠡᠨ᠂ ᠳᠤᠷ᠎ᠠ᠎ᠪᠠᠷ ᠰᠢᠯᠵᠢᠭᠦᠯᠦᠭᠰᠡᠨ ᠦᠢᠯᠡ ᠠᠵᠢᠯᠯᠠᠭ᠎ᠠ
ᠬᠡᠷᠡᠭᠵᠢᠭᠦᠯᠬᠦ ᠦᠨᠳᠦᠰᠦᠯᠡᠯ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠢᠯᠭᠠᠬᠤ ᠪᠠ ᠪᠡᠯᠴᠢᠭᠡᠷᠯᠡᠭᠦᠯᠬᠦ᠎ᠶᠢ ᠵᠣᠭᠰᠣᠭᠠᠨ ᠪᠡᠯᠴᠢᠭᠡᠷ᠎ᠢ ᠰᠡᠷᠭᠦᠭᠡᠬᠦ ᠳᠦᠷᠢᠮ》᠎ᠤᠨ ᠭᠤᠴᠢᠨ ᠲᠠᠪᠤᠳᠤᠭᠠᠷ ᠵᠦᠢᠯ᠄ ᠲᠣᠰ ᠳᠦᠷᠢᠮ᠎ᠦᠨ ᠠᠷᠪᠠᠨ ᠭᠤᠷᠪᠠᠳᠤᠭᠠᠷ ᠵᠦᠢᠯ᠎ᠦᠨ ᠲᠣᠭᠲᠠᠭᠠᠯ᠎ᠠᠴᠠ ᠵᠥᠷᠢᠴᠡᠵᠦ᠂ ᠪᠡᠯᠴᠢᠭᠡᠷᠯᠡᠭᠦᠯᠬᠦ᠎ᠶᠢ ᠵᠣᠭᠰᠣᠭᠠᠨ ᠪᠡᠯᠴᠢᠭᠡᠷ᠎ᠢ ᠰᠡᠷᠭᠦᠭᠡᠬᠦ ᠲᠡᠮᠳᠡᠭ᠎ᠢ ᠡᠪᠳᠡᠭᠰᠡᠨ᠂ ᠳᠤᠷ᠎ᠠ᠎ᠪᠠᠷ ᠰᠢᠯᠵᠢᠭᠦᠯᠦᠭᠰᠡᠨ ᠪᠠᠢᠪᠠᠯ᠂ ᠰᠤᠮᠤ ᠰᠢᠶᠠᠩ ᠪᠠᠯᠭᠠᠰᠤᠨ᠎ᠤ ᠠᠷᠠᠳ᠎ᠤᠨ ᠵᠠᠰᠠᠭ᠎ᠤᠨ ᠣᠷᠳᠣᠨ ᠪᠤᠶᠤ ᠵᠡᠭᠡᠯᠢ ᠭᠤᠳᠤᠮᠵᠢ᠎ᠶᠢᠨ ᠬᠡᠷᠡᠭ ᠡᠷᠬᠢᠯᠡᠬᠦ ᠭᠠᠵᠠᠷ ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠶᠢ ᠨᠢ ᠵᠠᠷᠯᠢᠭ᠍ᠳᠠᠨ ᠵᠣᠭᠰᠣᠭᠠᠵᠤ᠂ ᠬᠤᠭᠤᠴᠠᠭ᠎ᠠ ᠬᠢᠵᠠᠭᠠᠷᠯᠠᠨ ᠤᠤᠯ᠎ᠤᠨ ᠪᠠᠢᠳᠠᠯ᠎ᠢ ᠨᠢ ᠰᠡᠷᠭᠦᠭᠡᠯᠭᠡᠨ᠎ᠡ; ᠬᠤᠭᠤᠴᠠᠭ᠎ᠠ ᠬᠡᠲᠦᠷᠡᠲᠡᠯ᠎ᠡ ᠰᠡᠷᠭᠦᠭᠡᠭᠰᠡᠨ ᠦᠭᠡᠢ ᠪᠠᠢᠪᠠᠯ᠂ ᠡᠪᠳᠡᠭᠳᠡᠭᠰᠡᠨ ᠪᠡᠯᠡᠳᠬᠡᠮᠵᠢ᠎ᠶᠢᠨ ᠤᠤᠯ᠎ᠤᠨ ᠦᠷᠳᠡᠭ᠎ᠦᠨ ᠨᠢᠭᠡ ᠲᠠᠬᠢᠨ᠎ᠠᠴᠠ ᠳᠡᠭᠡᠭᠰᠢ ᠲᠠᠪᠤᠨ ᠲᠠᠬᠢᠨ᠎ᠠᠴᠠ ᠳᠣᠷᠣᠭ᠍ᠰᠢᠬᠢ ᠵᠣᠭᠣᠰ᠎ᠢᠶᠠᠷ ᠲᠣᠷᠭᠠᠨ᠎ᠠ᠃
ᠤᠤᠯ᠎ᠤᠨ ᠬᠡᠷᠡᠭᠵᠢᠭᠦᠯᠬᠦ ᠭᠣᠣᠯ ᠴᠣᠭᠴᠠ ᠰᠤᠮᠤ ᠰᠢᠶᠠᠩ ᠪᠠᠯᠭᠠᠰᠤᠨ᠎ᠤ ᠠᠷᠠᠳ᠎ᠤᠨ ᠵᠠᠰᠠᠭ᠎ᠤᠨ ᠣᠷᠳᠣᠨ ᠪᠤᠶᠤ ᠵᠡᠭᠡᠯᠢ ᠭᠤᠳᠤᠮᠵᠢ᠎ᠶᠢᠨ ᠬᠡᠷᠡᠭ ᠡᠷᠬᠢᠯᠡᠬᠦ ᠭᠠᠵᠠᠷ
ᠡᠷᠬᠡ ᠣᠯᠭᠣᠭᠰᠠᠨ᠎ᠤ ᠳᠠᠷᠠᠭᠠᠬᠢ ᠬᠡᠷᠡᠭᠵᠢᠭᠦᠯᠬᠦ ᠭᠣᠣᠯ ᠴᠣᠭᠴᠠ ᠥᠪᠥᠷ ᠮᠣᠩᠭᠣᠯ᠎ᠤᠨ ᠶᠡᠬᠡ ᠬᠢᠩᠭᠠᠨ ᠳᠠᠪᠠᠭᠠᠨ᠎ᠤ ᠣᠶ ᠰᠢᠭᠤᠢ᠎ᠶᠢᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ
ᠳ᠋ᠤᠭᠠᠷ 24.
ᠵᠦᠢᠯᠡᠰ᠎ᠦᠨ ᠨᠡᠷᠡᠢᠳᠦᠯ ᠬᠠᠷᠭᠤᠭᠤᠯᠤᠨ ᠲᠣᠭᠲᠠᠭᠠᠭᠰᠠᠨ ᠪᠡᠯᠴᠢᠭᠡᠷᠯᠡᠭᠦᠯᠬᠦ᠎ᠳᠦ ᠲᠣᠬᠢᠷᠠᠮᠵᠢᠲᠠᠢ ᠬᠡᠮᠵᠢᠶ᠎ᠡ ᠳᠠᠭᠠᠭᠠᠴᠠ᠎ᠠᠴᠠ ᠬᠡᠲᠦᠷᠡᠭᠦᠯᠦᠨ ᠪᠡᠯᠴᠢᠭᠡᠷᠯᠡᠭᠦᠯᠦᠭᠰᠡᠨ ᠥᠢᠯᠨ ᠠᠵᠢᠯᠯᠠᠭ᠎ᠠ
ᠬᠡᠷᠡᠭᠵᠢᠭᠦᠯᠬᠦ ᠦᠨᠳᠦᠰᠦᠯᠡᠯ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠢᠯᠭᠠᠬᠤ ᠪᠠ ᠪᠡᠯᠴᠢᠭᠡᠷᠯᠡᠭᠦᠯᠬᠦ᠎ᠶᠢ ᠵᠣᠭᠰᠣᠭᠠᠨ ᠪᠡᠯᠴᠢᠭᠡᠷ᠎ᠢ ᠰᠡᠷᠭᠦᠭᠡᠬᠦ ᠳᠦᠷᠢᠮ》᠎ᠤᠨ ᠭᠤᠴᠢᠨ ᠵᠢᠷᠭᠤᠳᠤᠭᠠᠷ ᠵᠦᠢᠯ᠄ ᠲᠣᠰ ᠳᠦᠷᠢᠮ᠎ᠦᠨ ᠠᠷᠪᠠᠨ ᠳᠣᠯᠣᠳᠤᠭᠠᠷ ᠵᠦᠢᠯ᠎ᠦᠨ ᠲᠣᠭᠲᠠᠭᠠᠯ᠎ᠠᠴᠠ ᠵᠥᠷᠢᠴᠡᠵᠦ᠂ ᠬᠠᠷᠭᠤᠭᠤᠯᠤᠨ ᠲᠣᠭᠲᠠᠭᠠᠭᠰᠠᠨ ᠪᠡᠯᠴᠢᠭᠡᠷᠯᠡᠭᠦᠯᠬᠦ᠎ᠳᠦ ᠲᠣᠬᠢᠷᠠᠮᠵᠢᠲᠠᠢ ᠬᠡᠮᠵᠢᠶ᠎ᠡ ᠳᠠᠭᠠᠭᠠᠴᠠ᠎ᠠᠴᠠ ᠬᠡᠲᠦᠷᠡᠭᠦᠯᠦᠨ ᠪᠡᠯᠴᠢᠭᠡᠷᠯᠡᠭᠦᠯᠦᠭᠰᠡᠨ ᠪᠠᠢᠪᠠᠯ᠂ ᠰᠤᠮᠤ ᠰᠢᠶᠠᠩ ᠪᠠᠯᠭᠠᠰᠤᠨ᠎ᠤ ᠠᠷᠠᠳ᠎ᠤᠨ ᠵᠠᠰᠠᠭ᠎ᠤᠨ ᠣᠷᠳᠣᠨ ᠪᠤᠶᠤ ᠵᠡᠭᠡᠯᠢ ᠭᠤᠳᠤᠮᠵᠢ᠎ᠶᠢᠨ ᠬᠡᠷᠡᠭ ᠡᠷᠬᠢᠯᠡᠬᠦ ᠭᠠᠵᠠᠷ ᠵᠠᠷᠯᠢᠭ᠍ᠳᠠᠵᠤ ᠪᠠᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠨ᠎ᠠ; ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠢᠪᠠᠯ᠂ ᠳᠠᠭᠠᠭᠠᠴᠠ᠎ᠠᠴᠠ ᠬᠡᠲᠦᠷᠡᠭᠦᠯᠦᠨ ᠪᠡᠯᠴᠢᠭᠡᠷᠯᠡᠭᠦᠯᠦᠭᠰᠡᠨ ᠬᠣᠨᠢᠨ ᠨᠢᠭᠡᠴᠢ ᠪᠦᠷᠢ᠎ᠶᠢ 100 ᠲᠥᠭᠥᠷᠢᠭ᠎ᠢᠶᠡᠷ ᠲᠣᠷᠭᠠᠨ᠎ᠠ᠃ ᠪᠡᠯᠴᠢᠭᠡᠷᠯᠡᠭᠦᠯᠬᠦ᠎ᠶᠢ ᠵᠣᠭᠰᠣᠭᠠᠭᠰᠠᠨ ᠣᠷᠣᠨ ᠪᠤᠶᠤ ᠪᠡᠯᠴᠢᠭᠡᠷ᠎ᠢ ᠰᠡᠷᠭᠦᠭᠡᠬᠦ ᠬᠤᠭᠤᠴᠠᠭᠠᠨ᠎ᠳᠤ ᠮᠠᠯᠵᠢᠭ᠍ᠰᠠᠨ ᠪᠠᠢᠪᠠᠯ᠂ ᠰᠤᠮᠤ ᠰᠢᠶᠠᠩ ᠪᠠᠯᠭᠠᠰᠤᠨ᠎ᠤ ᠠᠷᠠᠳ᠎ᠤᠨ ᠵᠠᠰᠠᠭ᠎ᠤᠨ ᠣᠷᠳᠣᠨ ᠪᠤᠶᠤ ᠵᠡᠭᠡᠯᠢ ᠭᠤᠳᠤᠮᠵᠢ᠎ᠶᠢᠨ ᠬᠡᠷᠡᠭ ᠡᠷᠬᠢᠯᠡᠬᠦ ᠭᠠᠵᠠᠷ ᠵᠠᠷᠯᠢᠭ᠍ᠳᠠᠨ ᠵᠠᠯᠠᠷᠠᠭᠤᠯᠵᠤ᠂ ᠬᠠᠤᠯᠢ᠎ᠠᠴᠠ ᠵᠥᠷᠢᠴᠡᠨ ᠮᠠᠯᠵᠢᠭ᠍ᠰᠠᠨ ᠬᠣᠨᠢᠨ ᠨᠢᠭᠡᠴᠢ ᠪᠦᠷᠢ᠎ᠶᠢ 120 ᠲᠥᠭᠥᠷᠢᠭ᠎ᠢᠶᠠᠷ ᠲᠣᠷᠭᠠᠨ᠎ᠠ᠃
ᠤᠤᠯ᠎ᠤᠨ ᠬᠡᠷᠡᠭᠵᠢᠭᠦᠯᠬᠦ ᠭᠣᠣᠯ ᠴᠣᠭᠴᠠ ᠰᠤᠮᠤ ᠰᠢᠶᠠᠩ ᠪᠠᠯᠭᠠᠰᠤᠨ᠎ᠤ ᠠᠷᠠᠳ᠎ᠤᠨ ᠵᠠᠰᠠᠭ᠎ᠤᠨ ᠣᠷᠳᠣᠨ ᠪᠤᠶᠤ ᠵᠡᠭᠡᠯᠢ ᠭᠤᠳᠤᠮᠵᠢ᠎ᠶᠢᠨ ᠬᠡᠷᠡᠭ ᠡᠷᠬᠢᠯᠡᠬᠦ ᠭᠠᠵᠠᠷ
ᠡᠷᠬᠡ ᠣᠯᠭᠣᠭᠰᠠᠨ᠎ᠤ ᠳᠠᠷᠠᠭᠠᠬᠢ ᠬᠡᠷᠡᠭᠵᠢᠭᠦᠯᠬᠦ ᠭᠣᠣᠯ ᠴᠣᠭᠴᠠ ᠥᠪᠥᠷ ᠮᠣᠩᠭᠣᠯ᠎ᠤᠨ ᠶᠡᠬᠡ ᠬᠢᠩᠭᠠᠨ ᠳᠠᠪᠠᠭᠠᠨ᠎ᠤ ᠣᠶ ᠰᠢᠭᠤᠢ᠎ᠶᠢᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ
ᠳ᠋ᠤᠭᠠᠷ 25.
