ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠠᠷᠠᠳ᠎ᠤᠨ ᠵᠠᠰᠠᠭ᠎ᠤᠨ ᠣᠷᠳᠣᠨ᠎ᠤ ᠪᠢᠴᠢᠭ ᠮᠠᠲ᠋ᠧᠷᠢᠶᠠᠯ
ᠥᠪᠥᠷ ᠵᠠᠰᠠᠭ ᠲᠠᠷᠬᠠᠭ᠋ᠠᠭᠰᠠᠨ [2024] 36 ᠳ᠋ᠤᠭ᠋ᠠᠷ ᠲᠣᠭ᠋ᠠᠲᠤ
ᠤᠰᠤᠨ᠎ᠤ ᠡᠬᠢ ᠰᠤᠷᠪᠤᠯᠵᠢ ᠵᠢᠨ ᠭᠠᠢ᠌ᠯᠢ ᠵᠢᠨ ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ᠎ᠤᠨ ᠬᠣᠯᠪᠣᠭᠳᠠᠯ ᠪᠦᠬᠦᠢ ᠵᠦᠢ᠍ᠯᠡᠰ᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠢ᠌ᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
ᠤᠰᠤᠨ᠎ᠤ ᠡᠬᠢ ᠰᠤᠷᠪᠤᠯᠵᠢ᠎ᠳᠠᠬᠢ ᠬᠠᠮᠢᠶᠠᠷᠤᠯᠲᠠ ᠪᠠ ᠬᠠᠮᠠᠭ᠋ᠠᠯᠠᠯᠲᠠ ᠵᠢ ᠴᠢᠩᠭ᠋ᠠᠳᠬᠠᠵᠤ᠂ ᠤᠰᠤᠨ᠎ᠤ ᠡᠬᠢ ᠰᠤᠷᠪᠤᠯᠵᠢ ᠵᠢ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠵᠢ ᠠᠬᠢᠭᠤᠯᠬᠤ ᠵᠢᠨ ᠲᠤᠰᠠᠳᠠ᠂ 《〈ᠤᠰᠤᠨ᠎ᠤ ᠡᠬᠢ ᠰᠣᠷᠪᠤᠯᠵᠢ ᠵᠢᠨ ᠭᠠᠢ᠌ᠯᠢ ᠵᠢᠨ ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ᠎ᠤᠨ ᠬᠡᠷᠡᠭᠵᠢᠭᠦᠯᠬᠦ ᠠᠷᠭ᠎ᠠ〉 ᠵᠢ ᠳᠠᠷᠤᠮᠠᠯᠯᠠᠨ ᠶᠠᠪᠤᠭᠤᠯᠬᠤ ᠲᠤᠬᠠᠢ ᠡᠳ᠋᠎ᠤᠨ ᠵᠠᠰᠠᠭ᠎ᠤᠨ ᠶᠠᠮᠤᠨ ᠭᠠᠢ᠌ᠯᠢ ᠵᠢᠨ ᠶᠠᠪᠤᠳᠠᠯ᠎ᠤᠨ ᠶᠡᠷᠦᠩᠬᠡᠢ ᠲᠣᠪᠴᠢᠶ᠎ᠠ ᠤᠰᠤᠨ ᠠᠰᠢᠭᠯᠠᠯᠲᠠ ᠵᠢᠨ ᠶᠠᠮᠤᠨ᠎ᠤ ᠮᠡᠳᠡᠭᠳᠡᠯ》 (ᠡᠳ᠋᠎ᠤᠨ ᠵᠠᠰᠠᠭ ᠭᠠᠢ᠌ᠯᠢ [2024] 28 ᠳ᠋ᠤᠭ᠋ᠠᠷ ᠲᠣᠭ᠋ᠠᠲᠤ᠂ ᠳᠣᠷᠣᠭᠰᠢ 《ᠤᠰᠤᠨ᠎ᠤ ᠡᠬᠢ ᠰᠣᠷᠪᠤᠯᠵᠢ ᠵᠢᠨ ᠭᠠᠢ᠌ᠯᠢ ᠵᠢᠨ ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ᠎ᠤᠨ ᠬᠡᠷᠡᠭᠵᠢᠭᠦᠯᠬᠦ ᠠᠷᠭ᠎ᠠ》 ᠭᠡᠵᠦ ᠲᠣᠪᠴᠢᠯᠠᠨ᠎ᠠ)᠎ᠤᠨ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠣᠣᠯ ᠰᠢᠵᠢᠮᠯᠦᠭᠡ ᠨᠢᠭᠲᠠ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ᠎ᠪᠠᠨ ᠤᠶᠠᠯᠳᠤᠭᠤᠯᠵᠤ᠂ ᠡᠳᠦᠭᠡ ᠪᠥᠬᠥ ᠣᠷᠣᠨ᠎ᠤ ᠤᠰᠤᠨ᠎ᠤ ᠡᠬᠢ ᠰᠤᠷᠪᠤᠯᠵᠢ ᠵᠢᠨ ᠭᠠᠢ᠌ᠯᠢ ᠵᠢᠨ ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ᠎ᠤᠨ ᠬᠣᠯᠪᠣᠭᠳᠠᠯ ᠪᠦᠬᠦᠢ ᠵᠦᠢ᠍ᠯᠡᠰ᠎ᠢ ᠳᠣᠣᠷᠠᠬᠢ ᠮᠡᠲᠦ ᠮᠡᠳᠡᠭᠳᠡᠶ᠎ᠡ᠃
ᠨᠢᠭᠡ᠂ ᠥᠪᠡᠷᠲᠡᠭᠡᠨ ᠵᠠᠰᠠᠬᠤ ᠣᠷᠣᠨ᠎ᠤ ᠣᠯᠠᠨ ᠨᠡᠢ᠍ᠢ᠍ᠲᠡ ᠵᠢᠨ ᠤᠰᠤ ᠬᠠᠩᠭ᠋ᠠᠬᠤ ᠬᠣᠭᠣᠯᠠᠢ ᠭᠤᠤᠷᠰᠤ ᠵᠢᠨ ᠲᠣᠣᠷ᠎ᠤᠨ ᠵᠦᠢ ᠶᠣᠰᠣᠨ᠎ᠤ ᠯᠡᠪᠡᠷᠡᠵᠦ ᠡᠪᠳᠡᠷᠡᠬᠦ ᠨᠣᠷᠮ᠎ᠠ ᠵᠢ 11%᠎ᠳᠤ ᠬᠢᠵᠠᠭ᠋ᠠᠷᠯᠠᠨ᠎ᠠ᠃