ᠵᠦᠢᠯᠡᠰ᠎ᠦᠨ ᠨᠡᠷᠡᠢᠳᠦᠯ ᠪᠡᠯᠴᠢᠭᠡᠷᠯᠡᠭᠦᠯᠬᠦ᠎ᠶᠢ ᠵᠣᠭᠰᠣᠭᠠᠨ ᠪᠡᠯᠴᠢᠭᠡᠷ᠎ᠢ ᠰᠡᠷᠭᠦᠭᠡᠬᠦ ᠬᠤᠭᠤᠴᠠᠭᠠᠨ᠎ᠳᠤ ᠮᠠᠯᠵᠢᠭ᠍ᠰᠠᠨ ᠦᠢᠯᠡ ᠠᠵᠢᠯᠯᠠᠭ᠎ᠠ
ᠬᠡᠷᠡᠭᠵᠢᠭᠦᠯᠬᠦ ᠦᠨᠳᠦᠰᠦᠯᠡᠯ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠢᠯᠭᠠᠬᠤ ᠪᠠ ᠪᠡᠯᠴᠢᠭᠡᠷᠯᠡᠭᠦᠯᠬᠦ᠎ᠶᠢ ᠵᠣᠭᠰᠣᠭᠠᠨ ᠪᠡᠯᠴᠢᠭᠡᠷ᠎ᠢ ᠰᠡᠷᠭᠦᠭᠡᠬᠦ ᠳᠦᠷᠢᠮ》᠎ᠤᠨ ᠭᠤᠴᠢᠨ ᠵᠢᠷᠭᠤᠳᠤᠭᠠᠷ ᠵᠦᠢᠯ᠄ ᠲᠣᠰ ᠳᠦᠷᠢᠮ᠎ᠦᠨ ᠠᠷᠪᠠᠨ ᠳᠣᠯᠣᠳᠤᠭᠠᠷ ᠵᠦᠢᠯ᠎ᠦᠨ ᠲᠣᠭᠲᠠᠭᠠᠯ᠎ᠠᠴᠠ ᠵᠥᠷᠢᠴᠡᠵᠦ᠂ ᠬᠠᠷᠭᠤᠭᠤᠯᠤᠨ ᠲᠣᠭᠲᠠᠭᠠᠭᠰᠠᠨ ᠪᠡᠯᠴᠢᠭᠡᠷᠯᠡᠭᠦᠯᠬᠦ᠎ᠳᠦ ᠲᠣᠬᠢᠷᠠᠮᠵᠢᠲᠠᠢ ᠬᠡᠮᠵᠢᠶ᠎ᠡ ᠳᠠᠭᠠᠭᠠᠴᠠ ᠡᠴᠡ ᠬᠡᠲᠦᠷᠡᠭᠦᠯᠦᠨ ᠪᠡᠯᠴᠢᠭᠡᠷᠯᠡᠭᠦᠯᠦᠭᠰᠡᠨ ᠪᠠᠢᠪᠠᠯ᠂ ᠰᠤᠮᠤ ᠰᠢᠶᠠᠩ ᠪᠠᠯᠭᠠᠰᠤᠨ᠎ᠤ ᠠᠷᠠᠳ᠎ᠤᠨ ᠵᠠᠰᠠᠭ᠎ᠤᠨ ᠣᠷᠳᠣᠨ ᠪᠤᠶᠤ ᠵᠡᠭᠡᠯᠢ ᠭᠤᠳᠤᠮᠵᠢ᠎ᠶᠢᠨ ᠬᠡᠷᠡᠭ ᠡᠷᠬᠢᠯᠡᠬᠦ ᠭᠠᠵᠠᠷ ᠵᠠᠷᠯᠢᠭ᠍ᠳᠠᠵᠤ ᠪᠠᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠨ᠎ᠠ; ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠢᠪᠠᠯ᠂ ᠳᠠᠭᠠᠭᠠᠴᠠ᠎ᠠᠴᠠ ᠬᠡᠲᠦᠷᠡᠭᠦᠯᠦᠨ ᠪᠡᠯᠴᠢᠭᠡᠷᠯᠡᠭᠦᠯᠦᠭᠰᠡᠨ ᠬᠣᠨᠢᠨ ᠨᠢᠭᠡᠴᠢ ᠪᠦᠷᠢ᠎ᠶᠢ 100 ᠲᠥᠭᠥᠷᠢᠭ᠎ᠢᠶᠠᠷ ᠲᠣᠷᠭᠠᠨ᠎ᠠ᠃ ᠪᠡᠯᠴᠢᠭᠡᠷᠯᠡᠭᠦᠯᠬᠦ᠎ᠶᠢ ᠵᠣᠭᠰᠣᠭᠠᠭᠰᠠᠨ ᠣᠷᠣᠨ ᠪᠤᠶᠤ ᠪᠡᠯᠴᠢᠭᠡᠷ᠎ᠢ ᠰᠡᠷᠭᠦᠭᠡᠬᠦ ᠬᠤᠭᠤᠴᠠᠭᠠᠨ᠎ᠳᠤ ᠮᠠᠯᠵᠢᠭ᠍ᠰᠠᠨᠢ ᠰᠤᠮᠤ ᠰᠢᠶᠠᠩ ᠪᠠᠯᠭᠠᠰᠤᠨ᠎ᠤ ᠠᠷᠠᠳ᠎ᠤᠨ ᠵᠠᠰᠠᠭ᠎ᠤᠨ ᠣᠷᠳᠣᠨ ᠪᠤᠶᠤ ᠵᠡᠭᠡᠯᠢ ᠭᠤᠳᠤᠮᠵᠢ᠎ᠶᠢᠨ ᠬᠡᠷᠡᠭ ᠡᠷᠬᠢᠯᠡᠬᠦ ᠭᠠᠵᠠᠷ ᠵᠠᠷᠯᠢᠭ᠍ᠳᠠᠨ ᠵᠠᠯᠠᠷᠠᠭᠤᠯᠵᠤ᠂ ᠬᠠᠤᠯᠢ᠎ᠠᠴᠠ ᠵᠥᠷᠢᠴᠡᠨ ᠮᠠᠯᠵᠢᠭ᠍ᠰᠠᠨ ᠬᠣᠨᠢᠨ ᠨᠢᠭᠡᠴᠢ᠎ᠠᠴᠠ 120 ᠲᠥᠭᠥᠷᠢᠭ᠎ᠢᠶᠠᠷ ᠲᠣᠷᠭᠠᠨ᠎ᠠ᠃
ᠤᠤᠯ᠎ᠤᠨ ᠬᠡᠷᠡᠭᠵᠢᠭᠦᠯᠬᠦ ᠭᠣᠣᠯ ᠴᠣᠭᠴᠠ ᠰᠤᠮᠤ ᠰᠢᠶᠠᠩ ᠪᠠᠯᠭᠠᠰᠤᠨ᠎ᠤ ᠠᠷᠠᠳ᠎ᠤᠨ ᠵᠠᠰᠠᠭ᠎ᠤᠨ ᠣᠷᠳᠣᠨ ᠪᠤᠶᠤ ᠵᠡᠭᠡᠯᠢ ᠭᠤᠳᠤᠮᠵᠢ᠎ᠶᠢᠨ ᠬᠡᠷᠡᠭ ᠡᠷᠬᠢᠯᠡᠬᠦ ᠭᠠᠵᠠᠷ
ᠡᠷᠬᠡ ᠣᠯᠭᠣᠭᠰᠠᠨ᠎ᠤ ᠳᠠᠷᠠᠭᠠᠬᠢ ᠬᠡᠷᠡᠭᠵᠢᠭᠦᠯᠬᠦ ᠭᠣᠣᠯ ᠴᠣᠭᠴᠠ ᠥᠪᠥᠷ ᠮᠣᠩᠭᠣᠯ᠎ᠤᠨ ᠶᠡᠬᠡ ᠬᠢᠩᠭᠠᠨ ᠳᠠᠪᠠᠭᠠᠨ᠎ᠤ ᠣᠶ ᠰᠢᠭᠤᠢ᠎ᠶᠢᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ
ᠬᠣᠶᠠᠷ᠂ ᠨᠤᠲᠤᠭ ᠪᠡᠯᠴᠢᠭᠡᠷ᠎ᠦᠨ ᠭᠠᠯ ᠲᠦᠢᠮᠡᠷ᠎ᠦᠨ ᠰᠡᠷᠭᠡᠢᠯᠡᠯᠲᠡ᠎ᠶᠢᠨ ᠬᠡᠷᠡᠭ
ᠳ᠋ᠤᠭᠠᠷ 26.
ᠵᠦᠢᠯᠡᠰ᠎ᠦᠨ ᠨᠡᠷᠡᠢᠳᠦᠯ ᠳᠤᠷ᠎ᠠ᠎ᠪᠠᠷ ᠨᠤᠲᠤᠭ ᠪᠡᠯᠴᠢᠭᠡᠷ ᠳᠡᠭᠡᠷ᠎ᠡ ᠬᠡᠭᠡᠷ᠎ᠡ ᠭᠠᠳᠠᠨ᠎ᠠ ᠭᠠᠯ ᠬᠡᠷᠡᠭᠯᠡᠭᠰᠡᠨ ᠪᠤᠶᠤ ᠳᠡᠯᠪᠡᠴᠢᠬᠦ᠂ ᠬᠠᠢᠨ ᠪᠠᠢᠴᠠᠭᠠᠬᠤ ᠪᠠ ᠪᠠᠷᠢᠯᠭ᠎ᠠ ᠪᠠᠷᠢᠬᠤ ᠵᠡᠷᠭᠡ ᠠᠵᠢᠯᠯᠠᠭ᠎ᠠ ᠬᠢᠭᠰᠡᠨ ᠦᠢᠯᠡ ᠠᠵᠢᠯᠯᠠᠭ᠎ᠠ
ᠬᠡᠷᠡᠭᠵᠢᠭᠦᠯᠬᠦ ᠦᠨᠳᠦᠰᠦᠯᠡᠯ 《ᠨᠤᠲᠤᠭ ᠪᠡᠯᠴᠢᠭᠡᠷ᠎ᠦᠨ ᠭᠠᠯ ᠲᠦᠢᠮᠡᠷ᠎ᠢ ᠰᠡᠷᠭᠡᠢᠯᠡᠬᠦ ᠳᠦᠷᠢᠮ》᠎ᠦᠨ ᠳᠥᠴᠢᠨ ᠳᠥᠷᠪᠡᠳᠦᠭᠡᠷ ᠵᠦᠢᠯ᠄ ᠲᠤᠰ ᠳᠦᠷᠢᠮ᠎ᠦᠨ ᠲᠣᠭᠲᠠᠭᠠᠯ᠎ᠠᠴᠠ ᠵᠥᠷᠢᠴᠡᠵᠦ᠂ ᠳᠣᠣᠷᠠᠬᠢ ᠦᠢᠯᠡ ᠠᠵᠢᠯᠯᠠᠭ᠎ᠠ᠎ᠶᠢᠨ ᠨᠢᠭᠡ᠎ᠶᠢ ᠬᠢᠭᠰᠡᠨ ᠪᠠᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠨᠤᠲᠤᠭ ᠪᠡᠯᠴᠢᠭᠡᠷ᠎ᠦᠨ ᠭᠠᠯ ᠲᠦᠢᠮᠡᠷ᠎ᠢ ᠰᠡᠷᠭᠡᠢᠯᠡᠬᠦ ᠠᠵᠢᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠡᠴᠡ ᠬᠠᠤᠯᠢ᠎ᠡᠴᠡ ᠵᠥᠷᠢᠴᠡᠭᠰᠡᠨ ᠦᠢᠯᠡ ᠠᠵᠢᠯᠯᠠᠭ᠎ᠠ᠎ᠶᠢ ᠨᠢ ᠵᠠᠷᠯᠢᠭ᠍ᠳᠠᠨ ᠵᠣᠭᠰᠣᠭᠠᠵᠤ᠂ ᠭᠠᠯ ᠲᠦᠢᠮᠡᠷ ᠰᠡᠷᠭᠡᠢᠯᠡᠬᠦ ᠠᠷᠭ᠎ᠠ ᠬᠡᠮᠵᠢᠶ᠎ᠡ ᠠᠪᠬᠤ᠎ᠶᠢᠨ ᠬᠠᠮᠲᠤ ᠬᠤᠭᠤᠴᠠᠭ᠎ᠠ ᠬᠢᠵᠠᠭᠠᠷᠯᠠᠨ ᠬᠣᠯᠪᠣᠭᠳᠠᠯ ᠪᠦᠬᠦᠢ ᠭᠠᠷ ᠭᠦᠢᠴᠡᠳᠬᠡᠯ᠎ᠢ ᠨᠥᠬᠥᠪᠦᠷᠢᠯᠡᠨ ᠬᠢᠯᠭᠡᠵᠦ᠂ ᠬᠣᠯᠪᠣᠭᠳᠠᠯ ᠪᠦᠬᠦᠢ ᠬᠠᠷᠢᠭᠤᠴᠠᠯᠭ᠎ᠠ᠎ᠲᠠᠢ ᠬᠥᠮᠥᠨ᠎ᠢ 2000 ᠲᠥᠭᠥᠷᠢᠭ᠎ᠡᠴᠡ ᠳᠡᠭᠡᠭᠰᠢ 5000 ᠲᠥᠭᠥᠷᠢᠭ᠎ᠡᠴᠡ ᠳᠣᠷᠣᠭ᠍ᠰᠢᠬᠢ ᠵᠣᠭᠣᠰ᠎ᠢᠶᠠᠷ ᠲᠣᠷᠭᠠᠵᠤ᠂ ᠬᠣᠯᠪᠣᠭᠳᠠᠯ ᠪᠦᠬᠦᠢ ᠬᠠᠷᠢᠭᠤᠴᠠᠯᠭ᠎ᠠ᠎ᠲᠠᠢ ᠨᠢᠭᠡᠴᠢ᠎ᠶᠢ 5000 ᠲᠥᠭᠥᠷᠢᠭ᠎ᠡᠴᠡ ᠳᠡᠭᠡᠭᠰᠢ 2 ᠲᠦᠮᠡᠨ ᠲᠥᠭᠥᠷᠢᠭ᠎ᠡᠴᠡ ᠳᠣᠷᠣᠭ᠍ᠰᠢᠬᠢ ᠵᠣᠭᠣᠰ᠎ᠢᠶᠠᠷ ᠲᠣᠷᠭᠠᠨ᠎ᠠ᠄ (ᠨᠢᠭᠡ) ᠵᠥᠪᠰᠢᠶᠡᠷᠡᠯ ᠣᠯᠣᠭᠰᠠᠨ ᠦᠭᠡᠢ᠎ᠪᠡᠷ ᠨᠤᠲᠤᠭ ᠪᠡᠯᠴᠢᠭᠡᠷ᠎ᠲᠤ ᠬᠡᠭᠡᠷ᠎ᠡ ᠭᠠᠳᠠᠨ᠎ᠠ ᠭᠠᠯ ᠬᠡᠷᠡᠭᠯᠡᠭᠰᠡᠨ ᠪᠤᠶᠤ ᠳᠡᠯᠪᠡᠴᠢᠬᠦ᠂ ᠬᠠᠢᠨ ᠪᠠᠢᠴᠠᠭᠠᠬᠤ ᠪᠠ ᠪᠠᠷᠢᠯᠭ᠎ᠠ ᠪᠠᠷᠢᠬᠤ ᠵᠡᠷᠭᠡ ᠠᠵᠢᠯᠯᠠᠭ᠎ᠠ ᠬᠢᠭᠰᠡᠨ᠃
ᠤᠤᠯ᠎ᠤᠨ ᠬᠡᠷᠡᠭᠵᠢᠭᠦᠯᠬᠦ ᠭᠣᠣᠯ ᠴᠣᠭᠴᠠ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ
ᠡᠷᠬᠡ ᠣᠯᠭᠣᠭᠰᠠᠨ᠎ᠤ ᠳᠠᠷᠠᠭᠠᠬᠢ ᠬᠡᠷᠡᠭᠵᠢᠭᠦᠯᠬᠦ ᠭᠣᠣᠯ ᠴᠣᠭᠴᠠ ᠥᠪᠥᠷ ᠮᠣᠩᠭᠣᠯ᠎ᠤᠨ ᠶᠡᠬᠡ ᠬᠢᠩᠭᠠᠨ ᠳᠠᠪᠠᠭᠠᠨ᠎ᠤ ᠣᠶ ᠰᠢᠭᠤᠢ᠎ᠶᠢᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ
ᠳ᠋ᠤᠭᠠᠷ 27.
ᠵᠦᠢᠯᠡᠰ᠎ᠦᠨ ᠨᠡᠷᠡᠢᠳᠦᠯ ᠨᠤᠲᠤᠭ ᠪᠡᠯᠴᠢᠭᠡᠷ᠎ᠦᠨ ᠭᠠᠯ ᠲᠦᠢᠮᠡᠷ᠎ᠢ ᠰᠡᠷᠭᠡᠢᠯᠡᠬᠦ᠎ᠶᠢᠨ ᠵᠠᠬᠢᠷᠤᠨ ᠬᠠᠮᠢᠶᠠᠷᠬᠤ ᠣᠷᠣᠨ᠎ᠳᠤ ᠳᠤᠷ᠎ᠠ᠎ᠪᠠᠷ ᠣᠷᠣᠭᠰᠠᠨ ᠦᠢᠯᠡ ᠠᠵᠢᠯᠯᠠᠭ᠎ᠠ
ᠬᠡᠷᠡᠭᠵᠢᠭᠦᠯᠬᠦ ᠦᠨᠳᠦᠰᠦᠯᠡᠯ 《ᠨᠤᠲᠤᠭ ᠪᠡᠯᠴᠢᠭᠡᠷ᠎ᠦᠨ ᠭᠠᠯ ᠲᠦᠢᠮᠡᠷ᠎ᠢ ᠰᠡᠷᠭᠡᠢᠯᠡᠬᠦ ᠳᠦᠷᠢᠮ》᠎ᠦᠨ ᠳᠥᠴᠢᠨ ᠳᠥᠷᠪᠡᠳᠦᠭᠡᠷ ᠵᠦᠢᠯ᠄ ᠲᠤᠰ ᠳᠦᠷᠢᠮ᠎ᠦᠨ ᠲᠣᠭᠲᠠᠭᠠᠯ᠎ᠢ ᠵᠥᠷᠢᠴᠡᠨ ᠳᠣᠣᠷᠠᠬᠢ ᠦᠢᠯᠡ ᠠᠵᠢᠯᠯᠠᠭ᠎ᠠ᠎ᠶᠢᠨ ᠨᠢᠭᠡ᠎ᠶᠢ ᠬᠢᠭᠰᠡᠨ ᠪᠠᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠨᠤᠲᠤᠭ ᠪᠡᠯᠴᠢᠭᠡᠷ᠎ᠦᠨ ᠭᠠᠯ ᠲᠦᠢᠮᠡᠷ᠎ᠢ ᠰᠡᠷᠭᠡᠢᠯᠡᠬᠦ ᠠᠵᠢᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠶᠢ ᠨᠢ ᠵᠠᠷᠯᠢᠭ᠍ᠳᠠᠨ ᠵᠣᠭᠰᠣᠭᠠᠵᠤ᠂ ᠭᠠᠯ ᠲᠦᠢᠮᠡᠷ ᠰᠡᠷᠭᠡᠢᠯᠡᠬᠦ ᠠᠷᠭ᠎ᠠ ᠬᠡᠮᠵᠢᠶ᠎ᠡ ᠠᠪᠬᠤ᠎ᠶᠢᠨ ᠬᠠᠮᠲᠤ ᠬᠤᠭᠤᠴᠠᠭ᠎ᠠ ᠬᠢᠵᠠᠭᠠᠷᠯᠠᠨ ᠬᠣᠯᠪᠣᠭᠳᠠᠯ ᠪᠦᠬᠦᠢ ᠭᠠᠷ ᠭᠦᠢᠴᠡᠳᠬᠡᠯ᠎ᠢ ᠨᠥᠬᠥᠪᠦᠷᠢᠯᠡᠨ ᠬᠢᠯᠭᠡᠵᠦ᠂ ᠬᠣᠯᠪᠣᠭᠳᠠᠯ ᠪᠦᠬᠦᠢ ᠬᠠᠷᠢᠭᠤᠴᠠᠯᠭ᠎ᠠ᠎ᠲᠠᠢ ᠬᠥᠮᠥᠨ᠎ᠢ 2000 ᠲᠥᠭᠥᠷᠢᠭ᠎ᠡᠴᠡ ᠳᠡᠭᠡᠭᠰᠢ 5000 ᠲᠥᠭᠥᠷᠢᠭ᠎ᠡᠴᠡ ᠳᠣᠷᠣᠭ᠍ᠰᠢᠬᠢ ᠵᠣᠭᠣᠰ᠎ᠢᠶᠠᠷ ᠲᠣᠷᠭᠠᠵᠤ᠂ ᠬᠣᠯᠪᠣᠭᠳᠠᠯ ᠪᠦᠬᠦᠢ ᠬᠠᠷᠢᠭᠤᠴᠠᠯᠭ᠎ᠠ᠎ᠲᠠᠢ ᠨᠢᠭᠡᠴᠢ᠎ᠶᠢ 5000 ᠲᠥᠭᠥᠷᠢᠭ᠎ᠡᠴᠡ ᠳᠡᠭᠡᠭᠰᠢ 2 ᠲᠦᠮᠡᠨ ᠲᠥᠭᠥᠷᠢᠭ᠎ᠡᠴᠡ ᠳᠣᠷᠣᠭ᠍ᠰᠢᠬᠢ ᠵᠣᠭᠣᠰ᠎ᠢᠶᠠᠷ ᠲᠣᠷᠭᠠᠨ᠎ᠠ᠄ (ᠬᠣᠶᠠᠷ) ᠨᠤᠲᠤᠭ ᠪᠡᠯᠴᠢᠭᠡᠷ᠎ᠦᠨ ᠭᠠᠯ ᠲᠦᠢᠮᠡᠷ ᠰᠡᠷᠭᠡᠢᠯᠡᠬᠦ ᠠᠵᠢᠯ᠎ᠤᠨ ᠨᠡᠪᠲᠡᠷᠡᠬᠦ ᠦᠨᠡᠮᠯᠡᠯ ᠣᠯᠣᠭᠰᠠᠨ ᠦᠭᠡᠢ᠎ᠪᠡᠷ ᠨᠤᠲᠤᠭ ᠪᠡᠯᠴᠢᠭᠡᠷ᠎ᠦᠨ ᠭᠠᠯ ᠲᠦᠢᠮᠡᠷ ᠰᠡᠷᠭᠡᠢᠯᠡᠬᠦ᠎ᠶᠢᠨ ᠵᠠᠬᠢᠷᠤᠨ ᠬᠠᠮᠢᠶᠠᠷᠬᠤ ᠣᠷᠣᠨ᠎ᠳᠤ ᠣᠷᠣᠭᠰᠠᠨ᠃
ᠤᠤᠯ᠎ᠤᠨ ᠬᠡᠷᠡᠭᠵᠢᠭᠦᠯᠬᠦ ᠭᠣᠣᠯ ᠴᠣᠭᠴᠠ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ
ᠡᠷᠬᠡ ᠣᠯᠭᠣᠭᠰᠠᠨ᠎ᠤ ᠳᠠᠷᠠᠭᠠᠬᠢ ᠬᠡᠷᠡᠭᠵᠢᠭᠦᠯᠬᠦ ᠭᠣᠣᠯ ᠴᠣᠭᠴᠠ ᠥᠪᠥᠷ ᠮᠣᠩᠭᠣᠯ᠎ᠤᠨ ᠶᠡᠬᠡ ᠬᠢᠩᠭᠠᠨ ᠳᠠᠪᠠᠭᠠᠨ᠎ᠤ ᠣᠶ ᠰᠢᠭᠤᠢ᠎ᠶᠢᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ
ᠳ᠋ᠤᠭᠠᠷ 28.