ᠬᠣᠶᠠᠷ᠂ ᠢᠯᠴᠢ ᠵᠢᠨ ᠬᠦᠴᠦᠨ᠎ᠤ ᠴᠠᠬᠢᠯᠭ᠋ᠠᠨ ᠭᠠᠷᠭ᠋ᠠᠯᠲᠠ ᠵᠢᠨ ᠲᠣᠭᠲᠠᠮᠠᠯ ᠭᠦᠶᠦᠳᠡᠯᠲᠦ ᠬᠥᠷᠥᠭᠡᠯᠲᠡ᠎ᠳᠤ ᠲᠠᠲᠠᠨ ᠬᠡᠷᠡᠭᠯᠡᠬᠦ ᠤᠰᠤᠨ᠎ᠠᠴᠠ ᠪᠣᠳᠠᠲᠠᠢ ᠴᠠᠬᠢᠯᠭ᠋ᠠᠨ ᠭᠠᠷᠭ᠋ᠠᠭᠰᠠᠨ ᠬᠡᠮᠵᠢᠶ᠎ᠡ᠎ᠪᠠᠷ᠎ᠨᠢ ᠤᠰᠤᠨ᠎ᠤ ᠡᠬᠢ ᠰᠣᠷᠪᠤᠯᠵᠢ ᠵᠢᠨ ᠭᠠᠢ᠌ᠯᠢ ᠲᠠᠲᠠᠪᠤᠷᠢᠯᠠᠵᠤ᠂ ᠪᠤᠰᠤᠳ ᠬᠥᠷᠥᠭᠡᠯᠲᠡ᠎ᠳᠤ ᠲᠠᠲᠠᠨ ᠬᠡᠷᠡᠭᠯᠡᠬᠦ ᠤᠰᠤᠨ᠎ᠠᠴᠠ ᠪᠣᠳᠠᠲᠠᠢ ᠲᠠᠲᠠᠵᠤ ᠬᠡᠷᠡᠭᠯᠡᠬᠦ ᠤᠰᠤᠨ᠎ᠤ ᠬᠡᠮᠵᠢᠶ᠎ᠡ᠎ᠪᠠᠷ᠎ᠨᠢ ᠤᠰᠤᠨ᠎ᠤ ᠡᠬᠢ ᠰᠣᠷᠪᠤᠯᠵᠢ ᠵᠢᠨ ᠭᠠᠢ᠌ᠯᠢ ᠲᠠᠲᠠᠪᠤᠷᠢᠯᠠᠨ᠎ᠠ᠃
ᠭᠤᠷᠪᠠ᠂ ᠥᠪᠡᠷᠲᠡᠭᠡᠨ ᠵᠠᠰᠠᠬᠤ ᠣᠷᠣᠨ᠎ᠤ ᠡᠯ᠎ᠡ ᠲᠥᠷᠥᠯ ᠬᠡᠯᠪᠡᠷᠢ ᠵᠢᠨ ᠲᠠᠲᠠᠵᠤ ᠬᠡᠷᠡᠭᠯᠡᠬᠦ ᠤᠰᠤᠨ᠎ᠤ ᠪᠣᠳᠠᠲᠠᠢ ᠲᠣᠬᠢᠷᠠᠭᠤᠯᠤᠨ ᠬᠡᠷᠡᠭᠯᠡᠬᠦ ᠭᠠᠢ᠌ᠯᠢ ᠵᠢᠨ ᠲᠣᠭ᠋ᠠᠨ᠎ᠤ ᠪᠠᠷᠢᠮᠵᠢᠶ᠎ᠠ ᠵᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠡᠬᠢ ᠰᠣᠷᠪᠤᠯᠵᠢ ᠵᠢᠨ ᠭᠠᠢ᠌ᠯᠢ᠎ᠳᠤ ᠲᠣᠬᠢᠷᠠᠭᠤᠯᠤᠨ ᠬᠡᠷᠡᠭᠯᠡᠬᠦ ᠭᠠᠢ᠌ᠯᠢ ᠵᠢᠨ ᠲᠣᠭ᠋ᠠᠨ᠎ᠤ ᠬᠦᠰᠦᠨᠦᠭᠲᠦ》 (ᠳᠠᠭ᠋ᠠᠯᠳᠤᠭᠤᠯᠤᠯ᠎ᠳᠤ ᠦᠵᠡ) ᠵᠢᠨ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃
ᠳᠥᠷᠪᠡ᠂ ᠲᠠᠷᠢᠶᠠᠯᠠᠩ᠎ᠤᠨ ᠦᠢ᠍ᠯᠡᠳᠪᠦᠷᠢᠯᠡᠯ᠂ ᠬᠥᠳᠡᠭᠡ ᠲᠣᠰᠬᠣᠨ᠎ᠤ ᠬᠥᠮᠥᠨ ᠠᠮᠠ ᠵᠢᠨ ᠠᠮᠢᠳᠤᠷᠠᠯ᠎ᠳᠤ ᠬᠡᠷᠡᠭᠯᠡᠬᠦ ᠲᠥᠪᠯᠡᠷᠡᠩᠭᠦᠢ ᠮᠠᠶᠢᠭ᠎ᠤᠨ ᠤᠤᠭᠤᠬᠤ ᠤᠰᠤᠨ᠎ᠤ ᠢᠨᠵᠧᠨᠧᠷᠢᠩ᠂ ᠬᠣᠲᠠ ᠪᠠᠯᠭ᠋ᠠᠰᠤᠨ᠎ᠤ ᠤᠯᠠᠨ ᠨᠡᠢ᠍ᠢ᠍ᠳᠡ ᠵᠢᠨ ᠤᠰᠤ ᠬᠠᠩᠭ᠋ᠠᠬᠤ᠂ ᠤᠰᠤᠨ ᠬᠦᠴᠦᠨ ᠵᠶ᠋ᠠᠷ ᠴᠠᠬᠢᠯᠭ᠋ᠠᠨ ᠭᠠᠷᠭ᠋ᠠᠬᠤ᠂ ᠢᠯᠴᠢ ᠵᠢᠨ ᠬᠦᠴᠦᠨ᠎ᠤ ᠴᠠᠬᠢᠯᠭ᠋ᠠᠨ ᠭᠠᠷᠭ᠋ᠠᠯᠲᠠ ᠵᠢᠨ ᠲᠣᠭᠲᠠᠮᠠᠯ ᠭᠦᠶᠦᠳᠡᠯᠲᠦ ᠬᠥᠷᠥᠭᠡᠯᠲᠡ᠎ᠳᠤ ᠲᠠᠲᠠᠨ ᠬᠡᠷᠡᠭᠯᠡᠬᠦ ᠤᠰᠤ᠎ᠠᠴᠠ ᠭᠠᠳᠠᠨ᠎ᠠ᠂ ᠤᠰᠤᠨ᠎ᠤ ᠡᠬᠢ ᠰᠤᠷᠪᠤᠯᠵᠢ᠎ᠪᠠᠷ ᠬᠦᠨᠳᠦ ᠨᠣᠴᠢᠲᠠᠢ ᠳᠤᠲᠠᠭᠳᠠᠵᠤ ᠪᠠᠢ᠌ᠭ᠎ᠠ ᠪᠠ ᠳᠠᠭ᠋ᠠᠭ᠋ᠠᠴᠠ᠎ᠠᠴᠠ᠎ᠨᠢ ᠬᠡᠲᠦᠷᠡᠲᠡᠯ᠎ᠡ ᠤᠰᠤ ᠲᠠᠲᠠᠭᠰᠠᠨ ᠭᠠᠵᠠᠷ ᠣᠷᠣᠨ᠎ᠠᠴᠠ ᠤᠰᠤ ᠲᠠᠲᠠᠵᠤ ᠬᠡᠷᠡᠭᠯᠡᠪᠡᠯ᠂ ᠭᠠᠢ᠌ᠯᠢ ᠵᠢᠨ ᠲᠣᠭ᠋ᠠᠨ᠎ᠤ ᠪᠠᠷᠢᠮᠵᠢᠶ᠎ᠠ ᠵᠢ ᠠᠳᠠᠯᠢ ᠲᠥᠷᠥᠯ ᠬᠡᠯᠪᠡᠷᠢ ᠵᠢᠨ ᠤᠰᠤ ᠲᠠᠲᠠᠵᠤ ᠬᠡᠷᠡᠭᠯᠡᠬᠦ ᠪᠠᠷᠢᠮᠵᠢᠶᠠᠨ᠎ᠤ 2 ᠲᠠᠬᠢᠨ ᠵᠶ᠋ᠠᠷ ᠲᠠᠲᠠᠪᠤᠷᠢᠯᠠᠨ᠎ᠠ᠃
ᠲᠠᠪᠤ᠂ ᠲᠠᠷᠢᠶᠠᠯᠠᠩ᠎ᠤᠨ ᠦᠢ᠍ᠯᠡᠳᠪᠦᠷᠢᠯᠡᠯ᠂ ᠬᠥᠳᠡᠭᠡ ᠲᠣᠰᠬᠣᠨ᠎ᠤ ᠬᠥᠮᠥᠨ ᠠᠮᠠ ᠵᠢᠨ ᠠᠮᠢᠳᠤᠷᠠᠯ᠎ᠳᠤ ᠬᠡᠷᠡᠭᠯᠡᠬᠦ ᠲᠥᠪᠯᠡᠷᠡᠩᠭᠦᠢ ᠮᠠᠶᠢᠭ᠎ᠤᠨ ᠤᠤᠭᠤᠬᠤ ᠤᠰᠤᠨ᠎ᠤ ᠢᠨᠵᠧᠨᠧᠷᠢᠩ᠂ ᠬᠤᠳᠠ ᠪᠠᠯᠭ᠋ᠠᠰᠤᠨ᠎ᠤ ᠤᠯᠠᠨ ᠨᠡᠢ᠍ᠢ᠍ᠲᠡ ᠵᠢᠨ ᠤᠰᠤ ᠬᠠᠩᠭ᠋ᠠᠬᠤ᠂ ᠤᠰᠤᠨ ᠬᠦᠴᠦᠨ ᠵᠶ᠋ᠠᠷ ᠴᠠᠬᠢᠯᠭ᠋ᠠᠨ ᠭᠠᠷᠭ᠋ᠠᠬᠤ᠂ ᠢᠯᠴᠢ ᠵᠢᠨ ᠬᠦᠴᠦᠨ᠎ᠤ ᠴᠠᠬᠢᠯᠭ᠋ᠠᠨ ᠭᠠᠷᠭ᠋ᠠᠯᠲᠠ ᠵᠢᠨ ᠲᠣᠭᠲᠠᠮᠠᠯ ᠭᠦᠶᠦᠳᠡᠯᠲᠦ ᠬᠥᠷᠥᠭᠡᠯᠲᠡ᠎ᠳᠤ ᠲᠠᠲᠠᠨ ᠬᠡᠷᠡᠭᠯᠡᠬᠦ ᠤᠰᠤ᠎ᠠᠴᠠ ᠭᠠᠳᠠᠨ᠎ᠠ᠂ ᠭᠠᠢ᠌ᠯᠢ ᠲᠤᠰᠢᠶᠠᠭᠴᠢ ᠵᠢᠨ ᠲᠤᠬᠠᠢ ᠵᠢᠨ ᠵᠢᠯ᠎ᠤᠨ ᠤᠰᠤ ᠲᠠᠲᠠᠵᠤ ᠬᠡᠷᠡᠭᠯᠡᠭᠰᠡᠨ ᠨᠡᠢ᠍ᠢ᠍ᠳᠡ ᠬᠡᠮᠵᠢᠶᠡᠨ᠎ᠳᠠᠬᠢ ᠤᠰᠤ ᠲᠠᠲᠠᠬᠤ ᠲᠥᠯᠥᠪᠯᠡᠭᠡ᠎ᠠᠴᠠ ᠬᠡᠲᠦᠷᠡᠭᠰᠡᠨ ᠬᠡᠰᠡᠭ᠎ᠠᠴᠠ᠎ᠨᠢ ᠭᠠᠢ᠌ᠯᠢ ᠵᠢᠨ ᠶᠠᠪᠤᠳᠠᠯ᠎ᠤᠨ ᠭᠣᠣᠯᠴᠢᠯᠠᠨ ᠬᠠᠮᠢᠶᠠᠷᠬᠤ ᠪᠠᠢ᠌ᠭᠤᠯᠭ᠎ᠠ᠎ᠠᠴᠠ ᠳᠣᠣᠷᠠᠬᠢ ᠭᠠᠢ᠌ᠯᠢ ᠵᠢᠨ ᠲᠣᠭ᠋ᠠᠨ᠎ᠤ ᠪᠠᠷᠢᠮᠵᠢᠶ᠎ᠠ᠎ᠪᠠᠷ ᠤᠰᠤᠨ᠎ᠤ ᠡᠬᠢ ᠰᠣᠷᠪᠤᠯᠵᠢ ᠵᠢᠨ ᠭᠠᠢ᠌ᠯᠢ ᠲᠠᠲᠠᠪᠤᠷᠢᠯᠠᠬᠤ ᠬᠡᠷᠡᠭᠲᠡᠢ᠄
(ᠨᠢᠭᠡ) ᠲᠥᠯᠥᠪᠯᠡᠭᠡ᠎ᠠᠴᠠ 20% (ᠪᠠᠭᠲᠠᠨ᠎ᠠ)᠎ᠠᠴᠠ ᠳᠣᠷᠣᠭᠰᠢ ᠬᠡᠲᠦᠷᠡᠭᠰᠡᠨ ᠤᠰᠤᠨ᠎ᠤ ᠬᠡᠮᠵᠢᠶᠡᠨ᠎ᠤ ᠬᠡᠰᠡᠭ᠎ᠠᠴᠠ ᠤᠤᠯ᠎ᠤᠨ ᠭᠠᠢ᠌ᠯᠢ ᠵᠢᠨ ᠲᠣᠭ᠋ᠠᠨ᠎ᠤ ᠪᠠᠷᠢᠮᠵᠢᠶ᠎ᠠ ᠵᠢᠨ 2 ᠲᠠᠬᠢᠨ ᠵᠶ᠋ᠠᠷ ᠲᠠᠲᠠᠪᠤᠷᠢᠯᠠᠨ᠎ᠠ᠃
(ᠬᠣᠶᠠᠷ) ᠲᠥᠯᠥᠪᠯᠡᠭᠡ᠎ᠠᠴᠠ 20% - 40% (ᠪᠠᠭᠲᠠᠨ᠎ᠠ) ᠵᠢᠨ ᠵᠠᠢ᠎ᠳᠤ ᠬᠡᠲᠦᠷᠡᠭᠰᠡᠨ ᠤᠰᠤᠨ᠎ᠤ ᠬᠡᠮᠵᠢᠶᠡᠨ᠎ᠤ ᠬᠡᠰᠡᠭ᠎ᠠᠴᠠ ᠤᠤᠯ᠎ᠤᠨ ᠭᠠᠢ᠌ᠯᠢ ᠵᠢᠨ ᠲᠣᠭ᠋ᠠᠨ᠎ᠤ ᠪᠠᠷᠢᠮᠵᠢᠶ᠎ᠠ ᠵᠢᠨ 3 ᠳᠠᠬᠢᠨ ᠵᠶ᠋ᠠᠷ ᠲᠠᠲᠠᠪᠤᠷᠢᠯᠠᠨ᠎ᠠ᠃
(ᠭᠤᠷᠪᠠ) ᠲᠥᠯᠥᠪᠯᠡᠭᠡ᠎ᠠᠴᠠ 40%᠎ᠠᠴᠠ ᠳᠡᠭᠡᠭᠰᠢ ᠬᠡᠲᠦᠷᠡᠭᠰᠡᠨ ᠤᠰᠤᠨ᠎ᠤ ᠬᠡᠮᠵᠢᠶᠡᠨ᠎ᠤ ᠬᠡᠰᠡᠭ᠎ᠠᠴᠠ ᠤᠤᠯ᠎ᠤᠨ ᠭᠠᠢ᠌ᠯᠢ ᠵᠢᠨ ᠲᠣᠭ᠋ᠠᠨ᠎ᠤ ᠪᠠᠷᠢᠮᠵᠢᠶ᠎ᠠ ᠵᠢᠨ 4 ᠳᠠᠬᠢᠨ ᠵᠶ᠋ᠠᠷ ᠲᠠᠲᠠᠪᠤᠷᠢᠯᠠᠨ᠎ᠠ᠃
ᠵᠢᠷᠭᠤᠭ᠎ᠠ᠂ ᠵᠥᠪᠰᠢᠶᠡᠷᠡᠯ ᠦᠭᠡᠢ᠎ᠪᠠᠷ ᠳᠤᠷ᠎ᠠ᠎ᠪᠠᠷ ᠵᠶ᠋ᠠᠨ ᠤᠰᠤ ᠲᠠᠲᠠᠵᠤ ᠬᠡᠷᠡᠭᠯᠡᠪᠡᠯ᠂ ᠠᠳᠠᠯᠢ ᠲᠥᠷᠥᠯ ᠬᠡᠯᠪᠡᠷᠢ ᠵᠢᠨ ᠤᠰᠤ ᠲᠠᠲᠠᠵᠤ ᠬᠡᠷᠡᠭᠯᠡᠬᠦ ᠭᠠᠢ᠌ᠯᠢ ᠵᠢᠨ ᠲᠣᠭ᠋ᠠᠨ᠎ᠤ ᠪᠠᠷᠢᠮᠵᠢᠶ᠎ᠠ ᠵᠢᠨ 4 ᠳᠠᠬᠢᠨ ᠵᠶ᠋ᠠᠷ ᠲᠠᠲᠠᠪᠤᠷᠢᠯᠠᠨ᠎ᠠ᠃
ᠳᠣᠯᠣᠭ᠎ᠠ᠂ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠠᠵᠤ ᠠᠬᠤᠢ᠌ᠯᠠᠯ᠎ᠤᠨ ᠤᠰᠤ ᠲᠠᠲᠠᠵᠤ ᠬᠡᠷᠡᠭᠯᠡᠬᠦ ᠬᠡᠮᠵᠢᠶ᠎ᠡ᠎ᠨᠢ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠤᠰᠤ ᠲᠠᠲᠠᠵᠤ ᠬᠡᠷᠡᠭᠯᠡᠬᠦ ᠬᠢᠵᠠᠭ᠋ᠠᠷ ᠲᠣᠭ᠋ᠠᠨ᠎ᠠᠴᠠ ᠬᠡᠲᠦᠷᠡᠭᠰᠡᠨ ᠬᠡᠰᠡᠭ (ᠬᠤᠳᠠᠯᠳᠤᠨ ᠠᠪᠤᠭᠰᠠᠨ ᠤᠰᠤᠨ᠎ᠤ ᠥᠮᠴᠢᠯᠡᠨ ᠬᠡᠷᠡᠭᠯᠡᠬᠦ ᠡᠷᠬᠡ ᠵᠢᠨ ᠬᠡᠰᠡᠭ ᠪᠠᠭᠲᠠᠬᠤ ᠦᠭᠡᠢ)᠎ᠲᠤ ᠤᠰᠤ ᠲᠠᠲᠠᠵᠤ ᠬᠡᠷᠡᠭᠯᠡᠬᠦ ᠨᠢᠭᠡᠴᠢ᠎ᠨᠢ ᠤᠰᠤᠨ᠎ᠤ ᠡᠬᠢ ᠰᠣᠷᠪᠤᠯᠵᠢ ᠵᠢᠨ ᠭᠠᠢ᠌ᠯᠢ ᠲᠤᠰᠢᠶᠠᠨ᠎ᠠ᠃ ᠤᠰᠤ ᠲᠠᠲᠠᠬᠤ ᠵᠥᠪᠰᠢᠶᠡᠷᠡᠯ᠎ᠤᠨ ᠤᠰᠤᠨ᠎ᠤ ᠬᠡᠮᠵᠢᠶ᠎ᠡ᠎ᠪᠠᠷ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠠᠵᠤ ᠠᠬᠤᠢ᠌ᠯᠠᠯ᠎ᠤᠨ ᠤᠰᠤ ᠲᠠᠲᠠᠵᠤ ᠬᠡᠷᠡᠭᠯᠡᠬᠦ ᠬᠢᠵᠠᠭ᠋ᠠᠷ ᠲᠣᠭ᠋ᠠᠨ᠎ᠤ ᠪᠠᠷᠢᠮᠵᠢᠶ᠎ᠠ ᠪᠣᠯᠭ᠋ᠠᠨ᠎ᠠ᠃