ᠵᠦᠢᠯᠡᠰ᠎ᠦᠨ ᠨᠡᠷᠡᠢᠳᠦᠯ ᠨᠤᠲᠤᠭ ᠪᠡᠯᠴᠢᠭᠡᠷ᠎ᠲᠦ ᠬᠡᠭᠡᠷ᠎ᠡ ᠭᠠᠳᠠᠨ᠎ᠠ ᠭᠠᠯ ᠬᠡᠷᠡᠭᠯᠡᠬᠦ᠎ᠳᠦ᠎ᠪᠡᠨ ᠭᠠᠯ ᠲᠦᠢᠮᠡᠷ᠎ᠢ ᠰᠡᠷᠭᠡᠢᠯᠡᠬᠦ ᠠᠷᠭ᠎ᠠ ᠬᠡᠮᠵᠢᠶ᠎ᠡ ᠠᠪᠤᠭᠰᠠᠨ ᠦᠭᠡᠢ ᠦᠢᠯᠡ ᠠᠵᠢᠯᠯᠠᠭ᠎ᠠ
ᠬᠡᠷᠡᠭᠵᠢᠭᠦᠯᠬᠦ ᠦᠨᠳᠦᠰᠦᠯᠡᠯ 《ᠨᠤᠲᠤᠭ ᠪᠡᠯᠴᠢᠭᠡᠷ᠎ᠦᠨ ᠭᠠᠯ ᠲᠦᠢᠮᠡᠷ᠎ᠢ ᠰᠡᠷᠭᠡᠢᠯᠡᠬᠦ ᠳᠦᠷᠢᠮ》᠎ᠦᠨ ᠳᠥᠴᠢᠨ ᠲᠠᠪᠤᠳᠤᠭᠠᠷ ᠵᠦᠢᠯ᠄ ᠲᠤᠰ ᠳᠦᠷᠢᠮ᠎ᠦᠨ ᠲᠣᠭᠲᠠᠭᠠᠯ᠎ᠢ ᠵᠥᠷᠢᠴᠡᠵᠦ᠂ ᠳᠣᠣᠷᠠᠬᠢ ᠦᠢᠯᠡ ᠠᠵᠢᠯᠯᠠᠭ᠎ᠠ᠎ᠶᠢᠨ ᠨᠢᠭᠡ᠎ᠶᠢ ᠬᠢᠭᠰᠡᠨ ᠪᠠᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠨᠤᠲᠤᠭ ᠪᠡᠯᠴᠢᠭᠡᠷ᠎ᠦᠨ ᠭᠠᠯ ᠲᠦᠢᠮᠡᠷ ᠰᠡᠷᠭᠡᠢᠯᠡᠬᠦ ᠠᠵᠢᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠶᠢ ᠨᠢ ᠵᠠᠷᠯᠢᠭ᠍ᠳᠠᠨ ᠵᠣᠭᠰᠣᠭᠠᠵᠤ᠂ ᠭᠠᠯ ᠲᠦᠢᠮᠡᠷ ᠰᠡᠷᠭᠡᠢᠯᠡᠬᠦ ᠠᠷᠭ᠎ᠠ ᠬᠡᠮᠵᠢᠶ᠎ᠡ ᠠᠪᠴᠤ᠂ ᠭᠠᠯ᠎ᠤᠨ ᠠᠶᠤᠯ ᠡᠭᠦᠰᠬᠦ ᠳᠠᠯᠳᠠ ᠭᠡᠮ᠎ᠢ ᠠᠷᠢᠯᠭᠠᠬᠤ᠎ᠶᠢᠨ ᠬᠠᠮᠲᠤ ᠬᠣᠯᠪᠣᠭᠳᠠᠯ ᠪᠦᠬᠦᠢ ᠬᠠᠷᠢᠭᠤᠴᠠᠯᠭ᠎ᠠ᠎ᠲᠠᠢ ᠬᠥᠮᠥᠨ᠎ᠢ 200 ᠲᠥᠭᠥᠷᠢᠭ᠎ᠡᠴᠡ ᠳᠡᠭᠡᠭᠰᠢ 2000 ᠲᠥᠭᠥᠷᠢᠭ᠎ᠡᠴᠡ ᠳᠣᠷᠣᠭ᠍ᠰᠢᠬᠢ ᠵᠣᠭᠣᠰ᠎ᠢᠶᠠᠷ ᠲᠣᠷᠭᠠᠵᠤ᠂ ᠬᠣᠯᠪᠣᠭᠳᠠᠯ ᠪᠦᠬᠦᠢ ᠬᠠᠷᠢᠭᠤᠴᠠᠯᠭ᠎ᠠ᠎ᠲᠠᠢ ᠨᠢᠭᠡᠴᠢ᠎ᠶᠢ 2000 ᠲᠥᠭᠥᠷᠢᠭ᠎ᠡᠴᠡ ᠳᠡᠭᠡᠭᠰᠢ 2 ᠲᠦᠮᠡᠨ ᠲᠥᠭᠥᠷᠢᠭ᠎ᠡᠴᠡ ᠳᠣᠷᠣᠭ᠍ᠰᠢᠬᠢ ᠵᠣᠭᠣᠰ᠎ᠢᠶᠠᠷ ᠲᠣᠷᠭᠠᠨ᠎ᠠ; ᠭᠠᠯ ᠲᠦᠢᠮᠡᠷ ᠰᠡᠷᠭᠡᠢᠯᠡᠬᠦ ᠠᠷᠭ᠎ᠠ ᠬᠡᠮᠵᠢᠶ᠎ᠡ ᠠᠪᠬᠤ᠂ ᠭᠠᠯ᠎ᠤᠨ ᠠᠶᠤᠯ ᠡᠭᠦᠰᠬᠦ ᠲᠡᠯᠳᠠ ᠭᠡᠮ᠎ᠢ ᠠᠷᠢᠯᠭᠠᠬᠤ᠎ᠶᠢ ᠲᠡᠪᠴᠢᠭᠰᠡᠨ ᠪᠠᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠨᠤᠲᠤᠭ ᠪᠡᠯᠴᠢᠭᠡᠷ᠎ᠦᠨ ᠭᠠᠯ ᠲᠦᠢᠮᠡᠷ᠎ᠢ ᠰᠡᠷᠭᠡᠢᠯᠡᠬᠦ ᠠᠵᠢᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠭᠠᠯ ᠲᠦᠢᠮᠡᠷ᠎ᠢ ᠰᠡᠷᠭᠡᠢᠯᠡᠬᠦ ᠠᠷᠭ᠎ᠠ ᠬᠡᠮᠵᠢᠶ᠎ᠡ ᠠᠪᠬᠤ᠂ ᠭᠠᠯ᠎ᠤᠨ ᠠᠶᠤᠯ ᠡᠭᠦᠰᠬᠦ ᠲᠡᠯᠳᠠ ᠭᠡᠮ᠎ᠢ ᠠᠷᠢᠯᠭᠠᠬᠤ ᠠᠵᠢᠯ᠎ᠢ ᠣᠷᠣᠯᠠᠨ ᠬᠢᠨ᠎ᠡ᠂ ᠬᠡᠷᠡᠭᠰᠡᠬᠦ ᠵᠠᠷᠤᠳᠠᠯ᠎ᠢ ᠬᠠᠤᠯᠢ᠎ᠡᠴᠡ ᠵᠥᠷᠢᠴᠡᠭᠰᠡᠨ ᠨᠢᠭᠡᠴᠢ ᠪᠤᠶᠤ ᠬᠤᠪᠢ ᠬᠥᠮᠥᠨ ᠡᠭᠦᠷᠭᠡᠯᠡᠨ᠎ᠡ᠄ (ᠨᠢᠭᠡ) ᠨᠤᠲᠤᠭ ᠪᠡᠯᠴᠢᠭᠡᠷ᠎ᠦᠨ ᠭᠠᠯ ᠲᠦᠢᠮᠡᠷ᠎ᠢ ᠰᠡᠷᠭᠡᠢᠯᠡᠬᠦ ᠬᠤᠭᠤᠴᠠᠭᠠᠨ᠎ᠳᠤ ᠵᠥᠪᠰᠢᠶᠡᠷᠡᠯ ᠣᠯᠣᠭᠰᠠᠨ ᠬᠡᠭᠡᠷ᠎ᠡ ᠭᠠᠳᠠᠨ᠎ᠠ ᠭᠠᠯ ᠬᠡᠷᠡᠭᠯᠡᠬᠦ ᠠᠵᠢᠯᠯᠠᠭ᠎ᠠ᠎ᠳᠤ ᠭᠠᠯ ᠲᠦᠢᠮᠡᠷ᠎ᠢ ᠰᠡᠷᠭᠡᠢᠯᠡᠬᠦ ᠠᠷᠭ᠎ᠠ ᠬᠡᠮᠵᠢᠶ᠎ᠡ ᠠᠪᠤᠭᠰᠠᠨ ᠦᠭᠡᠢ᠃
ᠤᠤᠯ᠎ᠤᠨ ᠬᠡᠷᠡᠭᠵᠢᠭᠦᠯᠬᠦ ᠭᠣᠣᠯ ᠴᠣᠭᠴᠠ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ
ᠡᠷᠬᠡ ᠣᠯᠭᠣᠭᠰᠠᠨ᠎ᠤ ᠳᠠᠷᠠᠭᠠᠬᠢ ᠬᠡᠷᠡᠭᠵᠢᠭᠦᠯᠬᠦ ᠭᠣᠣᠯ ᠴᠣᠭᠴᠠ ᠥᠪᠥᠷ ᠮᠣᠩᠭᠣᠯ᠎ᠤᠨ ᠶᠡᠬᠡ ᠬᠢᠩᠭᠠᠨ ᠳᠠᠪᠠᠭᠠᠨ᠎ᠤ ᠣᠶ ᠰᠢᠭᠤᠢ᠎ᠶᠢᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ
ᠳ᠋ᠤᠭᠠᠷ 29.