ᠨᠠᠢ᠍ᠮᠠ᠂ ᠭᠠᠢ᠌ᠯᠢ ᠲᠤᠰᠢᠶᠠᠭᠴᠢ᠎ᠳᠤ 《ᠤᠰᠤᠨ᠎ᠤ ᠡᠬᠢ ᠰᠣᠷᠪᠤᠯᠵᠢ ᠵᠢᠨ ᠭᠠᠢ᠌ᠯᠢ ᠵᠢᠨ ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ᠎ᠤᠨ ᠬᠡᠷᠡᠭᠵᠢᠭᠦᠯᠬᠦ ᠠᠷᠭ᠎ᠠ》 ᠵᠢᠨ ᠬᠣᠷᠢᠨ ᠵᠢᠷᠭᠤᠳᠤᠭ᠋ᠠᠷ ᠵᠦᠢ᠍ᠯ᠎ᠳᠤ ᠲᠣᠭᠲᠠᠭ᠋ᠠᠭᠰᠠᠨ ᠪᠠᠢ᠌ᠳᠠᠯ ᠪᠠᠢ᠌ᠪᠠᠯ᠂ ᠡᠳᠦᠷ ᠪᠦᠷᠢ ᠵᠢᠨ 24 ᠴᠠᠭ᠎ᠤᠨ ᠦᠷᠭᠦᠯᠵᠢᠯᠡᠨ ᠤᠰᠤ ᠲᠠᠲᠠᠬᠤ (ᠤᠰᠤ ᠲᠠᠲᠠᠷᠠᠭᠤᠯᠬᠤ) ᠬᠠᠮᠤᠭ᠎ᠤᠨ ᠶᠡᠬᠡ ᠴᠢᠳᠠᠪᠤᠷᠢ᠎ᠪᠠᠷ ᠪᠤᠶᠤ ᠥᠩᠭᠡᠷᠡᠭᠰᠡᠨ᠎ᠤ ᠤᠰᠤ ᠲᠠᠲᠠᠵᠤ ᠬᠡᠷᠡᠭᠯᠡᠭᠰᠡᠨ ᠳᠤᠮᠳᠠᠴᠢ ᠬᠡᠮᠵᠢᠶ᠎ᠡ (ᠤᠰᠤ ᠲᠠᠲᠠᠷᠠᠭᠤᠯᠬᠤ ᠬᠡᠮᠵᠢᠶ᠎ᠡ)᠎ᠪᠠᠷ ᠯᠠᠪᠯᠠᠯᠲᠠ ᠪᠣᠯᠭ᠋ᠠᠵᠤ ᠭᠠᠢ᠌ᠯᠢ ᠲᠤᠰᠢᠶᠠᠭᠴᠢ ᠵᠢᠨ ᠤᠰᠤ ᠲᠠᠲᠠᠵᠤ ᠬᠡᠷᠡᠭᠯᠡᠬᠦ ᠬᠡᠮᠵᠢᠶ᠎ᠡ (ᠤᠰᠤ ᠲᠠᠲᠠᠷᠠᠭᠤᠯᠬᠤ ᠬᠡᠮᠵᠢᠶ᠎ᠡ) ᠵᠢ ᠬᠢᠨᠠᠨ ᠲᠣᠭᠲᠠᠭ᠋ᠠᠨ᠎ᠠ᠃
ᠠᠭᠤᠷᠬᠠᠢ ᠵᠢᠨ ᠭᠠᠷᠤᠯᠲᠠ ᠨᠡᠭᠡᠭᠡᠨ ᠮᠠᠯᠲᠠᠬᠤ ᠠᠵᠢᠯ ᠬᠢᠵᠦ ᠪᠠᠢ᠌ᠭ᠎ᠠ ᠴᠡᠪᠡᠷᠯᠡᠨ ᠬᠠᠳᠠᠭ᠋ᠠᠵᠦ ᠤᠰᠤ ᠲᠠᠲᠠᠷᠠᠭᠤᠯᠬᠤ ᠨᠢᠭᠡᠴᠢ ᠪᠠ ᠬᠤᠪᠢ ᠬᠥᠮᠥᠨ᠎ᠳᠤ᠂ 《ᠤᠰᠤᠨ᠎ᠤ ᠡᠬᠢ ᠰᠣᠷᠪᠤᠯᠵᠢ ᠵᠢᠨ ᠭᠠᠢ᠌ᠯᠢ ᠵᠢᠨ ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ᠎ᠤᠨ ᠬᠡᠷᠡᠭᠵᠢᠭᠦᠯᠬᠦ ᠠᠷᠭ᠎ᠠ》 ᠵᠢᠨ ᠬᠣᠷᠢᠨ ᠵᠢᠷᠭᠤᠳᠤᠭ᠋ᠠᠷ ᠵᠦᠢ᠍ᠯ᠎ᠳᠤ ᠲᠣᠭᠲᠠᠭ᠋ᠠᠭᠰᠠᠨ ᠪᠠᠢ᠌ᠳᠠᠯ ᠪᠠᠢ᠌ᠪᠠᠯ᠂ ᠳᠡᠭᠡᠷ᠎ᠡ ᠳᠤᠷᠠᠳᠤᠭᠰᠠᠨ ᠬᠣᠶᠠᠷ ᠵᠦᠢ᠍ᠯ᠎ᠤᠨ ᠠᠷᠭ᠎ᠠ ᠵᠢ ᠠᠪᠤᠭᠰᠠᠨ᠎ᠤ ᠲᠠᠷᠠᠭ᠎ᠠ ᠲᠡᠭᠦᠨ᠎ᠤ ᠲᠠᠲᠠᠵᠤ ᠬᠡᠷᠡᠭᠯᠡᠭᠰᠡᠨ ᠤᠰᠤᠨ᠎ᠤ ᠬᠡᠮᠵᠢᠶ᠎ᠡ ᠵᠢ ᠮᠥᠨ ᠬᠦ᠌ ᠬᠢᠨᠠᠨ ᠲᠣᠭᠲᠠᠭ᠋ᠠᠵᠤ ᠳᠡᠢ᠍ᠢ᠍ᠯᠬᠦ ᠦᠭᠡᠢ ᠪᠤᠶᠤ ᠲᠠᠲᠠᠵᠤ ᠬᠡᠷᠡᠭᠯᠡᠭᠰᠡᠨ ᠤᠰᠤᠨ᠎ᠤ ᠬᠡᠮᠵᠢᠶ᠎ᠡ ᠵᠢ ᠬᠢᠨᠠᠨ ᠲᠣᠭᠲᠠᠭ᠋ᠠᠭᠰᠠᠨ᠎ᠨᠢ ᠣᠨᠣᠪᠴᠢ ᠦᠭᠡᠢ ᠪᠠᠢ᠌ᠳᠠᠯ᠎ᠤᠨ ᠳᠣᠣᠷ᠎ᠠ᠂ ᠠᠭᠤᠷᠬᠠᠢ ᠵᠢᠨ ᠨᠢᠭᠡᠴᠢ ᠭᠠᠷᠤᠯᠲᠠ ᠵᠢᠨ ᠬᠡᠮᠵᠢᠶ᠎ᠡ᠎ᠪᠠᠷ ᠲᠠᠲᠠᠵᠤ ᠬᠡᠷᠡᠭᠯᠡᠬᠦ ᠪᠥᠬᠥ ᠤᠰᠤᠨ᠎ᠤ ᠬᠡᠮᠵᠢᠶ᠎ᠡ ᠵᠢ ᠨᠤᠭᠤᠯᠤᠨ ᠪᠤᠳᠤᠬᠤ ᠬᠡᠷᠡᠭᠲᠡᠢ᠂ ᠡᠭᠦᠨ᠎ᠳᠤ᠂ ᠲᠦᠭᠦᠬᠡᠢ ᠴᠢᠯᠠᠭᠤᠨ ᠲᠣᠰᠣ ᠵᠢ ᠪᠣᠯ ᠲᠣᠨ ᠪᠦᠷᠢ᠎ᠳᠤ 6 ᠺᠦᠪ ᠮᠧᠲᠷ ᠤᠰᠤ ᠲᠠᠲᠠᠵᠤ ᠬᠡᠷᠡᠭᠯᠡᠭᠰᠡᠨ ᠬᠡᠮᠵᠢᠶ᠎ᠡ᠎ᠪᠠᠷ ᠨᠤᠭᠤᠯᠤᠨ ᠪᠤᠳᠤᠵᠤ᠂ ᠨᠡᠭᠦᠷᠡᠰᠦ ᠵᠡᠷᠭᠡ ᠪᠤᠰᠤᠳ ᠠᠭᠤᠷᠬᠠᠢ ᠵᠢᠨ ᠭᠠᠷᠤᠯᠲᠠ ᠵᠢ ᠪᠣᠯ ᠲᠣᠨ ᠪᠦᠷᠢ᠎ᠳᠤ ᠪᠤᠶᠤ ᠺᠦᠪ ᠮᠧᠲᠷ ᠪᠦᠷᠢ᠎ᠳᠤ 2.5 ᠺᠦᠪ ᠮᠧᠲᠷ ᠤᠰᠤ ᠲᠠᠲᠠᠵᠤ ᠬᠡᠷᠡᠭᠯᠡᠭᠰᠡᠨ ᠬᠡᠮᠵᠢᠶ᠎ᠡ᠎ᠪᠠᠷ ᠨᠤᠭᠤᠯᠤᠨ ᠪᠣᠳᠣᠨ᠎ᠠ᠃