ᠵᠦᠢᠯᠡᠰ᠎ᠦᠨ ᠨᠡᠷᠡᠢᠳᠦᠯ ᠮᠠᠰᠢᠨ ᠲᠡᠷᠭᠡᠨ᠎ᠳᠦ᠎ᠪᠠᠨ ᠨᠤᠲᠤᠭ ᠪᠡᠯᠴᠢᠭᠡᠷ᠎ᠦᠨ ᠭᠠᠯ ᠲᠦᠢᠮᠡᠷ ᠰᠡᠷᠭᠡᠢᠯᠡᠬᠦ ᠲᠣᠨᠣᠭᠯᠠᠯ ᠤᠭᠰᠠᠷᠠᠭᠰᠠᠨ ᠦᠭᠡᠢ ᠪᠤᠶᠤ ᠭᠠᠯ᠎ᠤᠨ ᠠᠶᠤᠯ ᠡᠭᠦᠰᠬᠦ ᠳᠠᠯᠳᠠ ᠭᠡᠮ ᠣᠷᠣᠰᠢᠵᠤ ᠪᠠᠢᠬᠤ ᠦᠢᠯᠡ ᠠᠵᠢᠯᠯᠠᠭ᠎ᠠ
ᠬᠡᠷᠡᠭᠵᠢᠭᠦᠯᠬᠦ ᠦᠨᠳᠦᠰᠦᠯᠡᠯ 《ᠨᠤᠲᠤᠭ ᠪᠡᠯᠴᠢᠭᠡᠷ᠎ᠦᠨ ᠭᠠᠯ ᠲᠦᠢᠮᠡᠷ᠎ᠢ ᠰᠡᠷᠭᠡᠢᠯᠡᠬᠦ ᠳᠦᠷᠢᠮ》᠎ᠦᠨ ᠳᠥᠴᠢᠨ ᠲᠠᠪᠤᠳᠤᠭᠠᠷ ᠵᠦᠢᠯ᠄ ᠲᠤᠰ ᠳᠦᠷᠢᠮ᠎ᠦᠨ ᠲᠣᠭᠲᠠᠭᠠᠯ᠎ᠢ ᠵᠥᠷᠢᠴᠡᠵᠦ᠂ ᠳᠣᠣᠷᠠᠬᠢ ᠦᠢᠯᠡ ᠠᠵᠢᠯᠯᠠᠭ᠎ᠠ᠎ᠶᠢᠨ ᠨᠢᠭᠡ᠎ᠶᠢ ᠬᠢᠭᠰᠡᠨ ᠪᠠᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠨᠤᠲᠤᠭ ᠪᠡᠯᠴᠢᠭᠡᠷ᠎ᠦᠨ ᠭᠠᠯ ᠲᠦᠢᠮᠡᠷ ᠰᠡᠷᠭᠡᠢᠯᠡᠬᠦ ᠠᠵᠢᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠶᠢ ᠨᠢ ᠵᠠᠷᠯᠢᠭ᠍ᠳᠠᠨ ᠵᠣᠭᠰᠣᠭᠠᠵᠤ᠂ ᠭᠠᠯ ᠲᠦᠢᠮᠡᠷ ᠰᠡᠷᠭᠡᠢᠯᠡᠬᠦ ᠠᠷᠭ᠎ᠠ ᠬᠡᠮᠵᠢᠶ᠎ᠡ ᠠᠪᠴᠤ᠂ ᠭᠠᠯ᠎ᠤᠨ ᠠᠶᠤᠯ ᠡᠭᠦᠰᠬᠦ ᠳᠠᠯᠳᠠ ᠭᠡᠮ᠎ᠢ ᠠᠷᠢᠯᠭᠠᠬᠤ᠎ᠶᠢᠨ ᠬᠠᠮᠲᠤ ᠬᠣᠯᠪᠣᠭᠳᠠᠯ ᠪᠦᠬᠦᠢ ᠬᠠᠷᠢᠭᠤᠴᠠᠯᠭ᠎ᠠ᠎ᠲᠠᠢ ᠬᠥᠮᠥᠨ᠎ᠢ 200 ᠲᠥᠭᠥᠷᠢᠭ᠎ᠡᠴᠡ ᠳᠡᠭᠡᠭᠰᠢ 2000 ᠲᠥᠭᠥᠷᠢᠭ᠎ᠡᠴᠡ ᠳᠣᠷᠣᠭ᠍ᠰᠢᠬᠢ ᠵᠣᠭᠣᠰ᠎ᠢᠶᠠᠷ ᠲᠣᠷᠭᠠᠵᠤ᠂ ᠬᠣᠯᠪᠣᠭᠳᠠᠯ ᠪᠦᠬᠦᠢ ᠬᠠᠷᠢᠭᠤᠴᠠᠯᠭ᠎ᠠ᠎ᠲᠠᠢ ᠨᠢᠭᠡᠴᠢ᠎ᠶᠢ 2000 ᠲᠥᠭᠥᠷᠢᠭ᠎ᠡᠴᠡ ᠳᠡᠭᠡᠭᠰᠢ 2 ᠲᠦᠮᠡᠨ ᠲᠥᠭᠥᠷᠢᠭ᠎ᠡᠴᠡ ᠳᠣᠷᠣᠭ᠍ᠰᠢᠬᠢ ᠵᠣᠭᠣᠰ᠎ᠢᠶᠠᠷ ᠲᠣᠷᠭᠠᠨ᠎ᠠ᠂ ᠭᠠᠯ ᠲᠦᠢᠮᠡᠷ᠎ᠢ ᠰᠡᠷᠭᠡᠢᠯᠡᠬᠦ ᠠᠷᠭ᠎ᠠ ᠬᠡᠮᠵᠢᠶ᠎ᠡ ᠠᠪᠬᠤ᠂ ᠭᠠᠯ᠎ᠤᠨ ᠠᠶᠤᠯ ᠡᠭᠦᠰᠬᠦ ᠳᠠᠯᠳᠠ ᠭᠡᠮ᠎ᠢ ᠠᠷᠢᠯᠭᠠᠬᠤ᠎ᠶᠢ ᠲᠡᠪᠴᠢᠭᠰᠡᠨ ᠪᠠᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠨᠤᠲᠤᠭ ᠪᠡᠯᠴᠢᠭᠡᠷ᠎ᠦᠨ ᠭᠠᠯ ᠲᠦᠢᠮᠡᠷ᠎ᠢ ᠰᠡᠷᠭᠡᠢᠯᠡᠬᠦ ᠠᠵᠢᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠭᠠᠯ ᠲᠦᠢᠮᠡᠷ᠎ᠢ ᠰᠡᠷᠭᠡᠢᠯᠡᠬᠦ ᠠᠷᠭ᠎ᠠ ᠬᠡᠮᠵᠢᠶ᠎ᠡ ᠠᠪᠬᠤ᠂ ᠭᠠᠯ᠎ᠤᠨ ᠠᠶᠤᠯ ᠡᠭᠦᠰᠬᠦ ᠲᠡᠯᠳᠠ ᠭᠡᠮ᠎ᠢ ᠠᠷᠢᠯᠭᠠᠬᠤ ᠠᠵᠢᠯ᠎ᠢ ᠣᠷᠣᠯᠠᠨ ᠬᠢᠵᠦ᠂ ᠬᠡᠷᠡᠭᠰᠡᠬᠦ ᠵᠠᠷᠤᠳᠠᠯ᠎ᠢ ᠬᠠᠤᠯᠢ ᠡᠴᠡ ᠵᠥᠷᠢᠴᠡᠭᠰᠡᠨ ᠨᠢᠭᠡᠴᠢ ᠪᠤᠶᠤ ᠬᠤᠪᠢ ᠬᠥᠮᠥᠨ ᠡᠭᠦᠷᠭᠡᠯᠡᠨ᠎ᠡ᠄ (ᠬᠣᠶᠠᠷ) ᠨᠤᠲᠤᠭ ᠪᠡᠯᠴᠢᠭᠡᠷ ᠳᠡᠭᠡᠷ᠎ᠡ ᠠᠵᠢᠯᠯᠠᠵᠤ ᠪᠠᠢᠭ᠎ᠠ ᠪᠠ ᠠᠶᠠᠯᠠᠵᠤ ᠪᠠᠢᠭ᠎ᠠ ᠮᠠᠰᠢᠨ ᠲᠡᠷᠭᠡᠨ᠎ᠳᠦ ᠭᠠᠯ ᠲᠦᠢᠮᠡᠷ᠎ᠠᠴᠠ ᠰᠡᠷᠭᠡᠢᠯᠡᠬᠦ ᠲᠣᠨᠣᠭᠯᠠᠯ ᠤᠭᠰᠠᠷᠠᠭᠰᠠᠨ ᠦᠭᠡᠢ ᠪᠤᠶᠤ ᠭᠠᠯ᠎ᠤᠨ ᠠᠶᠤᠯ ᠡᠭᠦᠰᠬᠦ ᠲᠡᠯᠳᠠ ᠭᠡᠮ ᠣᠷᠣᠰᠢᠵᠤ ᠪᠠᠢᠬᠤ᠃
ᠤᠤᠯ᠎ᠤᠨ ᠬᠡᠷᠡᠭᠵᠢᠭᠦᠯᠬᠦ ᠭᠣᠣᠯ ᠴᠣᠭᠴᠠ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ
ᠡᠷᠬᠡ ᠣᠯᠭᠣᠭᠰᠠᠨ᠎ᠤ ᠳᠠᠷᠠᠭᠠᠬᠢ ᠬᠡᠷᠡᠭᠵᠢᠭᠦᠯᠬᠦ ᠭᠣᠣᠯ ᠴᠣᠭᠴᠠ ᠥᠪᠥᠷ ᠮᠣᠩᠭᠣᠯ᠎ᠤᠨ ᠶᠡᠬᠡ ᠬᠢᠩᠭᠠᠨ ᠳᠠᠪᠠᠭᠠᠨ᠎ᠤ ᠣᠶ ᠰᠢᠭᠤᠢ᠎ᠶᠢᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ
ᠳ᠋ᠤᠭᠠᠷ 30.
ᠵᠦᠢᠯᠡᠰ᠎ᠦᠨ ᠨᠡᠷᠡᠢᠳᠦᠯ ᠨᠤᠲᠤᠭ ᠪᠡᠯᠴᠢᠭᠡᠷ᠎ᠲᠤ ᠭᠠᠯ᠎ᠦᠨ ᠴᠣᠭᠢ ᠬᠠᠶᠠᠬᠤ ᠦᠢᠯᠡ ᠠᠵᠢᠯᠯᠠᠭ᠎ᠠ
ᠬᠡᠷᠡᠭᠵᠢᠭᠦᠯᠬᠦ ᠦᠨᠳᠦᠰᠦᠯᠡᠯ 《ᠨᠤᠲᠤᠭ ᠪᠡᠯᠴᠢᠭᠡᠷ᠎ᠦᠨ ᠭᠠᠯ ᠲᠦᠢᠮᠡᠷ᠎ᠢ ᠰᠡᠷᠭᠡᠢᠯᠡᠬᠦ ᠳᠦᠷᠢᠮ》᠎ᠦᠨ ᠳᠥᠴᠢᠨ ᠲᠠᠪᠤᠳᠤᠭᠠᠷ ᠵᠦᠢᠯ᠄ ᠲᠤᠰ ᠳᠦᠷᠢᠮ᠎ᠦᠨ ᠲᠣᠭᠲᠠᠭᠠᠯ᠎ᠢ ᠵᠥᠷᠢᠴᠡᠵᠦ᠂ ᠳᠣᠣᠷᠠᠬᠢ ᠦᠢᠯᠡ ᠠᠵᠢᠯᠯᠠᠭ᠎ᠠ᠎ᠶᠢᠨ ᠨᠢᠭᠡ᠎ᠶᠢ ᠬᠢᠭᠰᠡᠨ ᠪᠠᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠨᠤᠲᠤᠭ ᠪᠡᠯᠴᠢᠭᠡᠷ᠎ᠦᠨ ᠭᠠᠯ ᠲᠦᠢᠮᠡᠷ ᠰᠡᠷᠭᠡᠢᠯᠡᠬᠦ ᠠᠵᠢᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠶᠢ ᠨᠢ ᠵᠠᠷᠯᠢᠭ᠍ᠳᠠᠨ ᠵᠣᠭᠰᠣᠭᠠᠵᠤ᠂ ᠭᠠᠯ ᠲᠦᠢᠮᠡᠷ ᠰᠡᠷᠭᠡᠢᠯᠡᠬᠦ ᠠᠷᠭ᠎ᠠ ᠬᠡᠮᠵᠢᠶ᠎ᠡ ᠠᠪᠴᠤ᠂ ᠭᠠᠯ᠎ᠤᠨ ᠠᠶᠤᠯ ᠡᠭᠦᠰᠬᠦ ᠳᠠᠯᠳᠠ ᠭᠡᠮ᠎ᠢ ᠠᠷᠢᠯᠭᠠᠬᠤ᠎ᠶᠢᠨ ᠬᠠᠮᠲᠤ ᠬᠣᠯᠪᠣᠭᠳᠠᠯ ᠪᠦᠬᠦᠢ ᠬᠠᠷᠢᠭᠤᠴᠠᠯᠭ᠎ᠠ᠎ᠲᠠᠢ ᠬᠥᠮᠥᠨ᠎ᠢ 200 ᠲᠥᠭᠥᠷᠢᠭ᠎ᠡᠴᠡ ᠳᠡᠭᠡᠭᠰᠢ 2000 ᠲᠥᠭᠥᠷᠢᠭ᠎ᠡᠴᠡ ᠳᠣᠷᠣᠭ᠍ᠰᠢᠬᠢ ᠵᠣᠭᠣᠰ᠎ᠢᠶᠠᠷ ᠲᠣᠷᠭᠠᠵᠤ᠂ ᠬᠣᠯᠪᠣᠭᠳᠠᠯ ᠪᠦᠬᠦᠢ ᠬᠠᠷᠢᠭᠤᠴᠠᠯᠭ᠎ᠠ᠎ᠲᠠᠢ ᠨᠢᠭᠡᠴᠢ᠎ᠶᠢ 2000 ᠲᠥᠭᠥᠷᠢᠭ᠎ᠡᠴᠡ ᠳᠡᠭᠡᠭᠰᠢ 2 ᠲᠦᠮᠡᠨ ᠲᠥᠭᠥᠷᠢᠭ᠎ᠡᠴᠡ ᠳᠣᠷᠣᠭ᠍ᠰᠢᠬᠢ ᠵᠣᠭᠣᠰ᠎ᠢᠶᠠᠷ ᠲᠣᠷᠭᠠᠨ᠎ᠠ᠂ ᠭᠠᠯ ᠲᠦᠢᠮᠡᠷ ᠰᠡᠷᠭᠡᠢᠯᠡᠬᠦ ᠠᠷᠭ᠎ᠠ ᠬᠡᠮᠵᠢᠶ᠎ᠡ ᠠᠪᠬᠤ᠂ ᠭᠠᠯ᠎ᠤᠨ ᠠᠶᠤᠯ ᠡᠭᠦᠰᠬᠦ ᠲᠡᠯᠳᠠ ᠭᠡᠮ᠎ᠢ ᠠᠷᠢᠯᠭᠠᠬᠤ᠎ᠶᠢ ᠲᠡᠪᠴᠢᠭᠰᠡᠨ ᠪᠠᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠨᠤᠲᠤᠭ ᠪᠡᠯᠴᠢᠭᠡᠷ᠎ᠦᠨ ᠭᠠᠯ ᠲᠦᠢᠮᠡᠷ᠎ᠢ ᠰᠡᠷᠭᠡᠢᠯᠡᠬᠦ ᠠᠵᠢᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠡᠴᠡ ᠭᠠᠯ ᠲᠦᠢᠮᠡᠷ᠎ᠢ ᠰᠡᠷᠭᠡᠢᠯᠡᠬᠦ ᠠᠷᠭ᠎ᠠ ᠬᠡᠮᠵᠢᠶ᠎ᠡ ᠠᠪᠬᠤ᠂ ᠭᠠᠯ᠎ᠤᠨ ᠠᠶᠤᠯ ᠡᠭᠦᠰᠬᠦ ᠳᠠᠯᠲᠠ ᠭᠡᠮ᠎ᠢ ᠠᠷᠢᠯᠭᠠᠬᠤ ᠠᠵᠢᠯ᠎ᠢ ᠣᠷᠣᠯᠠᠨ ᠬᠢᠵᠦ᠂ ᠬᠡᠷᠡᠭᠰᠡᠬᠦ ᠵᠠᠷᠤᠳᠠᠯ᠎ᠢ ᠬᠠᠤᠯᠢ᠎ᠡᠴᠡ ᠵᠥᠷᠢᠴᠡᠭᠰᠡᠨ ᠨᠢᠭᠡᠴᠢ ᠪᠤᠶᠤ ᠬᠤᠪᠢ ᠬᠥᠮᠥᠨ ᠡᠭᠦᠷᠭᠡᠯᠡᠨ᠎ᠡ᠄ (ᠭᠤᠷᠪᠠ) ᠨᠤᠲᠤᠭ ᠪᠡᠯᠴᠢᠭᠡᠷ ᠳᠡᠭᠡᠷ᠎ᠡ ᠶᠠᠪᠤᠵᠤ ᠪᠠᠢᠭ᠎ᠠ ᠤᠯᠡᠠ ᠨᠡᠢᠲᠡ᠎ᠶᠢᠨ ᠵᠡᠮ ᠬᠠᠷᠢᠯᠴᠠᠭᠠᠨ᠎ᠤ ᠪᠠᠭᠠᠵᠢ ᠬᠡᠷᠡᠭᠰᠡᠯ ᠳᠡᠭᠡᠷᠡᠬᠢ ᠵᠢᠯᠣᠭᠣᠴᠢ᠂ ᠠᠶᠠᠨ᠎ᠤ ᠦᠢᠯᠡᠴᠢᠯᠡᠭᠴᠢ ᠪᠤᠶᠤ ᠠᠶᠠᠨᠴᠢᠳ ᠭᠠᠯ᠎ᠤᠨ ᠴᠣᠭ ᠬᠠᠶᠠᠭᠰᠠᠨ᠃
ᠤᠤᠯ᠎ᠤᠨ ᠬᠡᠷᠡᠭᠵᠢᠭᠦᠯᠬᠦ ᠭᠣᠣᠯ ᠴᠣᠭᠴᠠ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ
ᠡᠷᠬᠡ ᠣᠯᠭᠣᠭᠰᠠᠨ᠎ᠤ ᠳᠠᠷᠠᠭᠠᠬᠢ ᠬᠡᠷᠡᠭᠵᠢᠭᠦᠯᠬᠦ ᠭᠣᠣᠯ ᠴᠣᠭᠴᠠ ᠥᠪᠥᠷ ᠮᠣᠩᠭᠣᠯ᠎ᠤᠨ ᠶᠡᠬᠡ ᠬᠢᠩᠭᠠᠨ ᠳᠠᠪᠠᠭᠠᠨ᠎ᠤ ᠣᠶ ᠰᠢᠭᠤᠢ᠎ᠶᠢᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ
ᠳ᠋ᠤᠭᠠᠷ 31.