ᠶᠢᠰᠦ᠂ ᠤᠰᠤᠨ᠎ᠤ ᠡᠬᠢ ᠰᠣᠷᠪᠤᠯᠵᠢ ᠵᠢᠨ ᠭᠠᠢ᠌ᠯᠢ ᠵᠢ ᠭᠠᠢ᠌ᠯᠢ ᠵᠢᠨ ᠶᠠᠪᠤᠳᠠᠯ᠎ᠤᠨ ᠪᠠᠢ᠌ᠭᠤᠯᠭ᠎ᠠ᠎ᠠᠴᠠ 《ᠪᠥᠬᠥᠳᠡ ᠨᠠᠢ᠍ᠢ᠍ᠷᠠᠮᠳᠠᠬᠤ ᠳᠤᠮᠳᠠᠳᠤ ᠠᠷᠠᠳ ᠤᠯᠤᠰ᠎ᠤᠨ ᠭᠠᠢ᠌ᠯᠢ ᠲᠠᠲᠠᠪᠤᠷᠢ ᠵᠢᠨ ᠬᠠᠮᠢᠶᠠᠷᠤᠯᠲᠠ ᠵᠢᠨ ᠬᠠᠤᠯᠢ》᠂ 《ᠤᠰᠤᠨ᠎ᠤ ᠡᠬᠢ ᠰᠣᠷᠪᠤᠯᠵᠢ ᠵᠢᠨ ᠭᠠᠢ᠌ᠯᠢ ᠵᠢᠨ ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ᠎ᠤᠨ ᠬᠡᠷᠡᠭᠵᠢᠭᠦᠯᠬᠦ ᠠᠷᠭ᠎ᠠ》᠂ 《ᠤᠰᠤᠨ᠎ᠤ ᠡᠬᠢ ᠰᠣᠷᠪᠤᠯᠵᠢ ᠵᠢᠨ ᠭᠠᠢ᠌ᠯᠢ ᠵᠢᠨ ᠬᠣᠯᠪᠣᠭᠳᠠᠯ ᠪᠦᠬᠦᠢ ᠲᠠᠲᠠᠪᠤᠷᠢᠯᠠᠨ ᠬᠠᠮᠢᠶᠠᠷᠬᠤ ᠠᠰᠠᠭᠤᠳᠠᠯ᠎ᠤᠨ ᠲᠤᠬᠠᠢ ᠤᠯᠤᠰ᠎ᠤᠨ ᠭᠠᠢ᠌ᠯᠢ ᠵᠢᠨ ᠶᠠᠪᠤᠳᠠᠯ᠎ᠤᠨ ᠶᠡᠷᠦᠩᠬᠡᠢ ᠲᠣᠪᠴᠢᠶ᠎ᠠ ᠡᠳ᠋᠎ᠤᠨ ᠵᠠᠰᠠᠭ᠎ᠤᠨ ᠶᠠᠮᠤᠨ ᠤᠰᠤᠨ ᠠᠰᠢᠭᠯᠠᠯᠲᠠ ᠵᠢᠨ ᠶᠠᠮᠤᠨ᠎ᠤ ᠠᠯᠪᠠᠨ ᠵᠠᠷ》 ᠪᠠ ᠲᠤᠰ ᠮᠡᠳᠡᠭᠳᠡᠯ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠲᠠᠲᠠᠪᠤᠷᠢᠯᠠᠨ ᠬᠠᠮᠢᠶᠠᠷᠤᠨ᠎ᠠ᠃
ᠤᠰᠤᠨ᠎ᠤ ᠡᠬᠢ ᠰᠣᠷᠪᠤᠯᠵᠢ ᠵᠢᠨ ᠭᠠᠢ᠌ᠯᠢ ᠵᠢᠨ ᠲᠠᠲᠠᠪᠤᠷᠢᠯᠠᠨ ᠬᠠᠮᠢᠶᠠᠷᠬᠤ ᠬᠡᠪ ᠵᠠᠭᠪᠤᠷ᠎ᠲᠤ ᠤᠤᠯ᠎ᠤᠨ ᠲᠠᠲᠠᠪᠤᠷᠢᠯᠠᠨ ᠬᠠᠮᠢᠶᠠᠷᠬᠤ ᠬᠡᠪ ᠵᠠᠭᠪᠤᠷ ᠵᠶ᠋ᠠᠨ ᠬᠤᠪᠢᠷᠠᠭᠤᠯᠬᠤ ᠦᠭᠡᠢ ᠪᠠᠢ᠌ᠬᠤ ᠵᠢ ᠪᠠᠷᠢᠮᠲᠠᠯᠠᠵᠤ᠂ ᠲᠤᠷᠰᠢᠯᠲᠠ ᠵᠢᠨ ᠴᠡᠭ᠎ᠤᠨ ᠬᠤᠭᠤᠴᠠᠭ᠋ᠠᠨ᠎ᠳᠤ ᠤᠯᠤᠰ᠎ᠠᠴᠠ ᠲᠣᠭᠲᠠᠭ᠋ᠠᠭᠰᠠᠨ ᠠᠷᠭ᠎ᠠ ᠵᠢᠨ ᠲᠣᠭᠲᠠᠭ᠋ᠠᠯ ᠶᠣᠰᠣᠭ᠋ᠠᠷ ᠠᠯᠬᠤᠮ ᠠᠯᠬᠤᠮ ᠵᠶ᠋ᠠᠷ ᠲᠣᠬᠢᠷᠠᠭᠤᠯᠤᠯᠲᠠ ᠬᠢᠬᠦ ᠵᠢᠨ ᠬᠠᠮᠲᠤ᠂ 2025 ᠣᠨ᠎ᠤ 12 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠲᠣᠬᠢᠷᠠᠭᠤᠯᠤᠯᠲᠠ᠎ᠪᠠᠨ ᠪᠤᠲᠠᠲᠠᠢ᠌ᠵᠢᠭᠤᠯᠤᠨ᠎ᠠ᠂ ᠪᠣᠳᠠᠲᠠᠢ ᠲᠣᠬᠢᠷᠠᠭᠤᠯᠤᠯᠲᠠ ᠵᠢᠨ ᠵᠦᠢ᠍ᠯᠡᠰ᠎ᠢ ᠥᠪᠥᠷ ᠮᠣᠩᠭᠣᠯ᠎ᠤᠨ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠠᠴᠠ ᠠᠰᠲᠤᠨᠢ ᠲᠣᠭᠲᠠᠭ᠋ᠠᠨ᠎ᠠ᠃
ᠠᠷᠪᠠ᠂ ᠸᠠᠨ ᠵᠢᠶᠠ ᠵᠠᠢ᠂ ᠨᠢᠷᠭᠢ᠂ ᠬᠠᠢ᠌ᠷᠤᠪ᠎ᠤᠨ ᠲᠣᠬᠣᠢ᠂ ᠰᠠᠨ ᠱᠧᠩ ᠭᠦᠩ ᠵᠡᠷᠭᠡ ᠶᠡᠷᠦᠩᠬᠡᠢ᠌ᠯᠡᠭᠰᠡᠨ ᠤᠰᠤᠨ ᠠᠰᠢᠭᠯᠠᠯᠲᠠ ᠵᠢᠨ ᠬᠦᠢ᠍ᠰᠦ ᠢᠨᠵᠧᠨᠧᠷᠢᠩ᠎ᠤᠨ ᠤᠰᠤᠨ ᠬᠦᠴᠦᠨ ᠵᠶ᠋ᠠᠷ ᠴᠠᠬᠢᠯᠭ᠋ᠠᠨ ᠭᠠᠷᠭ᠋ᠠᠵᠤ ᠲᠠᠲᠠᠨ ᠬᠡᠷᠡᠭᠯᠡᠬᠦ ᠤᠰᠤᠨ᠎ᠤ ᠡᠬᠢ ᠰᠣᠷᠪᠤᠯᠵᠢ ᠵᠢᠨ ᠭᠠᠢ᠌ᠯᠢ ᠵᠢᠨ ᠮᠤᠵᠢ (ᠣᠷᠣᠨ᠂ ᠬᠤᠳᠠ) ᠠᠯᠤᠰᠯᠠᠭᠰᠠᠨᠤ ᠬᠣᠭᠣᠷᠣᠨᠳᠣᠬᠢ ᠬᠤᠪᠢᠶᠠᠷᠢᠯᠠᠯᠲᠠ ᠵᠢᠨ ᠬᠠᠷᠢᠴᠠᠯ᠎ᠢ 《ᠮᠤᠵᠢ ᠣᠷᠣᠨ ᠠᠯᠤᠰᠯᠠᠭᠰᠠᠨ ᠤᠰᠤᠨ ᠬᠦᠴᠦᠨ᠎ᠤ ᠴᠠᠬᠢᠯᠭ᠋ᠠᠨ᠎ᠤ ᠲᠦᠷᠦᠯ ᠵᠦᠢ᠍ᠯ᠎ᠤᠨ ᠭᠠᠢ᠌ᠯᠢ ᠲᠠᠲᠠᠪᠤᠷᠢ ᠵᠢᠨ ᠬᠤᠪᠢᠶᠠᠷᠢᠯᠠᠯᠲᠠ ᠵᠢᠨ ᠲᠤᠬᠠᠢ ᠡᠳ᠋᠎ᠤᠨ ᠵᠠᠰᠠᠭ᠎ᠤᠨ ᠶᠠᠮᠤᠨ᠎ᠤ ᠵᠢᠯᠤᠭᠣᠳᠬᠤ ᠰᠠᠨᠠᠯ》 (ᠡᠳ᠋᠎ᠤᠨ ᠵᠠᠰᠠᠭ ᠲᠥᠰᠥᠪ [2008] 84 ᠳ᠋ᠦ᠍ᠭᠡᠷ ᠲᠣᠭ᠋ᠠᠲᠤ)᠎ᠳᠤ ᠲᠣᠳᠣᠷᠬᠠᠢ ᠲᠣᠭᠲᠠᠭ᠋ᠠᠭᠰᠠᠨ ᠦᠷᠳᠡᠭ ᠨᠡᠮᠡᠭᠳᠡᠯ᠎ᠤᠨ ᠭᠠᠢ᠌ᠯᠢ᠂ ᠠᠵᠤ ᠠᠬᠤᠢ᠌ᠯᠠᠯ᠎ᠤᠨ ᠠᠰᠢᠭ ᠣᠯᠵᠠᠪᠤᠷᠢ ᠵᠢᠨ ᠭᠠᠢ᠌ᠯᠢ ᠵᠡᠷᠭᠡ ᠭᠠᠢ᠌ᠯᠢ ᠲᠠᠲᠠᠪᠤᠷᠢ ᠵᠢᠨ ᠬᠤᠪᠢᠶᠠᠷᠢᠯᠠᠯᠲᠠ ᠵᠢᠨ ᠠᠷᠭ᠎ᠠ᠎ᠪᠠᠷ ᠲᠣᠭᠲᠠᠭ᠋ᠠᠨ᠎ᠠ; ᠠᠢ᠌ᠮᠠᠭ ᠬᠣᠲᠠ ᠠᠯᠤᠰᠯᠠᠵᠤ᠂ ᠬᠣᠰᠢᠭᠤ ᠰᠢᠶᠠᠨ (ᠬᠣᠲᠠ᠂ ᠲᠣᠭᠣᠷᠢᠭ) ᠠᠯᠤᠰᠯᠠᠭᠰᠠᠨᠤ ᠬᠣᠭᠣᠷᠣᠨᠳᠣᠬᠢ ᠬᠤᠪᠢᠶᠠᠷᠢᠯᠠᠯᠲᠠ ᠵᠢᠨ ᠬᠠᠷᠢᠴᠠᠯ᠎ᠢ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠠᠴᠠ ᠥᠪᠥᠷ ᠮᠣᠩᠭᠣᠯ᠎ᠤᠨ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ᠎ᠯᠤᠭ᠎ᠠ ᠬᠠᠮᠲᠤᠷᠠᠨ ᠰᠠᠨᠠᠯ ᠳᠤᠷᠠᠳᠴᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ ᠵᠥᠪᠰᠢᠶᠡᠷᠡᠭᠦᠯᠦᠭᠰᠡᠨ᠎ᠤ ᠳᠠᠷᠠᠭ᠎ᠠ ᠬᠡᠷᠡᠭᠵᠢᠭᠦᠯᠦᠨ᠎ᠡ᠃ ᠲᠣᠰ ᠮᠡᠳᠡᠭᠳᠡᠯ᠎ᠢ ᠬᠡᠷᠡᠭᠵᠢᠭᠦᠯᠬᠦ᠎ᠠᠴᠠ ᠡᠮᠦᠨ᠎ᠡ᠂ ᠨᠢᠭᠡᠨᠲᠡ ᠲᠣᠳᠣᠷᠬᠠᠢ ᠬᠤᠪᠢᠶᠠᠷᠢᠯᠠᠯᠲᠠ ᠵᠢᠨ ᠬᠠᠷᠢᠴᠠᠯ᠎ᠲᠠᠢ ᠪᠠᠢ᠌ᠭᠰᠠᠨ ᠪᠣᠯ᠂ ᠮᠥᠨ ᠤᠤᠯ᠎ᠤᠨ ᠬᠤᠪᠢᠶᠠᠷᠢᠯᠠᠯᠲᠠ ᠵᠢᠨ ᠬᠠᠷᠢᠴᠠᠯ ᠵᠶ᠋ᠠᠷ ᠬᠡᠷᠡᠭᠵᠢᠭᠦᠯᠦᠨ᠎ᠡ᠃
ᠠᠷᠪᠠᠨ ᠨᠢᠭᠡ᠂ ᠬᠣᠲᠠ ᠪᠠᠯᠭ᠋ᠠᠰᠤᠨ᠎ᠤ ᠣᠯᠠᠨ ᠨᠡᠢ᠍ᠢ᠍ᠲᠡ ᠵᠢᠨ ᠤᠰᠤ ᠬᠠᠩᠭ᠋ᠠᠬᠤ ᠠᠵᠤ ᠠᠬᠤᠢ᠌ᠯᠠᠯ᠎ᠤᠨ ᠲᠤᠰᠢᠶᠠᠭᠰᠠᠨ ᠤᠰᠤᠨ᠎ᠤ ᠡᠬᠢ ᠰᠣᠷᠪᠤᠯᠵᠢ ᠵᠢᠨ ᠭᠠᠢ᠌ᠯᠢ ᠵᠢ ᠲᠦᠭᠡᠭᠡᠯ ᠤᠰᠤᠨ᠎ᠤ ᠦᠨ᠎ᠡ ᠬᠠᠩᠰᠢ᠎ᠳᠤ ᠪᠤᠳᠤᠵᠤ ᠣᠷᠣᠭᠤᠯᠬᠤ ᠦᠭᠡᠢ᠂ ᠦᠵᠦᠭᠦᠷ᠎ᠤᠨ ᠶᠡᠷᠦᠩᠬᠡᠢ᠌ᠯᠡᠭᠰᠡᠨ ᠤᠰᠤᠨ᠎ᠤ ᠦᠨ᠎ᠡ ᠬᠠᠩᠰᠢ᠎ᠳᠤ 《ᠥᠷᠲᠡᠭ ᠨᠡᠮᠡᠭᠳᠡᠯ᠎ᠤᠨ ᠭᠠᠢ᠌ᠯᠢ ᠥᠯᠥ ᠲᠠᠲᠠᠪᠤᠷᠢᠯᠠᠬᠤ ᠲᠦᠭᠡᠭᠡᠯ ᠤᠰᠤ》᠎ᠪᠠᠷ ᠠᠰᠲᠤᠨᠢ ᠵᠢᠭᠰᠠᠭ᠋ᠠᠬᠤ ᠵᠢᠨ ᠬᠠᠮᠲᠤ ᠥᠷᠲᠡᠭ ᠨᠡᠮᠡᠭᠳᠡᠯ᠎ᠤᠨ ᠭᠠᠢ᠌ᠯᠢ ᠵᠢᠨ ᠭᠠᠢ᠌ᠯᠢ ᠪᠤᠳᠤᠬᠤ ᠦᠨᠳᠦᠰᠦᠯᠡᠯ᠎ᠠᠴᠠ ᠰᠠᠭᠤᠯᠭ᠋ᠠᠨ ᠠᠪᠴᠤ ᠪᠣᠯᠣᠨ᠎ᠠ᠃ ᠤᠰᠤᠨ᠎ᠤ ᠡᠬᠢ ᠰᠣᠷᠪᠤᠯᠵᠢ ᠵᠢᠨ ᠭᠠᠢ᠌ᠯᠢ ᠵᠢᠨ ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ᠎ᠤᠨ ᠬᠤᠭᠤᠴᠠᠭ᠋ᠠᠨ᠎ᠳᠤ᠂ ᠡᠯ᠎ᠡ ᠠᠢ᠌ᠮᠠᠭ᠎ᠤᠨ ᠵᠠᠬᠢᠷᠭ᠎ᠠ᠂ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠣᠰᠢᠭᠤ ᠰᠢᠶᠠᠨ (ᠬᠤᠳᠠ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠤᠰᠤᠨ᠎ᠤ ᠡᠬᠢ ᠰᠣᠷᠪᠤᠯᠵᠢ ᠵᠢᠨ ᠭᠠᠢ᠌ᠯᠢ ᠵᠢᠨ ᠨᠤᠷᠮ᠎ᠠ ᠵᠢ ᠦᠨᠳᠦᠰᠦᠯᠡᠨ ᠲᠤᠰ ᠭᠠᠵᠠᠷ ᠣᠷᠣᠨ᠎ᠤ᠎ᠪᠠᠨ 《ᠦᠷᠳᠡᠭ ᠨᠡᠮᠡᠭᠳᠡᠯ᠎ᠤᠨ ᠭᠠᠢ᠌ᠯᠢ ᠥᠯᠥ ᠲᠠᠲᠠᠪᠤᠷᠢᠯᠠᠬᠤ ᠲᠦᠭᠡᠭᠡᠯ ᠤᠰᠤ》 ᠵᠢ ᠬᠡᠮᠵᠢᠨ ᠪᠤᠳᠤᠵᠤ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠰᠠᠯᠠᠭ᠎ᠠ ᠮᠥᠴᠢᠷ᠎ᠨᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠯᠦᠭᠡ ᠬᠠᠮᠲᠤᠷᠠᠨ ᠦᠵᠦᠭᠦᠷ᠎ᠤᠨ ᠶᠡᠷᠦᠩᠬᠡᠢ᠌ᠯᠡᠭᠰᠡᠨ ᠤᠰᠤᠨ᠎ᠤ ᠦᠨ᠎ᠡ ᠵᠢᠨ ᠪᠦᠲᠦᠴᠡ ᠵᠢ ᠠᠯᠬᠤᠮ ᠠᠯᠬᠤᠮ ᠵᠶ᠋ᠠᠷ ᠲᠣᠬᠢᠷᠠᠭᠤᠯᠤᠨ ᠪᠤᠲᠠᠲᠠᠢ᠌ᠵᠢᠭᠤᠯᠵᠤ᠂ ᠵᠠᠷᠴᠢᠮ ᠳᠡᠭᠡᠷ᠎ᠡ᠎ᠪᠠᠨ ᠥᠭᠡᠷᠡᠴᠢᠯᠡᠯᠲᠡ ᠬᠢᠭᠰᠡᠨ᠎ᠠᠴᠠ ᠪᠣᠯᠵᠤ ᠤᠰᠤ ᠬᠡᠷᠡᠭᠯᠡᠬᠦ ᠳᠠᠷᠤᠭ᠋ᠠᠰᠤ ᠵᠢ᠎ᠨᠢ ᠨᠡᠮᠡᠭᠳᠡᠭᠦᠯᠵᠦ ᠪᠣᠯᠬᠤ ᠦᠭᠡᠢ ᠶᠤᠮ᠃
ᠠᠷᠪᠠᠨ ᠬᠣᠶᠠᠷ᠂ ᠤᠰᠤᠨ᠎ᠤ ᠡᠬᠢ ᠰᠣᠷᠪᠤᠯᠵᠢ ᠵᠢᠨ ᠭᠠᠢ᠌ᠯᠢ ᠵᠢ ᠥᠪᠡᠷᠲᠡᠭᠡᠨ ᠵᠠᠰᠠᠬᠤ ᠣᠷᠣᠨ ᠬᠢᠭᠡᠳ ᠠᠢ᠌ᠮᠠᠭ ᠬᠣᠲᠠ ᠬᠣᠭᠣᠷᠣᠨᠳᠤ᠎ᠪᠠᠨ ᠣᠲᠣ ᠵᠢᠨ ᠬᠡᠷᠡᠭᠵᠢᠭᠦᠯᠵᠦ ᠪᠠᠢ᠌ᠭ᠎ᠠ 65᠄ 35 ᠵᠢᠨ ᠬᠤᠪᠢᠳᠠᠬᠤ ᠬᠠᠷᠢᠴᠠᠯ ᠵᠶ᠋ᠠᠷ ᠬᠤᠪᠢᠶᠠᠷᠢᠯᠠᠵᠤ᠂ ᠣᠷᠣᠯᠭ᠎ᠠ ᠵᠢᠨ ᠬᠤᠪᠢᠶᠠᠷᠢᠯᠠᠯᠲᠠ᠎ᠳᠤ ᠬᠡᠷᠪᠡ ᠥᠪᠡᠷᠲᠡᠭᠡᠨ ᠵᠠᠰᠠᠬᠤ ᠣᠷᠣᠨ᠎ᠤ ᠲᠥᠷᠥ ᠵᠢᠨ ᠪᠣᠳᠣᠯᠭ᠎ᠠ᠎ᠪᠠᠨ ᠲᠣᠬᠢᠷᠠᠭᠤᠯᠬᠤ ᠪᠠᠢ᠌ᠳᠠᠯ ᠲᠣᠬᠢᠶᠠᠯᠳᠤᠪᠠᠯ᠂ ᠲᠡᠷᠡ ᠬᠦ᠌ ᠲᠣᠭᠲᠠᠭ᠋ᠠᠯ᠎ᠢ ᠵᠢᠷᠤᠮᠯᠠᠨ᠎ᠠ; ᠠᠢ᠌ᠮᠠᠭ ᠬᠣᠲᠠ ᠬᠢᠭᠡᠳ ᠬᠣᠰᠢᠭᠤ ᠰᠢᠶᠠᠨ (ᠬᠣᠲᠠ᠂ ᠲᠣᠭᠣᠷᠢᠭ)᠎ᠤ ᠬᠣᠭᠣᠷᠣᠨᠳᠣᠬᠢ ᠬᠤᠪᠢᠳᠠᠬᠤ ᠬᠠᠷᠢᠴᠠᠯ᠎ᠢ ᠡᠯ᠎ᠡ ᠠᠢ᠌ᠮᠠᠭ ᠬᠣᠲᠠ ᠦᠪᠡᠰᠦᠪᠡᠨ ᠲᠣᠭᠲᠠᠭ᠋ᠠᠨ᠎ᠠ᠃
ᠠᠷᠪᠠᠨ ᠭᠤᠷᠪᠠ᠂ ᠳᠡᠭᠡᠷᠡᠬᠢ ᠲᠣᠭᠲᠠᠭ᠋ᠠᠯ᠎ᠢ 2024 ᠣᠨ᠎ᠤ 12 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ 《〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠡᠬᠢ ᠰᠣᠷᠪᠤᠯᠵᠢ ᠵᠢᠨ ᠭᠠᠢ᠌ᠯᠢ ᠵᠢᠨ ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ᠎ᠤᠨ ᠬᠡᠷᠡᠭᠵᠢᠭᠦᠯᠬᠦ ᠠᠷᠭ᠎ᠠ〉 ᠵᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》 (ᠥᠪᠥᠷ ᠵᠠᠰᠠᠭ ᠲᠠᠷᠬᠠᠭ᠋ᠠᠭᠰᠠᠨ [2017] 157 ᠳ᠋ᠤᠭ᠋ᠠᠷ ᠲᠣᠭ᠋ᠠᠲᠤ)᠂ 《〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠡᠬᠢ ᠰᠣᠷᠪᠤᠯᠵᠢ ᠵᠢᠨ ᠭᠠᠢ᠌ᠯᠢ ᠵᠢᠨ ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ᠎ᠤᠨ ᠬᠡᠷᠡᠭᠵᠢᠭᠦᠯᠬᠦ ᠠᠷᠭ᠎ᠠ〉 ᠵᠢᠨ ᠬᠣᠯᠪᠣᠭᠳᠠᠯ ᠪᠦᠬᠦᠢ ᠠᠭᠤᠯᠭ᠎ᠠ᠎ᠳᠤ ᠵᠠᠰᠠᠪᠤᠷᠢ ᠣᠷᠣᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ (ᠥᠪᠥᠷ ᠵᠠᠰᠠᠭ ᠥᠰᠥᠭ [2019] 90 ᠳ᠋ᠦ᠍ᠭᠡᠷ ᠲᠣᠭ᠋ᠠᠲᠤ)᠂ 《ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ ᠵᠢᠨ ᠡᠵᠡᠩᠨᠡᠯᠲᠡ ᠵᠢᠨ ᠴᠢᠨᠠᠷᠲᠠᠢ ᠲᠠᠷᠢᠵᠤ ᠤᠷᠭᠤᠭᠤᠯᠬᠤ᠂ ᠲᠡᠵᠢᠭᠡᠨ ᠦᠷᠡᠵᠢᠭᠦᠯᠬᠦ᠎ᠳᠤ ᠬᠡᠷᠡᠭᠯᠡᠬᠦ ᠤᠰᠤ ᠵᠢ ᠲᠠᠷᠢᠶᠠᠯᠠᠩ ᠮᠠᠯ ᠠᠵᠤ ᠠᠬᠤᠢ ᠵᠢᠨ ᠦᠢ᠍ᠯᠡᠳᠪᠦᠷᠢᠯᠡᠯ᠎ᠳᠤ ᠲᠠᠲᠠᠵᠤ ᠬᠡᠷᠡᠭᠯᠡᠬᠦ ᠤᠰᠤᠨ᠎ᠤ ᠬᠡᠪᠴᠢᠶ᠎ᠡ ᠴᠠᠭ᠎ᠤᠨ ᠬᠢᠵᠠᠭ᠋ᠠᠷ ᠵᠡᠷᠭᠡ ᠠᠭᠤᠯᠭ᠎ᠠ᠎ᠳᠤ ᠣᠷᠣᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》 (ᠥᠪᠥᠷ ᠵᠠᠰᠠᠭ ᠥᠰᠥᠭ [2023] 192 ᠳ᠋ᠤᠭ᠋ᠠᠷ ᠲᠣᠭ᠋ᠠᠲᠤ)᠂ 《〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠡᠬᠢ ᠰᠣᠷᠪᠤᠯᠵᠢ ᠵᠢᠨ ᠭᠠᠢ᠌ᠯᠢ ᠵᠢᠨ ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ᠎ᠤᠨ ᠬᠡᠷᠡᠭᠵᠢᠭᠦᠯᠬᠦ ᠠᠷᠭ᠎ᠠ〉 ᠵᠢᠨ ᠨᠥᠬᠥᠪᠦᠷᠢ ᠲᠣᠭᠲᠠᠭ᠋ᠠᠯ〉᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠤᠯᠤᠰ᠎ᠤᠨ ᠭᠠᠢ᠌ᠯᠢ ᠵᠢᠨ ᠶᠠᠪᠤᠳᠠᠯ᠎ᠤᠨ ᠶᠡᠷᠦᠩᠬᠡᠢ ᠲᠣᠪᠴᠢᠶᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠮᠡᠳᠡᠭᠳᠡᠯ》 (ᠥᠪᠥᠷ ᠡᠳ᠋᠎ᠤᠨ ᠵᠠᠰᠠᠭ ᠭᠠᠢ᠌ᠯᠢ [2019] 91 ᠳ᠋ᠦ᠍ᠭᠡᠷ ᠲᠣᠭ᠋ᠠᠲᠤ)᠎ᠢ ᠬᠠᠮᠲᠤᠳᠤᠨᠢ ᠬᠦᠴᠦᠨ ᠦᠭᠡᠢ ᠪᠣᠯᠭ᠋ᠠᠨ᠎ᠠ᠃
2024 ᠣᠨ᠎ᠤ 12 ᠳ᠋ᠤᠭ᠋ᠠᠷ ᠰᠠᠷ᠎ᠠ ᠵᠢᠨ 29᠎ᠤ ᠡᠳᠦᠷ
(ᠲᠣᠰ ᠪᠢᠴᠢᠭ ᠮᠠᠲ᠋ᠧᠷᠢᠶᠠᠯ᠎ᠢ ᠢᠯᠡ ᠨᠡᠢ᠍ᠲᠡᠯᠡᠨᠡ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2024 ᠣᠨ᠎ᠤ 12 ᠳ᠋ᠤᠭ᠋ᠠᠷ ᠰᠠᠷ᠎ᠠ ᠵᠢᠨ 30᠎ᠤ ᠡᠳᠦᠷ ᠳᠠᠷᠤᠮᠠᠯᠯᠠᠨ ᠲᠠᠷᠬᠠᠭ᠋ᠠᠪᠠ
ᠳᠠᠭ᠋ᠠᠯᠳᠤᠭᠤᠯᠤᠯ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠡᠬᠢ ᠰᠣᠷᠪᠤᠯᠵᠢ ᠵᠢᠨ ᠭᠠᠢ᠌ᠯᠢ᠎ᠳᠤ ᠲᠣᠬᠢᠷᠠᠭᠤᠯᠤᠨ ᠬᠡᠷᠡᠭᠯᠡᠬᠦ ᠭᠠᠢ᠌ᠯᠢ ᠵᠢᠨ ᠲᠣᠭ᠋ᠠᠨ᠎ᠤ ᠬᠦᠰᠦᠨᠦᠭᠲᠦ