ᠵᠦᠢᠯᠡᠰ᠎ᠦᠨ ᠨᠡᠷᠡᠢᠳᠦᠯ ᠨᠤᠲᠤᠭ ᠪᠡᠯᠴᠢᠭᠡᠷ ᠳᠡᠭᠡᠷ᠎ᠡ ᠬᠡᠭᠡᠷ᠎ᠡ ᠭᠠᠳᠠᠨ᠎ᠠ ᠠᠵᠢᠯᠯᠠᠵᠤ ᠪᠠᠢᠭ᠎ᠠ ᠬᠥᠮᠥᠰ ᠭᠠᠯ ᠲᠦᠢᠮᠡᠷ ᠰᠡᠷᠭᠡᠢᠯᠡᠬᠦ ᠠᠶᠤᠯ ᠦᠭᠡᠢ ᠠᠵᠢᠯᠯᠠᠭᠠᠨ᠎ᠤ ᠳᠦᠷᠢᠮ᠎ᠢ ᠦᠯᠦ ᠵᠢᠷᠤᠮᠯᠠᠭᠰᠠᠨ ᠪᠤᠶᠤ ᠬᠡᠭᠡᠷ᠎ᠡ ᠭᠠᠳᠠᠨ᠎ᠠ ᠠᠵᠢᠯᠯᠠᠵᠤ ᠪᠠᠢᠭ᠎ᠠ ᠮᠧᠬᠠᠨᠢᠭ᠋ ᠲᠥᠬᠦᠭᠡᠷᠦᠮᠵᠢ᠎ᠳᠤ ᠭᠠᠯ ᠰᠡᠷᠭᠡᠢᠯᠡᠬᠦ ᠠᠷᠭ᠎ᠠ ᠬᠡᠮᠵᠢᠶ᠎ᠡ ᠠᠪᠤᠭᠰᠠᠨ ᠦᠭᠡᠢ ᠦᠢᠯᠡ ᠠᠵᠢᠯᠯᠠᠭ᠎ᠠ
ᠬᠡᠷᠡᠭᠵᠢᠭᠦᠯᠬᠦ ᠦᠨᠳᠦᠰᠦᠯᠡᠯ 《ᠨᠤᠲᠤᠭ ᠪᠡᠯᠴᠢᠭᠡᠷ᠎ᠦᠨ ᠭᠠᠯ ᠲᠦᠢᠮᠡᠷ᠎ᠢ ᠰᠡᠷᠭᠡᠢᠯᠡᠬᠦ ᠳᠦᠷᠢᠮ》᠎ᠦᠨ ᠳᠥᠴᠢᠨ ᠲᠠᠪᠤᠳᠤᠭᠠᠷ ᠵᠦᠢᠯ᠄ ᠲᠤᠰ ᠳᠦᠷᠢᠮ᠎ᠦᠨ ᠲᠣᠭᠲᠠᠭᠠᠯ ᠠᠴᠠ ᠵᠥᠷᠢᠴᠡᠵᠦ᠂ ᠳᠣᠣᠷᠠᠬᠢ ᠦᠢᠯᠡ ᠠᠵᠢᠯᠯᠠᠭ᠎ᠠ᠎ᠶᠢᠨ ᠨᠢᠭᠡ᠎ᠶᠢ ᠬᠢᠭᠰᠡᠨ ᠪᠠᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠨᠤᠲᠤᠭ ᠪᠡᠯᠴᠢᠭᠡᠷ᠎ᠦᠨ ᠭᠠᠯ ᠲᠦᠢᠮᠡᠷ ᠰᠡᠷᠭᠡᠢᠯᠡᠬᠦ ᠠᠵᠢᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠶᠢ ᠨᠢ ᠵᠠᠷᠯᠢᠭ᠍ᠳᠠᠨ ᠵᠣᠭᠰᠣᠭᠠᠵᠤ᠂ ᠭᠠᠯ ᠰᠡᠷᠭᠡᠢᠯᠡᠬᠦ ᠠᠷᠭ᠎ᠠ ᠬᠡᠮᠵᠢᠶ᠎ᠡ ᠠᠪᠴᠤ᠂ ᠭᠠᠯ᠎ᠤᠨ ᠠᠶᠤᠯ ᠡᠭᠦᠰᠬᠦ ᠳᠠᠯᠳᠠ ᠭᠡᠮ᠎ᠢ ᠠᠷᠢᠯᠭᠠᠬᠤ᠎ᠶᠢᠨ ᠬᠠᠮᠲᠤ ᠬᠣᠯᠪᠣᠭᠳᠠᠯ ᠪᠦᠬᠦᠢ ᠬᠠᠷᠢᠭᠤᠴᠠᠯᠭ᠎ᠠ᠎ᠲᠠᠢ ᠬᠥᠮᠥᠨ᠎ᠢ 200 ᠲᠥᠭᠥᠷᠢᠭ᠎ᠡᠴᠡ ᠳᠡᠭᠡᠭᠰᠢ 2000 ᠲᠥᠭᠥᠷᠢᠭ᠎ᠡᠴᠡ ᠳᠣᠷᠣᠭ᠍ᠰᠢᠬᠢ ᠵᠣᠭᠣᠰ᠎ᠢᠶᠠᠷ ᠲᠣᠷᠭᠠᠵᠤ᠂ ᠬᠣᠯᠪᠣᠭᠳᠠᠯ ᠪᠦᠬᠦᠢ ᠬᠠᠷᠢᠭᠤᠴᠠᠯᠭ᠎ᠠ᠎ᠲᠠᠢ ᠨᠢᠭᠡᠴᠢ᠎ᠶᠢ 2000 ᠲᠥᠭᠥᠷᠢᠭ᠎ᠡᠴᠡ ᠳᠡᠭᠡᠭᠰᠢ 2 ᠲᠦᠮᠡᠨ ᠲᠥᠭᠥᠷᠢᠭ᠎ᠡᠴᠡ ᠳᠣᠷᠣᠭ᠍ᠰᠢᠬᠢ ᠵᠣᠭᠣᠰ᠎ᠢᠶᠠᠷ ᠲᠣᠷᠭᠠᠨ᠎ᠠ; ᠭᠠᠯ ᠲᠦᠢᠮᠡᠷ ᠰᠡᠷᠭᠡᠢᠯᠡᠬᠦ ᠠᠷᠭ᠎ᠠ ᠬᠡᠮᠵᠢᠶ᠎ᠡ ᠠᠪᠬᠤ᠂ ᠭᠠᠯ᠎ᠤᠨ ᠠᠶᠤᠯ ᠡᠭᠦᠰᠬᠦ ᠳᠠᠯᠳᠠ ᠭᠡᠮ᠎ᠢ ᠠᠷᠢᠯᠭᠠᠬᠤ᠎ᠶᠢ ᠲᠡᠪᠴᠢᠭᠰᠡᠨ ᠪᠠᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠨᠤᠲᠤᠭ ᠪᠡᠯᠴᠢᠭᠡᠷ᠎ᠦᠨ ᠭᠠᠯ ᠲᠦᠢᠮᠡᠷ ᠰᠡᠷᠭᠡᠢᠯᠡᠬᠦ ᠠᠵᠢᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠭᠠᠯ ᠲᠦᠢᠮᠡᠷ ᠰᠡᠷᠭᠡᠢᠯᠡᠬᠦ ᠠᠷᠭ᠎ᠠ ᠬᠡᠮᠵᠢᠶ᠎ᠡ ᠠᠪᠬᠤ᠂ ᠭᠠᠯ᠎ᠤᠨ ᠠᠶᠤᠯ ᠡᠭᠦᠰᠬᠦ ᠲᠡᠯᠳᠠ ᠭᠡᠮ᠎ᠢ ᠠᠷᠢᠯᠭᠠᠬᠤ ᠠᠵᠢᠯ᠎ᠢ ᠣᠷᠣᠯᠠᠨ ᠬᠢᠵᠦ᠂ ᠬᠡᠷᠡᠭᠰᠡᠬᠦ ᠵᠠᠷᠤᠳᠠᠯ᠎ᠢ ᠬᠠᠤᠯᠢ᠎ᠠᠴᠠ ᠵᠥᠷᠢᠴᠡᠭᠰᠡᠨ ᠨᠢᠭᠡᠴᠢ ᠪᠤᠶᠤ ᠬᠤᠪᠢ ᠬᠥᠮᠥᠨ ᠡᠭᠦᠷᠭᠡᠯᠡᠨ᠎ᠡ᠄ (ᠳᠥᠷᠪᠡ) ᠨᠤᠲᠤᠭ ᠪᠡᠯᠴᠢᠭᠡᠷ ᠳᠡᠭᠡᠷ᠎ᠡ ᠬᠡᠭᠡᠷ᠎ᠡ ᠭᠠᠳᠠᠨ᠎ᠠ ᠠᠵᠢᠯᠯᠠᠵᠤ ᠪᠠᠢᠭ᠎ᠠ ᠮᠧᠬᠠᠨᠢᠭ᠋ ᠲᠥᠬᠦᠭᠡᠷᠦᠮᠵᠢ᠎ᠶᠢᠨ ᠠᠵᠢᠯᠲᠠᠨ ᠭᠠᠯ ᠲᠦᠢᠮᠡᠷ ᠰᠡᠷᠭᠡᠢᠯᠡᠬᠦ ᠠᠶᠤᠯ ᠦᠭᠡᠢ ᠠᠵᠢᠯᠯᠠᠭᠠᠨ᠎ᠤ ᠳᠦᠷᠢᠮ᠎ᠢ ᠦᠯᠦ ᠵᠢᠷᠤᠮᠯᠠᠭᠰᠠᠨ ᠪᠤᠶᠤ ᠬᠡᠭᠡᠷ᠎ᠡ ᠭᠠᠳᠠᠨ᠎ᠠ ᠠᠵᠢᠯᠯᠠᠵᠤ ᠪᠠᠢᠭ᠎ᠠ ᠮᠧᠬᠠᠨᠢᠭ᠋ ᠲᠥᠬᠦᠭᠡᠷᠦᠮᠵᠢ᠎ᠳᠦ ᠭᠠᠯ ᠲᠦᠢᠮᠡᠷ ᠰᠡᠷᠭᠡᠢᠯᠡᠬᠦ ᠠᠷᠭ᠎ᠠ ᠬᠡᠮᠵᠢᠶ᠎ᠡ ᠠᠪᠤᠭᠰᠠᠨ ᠦᠭᠡᠢ᠃
ᠤᠤᠯ᠎ᠤᠨ ᠬᠡᠷᠡᠭᠵᠢᠭᠦᠯᠬᠦ ᠭᠣᠣᠯ ᠴᠣᠭᠴᠠ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ
ᠡᠷᠬᠡ ᠣᠯᠭᠣᠭᠰᠠᠨ᠎ᠤ ᠳᠠᠷᠠᠭᠠᠬᠢ ᠬᠡᠷᠡᠭᠵᠢᠭᠦᠯᠬᠦ ᠭᠣᠣᠯ ᠴᠣᠭᠴᠠ ᠥᠪᠥᠷ ᠮᠣᠩᠭᠣᠯ᠎ᠤᠨ ᠶᠡᠬᠡ ᠬᠢᠩᠭᠠᠨ ᠳᠠᠪᠠᠭᠠᠨ᠎ᠤ ᠣᠶ ᠰᠢᠭᠤᠢ᠎ᠶᠢᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ
ᠳ᠋ᠤᠭᠠᠷ 32.
ᠵᠦᠢᠯᠡᠰ᠎ᠦᠨ ᠨᠡᠷᠡᠢᠳᠦᠯ ᠬᠡᠭᠡᠷ᠎ᠡ ᠭᠠᠳᠠᠨ᠎ᠠ ᠭᠠᠯ ᠬᠡᠷᠡᠭᠯᠡᠬᠦ ᠲᠣᠭᠲᠠᠭᠠᠯ᠎ᠢ ᠥᠯᠥ ᠵᠢᠷᠤᠮᠯᠠᠨ ᠨᠤᠲᠤᠭ ᠪᠡᠯᠴᠢᠭᠡᠷ᠎ᠦᠨ ᠭᠠᠯ ᠲᠦᠢᠮᠡᠷ ᠰᠡᠷᠭᠡᠢᠯᠡᠬᠦ᠎ᠶᠢᠨ ᠵᠠᠬᠢᠷᠤᠨ ᠬᠠᠮᠢᠶᠠᠷᠬᠤ ᠣᠷᠣᠨ᠎ᠳᠤ ᠭᠠᠯ ᠬᠡᠷᠡᠭᠯᠡᠭᠰᠡᠨ ᠦᠢᠯᠡ ᠠᠵᠢᠯᠯᠠᠭ᠎ᠠ
ᠬᠡᠷᠡᠭᠵᠢᠭᠦᠯᠬᠦ ᠦᠨᠳᠦᠰᠦᠯᠡᠯ 《ᠨᠤᠲᠤᠭ ᠪᠡᠯᠴᠢᠭᠡᠷ᠎ᠦᠨ ᠭᠠᠯ ᠲᠦᠢᠮᠡᠷ᠎ᠢ ᠰᠡᠷᠭᠡᠢᠯᠡᠬᠦ ᠳᠦᠷᠢᠮ》᠎ᠦᠨ ᠳᠥᠴᠢᠨ ᠲᠠᠪᠤᠳᠤᠭᠠᠷ ᠵᠦᠢᠯ᠄ ᠲᠤᠰ ᠳᠦᠷᠢᠮ᠎ᠦᠨ ᠲᠣᠭᠲᠠᠭᠠᠯ ᠠᠴᠠ ᠵᠥᠷᠢᠴᠡᠵᠦ᠂ ᠳᠣᠣᠷᠠᠬᠢ ᠦᠢᠯᠡ ᠠᠵᠢᠯᠯᠠᠭ᠎ᠠ᠎ᠶᠢᠨ ᠨᠢᠭᠡ᠎ᠶᠢ ᠬᠢᠭᠰᠡᠨ ᠪᠠᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠨᠤᠲᠤᠭ ᠪᠡᠯᠴᠢᠭᠡᠷ᠎ᠦᠨ ᠭᠠᠯ ᠲᠦᠢᠮᠡᠷ ᠰᠡᠷᠭᠡᠢᠯᠡᠬᠦ ᠠᠵᠢᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠶᠢ ᠨᠢ ᠵᠠᠷᠯᠢᠭ᠍ᠳᠠᠨ ᠵᠣᠭᠰᠣᠭᠠᠵᠤ᠂ ᠭᠠᠯ ᠲᠦᠢᠮᠡᠷ ᠰᠡᠷᠭᠡᠢᠯᠡᠬᠦ ᠠᠷᠭ᠎ᠠ ᠬᠡᠮᠵᠢᠶ᠎ᠡ ᠠᠪᠴᠤ᠂ ᠭᠠᠯ᠎ᠤᠨ ᠠᠶᠤᠯ ᠡᠭᠦᠰᠬᠦ ᠳᠠᠯᠳᠠ ᠭᠡᠮ᠎ᠢ ᠠᠷᠢᠯᠭᠠᠬᠤ᠎ᠶᠢᠨ ᠬᠠᠮᠲᠤ ᠬᠣᠯᠪᠣᠭᠳᠠᠯ ᠪᠦᠬᠦᠢ ᠬᠠᠷᠢᠭᠤᠴᠠᠯᠭ᠎ᠠ ᠲᠠᠶ ᠬᠥᠮᠥᠨ᠎ᠢ 200 ᠲᠥᠭᠥᠷᠢᠭ᠎ᠡᠴᠡ ᠳᠡᠭᠡᠭᠰᠢ 2000 ᠲᠥᠭᠥᠷᠢᠭ᠎ᠡᠴᠡ ᠳᠣᠷᠣᠭ᠍ᠰᠢᠬᠢ ᠵᠣᠭᠣᠰ᠎ᠢᠶᠠᠷ ᠲᠣᠷᠭᠠᠵᠤ᠂ ᠬᠣᠯᠪᠣᠭᠳᠠᠯ ᠪᠦᠬᠦᠢ ᠬᠠᠷᠢᠭᠤᠴᠠᠯᠭ᠎ᠠ ᠲᠠᠢ ᠨᠢᠭᠡᠴᠢ᠎ᠶᠢ 2000 ᠲᠥᠭᠥᠷᠢᠭ᠎ᠡᠴᠡ ᠳᠡᠭᠡᠭᠰᠢ 2 ᠲᠦᠮᠡᠨ ᠲᠥᠭᠥᠷᠢᠭ᠎ᠡᠴᠡ ᠳᠣᠷᠣᠭ᠍ᠰᠢᠬᠢ ᠵᠣᠭᠣᠰ᠎ᠢᠶᠠᠷ ᠲᠣᠷᠭᠠᠨ᠎ᠠ; ᠭᠠᠯ ᠲᠦᠢᠮᠡᠷ ᠰᠡᠷᠭᠡᠢᠯᠡᠬᠦ ᠠᠷᠭ᠎ᠠ ᠬᠡᠮᠵᠢᠶ᠎ᠡ ᠠᠪᠬᠤ᠂ ᠭᠠᠯ᠎ᠤᠨ ᠠᠶᠤᠯ ᠡᠭᠦᠰᠬᠦ ᠲᠡᠯᠳᠠ ᠭᠡᠮ᠎ᠢ ᠠᠷᠢᠯᠭᠠᠬᠤ᠎ᠶᠢ ᠲᠡᠪᠴᠢᠭᠰᠡᠨ ᠪᠠᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠨᠤᠲᠤᠭ ᠪᠡᠯᠴᠢᠭᠡᠷ᠎ᠦᠨ ᠭᠠᠯ ᠲᠦᠢᠮᠡᠷ᠎ᠢ ᠰᠡᠷᠭᠡᠢᠯᠡᠬᠦ ᠠᠵᠢᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠭᠠᠯ ᠲᠦᠢᠮᠡᠷ᠎ᠢ ᠰᠡᠷᠭᠡᠢᠯᠡᠬᠦ ᠠᠷᠭ᠎ᠠ ᠬᠡᠮᠵᠢᠶ᠎ᠡ ᠠᠪᠬᠤ᠂ ᠭᠠᠯ᠎ᠤᠨ ᠠᠶᠤᠯ ᠡᠭᠦᠰᠬᠦ ᠲᠡᠯᠳᠠ ᠭᠡᠮ᠎ᠢ ᠠᠷᠢᠯᠭᠠᠬᠤ ᠠᠵᠢᠯ᠎ᠢ ᠣᠷᠣᠯᠠᠨ ᠬᠢᠵᠦ᠂ ᠬᠡᠷᠡᠭᠰᠡᠬᠦ ᠵᠠᠷᠤᠳᠠᠯ᠎ᠢ ᠬᠠᠤᠯᠢ᠎ᠠᠴᠠ ᠵᠥᠷᠢᠴᠡᠭᠰᠡᠨ ᠨᠢᠭᠡᠴᠢ ᠪᠤᠶᠤ ᠬᠤᠪᠢ ᠬᠥᠮᠥᠨ ᠡᠭᠦᠷᠭᠡᠯᠡᠨ᠎ᠡ᠄ (ᠲᠠᠪᠤ) ᠨᠤᠲᠤᠭ ᠪᠡᠯᠴᠢᠭᠡᠷ᠎ᠦᠨ ᠭᠠᠯ ᠲᠦᠢᠮᠡᠷ ᠰᠡᠷᠭᠡᠢᠯᠡᠬᠦ᠎ᠶᠢᠨ ᠵᠠᠬᠢᠷᠤᠨ ᠬᠠᠮᠢᠶᠠᠷᠬᠤ ᠣᠷᠣᠨ᠎ᠳᠤ ᠲᠣᠭᠲᠠᠭᠠᠯ᠎ᠢ ᠦᠯᠦ ᠵᠢᠷᠤᠮᠯᠠᠨ ᠭᠠᠯ ᠬᠡᠷᠡᠭᠯᠡᠭᠰᠡᠨ᠃
ᠤᠤᠯ᠎ᠤᠨ ᠬᠡᠷᠡᠭᠵᠢᠭᠦᠯᠬᠦ ᠭᠣᠣᠯ ᠴᠣᠭᠴᠠ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ
ᠡᠷᠬᠡ ᠣᠯᠭᠣᠭᠰᠠᠨ᠎ᠤ ᠳᠠᠷᠠᠭᠠᠬᠢ ᠬᠡᠷᠡᠭᠵᠢᠭᠦᠯᠬᠦ ᠭᠣᠣᠯ ᠴᠣᠭᠴᠠ ᠥᠪᠥᠷ ᠮᠣᠩᠭᠣᠯ᠎ᠤᠨ ᠶᠡᠬᠡ ᠬᠢᠩᠭᠠᠨ ᠳᠠᠪᠠᠭᠠᠨ᠎ᠤ ᠣᠶ ᠰᠢᠭᠤᠢ᠎ᠶᠢᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ
ᠳ᠋ᠤᠭᠠᠷ 33.
ᠵᠦᠢᠯᠡᠰ᠎ᠦᠨ ᠨᠡᠷᠡᠢᠳᠦᠯ ᠡᠵᠡᠩᠨᠡᠭᠴᠢ ᠨᠤᠲᠤᠭ ᠪᠡᠯᠴᠢᠭᠡᠷ᠎ᠦᠨ ᠭᠠᠯ ᠲᠦᠢᠮᠡᠷ ᠰᠡᠷᠭᠡᠢᠯᠡᠬᠦ ᠬᠠᠷᠢᠭᠤᠴᠠᠯᠭ᠎ᠠ᠎ᠪᠠᠨ ᠦᠯᠦ ᠭᠦᠢᠴᠡᠳᠬᠡᠭᠰᠡᠨ ᠦᠢᠯᠡ ᠠᠵᠢᠯᠯᠠᠭ᠎ᠠ
ᠬᠡᠷᠡᠭᠵᠢᠭᠦᠯᠬᠦ ᠦᠨᠳᠦᠰᠦᠯᠡᠯ 《ᠨᠤᠲᠤᠭ ᠪᠡᠯᠴᠢᠭᠡᠷ᠎ᠦᠨ ᠭᠠᠯ ᠲᠦᠢᠮᠡᠷ᠎ᠢ ᠰᠡᠷᠭᠡᠢᠯᠡᠬᠦ ᠳᠦᠷᠢᠮ》᠎ᠦᠨ ᠳᠥᠴᠢᠨ ᠵᠢᠷᠭᠤᠳᠤᠭᠠᠷ ᠵᠦᠢᠯ᠄ ᠲᠤᠰ ᠳᠦᠷᠢᠮ᠎ᠦᠨ ᠲᠣᠭᠲᠠᠭᠠᠯ᠎ᠡᠴᠡ ᠵᠥᠷᠢᠴᠡᠵᠦ᠂ ᠨᠤᠲᠤᠭ ᠪᠡᠯᠴᠢᠭᠡᠷ ᠳᠡᠭᠡᠷᠡᠬᠢ ᠦᠢᠯᠡᠳᠪᠦᠷᠢᠯᠡᠯ ᠡᠵᠡᠩᠨᠡᠯᠲᠡ ᠵᠡᠷᠭᠡ ᠨᠢᠭᠡᠴᠢ ᠨᠤᠲᠤᠭ ᠪᠡᠯᠴᠢᠭᠡᠷ᠎ᠦᠨ ᠭᠠᠯ ᠲᠦᠢᠮᠡᠷ᠎ᠢ ᠰᠡᠷᠭᠡᠢᠯᠡᠬᠦ ᠬᠠᠷᠢᠭᠤᠴᠠᠯᠭ᠎ᠠ᠎ᠶᠢᠨ ᠳᠦᠷᠢᠮ᠎ᠢ ᠦᠯᠦ ᠲᠣᠭᠲᠠᠭᠠᠭᠰᠠᠨ ᠪᠤᠶᠤ ᠦᠯᠦ ᠨᠠᠢᠳᠠᠪᠤᠷᠢᠵᠢᠭᠤᠯᠤᠭᠰᠠᠨ ᠪᠠᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠨᠤᠲᠤᠭ ᠪᠡᠯᠴᠢᠭᠡᠷ᠎ᠦᠨ ᠭᠠᠯ ᠲᠦᠢᠮᠡᠷ ᠰᠡᠷᠭᠡᠢᠯᠡᠬᠦ ᠠᠵᠢᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠠᠷᠯᠢᠭ᠍ᠳᠠᠨ ᠵᠠᠯᠠᠷᠠᠭᠤᠯᠵᠤ᠂ ᠬᠣᠯᠪᠣᠭᠳᠠᠯ ᠪᠦᠬᠦᠢ ᠬᠠᠷᠢᠭᠤᠴᠠᠯᠭ᠎ᠠ ᠲᠠᠢ ᠨᠢᠭᠡᠴᠢ᠎ᠶᠢ 5000 ᠲᠥᠭᠥᠷᠢᠭ᠎ᠡᠴᠡ ᠳᠡᠭᠡᠭᠰᠢ 2 ᠲᠦᠮᠡᠨ ᠲᠥᠭᠥᠷᠢᠭ᠎ᠡᠴᠡ ᠳᠣᠷᠣᠭ᠍ᠰᠢᠬᠢ ᠵᠣᠭᠣᠰ᠎ᠢᠶᠠᠷ ᠲᠣᠷᠭᠠᠨ᠎ᠠ᠃
ᠤᠤᠯ᠎ᠤᠨ ᠬᠡᠷᠡᠭᠵᠢᠭᠦᠯᠬᠦ ᠭᠣᠣᠯ ᠴᠣᠭᠴᠠ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ
ᠡᠷᠬᠡ ᠣᠯᠭᠣᠭᠰᠠᠨ᠎ᠤ ᠳᠠᠷᠠᠭᠠᠬᠢ ᠬᠡᠷᠡᠭᠵᠢᠭᠦᠯᠬᠦ ᠭᠣᠣᠯ ᠴᠣᠭᠴᠠ ᠥᠪᠥᠷ ᠮᠣᠩᠭᠣᠯ᠎ᠤᠨ ᠶᠡᠬᠡ ᠬᠢᠩᠭᠠᠨ ᠳᠠᠪᠠᠭᠠᠨ᠎ᠤ ᠣᠶ ᠰᠢᠭᠤᠢ᠎ᠶᠢᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2025 ᠣᠨ᠎ᠤ 8 ᠳ᠋ᠤᠭᠠᠷ ᠰᠠᠷ᠎ᠠ᠎ᠶᠢᠨ 25᠎ᠦ ᠡᠳᠦᠷ ᠳᠠᠷᠤᠮᠠᠯᠯᠠᠨ ᠲᠠᠷᠬᠠᠭᠠᠪᠠ